ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶ᠋ᠢᠬᠤ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ ᠶᠡᠷᠦᠩᠬᠡᠢ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠬᠡᠷᠡᠭᠲᠡᠢ ᠯᠢ ᠴᠢᠶᠠᠩ ᠵᠤᠤ ᠯᠧ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠵᠤ ᠯᠢ ᠰᠢ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2025-01-07

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 6᠎ᠤ ᠴᠠᠭᠢᠯᠭ᠋ᠠᠨ ᠮᠡᠳᠡᠭᠡ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 6᠎ᠤ ᠦᠳᠡ ᠵᠢᠨ ᠡᠮᠦᠨ᠎ᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ᠎ᠠᠴᠠ ᠨᠠᠭ᠋ᠠᠰᠢ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠠᠬᠢᠭᠤᠯᠬᠤ ᠡᠷᠴᠢᠮ ᠤᠷᠢᠳ ᠡᠮᠦᠨ᠎ᠡ ᠪᠠᠶ᠋ᠢᠭ᠎ᠠ ᠦᠭᠡᠢ ᠴᠢᠩᠭ᠋ᠠᠷᠠᠵᠤ᠂ ᠦᠷ᠎ᠡ ᠪᠦᠲᠦᠮᠵᠢ᠎ᠨᠢ ᠤᠯᠠᠨ᠎ᠤ ᠠᠩᠬᠠᠷᠤᠯ᠎ᠢ ᠲᠠᠲᠠᠭᠰᠠᠨ ᠪᠠᠶ᠋ᠢᠨ᠎ᠠ᠃ ᠢᠯᠵᠢᠷᠡᠯ᠎ᠢ ᠡᠰᠡᠷᠭᠦᠴᠡᠬᠦ ᠠᠵᠢᠯ ᠡᠭᠦᠷᠢᠳᠡ ᠵᠣᠭᠰᠣᠰᠢ ᠦᠭᠡᠢ ᠪᠠᠶ᠋ᠢᠬᠤ ᠡᠷᠡᠰ ᠪᠠᠲᠤ ᠪᠠᠷᠢᠮᠲᠠᠯᠠᠯ᠎ᠢ ᠢᠮᠠᠭᠲᠠ ᠪᠠᠲᠤᠯᠠᠵᠤ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶ᠋ᠢᠳᠠᠯ᠎ᠢ ᠪᠠᠲᠤᠯᠠᠵᠤ᠂ ᠨᠢᠭᠡ ᠠᠯᠬᠤᠮ ᠴᠤ᠌ ᠵᠣᠭᠰᠣᠯ ᠦᠭᠡᠢ᠂ ᠬᠠᠭ᠋ᠠᠰ ᠠᠯᠬᠤᠮ ᠴᠤ᠌ ᠤᠬᠤᠷᠢᠬᠤ ᠦᠭᠡᠢ ᠪᠠᠶ᠋ᠢᠵᠤ᠂ ᠢᠯᠵᠢᠷᠡᠬᠦ᠎ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠡᠨᠡ ᠬᠦ᠌ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠂ ᠶᠡᠷᠦᠩᠬᠡᠢ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
2.jpg

      1 ᠰᠠᠷ᠎ᠠ ᠵᠢᠨ 6᠎ᠤ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
       ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ


       ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠱᠦᠵᠢ ᠯᠢ ᠰᠢ ᠬᠤᠷᠠᠯ᠎ᠢ ᠡᠷᠭᠢᠯᠡᠪᠡ᠃
      ᠰᠢ ᠵᠢᠨ ᠫᠢᠩ᠂ 2024 ᠣᠨ᠎ᠳᠤ᠂ ᠨᠠᠮ᠎ᠤᠨ ᠲᠥᠪ ᠬᠤᠷᠢᠶ᠎ᠠ᠎ᠠᠴᠠ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠵᠶ᠋ᠠᠷ ᠨᠡᠶ᠋ᠢᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠢᠮᠠᠭᠲᠠ ᠲᠤᠭᠤᠰᠢᠯᠠᠭᠤᠯᠵᠤ᠂ ᠰᠢᠨ᠎ᠡ ᠠᠬᠢᠴᠠ ᠪᠠ ᠦᠷ᠎ᠡ ᠪᠦᠲᠦᠮᠵᠢ ᠣᠯᠪᠠ᠃ ᠪᠦᠭᠦ ᠨᠠᠮ ᠵᠶ᠋ᠠᠷ ᠵᠶ᠋ᠠᠨ ᠥᠪᠡᠷ ᠪᠡᠶ᠎ᠡ ᠵᠢᠨ ᠬᠤᠪᠢᠰᠬᠠᠯ ᠬᠢᠬᠦ ᠡᠨᠡ ᠬᠦ᠌ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠲᠠᠨᠢᠯᠲᠠ᠎ᠨᠢ ᠨᠡᠩ ᠰᠡᠷᠭᠡᠭ ᠪᠣᠯᠵᠤ᠂ ᠦᠢ᠍ᠯᠡ ᠠᠵᠢᠯᠯᠠᠭ᠎ᠠ᠎ᠨᠢ ᠨᠡᠩ ᠡᠷᠡᠰ ᠪᠠᠲᠤ ᠪᠤᠯᠪᠠ; ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠭᠦ ᠨᠠᠮ᠎ᠤᠨ ᠨᠥᠬᠦᠳ᠎ᠤᠨ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠢᠯᠡᠳᠲᠡ ᠴᠢᠩᠭ᠋ᠠᠷᠠᠪᠠ; ᠢᠯᠵᠢᠷᠡᠯ᠎ᠢ ᠡᠰᠡᠷᠭᠦᠴᠡᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠢᠯᠵᠢᠷᠡᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ᠎ᠢ ᠠᠷᠢᠯᠭ᠋ᠠᠪᠠ; ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠤᠯᠠᠨ ᠲᠦᠮᠡᠨ᠎ᠤ ᠲᠤᠰᠬᠠᠯ ᠴᠢᠩᠭ᠎ᠠ ᠠᠯᠢ ᠤᠯᠠᠨ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠪᠡ; ᠳᠦᠷᠢᠮ ᠵᠶ᠋ᠠᠷ ᠨᠠᠮ᠎ᠢ ᠵᠠᠰᠠᠬᠤ᠂ ᠲᠣᠭᠲᠠᠭ᠋ᠠᠯ ᠵᠶ᠋ᠠᠷ ᠨᠠᠮ᠎ᠢ ᠵᠠᠰᠠᠬᠤ ᠵᠢ ᠭᠦᠨᠵᠡᠭᠡᠶ᠋ᠢᠷᠡᠭᠦᠯᠵᠦ᠂ ᠨᠠᠮ᠎ᠠᠴᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠤᠳᠤᠷᠢᠳᠬᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠢᠯᠵᠢᠷᠡᠯ ᠪᠣᠯ ᠮᠠᠨ᠎ᠤ ᠨᠠᠮ᠎ᠳᠤ ᠲᠤᠯᠭ᠋ᠠᠷᠠᠵᠤ ᠪᠠᠶ᠋ᠢᠭ᠎ᠠ ᠬᠠᠮᠤᠭ᠎ᠤᠨ ᠶᠡᠭᠡ ᠰᠦᠷᠳᠡᠭᠦᠯᠦᠯ ᠮᠥᠨ᠂ ᠢᠯᠵᠢᠷᠡᠯ᠎ᠢ ᠡᠰᠡᠷᠭᠦᠴᠡᠬᠦ ᠪᠣᠯ ᠬᠠᠮᠤᠭ᠎ᠤᠨ ᠲᠤᠶ᠋ᠢᠯᠪᠤᠷᠢᠲᠠᠢ ᠥᠪᠡᠷ ᠪᠡᠶ᠎ᠡ ᠵᠢᠨ ᠬᠤᠪᠢᠰᠬᠠᠯ ᠪᠣᠯᠣᠨ᠎ᠠ᠃ ᠰᠢᠨ᠎ᠡ ᠴᠠᠭ ᠦᠶ᠎ᠡ᠎ᠳᠤ ᠣᠷᠣᠵᠤ᠂ ᠨᠠᠮ᠎ᠤᠨ ᠳᠣᠲᠣᠭ᠋ᠠᠳᠤ ᠵᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠲᠣᠪᠣᠶ᠋ᠢᠮ᠎ᠠ ᠠᠰᠠᠭᠤᠳᠠᠯ᠎ᠤᠨ ᠡᠮᠦᠨ᠎ᠡ᠂ ᠪᠢᠳᠡ ᠢᠯᠵᠢᠷᠡᠭᠰᠠᠳ ᠪᠠᠶ᠋ᠢᠪᠠᠯ ᠯᠠᠪᠲᠠᠢ ᠡᠰᠡᠷᠭᠦᠴᠡᠬᠦ᠂ ᠱᠠᠮᠰᠢᠭᠰᠠᠳ ᠪᠠᠶ᠋ᠢᠪᠠᠯ ᠯᠠᠪᠲᠠᠢ ᠠᠷᠢᠯᠭ᠋ᠠᠬᠤ ᠵᠢ ᠪᠠᠷᠢᠮᠲᠠᠯᠠᠵᠤ᠂ ᠺᠠᠳ᠋ᠷ᠎ᠤᠨ ᠡᠩᠨᠡᠭᠡ ᠵᠢ ᠲᠠᠰᠤᠷᠠᠯᠳᠠ ᠦᠭᠡᠢ ᠴᠡᠪᠡᠷᠰᠢᠭᠦᠯᠵᠦ᠂ ᠨᠠᠮ᠎ᠤᠨ ᠳᠦᠷᠢ ᠲᠥᠷᠬᠦ ᠵᠢ ᠬᠠᠮᠠᠭ᠋ᠠᠯᠠᠨ᠂ ᠬᠤᠪᠢᠰᠬᠠᠯᠲᠤ ᠲᠦᠷᠦ ᠭᠦᠷᠦᠨ᠎ᠢ ᠪᠠᠬᠢᠵᠢᠭᠦᠯᠵᠦ᠂ ᠨᠠᠮ᠎ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠲᠡᠦᠬᠡᠨ ᠰᠠᠨᠠᠭ᠋ᠠᠴᠢᠯᠠᠭ᠋ᠠᠲᠤ ᠡᠷᠬᠡ ᠵᠢ ᠣᠯᠵᠤ᠂ ᠨᠠᠮ᠎ᠠᠴᠠ ᠪᠦᠭᠦ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠤᠨ ᠲᠥᠯᠥᠭᠡ ᠬᠠᠮᠲᠤ᠎ᠪᠠᠷ ᠲᠡᠮᠡᠴᠡᠬᠦ ᠲᠡᠦᠬᠡᠨ ᠰᠠᠨᠠᠭ᠋ᠠᠴᠢᠯᠠᠭ᠋ᠠᠲᠤ ᠡᠷᠬᠡ ᠵᠢ ᠣᠯᠪᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠣᠳᠣᠬᠠᠨ᠎ᠤ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠠᠶ᠋ᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶ᠋ᠢᠨ᠎ᠠ᠃ ᠢᠯᠵᠢᠷᠡᠯ᠎ᠤᠨ ᠦᠯᠡᠳᠡᠭᠳᠡᠯ ᠬᠡᠮᠵᠢᠶ᠎ᠡ ᠵᠢ ᠬᠠᠷᠠᠬᠠᠨ ᠠᠷᠢᠯᠭ᠋ᠠᠭ᠋ᠠᠳᠤᠢ ᠪᠠᠶ᠋ᠢᠵᠤ᠂ ᠨᠡᠮᠡᠭᠳᠡᠯ᠎ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠡᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ᠎ᠢ ᠠᠷᠢᠯᠭ᠋ᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶ᠋ᠢᠨ᠎ᠠ᠃ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠲᠠᠨᠢᠬᠤ᠎ᠳᠤ ᠵᠠᠪᠠᠯ ᠲᠡᠦᠬᠡᠨ ᠬᠠᠷᠠᠴᠠ᠂ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ᠎ᠲᠠᠢ ᠪᠠᠶ᠋ᠢᠵᠤ᠂ ᠨᠠᠮ᠎ᠤᠨ ᠡᠭᠦᠷᠭᠡ ᠬᠠᠷᠢᠭᠤᠴᠠᠯᠭ᠎ᠠ ᠵᠢ ᠪᠡᠶᠡᠯᠡᠭᠦᠯᠬᠦ ᠵᠢ ᠪᠣᠳᠣᠯᠬᠢᠯᠠᠬᠤ ᠬᠡᠷᠡᠭᠲᠡᠢ᠃ ᠢᠯᠵᠢᠷᠡᠯ᠎ᠢ ᠡᠰᠡᠷᠭᠦᠴᠡᠬᠦ ᠲᠡᠮᠡᠴᠡᠯ᠎ᠨᠢ ᠡᠷᠬᠡᠪᠰᠢ ᠡᠷᠡᠰ ᠭᠤᠶ᠋ᠢᠪᠢᠰᠢ ᠦᠭᠡᠢ ᠪᠠᠶ᠋ᠢᠵᠤ᠂ ᠶᠠᠮᠠᠷᠪᠠ ᠡᠷᠡᠭᠡᠯᠵᠡᠬᠦ ᠭᠤᠶ᠋ᠢᠪᠢᠯᠵᠠᠬᠤ᠂ ᠰᠤᠯᠠᠷᠠᠬᠤ ᠢᠯᠳᠠᠷ ᠬᠠᠶᠠᠬᠤ ᠪᠤᠶᠤ ᠳᠤᠲᠠᠭᠤ ᠲᠣᠷᠭᠤᠨ ᠵᠣᠬᠰᠣᠬᠤ᠎ᠨᠢ ᠴᠥᠮ ᠨᠤᠷᠠᠭ᠋ᠠᠯᠲᠠ ᠵᠢᠨ ᠴᠢᠨᠠᠷᠲᠠᠢ ᠠᠯᠳᠠᠭ᠎ᠠ ᠭᠠᠷᠭ᠋ᠠᠬᠤ ᠪᠣᠯᠣᠨ᠎ᠠ᠃ ᠡᠯ᠎ᠡ ᠵᠦᠢ᠍ᠯ᠎ᠤᠨ ᠪᠤᠷᠤᠭᠤ ᠲᠠᠨᠢᠯᠲᠠ ᠵᠢ ᠡᠷᠡᠰ ᠲᠣᠳᠣᠷᠬᠠᠶ᠋ᠢᠯᠠᠵᠤ᠂ ᠦᠵᠡᠯ ᠰᠠᠨᠠᠭ᠋ᠠᠨ᠎ᠤ ᠲᠥᠭᠡᠷᠢᠭᠳᠡᠯ᠎ᠢ ᠠᠷᠢᠯᠭ᠋ᠠᠨ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠡᠷᠡᠰ ᠵᠣᠷᠢᠭ ᠪᠠ ᠢᠲᠡᠭᠡᠯ ᠵᠣᠷᠢᠭ ᠵᠶ᠋ᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠡᠷᠬᠡᠪᠰᠢ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶ᠋ᠢᠬᠤ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ ᠨᠡᠩ ᠶᠡᠭᠡ ᠦᠷ᠎ᠡ ᠪᠦᠲᠦᠮᠵᠢ ᠣᠯᠬᠤ᠎ᠪᠠᠷ ᠴᠢᠷᠮᠠᠶ᠋ᠢᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ᠎ᠤᠨ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠵᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠤᠯᠤᠰ ᠲᠦᠷᠦ ᠵᠢᠨ ᠬᠢᠨᠠᠯᠲᠠ ᠲᠠᠯᠪᠢᠬᠤ ᠵᠢ ᠪᠣᠳᠠᠲᠠᠶ᠋ᠢᠵᠢᠭᠤᠯᠬᠤ᠂ ᠣᠨᠣᠪᠴᠢᠲᠠᠢ ᠪᠤᠯᠭ᠋ᠠᠬᠤ᠂ ᠪᠠᠶ᠋ᠢᠩᠭᠤᠵᠢᠭᠤᠯᠬᠤ ᠵᠢ ᠠᠬᠢᠭᠤᠯᠬᠤ ᠬᠡᠷᠡᠭᠲᠡᠢ᠃ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠵᠢ ᠡᠷᠬᠡᠪᠰᠢ ᠬᠡᠯᠡᠭᠰᠡᠨ᠎ᠳᠡᠭᠡᠨ ᠭᠦᠷᠲᠡᠯ᠎ᠡ ᠬᠢᠬᠦ ᠬᠡᠷᠡᠭᠲᠡᠢ᠃ ᠦᠵᠡᠯ ᠰᠠᠨᠠᠭ᠋ᠠᠨ᠎ᠤ ᠲᠠᠯ᠎ᠠ᠎ᠪᠠᠷ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠴᠥᠬᠦᠷᠡᠰᠢ ᠦᠭᠡᠢ ᠴᠢᠩᠭ᠋ᠠᠳᠬᠠᠵᠤ᠂ ᠨᠠᠮ᠎ᠤᠨ ᠲᠥᠪ ᠬᠤᠷᠢᠶ᠎ᠠ ᠵᠢᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ᠎ᠤ ᠥᠭᠡᠷᠡᠴᠢᠯᠡᠯᠲᠡ ᠬᠥᠭᠵᠢᠯᠲᠡ ᠵᠢᠨ ᠲᠤᠬᠠᠢ ᠬᠠᠷᠠᠯᠲᠠ ᠪᠠᠶ᠋ᠢᠷᠢ ᠲᠣᠭᠲᠠᠭ᠋ᠠᠯᠲᠠ ᠪᠠ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠨᠢᠭᠡᠳᠦᠯᠲᠡᠢ᠂ ᠴᠢᠭᠯᠡᠯ ᠨᠢᠭᠡᠳᠦᠯᠲᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠯᠤᠰ ᠲᠦᠷᠦ ᠵᠢᠨ ᠲᠠᠯ᠎ᠠ᠎ᠪᠠᠷ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠵᠢᠨ ᠶᠣᠰᠣ ᠳᠦᠷᠢᠮ᠎ᠢ ᠴᠢᠩᠳᠠᠯᠠᠵᠤ᠂ 《ᠲᠤᠯᠤᠭ᠋ᠠᠨ ᠪᠠᠶ᠋ᠢᠬᠤ》 ᠵᠢ ᠤᠬᠳᠤ ᠵᠥᠪᠰᠢᠶᠡᠷᠡᠬᠦ ᠦᠭᠡᠢ᠂ ᠦᠭᠡ ᠶᠠᠷᠢᠶ᠎ᠠ ᠦᠢ᠍ᠯᠡ ᠠᠵᠢᠯᠯᠠᠭ᠎ᠠ ᠨᠢᠭᠡᠳᠦᠯᠲᠡᠢ ᠪᠠᠶ᠋ᠢᠬᠤ᠂ ᠵᠠᠷᠯᠢᠭ ᠴᠠᠭ᠋ᠠᠵᠠ ᠵᠢ ᠲᠠᠭ᠋ᠠᠬᠤ ᠵᠢ ᠪᠠᠲᠤᠯᠠᠬᠤ ᠬᠡᠷᠡᠭᠲᠡᠢ᠃ ᠦᠢ᠍ᠯᠡ ᠠᠵᠢᠯᠯᠠᠭ᠎ᠠ ᠵᠢᠨ ᠲᠠᠯ᠎ᠠ᠎ᠪᠠᠷ᠂ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠤᠯᠤᠰ ᠲᠦᠷᠦ ᠵᠢᠨ ᠬᠢᠨᠠᠯᠲᠠ ᠲᠠᠯᠪᠢᠬᠤ ᠭᠤᠣᠯᠳᠠᠯᠭ᠎ᠠ ᠪᠤᠯᠭ᠋ᠠᠵᠤ᠂ ᠬᠦᠴᠦ᠎ᠪᠠᠨ ᠬᠠᠮᠲᠤᠳᠬᠠᠨ ᠥᠭᠡᠷᠡᠴᠢᠯᠡᠯᠲᠡ ᠵᠢᠨ ᠪᠣᠭᠤᠮᠲᠠ ᠰᠢᠪᠲᠤᠯᠬᠤ ᠵᠢ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠨᠢᠭᠡ ᠵᠦᠢ᠍ᠯ᠎ᠤᠨ ᠪᠠᠶ᠋ᠢᠩᠭᠤ ᠵᠢᠨ ᠴᠢᠨᠠᠷᠲᠠᠢ ᠠᠵᠢᠯ ᠪᠣᠯᠣᠨ᠎ᠠ᠂ ᠨᠠᠮ᠎ᠤᠨ ᠭᠡᠰᠢᠭᠦᠨ᠂ ᠺᠠᠳ᠋ᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠪᠤᠰᠤᠳ ᠵᠶ᠋ᠠᠷ ᠱᠠᠭ᠋ᠠᠷᠳᠠᠭᠤᠯᠬᠤ ᠵᠢ ᠪᠡᠶ᠎ᠡ᠎ᠪᠠᠨ ᠪᠠᠷᠢᠬᠤ ᠪᠤᠯᠭ᠋ᠠᠵᠤ᠂ ᠳᠣᠲᠣᠷ᠎ᠠ᠎ᠪᠠᠨ ᠰᠠᠭᠤᠭᠳᠠᠭᠤᠯᠵᠤ ᠡᠳᠦᠷ ᠳᠤᠲᠤᠮ᠎ᠤᠨ ᠠᠮᠢᠳᠤᠷᠠᠯ᠎ᠳᠠᠭᠠᠨ ᠬᠡᠷᠡᠭᠯᠡᠵᠦ ᠳᠠᠳᠤᠭᠰᠠᠨ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠨ ᠬᠤᠪᠢᠷᠠᠭᠤᠯᠬᠤ ᠬᠡᠷᠡᠭᠲᠡᠢ᠃ ᠪᠠᠶ᠋ᠢᠩᠭᠤᠵᠢᠭᠰᠠᠨ ᠤᠷᠲᠤ ᠬᠤᠭᠤᠴᠠᠭ᠋ᠠᠨ᠎ᠤ ᠪᠦᠲᠦᠮᠵᠢᠲᠡᠶ ᠰᠠᠬᠢᠯᠭ᠎ᠠ ᠪᠠᠲᠤ ᠵᠢᠨ ᠬᠥᠮᠦᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠠᠬᠢᠯᠭ᠎ᠠ ᠪᠠᠲᠤ ᠵᠢᠨ ᠬᠥᠮᠦᠵᠢᠯ᠎ᠢ ᠺᠠᠳ᠋ᠷ᠎ᠤᠨ ᠦᠰᠦᠨ ᠪᠣᠶ᠋ᠢᠵᠢᠬᠤ ᠪᠦᠭᠦ ᠦᠶᠡᠯᠡᠯ᠎ᠳᠤ ᠲᠤᠭᠤᠰᠢᠯᠠᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠪᠦᠭᠦ ᠶᠠᠪᠤᠴᠠ᠎ᠳᠤ ᠠᠭᠤᠰᠬᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ 《ᠲᠦᠷᠪᠡᠨ ᠵᠦᠢ᠍ᠯ᠎ᠤᠨ ᠭᠡᠯᠪᠡᠷᠢ ᠪᠠᠶ᠋ᠢᠳᠠᠯ》᠎ᠢ ᠵᠥᠪ ᠣᠨᠣᠪᠴᠢᠲᠠᠢ ᠬᠡᠷᠡᠭᠯᠡᠨ᠂ ᠦᠨᠡᠨ᠎ᠠᠴᠠ ᠵᠥᠪ᠎ᠢ ᠡᠷᠢᠵᠦ᠂ ᠬᠢᠯᠢᠰᠳᠡᠭᠦᠯᠬᠦ ᠦᠭᠡᠢ ᠪᠠᠰᠠ ᠳᠤᠷ᠎ᠠ᠎ᠪᠠᠷ᠎ᠨᠢ ᠲᠠᠯᠪᠢᠬᠤ ᠦᠭᠡᠢ᠂ ᠡᠷᠲᠡ᠎ᠠᠴᠠ ᠠᠳᠬᠤᠵᠤ᠂ ᠪᠠᠭ᠎ᠠ ᠳᠡᠭᠡᠷ᠎ᠡ᠎ᠨᠢ ᠰᠡᠷᠭᠡᠶ᠋ᠢᠯᠡᠵᠦ᠂ ᠴᠢᠩᠭ᠎ᠠ ᠬᠠᠮᠢᠶᠠᠷᠤᠨ ᠬᠢᠨᠠᠬᠤ ᠪᠠ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢ ᠨᠢᠭᠡᠳᠬᠡᠵᠦ᠂ ᠺᠠᠳ᠋ᠷᠴᠤᠳ᠎ᠢ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ᠂ ᠠᠵᠢᠯ ᠬᠢᠵᠦ ᠦᠢ᠍ᠯᠡᠰ ᠪᠣᠰᠬᠠᠬᠤ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠂ ᠰᠤᠷᠲᠠᠯ ᠢᠯᠵᠢᠷᠡᠯ᠎ᠢ ᠬᠠᠮᠲᠤ᠎ᠪᠠᠷ ᠪᠠᠶ᠋ᠢᠴᠠᠭ᠋ᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠬᠤ ᠬᠡᠷᠡᠭᠲᠡᠢ᠃ ᠤᠬᠲᠤ ᠠᠭᠤᠴᠢᠯᠠᠬᠤ ᠦᠭᠡᠢ ᠪᠠᠶ᠋ᠢᠬᠤ ᠵᠢ ᠢᠮᠠᠭᠲᠠ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠤᠯᠭ᠋ᠠᠵᠤ᠂ ᠥᠰᠢᠯᠳᠦᠨ ᠰᠠᠬᠢᠯᠭ᠎ᠠ ᠪᠠᠲᠤ ᠵᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ 《ᠲᠦᠷᠪᠡᠨ ᠰᠤᠷᠲᠠᠯ》᠎ᠤᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠣᠨᠴᠠ ᠡᠷᠬᠡ ᠵᠢᠨ ᠦᠵᠡᠯ ᠰᠠᠨᠠᠭ᠎ᠠ ᠪᠠ ᠣᠨᠴᠠ ᠡᠷᠬᠡ ᠵᠢᠨ ᠦᠵᠡᠭᠳᠡᠯ᠎ᠢ ᠡᠷᠡᠰ ᠡᠰᠡᠷᠭᠦᠴᠡᠬᠦ ᠵᠢ ᠱᠠᠯᠠᠪᠳᠠᠭᠤᠯᠵᠤ᠂ ᠡᠷᠬᠡ ᠵᠢᠨ ᠲᠤᠬᠠᠢ ᠵᠥᠪ ᠦᠵᠡᠯᠲᠡ᠂ ᠠᠯᠪᠠᠨ ᠠᠮᠵᠢᠯᠲᠠ ᠵᠢᠨ ᠲᠤᠬᠠᠢ ᠵᠥᠪ ᠦᠵᠡᠯᠲᠡ᠂ ᠠᠵᠢᠯ ᠦᠢ᠍ᠯᠡᠰ᠎ᠤᠨ ᠲᠤᠬᠠᠢ ᠵᠥᠪ ᠦᠵᠡᠯᠲᠡ ᠵᠢ ᠪᠠᠲᠤ ᠪᠤᠢ ᠪᠤᠯᠭ᠋ᠠᠬᠤ ᠬᠡᠷᠡᠭᠲᠡᠢ᠃ ᠢᠯᠵᠢᠷᠡᠯ᠎ᠢ ᠡᠰᠡᠷᠭᠦᠴᠡᠬᠦ ᠰᠦᠷ ᠬᠦᠴᠦᠲᠦ ᠪᠠᠶ᠋ᠢᠳᠠᠯ᠎ᠢ ᠢᠮᠠᠭᠲᠠ ᠪᠠᠲᠤᠯᠠᠵᠤ᠂ ᠭᠤᠣᠯᠳᠠᠯᠭ᠎ᠠ᠎ᠲᠠᠢ ᠠᠰᠠᠭᠤᠳᠠᠯ᠂ ᠭᠤᠣᠯᠳᠠᠯᠭ᠎ᠠ᠎ᠲᠠᠢ ᠬᠦᠷᠢᠶ᠎ᠡ᠂ ᠭᠤᠣᠯᠳᠠᠯᠭ᠎ᠠ᠎ᠲᠠᠢ ᠡᠲᠡᠭᠡᠳ᠎ᠢ ᠭᠤᠣᠯᠳᠠᠯᠭ᠎ᠠ᠎ᠲᠠᠢ ᠠᠳᠬᠤᠵᠤ᠂ ᠬᠡᠭᠡᠯᠢ ᠢᠳᠡᠵᠦ ᠬᠠᠭ᠍ᠤᠤᠯᠢ ᠲᠦᠯᠬᠢᠬᠦ ᠵᠢ ᠬᠠᠮᠲᠤ᠎ᠳᠤᠨᠢ ᠪᠠᠶ᠋ᠢᠴᠠᠭ᠋ᠠᠬᠤ ᠠᠵᠢᠯ᠎ᠢ ᠬᠦᠴᠦᠯᠡᠨ ᠭᠦᠨᠵᠡᠭᠡᠶ᠋ᠢᠷᠡᠭᠦᠯᠵᠦ᠂ ᠰᠢᠰᠲ᠋ᠧᠮ᠎ᠤᠨ ᠴᠢᠨᠠᠷᠲᠠᠢ ᠢᠯᠵᠢᠷᠡᠯ᠎ᠤᠨ ᠠᠶᠤᠯ ᠲᠦᠭᠰᠢᠭᠦᠷᠢ ᠭᠡᠮ ᠰᠣᠭᠤᠭ᠎ᠢ ᠡᠷᠡᠰ ᠠᠷᠢᠯᠭ᠋ᠠᠬᠤ ᠬᠡᠷᠡᠭᠲᠡᠢ᠃ ᠬᠡᠷᠡᠭ ᠵᠶ᠋ᠠᠷ ᠥᠭᠡᠷᠡᠴᠢᠯᠡᠯᠲᠡ ᠵᠢ ᠠᠬᠢᠭᠤᠯᠵᠤ ᠵᠠᠰᠠᠯᠲᠠ ᠵᠢ ᠠᠬᠢᠭᠤᠯᠬᠤ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠵᠤ᠂ ᠡᠷᠬᠡ ᠵᠢᠨ ᠲᠣᠬᠢᠷᠠᠭᠤᠯᠤᠯᠲᠠ ᠵᠢᠨ ᠠᠵᠢᠯᠯᠠᠭ᠋ᠠᠨ᠎ᠤ ᠬᠢᠵᠠᠭ᠋ᠠᠷᠯᠠᠯ ᠪᠠ ᠬᠢᠨᠠᠯᠲᠠ ᠲᠠᠯᠪᠢᠬᠤ ᠲᠣᠭᠲᠠᠴᠠ ᠵᠢ ᠠᠬᠢᠭᠤᠯᠤᠨ ᠲᠡᠭᠦᠯᠳᠡᠷᠵᠢᠭᠦᠯᠵᠦ᠂ ᠰᠢᠨ᠎ᠡ ᠮᠠᠶᠢᠭ᠎ᠤᠨ ᠢᠯᠵᠢᠷᠡᠯ ᠪᠠ ᠲᠠᠯᠳᠠ ᠢᠯᠵᠢᠷᠡᠯ᠎ᠢ ᠰᠡᠷᠭᠡᠶ᠋ᠢᠯᠡᠨ ᠵᠠᠰᠠᠬᠤ ᠪᠦᠲᠦᠮᠵᠢᠲᠡᠢ ᠠᠷᠭ᠎ᠠ ᠵᠢ ᠪᠠᠶᠠᠯᠢᠭᠵᠢᠭᠤᠯᠬᠤ ᠬᠡᠷᠡᠭᠲᠡᠢ᠃ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ 《ᠬᠠᠮᠲᠤ᠎ᠪᠠᠷ ᠪᠠᠶ᠋ᠢᠴᠠᠭ᠋ᠠᠬᠤ》᠎ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ᠎ᠢ ᠴᠢᠩᠭ᠎ᠠ ᠰᠢᠢ᠍ᠳᠬᠡᠵᠦ᠂ 《ᠬᠠᠮᠲᠤ᠎ᠪᠠᠷ ᠵᠠᠰᠠᠬᠤ》᠎ᠪᠠᠷ ᠰᠤᠷᠲᠠᠯ ᠢᠯᠵᠢᠷᠡᠯ᠎ᠤᠨ ᠨᠡᠶ᠋ᠢᠲᠡᠴᠢ ᠴᠢᠨᠠᠷ᠎ᠤᠨ ᠦᠨᠳᠦᠰᠦ ᠰᠤᠷᠪᠤᠯᠵᠢ ᠵᠢ ᠠᠷᠢᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠬᠤᠷᠢᠶ᠎ᠠ ᠰᠠᠨᠠᠭ᠋ᠠᠴᠢᠯᠠᠭ᠎ᠠ᠎ᠠᠴᠠ᠎ᠪᠠᠨ ᠠᠳᠬᠤᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠮᠢᠶᠠᠷᠴᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠲᠤᠰᠬᠠᠢ ᠬᠠᠷᠢᠭᠤᠴᠠᠯᠭ᠎ᠠ ᠵᠢᠨ ᠬᠢᠨᠠᠯᠲᠠ ᠵᠢ ᠰᠠᠶ᠋ᠢᠲᠤᠷ ᠭᠦᠢ᠍ᠴᠡᠳᠬᠡᠵᠦ᠂ ᠭᠤᠣᠯ ᠬᠠᠷᠢᠭᠤᠴᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠭᠤᠣᠯ ᠠᠵᠢᠯ ᠵᠶ᠋ᠠᠨ ᠰᠠᠶ᠋ᠢᠲᠤᠷ ᠬᠢᠵᠦ᠂ ᠡᠯ᠎ᠡ ᠬᠠᠷᠢᠭᠤᠴᠠᠯᠭ᠎ᠠ ᠵᠢᠨ ᠭᠤᠣᠯ ᠴᠣᠭᠴᠠ ᠴᠥᠮ ᠬᠠᠷᠢᠭᠤᠴᠠᠯᠭ᠎ᠠ᠎ᠪᠠᠨ ᠮᠡᠳᠡᠵᠦ᠂ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠰᠢᠯᠭ᠋ᠠᠨ ᠦᠨᠡᠯᠡᠬᠦ ᠲᠣᠭᠲᠠᠴᠠ ᠵᠢ ᠰᠢᠯᠢᠳᠡᠭᠵᠢᠭᠦᠯᠵᠦ᠂ ᠲᠤᠰᠢᠶᠠᠯ᠎ᠳᠠᠭᠠᠨ ᠤᠰᠤᠯᠳᠤᠵᠤ ᠬᠠᠷᠢᠭᠤᠴᠠᠯᠭ᠎ᠠ᠎ᠪᠠᠨ ᠠᠯᠳᠠᠭᠰᠠᠳ᠎ᠠᠴᠠ ᠣᠨᠣᠴᠠᠲᠠᠢ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠦᠨᠳᠦᠰᠦᠨ ᠱᠠᠲᠤ ᠲᠡᠶ᠋ᠢᠰᠢ ᠦᠷᠭᠦᠯᠵᠢᠯᠡᠭᠦᠯᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠢᠯᠠᠩᠭᠤᠶ᠎ᠠ ᠬᠤᠲᠠ ᠰᠢᠶᠠᠨ᠎ᠤ ᠨᠠᠮ᠎ᠤᠨ ᠬᠤᠷᠢᠶ᠎ᠠ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠴᠢᠬᠤᠯᠠ ᠡᠭᠦᠷᠭᠡ ᠪᠣᠯᠭ᠋ᠠᠨ ᠪᠠᠶ᠋ᠢᠩᠭᠤᠵᠢᠭᠤᠯᠤᠨ ᠠᠳᠬᠤᠵᠤ᠂ ᠠᠷᠠᠳ ᠤᠯᠠᠨ᠎ᠳᠤ ᠪᠠᠶᠠᠷᠲᠤ ᠲᠥᠷᠥᠭᠳᠡᠯ ᠥᠭᠬᠦ ᠬᠡᠷᠡᠭᠲᠡᠢ᠃ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠵᠢ ᠦᠨᠳᠦᠰᠦᠨ ᠱᠠᠲᠤᠨ᠎ᠤ ᠴᠠᠭᠳᠠᠨ ᠪᠠᠶ᠋ᠢᠴᠠᠭ᠋ᠠᠬᠤ᠎ᠲᠠᠢ ᠤᠶᠠᠯᠳᠤᠭᠤᠯᠵᠤ᠂ ᠡᠯ᠎ᠡ ᠲᠠᠯ᠎ᠠ ᠵᠢᠨ ᠬᠢᠨᠠᠯᠲᠠ᠎ᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠨᠠᠶ᠋ᠢᠳᠠᠪᠤᠷᠢᠵᠢᠭᠤᠯᠬᠤ ᠵᠢ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠪᠤᠯᠭ᠋ᠠᠵᠤ᠂ ᠥᠷᠭᠡᠨ ᠤᠯᠠᠨ ᠦᠨᠳᠦᠰᠦᠨ ᠱᠠᠲᠤᠨ᠎ᠤ ᠺᠠᠳ᠋ᠷᠴᠤᠳ᠎ᠲᠤ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠨᠡᠩ ᠤᠯᠠᠨ ᠤᠶᠤᠨ ᠴᠢᠳᠠᠯ᠎ᠲᠠᠢ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠣᠯ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ ᠴᠢᠬᠤᠯᠠ ᠬᠦᠴᠦᠨ ᠮᠥᠨ᠂ ᠨᠠᠮ ᠪᠣᠯᠣᠨ ᠠᠷᠠᠳ ᠲᠦᠮᠡᠨ ᠡᠨᠡ ᠬᠦ᠌ ᠡᠩᠨᠡᠭᠡ᠎ᠳᠤ ᠢᠲᠡᠭᠡᠯ ᠭᠦᠢ᠍ᠴᠡᠳ᠂ ᠬᠦᠰᠡᠯ ᠡᠷᠡᠮᠡᠯᠵᠡᠯ ᠵᠶ᠋ᠠᠷ ᠳᠦᠭᠦᠷᠡᠩ ᠪᠠᠶ᠋ᠢᠨ᠎ᠠ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠷᠬᠡ ᠣᠯᠭᠤᠬᠤ ᠪᠠ ᠡᠷᠬᠡ ᠡᠵᠡᠮᠳᠡᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠡᠷᠬᠡ ᠵᠢ ᠳᠦᠷᠢᠮ᠎ᠤᠨ ᠰᠢᠩᠭᠡᠯᠢᠭ᠎ᠲᠤ ᠬᠤᠷᠢᠬᠤ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠵᠢᠷᠦᠮᠵᠢᠯᠲᠡ ᠬᠠᠤᠯᠢᠵᠢᠯᠲᠠ ᠵᠢᠩᠬᠢᠨᠢᠴᠢᠯᠡᠯᠲᠡ ᠵᠢᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠵᠶ᠋ᠠᠷ ᠴᠡᠭᠴᠡᠯᠡᠬᠦ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠲᠡᠮᠦᠷ᠎ᠢ ᠳᠠᠪᠲᠠᠬᠤ᠎ᠳᠤ ᠥᠪᠡᠷ ᠵᠶ᠋ᠠᠨ ᠵᠠᠪᠠᠯ ᠬᠠᠲᠠᠭᠤ ᠪᠠᠶ᠋ᠢᠬᠤ ᠵᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ᠎ᠲᠠᠢ᠂ ᠵᠣᠷᠢᠭᠲᠠᠢ ᠴᠢᠳᠠᠮᠠᠭ᠋ᠠᠢ ᠲᠡᠮᠡᠴᠡᠳᠡᠭ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠲᠡᠮᠦᠷ ᠴᠡᠷᠢᠭ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠯᠢ ᠰᠢ ᠬᠤᠷᠠᠯ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ᠂ ᠥᠩᠭᠡᠷᠡᠭᠰᠡᠨ ᠨᠢᠭᠡ ᠵᠢᠯ᠎ᠤᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠠᠯᠤᠰ ᠭᠡᠳᠤ ᠵᠢᠨ ᠲᠡᠦᠬᠡ ᠵᠢᠨ ᠬᠠᠷᠠᠴᠠ᠎ᠪᠠᠷ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠦᠨᠳᠦᠰᠦᠨ ᠵᠢᠮ᠎ᠡ ᠶᠣᠰᠣ ᠵᠢ ᠭᠦᠨᠵᠡᠭᠡᠢ ᠡᠵᠡᠮᠳᠡᠵᠦ᠂ ᠣᠳᠣᠬᠠᠨ᠎ᠤ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠠᠶ᠋ᠢᠳᠠᠯ᠎ᠢ ᠭᠦᠨᠵᠡᠭᠡᠢ ᠵᠠᠳᠠᠯᠵᠤ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠂ ᠶᠡᠷᠦᠩᠬᠡᠢ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ᠎ᠳᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠦ ᠥᠭᠴᠡᠢ᠃ ᠶᠠᠷᠢᠶ᠎ᠠ᠎ᠨᠢ ᠥᠨᠳᠥᠷ᠎ᠲᠤ ᠵᠣᠭᠰᠣᠨ ᠠᠯᠤᠰ᠎ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ ᠠᠰᠠᠭᠤᠳᠠᠯ᠎ᠳᠤ ᠰᠢᠭᠤᠳ ᠬᠠᠨᠳᠤᠵᠤ᠂ ᠬᠥᠮᠥᠰ᠎ᠢ ᠰᠡᠩᠬᠡᠷᠡᠭᠦᠯᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭ᠋ᠠᠵᠠᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠵᠣᠷᠢᠭᠲᠠᠢ᠎ᠪᠠᠷ ᠲᠡᠮᠡᠴᠡᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠢᠯᠵᠢᠷᠠᠬᠤ᠎ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠪᠠ᠃
      ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠡᠰᠢᠭᠦᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ᠎ᠤᠨ ᠪᠦᠯᠭᠦᠮ᠎ᠤᠨ ᠭᠤᠣᠯ ᠬᠠᠷᠢᠭᠤᠴᠠᠯᠭ᠋ᠠᠲᠠᠨ ᠨᠥᠬᠦᠳ᠂ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠢ᠃ ᠬᠤᠷᠠᠯ᠎ᠨᠢ ᠲᠧᠯᠸᠢᠰ ᠤᠲᠠᠰᠤ ᠬᠤᠷᠠᠯ᠎ᠤᠨ ᠭᠡᠯᠪᠡᠷᠢ᠎ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ ᠵᠢᠴᠢ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ᠃
       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ 1 ᠰᠠᠷ᠎ᠠ ᠵᠢᠨ 6᠎ᠤ ᠡᠳᠦᠷ ᠪᠡᠭᠡᠵᠢᠩ᠎ᠳᠤ ᠡᠬᠢᠯᠡᠪᠡ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ᠎ᠢ ᠡᠷᠭᠢᠯᠡᠪᠡ᠃ 6᠎ᠤ ᠦᠳᠡ ᠵᠢᠨ ᠬᠤᠶ᠋ᠢᠨ᠎ᠠ ᠯᠢ ᠰᠢ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠡᠮᠦᠨ᠎ᠡ᠎ᠠᠴᠠ 《ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠶ᠎ᠠ》 ᠭᠡᠬᠦ ᠰᠡᠳᠦᠪ ᠵᠶ᠋ᠠᠷ ᠠᠵᠢᠯ᠎ᠤᠨ ᠮᠡᠳᠡᠭᠦᠯᠦᠯᠲᠡ ᠬᠢᠪᠡ᠃
   



ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ