(2025 ᠣᠨ᠎ᠤ 1 ᠰᠠᠷ᠎ᠠ ᠵᠢᠨ 23᠎ᠤ ᠡᠳᠦᠷ)
ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 23᠎ᠤ ᠴᠠᠭᠢᠯᠭ᠋ᠠᠨ ᠮᠡᠳᠡᠭᠡ 2024 ᠣᠨ᠎ᠤ 4 ᠰᠠᠷ᠎ᠠ ᠵᠢᠨ 25᠎ᠤ ᠡᠳᠦᠷ᠂ ᠬᠤᠪᠢᠯᠭ᠋ᠠᠨ ᠣᠩᠭᠤᠴᠠ ᠠᠷᠪᠠᠨ ᠨᠠᠢ᠍ᠮᠠᠳᠤᠭ᠋ᠠᠷ ᠬᠥᠮᠥᠨ ᠰᠠᠭᠤᠯᠭ᠋ᠠᠭᠰᠠᠨ ᠨᠢᠰᠬᠦ ᠣᠩᠭᠤᠴᠠ ᠵᠢ ᠠᠮᠵᠢᠯᠲᠠ᠎ᠲᠠᠢ ᠬᠠᠷᠪᠤᠵᠤ᠂ ᠰᠠᠨᠰᠠᠷᠴᠢᠨ ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠍ ᠨᠢᠰᠬᠦ ᠣᠩᠭᠤᠴᠠᠨ᠎ᠳᠤ ᠰᠠᠭᠤᠵᠤ ᠲᠢᠶᠠᠨ ᠾᠧ ᠭᠤᠣᠯ ᠦᠷᠦᠭᠡ᠎ᠳᠤ ᠠᠮᠵᠢᠯᠲᠠ᠎ᠲᠠᠢ ᠣᠷᠣᠵᠤ᠂ ᠲᠣᠭᠤᠷᠢᠯᠲᠠ ᠵᠢᠨ ᠵᠠᠮ᠎ᠳᠤ 6 ᠰᠠᠷ᠎ᠠ ᠠᠶᠠᠯᠠᠵᠤ᠂ ᠤᠷᠢᠳ ᠬᠤᠵᠢᠳ 2 ᠤᠳᠠᠭ᠎ᠠ ᠦᠷᠦᠭᠡ᠎ᠠᠴᠠ ᠭᠠᠷᠬᠤ ᠠᠵᠢᠯᠯᠠᠭ᠎ᠠ ᠥᠷᠨᠢᠭᠦᠯᠵᠦ᠂ 6 ᠤᠳᠠᠭ᠎ᠠ ᠠᠴᠢᠶᠠᠨ᠎ᠤ ᠪᠠᠷᠠᠭ᠋ᠠᠨ᠎ᠤ ᠬᠡᠢ ᠵᠢᠨ ᠦᠷᠦᠭᠡ᠎ᠠᠴᠠ ᠭᠠᠷᠴᠤ ᠣᠷᠣᠬᠤ ᠡᠭᠦᠷᠭᠡ ᠵᠢ ᠪᠡᠶᠡᠯᠡᠭᠦᠯᠵᠦ᠂ 80 ᠭᠠᠷᠤᠢ ᠵᠦᠢ᠍ᠯ᠎ᠤᠨ ᠰᠠᠨᠰᠠᠷ᠎ᠤᠨ ᠦᠷᠳᠡᠭᠡ ᠵᠢᠨ ᠪᠦᠲᠦᠭᠡᠨ ᠪᠠᠶ᠋ᠢᠭᠤᠯᠤᠯᠲᠠ ᠵᠢ ᠳᠡᠰ ᠳᠡᠪᠰᠢᠭᠦᠯᠵᠦ ᠰᠡᠯᠪᠢᠨ ᠵᠠᠰᠠᠬᠤ ᠡᠭᠦᠷᠭᠡ ᠵᠢ ᠪᠡᠶᠡᠯᠡᠭᠦᠯᠵᠦ᠂ ᠵᠠᠭᠤ ᠰᠢᠬᠠᠮ ᠵᠦᠢ᠍ᠯ᠎ᠤᠨ ᠰᠠᠨᠰᠠᠷ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠪᠣᠯᠣᠨ ᠬᠡᠷᠡᠭᠯᠡᠭᠡᠨ᠎ᠤ ᠠᠴᠢᠶᠠᠨ᠎ᠤ ᠲᠣᠭᠤᠷᠢᠯᠲᠠ ᠵᠢᠨ ᠵᠠᠮ᠎ᠳᠤ ᠲᠤᠷᠰᠢᠯᠲᠠ ᠬᠢᠵᠦ᠂ 2024 ᠣᠨ᠎ᠤ 11 ᠰᠠᠷ᠎ᠠ ᠵᠢᠨ 4᠎ᠤ ᠡᠳᠦᠷ ᠠᠮᠤᠷ ᠲᠦᠪᠰᠢᠨ ᠵᠶ᠋ᠠᠷ ᠪᠤᠴᠠᠵᠤ ᠢᠷᠡᠪᠡ᠃ ᠬᠤᠪᠢᠯᠭ᠋ᠠᠨ ᠣᠩᠭᠤᠴᠠ ᠠᠷᠪᠠᠨ ᠨᠠᠢ᠍ᠮᠠᠳᠤᠭ᠋ᠠᠷ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠪᠣᠯ ᠮᠠᠨ᠎ᠤ ᠤᠯᠤᠰ᠎ᠤᠨ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠤᠨ ᠰᠠᠨᠰᠠᠷ᠎ᠤᠨ ᠥᠷᠲᠡᠭᠡ ᠵᠢᠨ ᠬᠡᠷᠡᠭᠯᠡᠯᠲᠡ ᠪᠠ ᠬᠥᠭᠵᠢᠯᠲᠡ ᠵᠢᠨ ᠱᠠᠲᠤᠨ᠎ᠳᠤ ᠣᠷᠣᠭᠰᠠᠨ᠎ᠤ ᠳᠠᠷᠠᠭ᠋ᠠᠬᠢ ᠭᠤᠷᠪᠠᠳᠤᠭ᠋ᠠᠷ ᠤᠳᠠᠭ᠎ᠠ ᠵᠢᠨ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠪᠠᠶ᠋ᠢᠵᠤ᠂ ᠳᠤᠮᠳᠠᠳᠤ ᠤᠯᠤᠰ᠎ᠤᠨ ᠰᠠᠨᠰᠠᠷᠴᠢᠨ᠎ᠤ ᠭᠠᠭᠴᠠ ᠤᠳᠠᠭ᠎ᠠ ᠵᠢᠨ ᠡᠭᠦᠷᠭᠡ᠎ᠳᠤ ᠲᠣᠭᠤᠷᠢᠯᠲᠠ ᠵᠢᠨ ᠵᠠᠮ ᠵᠶ᠋ᠠᠷ ᠦᠷᠭᠦᠯᠵᠢᠯᠡᠨ ᠨᠢᠰᠦᠭᠰᠡᠨ ᠴᠠᠭ᠎ᠤᠨ ᠣᠷᠳᠣ᠂ ᠭᠠᠭᠴᠠ ᠤᠳᠠᠭ᠎ᠠ ᠥᠷᠥᠭᠡ᠎ᠠᠴᠠ ᠭᠠᠷᠴᠤ ᠬᠥᠳᠡᠯᠭᠡᠭᠡᠨ ᠬᠢᠭᠰᠡᠨ ᠴᠠᠭ᠎ᠤᠨ ᠲᠡᠮᠳᠡᠭᠯᠡᠯ᠎ᠢ ᠰᠢᠨᠡᠳᠬᠡᠵᠦ᠂ ᠮᠠᠨ᠎ᠤ ᠤᠯᠤᠰ᠎ᠤᠨ ᠲᠣᠭᠤᠷᠢᠯᠲᠠ ᠵᠢᠨ ᠵᠠᠮ᠎ᠳᠠᠬᠢ ᠤᠰᠤᠨ᠎ᠤ ᠠᠮᠢ ᠠᠬᠤᠢ ᠵᠢᠨ ᠰᠤᠳᠤᠯᠤᠯ᠎ᠤᠨ ᠲᠥᠷᠥᠯ ᠵᠦᠢ᠍ᠯ᠎ᠢ ᠠᠩᠬ᠎ᠠ ᠤᠳᠠᠭ᠎ᠠ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠳᠡᠯᠡᠬᠡᠢ ᠵᠢᠨ ᠠᠩᠬᠠᠳᠠᠭᠴᠢ ᠤᠳᠠᠭ᠎ᠠ ᠵᠢᠨ ᠤᠷᠭᠤᠮᠠᠯ᠎ᠤᠨ ᠡᠰᠢ ᠵᠢᠨ ᠦᠵᠦᠭᠦᠷ᠎ᠤᠨ ᠭᠤᠣᠯ ᠡᠰ᠎ᠤᠨ ᠴᠢᠳᠠᠮᠵᠢ ᠵᠢᠨ ᠲᠣᠭᠤᠷᠢᠯᠲᠠ ᠵᠢᠨ ᠵᠠᠮ᠎ᠳᠠᠬᠢ ᠰᠤᠳᠤᠯᠭ᠋ᠠᠨ᠎ᠢ ᠬᠡᠷᠡᠭᠵᠢᠭᠦᠯᠵᠦ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠰᠢᠨ᠎ᠡ ᠠᠯᠬᠤᠮ᠎ᠢ ᠠᠯᠬᠤᠭᠰᠠᠨ᠎ᠢ ᠬᠠᠷᠠᠭᠤᠯᠵᠤ᠂ ᠮᠠᠨ᠎ᠤ ᠤᠯᠤᠰ᠎ᠤᠨ ᠶᠡᠷᠦᠩᠬᠡᠶ᠋ᠢᠯᠡᠭᠰᠡᠨ ᠤᠯᠤᠰ᠎ᠤᠨ ᠬᠦᠴᠦᠨ ᠪᠠ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭ᠋ᠠᠳᠬᠠᠬᠤ᠂ ᠪᠦᠭᠦ ᠳᠤᠮᠳᠠᠳᠤ ᠵᠢᠨ ᠬᠥᠪᠡᠭᠦᠳ ᠥᠬᠢᠳ᠎ᠤᠨ ᠦᠨᠳᠦᠰᠦᠲᠡᠨ᠎ᠤ ᠢᠲᠡᠭᠡᠯ ᠵᠣᠷᠢᠭ ᠪᠠ ᠣᠮᠣᠭᠰᠢᠯᠲᠤ ᠰᠡᠳᠬᠢᠯᠭᠡ ᠵᠢ ᠤᠯᠠᠮ ᠨᠡᠮᠡᠭᠳᠡᠭᠦᠯᠵᠦ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠂ ᠡᠷᠡᠮᠡᠬᠡᠶ᠋ᠢᠯᠡᠨ ᠤᠷᠤᠭᠰᠢᠯᠠᠬᠤ ᠵᠢ ᠵᠣᠷᠢᠭᠵᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
ᠬᠤᠪᠢᠯᠭ᠋ᠠᠨ ᠣᠩᠭᠤᠴᠠ ᠠᠷᠪᠠᠨ ᠨᠠᠢ᠍ᠮᠠᠳᠤᠭ᠋ᠠᠷ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠤ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠂ ᠰᠠᠨᠰᠠᠷᠴᠢᠨ᠂ ᠺᠠᠳ᠋ᠷ ᠠᠵᠢᠯᠲᠠᠨ᠂ ᠴᠢᠯᠦᠭᠡᠯᠡᠬᠦ ᠴᠡᠷᠢᠭ᠎ᠤᠨ ᠵᠢᠯᠣᠭᠤᠳᠤᠭᠴᠢ ᠪᠠᠶ᠋ᠢᠯᠳᠤᠭᠴᠢ ᠵᠢᠨ ᠤᠶᠤᠨ ᠤᠬᠠᠭ᠋ᠠᠨ ᠪᠠ ᠬᠦᠴᠦ ᠬᠥᠯᠥᠰᠦ ᠰᠢᠩᠭᠡᠵᠦ ᠪᠠᠶ᠋ᠢᠨ᠎ᠠ᠃ ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠍ ᠨᠥᠬᠦᠷ ᠪᠣᠯ ᠲᠡᠳᠡᠨ᠎ᠤ ᠳᠣᠲᠣᠷᠠᠬᠢ ᠭᠠᠷᠮᠠᠭ᠋ᠠᠢ ᠲᠥᠯᠥᠭᠡᠯᠡᠭᠴᠢ ᠪᠣᠯᠣᠨ᠎ᠠ᠂ ᠲᠡᠳᠡ ᠰᠡᠳᠬᠢᠯ ᠰᠢᠭᠤᠳᠤᠨ ᠨᠠᠮ᠎ᠳᠠᠭᠠᠨ ᠵᠢᠳᠬᠦᠵᠦ᠂ ᠡᠬᠡ ᠤᠯᠤᠰ᠎ᠤᠨ ᠵᠶ᠋ᠠᠨ ᠲᠥᠯᠥᠭᠡ ᠵᠢᠳᠬᠦᠵᠦ᠂ ᠡᠷᠡᠮᠡᠬᠡᠶ᠋ᠢᠯᠡᠨ ᠤᠷᠤᠭᠰᠢᠯᠠᠵᠤ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ᠎ᠳᠤ ᠬᠦᠴᠦᠷᠬᠡᠭ ᠶᠡᠭᠡ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠬᠠᠷᠠᠭᠤᠯᠪᠠ᠃ ᠶᠧ ᠭᠤᠸᠠᠩ ᠹᠦ᠋ ᠨᠥᠬᠦᠷ ᠬᠤᠶᠠᠷ ᠵᠢᠯ᠎ᠤᠨ ᠳᠠᠷᠠᠭ᠎ᠠ ᠳᠠᠭᠢᠨ ᠰᠠᠨᠰᠠᠷ᠎ᠲᠤ ᠭᠠᠷᠤᠭᠰᠠᠨ ᠪᠥᠭᠡᠳ ᠵᠢᠭ᠋ᠠᠪᠤᠷᠢ ᠥᠭᠬᠦ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠮᠠᠨ᠎ᠤ ᠤᠯᠤᠰ᠎ᠤᠨ ᠠᠩᠬᠠᠳᠠᠭᠴᠢ ᠨᠡᠶ᠋ᠢᠲᠡ ᠨᠢᠰᠦᠯᠲᠡ ᠵᠢᠨ ᠴᠠᠭ ᠨᠢᠭᠡ ᠵᠢᠯ᠎ᠢ ᠳᠠᠪᠠᠭᠰᠠᠨ ᠰᠠᠨᠰᠠᠷᠴᠢᠨ ᠪᠣᠯᠪᠠ᠃ ᠯᠢ ᠼᠦᠩ ᠨᠥᠬᠦᠷ ᠯᠠᠪᠳᠠᠭᠤᠨ ᠪᠠᠲᠤᠲᠠᠢ ᠪᠣᠯᠪᠠᠰᠤᠷᠠᠵᠤ᠂ ᠰᠢᠷᠭ᠋ᠠᠭᠤ ᠬᠠᠲᠠᠭᠤᠵᠢᠯᠲᠠᠢ ᠳᠠᠪᠲᠠᠨ ᠪᠣᠯᠪᠠᠰᠤᠷᠠᠵᠤ᠂ ᠢᠷᠠᠭᠤ ᠠᠯᠳᠠᠷᠲᠠᠢ᠎ᠪᠠᠷ ᠬᠤᠪᠢᠯᠭ᠋ᠠᠨ ᠣᠩᠭᠤᠴᠠ ᠠᠷᠪᠠᠨ ᠨᠠᠢ᠍ᠮᠠᠳᠤᠭ᠋ᠠᠷ᠎ᠤᠨ ᠨᠢᠰᠦᠯᠲᠡ ᠵᠢᠨ ᠳᠤᠭᠤᠶ᠋ᠢᠯᠠᠩ᠎ᠳᠤ ᠰᠣᠩᠭᠤᠭᠳᠠᠨ ᠣᠷᠣᠵᠤ᠂ ᠡᠭᠦᠷᠭᠡᠯᠡᠭᠰᠡᠨ ᠡᠭᠦᠷᠭᠡ᠎ᠪᠠᠨ ᠭᠠᠷᠮᠠᠭ᠋ᠠᠢ ᠪᠡᠶᠡᠯᠡᠭᠦᠯᠪᠡ᠃ ᠯᠢ ᠭᠤᠸᠠᠩ ᠰᠦ᠍ ᠨᠥᠬᠦᠷ ᠯᠠᠪᠳᠠᠭᠤᠨ ᠲᠣᠭᠲᠠᠭᠤᠨ ᠪᠠᠶ᠋ᠢᠵᠤ᠂ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠵᠦ᠂ ᠠᠩᠬ᠎ᠠ ᠤᠳᠠᠭ᠎ᠠ ᠥᠷᠥᠭᠡᠨ᠎ᠠᠴᠠ ᠭᠠᠷᠤᠮᠠᠭᠴᠠ᠎ᠪᠠᠨ ᠣᠭᠲᠠᠷᠭᠤᠢ ᠵᠢᠨ ᠥᠷᠲᠡᠭᠡᠨ᠎ᠤ ᠣᠭᠲᠠᠷᠭᠤᠢ ᠵᠢᠨ ᠬᠡᠮᠬᠡᠳᠡᠭ ᠬᠡᠮᠬᠡᠷᠬᠡᠢ ᠵᠢ ᠰᠡᠷᠭᠡᠶ᠋ᠢᠯᠡᠨ ᠬᠠᠮᠠᠭ᠋ᠠᠯᠠᠬᠤ ᠲᠣᠨᠣᠭᠯᠠᠯ ᠤᠭᠰᠠᠷᠠᠬᠤ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠪᠡ᠃ ᠲᠡᠳᠡᠨ᠎ᠤ ᠮᠠᠨ᠎ᠤ ᠤᠯᠤᠰ᠎ᠤᠨ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠦᠢ᠍ᠯᠡᠰ᠎ᠲᠤ ᠪᠠᠶ᠋ᠢᠭᠤᠯᠤᠭᠰᠠᠨ ᠭᠠᠷᠮᠠᠭ᠋ᠠᠢ ᠭᠠᠪᠢᠶ᠎ᠠ ᠵᠢᠳᠬᠦᠯ᠎ᠢ ᠬᠥᠬᠢᠭᠦᠯᠦᠨ ᠰᠠᠶ᠋ᠢᠰᠢᠶᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠠᠴᠠ ᠶᠧ ᠭᠤᠸᠠᠩ ᠹᠦ᠋ ᠨᠥᠬᠦᠷ᠎ᠲᠤ 《ᠬᠤᠶᠠᠳᠤᠭ᠋ᠠᠷ ᠳᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠵᠤ᠂ ᠯᠢ ᠼᠦᠩ᠂ ᠯᠢ ᠭᠤᠸᠠᠩ ᠰᠦ᠍ ᠨᠥᠬᠦᠷ᠎ᠲᠤ 《ᠪᠠᠭ᠋ᠠᠲᠤᠷ ᠰᠠᠨᠰᠠᠷᠴᠢᠨ》᠎ᠤ ᠢᠷᠠᠭᠤ ᠠᠯᠳᠠᠷ᠎ᠤᠨ ᠴᠣᠯᠠ ᠣᠯᠭᠤᠬᠤ ᠵᠢᠨ ᠬᠠᠮᠲᠤ 《ᠭᠤᠷᠪᠠᠳᠤᠭ᠋ᠠᠷ ᠳᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠬᠤ᠎ᠪᠠᠷ ᠲᠣᠭᠲᠠᠪᠠ᠃
ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠍ ᠨᠥᠬᠦᠷ ᠪᠣᠯ ᠤᠭ ᠰᠠᠨᠠᠭ᠎ᠠ᠎ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠡᠷᠬᠢᠮ ᠳᠡᠭᠡᠳᠦ ᠦᠢ᠍ᠯᠡᠰ᠎ᠲᠤ ᠠᠮᠢ ᠪᠡᠶ᠎ᠡ᠎ᠪᠠᠨ ᠵᠣᠷᠢᠭᠤᠯᠬᠤ ᠴᠠᠭ ᠦᠶ᠎ᠡ ᠵᠢᠨ ᠬᠤᠰᠢᠭᠤᠴᠢ ᠪᠠᠶ᠋ᠢᠵᠤ᠂ ᠣᠷᠴᠢᠯᠠᠩ᠎ᠢ ᠬᠠᠶ᠋ᠢᠨ ᠰᠦᠪᠡᠭᠴᠢᠯᠡᠬᠦ᠂ ᠰᠠᠨᠰᠠᠷ ᠣᠭᠲᠠᠷᠭᠤᠢ᠎ᠳᠤ ᠬᠦᠰᠡᠯ ᠵᠡᠭᠦᠳᠦ᠎ᠪᠠᠨ ᠲᠡᠷᠭᠡᠯᠰᠢᠭᠦᠯᠬᠦ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠱ᠌ᠢᠶᠡᠴᠢ ᠮᠥᠨ᠃ ᠨᠠᠮ᠎ᠤᠨ ᠲᠥᠪ ᠬᠤᠷᠢᠶ᠎ᠠ᠎ᠠᠴᠠ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠠᠶ᠋ᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠵᠶ᠋ᠠᠷ ᠳᠠᠭᠤᠷᠢᠶᠠᠯ ᠪᠤᠯᠭ᠋ᠠᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠠᠩ ᠨᠢᠭᠲᠠᠷᠠᠨ ᠪᠦᠯᠬᠦᠮᠳᠡᠵᠦ᠂ 《ᠬᠤᠶᠠᠷ ᠪᠥᠮᠪᠦᠭᠡ ᠨᠢᠭᠡ ᠤᠳᠤ》 ᠵᠢᠨ ᠵᠣᠷᠢᠭ ᠰᠠᠨᠠᠭ᠎ᠠ ᠪᠠ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠬᠦᠴᠦᠯᠡᠨ ᠴᠢᠷᠮᠠᠶ᠋ᠢᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠢᠯᠠᠯᠲᠠ ᠵᠢᠨ ᠡᠷᠴᠢᠨ ᠳᠡᠭᠡᠷ᠎ᠡ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ! ᠭᠡᠵᠦ ᠤᠷᠢᠶᠠᠯᠠᠪᠠ᠃