ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠡᠷᠬᠡᠪᠰᠢ ᠪᠡᠶ᠎ᠡ᠎ᠳᠡᠭᠡᠨ ᠢᠲᠡᠭᠡᠯ᠎ᠲᠠᠢ ᠪᠡᠶ᠎ᠡ᠎ᠪᠠᠨ ᠳᠠᠭ᠋ᠠᠭ᠋ᠠᠬᠤ ᠵᠢ ᠪᠠᠷᠢᠮᠳᠠᠯᠠᠬᠤ ᠬᠡᠷᠡᠭᠲᠡᠶ
ᠨᠡᠶ᠋ᠢᠲᠡᠯᠡᠭᠰᠡᠨ ᠴᠠᠭ᠄ 2024-07-16

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 15᠎ᠤ ᠴᠠᠬᠢᠯᠭ᠋ᠠᠨ ᠮᠡᠳᠡᠭᠡ 7 ᠰᠠᠷ᠎ᠠ ᠵᠢᠨ 16᠎ᠤ ᠡᠳᠦᠷ ᠬᠡᠪᠯᠡᠭᠳᠡᠬᠦ 14 ᠳ᠋ᠤᠬᠡᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠡᠷᠬᠡᠪᠰᠢ ᠪᠡᠶ᠎ᠡ᠎ᠳᠡᠭᠡᠨ ᠢᠲᠡᠭᠡᠯ᠎ᠲᠠᠢ ᠪᠡᠶ᠎ᠡ᠎ᠪᠠᠨ ᠳᠠᠭ᠋ᠠᠭ᠋ᠠᠬᠤ ᠵᠢ ᠪᠠᠷᠢᠮᠳᠠᠯᠠᠬᠤ ᠬᠡᠷᠡᠭᠲᠡᠶ》 ᠬᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2013 ᠣᠨ᠎ᠤ 1 ᠰᠠᠷ᠎ᠠ᠎ᠠᠴᠠ 2024 ᠣᠨ᠎ᠤ 3 ᠰᠠᠷ᠎ᠠ ᠪᠣᠯᠲᠠᠯᠠᠬᠢ ᠬᠤᠭᠤᠴᠠᠭ᠋ᠠᠨ᠎ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠵᠢᠨ ᠬᠡᠰᠡᠭᠯᠡᠯ ᠪᠣᠯᠤᠨ᠎ᠠ᠃
      ᠵᠣᠬᠢᠶᠠᠯ᠎ᠳᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ ᠵᠢᠨ ᠦᠨᠳᠦᠰᠦᠲᠡᠨ ᠤᠷᠴᠢᠠ ᠦᠶ᠎ᠡ᠎ᠠᠴᠠ ᠨᠠᠭ᠋ᠠᠰᠢᠬᠢ ᠬᠦᠨᠳᠦ ᠬᠡᠴᠡᠭᠦᠦ ᠭᠠᠰᠠᠯᠠᠩ ᠵᠣᠪᠠᠯᠠᠩ᠎ᠠᠴᠠ ᠠᠭᠤᠤ ᠶᠡᠭᠡ ᠰᠡᠷᠭᠦᠨ ᠮᠠᠨᠳᠤᠯᠲᠠ ᠵᠢᠨ ᠭᠡᠭᠡᠨ ᠰᠠᠷᠠᠭᠤᠯ ᠢᠷᠡᠭᠡᠳᠦᠢ ᠲᠡᠶ᠋ᠢᠰᠢ ᠤᠷᠤᠭᠰᠢᠯᠠᠭᠰᠠᠨ᠎ᠨᠢ ᠶᠡᠷᠦ᠎ᠠᠴᠠ ᠬᠢᠴᠢᠶᠡᠯ᠎ᠤᠨ ᠪᠢᠴᠢᠭ ᠬᠡᠵᠦ ᠦᠭᠡᠢ᠂ ᠨᠡᠩ ᠴᠤ᠌ ᠪᠡᠯᠡᠨ ᠬᠠᠷᠢᠭᠤᠯᠲᠠ ᠬᠡᠵᠦ ᠦᠭᠡᠢ ᠶᠤᠮ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠮᠵᠢᠯᠲᠠ ᠤᠯᠤᠬᠰᠠᠨ ᠵᠠᠮ᠎ᠢ ᠪᠣᠯ ᠨᠠᠮ᠎ᠠᠴᠠ ᠠᠷᠠᠳ ᠲᠦᠮᠡᠨ᠎ᠢ ᠤᠳᠤᠷᠢᠳᠤᠨ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠰᠦᠪᠡᠭᠴᠢᠯᠡᠵᠦ ᠪᠠᠶ᠋ᠢᠭ᠋ᠠᠳ ᠨᠡᠭᠡᠭᠡᠭᠰᠡᠨ ᠶᠤᠮ᠂ ᠮᠠᠷᠺᠰ᠎ᠤᠨ ᠦᠵᠡᠯ᠎ᠤᠨ ᠳᠤᠮᠳᠠᠳᠤ ᠤᠯᠤᠰ᠎ᠤᠨ ᠬᠠᠭᠤᠳᠠᠰᠤ ᠵᠢ ᠪᠣᠯ ᠳᠤᠮᠳᠠᠳᠤ ᠤᠯᠤᠰ᠎ᠤᠨ ᠡᠪ ᠬᠠᠮᠲᠤᠴᠤᠳ ᠥᠪᠡᠷ᠎ᠤᠨ ᠬᠦᠴᠦᠨ᠎ᠳᠡᠭᠡᠨ ᠲᠦᠰᠢᠭᠯᠡᠨ ᠦᠢ᠍ᠯᠡᠳᠦᠯᠭᠡᠵᠢᠭᠦᠯᠵᠦ ᠪᠠᠶ᠋ᠢᠭ᠋ᠠᠳ ᠪᠢᠴᠢᠭᠯᠡᠭᠰᠡᠨ ᠶᠤᠮ᠂ ᠡᠭᠦᠨ᠎ᠳᠤ ᠲᠤᠭᠤᠰᠢᠯᠠᠭᠳᠠᠵᠤ ᠪᠠᠶ᠋ᠢᠭ᠎ᠠ ᠨᠢᠭᠡᠨ ᠦᠨᠳᠦᠰᠦᠨ ᠵᠦᠢ᠍ᠯ ᠪᠣᠯ ᠳᠠᠷᠤᠢ ᠳᠤᠮᠳᠠᠳᠤ ᠤᠯᠤᠰ᠎ᠤᠨ ᠠᠰᠠᠭᠤᠳᠠᠯ᠎ᠨᠢ ᠡᠷᠬᠡᠪᠰᠢ ᠳᠤᠮᠳᠠᠳᠤ ᠤᠯᠤᠰ᠎ᠤᠨ ᠦᠨᠳᠦᠰᠦᠨ ᠪᠠᠶ᠋ᠢᠳᠠᠯ᠎ᠠᠴᠠ ᠡᠭᠦᠰᠴᠦ᠂ ᠳᠤᠮᠳᠠᠳᠤᠴᠤᠳ ᠥᠪᠡᠷ ᠵᠶ᠋ᠠᠨ ᠬᠠᠷᠢᠭᠤᠯᠳᠠ ᠥᠭᠬᠦ ᠬᠡᠷᠡᠭᠲᠡᠢ᠃ ᠪᠢᠳᠡ ᠮᠠᠷᠺᠰ᠎ᠤᠨ ᠦᠵᠡᠯ᠎ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠎ᠢ ᠪᠠᠷᠢᠮᠲᠠᠯᠠᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠨᠡᠩ ᠢᠳᠡᠪᠬᠢᠲᠡᠢ ᠲᠡᠦᠬᠡ ᠵᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ᠎ᠪᠠᠷ ᠮᠠᠷᠺᠰ᠎ᠤᠨ ᠦᠵᠡᠯ᠎ᠢ ᠬᠥᠭᠵᠢᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠂ ᠵᠠᠪᠢ ᠵᠢᠨ ᠳᠡᠬᠡᠷ᠎ᠡ ᠳᠡᠮᠳᠡᠭ ᠲᠠᠯᠪᠢᠵᠤ ᠵᠢᠪᠦᠭᠰᠡᠨ ᠰᠡᠯᠡᠮ᠎ᠡ᠎ᠪᠠᠨ ᠡᠷᠢᠵᠥ᠂ ᠲᠦᠭᠵᠢᠮᠡᠯ ᠬᠥᠰᠢᠭᠦᠨ ᠪᠠᠶ᠋ᠢᠵᠤ ᠪᠣᠯᠬᠤ ᠦᠭᠡᠢ ᠮᠥᠷᠲᠡᠭᠡᠨ ᠪᠠᠰᠠ ᠲᠡᠷᠡ ᠬᠡᠪ ᠵᠶ᠋ᠠᠷ᠎ᠨᠢ ᠨᠡᠭᠦᠯᠭᠡᠨ ᠬᠡᠷᠡᠭᠯᠡᠵᠦ᠂ ᠭᠠᠳᠠᠭ᠋ᠠᠳᠤ᠎ᠠᠴᠠ ᠰᠤᠷᠤᠭᠰᠠᠨ ᠵᠦᠢ᠍ᠯ ᠵᠶ᠋ᠠᠨ ᠠᠮᠢᠳᠤᠯᠢᠭ ᠵᠶ᠋ᠠᠷ ᠬᠡᠷᠡᠭᠯᠡᠵᠤ ᠴᠢᠳᠠᠬᠤ ᠦᠬᠡᠢ ᠪᠠᠶ᠋ᠢᠵᠤ ᠪᠣᠯᠬᠤ ᠦᠭᠡᠢ ᠬᠡᠵᠥ ᠴᠢᠬᠤᠯᠠᠴᠢᠯᠠᠪᠠ᠃
      ᠵᠣᠬᠢᠶᠠᠯ᠎ᠳᠤ᠂ ᠪᠡᠶ᠎ᠠ᠎ᠳᠡᠭᠡᠨ ᠢᠲᠡᠭᠡᠯ᠎ᠲᠠᠢ ᠪᠠᠶ᠋ᠢᠮᠠᠨᠵᠢᠨ ᠰᠠᠶᠢ ᠥᠪᠡᠷ ᠵᠶ᠋ᠠᠨ ᠬᠦᠴᠦᠷᠬᠡᠭᠵᠢᠵᠦ ᠴᠢᠳᠠᠨ᠎ᠠ᠃ ᠳᠤᠮᠳᠠᠳᠤ ᠵᠢᠨ ᠪᠣᠯᠪᠠᠰᠤᠨ ᠬᠡᠳᠦᠨ ᠮᠢᠩᠭ᠋ᠠᠨ ᠵᠢᠯ᠎ᠢ ᠥᠩᠭᠡᠷᠡᠭᠡᠭᠡᠳ ᠲᠠᠰᠤᠷᠠᠰᠢ ᠦᠭᠡᠢ ᠦᠷᠭᠦᠯᠵᠢᠯᠡᠵᠦ᠂ ᠤᠳᠠᠭ᠎ᠠ ᠳᠠᠷᠠᠭ᠋ᠠᠯᠠᠨ ᠠᠶᠤᠯ ᠵᠣᠪᠠᠯᠠᠩ᠎ᠳᠤ ᠤᠴᠠᠷᠠᠭᠰᠠᠨ ᠴᠤ᠌ ᠦᠨᠢ ᠤᠳᠠᠭ᠋ᠠᠨ ᠪᠦᠬᠦᠰᠢ ᠦᠭᠡᠢ ᠦᠷᠬᠦᠯᠵᠢᠯᠡᠭᠰᠡᠨ ᠶᠤᠮ᠂ ᠡᠨᠡ ᠪᠣᠯ ᠬᠥᠮᠦᠨ ᠲᠥᠷᠥᠯᠬᠢᠲᠡᠨ᠎ᠤ ᠪᠣᠯᠪᠠᠰᠤᠨ᠎ᠤ ᠭᠠᠶ᠋ᠢᠬᠠᠮᠰᠢᠭ ᠪᠤᠯᠬᠤ ᠪᠦᠭᠡᠳ ᠪᠠᠰᠠ ᠴᠤ᠌ ᠪᠢᠳᠡᠨ᠎ᠤ ᠪᠡᠶ᠎ᠠ᠎ᠳᠡᠭᠡᠨ ᠢᠳᠡᠭᠡᠯ᠎ᠲᠠᠢ ᠪᠠᠶ᠋ᠢᠬᠤ ᠵᠢᠨ ᠬᠦᠴᠦᠨ ᠵᠤᠷᠢᠭ ᠮᠥᠨ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠪᠣᠯ ᠪᠢᠳᠡᠨ᠎ᠤ 《ᠲᠦᠷᠪᠡᠨ ᠢᠲᠡᠭᠡᠯ》 ᠵᠶ᠋ᠠᠨ ᠪᠠᠳᠤᠳᠬᠠᠬᠤ ᠬᠠᠮᠤᠭ᠎ᠤᠨ ᠪᠠᠲᠤ ᠪᠠᠬᠢ ᠰᠠᠭᠤᠷᠢ ᠪᠣᠯᠤᠨ᠎ᠠ᠃ ᠣᠳᠣᠬᠠᠨ᠎ᠤ ᠳᠡᠯᠡᠬᠡᠶ ᠶᠢᠷᠲᠢᠨᠴᠦ᠎ᠳᠤ᠂ ᠠᠯᠢ ᠨᠢᠭᠡ ᠲᠦᠷᠦ ᠵᠢᠨ ᠨᠠᠮ᠂ ᠠᠯᠢ ᠨᠢᠭᠡ ᠤᠯᠤᠰ᠂ ᠠᠯᠢ ᠨᠢᠭᠡ ᠦᠨᠳᠦᠰᠦᠲᠡᠨ ᠪᠡᠶ᠎ᠡ᠎ᠳᠡᠭᠡᠨ ᠢᠲᠡᠭᠡᠯ᠎ᠲᠠᠢ ᠪᠠᠶ᠋ᠢᠵᠤ ᠴᠢᠳᠠᠬᠤ ᠪᠤᠢ ᠭᠡᠪᠡᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ ᠵᠢᠨ ᠦᠨᠳᠦᠰᠦᠲᠡᠨ ᠪᠣᠯ ᠪᠡᠶ᠎ᠡ᠎ᠳᠡᠭᠡᠨ ᠢᠲᠡᠭᠡᠯ᠎ᠲᠠᠢ ᠪᠠᠶ᠋ᠢᠬᠤ ᠬᠠᠮᠤᠭ᠎ᠤᠨ ᠪᠠᠳᠤ ᠦᠨᠳᠦᠰᠦ ᠪᠠᠷᠢᠮᠳᠠ᠎ᠲᠠᠢ ᠶᠤᠮ᠃ ᠪᠢᠳᠡ ᠥᠪᠡᠷ᠎ᠤᠨ ᠵᠠᠮ ᠵᠶ᠋ᠠᠷ ᠵᠶ᠋ᠠᠨ ᠵᠠᠮᠨᠠᠬᠤ᠎ᠳᠤ ᠬᠢᠵᠠᠭ᠋ᠠᠯᠠᠰᠢ ᠦᠭᠡᠢ ᠥᠷᠭᠡᠨ ᠠᠭᠤᠳᠠᠮ ᠲᠠᠪᠴᠠᠩ᠎ᠲᠠᠢ᠂ ᠬᠢᠵᠠᠭ᠋ᠠᠯᠠᠰᠢ ᠦᠭᠡᠢ ᠭᠦᠨ ᠵᠤᠵᠠᠭ᠋ᠠᠨ ᠲᠡᠦᠬᠡ ᠵᠢᠨ ᠠᠭᠤᠯᠤᠭᠳᠠᠬᠤᠨ᠎ᠲᠠᠢ᠂ ᠬᠢᠵᠠᠭ᠋ᠠᠯᠠᠰᠢ ᠦᠭᠡᠢ ᠬᠦᠴᠦᠷᠬᠡᠭ ᠶᠡᠭᠡ ᠤᠷᠤᠭᠰᠢᠯᠠᠯᠲᠠ ᠵᠢᠨ ᠲᠣᠭᠲᠠᠯ ᠬᠦᠴᠦᠨ᠎ᠲᠠᠢ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ᠂ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠤᠯᠤᠰ ᠣᠷᠣᠨ ᠪᠠ ᠦᠨᠳᠦᠰᠦᠲᠡᠨ᠎ᠤ ᠬᠥᠭᠵᠢᠯᠲᠡ ᠵᠢ ᠥᠪᠡᠷ᠎ᠤᠨ ᠬᠦᠴᠦᠨ᠎ᠤ᠎ᠪᠠᠨ ᠰᠠᠭᠤᠷᠢ ᠳᠡᠭᠡᠷ᠎ᠡ ᠲᠠᠯᠪᠢᠬᠤ ᠵᠢ ᠪᠠᠷᠢᠮᠲᠠᠯᠠᠵᠤ᠂ ᠮᠠᠨ᠎ᠤ ᠤᠯᠤᠰ᠎ᠤᠨ ᠬᠥᠭᠵᠢᠯᠲᠡ ᠲᠠᠪᠰᠢᠯᠳᠠ ᠵᠢᠨ ᠬᠤᠪᠢ ᠵᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠡᠵᠡᠮᠳᠡᠬᠦ ᠵᠢ ᠪᠠᠷᠢᠮᠲᠠᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
      ᠵᠣᠬᠢᠶᠠᠯ᠎ᠳᠤ᠂ ᠡᠷᠡᠰ ᠪᠠᠲᠤ ᠪᠠᠶ᠋ᠢᠭᠤᠯᠤᠯ᠎ᠤᠨ ᠢᠲᠡᠭᠡᠯ ᠦᠭᠡᠢ ᠪᠣᠯ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠥᠰᠥ ᠵᠣᠷᠢᠭ ᠪᠠᠶ᠋ᠢᠵᠤ ᠴᠢᠳᠠᠬᠤ ᠦᠭᠡᠢ ᠶᠤᠮ᠂ ᠡᠭᠦᠨ᠎ᠲᠠᠢ ᠠᠳᠠᠯᠢ᠎ᠪᠠᠷ᠂ ᠲᠠᠰᠤᠷᠠᠯᠲᠠ ᠦᠭᠡᠢ ᠥᠭᠡᠷᠡᠴᠢᠯᠡᠯᠲᠡ ᠬᠢᠬᠦ᠎ᠠᠴᠠ ᠰᠠᠯᠤᠩᠭᠢᠷᠠᠪᠡᠯ᠂ ᠪᠠᠶ᠋ᠢᠭᠤᠯᠤᠯ᠎ᠤᠨ ᠢᠲᠡᠭᠡᠯ ᠴᠦ᠍ ᠲᠦᠢ᠍ᠯᠪᠤᠷᠢᠲᠠᠢ ᠪᠠᠶ᠋ᠢᠵᠤ ᠴᠢᠳᠠᠬᠤ ᠦᠭᠡᠢ᠂ ᠥᠨᠢ ᠤᠳᠠᠭ᠋ᠠᠨ ᠪᠠᠶ᠋ᠢᠵᠤ ᠴᠢᠳᠠᠬᠤ ᠦᠭᠡᠢ ᠪᠤᠯᠤᠨ᠎ᠠ᠃ ᠪᠢᠳᠡ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠨᠡᠩ ᠰᠠᠶ᠋ᠢᠨ ᠪᠣᠯᠭ᠋ᠠᠬᠤ ᠵᠢᠨ ᠲᠥᠯᠥᠭᠡ ᠶᠤᠮ; ᠪᠢᠳᠡ ᠪᠠᠶ᠋ᠢᠭᠤᠯᠤᠯ᠎ᠤᠨ ᠢᠲᠡᠭᠡᠯ ᠵᠶ᠋ᠠᠨ ᠪᠠᠲᠤᠳᠬᠠᠬᠤ ᠭᠡᠵᠦ ᠪᠠᠶ᠋ᠢᠭ᠎ᠠ᠎ᠨᠢ ᠬᠠᠭᠤᠴᠢᠨ ᠵᠶ᠋ᠠᠨ ᠪᠠᠷᠢᠮᠲᠠᠯᠠᠵᠤ ᠬᠡᠪᠰᠢᠮᠠᠯ ᠪᠤᠯᠵᠤ ᠵᠣᠭᠰᠣᠩᠭᠤᠶ᠋ᠢᠷᠠᠬᠤ ᠭᠡᠰᠡᠨ ᠶᠠᠪᠤᠳᠠᠯ ᠪᠢᠰᠢ᠂ ᠬᠠᠷᠢᠨ ᠪᠠᠶ᠋ᠢᠭᠤᠯᠤᠮᠵᠢ ᠲᠣᠭᠲᠠᠴᠠ ᠵᠢᠨ ᠭᠡᠮ ᠰᠣᠭᠤᠭ᠎ᠢ ᠲᠠᠰᠤᠷᠠᠯᠳᠠ ᠦᠭᠡᠢ ᠠᠷᠢᠯᠭ᠋ᠠᠵᠤ᠂ ᠮᠠᠨ᠎ᠤ ᠪᠠᠶ᠋ᠢᠭᠤᠯᠤᠯ ᠵᠶ᠋ᠠᠨ ᠪᠣᠯᠪᠠᠰᠤᠷᠠᠩᠭᠤᠢ ᠪᠥᠭᠡᠳ ᠤᠳᠠᠭ᠋ᠠᠨ ᠳᠠᠭ᠋ᠠᠭ᠋ᠠᠮᠠᠭ᠋ᠠᠢ ᠪᠣᠯᠭ᠋ᠠᠬᠤ ᠵᠢᠨ ᠲᠥᠯᠥᠭᠡ ᠶᠤᠮ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠠᠰᠤᠷᠠᠯᠲᠠ ᠦᠭᠡᠢ ᠬᠥᠭᠵᠢᠬᠦ ᠵᠢ ᠳᠠᠭ᠋ᠠᠯᠳᠤᠨ᠂ ᠮᠠᠨ᠎ᠤ ᠪᠠᠶ᠋ᠢᠭᠤᠯᠤᠯ ᠯᠠᠪᠲᠠᠢ ᠤᠯᠠᠮ᠎ᠠᠴᠠ ᠤᠯᠠᠮ ᠪᠣᠯᠪᠠᠰᠤᠷᠠᠩᠭᠤᠢ ᠪᠤᠯᠵᠤ᠂ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠠᠪᠠᠭᠤᠯᠢᠭ ᠴᠢᠨᠠᠷ ᠯᠠᠪᠲᠠᠢ ᠤᠯᠠᠮ ᠨᠢᠭᠡ ᠠᠯᠬᠤᠮ ᠢᠯᠡᠷᠡᠵᠦ᠂ ᠮᠠᠨ᠎ᠤ ᠵᠠᠮ ᠯᠠᠪᠲᠠᠢ ᠤᠯᠠᠮ᠎ᠠᠴᠠ ᠤᠯᠠᠮ ᠥᠷᠭᠡᠨ ᠳᠠᠷᠳᠠᠩ ᠪᠤᠯᠵᠤ᠂ ᠮᠠᠨ᠎ᠤ ᠤᠯᠤᠰ᠎ᠤᠨ ᠬᠥᠭᠵᠢᠯᠲᠡ ᠵᠢᠨ ᠵᠠᠮ᠎ᠤᠨ ᠳᠡᠯᠡᠬᠡᠢ ᠳ᠋ᠠᠬᠢᠨ᠎ᠳᠤ ᠦᠵᠡᠭᠦᠯᠬᠦ ᠨᠥᠯᠥᠭᠡ ᠯᠠᠪᠲᠠᠢ ᠤᠯᠠᠮ᠎ᠠᠴᠠ ᠤᠯᠠᠮ ᠶᠡᠭᠡ ᠪᠣᠯᠬᠤ ᠶᠤᠮ᠃ ᠳᠤᠮᠳᠠᠳᠤ ᠤᠯᠤᠰ᠎ᠤᠨ ᠬᠥᠭᠵᠢᠯᠲᠡ ᠵᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡᠬᠦ ᠬᠦᠴᠦᠨ ᠵᠤᠷᠢᠭ ᠪᠠ ᠢᠲᠡᠭᠡᠯ ᠪᠠᠶ᠋ᠢᠨ᠎ᠠ ᠭᠡᠵᠤ ᠵᠢᠭ᠋ᠠᠵᠤ ᠭᠠᠷᠭ᠋ᠠᠪᠠ᠃



ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ