ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2024-07-19

      (2024 ᠣᠨ᠎ᠤ 7 ᠰᠠᠷ᠎ᠠ ᠵᠢᠨ 18᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠪᠠ)
       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ 2024 ᠣᠨ᠎ᠤ 7 ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠡᠭᠡᠵᠢᠩ᠎ᠳᠤ ᠬᠤᠷᠠᠯᠳᠤᠪᠠ᠃
      ᠲᠤᠰ ᠤᠳᠠᠭ᠋ᠠᠨ᠎ᠤ ᠪᠦᠭᠦᠳᠡ ᠬᠤᠷᠠᠯ᠎ᠳᠤ ᠲᠥᠪ ᠬᠤᠷᠢᠶᠠᠨ᠎ᠤ ᠭᠡᠰᠢᠭᠦᠨ 199 ᠬᠥᠮᠥᠨ᠂ ᠲᠥᠪ ᠬᠤᠷᠢᠶᠠᠨ᠎ᠤ ᠣᠷᠣᠯᠠᠭᠴᠢ ᠭᠡᠰᠢᠭᠦᠨ 165 ᠬᠥᠮᠥᠨ ᠣᠷᠣᠯᠴᠠᠪᠠ᠃ ᠲᠥᠪ ᠬᠤᠷᠢᠶᠠᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠭᠡᠰᠢᠭᠦᠳ ᠪᠣᠯᠣᠨ ᠬᠤᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠲᠥᠯᠥᠭᠡᠯᠡᠭᠴᠢᠳ᠎ᠤᠨ ᠳᠣᠲᠣᠷᠠᠬᠢ ᠬᠡᠰᠡᠭ ᠦᠨᠳᠦᠰᠦᠨ ᠱᠠᠲᠤᠨ᠎ᠤ ᠨᠥᠬᠦᠳ ᠪᠠ ᠲᠤᠰᠬᠠᠢ ᠮᠡᠷᠭᠡᠵᠢᠯᠲᠡᠳ ᠡᠷᠳᠡᠮᠲᠡᠳ ᠴᠤ᠌ ᠬᠤᠷᠠᠯ᠎ᠳᠤ ᠰᠤᠯᠠ ᠣᠷᠣᠯᠴᠠᠪᠠ᠃
      ᠪᠦᠭᠦᠳᠡ ᠬᠤᠷᠠᠯ᠎ᠢ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ᠎ᠠᠴᠠ ᠡᠷᠭᠢᠯᠡᠪᠠ᠃ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
       ᠪᠦᠭᠦᠳᠡ ᠬᠤᠷᠠᠯ᠎ᠠᠴᠠ ᠰᠢ ᠵᠢᠨ ᠫᠢᠩ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠡᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠢ ᠬᠢᠨᠠᠨ ᠶᠠᠷᠢᠯᠴᠠᠵᠤ ᠪᠠᠲᠤᠯᠠᠪᠠ᠃ ᠰᠢ ᠵᠢᠨ ᠫᠢᠩ 《ᠲᠣᠭᠲᠠᠭ᠋ᠠᠯ (ᠶᠠᠷᠢᠯᠴᠠᠬᠤ ᠨᠣᠣᠷᠠᠭ)》᠎ᠤᠨ ᠲᠤᠬᠠᠢ ᠪᠦᠭᠦᠳᠡ ᠬᠤᠷᠠᠯ᠎ᠳᠤ ᠲᠣᠳᠣᠷᠬᠠᠶ᠋ᠢᠯᠠᠯᠲᠠ ᠬᠢᠪᠡ᠃
      ᠪᠦᠭᠦᠳᠡ ᠬᠤᠷᠠᠯ᠎ᠠᠴᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢᠬᠢ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠵᠢᠯ᠎ᠢ ᠭᠦᠢ᠍ᠴᠡᠳ ᠨᠤᠲᠠᠯᠠᠪᠠ᠃ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠤᠯᠠᠨ ᠤᠯᠤᠰ᠎ᠤᠨ ᠣᠷᠴᠢᠨ ᠨᠥᠬᠦᠴᠡᠯ ᠪᠠ ᠬᠠᠲᠠᠭᠤ ᠪᠡᠷᠬᠡ ᠬᠦᠨᠳᠦ ᠨᠦᠰᠡᠷ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶ᠋ᠢᠯᠭ᠋ᠠᠬᠤ ᠡᠭᠦᠷᠭᠡ ᠵᠢᠨ ᠡᠮᠦᠨ᠎ᠡ᠂ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠠᠩᠬᠠᠳᠤᠭ᠋ᠠᠷ ᠪᠦᠭᠦᠳᠡ ᠬᠤᠷᠠᠯ᠂ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠭᠦ ᠲᠠᠯ᠎ᠠ᠎ᠪᠠᠷ ᠲᠤᠭᠤᠰᠢᠯᠠᠭᠤᠯᠤᠨ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠯᠠᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠳᠦᠷᠪᠡᠨ ᠪᠦᠭᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠵᠣᠬᠢᠴᠠᠩᠭᠤᠢ᠎ᠪᠠᠷ ᠠᠬᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠤᠯᠠᠮ ᠨᠢᠭᠡ ᠠᠯᠬᠤᠮ ᠠᠬᠢᠭᠤᠯᠬᠤ ᠪᠠ ᠤᠬᠠᠭ᠋ᠠᠯᠠᠨ ᠲᠥᠯᠥᠪᠯᠡᠵᠦ᠂ ᠨᠡᠶ᠋ᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠠᠮᠢ ᠠᠬᠤᠢ ᠵᠢᠨ ᠣᠷᠴᠢᠨ ᠨᠥᠬᠦᠴᠡᠯ᠎ᠢ ᠬᠠᠮᠠᠭ᠋ᠠᠯᠠᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠤᠯᠤᠰ ᠣᠷᠣᠨ᠎ᠤ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠡᠷᠡᠰ ᠬᠠᠮᠠᠭ᠋ᠠᠯᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠦᠲᠦᠭᠡᠨ ᠪᠠᠶ᠋ᠢᠭᠤᠯᠤᠯᠲᠠ ᠵᠢ ᠬᠦᠴᠦᠲᠡᠢ ᠠᠬᠢᠭᠤᠯᠵᠤ᠂ ᠰᠢᠶᠠᠩᠭ᠋ᠠᠩ ᠣᠣᠮᠧᠨ᠎ᠤ ᠠᠵᠢᠯ ᠪᠠ ᠲᠠᠶ᠋ᠢᠸᠠᠨ᠎ᠤ ᠲᠤᠬᠠᠢ ᠠᠵᠢᠯ᠎ᠢ ᠦᠷᠭᠦᠯᠵᠢᠯᠡᠨ ᠠᠬᠢᠭᠤᠯᠵᠤ᠂ ᠳᠤᠮᠳᠠᠲᠤ ᠤᠯᠤᠰ᠎ᠤᠨ ᠣᠨᠴᠠᠯᠢᠭ ᠪᠦᠬᠦᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢ ᠭᠦᠨᠵᠡᠭᠡᠢ ᠠᠬᠢᠭᠤᠯᠤᠨ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠵᠢ ᠢᠮᠠᠭᠲᠠ ᠠᠬᠢᠭᠤᠯᠵᠤ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠵᠢ ᠪᠡᠶᠡᠯᠡᠭᠦᠯᠦᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠪᠠ ᠭᠡᠵᠦ ᠰᠠᠨᠠᠯ ᠨᠢᠭᠡᠲᠡᠢ ᠦᠵᠡᠵᠡᠢ᠃
      ᠪᠦᠭᠦᠳᠡ ᠬᠤᠷᠠᠯ᠎ᠠᠴᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠦᠭᠰᠡᠨ ᠠᠮᠵᠢᠯᠲᠠ᠎ᠲᠠᠢ ᠦᠢ᠍ᠯᠡᠳᠦᠯᠭᠡ ᠪᠠ ᠠᠭᠤᠤ ᠶᠡᠭᠡ ᠠᠮᠵᠢᠯᠲᠠ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠲᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠰᠤᠳᠤᠯᠤᠭ᠋ᠠᠳ᠂ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠥᠭᠡᠷᠡᠴᠢᠯᠡᠯᠲᠡ ᠨᠡᠭᠡᠭᠡᠯᠲᠡ ᠵᠢᠨ ᠳᠤᠮᠳᠠ ᠲᠠᠰᠤᠷᠠᠯᠳᠠ ᠦᠭᠡᠢ ᠠᠬᠢᠭᠤᠯᠵᠤ ᠪᠠᠶ᠋ᠢᠭ᠎ᠠ ᠪᠥᠭᠡᠳ ᠥᠭᠡᠷᠡᠴᠢᠯᠡᠯᠲᠡ ᠨᠡᠭᠡᠭᠡᠯᠲᠡ ᠵᠢᠨ ᠳᠤᠮᠳᠠ ᠰᠠᠷᠠᠭᠤᠯ ᠠᠭᠤᠳᠠᠮ ᠢᠷᠡᠭᠡᠳᠦᠢ ᠵᠢ ᠨᠡᠭᠡᠭᠡᠬᠦ᠎ᠨᠢ ᠯᠠᠪᠲᠠᠢ ᠶᠤᠮ᠃ ᠡᠭᠡᠳᠡᠷᠡᠭᠡᠨ ᠪᠤᠳᠤᠯᠢᠶᠠᠨᠲᠠᠢ ᠤᠯᠤᠰ᠎ᠤᠨ ᠭᠠᠳᠠᠭ᠋ᠠᠳᠤ ᠳᠣᠲᠣᠭ᠋ᠠᠳᠤ ᠵᠢᠨ ᠪᠠᠶ᠋ᠢᠳᠠᠯ᠎ᠤᠨ ᠡᠮᠦᠨ᠎ᠡ᠂ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠵᠢᠨ ᠡᠮᠦᠨ᠎ᠡ᠂ ᠠᠷᠠᠳ ᠤᠯᠠᠨ᠎ᠤ ᠰᠢᠨ᠎ᠡ ᠬᠦᠰᠡᠯ ᠡᠷᠡᠮᠡᠯᠵᠡᠯ᠎ᠤᠨ ᠡᠮᠦᠨ᠎ᠡ᠂ ᠡᠷᠬᠡᠪᠰᠢ ᠤᠬᠠᠮᠰᠠᠷ᠎ᠠᠴᠠ᠎ᠪᠠᠨ ᠥᠭᠡᠷᠡᠴᠢᠯᠡᠯᠲᠡ ᠵᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠡᠷᠡᠭᠲᠡᠢ ᠭᠡᠵᠦ ᠦᠵᠡᠪᠡ᠃
      ᠪᠦᠭᠦᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠡᠷᠬᠡᠪᠰᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠨ᠂ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ ᠨᠡᠮᠡᠭᠳᠡᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠨᠢᠭᠡᠳᠦᠯᠲᠡᠢ ᠲᠥᠯᠥᠪᠯᠡᠨ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠯᠠᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠳᠥᠷᠪᠡᠨ ᠪᠦᠭᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠵᠣᠬᠢᠴᠠᠩᠭᠤᠢ᠎ᠪᠠᠷ ᠠᠬᠢᠭᠤᠯᠵᠤ᠂ ᠠᠵᠤ ᠠᠬᠤᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠪᠠᠷ ᠬᠥᠲᠥᠯᠥᠮᠵᠢ ᠪᠤᠯᠭ᠋ᠠᠵᠤ᠂ ᠨᠡᠶ᠋ᠢᠭᠡᠮ᠎ᠤᠨ ᠲᠥᠪ ᠭᠤᠤᠯᠴᠢ ᠰᠢᠳᠤᠷᠭᠤ ᠶᠣᠰᠣ ᠵᠢ ᠠᠬᠢᠭᠤᠯᠬᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ᠎ᠪᠠᠷ ᠡᠭᠦᠰᠦᠯᠲᠡ ᠪᠠ ᠦᠷ᠎ᠡ ᠳ᠋ᠦᠩ ᠪᠤᠯᠭ᠋ᠠᠵᠤ᠂ ᠰᠢᠰᠲ᠋ᠧᠮᠵᠢᠭᠦᠯᠦᠨ ᠬᠤᠷᠠᠭᠤᠯᠬᠤ ᠵᠢ ᠨᠡᠩ ᠢᠯᠡᠭᠦᠦ ᠴᠢᠬᠤᠯᠠᠴᠢᠯᠠᠵᠤ᠂ ᠭᠤᠣᠯᠳᠠᠯᠭ᠎ᠠ ᠵᠢ ᠳᠣᠪᠤᠶ᠋ᠢᠯᠭ᠋ᠠᠬᠤ ᠵᠢ ᠨᠡᠩ ᠢᠯᠡᠭᠦᠦ ᠴᠢᠬᠤᠯᠠᠴᠢᠯᠠᠵᠤ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠵᠢ ᠨᠡᠩ ᠢᠯᠡᠭᠦᠦ ᠴᠢᠬᠤᠯᠠᠴᠢᠯᠠᠵᠤ᠂ ᠦᠢ᠍ᠯᠡᠳᠪᠦᠷᠢᠯᠡᠯ᠎ᠤᠨ ᠬᠠᠷᠢᠴᠠᠭ᠎ᠠ ᠪᠠ ᠦᠢ᠍ᠯᠡᠳᠪᠦᠷᠢᠯᠡᠯ᠎ᠤᠨ ᠬᠦᠴᠦᠨ᠂ ᠳᠠᠪᠬᠤᠷᠭ᠎ᠠ ᠪᠠ ᠠᠵᠤ ᠠᠬᠤᠢ ᠵᠢᠨ ᠰᠠᠭᠤᠷᠢ᠂ ᠲᠦᠷᠦ ᠵᠢᠨ ᠵᠠᠰᠠᠯᠲᠠ ᠪᠠ ᠨᠡᠶ᠋ᠢᠭᠡᠮ᠎ᠤᠨ ᠬᠥᠭᠵᠢᠯᠲᠡ ᠵᠢᠨ ᠨᠡᠩ ᠰᠠᠶ᠋ᠢᠨ ᠵᠣᠬᠢᠴᠠᠯᠳᠤᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶ᠋ᠢᠭᠤᠯᠤᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃
      ᠪᠦᠭᠦᠳᠡ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠵᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃ 2035 ᠣᠨ ᠪᠤᠯᠬᠤ᠎ᠳᠤ᠂ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠢ ᠪᠦᠭᠦ ᠲᠠᠯ᠎ᠠ᠎ᠪᠠᠷ ᠪᠠᠶ᠋ᠢᠭᠤᠯᠤᠨ ᠪᠦᠲᠦᠭᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠨᠡᠩ ᠲᠡᠭᠦᠯᠳᠡᠷᠵᠢᠭᠦᠯᠵᠦ᠂ ᠲᠦᠷᠦ ᠵᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠭᠡᠳ᠂ ᠲᠤᠰ ᠵᠠᠭᠤᠨ᠎ᠤ ᠳᠤᠮᠳᠠᠴᠢ ᠦᠶ᠎ᠡ ᠪᠤᠯᠬᠤ᠎ᠳᠤ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠬᠦ ᠶᠠᠪᠤᠳᠠᠯ ᠪᠣᠯᠣᠨ᠎ᠠ᠃ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠭᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠤᠳᠤᠷᠢᠳᠬᠤ ᠬᠢᠷᠢ ᠬᠡᠮᠵᠢᠶ᠎ᠡ ᠪᠠ ᠤᠷᠲᠤ ᠬᠤᠭᠤᠴᠠᠭ᠎ᠠ᠎ᠪᠠᠷ ᠲᠥᠷᠥ ᠪᠠᠷᠢᠬᠤ ᠴᠢᠳᠠᠪᠤᠷᠢ ᠵᠢ ᠳᠡᠭᠡᠭᠰᠢᠯᠡᠭᠦᠯᠭᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠭᠡᠷᠡᠴᠢᠯᠡᠯᠲᠡ ᠵᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠬᠡᠷᠡᠭᠲᠡᠢ᠃ 2029 ᠣᠨ᠎ᠳᠤ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ ᠨᠠᠶᠠᠨ ᠵᠢᠯ᠎ᠤᠨ ᠤᠢ ᠪᠤᠯᠬᠤ ᠦᠶ᠎ᠡ᠎ᠪᠠᠷ᠂ ᠲᠤᠰ ᠲᠣᠭᠲᠠᠭ᠋ᠠᠯ᠎ᠳᠤ ᠳᠤᠷᠠᠳᠤᠭᠰᠠᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠦᠨ᠎ᠡ᠃
      ᠪᠦᠭᠦᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠢᠯᠠᠩᠭᠤᠶ᠎ᠠ ᠰᠢᠨ᠎ᠡ ᠴᠠᠭ ᠦᠶ᠎ᠡ᠎ᠳᠤ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠵᠢ ᠳ᠋ᠦᠩᠨᠡᠨ ᠬᠡᠷᠡᠭᠯᠡᠵᠦ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠵᠢ ᠪᠠᠷᠢᠮᠲᠠᠯᠠᠬᠤ᠂ ᠲᠥᠪ ᠶᠣᠰᠣ ᠵᠢ ᠰᠠᠬᠢᠨ ᠰᠢᠨ᠎ᠡ ᠵᠢ ᠡᠭᠦᠳᠬᠦ ᠵᠢ ᠪᠠᠷᠢᠮᠲᠠᠯᠠᠬᠤ᠂ ᠪᠠᠶ᠋ᠢᠭᠤᠯᠤᠯ᠎ᠤᠨ ᠪᠠᠶ᠋ᠢᠭᠤᠯᠤᠯᠲᠠ᠎ᠪᠠᠷ ᠭᠤᠣᠯ ᠰᠢᠵᠢᠮ ᠪᠤᠯᠭ᠋ᠠᠬᠤ ᠵᠢ ᠪᠠᠷᠢᠮᠲᠠᠯᠠᠬᠤ᠂ ᠪᠦᠭᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠬᠤ ᠵᠡᠷᠭᠡ ᠵᠠᠷᠴᠢᠮ᠎ᠢ ᠲᠤᠭᠤᠰᠢᠯᠠᠭᠤᠯᠬᠤ ᠬᠡᠷᠡᠭᠲᠡᠢ᠃
      ᠪᠦᠭᠦᠳᠡ ᠬᠤᠷᠠᠯ᠎ᠠᠴᠠ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠰᠢᠰᠲ᠋ᠧᠮ᠎ᠲᠠᠢ ᠪᠠᠶ᠋ᠢᠷᠢᠯᠠᠭᠤᠯᠤᠯᠲᠠ ᠬᠢᠵᠦ᠂ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠢ ᠪᠠᠶ᠋ᠢᠭᠤᠯᠵᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠶ᠋ᠢᠭᠤᠯᠤᠯ ᠲᠣᠭᠲᠠᠴᠠ ᠵᠢ ᠪᠠᠶ᠋ᠢᠭᠤᠯᠵᠤ᠂ ᠬᠤᠷᠸ᠎ᠠ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠪᠠᠶ᠋ᠢᠭᠤᠯᠤᠯ᠎ᠤᠨ ᠰᠢᠰᠲ᠋ᠧᠮ᠎ᠢ ᠪᠦᠷᠢᠨᠰᠢᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠰᠣᠶᠣᠯ᠎ᠤᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠳᠦᠷᠢᠮ᠎ᠤᠨ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠠ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠠᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠵᠢᠯ᠎ᠢ ᠤᠳᠤᠷᠢᠳᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠨᠠᠩ ᠰᠠᠶ᠋ᠢᠨ ᠪᠠᠳᠠᠷᠠᠭᠤᠯᠵᠤ᠂ ᠨᠠᠩ ᠲᠥᠪ ᠭᠤᠤᠯᠴᠢ᠂ ᠨᠠᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠡᠭᠦᠳᠴᠦ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠬᠠᠮᠤᠭ᠎ᠤᠨ ᠰᠢᠯᠢᠳᠡᠭ ᠪᠤᠯᠭ᠋ᠠᠬᠤ ᠪᠠ ᠦᠷ᠎ᠡ ᠠᠰᠢᠭ᠎ᠢ ᠬᠠᠮᠤᠭ᠎ᠤᠨ ᠶᠡᠭᠡ ᠪᠤᠯᠭ᠋ᠠᠬᠤ ᠵᠢ ᠪᠡᠶᠡᠯᠡᠭᠦᠯᠵᠦ᠂ 《ᠠᠮᠢᠳᠤᠯᠢᠭ ᠪᠤᠯᠭ᠋ᠠᠵᠦ ᠴᠢᠳᠠᠬᠤ》 ᠮᠥᠷᠲᠡᠭᠡᠨ ᠪᠠᠰᠠ 《ᠬᠠᠮᠢᠶᠠᠷᠴᠤ ᠲᠡᠶ᠋ᠢᠯᠭᠦ》 ᠪᠠᠶ᠋ᠢᠵᠤ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠨᠡᠩ ᠰᠠᠶ᠋ᠢᠨ ᠬᠠᠮᠠᠭ᠋ᠠᠯᠠᠵᠤ᠂ ᠵᠠᠬ᠎ᠠ ᠳᠡᠯᠭᠡᠭᠦᠷ ᠦᠢ᠍ᠯᠡᠳᠦᠯ ᠵᠶ᠋ᠠᠨ ᠠᠯᠳᠠᠬᠤ ᠵᠢ ᠨᠠᠩ ᠰᠠᠶ᠋ᠢᠨ ᠨᠥᠬᠦᠪᠦᠷᠢᠯᠡᠵᠦ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠢ ᠰᠠᠭ᠋ᠠᠳ ᠦᠭᠡᠢ ᠨᠠᠪᠲᠠᠷᠡᠭᠦᠯᠵᠦ᠂ ᠪᠦᠭᠦ ᠨᠡᠶ᠋ᠢᠭᠡᠮ᠎ᠤᠨ ᠳᠣᠲᠣᠭ᠋ᠠᠳᠤ ᠬᠥᠳᠡᠯᠭᠡᠭᠴᠢ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠨᠡᠶ᠋ᠢᠲᠡ ᠵᠢᠨ ᠥᠮᠴᠢᠯᠡᠯ᠎ᠤᠨ ᠠᠵᠤ ᠠᠬᠤᠢ ᠵᠢ ᠥᠴᠥᠬᠡᠨ ᠴᠦ᠍ ᠭᠤᠶ᠋ᠢᠪᠢᠰᠢ ᠦᠭᠡᠢ᠎ᠪᠠᠷ ᠪᠠᠬᠢᠵᠢᠭᠦᠯᠦᠨ ᠬᠥᠭᠵᠢᠭᠦᠯᠵᠦ᠂ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢ ᠥᠴᠥᠬᠡᠨ ᠴᠦ᠍ ᠭᠤᠶ᠋ᠢᠪᠢᠰᠢ ᠦᠭᠡᠢ᠎ᠪᠠᠷ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ ᠡᠯ᠎ᠡ ᠵᠦᠢ᠍ᠯ᠎ᠤᠨ ᠥᠮᠴᠢᠯᠡᠯ᠎ᠤᠨ ᠠᠵᠤ ᠠᠬᠤᠢ ᠵᠢᠨ ᠬᠠᠤᠯᠢ ᠶᠣᠰᠣᠭ᠋ᠠᠷ ᠦᠢ᠍ᠯᠡᠳᠪᠦᠷᠢᠯᠡᠯ᠎ᠤᠨ ᠡᠯᠧᠮᠧᠨ᠋ᠲ᠎ᠢ ᠡᠷᠬᠡ ᠲᠡᠭᠰᠢ᠎ᠪᠠᠷ ᠬᠡᠷᠡᠭᠯᠡᠬᠦ᠂ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠠᠳᠠᠯᠢ ᠲᠡᠭᠰᠢ᠎ᠪᠠᠷ ᠣᠷᠤᠯᠴᠠᠬᠤ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠠᠳᠠᠯᠢ᠎ᠪᠠᠷ ᠭᠦᠷᠲᠡᠭᠦ ᠵᠢ ᠪᠠᠲᠤᠯᠠᠵᠤ᠂ ᠡᠯ᠎ᠡ ᠵᠦᠢ᠍ᠯ᠎ᠤᠨ ᠥᠮᠴᠢᠯᠡᠯ᠎ᠤᠨ ᠠᠵᠤ ᠠᠬᠤᠢ ᠵᠢᠨ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠦᠪᠦᠷᠢᠯᠡᠬᠦ᠂ ᠬᠠᠮᠲᠤ᠎ᠪᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃
       ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠴᠢᠨᠠᠷ ᠰᠠᠶ᠋ᠢᠲᠠᠢ ᠬᠥᠭᠵᠢᠯᠲᠡ ᠪᠣᠯ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ ᠵᠶ᠋ᠠᠷ ᠥᠭᠡᠷᠡᠴᠢᠯᠡᠯᠲᠡ ᠵᠢ ᠬᠥᠲᠥᠯᠥᠨ ᠳᠠᠭ᠋ᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠤᠷᠮᠠᠰᠢᠭᠤᠯᠤᠯ᠎ᠤᠨ ᠪᠠ ᠬᠢᠵᠠᠭ᠋ᠠᠷᠯᠠᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠪᠤᠢ ᠪᠤᠯᠭ᠋ᠠᠬᠤ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠪᠣᠳᠠᠲᠤ ᠴᠣᠭᠴᠠ ᠵᠢᠨ ᠠᠵᠤ ᠠᠬᠤᠢ ᠪᠠ ᠳ᠋ᠢᠵᠢᠲ᠋ᠠᠯ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠳᠦᠷᠢᠮ᠎ᠢ ᠪᠦᠷᠢᠨᠰᠢᠭᠦᠯᠦᠨ᠂ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠭᠦ ᠳᠦᠷᠢᠮ᠎ᠢ ᠪᠦᠷᠢᠨᠰᠢᠭᠦᠯᠬᠦ ᠬᠡᠷᠡᠭᠲᠡᠢ᠃
       ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠠᠭᠤᠷᠢ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠲᠤᠯᠭ᠋ᠠᠭᠤᠷᠢᠯᠠᠯ ᠮᠥᠨ᠃ ᠡᠷᠬᠡᠪᠰᠢ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠤᠯᠭ᠋ᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠪᠠᠶ᠋ᠢᠭᠤᠯᠤᠯ ᠲᠣᠭᠲᠠᠴᠠ ᠵᠢᠨ ᠨᠢᠭᠡ ᠴᠣᠭᠴᠠᠵᠢᠭᠰᠠᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ᠎ᠡ ᠭᠡᠯᠪᠡᠷᠢ ᠵᠢᠨ ᠤᠯᠤᠰ ᠳᠠᠶᠠᠭ᠋ᠠᠷ᠎ᠤᠨ ᠪᠠᠶ᠋ᠢᠭᠤᠯᠤᠯ᠎ᠢ ᠪᠦᠷᠢᠨᠰᠢᠭᠦᠯᠵᠦ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠦᠬᠦᠯᠢ ᠴᠣᠭᠴᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠴᠢᠳᠠᠪᠤᠷᠢᠲᠠᠨ᠎ᠤ ᠬᠥᠭᠵᠢᠯᠲᠡ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠰᠢᠨᠵᠢᠯᠡᠬᠦ ᠤᠬᠠᠭ᠋ᠠᠨᠴᠢ ᠬᠤᠷᠸ᠎ᠠ ᠲᠣᠬᠢᠷᠠᠭᠤᠯᠤᠯ ᠡᠵᠡᠮᠳᠡᠯ᠂ ᠪᠦᠲᠦᠮᠵᠢᠲᠡᠶ ᠵᠠᠰᠠᠭ᠎ᠤᠨ ᠣᠷᠳᠣᠨ᠎ᠤ ᠵᠠᠰᠠᠯᠲᠠ ᠪᠣᠯ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠃ ᠡᠷᠬᠡᠪᠰᠢ ᠬᠤᠷᠸ᠎ᠠ ᠲᠣᠬᠢᠷᠠᠭᠤᠯᠤᠯ ᠡᠵᠡᠮᠳᠡᠯ᠎ᠤᠨ ᠪᠠᠶ᠋ᠢᠭᠤᠯᠤᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠡᠳ᠋᠎ᠤᠨ ᠵᠠᠰᠠᠭ ᠭᠠᠶ᠋ᠢᠯᠢ᠂ ᠮᠥᠩᠭᠦᠨ ᠭᠦᠢ᠍ᠯᠭᠡᠭᠡ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠷᠸ᠎ᠠ ᠲᠦᠷᠦ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠤᠯᠤᠰ᠎ᠤᠨ ᠪᠠᠶ᠋ᠢᠯᠳᠤᠬᠤ ᠪᠣᠳᠣᠯᠭ᠎ᠠ ᠲᠥᠯᠦᠪᠵᠢᠭᠦᠯᠭᠡ ᠵᠢᠨ ᠰᠢᠰᠲ᠋ᠧᠮ ᠪᠠ ᠲᠦᠷᠦ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠡᠷᠬᠡᠪᠰᠢ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠵᠢᠨ ᠲᠥᠯᠦᠪᠵᠢᠭᠦᠯᠭᠡ᠂ ᠪᠦᠲᠦᠭᠡᠨ ᠪᠠᠶ᠋ᠢᠭᠤᠯᠤᠯᠲᠠ᠂ ᠵᠠᠰᠠᠯᠲᠠ ᠵᠢᠨ ᠠᠭᠤᠰᠤᠯᠴᠠᠯ᠎ᠤᠨ ᠬᠢᠷᠢ ᠬᠡᠮᠵᠢᠶ᠎ᠡ ᠵᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠡᠯᠧᠮᠧᠨ᠋ᠲ᠎ᠤᠨ ᠡᠷᠬᠡ ᠲᠡᠭᠰᠢ᠎ᠪᠠᠷ ᠰᠣᠯᠢᠯᠴᠠᠬᠤ᠂ ᠬᠤᠣᠰ ᠴᠢᠭᠯᠡᠯ ᠵᠶ᠋ᠠᠷ ᠰᠢᠯᠵᠢᠭᠦ ᠵᠢ ᠠᠬᠢᠭᠤᠯᠤᠨ᠂ ᠬᠤᠳᠠ ᠬᠥᠳᠡᠭᠡ ᠵᠢᠨ ᠵᠥᠷᠢᠶ᠎ᠡ ᠵᠢ ᠪᠠᠭ᠋ᠠᠰᠬᠠᠵᠤ᠂ ᠬᠤᠳᠠ ᠬᠥᠳᠡᠭᠡ ᠵᠢᠨ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠵᠢ ᠠᠬᠢᠭᠤᠯᠬᠤ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ᠎ᠢ ᠬᠦᠴᠦᠷᠬᠡᠭᠵᠢᠭᠦᠯᠬᠦ᠂ ᠲᠠᠷᠢᠶᠠᠴᠢᠳ᠎ᠲᠤ ᠠᠰᠢᠭ ᠬᠦᠷᠲᠡᠭᠡᠬᠦ᠂ ᠲᠠᠷᠢᠶᠠᠴᠢᠳ᠎ᠢ ᠪᠠᠶᠠᠵᠢᠭᠤᠯᠬᠤ ᠵᠢ ᠳᠡᠮᠵᠢᠬᠦ ᠳᠦᠷᠢᠮ᠎ᠢ ᠲᠡᠭᠦᠯᠳᠡᠷᠵᠢᠭᠦᠯᠦᠨ᠂ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠨᠡᠭᠡᠭᠡᠯᠲᠡ ᠬᠢᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠡ ᠲᠣᠳᠣ ᠢᠯᠡᠳᠬᠡᠮᠵᠢ ᠲᠡᠮᠳᠡᠭ ᠮᠥᠨ᠃ ᠡᠷᠬᠡᠪᠰᠢ ᠭᠠᠳᠠᠭᠰᠢ ᠨᠡᠭᠡᠭᠡᠯᠲᠡ ᠬᠢᠬᠦ ᠦᠨᠳᠦᠰᠦᠨ ᠤᠯᠤᠰ᠎ᠤᠨ ᠪᠣᠳᠣᠯᠭ᠎ᠠ ᠵᠢ ᠪᠠᠷᠢᠮᠲᠠᠯᠠᠵᠤ᠂ ᠨᠡᠭᠡᠭᠡᠯᠲᠡ᠎ᠪᠠᠷ ᠥᠭᠡᠷᠡᠴᠢᠯᠡᠯᠲᠡ ᠵᠢ ᠠᠬᠢᠭᠤᠯᠬᠤ ᠵᠢ ᠪᠠᠷᠢᠮᠲᠠᠯᠠᠵᠤ᠂ ᠮᠠᠨ᠎ᠤ ᠤᠯᠤᠰ᠎ᠤᠨ ᠭᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠲᠤ ᠲᠦᠰᠢᠭᠯᠡᠨ᠂ ᠣᠯᠠᠨ ᠤᠯᠤᠰ᠎ᠤᠨ ᠬᠠᠮᠲᠤᠷᠠᠯᠴᠠᠭ᠎ᠠ ᠵᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠵᠢᠨ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠬᠤ ᠬᠡᠷᠡᠭᠲᠡᠢ᠃ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠭᠠᠳᠠᠭ᠋ᠠᠳᠤ ᠠᠷᠠᠯᠵᠢᠶᠠᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠪᠠ ᠭᠠᠳᠠᠭ᠋ᠠᠳᠤ᠎ᠳᠤ ᠪᠡᠯᠡ ᠣᠷᠣᠭᠤᠯᠬᠤ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠣᠷᠣᠨ ᠪᠦᠰᠡ ᠵᠢᠨ ᠨᠡᠭᠡᠭᠡᠯᠲᠡ ᠵᠢᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ᠎ᠪᠠᠷ ᠬᠠᠮᠲᠤ᠎ᠪᠠᠷ ᠪᠠᠶ᠋ᠢᠭᠤᠯᠬᠤ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠃ ᠡᠷᠬᠡᠪᠰᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠤᠯᠤᠰ ᠲᠥᠷᠥ ᠵᠢᠨ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠮᠠᠨ᠎ᠤ ᠤᠯᠤᠰ᠎ᠤᠨ ᠦᠨᠳᠦᠰᠦᠨ ᠤᠯᠤᠰ ᠲᠥᠷᠥ ᠵᠢᠨ ᠪᠠᠶ᠋ᠢᠭᠤᠯᠤᠯ᠂ ᠭᠤᠣᠯ ᠤᠯᠤᠰ ᠲᠥᠷᠥ ᠵᠢᠨ ᠪᠠᠶ᠋ᠢᠭᠤᠯᠤᠯ᠂ ᠴᠢᠬᠤᠯᠠ ᠤᠯᠤᠰ ᠲᠥᠷᠥ ᠵᠢᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠳᠡᠰ ᠱᠠᠲᠤᠨ᠎ᠤ ᠠᠷᠠᠳᠴᠢᠯᠠᠯ᠎ᠤᠨ ᠭᠡᠯᠪᠡᠷᠢ ᠵᠢ ᠪᠠᠶᠠᠯᠢᠭᠵᠢᠭᠤᠯᠤᠨ᠂ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ ᠶᠠᠪᠤᠳᠠᠯ᠎ᠢ ᠤᠯᠤᠰ᠎ᠤᠨ ᠤᠯᠤᠰ ᠲᠦᠷᠦ ᠵᠢᠨ ᠠᠮᠢᠳᠤᠷᠠᠯ ᠪᠠ ᠨᠡᠶ᠋ᠢᠭᠡᠮ᠎ᠤᠨ ᠠᠮᠢᠳᠤᠷᠠᠯ᠎ᠤᠨ ᠲᠠᠯ᠎ᠠ ᠪᠦᠭᠦᠨ᠎ᠳᠤ ᠦᠨᠡᠨ ᠪᠣᠳᠠᠲᠠᠢ᠎ᠪᠠᠷ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶ᠋ᠢᠭᠤᠯᠤᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠥᠪᠯᠡᠬᠦ ᠠᠷᠠᠳᠴᠢᠯᠠᠯ᠎ᠤᠨ ᠲᠣᠭᠲᠠᠴᠠ ᠵᠢ ᠪᠦᠷᠢᠨᠰᠢᠭᠦᠯᠦᠨ᠂ ᠦᠨᠳᠦᠰᠦᠨ ᠱᠠᠲᠤᠨ᠎ᠤ ᠠᠷᠠᠳᠴᠢᠯᠠᠯ᠎ᠤᠨ ᠳᠦᠷᠢᠮ᠎ᠢ ᠪᠦᠷᠢᠨᠰᠢᠭᠦᠯᠵᠦ᠂ ᠶᠡᠭᠡ ᠨᠢᠭᠡᠳᠦᠮᠡᠯ ᠹᠷᠣᠨᠲ᠎ᠤᠨ ᠠᠵᠢᠯ᠎ᠤᠨ ᠪᠠᠶ᠋ᠢᠷᠢᠰᠢᠯ᠎ᠢ ᠲᠡᠭᠦᠯᠳᠡᠷᠵᠢᠭᠦᠯᠬᠦ ᠬᠡᠷᠡᠭᠲᠡᠢ᠃
       ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠬᠠᠤᠯᠢ᠎ᠪᠠᠷ ᠵᠠᠰᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠦᠨᠳᠦᠰᠦᠨ ᠬᠠᠤᠯᠢ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠵᠤ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠡᠯ᠎ᠡ ᠭᠤᠭᠴᠤᠭ᠎ᠠ ᠵᠢᠨ ᠥᠭᠡᠷᠡᠴᠢᠯᠡᠯᠲᠡ ᠵᠢ ᠬᠠᠮᠵᠢᠯᠴᠠᠭᠤᠯᠤᠨ ᠠᠬᠢᠭᠤᠯᠵᠤ᠂ ᠬᠠᠤᠯᠢ ᠴᠠᠭ᠋ᠠᠵᠠ ᠵᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶ᠋ᠢᠬᠤ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠤᠯᠤᠰ᠎ᠤᠨ ᠡᠯ᠎ᠡ ᠲᠠᠯ᠎ᠠ ᠵᠢᠨ ᠠᠵᠢᠯ᠎ᠢ ᠬᠠᠤᠯᠢ᠎ᠪᠠᠷ ᠵᠠᠰᠠᠬᠤ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠬᠠᠤᠯᠢ ᠲᠣᠭᠲᠠᠭ᠋ᠠᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠭᠦᠨᠵᠡᠭᠡᠢ ᠠᠬᠢᠭᠤᠯᠤᠨ᠂ ᠲᠥᠪ ᠭᠤᠣᠯᠴᠢ᠎ᠪᠠᠷ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠬᠠᠤᠯᠢ᠎ᠪᠠᠷ ᠵᠠᠰᠠᠬᠤ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠭᠠᠳᠠᠭ᠋ᠠᠳᠤ᠎ᠳᠤ ᠬᠤᠯᠪᠣᠭᠳᠠᠬᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃
       ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠷᠬᠡᠪᠰᠢ ᠰᠣᠶᠣᠯ᠎ᠤᠨ ᠢᠲᠡᠭᠡᠯ ᠵᠶ᠋ᠠᠨ ᠨᠡᠮᠡᠭᠳᠡᠭᠦᠯᠵᠦ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠵᠦ᠂ ᠬᠤᠪᠢᠰᠬᠠᠯᠲᠤ ᠰᠣᠶᠣᠯ᠎ᠢ ᠪᠠᠳᠠᠷᠠᠭᠤᠯᠤᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠮᠡᠳᠡᠭᠡ ᠵᠠᠩᠭᠢ ᠵᠢᠨ ᠮᠡᠷᠭᠡᠵᠢᠯ᠎ᠤᠨ ᠦᠳᠲᠡᠷ ᠲᠦᠷᠭᠡᠨ ᠬᠥᠭᠵᠢᠯᠲᠡ ᠵᠢᠨ ᠰᠢᠨ᠎ᠡ ᠪᠠᠶ᠋ᠢᠳᠠᠯ᠎ᠳᠤ ᠲᠦᠷᠭᠡᠯᠡᠨ ᠵᠣᠬᠢᠴᠠᠭᠤᠯᠵᠤ᠂ ᠠᠤᠭ᠎ᠠ ᠶᠡᠭᠡ ᠬᠡᠪᠴᠢᠶ᠎ᠡ ᠪᠦᠬᠦᠢ ᠰᠢᠯᠢᠳᠡᠭ ᠰᠣᠶᠣᠯ᠎ᠤᠨ ᠴᠢᠳᠠᠪᠤᠷᠢᠲᠠᠨ᠎ᠤ ᠡᠩᠨᠡᠭᠡ ᠵᠢ ᠪᠣᠶ᠋ᠢᠵᠢᠭᠤᠯᠤᠨ ᠪᠦᠷᠢᠯᠳᠦᠭᠦᠯᠵᠦ᠂ ᠪᠦᠭᠦ ᠦᠨᠳᠦᠰᠦᠲᠡᠨ᠎ᠤ ᠰᠣᠶᠣᠯ᠎ᠤᠨ ᠰᠢᠨ᠎ᠡ ᠵᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠰᠣᠶᠣᠯ᠎ᠤᠨ ᠦᠢ᠍ᠯᠡᠴᠢᠯᠡᠭᠡ ᠪᠠ ᠰᠣᠶᠣᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢᠨ ᠲᠣᠭᠲᠠᠴᠠ ᠵᠢ ᠰᠢᠯᠢᠳᠡᠭᠵᠢᠭᠦᠯᠵᠦ᠂ ᠰᠦᠯᠵᠢᠶᠡᠨ᠎ᠤ ᠶᠡᠷᠦᠩᠬᠡᠶ᠋ᠢᠯᠡᠭᠰᠡᠨ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠨᠡᠩ ᠪᠦᠲᠦᠮᠵᠢᠲᠡᠶ ᠤᠯᠠᠨ ᠤᠯᠤᠰ᠎ᠲᠤ ᠤᠯᠠᠮᠵᠢᠯᠠᠨ ᠲᠠᠷᠬᠠᠭ᠋ᠠᠬᠤ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠬᠥᠭᠵᠢᠭᠦᠯᠬᠦ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠶᠡᠭᠡ ᠡᠭᠦᠷᠭᠡ ᠮᠥᠨ᠃ ᠡᠷᠬᠡᠪᠰᠢ ᠪᠦᠭᠦ ᠬᠦᠴᠦ᠎ᠪᠠᠷ ᠵᠶ᠋ᠠᠨ ᠴᠢᠷᠮᠠᠶ᠋ᠢᠬᠤ᠂ ᠴᠢᠳᠠᠯ᠎ᠤᠨ ᠵᠶ᠋ᠠᠨ ᠬᠢᠷᠢ ᠳᠣᠲᠣᠷ᠎ᠠ ᠬᠢᠬᠦ ᠵᠢ ᠪᠠᠷᠢᠮᠲᠠᠯᠠᠵᠤ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠲᠦᠭᠡᠮᠡᠯ ᠬᠠᠷᠠᠭ᠋ᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠷᠠᠳ ᠲᠦᠮᠡᠨ᠎ᠤ ᠬᠠᠮᠤᠭ᠎ᠠᠴᠠ ᠢᠯᠡᠭᠦᠦ ᠰᠡᠳᠬᠢᠯ ᠲᠠᠯᠪᠢᠵᠤ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ᠃ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠮᠥᠨ ᠠᠮᠠ ᠵᠢᠨ ᠬᠥᠭᠵᠢᠯᠲᠡ ᠵᠢ ᠳᠡᠮᠵᠢᠬᠦ ᠪᠠ ᠲᠡᠭᠦᠨ᠎ᠳᠤ ᠦᠢ᠍ᠯᠡᠴᠢᠯᠡᠬᠦ ᠰᠢᠰᠲ᠋ᠧᠮ᠎ᠢ ᠪᠦᠷᠢᠨᠰᠢᠭᠦᠯᠬᠦ ᠬᠡᠷᠡᠭᠲᠡᠢ᠃
      ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠡᠷᠬᠡᠪᠰᠢ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠨᠡᠭᠦᠷᠡᠰᠤᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠳᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ᠂ ᠠᠵᠤ ᠠᠬᠤᠢ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠨ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶ᠋ᠢᠷᠬᠠᠨ ᠮᠥᠨ ᠭᠡᠬᠦ ᠣᠶ᠋ᠢᠯᠠᠭ᠋ᠠᠭᠳᠠᠬᠤᠨ᠎ᠢ ᠨᠠᠶ᠋ᠢᠳᠠᠪᠤᠷᠢᠵᠢᠭᠤᠯᠬᠤ ᠪᠠᠶ᠋ᠢᠭᠤᠯᠤᠯ ᠲᠣᠭᠲᠠᠴᠠ ᠵᠢ ᠲᠦᠷᠭᠡᠯᠡᠨ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠰᠠᠭᠤᠷᠢ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠠᠮᠢ ᠠᠬᠤᠢ ᠵᠢᠨ ᠣᠷᠴᠢᠨ ᠨᠥᠬᠦᠴᠡᠯ᠎ᠢ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠨᠣᠭᠤᠭ᠋ᠠᠨ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠥᠭᠵᠢᠯᠲᠡ ᠵᠢᠨ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃
       ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠤᠯᠤᠰ᠎ᠤᠨ ᠠᠮᠤᠷ ᠲᠦᠪᠰᠢᠨ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠯᠠᠪᠳᠠᠭᠤᠨ ᠵᠶ᠋ᠠᠷ ᠠᠯᠤᠰ᠎ᠢ ᠵᠣᠷᠢᠬᠤ ᠵᠢᠨ ᠴᠢᠬᠤᠯᠠ ᠰᠠᠭᠤᠷᠢ ᠮᠥᠨ᠃ ᠡᠷᠬᠡᠪᠰᠢ ᠤᠯᠤᠰ᠎ᠤᠨ ᠶᠡᠷᠦᠩᠬᠡᠢ ᠴᠣᠭᠴᠠ ᠵᠢᠨ ᠠᠮᠤᠷ ᠲᠦᠪᠰᠢᠨ᠎ᠤ ᠦᠵᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠦᠨ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠶ᠋ᠢᠨ ᠦᠢ᠍ᠯᠡᠳᠦᠯᠴᠡᠯ᠎ᠢ ᠪᠡᠶᠡᠯᠡᠭᠦᠯᠵᠦ᠂ ᠤᠯᠤᠰ᠎ᠤᠨ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠯᠤᠰ᠎ᠤᠨ ᠠᠮᠤᠷ ᠲᠦᠪᠰᠢᠨ᠎ᠤ ᠰᠢᠰᠲ᠋ᠧᠮ᠎ᠢ ᠪᠦᠷᠢᠨᠰᠢᠭᠦᠯᠵᠦ᠂ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠭᠠᠳᠠᠭ᠋ᠠᠳᠤ᠎ᠳᠤ ᠬᠤᠯᠪᠣᠭᠳᠠᠬᠤ ᠤᠯᠤᠰ᠎ᠤᠨ ᠠᠮᠤᠷ ᠲᠦᠪᠰᠢᠨ᠎ᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃
       ᠪᠦᠭᠦᠳᠡ ᠬᠤᠷᠠᠯ᠎ᠠᠴᠠ ᠳᠤᠷᠠᠳᠤᠨ ᠭᠠᠷᠭ᠋ᠠᠭᠰᠠᠨ᠎ᠨᠢ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠪᠦᠷᠢᠯᠳᠦᠭᠦᠨ ᠬᠡᠰᠡᠭ ᠮᠥᠨ᠃ ᠡᠷᠬᠡᠪᠰᠢ ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠵᠢ ᠪᠠᠷᠢᠮᠲᠠᠯᠠᠵᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠴᠡᠷᠢᠭ ᠪᠠᠶ᠋ᠢᠭᠤᠯᠤᠭᠳᠠᠭᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠬᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ᠃ ᠠᠷᠠᠳ᠎ᠤᠨ ᠴᠡᠷᠢᠭ ᠠᠩᠭᠢ ᠵᠢᠨ ᠤᠳᠤᠷᠢᠳᠤᠨ ᠬᠠᠮᠢᠶᠠᠷᠬᠤ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠬᠠᠮᠲᠤᠷᠠᠭᠰᠠᠨ ᠪᠠᠶ᠋ᠢᠯᠳᠤᠭ᠋ᠠᠨ ᠬᠢᠬᠦ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃
       ᠪᠦᠭᠦᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠠᠮ᠎ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢᠨ ᠦᠨᠳᠦᠰᠦᠨ ᠪᠠᠲᠤᠯᠠᠭ᠎ᠠ ᠮᠥᠨ᠃ ᠡᠷᠬᠡᠪᠰᠢ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠢᠬᠦ ᠬᠤᠪᠢᠰᠬᠠᠯ ᠵᠶ᠋ᠠᠷ ᠨᠡᠶ᠋ᠢᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠬᠤ ᠳᠡᠭᠡᠳᠦ ᠬᠡᠮᠵᠢᠶᠡᠨ᠎ᠤ ᠤᠬᠠᠮᠰᠠᠷ᠎ᠲᠠᠢ ᠪᠠᠶ᠋ᠢᠵᠤ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠳᠦᠷᠢᠮ᠎ᠤᠨ ᠵᠢᠷᠤᠮᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠂ ᠨᠠᠮ᠎ᠤᠨ ᠥᠪᠡᠷ᠎ᠢ᠎ᠪᠠᠨ ᠴᠡᠪᠡᠷᠰᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠰᠢᠨᠡᠴᠢᠯᠡᠬᠦ᠂ ᠥᠪᠡᠷ᠎ᠢ᠎ᠪᠠᠨ ᠳᠡᠭᠡᠭᠰᠢᠯᠡᠭᠦᠯᠭᠦ ᠵᠢ ᠲᠠᠰᠤᠷᠠᠯᠲᠠ ᠦᠭᠡᠢ ᠠᠬᠢᠭᠤᠯᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ᠎ᠳᠠᠬᠢ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃
      ᠪᠦᠭᠦᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠡᠩᠬᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠣᠳᠣᠬᠢᠴᠢᠯᠠᠯᠲᠠ ᠮᠥᠨ᠃ ᠡᠷᠬᠡᠪᠰᠢ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠨᠠᠶ᠋ᠢᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠥᠷᠥ ᠵᠢᠨ ᠪᠣᠳᠣᠯᠭ᠎ᠠ ᠵᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠂ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠥᠷᠲᠡᠭ᠎ᠢ ᠦᠢ᠍ᠯᠡᠳᠦᠯᠭᠡᠵᠢᠭᠦᠯᠵᠦ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠤᠨ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠣᠯᠠᠨ ᠲᠤᠶ᠋ᠢᠯᠰᠢᠷᠠᠯᠲᠠ᠂ ᠲᠦᠭᠡᠮᠡᠯ ᠬᠠᠷᠠᠭ᠋ᠠᠯᠵᠠᠯ᠎ᠲᠠᠢ ᠪᠠᠭᠲᠠᠭ᠋ᠠᠮᠵᠢᠲᠠᠢ ᠪᠠᠶ᠋ᠢᠬᠤ ᠠᠵᠤ ᠠᠬᠤᠢ ᠵᠢᠨ ᠳᠡᠯᠡᠬᠡᠶ᠋ᠢᠴᠢᠯᠡᠯᠲᠡ ᠵᠢ ᠰᠠᠨᠠᠭ᠋ᠠᠴᠢᠯᠠᠵᠤ᠂ ᠭᠠᠳᠠᠭ᠋ᠠᠳᠤ ᠶᠠᠪᠤᠳᠠᠯ᠎ᠤᠨ ᠠᠵᠢᠯ᠎ᠤᠨ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠪᠣᠯᠣᠨ ᠪᠠᠶ᠋ᠢᠭᠤᠯᠤᠯᠲᠠ᠎ᠳᠤ ᠣᠷᠤᠯᠴᠠᠬᠤ ᠪᠠ ᠲᠡᠭᠦᠨ᠎ᠢ ᠬᠥᠲᠥᠯᠥᠨ ᠳᠠᠭ᠋ᠠᠭᠤᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠲᠡᠢ᠃
      ᠪᠦᠭᠦᠳᠡ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠰᠠᠶ᠋ᠢᠲᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠦᠭᠦ ᠨᠠᠮ ᠪᠦᠭᠦ ᠤᠯᠤᠰ᠎ᠤᠨ ᠨᠢᠭᠡᠨ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠪᠣᠯᠣᠨ᠎ᠠ᠃ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠢ ᠭᠦᠨᠵᠡᠭᠡᠢ ᠣᠶ᠋ᠢᠯᠠᠭ᠋ᠠᠬᠤ ᠪᠠ ᠡᠵᠡᠮᠰᠢᠬᠦ ᠬᠡᠷᠡᠭᠲᠡᠢ᠃ ᠪᠦᠭᠦ ᠨᠠᠮ ᠵᠶ᠋ᠠᠷ ᠵᠶ᠋ᠠᠨ 《ᠲᠣᠭᠲᠠᠭ᠋ᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ ᠰᠠᠶ᠋ᠢᠲᠤᠷ ᠠᠳᠬᠤᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠳᠤᠮᠳᠠᠲᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃
      ᠪᠦᠭᠦᠳᠡ ᠬᠤᠷᠠᠯ᠎ᠠᠴᠠ ᠣᠳᠣᠬᠠᠨ᠎ᠤ ᠪᠠᠶ᠋ᠢᠳᠠᠯ ᠪᠠ ᠡᠭᠦᠷᠭᠡ ᠵᠢ ᠵᠠᠳᠠᠯᠤᠨ ᠰᠢᠨᠵᠢᠯᠡᠭᠡᠳ ᠴᠢᠬᠤᠯᠠᠴᠢᠯᠠᠭᠰᠠᠨ᠎ᠨᠢ᠂ ᠪᠦᠭᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠵᠢ ᠡᠷᠡᠰ ᠭᠤᠶ᠋ᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢᠨ ᠶᠣᠰᠣᠭ᠋ᠠᠷ᠂ ᠬᠤᠷᠸ᠎ᠠ ᠲᠦᠷᠦ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠢᠳᠡᠪᠬᠢᠲᠡᠢ ᠥᠷᠭᠡᠳᠬᠡᠨ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠰᠢᠨ᠎ᠡ ᠬᠥᠳᠡᠯᠭᠡᠭᠴᠢ ᠡᠨᠧᠷᠭᠢ ᠵᠢ ᠲᠦᠷᠭᠡᠯᠡᠨ ᠪᠣᠶ᠋ᠢᠵᠢᠭᠤᠯᠵᠤ᠂ ᠨᠣᠭᠤᠭ᠋ᠠᠨ ᠪᠥᠭᠡᠳ ᠨᠡᠭᠦᠷᠡᠰᠦᠲᠦ᠋ᠷᠦᠭᠴᠢ ᠪᠠᠭ᠋ᠠᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠤᠨ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠳ᠋ᠦᠩᠨᠡᠨ ᠦᠨᠡᠯᠡᠵᠦ᠂ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠤᠬᠠᠭ᠋ᠠᠯᠠᠨ ᠲᠥᠯᠥᠪᠯᠡᠬᠦ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠢ᠃
      ᠪᠦᠭᠦᠳᠡ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠬᠥᠭᠵᠢᠯᠲᠡ ᠪᠠ ᠠᠮᠤᠷ ᠲᠦᠪᠰᠢᠨ᠎ᠢ ᠰᠠᠶ᠋ᠢᠲᠤᠷ ᠨᠢᠭᠡᠳᠦᠯᠲᠡᠢ ᠲᠥᠯᠥᠪᠯᠡᠵᠦ᠂ ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠥᠩᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠡᠷᠭᠡ ᠴᠢᠬᠤᠯᠠ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠪᠠᠶ᠋ᠢᠭ᠋ᠠᠯᠢ ᠵᠢᠨ ᠭᠠᠮᠰᠢᠭ ᠢᠯᠠᠩᠭᠤᠶ᠎ᠠ ᠦᠶᠡᠷ ᠤᠰᠤᠲᠤᠯ᠎ᠤᠨ ᠭᠠᠮᠰᠢᠭ᠎ᠢ ᠬᠢᠨᠠᠨ ᠬᠡᠮᠵᠢᠬᠦ᠂ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠣᠷ᠎ᠢ ᠨᠢᠭᠲᠠ ᠰᠦᠯᠵᠢᠵᠦ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠤᠭᠤᠳᠬᠤ ᠵᠢ ᠴᠢᠩᠭ᠋ᠠᠳᠬᠠᠨ᠂ ᠦᠵᠡᠯ ᠤᠬᠠᠮᠰᠠᠷ᠎ᠤᠨ ᠭᠡᠯᠪᠡᠷᠢ ᠵᠢᠨ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠭᠠᠳᠠᠭ᠋ᠠᠳᠤ ᠲᠦᠭᠰᠢᠭᠦᠷᠢ ᠰᠢᠯᠭ᠋ᠠᠯᠲᠠ ᠵᠢ ᠪᠦᠲᠦᠮᠵᠢᠲᠡᠢ ᠠᠷᠭ᠋ᠠᠴᠠᠨ᠂ ᠪᠦᠭᠦ ᠪᠥᠮᠪᠥᠷᠴᠡᠭ᠎ᠤᠨ ᠵᠠᠰᠠᠯᠲᠠ ᠵᠢ ᠬᠥᠲᠥᠯᠥᠨ ᠳᠠᠭ᠋ᠠᠭᠤᠯᠵᠤ᠂ ᠠᠰᠢᠭᠲᠠᠢ ᠭᠠᠳᠠᠭ᠋ᠠᠳᠤ ᠣᠷᠴᠢᠨ ᠨᠥᠬᠦᠴᠡᠯ᠎ᠢ ᠰᠠᠨᠠᠭ᠋ᠠᠴᠢᠯᠠᠭ᠎ᠠ᠎ᠠᠴᠠ᠎ᠪᠠᠨ ᠪᠤᠢ ᠪᠤᠯᠭ᠋ᠠᠬᠤ ᠬᠡᠷᠡᠭᠲᠡᠢ᠃
      ᠪᠦᠭᠦᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠶ᠋ᠠᠷ ᠵᠡᠪᠰᠡᠭᠯᠡᠬᠦ ᠵᠢ ᠰᠠᠶ᠋ᠢᠲᠤᠷ ᠠᠳᠬᠤᠵᠤ᠂ ᠪᠦᠭᠦ ᠨᠠᠮ᠎ᠤᠨ ᠮᠠᠷᠺᠰ᠎ᠤᠨ ᠦᠵᠡᠯ᠎ᠤᠨ ᠬᠢᠷᠢ ᠬᠡᠮᠵᠢᠶ᠎ᠡ ᠪᠠ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠰᠤᠷᠲᠠᠯ ᠵᠶ᠋ᠠᠨ ᠦᠨᠡᠨ ᠬᠦ᠌ ᠰᠠᠶ᠋ᠢᠵᠢᠷᠠᠭᠤᠯᠤᠨ᠂ ᠭᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠤᠨ ᠠᠷᠬᠠᠭ ᠭᠡᠮ᠎ᠢ ᠲᠡᠪᠴᠢᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭ᠋ᠠᠯᠠᠵᠤ᠂ ᠨᠠᠮ᠎ᠤᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠲᠡᠶ᠋ᠢᠴᠢᠠ ᠬᠦᠴᠦᠨ᠎ᠢ ᠲᠡᠰᠦᠷᠡᠯᠳᠠ ᠦᠭᠡᠢ ᠴᠢᠩᠭ᠋ᠠᠳᠬᠠᠬᠤ ᠬᠡᠷᠡᠭᠲᠡᠢ᠃
       ᠪᠦᠭᠦᠳᠡ ᠬᠤᠷᠠᠯ᠎ᠠᠴᠠ ᠨᠠᠮ᠎ᠤᠨ ᠳᠦᠷᠢᠮ᠎ᠤᠨ ᠲᠣᠭᠲᠠᠭ᠋ᠠᠯ ᠶᠣᠰᠣᠭ᠋ᠠᠷ᠂ ᠲᠥᠪ ᠬᠤᠷᠢᠶᠠᠨ᠎ᠤ ᠣᠷᠣᠯᠠᠭᠴᠢ ᠭᠡᠰᠢᠭᠦᠨ ᠳ᠋ᠢᠩ ᠰᠢᠶᠠᠩ ᠴᠢᠶᠦ᠋ᠨ᠂ ᠢᠦᠢ ᠯᠢ ᠵᠢᠶᠦ᠋ᠨ᠂ ᠢᠦᠢ ᠵᠢᠢ ᠬᠤᠩ᠎ᠢ ᠲᠥᠪ ᠬᠤᠷᠢᠶᠠᠨ᠎ᠤ ᠭᠡᠰᠢᠭᠦᠨ ᠵᠶ᠋ᠠᠷ ᠳᠠᠷᠠᠭ᠋ᠠᠯᠠᠨ ᠨᠥᠬᠦᠬᠦ᠎ᠪᠠᠷ ᠲᠣᠭᠲᠠᠭ᠋ᠠᠪᠠ᠃
       ᠪᠦᠭᠦᠳᠡ ᠬᠤᠷᠠᠯ᠎ᠠᠴᠠ᠂ ᠴᠢᠨ ᠭᠠᠩ ᠨᠥᠬᠦᠷ᠎ᠤᠨ ᠲᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠵᠥᠪᠰᠢᠶᠡᠷᠡᠵᠦ᠂ ᠴᠢᠨ ᠭᠠᠩ ᠨᠥᠬᠦᠷ᠎ᠤᠨ ᠲᠥᠪ ᠬᠤᠷᠢᠶᠠᠨ᠎ᠤ ᠭᠡᠰᠢᠭᠦᠨ᠎ᠤ ᠲᠤᠰᠢᠶᠠᠯ᠎ᠢ ᠬᠠᠰᠤᠬᠤ᠎ᠪᠠᠷ ᠲᠣᠭᠲᠠᠭ᠋ᠠᠪᠠ᠃
      ᠪᠦᠭᠦᠳᠡ ᠬᠤᠷᠠᠯ᠎ᠠᠴᠠ ᠯᠢ ᠱᠠᠩ ᠹᠦ᠋᠂ ᠯᠢ ᠢᠦᠢ ᠴᠣᠣ᠂ ᠰᠦᠨ ᠵᠢᠨ ᠮᠢᠩ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠢᠨᠠᠨ ᠶᠠᠷᠢᠯᠴᠠᠵᠤ ᠪᠠᠲᠤᠯᠠᠭ᠋ᠠᠳ᠂ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠠᠴᠠ ᠲᠦᠷᠦᠭᠦᠬᠡᠨ ᠭᠠᠷᠭ᠋ᠠᠭᠰᠠᠨ ᠯᠢ ᠱᠠᠩ ᠹᠦ᠋᠂ ᠯᠢ ᠢᠦᠢ ᠴᠣᠣ᠂ ᠰᠦᠨ ᠵᠢᠨ ᠮᠢᠩ᠎ᠳᠤ ᠥᠭᠭᠦᠭᠰᠡᠨ ᠨᠠᠮ᠎ᠠᠴᠠ ᠬᠥᠭᠡᠭᠡᠬᠦ ᠰᠢᠢ᠍ᠳᠬᠡᠯ᠎ᠢ ᠨᠤᠲᠠᠯᠠᠪᠠ᠃
       ᠪᠦᠭᠦᠳᠡ ᠬᠤᠷᠠᠯ᠎ᠠᠴᠠ ᠤᠷᠢᠶᠠᠯᠠᠭᠰᠠᠨ᠎ᠨᠢ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠵᠢᠨ ᠲᠤᠭ᠎ᠢ ᠥᠨᠳᠥᠷ ᠮᠠᠨᠳᠤᠭᠤᠯᠤᠨ᠂ ᠰᠡᠳᠬᠢᠯ ᠵᠶ᠋ᠠᠨ ᠨᠢᠭᠲᠠᠷᠠᠭᠤᠯᠤᠨ ᠬᠦᠴᠦᠨ ᠵᠶ᠋ᠠᠨ ᠲᠥᠪᠯᠡᠷᠡᠭᠦᠯᠵᠦ᠂ ᠡᠷᠴᠢ ᠵᠣᠷᠢᠭ ᠵᠶ᠋ᠠᠨ ᠬᠥᠪᠴᠢᠯᠡᠨ ᠤᠷᠤᠭᠰᠢᠯᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠠᠶ᠋ᠢᠭᠤᠯᠤᠨ ᠪᠦᠲᠦᠭᠡᠵᠦ ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠢᠷᠮᠠᠶ᠋ᠢᠨ ᠲᠡᠮᠡᠴᠡᠵᠡᠭᠡᠶ᠎ᠡ!
    



ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ