ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠶᠢᠰᠦᠳᠦᠭᠡᠷ ᠤᠳᠠᠭ᠎ᠠ ᠵᠢᠨ ᠪᠦᠭᠦ ᠤᠯᠤᠰ᠎ᠤᠨ ᠭᠡᠰᠢᠭᠦᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠳᠤ ᠵᠠᠬᠢᠳᠠᠯ ᠢᠯᠡᠭᠡᠵᠦ ᠴᠢᠬᠤᠯᠠᠴᠢᠯᠠᠭᠰᠠᠨ᠎ᠨᠢ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ ᠵᠶ᠋ᠠᠨ ᠨᠡᠩ ᠰᠠᠶ᠋ᠢᠲᠤᠷ ᠪᠠᠳᠠᠷᠠᠭᠤᠯᠵᠤ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-01-13

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 10᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠶᠢᠰᠦᠳᠦᠭᠡᠷ ᠤᠳᠠᠭ᠎ᠠ ᠵᠢᠨ ᠪᠦᠭᠦ ᠤᠯᠤᠰ᠎ᠤᠨ ᠭᠡᠰᠢᠭᠦᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠬᠤᠷᠠᠯᠳᠤᠬᠤ ᠲᠠᠰᠢᠷᠠᠮ ᠵᠶ᠋ᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠭᠡ ᠬᠤᠷᠠᠯ᠎ᠳᠤ ᠵᠠᠬᠢᠳᠠᠯ ᠢᠯᠡᠭᠡᠵᠦ᠂ ᠪᠦᠭᠦ ᠤᠯᠤᠰ᠎ᠤᠨ ᠥᠷᠭᠡᠨ ᠤᠯᠠᠨ ᠬᠠᠤᠯᠢ ᠵᠢᠨ ᠤᠬᠠᠭ᠋ᠠᠨ ᠬᠠᠤᠯᠢ ᠴᠠᠭ᠋ᠠᠵᠠ ᠵᠢᠨ ᠠᠵᠢᠯᠲᠠᠨ᠎ᠳᠤ ᠮᠡᠨᠳᠦᠴᠢᠯᠡᠯ ᠳᠡᠪᠰᠢᠭᠦᠯᠦᠭᠰᠡᠨ ᠪᠥᠭᠡᠳ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠠᠵᠢᠯ᠎ᠢ ᠰᠠᠶ᠋ᠢᠲᠤᠷ ᠬᠢᠬᠦ᠎ᠳᠤ ᠬᠦᠰᠡᠯ ᠳᠤᠷᠠᠳᠤᠭᠰᠠᠨ ᠪᠠᠶ᠋ᠢᠨ᠎ᠠ᠃
       ᠰᠢ ᠵᠢᠨ ᠫᠢᠩ ᠵᠠᠬᠢᠳᠠᠯ᠎ᠳᠠᠭᠠᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠡᠯ᠎ᠡ ᠱᠠᠲᠤᠨ᠎ᠤ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ ᠥᠷᠭᠡᠨ ᠤᠯᠠᠨ ᠬᠠᠤᠯᠢ ᠵᠢᠨ ᠤᠬᠠᠭ᠋ᠠᠨ ᠬᠠᠤᠯᠢ ᠴᠠᠭ᠋ᠠᠵᠠ ᠵᠢᠨ ᠠᠵᠢᠯᠲᠠᠨ᠎ᠢ ᠪᠦᠯᠬᠦᠮᠳᠡᠭᠦᠯᠦᠨ ᠳᠠᠭ᠋ᠠᠭᠤᠯᠵᠤ ᠶᠡᠭᠡ ᠬᠡᠮᠵᠢᠶᠡᠨ᠎ᠤ ᠠᠵᠢᠯ ᠬᠢᠵᠦ᠂ ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠡᠯ᠎ᠡ ᠱᠠᠲᠤᠨ᠎ᠤ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ᠎ᠬᠢᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠨᠠᠮ ᠪᠣᠯᠣᠨ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ ᠵᠶ᠋ᠠᠨ ᠨᠡᠩ ᠰᠠᠶ᠋ᠢᠲᠤᠷ ᠪᠠᠳᠠᠷᠠᠭᠤᠯᠵᠤ᠂ ᠬᠠᠤᠯᠢ ᠵᠢᠨ ᠤᠬᠠᠭ᠋ᠠᠨ᠎ᠤ ᠰᠤᠳᠤᠯᠭ᠋ᠠᠨ᠎ᠢ ᠬᠥᠭᠵᠢᠭᠦᠯᠬᠦ᠂ ᠬᠠᠤᠯᠢ᠎ᠪᠠᠷ ᠵᠠᠰᠠᠬᠤ ᠦᠢ᠍ᠯᠡᠳᠦᠯᠭᠡ᠎ᠳᠤ ᠦᠢ᠍ᠯᠡᠴᠢᠯᠡᠬᠦ᠂ ᠬᠠᠤᠯᠢ᠎ᠪᠠᠷ ᠵᠠᠰᠠᠬᠤ ᠤᠬᠠᠭᠤᠯᠭ᠎ᠠ ᠵᠢ ᠴᠢᠩᠭ᠋ᠠᠳᠬᠠᠬᠤ᠂ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠬᠠᠤᠯᠢ ᠵᠢᠨ ᠤᠬᠠᠭ᠋ᠠᠨ᠎ᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠲᠡᠢ᠃ ᠥᠷᠭᠡᠨ ᠤᠯᠠᠨ ᠬᠠᠤᠯᠢ ᠵᠢᠨ ᠤᠬᠠᠭ᠋ᠠᠨ ᠬᠠᠤᠯᠢ ᠴᠠᠭ᠋ᠠᠵᠠ ᠵᠢᠨ ᠠᠵᠢᠯᠲᠠᠨ ᠬᠠᠤᠯᠢ᠎ᠪᠠᠷ ᠵᠠᠰᠠᠬᠤ ᠢᠲᠡᠭᠡᠯ ᠵᠶ᠋ᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠭᠤᠤ ᠶᠡᠭᠡ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠵᠤ᠂ ᠨᠡᠩ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠶ᠋ᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠲᠠᠬᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠬᠠᠤᠯᠢ ᠶᠣᠰᠣᠭ᠋ᠠᠷ ᠳᠦᠷᠢᠮ ᠲᠣᠭᠲᠠᠭ᠋ᠠᠯ ᠶᠣᠰᠣᠭ᠋ᠠᠷ ᠠᠵᠢᠯ ᠵᠶ᠋ᠠᠨ ᠥᠷᠨᠢᠭᠦᠯᠬᠦ᠎ᠳᠤ ᠬᠦᠴᠦᠲᠡᠢ ᠳᠡᠮᠵᠢᠯᠭᠡ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠶᠢᠰᠦᠳᠦᠭᠡᠷ ᠤᠳᠠᠭ᠎ᠠ ᠵᠢᠨ ᠪᠦᠭᠦ ᠤᠯᠤᠰ᠎ᠤᠨ ᠭᠡᠰᠢᠭᠦᠳ᠎ᠤᠨ ᠲᠥᠯᠥᠭᠡᠯᠡᠭᠴᠢᠳ᠎ᠤᠨ ᠶᠡᠭᠡ ᠬᠤᠷᠠᠯ 10᠎ᠤ ᠦᠳᠡ ᠵᠢᠨ ᠡᠮᠦᠨ᠎ᠡ ᠪᠡᠭᠡᠵᠢᠩ᠎ᠳᠤ ᠡᠬᠢᠯᠡᠵᠦ᠂ ᠬᠤᠷᠠᠯ ᠳᠡᠭᠡᠷ᠎ᠡ ᠰᠢ ᠵᠢᠨ ᠫᠢᠩ᠎ᠤᠨ ᠢᠯᠡᠭᠡᠭᠰᠡᠨ ᠵᠠᠬᠢᠳᠠᠯ᠎ᠢ ᠤᠯᠠᠮᠵᠢᠯᠠᠨ ᠳᠠᠮᠵᠢᠭᠤᠯᠪᠠ᠃
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠬᠤᠷᠢᠶ᠎ᠠ ᠵᠢᠨ ᠱᠦᠵᠢ ᠴᠧᠨ ᠸᠧᠨ ᠴᠢᠩ ᠡᠭᠢᠯᠡᠯᠲᠡ ᠵᠢᠨ ᠶᠣᠰᠣᠯᠠᠯ ᠳᠡᠭᠡᠷ᠎ᠡ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠠᠶᠠᠷ᠎ᠤᠨ ᠦᠭᠡ ᠬᠡᠯᠡᠪᠡ᠃ ᠲᠡᠷᠡ᠂ ᠡᠯ᠎ᠡ ᠱᠠᠲᠤᠨ᠎ᠤ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠤᠯᠤᠰ ᠲᠦᠷᠦ ᠵᠢᠨ ᠵᠢᠯᠣᠭᠤᠳᠤᠯᠭ᠎ᠠ᠎ᠪᠠᠨ ᠴᠢᠩᠭ᠋ᠠᠳᠬᠠᠵᠤ᠂ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠠᠬᠢᠯᠭ᠎ᠠ ᠪᠠᠲᠤ ᠣᠪᠣᠷ ᠰᠤᠷᠲᠠᠯ ᠵᠶ᠋ᠠᠨ ᠴᠢᠩᠭ᠋ᠠᠳᠬᠠᠵᠤ᠂ ᠵᠣᠷᠢᠭᠲᠠᠢ᠎ᠪᠠᠷ ᠥᠭᠡᠷᠡᠴᠢᠯᠡᠯᠲᠡ ᠬᠢᠵᠦ ᠤᠷᠤᠭᠰᠢᠯᠠᠨ ᠲᠠᠪᠰᠢᠵᠤ᠂ ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠥᠷᠭᠡᠨ ᠣᠯᠠᠨ ᠬᠠᠤᠯᠢ ᠵᠢᠨ ᠤᠬᠠᠭ᠋ᠠᠨ ᠬᠠᠤᠯᠢ ᠴᠠᠭ᠋ᠠᠵᠠ ᠵᠢᠨ ᠠᠵᠢᠯᠲᠠᠳ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠵᠢᠨ ᠴᠢᠭᠯᠡᠯ᠎ᠢ ᠪᠠᠲᠤ ᠡᠵᠡᠮᠳᠡᠵᠦ᠂ ᠬᠠᠤᠯᠢ᠎ᠪᠠᠷ ᠵᠠᠰᠠᠬᠤ ᠢᠲᠡᠭᠡᠯ ᠵᠶ᠋ᠠᠨ ᠪᠠᠲᠤᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠶᠡᠭᠡ ᠲᠠᠯ᠎ᠠ᠎ᠳᠤ ᠦᠢ᠍ᠯᠡᠴᠢᠯᠡᠵᠦ᠂ ᠠᠷᠠᠳ ᠲᠦᠮᠡᠨ᠎ᠳᠤ ᠦᠢ᠍ᠯᠡᠴᠢᠯᠡᠵᠦ᠂ ᠬᠠᠤᠯᠢ ᠵᠢᠨ ᠤᠬᠠᠭ᠋ᠠᠨ᠎ᠤ ᠰᠤᠳᠤᠯᠭ᠋ᠠᠨ᠎ᠢ ᠭᠦᠨᠵᠡᠭᠡᠶ᠋ᠢᠷᠡᠭᠦᠯᠦᠨ ᠥᠷᠨᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ᠎ᠪᠠᠷ ᠬᠠᠤᠯᠢ ᠪᠠᠷᠢᠬᠤ᠂ ᠪᠦᠭᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠬᠤ ᠵᠢᠨ ᠲᠣᠭᠤᠷᠢᠨ᠎ᠳᠤ ᠯᠠᠪᠳᠠᠭᠤᠨ ᠪᠠᠲᠤᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠ ᠭᠠᠪᠢᠶ᠎ᠠ ᠪᠠᠶ᠋ᠢᠭᠤᠯᠵᠤ ᠦᠢ᠍ᠯᠡᠰ ᠪᠦᠲᠦᠭᠡᠬᠦ ᠵᠢ ᠬᠦᠰᠡᠵᠦ ᠪᠠᠶ᠋ᠢᠨ᠎ᠠ ᠭᠡᠪᠡ᠃
    ᠸᠠᠩ ᠰᠢᠶᠣᠣ ᠬᠤᠩ᠂ ᠵᠠᠩ ᠴᠢᠩ ᠸᠧᠢ᠂ ᠵᠠᠩ ᠵᠢᠶᠦ᠋ᠨ᠂ ᠶᠢᠩ ᠶᠦᠩ᠂ ᠾᠧ ᠪᠦᠦ ᠰᠢᠶᠠᠩ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠠᠢ᠃
    ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠳᠠᠷᠤᠭ᠎ᠠ ᠸᠠᠩ ᠴᠧᠨ ᠬᠤᠷᠠᠯ᠎ᠢ ᠡᠷᠭᠢᠯᠡᠭᠰᠡᠨ ᠪᠥᠭᠡᠳ ᠨᠠᠢ᠍ᠮᠠᠳᠤᠭ᠋ᠠᠷ ᠬᠤᠭᠤᠴᠠᠭ᠋ᠠᠨ᠎ᠤ ᠬᠡᠷᠡᠭ ᠡᠷᠭᠢᠯᠡᠭᠴᠢᠳ᠎ᠤᠨ ᠬᠤᠷᠠᠯ᠎ᠤᠨ ᠡᠮᠦᠨ᠎ᠡ᠎ᠠᠴᠠ ᠠᠵᠢᠯ᠎ᠤᠨ ᠮᠡᠳᠡᠭᠦᠯᠦᠯᠲᠡ ᠬᠢᠪᠡ᠃
    ᠬᠤᠷᠠᠯ᠎ᠠᠴᠠ ᠪᠦᠭᠦ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ ᠪᠣᠯᠣᠨ ᠲᠡᠷᠢᠭᠦᠨ᠎ᠤ ᠬᠤᠪᠢ ᠬᠥᠮᠥᠨ᠎ᠢ ᠬᠥᠬᠢᠭᠦᠯᠦᠨ ᠰᠠᠶ᠋ᠢᠰᠢᠶᠠᠪᠠ᠃ ᠲᠥᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠬᠤᠷᠢᠶ᠎ᠠ ᠵᠢᠨ ᠭᠡᠰᠢᠭᠦᠨ᠂ ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠶᠢᠰᠦᠳᠦᠭᠡᠷ ᠤᠳᠠᠭ᠎ᠠ ᠵᠢᠨ ᠪᠦᠭᠦ ᠤᠯᠤᠰ᠎ᠤᠨ ᠭᠡᠰᠢᠭᠦᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠦᠭᠦ ᠲᠥᠯᠥᠭᠡᠯᠡᠭᠴᠢ ᠡᠭᠢᠯᠡᠯᠲᠡ ᠵᠢᠨ ᠶᠣᠰᠣᠯᠠᠯ᠎ᠳᠤ ᠣᠷᠣᠯᠴᠠᠪᠠ᠃
    



   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ