ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠡᠷᠡᠮᠡᠬᠡᠶ᠋ᠢᠯᠡᠨ ᠤᠷᠤᠭᠰᠢᠯᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-03-21

      ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ
      ᠰᠢᠨᠬᠤᠸᠠ ᠬᠤᠷᠢᠶ᠎ᠠ ᠵᠢᠨ ᠺᠦᠨᠮᠢᠩ᠎ᠤᠨ 3 ᠰᠠᠷ᠎ᠠ ᠵᠢᠨ 20᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂  ᠤᠯᠤᠰ᠎ᠤᠨ ᠲᠡᠷᠢᠭᠦᠯᠡᠭᠴᠢ᠂  ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂  ᠶᠦᠨᠨᠠᠨ ᠮᠤᠵᠢ ᠵᠢᠨ᠎ᠬᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢ ᠬᠥᠭᠵᠢᠭᠦᠯᠬᠦ ᠲᠤᠬᠠᠢ ᠨᠠᠮ᠎ᠤᠨ ᠲᠥᠪ ᠬᠤᠷᠢᠶ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠰᠠᠶ᠋ᠢᠲᠤᠷ ᠨᠠᠶ᠋ᠢᠳᠠᠪᠤᠷᠢᠵᠢᠭᠤᠯᠵᠤ᠂  ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂  ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠨ᠂  ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂  ᠦᠵᠡᠯ ᠰᠠᠨᠠᠭ᠎ᠠ᠎ᠪᠠᠨ ᠴᠢᠯᠦᠭᠡᠯᠡᠨ᠂  ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂  ᠡᠷᠡᠮᠡᠬᠡᠶ᠋ᠢᠯᠡᠨ ᠤᠷᠤᠭᠰᠢᠯᠠᠵᠤ᠂  ᠦᠨᠡᠨ ᠬᠦ᠌ ᠠᠳᠬᠤᠨ ᠪᠣᠳᠠᠲᠠᠢ ᠠᠵᠢᠯᠯᠠᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠶᠦᠨᠨᠠᠨ᠎ᠤ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
  1.jpg

      3 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂  ᠤᠯᠤᠰ᠎ᠤᠨ ᠲᠡᠷᠢᠭᠦᠯᠡᠭᠴᠢ᠂  ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠪᠠ᠃  ᠵᠢᠷᠤᠭ ᠪᠣᠯ 19᠎ᠤ ᠦᠳᠡ ᠵᠢᠨ ᠬᠤᠶ᠋ᠢᠨ᠎ᠠ᠂  ᠰᠢ ᠵᠢᠨ ᠫᠢᠩ ᠯᠢᠵᠢᠶᠠᠩ᠎ᠤᠨ ᠤᠳᠤ ᠦᠶ᠎ᠡ ᠵᠢᠨ ᠴᠡᠴᠡᠭ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠰᠠᠷᠭ᠋ᠠᠢ ᠴᠡᠴᠡᠭ ᠲᠠᠷᠢᠬᠤ ᠲᠣᠭᠤᠷᠢᠭ᠎ᠲᠤ ᠲᠤᠬᠠᠢ ᠵᠢᠨ ᠲᠠᠯᠠᠪᠠᠢ ᠵᠢᠨ ᠲᠣᠰᠬᠤᠨ᠎ᠤ ᠠᠷᠠᠳ᠂  ᠮᠡᠷᠭᠡᠵᠢᠯᠲᠡᠨ᠎ᠲᠠᠢ  ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ

      3 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂  ᠰᠢ ᠵᠢᠨ ᠫᠢᠩ ᠶᠦᠨᠨᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠸᠠᠩ ᠨᠢᠩ ᠪᠣᠯᠣᠨ ᠮᠤᠵᠢ ᠵᠢᠨ ᠳᠠᠷᠤᠭ᠎ᠠ ᠸᠠᠩ ᠢᠦᠢ ᠪᠦᠸᠧ ᠵᠢᠨ ᠪᠠᠷ᠎ᠠ ᠪᠤᠯᠤᠯᠭ᠎ᠠ᠎ᠲᠠᠢ᠎ᠪᠠᠷ ᠤᠷᠢᠳ ᠬᠤᠵᠢᠳ ᠯᠢᠵᠢᠶᠠᠩ᠂  ᠺᠦᠨᠮᠢᠩ ᠵᠡᠷᠭᠡ ᠭᠠᠵᠠᠷ᠎ᠲᠤ ᠬᠦᠷᠴᠦ ᠰᠢᠨᠵᠢᠯᠡᠨ ᠪᠠᠶ᠋ᠢᠴᠠᠭ᠋ᠠᠪᠠ᠃
      19᠎ᠤ ᠦᠳᠡ ᠵᠢᠨ ᠬᠤᠶ᠋ᠢᠨ᠎ᠠ᠂  ᠰᠢ ᠵᠢᠨ ᠫᠢᠩ ᠯᠢᠵᠢᠶᠠᠩ᠎ᠤᠨ ᠤᠳᠤ ᠦᠶ᠎ᠡ ᠵᠢᠨ ᠴᠡᠴᠡᠭ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠭᠦᠷᠪᠡ᠃  ᠦᠵᠡᠭᠦᠯᠭᠡ ᠵᠢᠨ ᠲᠢᠩᠬᠢᠮ᠎ᠳᠤ ᠲᠡᠷᠡ ᠰᠠᠷᠭ᠋ᠠᠢ ᠴᠡᠴᠡᠭ᠂  ᠲᠤᠭᠤᠷᠠᠢ   ᠯᠢᠩᠬ᠊ ᠤᠠ᠋  ᠰᠣᠷᠭᠤᠭ ᠴᠡᠴᠡᠭ᠎ᠤᠨ ᠲᠥᠷᠥᠯ ᠵᠦᠢ᠍ᠯ᠎ᠤᠨ ᠦᠵᠡᠭᠦᠯᠭᠡ ᠵᠢ ᠪᠠᠶ᠋ᠢᠴᠠᠭ᠋ᠠᠨ ᠦᠵᠡᠵᠦ᠂  ᠶᠦᠨᠨᠠᠨ᠎ᠤ ᠬᠤᠸᠠᠷ ᠴᠡᠴᠡᠭ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃  ᠰᠠᠷᠭ᠋ᠠᠢ ᠴᠡᠴᠡᠭ ᠲᠠᠷᠢᠬᠤ ᠲᠣᠭᠤᠷᠢᠭ᠎ᠲᠤ ᠲᠡᠷᠡ ᠣᠶᠤᠨᠲᠤ ᠬᠦᠯᠡᠮᠵᠢ᠎ᠳᠤ ᠬᠥᠷᠥᠰᠥ ᠰᠢᠷᠣᠢ ᠦᠭᠡᠢ᠎ᠪᠠᠷ ᠲᠠᠷᠢᠬᠤ ᠮᠡᠷᠭᠡᠵᠢᠯ᠎ᠢ ᠣᠶ᠋ᠢᠯᠠᠭ᠋ᠠᠵᠤ᠂  ᠲᠤᠬᠠᠢ ᠵᠢᠨ ᠲᠠᠯᠠᠪᠠᠢ ᠵᠢᠨ ᠲᠣᠰᠬᠤᠨ᠎ᠤ ᠠᠷᠠᠳ᠂  ᠮᠡᠷᠭᠡᠵᠢᠯᠲᠡᠨ᠎ᠲᠠᠢ ᠳᠣᠲᠣᠨᠣ᠎ᠪᠠᠷ ᠶᠠᠷᠢᠯᠴᠠᠪᠠ᠃  ᠲᠡᠷᠡ ᠪᠠᠰᠠ ᠰᠠᠷᠭ᠋ᠠᠢ ᠴᠡᠴᠡᠭ᠎ᠢ ᠲᠠᠰ ᠬᠤᠪᠢᠶᠠᠨ ᠪᠣᠭᠤᠳᠠᠯᠯᠠᠬᠤ ᠦᠢ᠍ᠯᠡᠳᠪᠦᠷᠢᠯᠡᠯ᠎ᠤᠨ ᠱᠤᠭᠤᠮ᠎ᠳᠤ ᠬᠦᠷᠴᠦ᠂  ᠰᠢᠭᠰᠢᠨ ᠰᠣᠩᠭᠤᠬᠤ᠂  ᠲᠠᠰ ᠬᠤᠪᠢᠶᠠᠨ ᠪᠣᠭᠤᠳᠠᠯᠯᠠᠬᠤ᠂  ᠪᠠᠷᠠᠭ᠎ᠠ ᠶᠠᠪᠤᠭᠤᠯᠬᠤ ᠪᠦᠭᠦ ᠶᠠᠪᠤᠴᠠ ᠵᠢ ᠪᠠᠶ᠋ᠢᠴᠠᠭ᠋ᠠᠨ ᠦᠵᠡᠵᠦ᠂  ᠰᠣᠷᠭᠤᠭ ᠴᠡᠴᠡᠭ᠎ᠢ ᠪᠠᠷᠠᠭ᠋ᠠᠨ᠎ᠤ ᠭᠦᠢ᠍ᠯᠭᠡᠭᠡ᠎ᠪᠠᠷ ᠳᠠᠮᠵᠢᠨ ᠴᠠᠭ ᠲᠤᠬᠠᠢ᠎ᠳᠤᠨᠢ ᠭᠠᠳᠠᠭᠰᠢ ᠪᠣᠷᠣᠯᠠᠭᠤᠯᠵᠤ ᠪᠠᠶ᠋ᠢᠬᠤ ᠵᠢ ᠨᠤᠲᠠᠯᠠᠵᠤ ᠪᠠᠶ᠋ᠢᠬᠤ᠎ᠪᠠᠨ ᠢᠯᠡᠳᠬᠡᠵᠡᠢ᠃  ᠰᠢ ᠵᠢᠨ ᠫᠢᠩ᠂  ᠶᠦᠨᠨᠠᠨ᠎ᠤ ᠴᠡᠴᠡᠭ᠎ᠤᠨ ᠠᠵᠤ ᠦᠢ᠍ᠯᠡᠰ᠎ᠤᠨ ᠠᠯᠤᠰ ᠢᠷᠡᠭᠡᠳᠦᠢ ᠥᠷᠭᠡᠨ ᠠᠭᠤᠳᠠᠮ ᠪᠠᠶ᠋ᠢᠨ᠎ᠠ᠃  ᠪᠦᠭᠦ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠲᠠᠷᠢᠮᠠᠯ᠎ᠤᠨ ᠦᠢ᠍ᠯᠡᠰ᠎ᠤᠨ ᠦᠵᠦᠭᠦᠷᠯᠢᠭ᠂  ᠲᠠᠷᠢᠮᠠᠯ᠎ᠤᠨ ᠦᠵᠦᠭᠦᠷᠯᠢᠭ᠂  ᠵᠠᠬ᠎ᠠ ᠳᠡᠯᠭᠡᠭᠦᠷ᠎ᠤᠨ ᠦᠵᠦᠭᠦᠷᠯᠢᠭ᠎ᠠᠴᠠ ᠲᠠᠰᠤᠷᠠᠯᠳᠠ ᠦᠭᠡᠢ ᠭᠦᠨᠵᠡᠭᠡᠶ᠋ᠢᠷᠡᠨ ᠨᠠᠷᠢᠯᠢᠭ ᠠᠵᠢᠯᠯᠠᠵᠤ᠂  ᠡᠨᠡ ᠬᠦ᠌ 《ᠦᠵᠡᠰᠬᠦᠯᠡᠩᠲᠦ ᠰᠠᠶ᠋ᠢᠬᠠᠨ ᠠᠵᠤ ᠦᠢ᠍ᠯᠡᠰ》᠎ᠢ ᠤᠯᠠᠨ ᠲᠦᠮᠡᠨ᠎ᠳᠤ ᠪᠤᠶᠠᠨ ᠦᠢ᠍ᠯᠡᠳᠬᠦ 《ᠵᠣᠯ ᠵᠢᠷᠭ᠋ᠠᠯᠲᠤ ᠠᠵᠤ ᠦᠢ᠍ᠯᠡᠰ》 ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    2.jpg

      3 ᠰᠠᠷ᠎ᠠ ᠵᠢᠨ 19᠎ᠠᠴᠠ 20᠎ᠤ ᠡᠳᠦᠷ ᠪᠤᠯᠲᠠᠯ᠎ᠠ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂  ᠤᠯᠤᠰ᠎ᠤᠨ ᠲᠡᠷᠢᠭᠦᠯᠡᠭᠴᠢ᠂  ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠦᠨᠨᠠᠨ᠎ᠳᠤ ᠰᠢᠨᠵᠢᠯᠡᠨ ᠪᠠᠶ᠋ᠢᠴᠠᠭ᠋ᠠᠪᠠ᠃  ᠵᠢᠷᠤᠭ ᠪᠣᠯ 19᠎ᠤ ᠦᠳᠡ ᠵᠢᠨ ᠬᠤᠶ᠋ᠢᠨ᠎ᠠ᠂  ᠰᠢ ᠵᠢᠨ ᠫᠢᠩ ᠯᠢᠵᠢᠶᠠᠩ᠎ᠤᠨ ᠡᠷᠲᠡᠨ᠎ᠤ ᠬᠤᠲᠠ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ

      ᠯᠢᠵᠢᠶᠠᠩ᠎ᠤᠨ ᠡᠷᠲᠡᠨ᠎ᠤ ᠬᠤᠲᠠ 800 ᠭᠠᠷᠤᠢ ᠵᠢᠯ᠎ᠤᠨ ᠲᠡᠦᠬᠡ᠎ᠲᠠᠢ ᠪᠠᠶ᠋ᠢᠵᠤ᠂  ᠳᠡᠯᠡᠬᠡᠢ ᠵᠢᠨ  ᠰᠣᠶᠣᠯ᠎ᠤᠨ ᠥᠪ᠎ᠤᠨ ᠨᠡᠷᠡᠰ᠎ᠲᠤ ᠵᠢᠭᠰᠠᠭ᠋ᠠᠭᠳᠠᠪᠠ᠃  ᠨᠢᠭᠡ ᠤᠳᠠᠭ᠋ᠠᠨ᠎ᠤ ᠬᠠᠪᠤᠷ᠎ᠤᠨ ᠴᠠᠰᠤᠨ᠎ᠤ ᠳᠠᠷᠠᠭ᠎ᠠ ᠯᠢᠵᠢᠶᠠᠩ᠎ᠳᠤ ᠵᠢᠭᠤᠯᠴᠢᠯᠠᠬᠤ ᠬᠥᠮᠥᠰ ᠣᠯᠠᠰᠢᠷᠠᠪᠠ᠃  ᠰᠢ ᠵᠢᠨ ᠫᠢᠩ ᠠᠳᠡ ᠡᠷᠲᠡᠨ᠎ᠤ ᠬᠤᠳᠠ ᠵᠢ ᠪᠠᠶ᠋ᠢᠭᠤᠯᠤᠭᠰᠠᠨ ᠲᠡᠦᠬᠡ᠂  ᠨᠠᠰᠢ ᠦᠨᠳᠦᠰᠦᠲᠡᠨ᠎ᠤ ᠠᠷᠠᠳ᠎ᠤᠨ ᠰᠠᠭᠤᠴᠠ ᠵᠢᠨ ᠣᠨᠴᠠᠯᠢᠭ ᠪᠣᠯᠣᠨ ᠲᠤᠬᠠᠢ ᠵᠢᠨ ᠭᠠᠵᠠᠷ᠎ᠤᠨ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠭᠰᠠᠨ ᠪᠠᠶ᠋ᠢᠳᠠᠯ᠂  ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠭᠰᠠᠨ ᠪᠠᠶ᠋ᠢᠳᠠᠯ ᠵᠡᠷᠭᠡ ᠵᠢ ᠨᠠᠷᠢᠨ ᠣᠶ᠋ᠢᠯᠠᠭ᠋ᠠᠪᠠ᠃  ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ᠎ᠲᠠᠢ ᠠᠭᠤᠯᠵᠠᠭ᠋ᠠᠳ ᠲᠤᠶ᠋ᠢᠯ ᠵᠶ᠋ᠠᠷ ᠪᠠᠶᠠᠷᠯᠠᠵᠤ᠂  ᠪᠤᠯᠢᠶᠠᠯᠳᠤᠨ ᠮᠡᠨᠳᠦᠴᠢᠯᠡᠵᠦ᠂  ᠵᠠᠷᠢᠮ᠎ᠨᠢ ᠪᠠᠰᠠ ᠬᠥᠭᠵᠢᠮ ᠬᠥᠭᠵᠢᠮᠳᠡᠵᠦ᠂  ᠳᠠᠭᠤᠯᠠᠨ ᠪᠥᠵᠢᠭᠯᠡᠵᠦ ᠶᠡᠷᠦᠩᠬᠡᠢ ᠱᠦᠵᠢ ᠵᠢ ᠤᠭᠲᠤᠪᠠ᠃  ᠰᠢ ᠵᠢᠨ ᠫᠢᠩ ᠤᠯᠠᠨ᠎ᠲᠠᠢ ᠪᠠᠶ᠋ᠢᠨ ᠪᠠᠶ᠋ᠢᠨ ᠰᠠᠨᠠᠯ ᠵᠶ᠋ᠠᠨ ᠰᠣᠯᠢᠯᠴᠠᠵᠤ᠂  ᠬᠤᠳᠠᠯᠳᠤᠭ᠋ᠠᠨ᠎ᠤ ᠳᠡᠯᠭᠡᠭᠦᠷ᠎ᠤᠨ ᠡᠵᠡᠩᠨᠡᠯᠲᠡ ᠵᠢᠨ ᠪᠠᠶ᠋ᠢᠳᠠᠯ ᠪᠣᠯᠣᠨ ᠵᠢᠭᠤᠯᠴᠢᠯᠠᠬᠰᠠᠳ᠎ᠤᠨ ᠲᠥᠷᠥᠭᠳᠡᠯ᠎ᠢ ᠣᠶ᠋ᠢᠯᠠᠭ᠋ᠠᠪᠠ᠃  ᠲᠡᠷᠡ ᠲᠤᠬᠠᠢ ᠵᠢᠨ ᠭᠠᠵᠠᠷ᠎ᠤᠨ᠎ᠬᠢᠨ ᠬᠠᠮᠠᠭ᠋ᠠᠯᠠᠯᠲᠠ ᠪᠠ ᠬᠥᠭᠵᠢᠯᠲᠡ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂  ᠡᠨᠡ ᠬᠦ᠌ ᠦᠵᠡᠰᠬᠦᠯᠡᠩᠲᠦ ᠰᠠᠶ᠋ᠢᠬᠠᠨ ᠡᠷᠲᠡᠨ᠎ᠤ ᠬᠤᠲᠠ ᠵᠢᠨ ᠰᠢᠨ᠎ᠡ ᠭᠡᠷᠡᠯ ᠭᠢᠯᠪᠠᠭ᠎ᠠ ᠵᠢ ᠰᠠᠴᠤᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
      ᠡᠷᠲᠡᠨ᠎ᠤ ᠬᠤᠳᠠ ᠵᠢᠨ ᠳᠣᠲᠣᠷᠠᠬᠢ ᠮᠦ᠍ ᠣᠪᠣᠭᠲᠤ ᠵᠢᠨ ᠠᠶ᠋ᠢᠮᠠᠭ᠎ᠤᠨ ᠠᠬᠠᠯᠠᠭᠴᠢ ᠵᠢᠨ ᠣᠷᠳᠣᠨ᠎ᠤ ᠶᠠᠮᠤᠨ᠎ᠨᠢ ᠪᠠᠷᠠᠭᠤᠨ ᠡᠮᠦᠨᠡᠲᠦ ᠣᠷᠣᠨ᠎ᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠵᠢ ᠭᠡᠷᠡᠴᠢᠯᠡᠵᠡᠢ᠃  ᠰᠢ ᠵᠢᠨ ᠫᠢᠩ ᠮᠦ᠍ ᠣᠪᠣᠭᠲᠤ ᠵᠢᠨ ᠠᠶ᠋ᠢᠮᠠᠭ᠎ᠤᠨ ᠠᠬᠠᠯᠠᠭᠴᠢ ᠵᠢᠨ ᠣᠷᠳᠣᠨ᠎ᠤ ᠭᠤᠣᠯ ᠪᠠᠷᠢᠯᠭ᠎ᠠ ᠵᠢ ᠪᠠᠶ᠋ᠢᠴᠠᠭ᠋ᠠᠨ ᠦᠵᠡᠵᠦ᠂  ᠨᠠᠰᠢ ᠦᠨᠳᠦᠰᠦᠲᠡᠨ᠎ᠤ ᠳ᠋ᠦᠩᠪᠠ ᠵᠢᠨ ᠰᠣᠶᠣᠯ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠤᠨ ᠦᠵᠡᠭᠦᠯᠭᠡ ᠵᠢ ᠲᠣᠭᠤᠷᠢᠨ ᠦᠵᠡᠪᠡ᠃  ᠲᠡᠷᠡ᠂  ᠮᠦ᠍ ᠣᠪᠣᠭᠲᠤ ᠵᠢᠨ ᠠᠶ᠋ᠢᠮᠠᠭ᠎ᠤᠨ ᠠᠬᠠᠯᠠᠭᠴᠢ ᠵᠢᠨ ᠣᠷᠳᠣᠨ ᠮᠡᠲᠦ ᠵᠢᠨ ᠴᠢᠬᠤᠯᠠ ᠰᠣᠶᠣᠯ᠎ᠤᠨ ᠪᠡᠯᠭᠡ ᠲᠡᠮᠳᠡᠭ᠎ᠢ ᠰᠠᠶ᠋ᠢᠲᠤᠷ ᠬᠠᠮᠠᠭ᠋ᠠᠯᠠᠨ ᠠᠰᠢᠭᠯᠠᠵᠤ᠂  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠠᠶ᠋ᠢᠲᠤᠷ ᠬᠠᠮᠠᠭ᠋ᠠᠯᠠᠨ ᠵᠠᠯᠭ᠋ᠠᠮᠵᠢᠯᠠᠵᠤ᠂  ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠬᠠᠮᠰᠠᠷ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠥᠲᠥᠯᠥᠨ ᠵᠢᠯᠤᠭᠤᠳᠴᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠠᠶᠠᠷᠯᠠᠬᠤ ᠦᠶ᠎ᠡ᠎ᠳᠤ ᠮᠠᠰᠢ ᠤᠯᠠᠨ ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ ᠱᠦᠵᠢ ᠵᠢ ᠦᠳᠡᠨ ᠮᠣᠷᠳᠠᠭᠤᠯᠵᠠᠢ᠃  ᠰᠢ ᠵᠢᠨ ᠫᠢᠩ ᠤᠯᠠᠨ᠎ᠢ ᠵᠣᠷᠢᠭᠵᠢᠭᠤᠯᠵᠤ᠂  ᠯᠢᠵᠢᠶᠠᠩ᠎ᠳᠤ ᠦᠵᠡᠰᠬᠦᠯᠡᠩᠲᠦ ᠰᠠᠶ᠋ᠢᠬᠠᠨ ᠦᠵᠡᠮᠵᠢ᠎ᠲᠠᠢ᠂  ᠥᠪᠡᠷᠮᠢᠴᠡ ᠣᠨᠴᠠᠯᠢᠭᠲᠤ ᠰᠣᠶᠣᠯ᠎ᠲᠠᠢ᠂  ᠥᠨᠳᠥᠷ ᠮᠠᠨᠳᠤᠭᠰᠠᠨ ᠨᠡᠷ᠎ᠡ ᠠᠯᠳᠠᠷ᠎ᠲᠠᠢ᠂  ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠵᠠᠮ᠎ᠢ ᠨᠡᠭᠡᠭᠡᠵᠦ ᠴᠢᠳᠠᠨ᠎ᠠ ᠭᠡᠪᠡ᠃  ᠲᠡᠷᠡ ᠯᠢᠵᠢᠶᠠᠩ᠎ᠤᠨ ᠠᠷᠠᠳ ᠲᠦᠮᠡᠨ᠎ᠤ ᠠᠮᠢᠳᠤᠷᠠᠯ᠎ᠢ ᠨᠠᠰᠢ ᠦᠨᠳᠦᠰᠦᠲᠡᠨ᠎ᠤ 《ᠾᠧ》 ᠣᠪᠣᠭ ᠮᠡᠲᠦ᠂  ᠵᠣᠯ ᠵᠢᠷᠭ᠋ᠠᠯᠲᠠᠢ ᠠᠮᠤᠷ ᠠᠮᠤᠭᠤᠯᠠᠩ᠂  ᠡᠶ᠎ᠡ ᠨᠠᠶ᠋ᠢᠷᠠᠮᠳᠠᠭᠤ ᠪᠠᠶ᠋ᠢᠭ᠋ᠠᠰᠠᠢ ᠭᠡᠵᠦ ᠵᠥᠩᠨᠡᠪᠡ᠃
      20᠎ᠤ ᠦᠳᠡ ᠵᠢᠨ ᠡᠮᠦᠨ᠎ᠡ᠂  ᠰᠢ ᠵᠢᠨ ᠫᠢᠩ ᠶᠦᠨᠨᠠᠨ ᠮᠤᠵᠢ ᠵᠢᠨ ᠨᠠᠮ᠎ᠤᠨ ᠬᠤᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂  ᠶᠦᠨᠨᠠᠨ᠎ᠤ ᠡᠯ᠎ᠡ ᠲᠠᠯ᠎ᠠ ᠵᠢᠨ᠎ᠬᠢᠨ᠎ᠤ ᠣᠯᠣᠭᠰᠠᠨ ᠠᠮᠵᠢᠯᠲᠠ ᠪᠦᠲᠦᠮᠵᠢ ᠵᠢ ᠨᠤᠲᠠᠯᠠᠵᠤ᠂  ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃
      ᠰᠢ ᠵᠢᠨ ᠫᠢᠩ᠂  ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠭᠤᠣᠯᠳᠠᠯᠭ᠎ᠠ᠎ᠲᠠᠢ ᠠᠵᠢᠯ ᠮᠥᠨ᠃  ᠡᠯ᠎ᠡ ᠭᠠᠵᠠᠷ᠎ᠤᠨ ᠡᠬᠢ ᠪᠠᠶᠠᠯᠢᠭ᠎ᠤᠨ ᠬᠡᠮᠵᠢᠶ᠎ᠡ᠂  ᠰᠠᠭᠤᠷᠢ ᠨᠥᠬᠦᠴᠡᠯ ᠵᠡᠷᠭᠡ᠎ᠨᠢ ᠠᠳᠠᠯᠢ ᠪᠤᠰᠤ ᠪᠠᠶ᠋ᠢᠵᠤ᠂  ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠳᠬᠤᠬᠤ᠎ᠳᠤ ᠪᠣᠳᠠᠲᠠᠢ᠎ᠠᠴᠠ ᠡᠭᠦᠰᠴᠦ᠂  ᠠᠵᠤ ᠠᠬᠤᠢ ᠵᠢᠨ ᠵᠢᠮ᠎ᠡ ᠶᠣᠰᠣ ᠵᠢ ᠵᠢᠷᠤᠮᠯᠠᠵᠤ᠂  ᠥᠪᠡᠷ᠎ᠤᠨ ᠣᠨᠴᠠᠯᠢᠭ ᠵᠶ᠋ᠠᠨ ᠳᠣᠪᠤᠶ᠋ᠢᠯᠭ᠋ᠠᠬᠤ ᠬᠡᠷᠡᠭᠲᠡᠢ᠃  ᠶᠦᠨᠨᠠᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠤᠳᠤᠷᠢᠳᠤᠮᠵᠢ ᠪᠣᠯᠭ᠋ᠠᠨ ᠡᠬᠢ ᠪᠠᠶᠠᠯᠢᠭ᠎ᠤᠨ ᠭᠡᠯᠪᠡᠷᠢ ᠵᠢᠨ ᠠᠵᠤ ᠦᠢ᠍ᠯᠡᠰ᠎ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭ᠋ᠠᠶ᠋ᠢᠷᠠᠭᠤᠯᠵᠤ᠂  ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠬᠦ ᠬᠡᠷᠡᠭᠲᠡᠢ᠃  ᠥᠨᠳᠦᠷᠯᠢᠭ᠎ᠤᠨ ᠣᠨᠴᠠᠯᠢᠭᠲᠤ ᠲᠠᠷᠢᠶᠠᠯᠠᠩ ᠪᠣᠯᠣᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠲᠦᠷᠭᠡᠨ ᠬᠥᠭᠵᠢᠭᠦᠯᠵᠦ᠂  ᠠᠵᠤ ᠦᠢ᠍ᠯᠡᠰ᠎ᠤᠨ ᠦᠷᠳᠡᠭ᠎ᠢ ᠨᠡᠮᠡᠭᠳᠡᠭᠦᠯᠬᠦ᠂  ᠠᠵᠤ ᠠᠬᠤᠶ᠋ᠢᠯᠠᠯ᠎ᠤᠨ ᠦᠷ᠎ᠡ ᠠᠰᠢᠭ᠎ᠢ ᠨᠡᠮᠡᠭᠳᠡᠭᠦᠯᠬᠦ᠂  ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃  ᠠᠰᠢᠭ ᠲᠤᠰᠠ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠢᠳᠡᠪᠬᠢᠲᠡᠢ ᠰᠦᠪᠡᠭᠴᠢᠯᠡᠵᠦ᠂  ᠠᠵᠤ ᠦᠢ᠍ᠯᠡᠰ᠎ᠤᠨ ᠱᠠᠲᠤᠴᠢ ᠰᠢᠯᠵᠢᠯᠲᠡ ᠵᠢ ᠡᠮᠬᠢ ᠵᠢᠷᠤᠮ᠎ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂  ᠶᠦᠨᠨᠠᠨ᠎ᠤ ᠣᠷᠣᠨ ᠪᠠᠶ᠋ᠢᠷᠢ ᠵᠢᠨ ᠨᠥᠬᠦᠴᠡᠯ ᠥᠪᠡᠷᠮᠢᠴᠡ ᠪᠠᠶ᠋ᠢᠵᠤ᠂  ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠢᠳᠡᠪᠬᠢᠲᠡᠢ ᠠᠬᠢᠭᠤᠯᠵᠤ᠂  ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ᠎ᠳᠤ ᠬᠠᠨᠳᠤᠭᠤᠯᠤᠭᠰᠠᠨ ᠨᠥᠯᠥᠭᠡᠯᠡᠨ ᠳᠠᠶ᠋ᠢᠴᠢᠯᠠᠬᠤ ᠲᠥᠪ᠎ᠢ ᠪᠦᠲᠦᠭᠡᠨ ᠪᠠᠶ᠋ᠢᠭᠤᠯᠬᠤ ᠬᠡᠷᠡᠭᠲᠡᠢ᠃  ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠵᠤ᠂  ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ᠂  ᠡᠨᠧᠷᠭᠢ᠂  ᠲᠣᠭ᠋ᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂  ᠡᠯ᠎ᠡ ᠲᠦᠷᠦᠯ᠎ᠤᠨ ᠨᠡᠭᠡᠭᠡᠯᠲᠡᠲᠤ ᠲᠠᠪᠴᠠᠩ᠎ᠢ ᠠᠵᠤ ᠠᠬᠤᠢ ᠵᠢᠨ ᠬᠥᠭᠵᠢᠯᠲᠡ ᠵᠢᠨ ᠨᠡᠮᠡᠭᠳᠡᠯ᠎ᠤᠨ ᠴᠡᠭ ᠪᠤᠯᠭ᠋ᠠᠬᠤ ᠬᠡᠷᠡᠭᠲᠡᠢ᠃  ᠡᠷᠭᠢᠨ ᠲᠣᠭᠤᠷᠢᠨ᠎ᠤ ᠤᠯᠤᠰ᠎ᠯᠤᠭ᠎ᠠ ᠵᠢᠨ ᠠᠵᠤ ᠠᠬᠤᠢ᠂  ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠂  ᠴᠢᠳᠠᠪᠤᠷᠢᠲᠠᠨ᠂  ᠡᠮᠴᠢᠯᠡᠭᠡ᠂  ᠰᠣᠶᠣᠯ ᠵᠡᠷᠭᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠰᠠᠶ᠋ᠢᠨ ᠣᠯᠣᠯᠲᠠ ᠲᠥᠷᠥᠭᠳᠡᠯ᠎ᠲᠠᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠂  ᠶᠦᠨᠨᠠᠨ᠎ᠤ ᠠᠮᠢ ᠠᠬᠤᠢ ᠵᠢᠨ ᠪᠠᠶ᠋ᠢᠷᠢ ᠰᠠᠭᠤᠷᠢ ᠴᠢᠬᠤᠯᠠ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂  ᠪᠣᠬᠢᠷᠳᠤᠯ ᠦᠭᠡᠢ ᠬᠥᠭᠵᠢᠭᠦᠯᠬᠦ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂  ᠮᠠᠨ᠎ᠤ ᠤᠯᠤᠰ᠎ᠤᠨ ᠪᠠᠷᠠᠭᠤᠨ ᠡᠮᠦᠨᠡᠲᠦ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ᠃  ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠤᠯᠭ᠋ᠠᠬᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠦᠷᠢᠨᠰᠢᠭᠦᠯᠵᠦ᠂  ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠪᠠ ᠰᠡᠷᠭᠦᠭᠡᠯᠲᠡ ᠵᠢ ᠴᠢᠩᠭ᠋ᠠᠳᠬᠠᠵᠤ᠂  ᠬᠠᠶ᠋ᠢᠷ ᠴᠢᠯᠠᠭᠤᠵᠢᠬᠤ᠂  ᠬᠥᠷᠥᠰᠥ ᠰᠢᠷᠣᠢ ᠵᠢᠨ ᠢᠳᠡᠭᠳᠡᠯ ᠵᠢᠴᠢ ᠵᠢᠵᠢᠭ ᠰᠠᠪᠠ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠯᠲᠠ ᠵᠢ ᠦᠷᠭᠦᠯᠵᠢᠯᠡᠨ ᠥᠷᠨᠢᠭᠦᠯᠬᠦ ᠬᠡᠷᠡᠭᠲᠡᠢ᠃  ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠬᠡᠷᠡᠭᠴᠡᠭᠡ ᠵᠢᠨ ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠵᠣᠯᠭ᠋ᠠᠭᠤᠯᠬᠤ ᠵᠢ ᠴᠢᠩᠭ᠋ᠠᠳᠬᠠᠵᠤ᠂  ᠭᠤᠣᠯᠳᠠᠯᠭ᠎ᠠ᠎ᠲᠠᠢ ᠬᠦᠷᠢᠶᠡᠨ᠎ᠤ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠠ ᠭᠤᠣᠯᠳᠠᠯᠭ᠎ᠠ᠎ᠲᠠᠢ ᠨᠠᠭᠤᠷ ᠴᠥᠭᠦᠷᠥᠮ᠎ᠤᠨ ᠣᠷᠴᠢᠨ ᠲᠣᠭᠤᠷᠢᠨ᠎ᠤ ᠵᠠᠰᠠᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂  ᠶᠦᠨᠨᠠᠨ᠎ᠳᠤ ᠦᠨᠳᠦᠰᠦᠲᠡᠨ ᠤᠯᠠᠨ᠂  ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠵᠠᠰᠠᠯᠲᠠ ᠵᠢ ᠴᠢᠩᠭ᠋ᠠᠳᠬᠠᠵᠤ᠂  ᠦᠨᠳᠦᠰᠦᠲᠡᠨ᠎ᠨᠦᠭᠦᠳ᠎ᠤᠨ ᠪᠦᠭᠦ ᠲᠠᠯ᠎ᠠ᠎ᠪᠠᠷ ᠠᠭᠤᠰᠤᠯᠴᠠᠬᠤ ᠦᠢ᠍ᠯᠡᠳᠦᠯᠭᠡ ᠵᠢᠨ ᠠᠷᠭ᠎ᠠ ᠵᠠᠮ᠎ᠢ ᠥᠷᠭᠡᠳᠬᠡᠵᠦ᠂  ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂  ᠦᠨᠳᠦᠰᠦᠲᠡᠨ᠎ᠤ ᠪᠦᠯᠬᠦᠮᠳᠡᠯ᠂  ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠂  ᠨᠠᠮ᠎ᠤᠨ ᠤᠳᠤᠷᠢᠳᠤᠯᠭ᠎ᠠ ᠪᠣᠯ ᠠᠵᠢᠯ ᠦᠢ᠍ᠯᠡᠰ᠎ᠤᠨ ᠬᠥᠭᠵᠢᠯᠲᠡ ᠵᠢᠨ ᠦᠨᠳᠦᠰᠦᠨ ᠪᠠᠲᠤᠯᠠᠭ᠎ᠠ ᠮᠥᠨ᠃  ᠨᠢᠭᠡ ᠭᠠᠵᠠᠷ ᠣᠷᠣᠨ᠎ᠤ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠶ᠋ᠢᠭᠤᠯᠤᠯᠲᠠ ᠵᠢᠨ ᠲᠦᠪᠰᠢᠨ ᠥᠨᠳᠥᠷ ᠪᠠᠶ᠋ᠢᠬᠤ ᠡᠰᠡᠬᠦ ᠵᠢ ᠦᠵᠡᠬᠦ᠎ᠳᠤ ᠤᠯᠤᠰ ᠲᠦᠷᠦ ᠵᠢᠨ ᠠᠮᠢ ᠠᠬᠤᠢ ᠰᠠᠶ᠋ᠢᠨ ᠪᠠᠶ᠋ᠢᠬᠤ ᠡᠰᠡᠬᠦ ᠵᠢ ᠦᠵᠡᠬᠦ ᠪᠣᠯ ᠨᠢᠭᠡ ᠴᠢᠬᠤᠯᠠ ᠲᠠᠯ᠎ᠠ ᠪᠣᠯᠣᠨ᠎ᠠ᠃  ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂  ᠣᠪᠣᠷ ᠰᠤᠷᠲᠠᠯ᠎ᠨᠢ ᠲᠥᠪ ᠴᠢᠬᠡᠴᠢ᠂  ᠲᠥᠪ ᠭᠤᠣᠯᠴᠢ᠎ᠪᠠᠷ ᠠᠵᠢᠯᠯᠠᠵᠤ᠂  ᠲᠤᠰ ᠪᠡᠶ᠎ᠡ ᠵᠢᠨ ᠵᠢᠱ᠌ᠢᠶᠡᠴᠢ ᠠᠵᠢᠯᠯᠠᠭ᠎ᠠ᠎ᠪᠠᠷ ᠵᠶ᠋ᠠᠨ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠭᠦᠯᠬᠦ ᠵᠢ ᠠᠬᠢᠭᠤᠯᠬᠤ ᠬᠡᠷᠡᠭᠲᠡᠢ᠃  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠭᠡᠰᠢᠭᠦᠨ᠂  ᠺᠠᠳ᠋ᠷᠴᠤᠳ᠎ᠤᠨ ᠬᠥᠮᠦᠵᠢᠯ ᠬᠠᠮᠢᠶᠠᠷᠤᠯᠲᠠ᠎ᠪᠠᠨ ᠴᠢᠩᠭ᠋ᠠᠳᠬᠠᠵᠤ᠂  ᠳᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠵᠥᠷᠢᠴᠡᠭᠰᠡᠨ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂  ᠭᠠᠵᠢᠭᠤ ᠰᠤᠷᠲᠠᠯ᠎ᠢ ᠵᠠᠬ᠎ᠠ ᠳᠡᠯᠭᠡᠭᠦᠷ ᠦᠭᠡᠢ ᠪᠤᠯᠭ᠋ᠠᠬᠤ ᠬᠡᠷᠡᠭᠲᠡᠢ᠃  ᠨᠠᠮ᠎ᠤᠨ ᠲᠥᠪ ᠬᠤᠷᠢᠶ᠎ᠠ᠎ᠠᠴᠠ ᠪᠦᠭᠦ ᠨᠠᠮ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠨᠢᠭᠡᠨᠲᠡ ᠪᠠᠶ᠋ᠢᠷᠢᠯᠠᠭᠤᠯᠵᠠᠢ᠂  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂  ᠺᠠᠳ᠋ᠷᠴᠤᠳ ᠰᠤᠷᠤᠯᠴᠠᠯᠭ᠎ᠠ ᠬᠥᠮᠦᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠲᠤᠯᠭ᠋ᠠᠮ ᠰᠡᠳᠬᠢᠯᠭᠡ᠎ᠪᠠᠨ ᠤᠬᠠᠮᠰᠠᠷ᠎ᠠᠴᠠ᠎ᠪᠠᠨ ᠴᠢᠩᠭ᠋ᠠᠳᠬᠠᠵᠤ᠂  ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠳᠠᠯ ᠡᠭᠦᠷᠭᠡ᠎ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠠᠨ ᠡᠳᠡᠭᠡᠷ ᠵᠢᠯ᠎ᠤᠨ ᠲᠤᠷᠰᠢᠬᠢ ᠰᠤᠷᠲᠠᠯ᠎ᠤᠨ ᠪᠠᠶ᠋ᠢᠭᠤᠯᠤᠯᠲᠠ ᠵᠢ ᠠᠳᠬᠤᠭᠰᠠᠨ ᠪᠣᠳᠠᠲᠠᠢ ᠦᠢ᠍ᠯᠡᠳᠦᠯᠭᠡ᠎ᠲᠠᠢ ᠤᠶᠠᠯᠳᠤᠭᠤᠯᠵᠤ᠂  ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠨᠡᠪᠲᠡ ᠣᠶ᠋ᠢᠯᠠᠭ᠋ᠠᠵᠤ᠂  ᠬᠤᠯᠪᠣᠭᠳᠠᠯ ᠪᠦᠬᠦᠢ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ ᠲᠣᠭᠲᠠᠭ᠋ᠠᠯ᠎ᠢ ᠡᠵᠡᠮᠳᠡᠨ᠂  ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ᠂  ᠲᠥᠪᠯᠡᠷᠡᠭᠦᠯᠦᠨ ᠴᠡᠭᠴᠡᠯᠡᠨ ᠵᠠᠰᠠᠬᠤ᠎ᠳᠤ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠪᠠᠲᠤ ᠲᠠᠯᠪᠢᠬᠤ ᠬᠡᠷᠡᠭᠲᠡᠢ᠃  ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠢᠯᠵᠢᠷᠡᠯ᠎ᠢ ᠡᠰᠡᠷᠭᠦᠴᠡᠬᠦ ᠵᠢ ᠨᠠᠪᠲᠠᠷᠡᠭᠦᠯᠵᠦ᠂  ᠥᠷᠭᠡᠨ ᠤᠯᠠᠨ ᠨᠠᠮ᠎ᠤᠨ ᠭᠡᠰᠢᠭᠦᠨ᠂  ᠺᠠᠳ᠋ᠷᠴᠤᠳ᠎ᠤᠨ ᠤᠬᠠᠮᠰᠠᠷ᠎ᠠᠴᠠ᠎ᠪᠠᠨ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠵᠤ᠂  ᠵᠣᠷᠢᠭᠲᠠᠢ᠎ᠪᠠᠷ ᠠᠵᠢᠯ ᠬᠢᠵᠦ ᠦᠢ᠍ᠯᠡᠰ ᠪᠣᠰᠬᠠᠬᠤ ᠵᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂  ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
       ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
      3 ᠰᠠᠷ᠎ᠠ ᠵᠢᠨ 20᠎ᠤ ᠦᠳᠡ ᠵᠢᠨ ᠡᠮᠦᠨ᠎ᠡ᠂  ᠰᠢ ᠵᠢᠨ ᠫᠢᠩ ᠺᠦᠨᠮᠢᠩ᠎ᠳᠤ ᠰᠠᠭᠤᠭ᠎ᠠ ᠴᠡᠷᠢᠭ ᠠᠩᠭᠢ ᠵᠢᠨ ᠬᠤᠷᠠᠩᠳᠠ᠎ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ᠎ᠤ ᠲᠡᠷᠢᠭᠦᠨ᠎ᠤ ᠵᠢᠱ᠌ᠢᠶᠡᠴᠢ᠂  ᠪᠢᠴᠢᠭ᠎ᠤᠨ ᠲᠤᠰᠢᠶᠠᠯᠲᠠᠨ᠎ᠤ ᠲᠥᠯᠥᠭᠡᠯᠡᠭᠴᠢᠳ᠎ᠲᠠᠢ ᠺᠦᠨᠮᠢᠩ᠎ᠳᠤ ᠳᠣᠲᠣᠨᠣ᠎ᠪᠠᠷ ᠠᠭᠤᠯᠵᠠᠵᠤ᠂  ᠨᠠᠮ᠎ᠤᠨ ᠲᠥᠪ ᠬᠤᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠠᠴᠠ ᠺᠦᠨᠮᠢᠩ᠎ᠳᠤ ᠰᠠᠭᠤᠭ᠎ᠠ ᠴᠡᠷᠢᠭ ᠠᠩᠭᠢ ᠵᠢᠨ ᠪᠦᠭᠦ ᠳᠠᠷᠤᠭ᠎ᠠ ᠪᠠᠶ᠋ᠢᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ᠎ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
    

 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ