ᠰᠢᠨᠬᠤᠸᠠ ᠬᠤᠷᠢᠶ᠎ᠠ ᠵᠢᠨ ᠪᠡᠭᠡᠵᠢᠩ᠎ᠤᠨ 10 ᠰᠠᠷ᠎ᠠ ᠵᠢᠨ 11᠎ᠤ ᠴᠠᠭᠢᠯᠭ᠋ᠠᠨ ᠮᠡᠳᠡᠭᠡ 10 ᠰᠠᠷ᠎ᠠ ᠵᠢᠨ 11᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠤᠨ ᠤᠯᠠᠨ ᠤᠯᠤᠰ᠎ᠯᠤᠭ᠎ᠠ ᠨᠥᠭᠦᠷᠰᠡᠭ ᠵᠶ᠋ᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠲᠠᠢ ᠨᠥᠭᠦᠷᠰᠡᠭ ᠵᠶ᠋ᠠᠷ ᠬᠠᠷᠢᠯᠴᠠᠬᠤ ᠨᠡᠶ᠋ᠢᠭᠡᠮᠯᠢᠭ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠬᠰᠠᠨ ᠭᠠᠳᠠᠭ᠋ᠠᠳᠤ ᠵᠢᠨ ᠵᠣᠴᠢᠳ᠎ᠲᠠᠢ ᠠᠭᠤᠯᠵᠠᠪᠠ᠃

10 ᠰᠠᠷ᠎ᠠ ᠵᠢᠨ 11᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠤᠨ ᠤᠯᠠᠨ ᠤᠯᠤᠰ᠎ᠯᠤᠭ᠎ᠠ ᠨᠥᠭᠦᠷᠰᠡᠭ ᠵᠶ᠋ᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠲᠠᠢ ᠨᠥᠭᠦᠷᠰᠡᠭ ᠵᠶ᠋ᠠᠷ ᠬᠠᠷᠢᠯᠴᠠᠬᠤ ᠨᠡᠶ᠋ᠢᠭᠡᠮᠯᠢᠭ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠬᠰᠠᠨ ᠭᠠᠳᠠᠭ᠋ᠠᠳᠤ ᠵᠢᠨ ᠵᠣᠴᠢᠳ᠎ᠲᠠᠢ ᠬᠠᠮᠲᠤ᠎ᠪᠠᠷ ᠠᠭᠤᠯᠵᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ
ᠰᠢ ᠵᠢᠨ ᠫᠢᠩ ᠡᠩ ᠲᠡᠷᠢᠭᠦᠨ᠎ᠳᠤ ᠳᠤᠮᠳᠠᠳᠤ ᠤᠯᠤᠰ᠎ᠲᠤ ᠢᠷᠡᠵᠦ ᠳᠤᠮᠳᠠᠳᠤ ᠤᠯᠤᠰ᠎ᠤᠨ ᠤᠯᠠᠨ ᠤᠯᠤᠰ᠎ᠯᠤᠭ᠎ᠠ ᠨᠥᠭᠦᠷᠰᠡᠭ ᠵᠶ᠋ᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠲᠠᠢ ᠨᠥᠭᠦᠷᠰᠡᠭ ᠵᠶ᠋ᠠᠷ ᠬᠠᠷᠢᠯᠴᠠᠬᠤ ᠨᠡᠶ᠋ᠢᠭᠡᠮᠯᠢᠭ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠬᠰᠠᠨ ᠬᠡᠰᠡᠭ ᠭᠠᠳᠠᠭ᠋ᠠᠳᠤ ᠵᠢᠨ ᠵᠣᠴᠢᠳ᠎ᠤᠨ ᠲᠥᠯᠥᠭᠡᠯᠡᠭᠴᠢ᠎ᠲᠠᠢ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠤᠯᠠᠨ ᠤᠯᠤᠰ᠎ᠤᠨ ᠨᠥᠭᠦᠷᠰᠡᠭ ᠬᠥᠮᠥᠰ᠎ᠤᠨ ᠳᠤᠮᠳᠠᠳᠤ ᠤᠯᠤᠰ᠎ᠤᠨ ᠨᠥᠭᠦᠷᠰᠡᠭ ᠦᠢ᠍ᠯᠡᠰ᠎ᠲᠤ ᠤᠷᠳᠤ ᠬᠤᠭᠤᠴᠠᠭ᠎ᠠ᠎ᠪᠠᠷ ᠵᠢᠳᠬᠦᠭᠰᠡᠨᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠬᠤ᠎ᠪᠠᠨ ᠢᠯᠡᠳᠬᠡᠪᠡ᠃
ᠰᠢ ᠵᠢᠨ ᠫᠢᠩ᠂ ᠠᠷᠠᠳ ᠲᠦᠮᠡᠨ ᠨᠥᠭᠦᠷᠰᠡᠭ ᠪᠠᠶ᠋ᠢᠬᠤ ᠪᠣᠯ ᠤᠯᠠᠨ ᠤᠯᠤᠰ᠎ᠤᠨ ᠬᠠᠷᠢᠯᠴᠠᠭ᠋ᠠᠨ᠎ᠤ ᠯᠠᠪᠳᠠᠭᠤᠨ ᠵᠶ᠋ᠠᠷ ᠬᠤᠯᠠ ᠠᠶᠠᠯᠠᠬᠤ ᠵᠢᠨ ᠰᠠᠭᠤᠷᠢ ᠮᠥᠨ᠂ ᠳᠡᠯᠡᠬᠡᠢ ᠵᠢᠨ ᠡᠩᠬᠡ ᠲᠠᠶ᠋ᠢᠪᠤᠩ ᠪᠠ ᠬᠥᠭᠵᠢᠯᠲᠡ ᠵᠢ ᠠᠬᠢᠭᠤᠯᠬᠤ ᠳᠠᠭᠤᠰᠤᠰᠢ ᠦᠭᠡᠢ ᠬᠥᠳᠡᠯᠭᠡᠬᠦ ᠬᠦᠴᠦᠨ ᠮᠥᠨ᠃ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠥᠪᠡᠷ᠎ᠢ᠎ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ᠎ᠳᠤ ᠪᠤᠶᠠᠨ ᠦᠢ᠍ᠯᠡᠳᠬᠦ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠪᠠ᠃ ᠥᠩᠭᠡᠷᠡᠭᠰᠡᠨ ᠵᠶ᠋ᠠᠨ ᠡᠷᠭᠢᠴᠡᠭᠦᠯᠬᠦᠶ᠎ᠡ᠂ ᠳᠤᠮᠳᠠᠳᠤ ᠤᠯᠤᠰ᠎ᠤᠨ ᠣᠯᠣᠭᠰᠠᠨ ᠡᠯ᠎ᠡ ᠲᠠᠯ᠎ᠠ ᠵᠢᠨ ᠠᠮᠵᠢᠯᠲᠠ ᠪᠦᠲᠦᠮᠵᠢ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠤ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ᠎ᠤᠨ ᠨᠥᠭᠦᠷᠰᠡᠭ ᠬᠥᠮᠥᠰ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠰᠠᠯᠬᠢ ᠪᠣᠷᠣᠭ᠋ᠠᠨ᠎ᠢ ᠬᠠᠮᠲᠤ᠎ᠪᠠᠷ ᠲᠤᠭᠤᠯᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠮᠠᠰᠢ ᠤᠯᠠᠨ ᠭᠠᠳᠠᠭ᠋ᠠᠳᠤ ᠵᠢᠨ ᠠᠵᠤ ᠠᠬᠤᠶ᠋ᠢᠯᠠᠯ᠂ ᠪᠠᠶ᠋ᠢᠭᠤᠯᠤᠮᠵᠢ᠂ ᠬᠤᠪᠢ ᠬᠥᠮᠥᠨ ᠳᠤᠮᠳᠠᠳᠤ ᠤᠯᠤᠰ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠵᠢᠨ᠎ᠬᠢᠨ᠎ᠤ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠡᠶᠡᠯᠡᠭᠦᠯᠦᠭᠰᠡᠨ ᠵᠶ᠋ᠠᠷ ᠪᠠᠷᠠᠬᠤ ᠦᠭᠡᠢ ᠪᠠᠰᠠ ᠳᠤᠮᠳᠠᠳᠤ ᠭᠠᠳᠠᠭ᠋ᠠᠳᠤ ᠵᠢᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠ ᠤᠯᠠᠨ᠎ᠤ ᠳᠤᠮᠳᠠᠳᠤ ᠤᠯᠤᠰ᠎ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠯᠦᠭᠡ ᠵᠢᠨ ᠴᠢᠩ ᠦᠨᠡᠨᠴᠢ ᠨᠥᠬᠦᠷᠯᠡᠯ᠎ᠢ ᠪᠢᠳᠡ ᠢᠮᠠᠭᠲᠠ ᠪᠠᠲᠤ ᠴᠡᠭᠡᠵᠢᠯᠡᠨ᠎ᠡ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠣᠳᠣᠬᠠᠨ᠎ᠤ ᠳᠡᠯᠡᠬᠡᠢ ᠶᠢᠷᠲᠢᠨᠴᠦ ᠲᠡᠦᠬᠡ ᠵᠢᠨ ᠲᠣᠨᠣᠯᠵᠢᠨ ᠵᠠᠮ ᠳᠡᠭᠡᠷ᠎ᠡ ᠳᠠᠬᠢᠨᠲᠠ ᠵᠣᠭᠰᠣᠪᠠ᠃ ᠵᠠᠭᠤᠨ ᠵᠢᠯ᠎ᠤᠨ ᠬᠤᠪᠢᠰᠤᠯᠲᠠ ᠳᠣᠣᠷ᠎ᠠ᠂ ᠪᠦᠭᠦ ᠪᠥᠮᠪᠥᠷᠴᠡᠭ ᠵᠶ᠋ᠠᠷ ᠵᠶ᠋ᠠᠨ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠬᠥᠮᠥᠨ ᠲᠥᠷᠥᠯᠬᠢᠲᠡᠨ ᠬᠤᠪᠢ ᠵᠠᠶᠠᠭ᠎ᠠ᠎ᠪᠠᠨ ᠬᠠᠮᠲᠤᠳᠬᠠᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠪᠣᠯ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠤ ᠠᠯᠤᠰ ᠢᠷᠡᠭᠡᠳᠦᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ᠎ᠤᠨ ᠨᠠᠶ᠋ᠢᠵᠠ ᠨᠠᠷ᠎ᠲᠠᠢ ᠨᠥᠭᠦᠷᠰᠡᠭ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠷᠠᠳ᠎ᠤᠨ ᠭᠠᠳᠠᠭ᠋ᠠᠳᠤ ᠬᠠᠷᠢᠯᠴᠠᠭ᠋ᠠᠨ᠎ᠤ ᠥᠪᠡᠷᠮᠢᠴᠡ ᠦᠢ᠍ᠯᠡᠳᠦᠯ᠎ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ᠃
ᠨᠢᠭᠡ᠎ᠳᠤ᠂ 《ᠪᠦᠭᠦ ᠳᠡᠯᠡᠬᠡᠢ᠎ᠪᠠᠷ ᠵᠶ᠋ᠠᠨ ᠬᠠᠷᠢᠯᠴᠠᠨ ᠲᠤᠰᠠᠯᠠᠯᠴᠠᠬᠤ》 ᠵᠣᠷᠢᠭ ᠰᠠᠨᠠᠭ᠎ᠠ᠎ᠪᠠᠷ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠥᠷᠭᠡᠨ ᠳᠡᠯᠭᠡᠷ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠶ᠎ᠠ᠃ ᠡᠩᠬᠡ ᠲᠠᠶ᠋ᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠦᠬᠦᠢ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠤᠶ᠋ᠢᠯᠵᠢᠯᠲᠡ᠂ ᠲᠦᠭᠡᠮᠡᠯ ᠬᠠᠷᠠᠭ᠋ᠠᠯᠵᠠᠯ᠎ᠲᠠᠢ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠴᠢᠯᠡᠯᠲᠡ ᠵᠢ ᠰᠠᠨᠠᠭ᠋ᠠᠴᠢᠯᠠᠵᠤ᠂ ᠮᠠᠨ᠎ᠤ ᠬᠠᠮᠲᠤ᠎ᠪᠠᠷ ᠠᠮᠢᠳᠤᠷᠠᠵᠤ ᠪᠠᠶ᠋ᠢᠭ᠎ᠠ ᠳᠡᠯᠡᠬᠡᠢ ᠵᠢᠨ ᠪᠥᠮᠪᠥᠷᠴᠡᠭ ᠵᠶ᠋ᠠᠨ ᠡᠩᠬᠡ ᠲᠠᠶ᠋ᠢᠪᠤᠩ᠂ ᠡᠶ᠎ᠡ ᠵᠣᠬᠢᠴᠠᠯ᠎ᠲᠠᠢ ᠲᠣᠮᠣ ᠭᠡᠷ ᠪᠦᠯᠢ ᠪᠣᠯᠭ᠋ᠠᠨ ᠪᠦᠲᠦᠭᠡᠨ ᠪᠠᠶ᠋ᠢᠭᠤᠯᠤᠶ᠎ᠠ᠃
ᠬᠤᠶᠠᠷ᠎ᠲᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠦᠷᠳᠡᠭᠦ ᠣᠶ᠋ᠢᠯᠠᠭ᠋ᠠᠭᠳᠠᠬᠤᠨ ᠵᠶ᠋ᠠᠷ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭᠲᠠᠷᠠᠭᠤᠯᠤᠶ᠎ᠠ᠃ ᠳᠤᠮᠳᠠᠳᠤ ᠤᠯᠤᠰ ᠬᠤᠪᠢ᠎ᠪᠠᠨ ᠪᠤᠳᠤᠭ᠋ᠠᠳ ᠪᠤᠰᠤᠳ᠎ᠢ ᠬᠠᠶ᠋ᠢᠬᠤᠷᠬᠤ ᠦᠭᠡᠢ ᠣᠳᠣᠬᠢᠴᠢᠯᠠᠯᠲᠠ ᠵᠢ ᠬᠥᠭᠡᠭᠡᠴᠡᠯᠳᠦᠬᠦ ᠦᠭᠡᠢ᠂ ᠨᠡᠩ ᠤᠯᠠᠨ ᠭᠠᠳᠠᠭ᠋ᠠᠳᠤ ᠵᠢᠨ ᠨᠠᠶ᠋ᠢᠵᠠ ᠨᠠᠷ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ᠎ᠳᠤ ᠢᠳᠡᠪᠬᠢᠲᠡᠢ ᠣᠷᠤᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠂ ᠳᠤᠷᠠᠲᠠᠶ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠮᠵᠢᠯᠲᠠ ᠪᠦᠲᠦᠮᠵᠢ᠎ᠪᠠᠷ ᠳᠡᠯᠡᠬᠡᠢ ᠵᠢᠨ ᠬᠥᠭᠵᠢᠯᠲᠡ᠎ᠳᠤ ᠰᠢᠨ᠎ᠡ ᠠᠵᠠ ᠲᠣᠭᠢᠶᠠᠯ ᠬᠠᠩᠭ᠋ᠠᠵᠤ᠂ ᠡᠩᠬᠡ ᠲᠠᠶ᠋ᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ᠎ᠪᠠᠷ ᠴᠡᠴᠡᠭᠯᠡᠨ ᠬᠥᠭᠵᠢᠭᠰᠡᠨ ᠳᠡᠯᠡᠬᠡᠢ ᠵᠢᠨ ᠣᠳᠣᠬᠢᠴᠢᠯᠠᠯᠲᠠ ᠵᠢ ᠪᠡᠶᠡᠯᠡᠭᠦᠯᠬᠦ ᠵᠢ ᠠᠬᠢᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠳᠤ ᠨᠡᠩ ᠰᠠᠶ᠋ᠢᠨ ᠪᠤᠶᠠᠨ ᠦᠢ᠍ᠯᠡᠳᠦᠨ᠎ᠡ᠃
ᠭᠤᠷᠪᠠ᠎ᠳᠤ᠂ ᠨᠡᠭᠡᠭᠡᠯᠲᠡᠲᠡᠢ ᠪᠠᠭᠲᠠᠭ᠋ᠠᠮᠵᠢᠲᠠᠢ ᠬᠡᠬᠦᠳᠡᠭ ᠴᠡᠭᠡᠵᠢ᠎ᠪᠠᠷ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠪᠣᠯᠪᠠᠰᠤᠨ᠎ᠤ ᠬᠠᠭᠤᠳᠠᠰᠤ ᠵᠢ ᠵᠢᠷᠤᠭᠯᠠᠶ᠎ᠠ᠃ ᠳᠤᠮᠳᠠᠳᠤ ᠵᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭ᠋ᠠᠮᠵᠢᠲᠠᠢ ᠦᠨᠳᠦᠰᠦᠲᠡᠨ ᠮᠥᠨ᠂ ᠳᠤᠮᠳᠠᠳᠤ ᠤᠯᠤᠰ᠎ᠤᠨ ᠠᠷᠠᠳ ᠲᠦᠮᠡᠨ ᠪᠣᠯ ᠴᠠᠶ᠋ᠢᠯᠭ᠋ᠠᠨ ᠨᠥᠭᠦᠷᠰᠡᠭ ᠠᠷᠠᠳ ᠲᠦᠮᠡᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠦᠢ᠍ᠯᠡᠳᠦᠯᠭᠡᠵᠢᠭᠦᠯᠵᠦ᠂ ᠴᠢᠩ ᠦᠨᠡᠨᠴᠢ ᠣᠯᠣᠯᠴᠠᠭ᠎ᠠ᠎ᠪᠠᠷ ᠲᠠᠮᠵᠢᠨ ᠣᠶ᠋ᠢᠯᠠᠭ᠋ᠠᠯᠴᠠᠭ᠎ᠠ᠎ᠪᠠᠨ ᠨᠡᠮᠡᠭᠳᠡᠭᠦᠯᠵᠦ᠂ ᠨᠥᠬᠦᠷᠯᠡᠯ ᠵᠶ᠋ᠠᠨ ᠵᠤᠵᠠᠭ᠋ᠠᠳᠬᠠᠵᠤ᠂ ᠪᠣᠯᠪᠠᠰᠤᠨ᠎ᠤ ᠰᠣᠯᠢᠯᠴᠠᠭ᠎ᠠ᠎ᠪᠠᠷ ᠪᠣᠯᠪᠠᠰᠤᠨ᠎ᠤ ᠵᠠᠢ ᠵᠠᠪᠰᠠᠷ᠎ᠢ ᠳᠠᠪᠠᠵᠤ᠂ ᠪᠣᠯᠪᠠᠰᠤᠨ ᠵᠶ᠋ᠠᠨ ᠬᠠᠷᠢᠯᠴᠠᠨ ᠲᠣᠯᠢ ᠪᠤᠯᠭ᠋ᠠᠬᠤ᠎ᠪᠠᠷ ᠪᠣᠯᠪᠠᠰᠤᠨ᠎ᠤ ᠮᠥᠷᠭᠦᠯᠳᠦᠭᠡᠨ᠎ᠢ ᠳᠠᠪᠠᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠠᠷᠠᠳ ᠲᠦᠮᠡᠨ᠎ᠳᠤ ᠦᠢ᠍ᠯᠡᠴᠢᠯᠡᠳᠡᠭ ᠨᠠᠮ ᠮᠥᠨ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯ ᠠᠷᠠᠳ ᠲᠦᠮᠡᠨ᠎ᠤ ᠵᠠᠰᠠᠭ᠎ᠤᠨ ᠣᠷᠳᠣᠨ ᠮᠥᠨ᠂ ᠳᠤᠮᠳᠠᠳᠤ ᠤᠯᠤᠰ᠎ᠤᠨ ᠭᠠᠳᠠᠭ᠋ᠠᠳᠤ ᠬᠠᠷᠢᠯᠴᠠᠭ᠎ᠠ ᠪᠣᠯ ᠠᠷᠠᠳ ᠲᠦᠮᠡᠨ᠎ᠤ ᠭᠠᠳᠠᠭ᠋ᠠᠳᠤ ᠬᠠᠷᠢᠯᠴᠠᠭ᠎ᠠ ᠮᠥᠨ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠲᠠᠢ ᠨᠥᠭᠦᠷᠰᠡᠭ ᠵᠶ᠋ᠠᠷ ᠬᠠᠷᠢᠯᠴᠠᠬᠤ ᠨᠡᠶ᠋ᠢᠭᠡᠮᠯᠢᠭ᠎ᠤᠨ ᠳᠤᠮᠳᠠᠳᠤ ᠭᠠᠳᠠᠭ᠋ᠠᠳᠤ ᠵᠢᠨ ᠠᠷᠠᠳ ᠲᠦᠮᠡᠨ᠎ᠤ ᠨᠥᠬᠦᠷᠯᠡᠯ᠎ᠢ ᠬᠥᠭᠵᠢᠭᠦᠯᠬᠦ᠂ ᠤᠯᠠᠨ ᠤᠯᠤᠰ᠎ᠤᠨ ᠪᠣᠳᠠᠲᠠᠢ ᠵᠢ ᠡᠷᠭᠢᠮᠯᠡᠭᠦ ᠬᠠᠮᠲᠤᠷᠠᠯᠴᠠᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠥᠪᠡᠷᠮᠢᠴᠡ ᠦᠢ᠍ᠯᠡᠳᠦᠯ ᠵᠶ᠋ᠠᠨ ᠪᠠᠳᠠᠷᠠᠭᠤᠯᠬᠤ ᠵᠢ ᠲᠡᠮᠵᠢᠵᠤ᠂ ᠨᠥᠬᠦᠷᠯᠡᠯ ᠵᠶ᠋ᠠᠷ ᠬᠥᠭᠦᠷᠭᠡ ᠪᠣᠯᠭ᠋ᠠᠨ᠂ ᠰᠡᠳᠬᠢᠯ ᠵᠶ᠋ᠠᠷ ᠵᠶ᠋ᠠᠨ ᠨᠥᠬᠦᠷᠯᠡᠵᠦ᠂ ᠳᠤᠮᠳᠠᠳᠤ ᠭᠠᠳᠠᠭ᠋ᠠᠳᠤ ᠵᠢᠨ ᠠᠷᠠᠳ᠎ᠤᠨ ᠬᠤᠭᠤᠷᠣᠨᠳᠣᠭᠢ ᠨᠥᠬᠦᠷᠯᠡᠯ᠎ᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠦᠨ᠂ ᠡᠯ᠎ᠡ ᠤᠯᠤᠰ᠎ᠤᠨ ᠨᠠᠶ᠋ᠢᠵᠠ ᠨᠠᠷ᠎ᠲᠠᠢ ᠪᠦᠯᠬᠦᠮᠳᠡᠵᠦ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠦᠢ᠍ᠯᠡᠳᠦᠯᠭᠡᠵᠢᠭᠦᠯᠦᠭᠴᠢ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠣᠷᠣᠯᠴᠠᠭᠴᠢ᠂ ᠪᠣᠯᠪᠠᠰᠤᠨ ᠵᠶ᠋ᠠᠨ ᠬᠠᠷᠢᠯᠴᠠᠨ ᠲᠣᠯᠢ ᠪᠤᠯᠭ᠋ᠠᠬᠤ ᠪᠠ ᠠᠷᠠᠳ᠎ᠤᠨ ᠰᠡᠳᠬᠢᠯ ᠨᠡᠪᠲᠡᠷᠡᠯᠴᠡᠬᠦ ᠵᠢᠨ ᠠᠬᠢᠭᠤᠯᠤᠭᠴᠢ ᠪᠠ ᠠᠷᠠᠳ ᠲᠦᠮᠡᠨ᠎ᠤ ᠨᠥᠬᠦᠷᠯᠡᠯ᠎ᠤᠨ ᠦᠢ᠍ᠯᠡᠰ᠎ᠤᠨ ᠵᠠᠯᠭ᠋ᠠᠮᠵᠢᠯᠠᠭᠴᠢ ᠪᠣᠯᠣᠨ᠎ᠠ ᠭᠡᠵᠦ ᠴᠢᠬᠤᠯᠠᠴᠢᠯᠠᠪᠠ᠃
ᠨᠤᠭᠧᠷᠢᠶᠠ ᠵᠢᠨ ᠤᠤᠯ᠎ᠤᠨ ᠶᠡᠷᠦᠩᠬᠡᠶ᠋ᠢᠯᠡᠭᠴᠢ ᠤᠪᠠ ᠰᠠᠩᠴᠢᠶᠤᠤ᠂ᠲᠠᠢ ᠤᠯᠤᠰ᠎ᠤᠨ ᠤᠯᠤᠰ᠎ᠤᠨ ᠬᠤᠷᠠᠯ᠎ᠤᠨ ᠤᠤᠯ᠎ᠤᠨ ᠲᠡᠷᠢᠭᠦᠯᠡᠭᠴᠢ ᠫᠦᠸᠧᠴᠢᠨ᠂ ᠠᠮᠧᠷᠢᠺᠠ ᠵᠢᠨ 《ᠭᠦ᠋ ᠯᠢᠩ᠎ᠤᠨ ᠨᠠᠶ᠋ᠢᠵᠠ》 ᠵᠢᠨ ᠬᠤᠷᠠᠯᠳᠤᠭᠤᠯᠤᠭᠴᠢ ᠮᠦ᠍ ᠶᠠᠨ ᠯᠢᠩ ᠲᠤᠰ ᠲᠤᠰ ᠭᠠᠳᠠᠭ᠋ᠠᠳᠤ ᠵᠢᠨ ᠲᠠᠯ᠎ᠠ ᠵᠢ ᠲᠥᠯᠥᠭᠡᠯᠡᠨ ᠦᠭᠡ ᠬᠡᠯᠡᠪᠡ᠃ ᠲᠡᠳᠡ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ᠎ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠲᠠᠢ ᠨᠦᠭᠦᠷᠰᠡᠭ ᠵᠶ᠋ᠠᠷ ᠬᠠᠷᠢᠯᠴᠠᠬᠤ ᠨᠡᠶ᠋ᠢᠭᠡᠮᠯᠢᠭ᠎ᠤᠨ ᠠᠷᠠᠳ ᠲᠦᠮᠡᠨ᠎ᠤ ᠬᠤᠭᠤᠷᠣᠨᠳᠣᠭᠢ ᠭᠠᠳᠠᠭ᠋ᠠᠳᠤ ᠬᠠᠷᠢᠯᠴᠠᠭ᠎ᠠ ᠵᠢ ᠠᠬᠢᠭᠤᠯᠬᠤ᠂ ᠡᠯ᠎ᠡ ᠤᠯᠤᠰ᠎ᠤᠨ ᠠᠷᠠᠳ ᠲᠦᠮᠡᠨ᠎ᠤ ᠣᠶ᠋ᠢᠯᠠᠭ᠋ᠠᠯᠴᠠᠭ᠎ᠠ ᠪᠣᠯᠣᠨ ᠨᠥᠬᠦᠷᠯᠡᠯ᠎ᠢ ᠵᠤᠵᠠᠭ᠋ᠠᠳᠬᠠᠬᠤ ᠲᠠᠯ᠎ᠠ᠎ᠪᠠᠷ ᠦᠵᠡᠭᠦᠯᠦᠭᠰᠡᠨ ᠥᠪᠡᠷᠮᠢᠴᠡ ᠦᠢ᠍ᠯᠡᠳᠦᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠲᠡᠷᠢᠭᠦᠯᠡᠭᠴᠢ ᠰᠢ ᠵᠢᠨ ᠫᠢᠩ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠮᠵᠢᠯᠲᠠ᠎ᠲᠠᠢ᠎ᠪᠠᠷ ᠶᠠᠳᠠᠭᠤ᠎ᠠᠴᠠ ᠠᠩᠭᠢᠵᠢᠷᠠᠵᠤ᠂ ᠲᠦᠷᠭᠡᠨ ᠬᠥᠭᠵᠢᠯᠲᠡ ᠵᠢ ᠪᠡᠶᠡᠯᠡᠭᠦᠯᠵᠦ᠂ ᠨᠢᠭᠡᠨᠲᠡ ᠥᠷᠭᠡᠨ ᠤᠯᠠᠨ ᠬᠥᠭᠵᠢᠵᠦ ᠪᠠᠶ᠋ᠢᠭ᠎ᠠ ᠤᠯᠤᠰ᠎ᠤᠨ ᠬᠦᠰᠡᠯ ᠡᠷᠡᠮᠡᠯᠵᠡᠯ᠎ᠤᠨ ᠴᠠᠮᠬᠠᠭ ᠪᠣᠯᠵᠠᠢ᠃ ᠲᠡᠷᠢᠭᠦᠯᠡᠭᠴᠢ ᠰᠢ ᠵᠢᠨ ᠫᠢᠩ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠣᠶ᠋ᠢᠯᠠᠭ᠋ᠠᠭᠳᠠᠬᠤᠨ ᠪᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠡᠷᠭᠡ ᠰᠠᠨᠠᠭ᠋ᠠᠴᠢᠯᠠᠭ᠎ᠠ ᠵᠢ ᠳᠤᠷᠠᠳᠤᠭᠰᠠᠨ᠎ᠨᠢ ᠪᠦᠭᠦ ᠪᠥᠮᠪᠥᠷᠴᠡᠭ᠎ᠤᠨ ᠵᠠᠰᠠᠯᠲᠠ ᠵᠢᠨ ᠲᠤᠬᠠᠢ ᠬᠤᠯᠠ ᠵᠢᠨ ᠬᠠᠷᠠᠴᠠ ᠬᠤᠷᠴᠠ ᠪᠣᠳᠣᠯᠭ᠎ᠠ ᠪᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠳᠡᠯᠡᠬᠡᠢ ᠵᠢᠨ ᠡᠯ᠎ᠡ ᠤᠯᠤᠰ᠎ᠤᠨ ᠨᠢᠭᠲᠠ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠲᠡᠭᠦ᠎ᠳᠤ ᠴᠢᠭᠯᠡᠯ᠎ᠢ ᠲᠣᠳᠣᠷᠬᠠᠢ ᠵᠢᠭ᠋ᠠᠵᠤ᠂ ᠳᠤᠮᠳᠠᠳᠤ ᠤᠯᠤᠰ᠎ᠤᠨ ᠬᠥᠭᠵᠢᠯ ᠴᠡᠴᠡᠭᠯᠡᠯ ᠯᠠᠪᠲᠠᠢ ᠳᠡᠯᠡᠬᠡᠢ ᠳ᠋ᠠᠬᠢᠨ᠎ᠳᠤ ᠦᠷᠭᠦᠯᠵᠢᠯᠡᠨ ᠪᠤᠶᠠᠨ ᠦᠢ᠍ᠯᠡᠳᠬᠦ ᠪᠣᠯᠣᠨ᠎ᠠ᠃ ᠳᠤᠮᠳᠠᠳᠤ ᠤᠯᠤᠰ᠎ᠯᠤᠭ᠎ᠠ ᠡᠯ᠎ᠡ ᠬᠦᠷᠢᠶ᠎ᠡ ᠴᠠᠷᠠᠭ᠎ᠠ᠎ᠳᠠᠬᠢ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠠᠷᠠᠳ ᠲᠦᠮᠡᠨ᠎ᠤ ᠨᠥᠬᠦᠷᠯᠡᠯ᠎ᠢ ᠦᠶ᠎ᠡ ᠵᠢᠨ ᠦᠶ᠎ᠡ᠎ᠳᠤ ᠤᠯᠠᠮᠵᠢᠯᠠᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠵᠤ᠂ ᠳᠡᠯᠡᠬᠡᠢ ᠵᠢᠨ ᠡᠩᠬᠡ ᠲᠠᠶ᠋ᠢᠪᠤᠩ᠂ ᠬᠥᠭᠵᠢᠯ ᠴᠡᠴᠡᠭᠯᠡᠯ᠎ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠵᠢ ᠬᠦᠰᠡᠵᠦ ᠪᠠᠶ᠋ᠢᠨ᠎ᠠ ᠭᠡᠵᠦ ᠢᠯᠡᠳᠬᠡᠵᠡᠭᠡᠪᠡ᠃
ᠭᠠᠳᠠᠭ᠋ᠠᠳᠤ ᠵᠢᠨ ᠤᠤᠯ᠎ᠤᠨ ᠤᠯᠤᠰ ᠲᠦᠷᠦ ᠵᠢᠨ ᠴᠢᠬᠤᠯᠠ ᠬᠥᠮᠥᠰ᠂ ᠸᠠᠩ᠎ᠤᠨ ᠣᠷᠳᠣᠨ᠎ᠤ ᠪᠦᠷᠢᠯᠳᠦᠭᠦᠨ᠂ ᠤᠯᠠᠨ ᠤᠯᠤᠰ᠎ᠤᠨ ᠨᠥᠭᠦᠷᠰᠡᠭ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠋ᠠᠲᠠᠨ᠂ ᠨᠥᠭᠦᠷᠰᠡᠭ ᠬᠥᠮᠥᠰ ᠵᠡᠷᠭᠡ 200 ᠰᠢᠬᠠᠮ ᠬᠥᠮᠥᠨ ᠣᠷᠣᠯᠴᠠᠪᠠ᠃
ᠼᠠᠢ ᠴᠢ᠂ ᠬᠠᠨ ᠵᠧᠩ᠂ ᠸᠠᠩ ᠢ ᠨᠠᠷ ᠠᠭᠤᠯᠵᠠᠯᠲᠠ᠎ᠳᠤ ᠣᠷᠣᠯᠴᠠᠵᠠᠢ᠃