ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 25᠎ᠤ ᠴᠠᠬᠢᠯᠭ᠋ᠠᠨ ᠮᠡᠳᠡᠭᠡ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ ᠤᠢ᠍ᠢ᠍ᠷ᠎ᠠ ᠵᠢᠨ ᠡᠳᠦᠷ ᠬᠤᠷᠠᠯ ᠬᠤᠷᠠᠯᠳᠤᠭᠤᠯᠵᠤ᠂ ᠨᠠᠮ᠎ᠤᠨ ᠲᠥᠪ ᠬᠤᠷᠢᠶ᠎ᠠ᠎ᠠᠴᠠ 2025 ᠣᠨ᠎ᠳᠤ ᠪᠦᠬᠦ ᠤᠯᠤᠰ᠎ᠤᠨ ᠬᠤᠶᠠᠷ ᠬᠤᠷᠠᠯ᠎ᠤᠨ ᠳᠠᠷᠠᠭ᠎ᠠ᠎ᠠᠴᠠ 7 ᠰᠠᠷ᠎ᠠ ᠪᠣᠯᠲᠠᠯ᠎ᠠ ᠪᠦᠬᠦ ᠨᠠᠮ ᠵᠶ᠋ᠠᠷ ᠵᠶ᠋ᠠᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠣᠭᠲᠠᠵᠠᠢ ᠭᠡᠵᠦ ᠵᠢᠭ᠋ᠠᠵᠤ ᠭᠠᠷᠭ᠋ᠠᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠭᠰᠠᠨ ᠨᠠᠮ᠎ᠤᠨ ᠲᠥᠪ ᠬᠤᠷᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠢ ᠲᠣᠭᠲᠠᠭ᠋ᠠᠨ ᠨᠡᠶ᠋ᠢᠳᠡᠯᠡᠬᠦ᠎ᠪᠠᠷ ᠡᠬᠢᠯᠡᠯᠲᠡ ᠪᠣᠯᠭ᠋ᠠᠵᠤ ᠰᠡᠳᠦᠪ᠎ᠢ ᠰᠢᠢ᠍ᠳᠪᠦᠷᠢᠯᠡᠨ᠂ ᠳᠡᠭᠡᠷ᠎ᠡ᠎ᠠᠴᠠ ᠳᠣᠷᠣᠭᠰᠢ᠎ᠪᠠᠨ᠂ ᠲᠡᠭᠡᠲᠤ ᠱᠠᠲᠤ᠎ᠨᠢ ᠲᠤᠤᠷᠠᠲᠤ ᠱᠠᠲᠤ᠎ᠪᠠᠨ ᠲᠠᠶ᠋ᠢᠴᠢᠯᠠᠬᠤ ᠵᠢ ᠪᠠᠷᠢᠮᠲᠠᠯᠠᠵᠤ᠂ ᠤᠷᠳᠤ ᠬᠤᠭᠤᠴᠠᠭ᠎ᠠ᠎ᠪᠠᠷ ᠵᠣᠭᠰᠣᠭ᠋ᠠᠵᠤ ᠳᠡᠶ᠋ᠢᠯᠦᠭᠰᠡᠨ ᠦᠭᠡᠢ ᠵᠠᠷᠢᠮ ᠭᠠᠵᠢᠭᠤ ᠰᠤᠷᠲᠠᠯ᠎ᠢ ᠵᠣᠭᠰᠣᠭ᠋ᠠᠵᠤ᠂ ᠤᠯᠠᠨ ᠵᠢᠯ ᠠᠷᠢᠯᠭ᠋ᠠᠵᠤ ᠲᠡᠶ᠋ᠢᠯᠦᠭᠰᠡᠨ ᠦᠭᠡᠢ ᠵᠠᠷᠢᠮ ᠠᠷᠬᠠᠭ ᠭᠡᠮ᠎ᠢ ᠵᠠᠯᠠᠷᠠᠭᠤᠯᠤᠨ ᠵᠠᠰᠠᠵᠤ᠂ ᠰᠢᠨ᠎ᠡ ᠪᠠᠶ᠋ᠢᠳᠠᠯ᠎ᠤᠨ ᠳᠣᠣᠷ᠎ᠠ ᠰᠤᠷᠲᠠᠯ᠎ᠤᠨ ᠪᠠᠶ᠋ᠢᠭᠤᠯᠤᠯᠲᠠ᠎ᠳᠤ ᠶᠠᠭᠤ ᠵᠢ ᠠᠳᠬᠤᠬᠤ᠂ ᠬᠡᠷᠬᠢᠨ ᠠᠳᠬᠤᠬᠤ ᠵᠡᠷᠭᠡ ᠴᠢᠬᠤᠯᠠ ᠶᠡᠭᠡ ᠠᠰᠠᠭᠤᠳᠠᠯ᠎ᠢ ᠰᠢᠢ᠍ᠳᠪᠦᠷᠢᠯᠡᠪᠡ᠃
ᠨᠠᠢ᠍ᠮᠠᠨ ᠲᠣᠭᠲᠠᠭ᠋ᠠᠯ᠎ᠢ ᠨᠠᠶ᠋ᠢᠳᠠᠪᠤᠷᠢᠵᠢᠭᠤᠯᠤᠭᠰᠠᠨ᠎ᠠᠴᠠ ᠰᠤᠷᠲᠠᠯ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠮᠢᠳᠤᠯᠢᠭᠵᠢᠭᠤᠯᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠴᠤ᠌ ᠰᠢᠨ᠎ᠡ ᠲᠦᠷᠰᠦ ᠪᠠᠶ᠋ᠢᠳᠠᠯ ᠢᠯᠡᠷᠡᠵᠦ᠂ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ ᠦᠷᠭᠦᠯᠵᠢᠯᠡᠨ ᠰᠠᠶ᠋ᠢᠵᠢᠷᠠᠵᠤ᠂ ᠮᠠᠨ᠎ᠤ ᠨᠠᠮ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠳᠦᠷᠰᠦ ᠪᠠᠶ᠋ᠢᠳᠠᠯ ᠵᠶ᠋ᠠᠷ ᠠᠷᠠᠳ ᠤᠯᠠᠨ᠎ᠤ ᠦᠨᠡᠨ ᠰᠡᠳᠭᠢᠯ᠎ᠤᠨ ᠢᠲᠡᠭᠡᠯ ᠬᠦᠷᠢᠶᠡᠯᠡᠯ᠎ᠢ ᠤᠯᠪᠠ᠃
ᠨᠠᠢ᠍ᠮᠠᠨ ᠲᠣᠭᠲᠠᠭ᠋ᠠᠯ᠂ ᠬᠡᠪ ᠰᠤᠷᠲᠠᠯ᠎ᠢ ᠴᠡᠪᠡᠷᠯᠡᠵᠦ᠂ ᠴᠤᠭ ᠵᠤᠷᠢᠭ᠎ᠢ ᠬᠦᠪᠴᠢᠯᠡᠵᠦ᠂ ᠳᠤᠮᠳᠠᠳᠤ ᠤᠯᠤᠰ᠎ᠢ ᠬᠤᠪᠢᠷᠠᠭᠤᠯᠵᠡᠢ᠃
ᠢᠮᠠᠭᠲᠠ ᠲᠤᠭᠤᠰᠢᠯᠠᠭᠤᠯᠪᠠ — 《ᠲᠥᠪ᠎ᠤᠨ ᠨᠠᠢ᠍ᠮᠠᠨ ᠲᠣᠭᠲᠠᠭ᠋ᠠᠯ᠎ᠨᠢ ᠲᠠᠪᠤᠨ ᠵᠢᠯ᠂ ᠠᠷᠪᠠᠨ ᠵᠢᠯ᠎ᠤᠨ ᠲᠣᠭᠲᠠᠭ᠋ᠠᠯ ᠪᠢᠰᠢ᠂ ᠬᠠᠷᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠡᠮᠦᠷ ᠶᠤᠰᠤ᠂ ᠬᠠᠳᠠᠭᠤ ᠪᠠᠷᠢᠮᠵᠢᠶ᠎ᠠ ᠪᠤᠯᠤᠨ᠎ᠠ》
2024 ᠣᠨ᠎ᠤ ᠰᠡᠭᠦᠯᠴᠢ᠎ᠪᠠᠷ᠂ ᠪᠡᠭᠡᠵᠢᠩ᠎ᠤᠨ ᠵᠦᠩ ᠨᠠᠨ ᠬᠠᠢ᠎ᠳᠤ᠂ ᠵᠢᠯ᠎ᠳᠤ ᠨᠢᠭᠡ ᠤᠳᠠᠭ᠎ᠠ ᠶᠠᠪᠤᠭᠳᠠᠳᠠᠭ ᠨᠠᠮ᠎ᠤᠨ ᠳᠣᠲᠣᠭ᠋ᠠᠳᠤ ᠵᠢᠨ ᠬᠠᠮᠤᠭ᠎ᠤᠨ ᠳᠡᠭᠡᠳᠦ ᠳᠠᠪᠬᠤᠷᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠶᠠᠪᠤᠭᠳᠠᠪᠠ᠃
ᠬᠤᠷᠠᠯ᠎ᠤᠨ ᠨᠢᠭᠡᠨ ᠴᠢᠬᠤᠯᠠ ᠵᠥᠪᠯᠡᠬᠦ ᠵᠦᠢ᠍ᠯ ᠪᠣᠯ ᠳᠠᠷᠤᠶ 2024 ᠣᠨ᠎ᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠲᠥᠪ᠎ᠤᠨ ᠨᠠᠢ᠍ᠮᠠᠨ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠮᠡᠳᠡᠭᠦᠯᠦᠯᠲᠡ ᠵᠢ ᠰᠣᠨᠣᠰᠬᠤ ᠶᠠᠪᠤᠳᠠᠯ ᠪᠣᠯᠤᠨ᠎ᠠ᠃
《ᠤᠳᠤᠷᠢᠳᠬᠤ ᠺᠠᠳ᠋ᠷ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭ᠋ᠠᠨ᠎ᠤ ᠤᠬᠠᠮᠰᠠᠷ ᠵᠶ᠋ᠠᠨ ᠳᠡᠭᠡᠭᠰᠢᠯᠡᠭᠦᠯᠬᠦ ᠵᠢ ᠨᠠᠰᠤᠨ ᠲᠤᠷᠰᠢᠳᠠ ᠵᠢᠨ ᠰᠡᠳᠦᠪ ᠪᠣᠯᠭ᠋ᠠᠬᠤ ᠬᠡᠷᠡᠭᠲᠡᠢ》᠂ 《ᠡᠯ᠎ᠡ ᠵᠦᠢ᠍ᠯ᠎ᠤᠨ ᠲᠥᠪ ᠪᠤᠰᠤ ᠰᠤᠷᠲᠠᠯ ᠪᠠ ᠢᠯᠵᠢᠷᠠᠯ᠎ᠤᠨ ᠦᠵᠡᠭᠳᠡᠯ᠎ᠲᠠᠢ ᠡᠷᠡᠰ ᠲᠡᠮᠡᠴᠡᠬᠦ ᠬᠡᠷᠡᠭᠲᠡᠢ》 ᠁ ᠲᠦᠷᠦᠭᠦᠬᠡᠨ ᠳᠠᠭᠤᠰᠤᠭᠰᠠᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠬᠤᠷᠠᠯ ᠳᠡᠭᠡᠷ᠎ᠡ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠨᠥᠬᠦᠳ᠎ᠤᠨ ᠨᠠᠮ᠎ᠤᠨ ᠰᠢᠯᠢᠳᠡᠭ ᠤᠯᠠᠮᠵᠢᠯᠠᠯ ᠪᠠ ᠰᠤᠷᠲᠠᠯ᠎ᠢ ᠲᠦᠷᠦᠭᠦᠯᠡᠨ ᠪᠠᠳᠠᠷᠠᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠯ ᠪᠦᠷᠢ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠦᠷᠨᠢᠭᠦᠯᠵᠦ᠂ ᠤᠳᠤ ᠨᠢᠭᠡᠨᠲᠡ ᠵᠤᠷᠰᠢᠯ ᠪᠣᠯᠤᠭᠰᠠᠨ ᠪᠠᠶ᠋ᠢᠨ᠎ᠠ᠃
2012 ᠣᠨ᠎ᠤ 12 ᠰᠠᠷ᠎ᠠ ᠵᠢᠨ 4᠎ᠤ ᠡᠳᠦᠷ᠂ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ᠎ᠠᠴᠠ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠬᠤ᠂ ᠣᠯᠠᠨ ᠲᠦᠮᠡᠨ᠎ᠲᠠᠢ ᠨᠢᠭᠲᠠ ᠬᠠᠷᠢᠯᠴᠠᠬᠤ ᠲᠤᠬᠠᠶ ᠨᠠᠢ᠍ᠮᠠᠨ ᠲᠣᠭᠲᠠᠭ᠋ᠠᠯ᠎ᠢ ᠬᠢᠨᠠᠨ ᠵᠦᠪᠯᠡᠵᠦ ᠪᠠᠲᠤᠯᠠᠪᠠ᠃ ᠣᠬᠤᠷᠬᠠᠨ 600 ᠭᠠᠷᠤᠢ ᠦᠰᠦᠭ᠎ᠲᠠᠢ ᠲᠤᠬᠳᠠᠭ᠋ᠠᠯ᠎ᠨᠢ ᠪᠠᠶ᠋ᠢᠴᠠᠭ᠋ᠠᠨ ᠰᠤᠳᠤᠯᠤᠯᠲᠠ᠂ ᠬᠤᠷᠠᠯ ᠠᠵᠢᠯᠯᠠᠭ᠎ᠠ ᠵᠡᠷᠭᠡ 8 ᠲᠠᠯ᠎ᠠ᠎ᠠᠴᠠ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠶᠣᠰᠣ ᠳᠦᠷᠢᠮ ᠲᠣᠭᠲᠠᠭ᠋ᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠨᠠᠮ᠎ᠤᠨ ᠰᠤᠷᠲᠠᠯ᠎ᠢ ᠳᠠᠬᠢᠨ ᠱᠤᠭᠤᠬᠤ 《ᠨᠢᠭᠡᠳᠦᠭᠡᠷ ᠠᠵᠢᠯᠯᠠᠭ᠎ᠠ》 ᠵᠢ ᠡᠬᠢᠯᠡᠭᠦᠯᠵᠡᠢ᠃
ᠶᠡᠷᠦᠩᠬᠡᠢ ᠱᠦᠵᠢ ᠰᠢ ᠵᠢᠨ ᠫᠢᠩ ᠲᠥᠪ᠎ᠤᠨ ᠨᠠᠢ᠍ᠮᠠᠨ ᠲᠣᠭᠲᠠᠭ᠋ᠠᠯ᠎ᠢ ᠲᠣᠭᠲᠠᠭ᠋ᠠᠵᠤ ᠨᠡᠶ᠋ᠢᠲᠡᠯᠡᠭᠰᠡᠨ ᠠᠩᠬᠠᠨ᠎ᠤ ᠬᠦᠰᠡᠯ᠎ᠤᠨ ᠲᠤᠬᠠᠢ ᠢᠩᠭᠢᠵᠦ ᠶᠡᠷᠢᠵᠦ ᠦᠩᠭᠡᠷᠡᠵᠡᠢ᠄ 《ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠤᠨ ᠲᠠᠷᠠᠭ᠎ᠠ᠂ ᠨᠠᠮ᠎ᠤᠨ ᠲᠥᠪ ᠬᠤᠷᠢᠶ᠎ᠠ᠎ᠠᠴᠠ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠶᠠᠪᠤᠳᠠᠯ᠎ᠢ ᠬᠡᠷᠬᠢᠨ ᠠᠳᠬᠤᠬᠤ ᠲᠤᠬᠠᠢ ᠶᠠᠷᠢᠯᠴᠠᠬᠤ᠎ᠳᠠᠭᠠᠨ ᠳᠠᠷᠤᠢ 〈ᠲᠦᠢ᠍ᠯ᠎ᠤᠨ ᠲᠦᠪᠡᠭ ᠪᠤᠳᠤᠯᠢᠶᠠᠨᠲᠠᠢ ᠠᠰᠠᠭᠤᠳᠠᠯ᠎ᠢ ᠬᠡᠷᠬᠢᠨ ᠰᠶ᠋ᠢᠳᠪᠦᠷᠢᠯᠡᠬᠦ᠎ᠪᠠᠨ ᠤᠯᠬᠤ ᠦᠭᠡᠢ〉 ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ ᠵᠢ ᠪᠤᠳᠤᠵᠤ ᠣᠯᠤᠭᠰᠠᠨ ᠶᠤᠮ᠃ ᠰᠡᠭᠦᠯᠡᠷ᠎ᠨᠢ ᠨᠠᠢ᠍ᠮᠠᠨ ᠲᠣᠭᠲᠠᠭ᠋ᠠᠯ᠎ᠢ ᠠᠳᠬᠤᠬᠤ᠎ᠪᠠᠷ ᠲᠣᠭᠲᠠᠵᠤ᠂ ᠡᠬᠢᠯᠡᠵᠦ ᠬᠦᠳᠡᠯᠦᠮᠡᠭᠴᠡ ᠲᠠᠷᠤᠢ ᠲᠡᠷᠡ ᠬᠦ᠌ ᠲᠦᠪᠡᠭ ᠪᠤᠳᠤᠯᠢᠶᠠᠨᠲᠠᠢ ᠠᠰᠠᠭᠤᠳᠠᠯ᠎ᠢ ᠦᠨᠡᠨ ᠬᠦ᠌ ᠰᠶ᠋ᠢᠳᠪᠦᠷᠢᠯᠡᠵᠦ᠂ ᠠᠷᠢᠯᠭ᠋ᠠᠨ ᠵᠠᠰᠠᠬᠤ᠎ᠪᠠᠷ ᠪᠤᠯᠵᠠᠢ》᠃
ᠵᠠᠷᠢᠮ ᠬᠥᠮᠦᠨ ᠪᠠᠰᠠ ᠨᠠᠢ᠍ᠮᠠᠨ ᠲᠣᠭᠲᠠᠭ᠋ᠠᠯ ᠪᠣᠯ 《ᠭ᠋ᠱ᠌ᠠᠨ ᠵᠠᠭᠤᠷ᠎ᠠ ᠵᠢᠨ ᠰᠠᠯᠬᠢ》 ᠲᠡᠳᠦᠶ ᠭᠡᠵᠦ ᠦᠵᠡᠵᠦ ᠪᠠᠶ᠋ᠢᠭᠰᠠᠨ ᠦᠶ᠎ᠡ᠎ᠳᠤ᠂ 2013 ᠣᠨ᠎ᠤ 3 ᠰᠠᠷ᠎ᠠ ᠵᠢᠨ 19᠎ᠤ ᠦᠳᠡ ᠵᠢᠨ ᠬᠤᠶ᠋ᠢᠨ᠎ᠠ ᠨᠡᠶ᠋ᠢᠲᠡᠯᠡᠭᠰᠡᠨ ᠨᠢᠭᠡᠨ ᠰᠣᠨᠢᠨ ᠮᠡᠳᠡᠭᠡ᠎ᠨᠢ ᠨᠡᠶ᠋ᠢᠭᠡᠮ ᠨᠡᠶ᠋ᠢᠲᠡ ᠵᠢᠨ ᠠᠩᠬᠠᠷᠤᠯ᠎ᠢ ᠶᠡᠬᠡᠳᠡ ᠲᠠᠲᠠᠵᠠᠢ — 《ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ 6 ᠨᠡᠶ᠋ᠢᠲᠡᠯᠢᠭ ᠠᠰᠠᠭᠤᠳᠠᠯ᠎ᠢ ᠵᠠᠷᠯᠡᠨ ᠨᠡᠶ᠋ᠢᠲᠡᠯᠡᠪᠡ》᠃ ᠡᠨᠡ ᠪᠣᠯ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠨᠡᠶ᠋ᠢᠲᠡᠯᠢᠭ ᠠᠰᠠᠭᠤᠳᠠᠯ᠎ᠢ ᠤᠯᠤᠰ ᠳᠠᠶᠠᠭ᠋ᠠᠷ᠎ᠲᠤ ᠠᠩᠬ᠎ᠠ ᠤᠳᠠᠭ᠎ᠠ ᠢᠯᠡ᠎ᠪᠠᠷ ᠵᠠᠷᠯᠠᠨ ᠨᠡᠶ᠋ᠢᠲᠡᠯᠡᠭᠰᠡᠨ ᠶᠠᠪᠤᠳᠠᠯ ᠮᠥᠨ᠃
ᠡᠨᠡ ᠵᠢᠯ᠎ᠤᠨ ᠡᠴᠦᠰ᠎ᠲᠤ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ 10 ᠨᠡᠶ᠋ᠢᠲᠡᠯᠢᠭ ᠠᠰᠠᠭᠤᠳᠠᠯ᠎ᠢ ᠳᠠᠬᠢᠨᠲᠠ ᠵᠠᠷᠯᠠᠨ ᠨᠡᠶ᠋ᠢᠲᠡᠯᠡᠪᠡ᠂ ᠲᠡᠭᠡᠷ᠎ᠡ ᠤᠳᠠᠭ᠎ᠠ ᠵᠢᠨ ᠵᠥᠪᠬᠡᠨ ᠨᠢᠭᠡᠴᠢ ᠪᠠ ᠲᠤᠰᠢᠶᠠᠯ᠎ᠢ᠎ᠨᠢ ᠵᠠᠷᠯᠠᠨ ᠨᠡᠶ᠋ᠢᠲᠡᠯᠡᠭᠰᠡᠨ᠎ᠲᠠᠢ ᠠᠳᠠᠯᠢ ᠥᠬᠡᠶ ᠲᠠᠯ᠎ᠠ᠎ᠨᠢ ᠲᠣᠰ ᠤᠳᠠᠭ᠎ᠠ ᠵᠢᠨ ᠵᠠᠷᠯᠠᠨ ᠨᠡᠶ᠋ᠢᠲᠡᠯᠡᠯ᠎ᠳᠤ ᠤᠪᠤᠭ ᠨᠡᠷ᠎ᠡ ᠵᠢ᠎ᠨᠢ ᠵᠢᠭ᠋ᠠᠵᠤ᠂ ᠡᠪᠡᠳᠴᠢᠨ᠎ᠤ ᠦᠨᠳᠦᠰᠦ ᠵᠢ ᠰᠢᠭᠤᠳ ᠲᠡᠯᠭᠡᠵᠦ᠂ ᠮᠠᠰᠢ ᠴᠢᠩᠭ᠎ᠠ ᠰᠦᠷᠳᠡᠭᠦᠯᠬᠦ ᠦᠢ᠍ᠯᠡᠳᠦᠯ ᠭᠠᠷᠤᠭᠰᠠᠨ ᠪᠠᠶ᠋ᠢᠨ᠎ᠠ᠃
ᠬᠢᠬᠦ᠎ᠨᠢ ᠬᠡᠯᠡᠬᠦ᠎ᠠᠴᠠ ᠳᠡᠭᠡᠷ᠎ᠡ ᠭᠡᠳᠡᠭ᠃
ᠨᠠᠢ᠍ᠮᠠᠨ ᠲᠣᠭᠲᠠᠭ᠋ᠠᠯ᠎ᠢ ᠨᠡᠶ᠋ᠢᠲᠡᠯᠡᠭᠰᠡᠨ ᠠᠷᠪᠠᠨ ᠬᠤᠶᠠᠷ ᠵᠢᠯ ᠭᠠᠷᠤᠢ ᠵᠢᠨ ᠲᠤᠷᠰᠢ᠂ ᠶᠧᠪᠡᠩ ᠬᠦᠷᠭᠡᠬᠦ ᠠᠰᠠᠭᠤᠳᠠᠯ᠎ᠢ ᠠᠳᠬᠤᠬᠤ᠂ ᠪᠠᠶᠠᠷ᠎ᠤᠨ ᠺᠠᠷᠲ ᠬᠦᠷᠭᠡᠬᠦ ᠠᠰᠠᠭᠤᠳᠠᠯ᠎ᠢ ᠠᠳᠬᠤᠬᠤ᠂ ᠬᠤᠸᠠᠷ ᠫᠤᠤᠵᠢᠩ ᠲᠠᠯᠪᠢᠬᠤ ᠠᠰᠠᠭᠤᠳᠠᠯ᠎ᠢ ᠠᠳᠬᠤᠬᠤ᠎ᠠᠴᠠ ᠠᠪᠤᠭ᠋ᠠᠳ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠠᠳᠬᠤᠬᠤ᠂ 《ᠠᠵᠢᠯᠯᠠᠬᠤ ᠨᠠᠢ᠍ᠮᠠᠨ ᠴᠠᠭ᠎ᠠᠴᠠ ᠭᠠᠳᠠᠨᠠᠬᠢ ᠦᠶ᠎ᠡ》 ᠵᠢ ᠠᠳᠬᠤᠬᠤ᠂ ᠡᠳᠦᠷ ᠲᠤᠲᠤᠮ᠎ᠤᠨ ᠠᠵᠢᠯ᠎ᠢ ᠠᠳᠬᠤᠬᠤ ᠬᠦᠷᠲᠡᠯ᠎ᠡ ᠁ ᠠᠯᠢ ᠤᠯᠠᠨ ᠪᠣᠳᠠᠲᠠᠢ ᠠᠰᠠᠭᠤᠳᠠᠯ᠎ᠤᠨ ᠰᠢᠪᠲᠤᠯᠤᠯᠲᠠ᠎ᠨᠢ ᠨᠡᠶ᠋ᠢᠳᠡᠮ᠎ᠤᠨ ᠠᠰᠠᠭᠤᠳᠠᠯ᠎ᠢ ᠰᠢᠢ᠍ᠳᠪᠦᠷᠢᠯᠡᠬᠦ ᠵᠢ ᠳᠠᠶ᠋ᠢᠴᠢᠯᠠᠵᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠰᠤᠷᠲᠠᠯ᠎ᠤᠨ ᠠᠰᠠᠭᠤᠳᠠᠯ᠎ᠢ ᠠᠳᠬᠤᠬᠤ ᠲᠣᠳᠣᠷᠬᠠᠢ ᠰᠡᠳᠭᠢᠮᠵᠢ ᠪᠠ ᠡᠷᠡᠰ ᠪᠠᠲᠤ ᠢᠲᠡᠭᠡᠯ ᠵᠣᠷᠢᠭ᠎ᠢ ᠲᠤᠰᠬᠠᠪᠠ᠃
ᠢᠮᠠᠭᠲᠠ ᠲᠤᠭᠤᠰᠢᠯᠠᠭᠤᠯᠵᠤ᠂ ᠡᠴᠦᠰ᠎ᠲᠤᠨᠢ ᠲᠤᠯᠲᠠᠯ᠎ᠠ ᠠᠳᠬᠤᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠢ᠍ᠮᠠᠨ ᠲᠣᠭᠲᠠᠭ᠋ᠠᠯ ᠵᠶ᠋ᠠᠷ ᠬᠠᠭᠤᠴᠢᠨ ᠠᠷᠬᠠᠭ᠎ᠢ ᠴᠡᠭᠴᠡᠯᠡᠨ ᠵᠠᠰᠠᠵᠤ᠂ ᠠᠷᠬᠠᠭ ᠭᠡᠮ᠎ᠢ ᠠᠷᠢᠯᠭ᠋ᠠᠵᠤ᠂ ᠰᠤᠷᠲᠠᠯ᠎ᠤᠨ ᠪᠠᠶ᠋ᠢᠭᠤᠯᠤᠯᠲᠠ᠎ᠨᠢ ᠨᠠᠮ᠎ᠤᠨ ᠪᠠᠶ᠋ᠢᠭᠤᠯᠤᠯᠲᠠ ᠵᠢᠨ 《ᠠᠯᠳᠠᠨ ᠰᠢᠷᠭ᠋ᠠᠯ ᠨᠡᠷ᠎ᠡ ᠵᠢᠨ ᠬᠠᠭᠤᠳᠠᠰᠤ》 ᠭᠡᠮᠡᠨ ᠳᠦᠷᠰᠦᠯᠢᠭ ᠵᠶ᠋ᠠᠷ ᠭᠡᠯᠡᠭᠳᠡᠵᠡᠢ᠃
ᠰᠢᠩᠭ᠋ᠠᠫᠣᠷ᠎ᠤᠨ 《ᠬᠠᠮᠲᠤᠷᠠᠭᠰᠠᠨ ᠥᠷᠯᠥᠭᠡ ᠵᠢᠨ ᠰᠣᠨᠢᠨ》᠎ᠤ ᠮᠡᠳᠡᠭᠡᠯᠡᠭᠰᠡᠨ ᠵᠶ᠋ᠠᠷ᠂ ᠠᠯᠪᠠᠨ ᠵᠣᠭᠤᠰ ᠵᠶ᠋ᠠᠷ ᠢᠳᠡᠵᠦ ᠤᠤᠭᠤᠬᠤ ᠵᠡᠷᠭᠡ ᠳᠤᠮᠳᠠᠳᠤ ᠤᠯᠤᠰ᠎ᠤᠨ ᠨᠣᠶᠠᠳ᠎ᠤᠨ ᠬᠦᠷᠢᠶᠡᠨ᠎ᠳᠠᠬᠢ 《ᠬᠠᠭᠤᠴᠢᠨ ᠶᠡᠭᠡ ᠬᠦᠴᠢᠷᠳᠡᠯ》᠎ᠤᠨ ᠠᠰᠠᠭᠤᠳᠠᠯ᠎ᠳᠤ ᠡᠶ᠋ᠢᠮᠦ ᠢᠯᠡᠷᠬᠡᠶ ᠬᠤᠪᠢᠷᠠᠯᠲᠠ ᠭᠠᠷᠤᠭᠰᠠᠨ᠎ᠢ ᠲᠤᠬᠠᠶ ᠵᠢᠨ ᠦᠶ᠎ᠡ᠎ᠳᠤ ᠤᠯᠠᠩᠬᠢ ᠬᠦᠮᠦᠰ ᠲᠦᠰᠦᠭᠡᠯᠡᠬᠦᠶ᠎ᠡ ᠪᠡᠷᠬᠡ ᠪᠠᠶ᠋ᠢᠵᠠᠢ᠃
ᠡᠨᠡ ᠬᠦ᠌ ᠠᠯᠲᠠᠨ ᠰᠢᠷᠭ᠋ᠠᠯ ᠨᠡᠷ᠎ᠡ ᠵᠢᠨ ᠬᠠᠭᠤᠳᠠᠰᠤ ᠵᠢ ᠬᠡᠷᠬᠢᠨ ᠤᠯᠠᠮ ᠭᠢᠯᠠᠯᠵᠠᠭᠤᠯᠬᠤ ᠪᠤᠶ? ᠶᠡᠷᠦᠩᠬᠡᠶ ᠱᠦᠵᠢ ᠰᠢ ᠵᠢᠨ ᠫᠢᠩ ᠭᠦᠨᠵᠡᠭᠡᠶ ᠪᠣᠳᠣᠯᠬᠢᠯᠠᠭᠰᠠᠭ᠋ᠠᠷ ᠢᠷᠡᠵᠡᠶ᠃
ᠨᠠᠮ᠎ᠤᠨ ᠤᠯᠠᠨ ᠲᠦᠮᠡᠨᠴᠢ ᠱᠤᠭᠤᠮ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠂ 《ᠭᠤᠷᠪᠠᠨ ᠴᠢᠩᠭ᠎ᠠ ᠭᠤᠷᠪᠠᠨ ᠪᠣᠳᠠᠲᠠᠢ》 ᠲᠤᠰᠬᠠᠢ ᠰᠡᠳᠦᠪᠲᠦ ᠬᠥᠮᠦᠵᠢᠯ᠂ 《ᠬᠤᠶᠠᠷ᠎ᠢ ᠰᠤᠷᠤᠯᠴᠠᠵᠦ ᠨᠢᠭᠡ᠎ᠳᠤ ᠲᠡᠩᠴᠡᠭᠦᠯᠬᠦ》 ᠰᠤᠷᠤᠯᠴᠠᠯᠭ᠎ᠠ ᠬᠥᠮᠦᠵᠢᠯ᠂ 《ᠤᠭ ᠰᠠᠨᠠᠭ᠎ᠠ᠎ᠪᠠᠨ ᠦᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠣᠯ ᠰᠡᠳᠦᠪᠲᠦ ᠬᠥᠮᠦᠵᠢᠯ᠎ᠠᠴᠠ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦ᠍ᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠬᠦᠷᠲᠡᠯ᠎ᠡ ᠁ ᠦᠷᠭᠦᠯᠵᠢᠯᠡᠭᠦᠯᠦᠨ ᠥᠷᠨᠢᠭᠦᠯᠦᠭᠰᠡᠨ ᠨᠠᠮ᠎ᠤᠨ ᠳᠣᠲᠣᠭ᠋ᠠᠳᠤ ᠵᠢᠨ ᠲᠥᠪᠯᠡᠷᠡᠩᠭᠦᠢ ᠬᠥᠮᠦᠵᠢᠯ᠎ᠨᠢ ᠰᠤᠷᠲᠠᠯ᠎ᠤᠨ ᠪᠠᠶ᠋ᠢᠭᠤᠯᠤᠯᠲᠠ ᠵᠢ ᠢᠮᠠᠭᠲᠠ ᠴᠢᠬᠤᠯᠠ ᠠᠭᠤᠯᠭ᠎ᠠ ᠪᠣᠯᠭ᠋ᠠᠪᠠ᠃
ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠰᠤᠷᠲᠠᠯ᠎ᠤᠨ ᠪᠠᠶ᠋ᠢᠭᠤᠯᠤᠯᠲᠠ ᠵᠢ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ᠎ᠳᠤ ᠣᠷᠣᠭᠤᠯᠪᠠ; ᠠᠷᠪᠠ ᠶᠢᠰᠦᠳᠦᠭᠡᠷ ᠬᠤᠭᠤᠴᠠᠭ᠋ᠠᠨ᠎ᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ᠂ ᠬᠤᠷᠢᠳᠤᠭ᠋ᠠᠷ ᠬᠤᠭᠤᠴᠠᠭ᠋ᠠᠨ᠎ᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠩᠬᠠᠳᠤᠭ᠋ᠠᠷ ᠬᠤᠷᠠᠯ᠎ᠠᠴᠠ ᠴᠥᠮ ᠨᠠᠢ᠍ᠮᠠᠨ ᠲᠣᠭᠲᠠᠭ᠋ᠠᠯ᠎ᠢ ᠬᠡᠷᠡᠭᠵᠢᠭᠦᠯᠬᠦ ᠨᠠᠷᠢᠨ ᠲᠦᠷᠢᠮ᠎ᠢ ᠰᠤᠳᠤᠯᠵᠤ᠂ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ ᠨᠠᠷᠢᠯᠢᠬ᠍ᠵᠢᠭᠤᠯᠪᠠ; 《ᠲᠥᠪ᠎ᠤᠨ ᠨᠠᠢ᠍ᠮᠠᠨ ᠲᠣᠭᠲᠠᠭ᠋ᠠᠯ》᠎ᠢ ᠨᠠᠮ᠎ᠤᠨ ᠭᠤᠷᠪᠠᠳᠤᠭ᠋ᠠᠷ ᠲᠡᠦᠬᠡ ᠵᠢᠨ ᠰᠢᠢ᠍ᠳᠪᠦᠷᠢᠳᠤ ᠪᠢᠴᠢᠨ ᠣᠷᠣᠭᠤᠯᠵᠤ᠂ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠠᠮᠵᠢᠯᠲᠠ ᠪᠠ ᠲᠤᠷᠰᠢᠯᠭ᠎ᠠ ᠪᠣᠯᠤᠭᠰᠠᠨ᠎ᠤ ᠬᠤᠪᠢ᠎ᠳᠤ᠂ ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠵᠢᠭ᠋ᠠᠨ ᠵᠢᠯᠣᠭᠤᠳᠪᠠ ᠁
《ᠲᠥᠪ᠎ᠤᠨ ᠨᠠᠢ᠍ᠮᠠᠨ ᠲᠣᠭᠲᠠᠭ᠋ᠠᠯ᠎ᠢ ᠲᠣᠭᠲᠠᠭ᠋ᠠᠨ ᠬᠡᠷᠡᠭᠵᠢᠭᠦᠯᠬᠦ ᠪᠣᠯ ᠮᠠᠨ᠎ᠤ ᠨᠠᠮ᠎ᠤᠨ ᠰᠢᠨ᠎ᠡ ᠴᠠᠭ ᠦᠶ᠎ᠡ ᠵᠢᠨ ᠢᠲᠡᠭᠡᠯ ᠨᠠᠶ᠋ᠢᠳᠠᠪᠤᠷᠢ ᠵᠢ ᠱᠤᠭᠤᠬᠤ ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠠᠳᠬᠤᠵᠤ᠂ ᠤᠳᠠᠭ᠋ᠠᠨ ᠲᠠᠭ᠋ᠠᠭ᠋ᠠᠮᠠᠭ᠋ᠠᠢ᠎ᠪᠠᠷ ᠵᠢᠳᠭᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ》᠂ ᠶᠡᠷᠦᠩᠬᠡᠢ ᠱᠦᠵᠢ ᠰᠢ ᠵᠢᠨ ᠫᠢᠩ᠎ᠤᠨ ᠦᠭᠡ ᠶᠠᠷᠢᠶ᠎ᠠ ᠢᠳᠡ ᠬᠦᠴᠦᠲᠡᠢ ᠪᠠᠶ᠋ᠢᠵᠤ᠂ 《ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ ᠵᠢᠯ᠂ ᠰᠤᠷᠲᠠᠯ᠎ᠢ ᠦᠨᠡᠨ ᠬᠦ᠌ ᠬᠤᠪᠢᠷᠠᠭᠤᠯᠵᠤ᠂ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠦᠳᠦᠯᠦᠨ ᠳᠠᠭ᠋ᠠᠭᠤᠯᠬᠤ ᠪᠤᠯᠲᠠᠯ᠎ᠠ ᠴᠢᠩᠭ᠎ᠠ ᠠᠳᠬᠤᠬᠤ ᠬᠡᠷᠡᠭᠲᠡᠢ》᠃
ᠰᠢᠨ᠎ᠡ ᠠᠶᠠᠨ᠎ᠳᠤ ᠮᠣᠷᠳᠠᠵᠤ᠂ ᠰᠢᠨ᠎ᠡ ᠥᠷᠢᠰᠥᠯᠳᠦᠭᠡᠨ᠎ᠢ ᠤᠭᠲᠤᠵᠤ᠂ ᠰᠢᠨ᠎ᠡ ᠳᠦᠷᠰᠦ ᠪᠠᠶ᠋ᠢᠳᠠᠯ᠎ᠢ ᠢᠯᠡᠷᠡᠭᠦᠯᠪᠡ᠃
2025 ᠣᠨ᠎ᠤ 1 ᠰᠠᠷ᠎ᠠ ᠵᠢᠨ 6᠎ᠤ ᠡᠳᠦᠷ᠂ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠥᠷᠪᠡᠳᠦᠭᠡᠷ ᠪᠥᠬᠦᠳᠡ ᠬᠤᠷᠠᠯ ᠪᠡᠭᠡᠵᠢᠩ᠎ᠳᠤ ᠡᠬᠢᠯᠡᠪᠡ᠃
《ᠣᠳᠣᠬᠠᠨ᠎ᠤ ᠢᠯᠵᠢᠷᠠᠯ᠎ᠢ ᠡᠰᠡᠷᠭᠦᠴᠡᠬᠦ ᠲᠡᠮᠡᠴᠡᠯ᠎ᠤᠨ ᠪᠠᠶ᠋ᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶ᠋ᠢᠨ᠎ᠠ᠃ ᠢᠯᠵᠢᠷᠠᠯ᠎ᠤᠨ ᠦᠯᠡᠳᠡᠭᠳᠡᠯ ᠬᠡᠮᠵᠢᠶ᠎ᠡ ᠵᠢ ᠬᠠᠷᠠᠬᠠᠨ ᠠᠷᠢᠯᠭ᠋ᠠᠭ᠋ᠠᠳᠤᠢ ᠪᠠᠶ᠋ᠢᠵᠤ᠂ ᠨᠡᠮᠡᠭᠳᠡᠯ᠎ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠠᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ᠎ᠢ ᠠᠷᠢᠯᠭ᠋ᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶ᠋ᠢᠨ᠎ᠠ》᠃
ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠣᠳᠣᠬᠠᠨ᠎ᠤ ᠢᠯᠵᠢᠷᠠᠯ᠎ᠢ ᠡᠰᠡᠷᠭᠦᠴᠡᠬᠦ ᠲᠡᠮᠡᠴᠡᠯ᠎ᠤᠨ ᠪᠠᠶ᠋ᠢᠳᠠᠯ᠎ᠢ ᠭᠦᠨᠵᠡᠭᠡᠶ ᠵᠠᠳᠠᠯᠵᠤ᠂ 《ᠰᠤᠷᠲᠠᠯ ᠢᠯᠵᠢᠷᠠᠯ᠎ᠢ ᠬᠠᠮᠲᠤ᠎ᠪᠠᠷ ᠪᠠᠶ᠋ᠢᠴᠠᠭ᠋ᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠶ ᠠᠬᠢᠭᠤᠯᠬᠤ》 ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ 《ᠣᠭᠲᠣ ᠠᠭᠤᠴᠢᠯᠠᠬᠤ ᠥᠬᠡᠶ ᠪᠠᠶ᠋ᠢᠬᠤ ᠵᠢ ᠢᠮᠠᠭᠲᠠ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠣᠯᠭ᠋ᠠᠵᠤ᠂ ᠪᠠᠶ᠋ᠢᠳᠠᠯ᠎ᠢ ᠰᠦᠷᠦᠨ ᠰᠠᠬᠢᠯᠭ᠎ᠠ ᠪᠠᠲᠤ ᠵᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ 〈ᠳᠥᠷᠪᠡᠨ ᠰᠤᠷᠲᠠᠯ〉᠎ᠤᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ ᠬᠠᠷᠢᠯᠴᠠᠨ ᠰᠣᠯᠪᠢᠴᠠᠬᠤ ᠪᠣᠯ ᠣᠳᠣᠬᠢ ᠱᠠᠲᠤᠨ᠎ᠳᠠᠬᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ ᠲᠡᠮᠡᠴᠡᠯ᠎ᠤᠨ ᠡᠷᠬᠡᠪᠰᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ᠲᠤᠪᠤᠶ᠋ᠢᠮ᠎ᠠ ᠠᠰᠠᠭᠤᠳᠠᠯ ᠮᠥᠨ᠃ ᠡᠨᠡ ᠬᠦ᠌ ᠴᠢᠬᠤᠯᠠ ᠱᠠᠭ᠋ᠠᠷᠳᠠᠯᠭ᠎ᠠ᠎ᠨᠢ ᠢᠯᠵᠢᠷᠠᠯ᠎ᠢ ᠡᠰᠡᠷᠭᠦᠴᠡᠬᠦ ᠲᠡᠮᠡᠴᠡᠯ᠎ᠤᠨ ᠵᠢᠮ᠎ᠡ ᠶᠣᠰᠣᠴᠢ ᠴᠢᠨᠠᠷ᠎ᠤᠨ ᠲᠤᠬᠠᠢ ᠮᠠᠨ᠎ᠤ ᠨᠠᠮ᠎ᠤᠨ ᠲᠠᠨᠢᠯᠲᠠ ᠰᠢᠨ᠎ᠡ ᠦᠨᠳᠦᠷᠴᠡ᠎ᠳᠤ ᠬᠦᠷᠦᠭᠰᠡᠨ᠎ᠢ ᠭᠦᠢ᠍ᠴᠡᠳ ᠬᠠᠷᠠᠭᠤᠯᠵᠤ᠂ ᠲᠦᠢ᠍ᠯ᠎ᠤᠨ ᠴᠢᠩᠭ᠎ᠠ ᠠᠬᠤᠶ᠋ᠢᠴᠢ ᠬᠠᠨᠳᠤᠯᠭ᠋ᠠᠲᠤ ᠴᠢᠨᠠᠷᠲᠠᠢ ᠶᠤᠮ᠃
2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠨᠢᠭᠡ ᠵᠢᠯ ᠮᠥᠨ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠲᠥᠯᠥᠪᠵᠢᠭᠦᠯᠦᠨ ᠪᠠᠶ᠋ᠢᠷᠢᠰᠢᠭᠤᠯᠬᠤ ᠪᠣᠯᠤᠨ᠎ᠠ᠃
ᠡᠨᠡ ᠬᠦ᠌ ᠵᠠᠩᠭᠢᠯᠠᠭ᠎ᠠ ᠵᠢᠨ ᠴᠠᠭ ᠦᠶ᠎ᠡ᠎ᠳᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠶ᠋ᠢᠷᠡᠭᠦᠯᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠠᠬᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠨᠠᠮ᠎ᠤᠨ ᠭᠡᠰᠢᠭᠦᠨ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠬᠤ᠂ ᠨᠠᠮ᠎ᠤᠨ ᠲᠦᠷᠦ ᠪᠠᠷᠢᠬᠤ ᠰᠠᠭᠤᠷᠢ ᠵᠢ ᠪᠠᠬᠢᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃
ᠪᠡᠶ᠎ᠡ᠎ᠪᠠᠷ ᠵᠶ᠋ᠠᠨ ᠬᠡᠪ ᠳᠦᠷᠢᠮ ᠪᠤᠯᠪᠠ — 《ᠡᠯ᠎ᠡ ᠱᠠᠲᠤᠨ᠎ᠤ ᠤᠳᠤᠷᠢᠳᠬᠤ ᠺᠠᠳ᠋ᠷ ᠪᠡᠶ᠎ᠡ᠎ᠪᠠᠷ ᠵᠶ᠋ᠠᠨ ᠬᠡᠪ ᠳᠦᠷᠢᠮ ᠪᠤᠯᠵᠤ᠂ ᠪᠡᠶ᠎ᠡ᠎ᠪᠠᠷ ᠵᠶ᠋ᠠᠨ ᠦᠯᠢᠭᠡᠷ ᠳᠠᠭᠤᠷᠢᠶᠠᠯ ᠪᠤᠯᠵᠤ᠂ ᠬᠡᠯᠡᠭᠰᠡᠨ ᠵᠶ᠋ᠠᠨ ᠪᠡᠶᠡᠯᠡᠭᠦᠯᠵᠦ᠂ ᠠᠮᠠᠯᠠᠭᠰᠠᠨ ᠵᠶ᠋ᠠᠨ ᠪᠡᠶᠡᠯᠡᠭᠦᠯᠵᠦ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠨᠥᠬᠦᠳ ᠮᠢᠨᠦ ᠥᠪᠡᠷ᠎ᠤᠨ ᠪᠡᠶ᠎ᠡ᠎ᠠᠴᠠ ᠡᠬᠢᠯᠡᠨ ᠬᠢᠬᠦ ᠬᠡᠷᠡᠭᠲᠡᠢ》
ᠪᠠᠶ᠋ᠢᠴᠠᠭ᠋ᠠᠨ ᠰᠤᠳᠤᠯᠤᠯᠲᠠ ᠬᠢᠬᠦ ᠪᠣᠯ ᠮᠠᠨ᠎ᠤ ᠨᠠᠮ᠎ᠤᠨ ᠤᠯᠠᠮᠵᠢᠯᠠᠯᠲᠤ ᠡᠷᠳᠡᠨᠢ ᠮᠥᠨ᠂ ᠤᠴᠢᠷ ᠶᠠᠪᠤᠳᠠᠯ᠎ᠢ ᠪᠣᠳᠣᠯᠬᠢᠯᠠᠬᠤ ᠵᠢᠨ ᠰᠠᠭᠤᠷᠢ᠂ ᠤᠴᠢᠷ ᠶᠠᠪᠤᠳᠠᠯ᠎ᠢ ᠪᠦᠲᠦᠭᠡᠬᠦ ᠵᠢᠨ ᠶᠣᠰᠣ ᠮᠥᠨ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠨᠢᠭᠡᠳᠦᠭᠡᠷ ᠵᠦᠢ᠍ᠯ ᠪᠣᠯ ᠳᠠᠷᠤᠢ ᠪᠠᠶ᠋ᠢᠴᠠᠭ᠋ᠠᠨ ᠰᠤᠳᠤᠯᠤᠯᠲᠠ ᠵᠢ ᠰᠠᠶ᠋ᠢᠵᠢᠷᠠᠭᠤᠯᠬᠤ ᠶᠠᠪᠤᠳᠠᠯ ᠪᠣᠯᠤᠨ᠎ᠠ᠃
2023 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠭᠡᠷᠡᠴᠢᠯᠡᠯᠲᠡ ᠨᠡᠬᠡᠬᠡᠯᠳᠡ ᠵᠢᠨ 《ᠬᠡᠪ ᠰᠤᠷᠲᠠᠯ᠎ᠤᠨ ᠬᠤᠰᠢᠭᠤᠴᠢ》 ᠪᠣᠯᠤᠭᠰᠠᠨ ᠭᠤᠸᠠᠩᠳᠦ᠋ᠩ᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃
ᠡᠨᠡ ᠪᠣᠯ ᠶᠡᠷᠦᠩᠬᠡᠢ ᠱᠦᠵᠢ ᠵᠢᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ᠎ᠳᠤ ᠠᠩᠬ᠎ᠠ ᠤᠳᠠᠭ᠎ᠠ ᠣᠷᠣᠨ ᠨᠤᠲᠤᠭ᠎ᠲᠤ ᠰᠢᠨᠵᠢᠯᠡᠨ ᠪᠠᠶ᠋ᠢᠴᠠᠭ᠋ᠠᠵᠤ ᠪᠠᠶ᠋ᠢᠭ᠎ᠠ ᠶᠠᠪᠤᠳᠠᠯ ᠪᠣᠯᠤᠨ᠎ᠠ᠃ ᠲᠦᠷᠦᠭᠦᠬᠡᠨ᠎ᠳᠤ ᠡᠬᠢᠯᠡᠭᠦᠯᠦᠭᠰᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦ᠍ᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠳᠤ 《ᠪᠦᠬᠦ ᠨᠠᠮ ᠵᠶ᠋ᠠᠷ ᠵᠶ᠋ᠠᠨ ᠪᠠᠶ᠋ᠢᠴᠠᠭ᠋ᠠᠨ ᠰᠤᠳᠤᠯᠤᠯᠲᠠ ᠵᠢ ᠶᠡᠭᠡ᠎ᠪᠠᠷ ᠦᠷᠨᠢᠭᠦᠯᠬᠦ》 ᠵᠢ ᠴᠢᠬᠤᠯᠠ ᠠᠭᠤᠯᠭ᠎ᠠ ᠪᠣᠯᠭ᠋ᠠᠪᠠ᠃
ᠮᠤᠤᠮᠢᠩ᠎ᠤᠨ ᠪᠠᠢ ᠴᠢᠶᠣᠤ ᠲᠣᠰᠬᠤᠨ᠎ᠤ ᠪᠡᠷᠴᠢᠭᠢᠷ ᠯᠣᠣ ᠵᠢᠨ ᠨᠢᠳᠦᠨ᠎ᠤ ᠮᠣᠳᠣᠨ ᠳᠣᠣᠷ᠎ᠠ᠂ ᠪᠡᠷᠴᠢᠭᠢᠷ ᠯᠣᠣ ᠵᠢᠨ ᠨᠢᠳᠦᠨ᠎ᠤ ᠦᠨ᠎ᠡ ᠬᠠᠩᠰᠢ᠂ ᠪᠣᠷᠣᠯᠠᠭᠤᠯᠭ᠎ᠠ ᠵᠢᠨ ᠠᠷᠭ᠎ᠠ ᠵᠠᠮ᠂ ᠵᠢᠮᠢᠰ᠎ᠤᠨ ᠲᠠᠷᠢᠶᠠᠴᠢᠨ᠎ᠤ ᠣᠷᠣᠯᠭ᠎ᠠ ᠵᠢ ᠨᠠᠷᠢᠨ ᠠᠰᠠᠭᠤᠪᠠ; ᠭᠤᠸᠠᠩᠵᠧᠦ ᠵᠢᠨ ᠮᠠᠰᠢᠨ ᠲᠡᠷᠭᠡᠨ᠎ᠤ ᠰᠤᠳᠤᠯᠭ᠋ᠠᠨ᠎ᠤ ᠬᠦᠷᠢᠶᠡᠯᠡᠩ᠎ᠳᠤ ᠶᠠᠷᠢᠯᠴᠠᠨ ᠰᠠᠨᠠᠯ ᠵᠶ᠋ᠠᠨ ᠰᠣᠯᠢᠯᠴᠠᠵᠤ᠂ ᠪᠠᠶ᠋ᠢᠳᠠᠯ᠎ᠢ ᠪᠡᠶ᠎ᠡ᠎ᠪᠠᠷ ᠵᠶ᠋ᠠᠨ ᠣᠶ᠋ᠢᠯᠠᠭ᠋ᠠᠵᠤ᠂ ᠲᠤᠰᠬᠠᠯ᠎ᠢ ᠰᠢᠭᠤᠳ ᠰᠣᠨᠣᠰᠴᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠪᠦ᠍ᠬᠦᠢ 《ᠡᠬᠢ ᠡᠭᠦᠰᠦᠯ》᠎ᠢ ᠡᠷᠢᠯᠬᠢᠯᠡᠭᠰᠡᠨ ᠪᠠᠶ᠋ᠢᠨ᠎ᠠ᠃
4 ᠡᠳᠦᠷ᠎ᠤᠨ ᠬᠤᠭᠤᠴᠠᠭ᠋ᠠᠨ᠎ᠳᠤ᠂ ᠵᠠᠨᠵᠢᠶᠠᠩ᠂ ᠮᠤᠤᠮᠢᠩ᠎ᠠᠴᠠ ᠭᠤᠸᠠᠩᠵᠧᠦ᠎ᠳᠤ ᠬᠦᠷᠴᠦ᠂ ᠪᠠᠷᠠᠭᠤᠨ᠎ᠠᠴᠠ ᠵᠡᠭᠦᠨᠰᠢ ᠭᠤᠸᠠᠩᠳᠦ᠋ᠩ᠎ᠤᠨ ᠪᠠᠷᠠᠭᠤᠨ ᠬᠡᠰᠡᠭ᠎ᠤᠨ ᠡᠬᠡ ᠭᠠᠵᠠᠷ᠎ᠢ ᠲᠤᠭᠤᠯᠵᠤ᠂ ᠴᠢᠶᠦ᠋ᠩᠵᠸᠤ ᠬᠤᠭᠤᠯᠠᠢ ᠵᠢᠨ ᠬᠦᠪᠡᠭᠡ᠎ᠠᠴᠠ ᠵᠦᠵᠢᠶᠠᠩ ᠮᠥᠷᠡᠨ᠎ᠤ ᠬᠦᠪᠡᠭᠡ ᠬᠦᠷᠲᠡᠯ᠎ᠡ᠂ ᠮᠢᠩᠭ᠋ᠠᠨ ᠭᠠᠵᠠᠷ ᠠᠶᠠᠯᠠᠵᠤ᠂ ᠶᠡᠷᠦᠩᠬᠡᠢ ᠱᠦᠵᠢ ᠰᠢ ᠵᠢᠨ ᠫᠢᠩ ᠶᠠᠳᠠᠷᠠᠯ ᠵᠦᠳᠡᠷᠡᠯ᠎ᠢ ᠬᠠᠶ᠋ᠢᠬᠤᠷᠤᠯ ᠦᠭᠡᠢ᠎ᠪᠠᠷ ᠵᠠᠮ ᠲᠤᠷᠰᠢ ᠪᠠᠶ᠋ᠢᠴᠠᠭ᠋ᠠᠨ ᠰᠤᠳᠤᠯᠵᠤ᠂ ᠵᠠᠮ ᠲᠤᠷᠰᠢ ᠰᠡᠳᠭᠢᠨ ᠪᠣᠳᠣᠯᠬᠢᠯᠠᠪᠠ᠃
ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ᠂ ᠪᠡᠶ᠎ᠡ᠎ᠪᠠᠷ ᠵᠶ᠋ᠠᠨ ᠰᠤᠷᠤᠯᠴᠠᠨ ᠮᠡᠳᠡᠯᠭᠡ ᠡᠵᠡᠮᠰᠢᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠵᠣᠭᠰᠣᠰᠢ ᠦᠭᠡᠢ᠎ᠪᠠᠷ ᠤᠯᠤᠰ᠎ᠤᠨ ᠳᠣᠲᠣᠭ᠋ᠠᠳᠤ᠎ᠳᠤ ᠵᠠᠭᠤ ᠭᠠᠷᠤᠢ ᠤᠳᠠᠭ᠎ᠠ ᠰᠢᠨᠵᠢᠯᠡᠨ ᠪᠠᠶ᠋ᠢᠴᠠᠭ᠋ᠠᠵᠤ ᠪᠠᠶ᠋ᠢᠴᠠᠭ᠋ᠠᠨ ᠰᠤᠳᠤᠯᠤᠯᠲᠠ ᠬᠢᠵᠦ᠂ ᠶᠠᠪᠤᠵᠤ ᠦᠩᠭᠡᠷᠡᠭᠰᠡᠨ ᠮᠥᠷ᠎ᠨᠢ ᠡᠬᠡ ᠤᠯᠤᠰ᠎ᠤᠨ ᠭᠠᠵᠠᠷ ᠪᠤᠯᠭ᠋ᠠᠨ᠎ᠳᠤ ᠲᠦᠭᠡᠭᠡᠵᠦ᠂ ᠶᠡᠷᠦ᠎ᠨᠢ ᠠᠷᠠᠳ ᠲᠦᠮᠡᠨ᠎ᠤ ᠳᠤᠮᠳᠠ ᠭᠦᠨᠵᠡᠭᠡᠶ᠋ᠢᠷᠡᠵᠦ᠂ ᠪᠣᠳᠠᠲᠤ ᠪᠠᠶ᠋ᠢᠳᠠᠯ᠎ᠢ ᠪᠠᠶ᠋ᠢᠴᠠᠭ᠋ᠠᠨ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠵᠤ᠂ ᠪᠦᠬᠦ ᠨᠠᠮ᠎ᠤᠨ ᠪᠠᠶ᠋ᠢᠴᠠᠭ᠋ᠠᠨ ᠰᠤᠳᠤᠯᠤᠯᠲᠠ ᠵᠢ ᠴᠢᠬᠤᠯᠠᠴᠢᠯᠠᠬᠤ᠂ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠬᠦ᠂ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠴᠢᠳᠠᠮᠠᠭ᠋ᠠᠢ ᠪᠠᠶ᠋ᠢᠬᠤ᠎ᠳᠤ ᠭᠡᠷᠡᠯ ᠰᠠᠴᠤᠷᠠᠩᠭᠤᠢ ᠳᠠᠭᠤᠷᠢᠶᠠᠯ ᠦᠵᠡᠭᠦᠯᠵᠡᠢ᠃
ᠪᠡᠶ᠎ᠡ᠎ᠪᠠᠷ ᠵᠶ᠋ᠠᠨ ᠬᠡᠪ ᠲᠦᠷᠢᠮ ᠪᠣᠯᠬᠤ᠎ᠨᠢ ᠠᠵᠢᠯ ᠪᠠ ᠠᠮᠢᠳᠤᠷᠠᠯ᠎ᠤᠨ ᠡᠯ᠎ᠡ ᠲᠠᠯ᠎ᠠ᠎ᠳᠤ ᠢᠯᠡᠷᠡᠵᠦ ᠪᠠᠶ᠋ᠢᠳᠠᠭ᠃
ᠰᠢᠨᠵᠢᠯᠡᠨ ᠪᠠᠶ᠋ᠢᠴᠠᠭ᠋ᠠᠬᠤ ᠳᠤᠮᠳᠠ ᠶᠡᠷᠦ᠎ᠠᠴᠠ ᠬᠦᠮᠦᠨ ᠴᠦᠬᠡᠨ ᠬᠥᠰᠭᠡ ᠬᠥᠩᠭᠡᠨ ᠪᠠᠶ᠋ᠢᠵᠤ᠂ ᠬᠤᠨᠤᠭ ᠪᠠᠭᠤᠳᠠᠯ᠎ᠢ ᠳᠥᠭᠦᠮᠴᠢᠯᠡᠨ ᠲᠤᠬᠢᠷᠠᠭᠤᠯᠵᠤ᠂ ᠭᠠᠳᠠᠭ᠋ᠠᠳᠤ᠎ᠳᠤ ᠠᠶ᠋ᠢᠯᠴᠢᠯᠠᠬᠤ᠎ᠳᠠᠭᠠᠨ ᠴᠤ᠌ ᠭᠠᠳᠠᠭ᠋ᠠᠲᠤ ᠶᠠᠪᠤᠳᠠᠯ᠎ᠤᠨ ᠲᠦᠷᠢᠮ ᠲᠤᠭᠲᠠᠭ᠋ᠠᠯ᠎ᠢ ᠴᠢᠩᠭ᠎ᠠ ᠬᠡᠷᠡᠭᠵᠢᠭᠦᠯᠳᠡᠭ ᠁ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠲᠡᠷᠡ ᠶᠣᠰᠣᠭ᠋ᠠᠷ᠎ᠨᠢ᠂ ᠬᠡᠯᠪᠡᠷᠢ ᠵᠢ᠎ᠨᠢ ᠬᠤᠪᠢᠷᠠᠭᠤᠯᠬᠤ ᠦᠭᠡᠢ ᠪᠠᠶ᠋ᠢᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠡᠷᠡᠰ ᠪᠠᠲᠤ ᠢᠲᠡᠭᠡᠯ ᠪᠢᠰᠢᠷᠡᠯ᠎ᠢ ᠢᠯᠡᠷᠡᠭᠦᠯᠵᠦ᠂ ᠪᠦᠬᠦ ᠨᠡᠶ᠋ᠢᠭᠡᠮ᠎ᠤᠨ ᠰᠢᠨ᠎ᠡ ᠰᠤᠷᠲᠠᠯ ᠲᠥᠪ ᠰᠤᠷᠲᠠᠯ ᠲᠠᠰᠤᠷᠠᠯᠳᠠ ᠦᠭᠡᠢ ᠪᠤᠢ ᠪᠤᠯᠬᠤ ᠵᠢ ᠲᠠᠶ᠋ᠢᠴᠢᠯᠠᠪᠠ᠃
ᠺᠠᠳ᠋ᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠬᠠᠮᠤᠭ᠎ᠤᠨ ᠴᠢᠬᠤᠯᠠ᠎ᠨᠢ ᠠᠷᠠᠳ ᠤᠯᠠᠨ᠎ᠯᠤᠭ᠎ᠠ ᠵᠢᠨ ᠰᠠᠯᠵᠤ ᠪᠣᠯᠤᠰᠢ ᠦᠭᠡᠢ ᠬᠠᠷᠢᠴᠠᠭ᠎ᠠ ᠵᠢ ᠪᠠᠲᠤᠯᠠᠬᠤ ᠡᠨᠡ ᠬᠦ᠌ ᠭᠤᠣᠯ ᠠᠰᠠᠭᠤᠳᠠᠯ᠎ᠢ ᠠᠳᠬᠤᠬᠤ ᠬᠡᠷᠡᠭᠲᠡᠢ᠃
ᠬᠥᠬᠡᠭᠴᠢᠨ ᠮᠣᠭ᠋ᠠᠶ ᠵᠢᠯ᠎ᠤᠨ ᠡᠮᠦᠨᠡᠬᠡᠨ᠂ ᠱᠠᠨᠠᠭ᠎ᠠ ᠪᠣᠭᠤᠮᠲᠠ ᠵᠢᠨ ᠭᠠᠳᠠᠨ᠎ᠠ᠂ ᠮᠥᠰᠥ ᠴᠠᠰᠤᠨ᠎ᠳᠤ ᠬᠤᠴᠢᠭᠳᠠᠪᠠ᠃ ᠶᠡᠷᠦᠩᠬᠡᠢ ᠱᠦᠵᠢ ᠰᠢ ᠵᠢᠨ ᠫᠢᠩ ᠤᠮᠠᠷᠠᠰᠢ ᠮᠣᠷᠳᠠᠵᠤ᠂ ᠯᠢᠶᠣᠤᠨᠢᠩ᠎ᠳᠤ ᠬᠦᠷᠴᠦ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠪᠣᠯᠭᠤᠭ᠋ᠠᠨ ᠲᠣᠬᠤᠨᠢᠭᠤᠯᠪᠠ᠃
《ᠪᠢ ᠰᠡᠳᠭᠢᠯ᠎ᠳᠡᠭᠡᠨ ᠪᠤᠳᠤᠭᠰᠠᠭ᠋ᠠᠷ ᠪᠠᠶ᠋ᠢᠨ᠎ᠠ᠂ ᠲᠡᠷᠡ ᠬᠡᠰᠡᠭ ᠬᠤᠭᠤᠴᠠᠭ᠋ᠠᠨ᠎ᠳᠤ ᠡᠳᠦᠷ ᠪᠦᠷᠢ ᠲᠠᠨ᠎ᠤ ᠠᠳᠡᠬᠢ ᠪᠠᠶ᠋ᠢᠳᠠᠯ᠎ᠢ ᠣᠶ᠋ᠢᠯᠠᠭ᠋ᠠᠵᠤ ᠪᠠᠶ᠋ᠢᠯ᠎ᠠ》᠃ ᠯᠢᠶᠣᠤᠨᠢᠩ᠎ᠳᠤ ᠰᠢᠨᠵᠢᠯᠡᠨ ᠪᠠᠶ᠋ᠢᠴᠠᠭ᠋ᠠᠬᠤ ᠠᠩᠬᠠᠨ᠎ᠤ ᠦᠷᠳᠡᠭᠡ᠎ᠳᠤ᠂ ᠶᠡᠷᠦᠩᠬᠡᠢ ᠱᠦᠵᠢ ᠭᠠᠯᠲᠤ ᠲᠡᠷᠭᠡ᠂ ᠮᠠᠰᠢᠨ ᠲᠡᠷᠭᠡᠨ᠎ᠳᠤ ᠰᠠᠭᠤᠵᠤ᠂ ᠨᠢᠳᠤᠨᠤᠨ᠎ᠤ ᠦᠶᠡᠷ᠎ᠤᠨ ᠭᠠᠮᠰᠢᠭ᠎ᠲᠤ ᠬᠦᠨᠳᠦ ᠭᠠᠮᠰᠢᠭᠳᠠᠭᠰᠠᠨ ᠬᠤᠯᠤ ᠠᠷᠠᠯ᠎ᠳᠤ ᠢᠷᠡᠪᠡ᠃
ᠠᠯᠢ ᠤᠯᠠᠨ ᠬᠥᠮᠦᠨ᠎ᠤ ᠰᠡᠳᠭᠢᠯ᠎ᠢ ᠬᠥᠳᠡᠯᠭᠡᠮ᠎ᠡ ᠦᠵᠡᠭᠳᠡᠯ᠎ᠢ ᠬᠥᠮᠦᠰ ᠴᠡᠭᠡᠵᠢᠯᠡᠭᠰᠡᠭᠡᠷ ᠪᠠᠶ᠋ᠢᠨ᠎ᠠ —
ᠶᠦᠨᠨᠠᠨ᠎ᠤ ᠯᠦ᠍ ᠳ᠋ᠢᠶᠠᠨ᠎ᠤ ᠭᠠᠵᠠᠷ ᠬᠥᠳᠡᠯᠦᠯᠲᠡ ᠵᠢᠨ ᠳᠠᠷᠠᠭ᠎ᠠ᠂ ᠭᠠᠵᠠᠷ ᠬᠥᠳᠡᠯᠦᠯᠲᠡ ᠵᠢᠨ ᠲᠥᠪ ᠬᠠᠪᠴᠢᠯ᠎ᠳᠤ ᠬᠦᠷᠴᠦ᠂ ᠪᠦᠷᠢᠮᠦᠰᠦᠨ ᠡᠪᠳᠡᠭᠳᠡᠭᠰᠡᠨ ᠬᠦᠷᠢᠶᠡᠨ᠎ᠳᠤ ᠣᠷᠣᠵᠤ᠂ ᠭᠠᠵᠠᠷ ᠬᠥᠳᠡᠯᠦᠯᠲᠡ ᠵᠢᠨ ᠦᠬᠦᠯ ᠰᠢᠷᠬᠠᠲᠤᠯ᠂ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠵᠤ ᠪᠠᠶ᠋ᠢᠭ᠎ᠠ ᠪᠠᠶ᠋ᠢᠳᠠᠯ᠎ᠢ ᠯᠠᠪᠯᠠᠨ ᠠᠰᠠᠭᠤᠪᠠ; ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠬᠠᠮᠤᠭ᠎ᠤᠨ ᠬᠡᠴᠡᠭᠦᠦ ᠱᠠᠲᠤᠨ᠎ᠳᠤ᠂ ᠦᠬᠠᠨ᠎ᠳᠤ ᠨᠢᠰᠭᠡᠯ ᠵᠶ᠋ᠠᠷ ᠬᠦᠷᠴᠦ ᠬᠢᠵᠢᠭ᠎ᠲᠠᠢ ᠲᠡᠮᠡᠴᠡᠬᠦ ᠠᠵᠢᠯ᠎ᠢ ᠵᠢᠯᠣᠭᠤᠳᠪᠠ; ᠱᠠᠨ ᠰᠢ ᠬᠤᠪᠣᠷ ᠲᠣᠬᠢᠶᠠᠯᠳᠤᠬᠤ ᠨᠠᠮᠤᠷ᠎ᠤᠨ ᠦᠶᠡᠷ᠎ᠤᠨ ᠭᠠᠮᠰᠢᠭ᠎ᠲᠤ ᠲᠤᠯᠭ᠋ᠠᠷᠠᠭᠰᠠᠨᠤ ᠳᠠᠷᠠᠭ᠎ᠠ᠂ ᠶᠡᠭᠡ ᠴᠠᠰᠤᠨ᠎ᠳᠤ ᠯᠢᠨᠹᠧᠨ ᠬᠤᠲᠠ᠎ᠳᠤ ᠬᠦᠷᠴᠦ᠂ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠬᠢᠨ ᠪᠥᠲᠥᠭᠡᠨ ᠪᠠᠶ᠋ᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ ᠁
ᠶᠡᠷᠦᠩᠬᠡᠢ ᠱᠦᠵᠢ ᠰᠢ ᠵᠢᠨ ᠫᠢᠩ ᠤᠯᠠᠨ ᠤᠳᠠᠭ᠎ᠠ ᠭᠠᠮᠰᠢᠭᠳᠠᠭᠰᠠᠨ ᠣᠷᠣᠨ᠎ᠳᠤ ᠬᠦᠷᠴᠦ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠂ ᠪᠤᠲᠠᠲᠠᠢ ᠬᠡᠷᠡᠭᠴᠡᠭᠡ ᠱᠠᠭ᠋ᠠᠷᠳᠠᠯᠭ᠎ᠠ ᠵᠢ ᠬᠠᠯᠠᠮᠵᠢᠯᠠᠵᠤ᠂ ᠤᠯᠠᠨ᠎ᠤ ᠬᠦᠴᠢᠷ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠡᠷᠴᠢ ᠵᠣᠷᠢᠭ᠎ᠢ᠎ᠨᠢ ᠬᠥᠪᠴᠢᠯᠡᠨ᠂ ᠴᠢᠭᠯᠡᠯ᠎ᠢ ᠵᠢᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠪᠢ ᠪᠣᠯ ᠠᠷᠠᠳ ᠲᠦᠮᠡᠨ᠎ᠤ ᠦᠢ᠍ᠯᠡᠴᠢᠯᠡᠭᠴᠢ》 ᠭᠡᠬᠦ ᠴᠢᠩ ᠦᠨᠡᠨᠴᠢ ᠰᠡᠳᠭᠢᠯᠭᠡ ᠵᠢ ᠲᠠᠶ᠋ᠢᠯᠪᠤᠷᠢᠯᠠᠭᠰᠠᠨ ᠪᠠᠶ᠋ᠢᠨ᠎ᠠ᠃
ᠬᠡᠳᠦᠨ ᠵᠢᠯ᠎ᠤᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠢᠲ᠋ᠠᠯᠢ ᠵᠢᠨ ᠲᠤᠤᠷᠠᠲᠤ ᠵᠥᠪᠯᠡᠯᠭᠡᠨ᠎ᠤ ᠳᠠᠷᠤᠭ᠎ᠠ ᠹᠧᠶ᠋ᠢᠺᠧᠲᠠᠢ ᠠᠭᠤᠯᠵᠠᠪᠠ᠃ ᠹᠧᠶ᠋ᠢᠺᠧ᠄ 《ᠲᠠ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ᠎ᠪᠠᠷ ᠰᠣᠩᠭᠤᠭᠳᠠᠬᠤ ᠦᠶ᠎ᠡ᠎ᠳᠤ ᠶᠠᠮᠠᠷ ᠰᠢᠤ ᠰᠡᠳᠭᠢᠯᠭᠡ᠎ᠲᠠᠢ ᠪᠠᠶ᠋ᠢᠭᠰᠠᠨ ᠪᠤᠢ?》 ᠭᠡᠵᠦ ᠠᠰᠠᠭᠤᠪᠠ᠃
ᠶᠡᠷᠦᠩᠬᠡᠢ ᠱᠦᠵᠢ ᠰᠢ ᠵᠢᠨ ᠫᠢᠩ᠄ 《ᠡᠶ᠋ᠢᠮᠦ ᠶᠡᠭᠡ ᠤᠯᠤᠰ᠂ ᠬᠠᠷᠢᠭᠤᠴᠠᠯᠭ᠎ᠠ ᠲᠦᠢ᠍ᠯ᠎ᠤᠨ ᠬᠦᠨᠳᠦ᠂ ᠠᠵᠢᠯ ᠲᠦᠢ᠍ᠯ᠎ᠤᠨ ᠪᠡᠷᠬᠡ ᠬᠠᠲᠠᠭᠤᠵᠢᠯᠲᠠᠢ᠃ ᠠᠮᠢ ᠪᠡᠶ᠎ᠡ᠎ᠪᠠᠨ ᠦᠯᠦ ᠪᠤᠳᠤᠵᠤ ᠠᠷᠠᠳ ᠲᠦᠮᠡᠨ᠎ᠳᠤ ᠤᠰᠤᠯᠳᠠᠬᠤ ᠦᠭᠡᠢ᠃ ᠪᠢ ᠳᠤᠷᠠᠲᠠᠶ᠎ᠠ 〈ᠠᠮᠢ ᠪᠡᠶ᠎ᠡ᠎ᠪᠠᠨ ᠦᠯᠦ ᠪᠤᠳᠤᠬᠤ〉 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠬᠥᠭᠵᠢᠯᠲᠡ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ》 ᠭᠡᠪᠡ᠃
ᠪᠡᠶ᠎ᠡ᠎ᠪᠠᠷ ᠵᠶ᠋ᠠᠨ ᠬᠡᠷᠡᠭᠵᠢᠬᠦᠯᠦᠭᠰᠡᠳᠢ ᠤᠯᠠᠨ ᠵᠶ᠋ᠠᠷ ᠵᠶ᠋ᠠᠨ ᠳᠠᠭ᠋ᠠᠵᠤ᠂ ᠬᠤᠭᠤᠰᠤᠨ ᠦᠭᠡ ᠬᠡᠯᠡᠭᠰᠡᠳᠢ ᠲᠦᠮᠡᠨ ᠵᠶ᠋ᠠᠷ ᠵᠶ᠋ᠠᠨ ᠵᠢᠮᠡᠯᠡᠨ᠎ᠡ᠃
ᠪᠠᠶ᠋ᠢᠴᠠᠭ᠋ᠠᠨ ᠰᠤᠳᠤᠯᠤᠯᠲᠠ ᠵᠢ ᠰᠠᠶ᠋ᠢᠵᠢᠷᠠᠭᠤᠯᠬᠤ ᠲᠠᠯ᠎ᠠ᠎ᠪᠠᠷ ᠬᠠᠷᠠᠯᠲᠠ᠎ᠲᠠᠢ᠎ᠪᠠᠷ ᠰᠤᠮᠤ ᠬᠠᠷᠪᠤᠵᠤ᠂ ᠠᠰᠠᠭᠤᠳᠠᠯ᠎ᠳᠤ ᠰᠢᠭᠤᠳ ᠬᠠᠨᠳᠤᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠠᠰᠠᠭᠤᠳᠠᠯ᠎ᠢ ᠰᠢᠢ᠍ᠳᠪᠦᠷᠢᠯᠡᠬᠦ ᠰᠢᠨ᠎ᠡ ᠰᠡᠳᠭᠢᠮᠵᠢ ᠰᠢᠨ᠎ᠡ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠬᠤ ᠵᠢ ᠴᠢᠬᠤᠯᠠᠴᠢᠯᠠᠪᠠ; ᠬᠤᠷᠠᠯ᠎ᠢ ᠴᠣᠮᠬᠠᠳᠬᠠᠬᠤ ᠠᠵᠢᠯᠯᠠᠭ᠎ᠠ ᠵᠢᠨ ᠲᠠᠯ᠎ᠠ᠎ᠪᠠᠷ᠂ ᠴᠢᠬᠤᠯᠠ ᠶᠡᠭᠡ ᠬᠤᠷᠠᠯ᠎ᠤᠨ ᠠᠵᠢᠯᠯᠠᠭ᠎ᠠ ᠵᠢᠨ ᠶᠡᠷᠦᠩᠬᠡᠶ ᠬᠡᠮᠵᠢᠶ᠎ᠡ ᠵᠢ ᠡᠬᠢ ᠡᠭᠦᠰᠦᠯ᠎ᠠᠴᠠ᠎ᠨᠢ ᠡᠵᠡᠮᠳᠡᠬᠦ ᠵᠢ ᠴᠢᠬᠤᠯᠠᠴᠢᠯᠠᠵᠤ᠂ ᠲᠥᠪ᠎ᠤᠨ ᠬᠤᠷᠠᠯ᠎ᠤᠨ ᠠᠵᠢᠯᠯᠠᠭ᠎ᠠ ᠵᠢᠨ ᠬᠤᠷᠠᠯ᠎ᠤᠨ ᠬᠤᠭᠤᠴᠠᠭ᠎ᠠ᠂ ᠬᠡᠪᠴᠢᠶ᠎ᠡ᠂ ᠪᠠᠷᠢᠮᠵᠢᠶ᠎ᠠ ᠵᠢ ᠴᠢᠩᠭ᠎ᠠ ᠬᠢᠵᠠᠭ᠋ᠠᠷᠯᠠᠪᠠ; ᠪᠢᠴᠢᠭ ᠮᠠᠲ᠋ᠧᠷᠢᠶᠠᠯ ᠲᠣᠪᠴᠢ ᠮᠡᠳᠡᠭᠡ ᠵᠢ ᠴᠣᠮᠬᠠᠳᠬᠠᠬᠤ ᠲᠠᠯ᠎ᠠ᠎ᠪᠠᠷ᠂ ᠲᠥᠪ᠎ᠤᠨ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠤᠨ ᠵᠣᠬᠢᠶᠠᠯ᠎ᠤᠨ ᠰᠤᠷᠲᠠᠯ᠎ᠢ ᠰᠠᠶ᠋ᠢᠵᠢᠷᠠᠭᠤᠯᠬᠤ ᠵᠢ ᠠᠬᠢᠭᠤᠯᠵᠤ᠂ 《ᠣᠬᠤᠷ ᠪᠣᠳᠠᠲᠠᠶ ᠰᠢᠨ᠎ᠡ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠪᠠᠷᠢᠮᠵᠢᠶ᠎ᠠ᠎ᠠᠴᠠ ᠬᠡᠲᠦᠷᠡᠭᠦᠯᠦᠨ ᠪᠢᠴᠢᠭ ᠮᠠᠲ᠋ᠧᠷᠢᠶᠠᠯ ᠶᠠᠪᠤᠭᠤᠯᠬᠤ᠎ᠠᠴᠠ ᠵᠠᠶ᠋ᠢᠯᠠᠰᠭᠢᠪᠠ ᠁
ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠪᠤᠰᠤᠳ ᠨᠥᠬᠦᠳ ᠶᠡᠷᠦᠩᠬᠡᠢ ᠱᠦᠵᠢ ᠰᠢ ᠵᠢᠨ ᠫᠢᠩ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ᠂ ᠰᠠᠯᠠᠭ᠎ᠠ ᠮᠥᠴᠢᠷ ᠪᠣᠯᠤᠨ ᠪᠠᠶ᠋ᠢᠭ᠎ᠠ ᠭᠠᠵᠠᠷ ᠣᠷᠣᠨ᠎ᠤ᠎ᠬᠢᠨ᠎ᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠰᠠᠶ᠋ᠢᠲᠤᠷ ᠠᠳᠬᠤᠪᠠ᠃
ᠶᠡᠷᠦᠩᠬᠡᠢ ᠱᠦᠵᠢ ᠰᠢ ᠵᠢᠨ ᠫᠢᠩ᠎ᠤᠨ ᠵᠢᠯᠤᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ ᠨᠠᠮ᠎ᠤᠨ ᠰᠤᠷᠲᠠᠯ᠎ᠢ ᠪᠦᠬᠦ ᠲᠠᠯ᠎ᠠ᠎ᠪᠠᠷ ᠴᠡᠪᠡᠷᠰᠢᠭᠦᠯᠵᠦ᠂ ᠵᠠᠷᠯᠢᠭ ᠪᠠᠭᠤᠯᠭ᠋ᠠᠪᠠᠯ ᠵᠠᠪᠠᠯ ᠬᠡᠷᠡᠭᠵᠢᠭᠦᠯᠵᠦ᠂ ᠴᠥᠬᠦᠷᠡᠰᠢ ᠦᠭᠡᠢ ᠤᠷᠤᠭᠰᠢᠯᠠᠵᠤ᠂ ᠨᠠᠮ᠎ᠤᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠳᠠᠶ᠋ᠢᠴᠢᠨ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠤᠷᠳᠤ ᠬᠤᠭᠤᠴᠠᠭ᠎ᠠ᠎ᠪᠠᠷ ᠵᠢᠳᠬᠦᠨ ᠴᠢᠷᠮᠠᠶ᠋ᠢᠪᠠ — 《ᠡᠷᠴᠢᠮ ᠵᠶ᠋ᠠᠨ ᠪᠠᠲᠤᠯᠠᠵᠤ᠂ ᠡᠷᠴᠢ ᠵᠣᠷᠢᠭ ᠵᠶ᠋ᠠᠨ ᠪᠠᠲᠤᠯᠠᠵᠤ᠂ ᠰᠠᠶ᠋ᠢᠨ ᠵᠶ᠋ᠠᠷ ᠡᠬᠢᠯᠡᠭᠦᠯᠵᠦ ᠰᠠᠶ᠋ᠢᠨ ᠵᠶ᠋ᠠᠷ ᠲᠡᠭᠦᠰᠭᠡᠵᠦ᠂ ᠴᠢᠳᠠᠮᠠᠭ᠋ᠠᠢ ᠠᠵᠢᠯᠯᠠᠨ ᠦᠷ᠎ᠡ ᠪᠦᠳᠦᠮᠵᠢ ᠭᠠᠷᠭ᠋ᠠᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ ᠵᠢ ᠲᠠᠰᠤᠷᠠᠯᠳᠠ ᠦᠭᠡᠢ ᠤᠯᠪᠠ》
《ᠲᠠᠶ᠋ᠢᠱ᠌ᠠᠨ ᠠᠭᠤᠯᠠ ᠵᠢᠨ ᠬᠠᠭ᠋ᠠᠰ ᠪᠠᠯ᠎ᠳᠤ ᠪᠠᠶ᠋ᠢᠭ᠎ᠠ ᠨᠢᠭᠡ ᠬᠡᠰᠡᠭ ᠲᠡᠭᠰᠢ ᠵᠠᠮ᠎ᠢ 〈ᠪᠠᠶᠠᠰᠬᠤᠯᠠᠩᠲᠤ ᠭᠤᠷᠪᠠᠨ ᠭᠠᠵᠠᠷ〉 ᠭᠡᠳᠡᠭ᠂ ᠵᠠᠷᠢᠮ ᠬᠥᠮᠦᠰ ᠠᠭᠤᠯᠠ ᠠᠪᠠᠷᠢᠭ᠋ᠠᠳ ᠶᠠᠳᠠᠷᠠᠪᠠᠯ ᠠᠳᠡ ᠠᠮᠠᠷᠠᠬᠤ ᠳᠤᠷᠠᠲᠠᠶ ᠪᠠᠶ᠋ᠢᠳᠠᠭ᠃ ᠭᠡᠲᠡᠯ᠎ᠡ ᠳᠠᠮᠨᠠᠬᠤ ᠠᠵᠢᠯᠴᠢᠨ ᠶᠡᠷᠦ᠎ᠳᠡᠭᠡᠨ ᠠᠳᠡ ᠤᠳᠠᠭ᠋ᠠᠨ ᠠᠮᠤᠰᠬᠢᠳᠠᠭ ᠦᠭᠡᠢ᠂ ᠤᠴᠢᠷ᠎ᠨᠢ ᠤᠳᠠᠭ᠋ᠠᠨ ᠠᠮᠠᠷᠠᠪᠠᠯ 〈ᠵᠠᠯᠬᠠᠭᠤᠷᠠᠵᠤ〉᠂ ᠲᠠᠬᠢᠭ᠋ᠠᠳ 〈ᠠᠷᠪᠠᠨ ᠨᠠᠢ᠍ᠮᠠᠨ ᠤᠷᠢᠶᠠᠮᠠᠯ〉 ᠳᠡᠭᠡᠷ᠎ᠡ ᠭᠠᠷᠬᠤ᠎ᠳᠤ ᠨᠡᠩ ᠬᠦᠴᠢᠷ ᠪᠣᠯᠳᠠᠭ》᠃
ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠨᠠᠮ᠎ᠤᠨ ᠳᠣᠲᠣᠭ᠋ᠠᠳᠤ ᠵᠢᠨ ᠳᠡᠭᠡᠳᠦ ᠵᠡᠷᠭᠡ ᠵᠢᠨ ᠺᠠᠳ᠋ᠷ᠎ᠤᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠠᠮᠢᠳᠤᠯᠢᠭ ᠦᠯᠢᠭᠡᠷ ᠵᠶ᠋ᠠᠷ 《ᠰᠤᠷᠲᠠᠯ᠎ᠤᠨ ᠪᠠᠶ᠋ᠢᠭᠤᠯᠤᠯᠲᠠ ᠡᠭᠦᠷᠢᠳᠡ ᠵᠤᠬᠰᠤᠰᠢ ᠦᠭᠡᠢ》 ᠭᠡᠬᠦ ᠪᠣᠷᠣᠭᠵᠢᠭᠤᠨ ᠶᠣᠰᠣ ᠵᠢ ᠲᠠᠶ᠋ᠢᠯᠪᠤᠷᠢᠯᠠᠪᠠ᠃
ᠴᠢᠩᠭ᠎ᠠ ᠠᠳᠬᠤᠨ ᠳᠠᠳᠬᠠᠯ ᠪᠤᠯᠭ᠋ᠠᠵᠤ᠂ ᠦᠷ᠎ᠡ ᠪᠦᠲᠦᠮᠵᠢ ᠭᠠᠷᠭ᠋ᠠᠵᠤ᠂ ᠰᠤᠷᠳᠠᠯ᠎ᠢ ᠬᠤᠪᠢᠷᠠᠭᠤᠯᠪᠠ᠃
ᠰᠢᠨ᠎ᠡ ᠴᠠᠭ ᠦᠶ᠎ᠡ᠎ᠳᠤ ᠤᠷᠤᠭᠰᠠᠨ᠎ᠤ ᠳᠠᠷᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠵᠢᠯᠣᠭᠤᠳᠣᠯᠭ᠎ᠠ ᠳᠤᠤᠷ᠎ᠠ᠂ ᠪᠥᠬᠦ ᠨᠠᠮ ᠵᠶ᠋ᠠᠷ ᠵᠶ᠋ᠠᠨ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠡᠵᠡᠮᠳᠡᠵᠦ᠂ ᠰᠤᠷᠲᠠᠯ᠎ᠤᠨ ᠬᠡᠮ ᠠᠷᠬᠠᠭ᠎ᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠤᠴᠠᠳᠠᠢ ᠴᠡᠭᠴᠡᠯᠡᠨ ᠵᠠᠰᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠠᠵᠢᠯ ᠬᠢᠵᠦ ᠦᠢ᠍ᠯᠡᠰ ᠪᠤᠰᠬᠠᠬᠤ ᠬᠥᠳᠡᠯᠭᠡᠬᠦ ᠬᠦᠴᠦᠨ᠎ᠢ ᠲᠠᠰᠤᠷᠠᠯᠲᠠ ᠥᠬᠡᠶ ᠬᠥᠭᠵᠢᠭᠡᠵᠦ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠬᠤ᠎ᠳᠤ ᠪᠠᠲᠤᠯᠠᠭ᠎ᠠ ᠬᠠᠩᠭ᠋ᠠᠪᠠ᠃
《ᠤᠯᠤᠰ ᠲᠥᠷᠥ ᠵᠢᠨ ᠨᠢᠭᠤᠴᠠᠭ᠋ᠠᠢ ᠳᠦᠷᠢᠮ》᠎ᠢ ᠡᠪᠳᠡᠵᠦ᠂ 《ᠰᠤᠷᠲᠠᠯ》᠎ᠢ ᠴᠢᠩᠭ᠎ᠠ ᠵᠠᠯᠠᠷᠠᠭᠤᠯᠵᠤ ᠠᠷᠢᠭᠤᠨ ᠴᠢᠬᠡᠴᠢ ᠤᠯᠤᠰ ᠲᠥᠷᠥ ᠵᠢᠨ ᠠᠮᠢ ᠠᠬᠤᠶ ᠵᠢ ᠪᠠᠬᠢᠵᠢᠭᠦᠯᠪᠡ —
2023 ᠣᠨ᠎ᠤ 1 ᠰᠠᠷ᠎ᠠ ᠵᠢᠨ 9᠎ᠤ ᠡᠳᠦᠷ᠎ᠠᠴᠠ 10᠎ᠤ ᠡᠳᠦᠷ ᠪᠣᠯᠲᠠᠯ᠎ᠠ᠂ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠬᠤᠶᠠᠳᠤᠭ᠋ᠠᠷ ᠪᠦᠬᠦᠳᠠ ᠬᠤᠷᠠᠯ ᠬᠤᠷᠠᠯᠳᠤᠪᠠ᠃
《ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ 〈ᠲᠦᠷᠪᠡᠨ ᠰᠤᠷᠲᠠᠯ〉᠎ᠢ ᠵᠠᠯᠠᠷᠠᠭᠤᠯᠵᠤ᠂ ᠣᠨᠴᠠ ᠡᠷᠬᠡ ᠵᠢᠨ ᠦᠵᠡᠯ ᠰᠠᠨᠠᠭ᠎ᠠ ᠪᠣᠯᠤᠨ ᠣᠨᠴᠠ ᠡᠷᠬᠡ ᠵᠢᠨ ᠦᠵᠡᠭᠳᠡᠯ᠎ᠢ ᠡᠷᠡᠰ ᠡᠰᠡᠷᠭᠦᠴᠡᠵᠦ᠂ ᠴᠢᠯᠠᠭᠤᠨ ᠳᠡᠭᠡᠷ᠎ᠡ ᠬᠢᠰᠭᠢᠪᠡᠯ ᠮᠥᠷ᠎ᠲᠠᠢ᠂ ᠲᠡᠮᠤᠷ ᠪᠠᠷᠢᠪᠠᠯ ᠤᠷᠤᠮ᠎ᠲᠠᠢ ᠪᠠᠶ᠋ᠢᠵᠤ᠂ ᠤᠷᠳᠤ ᠬᠤᠭᠤᠴᠠᠭ᠎ᠠ᠎ᠪᠠᠷ ᠵᠤᠬᠰᠤᠭ᠋ᠠᠵᠤ ᠳᠡᠶ᠋ᠢᠯᠦᠭᠡᠳᠦᠢ ᠪᠠᠶ᠋ᠢᠭᠰᠠᠨ ᠵᠠᠷᠢᠮ ᠭᠠᠵᠢᠭᠤ ᠰᠤᠷᠲᠠᠯ᠎ᠢ ᠵᠤᠬᠰᠤᠭ᠋ᠠᠵᠤ᠂ ᠤᠯᠠᠨ ᠵᠢᠯ᠎ᠤᠨ ᠲᠤᠷᠰᠢ ᠠᠷᠢᠯᠭ᠋ᠠᠭ᠋ᠠᠳᠤᠢ ᠪᠠᠶ᠋ᠢᠭᠰᠠᠨ ᠵᠠᠷᠢᠮ ᠠᠷᠬᠠᠭ ᠭᠡᠮ᠎ᠢ ᠵᠠᠯᠠᠷᠠᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠳᠦᠷᠰᠦ ᠪᠠᠶ᠋ᠢᠳᠠᠯ ᠵᠶ᠋ᠠᠷ ᠠᠷᠠᠳ ᠤᠯᠠᠨ᠎ᠤ ᠢᠲᠡᠭᠡᠯ ᠬᠦᠷᠢᠶᠡᠯᠡᠯ᠎ᠢ ᠤᠯᠪᠠ》᠃
ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠠᠭ ᠦᠶ᠎ᠡ ᠵᠢᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠵᠢ ᠭᠦᠨᠵᠡᠭᠡᠢ ᠳ᠋ᠦᠩᠨᠡᠪᠡ᠃
ᠰᠤᠷᠲᠠᠯ᠎ᠤᠨ ᠪᠠᠶ᠋ᠢᠭᠤᠯᠤᠯᠲᠠ ᠬᠡᠵᠢᠶᠡᠳᠡ ᠵᠤᠬᠰᠤᠰᠢ ᠦᠭᠡᠢ ᠪᠠᠶ᠋ᠢᠵᠤ ᠡᠴᠦᠰ᠎ᠲᠤᠨᠢ ᠳᠤᠯᠳᠠᠯ᠎ᠠ ᠴᠢᠩᠭ᠎ᠠ ᠠᠳᠬᠤᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠴᠢᠩᠭ᠎ᠠ ᠪᠠᠶ᠋ᠢᠬᠤ ᠪᠠᠷᠢᠮᠵᠢᠶ᠎ᠠ ᠪᠠ ᠴᠢᠩᠭ᠎ᠠ ᠪᠠᠶ᠋ᠢᠬᠤ ᠠᠭᠤᠷ ᠠᠮᠢᠰᠬᠤᠯ᠎ᠢ ᠪᠠᠷᠢᠮᠲᠠᠯᠠᠵᠤ᠂ 《ᠳᠥᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠄
ᠲᠣᠭᠲᠠᠭ᠋ᠠᠯ᠎ᠠᠴᠠ ᠵᠥᠷᠢᠴᠡᠨ ᠪᠡᠯᠡᠭ ᠰᠡᠯᠲᠡ ᠪᠡᠯᠡᠭ᠎ᠤᠨ ᠵᠣᠭᠤᠰ ᠬᠤᠷᠢᠶᠠᠵᠤ ᠬᠦᠷᠭᠡᠭᠰᠡᠨ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠵᠡᠷᠭᠡ ᠠᠰᠠᠭᠤᠳᠠᠯ᠎ᠢ ᠭᠦᠨᠵᠡᠭᠡᠶ ᠴᠡᠭᠴᠡᠯᠡᠨ ᠵᠠᠰᠠᠵᠤ᠂ ᠲᠦᠷᠭᠡᠨ ᠬᠦᠷᠭᠡᠯᠲᠡ᠎ᠪᠠᠷ ᠪᠡᠯᠡᠭ ᠬᠦᠷᠭᠡᠬᠦ᠂ ᠠᠯᠪᠠᠨ᠎ᠤ ᠵᠣᠭᠤᠰ ᠵᠶ᠋ᠠᠷ ᠵᠢᠭᠤᠯᠴᠢᠯᠠᠬᠤ ᠵᠡᠷᠭᠡ ᠨᠢᠭᠤᠭᠳᠠᠮᠠᠯ ᠤᠨᠳᠤᠤᠰᠢᠯ ᠠᠰᠠᠭᠤᠳᠠᠯ᠎ᠢ ᠭᠦᠨᠵᠡᠭᠡᠶ ᠠᠭᠤᠳᠠᠯᠤᠨ ᠨᠠᠷᠢᠨ ᠪᠠᠶ᠋ᠢᠴᠠᠭ᠋ᠠᠵᠤ᠂ ᠠᠯᠪᠠᠨ ᠬᠡᠷᠡᠭᠯᠡᠭᠡᠨ᠎ᠤ ᠬᠡᠷ ᠦᠷᠦᠭᠡ ᠪᠠᠷᠢᠮᠵᠢᠶ᠎ᠠ᠎ᠠᠴᠠ ᠬᠡᠲᠦᠷᠡᠭᠰᠡᠨ ᠠᠰᠠᠭᠤᠳᠠᠯ᠎ᠢ ᠴᠢᠩᠭ᠎ᠠ ᠠᠩᠬᠠᠷᠴᠤ᠂ ᠠᠯᠢ ᠣᠯᠠᠨ ᠭᠠᠵᠢᠭᠤ ᠰᠤᠷᠲᠠᠯ᠎ᠤᠨ ᠬᠡᠮ ᠰᠣᠭᠤᠭ᠎ᠨᠢ ᠬᠥᠮᠦᠨ ᠪᠦᠬᠦᠨ᠎ᠤ 《ᠵᠠᠨᠤᠯᠳᠤ ᠡᠳᠡᠭᠡᠳ》 ᠪᠣᠯᠤᠭᠰᠠᠨ ᠪᠠᠶ᠋ᠢᠨ᠎ᠠ;
《ᠬᠠᠭ᠋ᠠᠰ ᠳᠤᠲᠠᠭᠤ ᠤᠷᠬᠢᠭᠰᠠᠨ》 ᠪᠠᠷᠢᠯᠭ᠎ᠠ᠂ 《ᠦᠩᠭᠡᠨ ᠲᠠᠯ᠎ᠠ ᠵᠢᠨ ᠢᠨᠵᠧᠨᠧᠷᠢᠩ》 ᠬᠢᠬᠦ ᠵᠢᠴᠢ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ᠎ᠪᠠᠷ ᠵᠶ᠋ᠠᠨ ᠦᠢ᠍ᠯᠡᠳᠬᠦ ᠵᠡᠷᠭᠡ ᠵᠢ ᠲᠤᠰᠬᠠᠢ ᠴᠡᠭᠴᠡᠯᠡᠨ ᠵᠠᠰᠠᠵᠤ᠂ ᠰᠣᠩᠭᠤᠯᠲᠠ ᠬᠢᠬᠦ᠂ ᠦᠭᠡᠷᠡᠳᠦᠬᠦᠯᠦᠨ ᠬᠤᠪᠢᠷᠠᠭᠤᠯᠬᠤ᠂ ᠳᠤᠲᠠᠭᠤ ᠲᠤᠷᠭᠤᠨ ᠬᠢᠵᠦ᠂ ᠣᠪᠣᠷ ᠵᠶ᠋ᠠᠨ ᠢᠯᠡᠳᠭᠡᠬᠦ᠎ᠨᠢ ᠤᠯᠠᠨ ᠬᠠᠰᠬᠢᠷᠬᠤ ᠳᠠᠭᠤᠨ᠎ᠢ ᠦᠨᠳᠦᠷ᠂ ᠠᠵᠢᠯᠯᠠᠭ᠎ᠠ᠎ᠨᠢ ᠴᠥᠭᠡᠨ ᠨᠠᠶ᠋ᠢᠳᠠᠪᠤᠷᠢᠵᠢᠭᠤᠯᠤᠯᠲᠠ᠎ᠨᠢ ᠠᠨᠠᠢ ᠪᠠᠶ᠋ᠢᠬᠤ ᠠᠰᠠᠭᠤᠳᠠᠯ᠎ᠢ ᠲᠥᠪᠯᠡᠷᠡᠭᠦᠯᠦᠨ ᠵᠠᠯᠠᠷᠠᠭᠤᠯᠵᠤ᠂ ᠨᠢᠭᠡ ᠪᠦᠯᠦᠭ ᠥᠭᠡᠷᠡᠴᠢᠯᠡᠯᠲᠡ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠪᠠ;
ᠢᠳᠡᠭᠡᠨ ᠤᠮᠳᠠᠭ᠋ᠠᠨ᠎ᠢ ᠪᠦᠷᠢᠯᠭᠡᠨ ᠰᠦᠢ᠍ᠳᠭᠡᠬᠦ ᠪᠠ 《ᠠᠯᠪᠠᠨ᠎ᠤ ᠭᠤᠷᠪᠠᠨ ᠵᠠᠷᠤᠳᠠᠯ》᠎ᠤᠨ ᠵᠠᠷᠤᠯᠭ᠎ᠠ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠬᠤᠯᠪᠣᠭ᠋ᠠᠯᠠᠨ ᠬᠥᠳᠡᠯᠦᠯᠴᠡᠵᠦ ᠬᠠᠮᠲᠤᠷᠠᠨ ᠪᠠᠶ᠋ᠢᠴᠠᠭ᠋ᠠᠵᠤ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠤᠳᠤᠭᠰᠠᠨ ᠪᠠ ᠰᠣᠭᠲᠣᠭᠤ᠎ᠪᠠᠷ ᠲᠡᠷᠭᠡ ᠵᠢᠯᠣᠭᠤᠳᠤᠭᠰᠠᠨᠤ ᠠᠷᠤ᠎ᠳᠠᠬᠢ 《ᠳᠥᠷᠪᠡᠨ ᠰᠤᠷᠲᠠᠯ》᠎ᠤᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠵᠤ᠂ ᠬᠢᠨᠠᠯᠲᠠ ᠲᠠᠯᠪᠢᠬᠤ ᠶᠡᠷᠦᠩᠬᠡᠶ᠋ᠢᠯᠡᠭᠰᠡᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠵᠤ᠂ ᠳᠦᠷᠪᠡᠨ ᠰᠤᠷᠲᠠᠯ ᠪᠠ ᠢᠯᠵᠢᠷᠠᠯ᠎ᠢ ᠰᠡᠷᠭᠡᠶ᠋ᠢᠯᠡᠨ ᠵᠠᠰᠠᠬᠤ ᠰᠡᠷᠭᠡᠶ᠋ᠢᠯᠡᠯᠲᠡ ᠵᠢᠨ ᠱᠤᠭᠤᠮ᠎ᠢ ᠲᠠᠰᠤᠷᠠᠯᠲᠠ ᠥᠬᠡᠶ ᠪᠠᠬᠢᠵᠢᠭᠦᠯᠪᠡ᠃
ᠡᠳᠦᠭᠡ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠂ ᠲᠥᠪ᠎ᠤᠨ ᠨᠠᠢ᠍ᠮᠠᠨ ᠲᠣᠭᠲᠠᠭ᠋ᠠᠯ᠎ᠨᠢ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ ᠪᠣᠯᠤᠨ ᠤᠯᠤᠰ ᠲᠦᠷᠦ ᠵᠢᠨ ᠠᠮᠢ ᠠᠬᠤᠢ ᠵᠢ ᠶᠡᠭᠡ᠎ᠪᠠᠷ ᠰᠠᠶ᠋ᠢᠵᠢᠷᠠᠭᠤᠯᠵᠤ᠂ ᠤᠯᠠᠨ᠎ᠳᠤ ᠦᠨᠡᠨ ᠬᠦ᠌᠂ ᠪᠣᠳᠠᠲᠠᠢ ᠬᠤᠪᠢᠷᠠᠯᠲᠠ ᠵᠢ ᠮᠡᠳᠡᠷᠡᠭᠦᠯᠵᠡᠢ ᠭᠡᠵᠦ ᠨᠡᠶ᠋ᠢᠳᠡᠮ ᠲᠤᠰᠬᠠᠵᠠᠭ᠋ᠠᠪᠠ᠃
《ᠪᠠᠭ᠎ᠠ ᠤᠭᠳᠤᠯᠤᠭ᠋ᠠᠰᠤ》 ᠶᠡᠭᠡ ᠬᠤᠪᠢᠷᠠᠯᠲᠠ ᠵᠢ ᠠᠪᠴᠢᠷᠠᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠤᠨ ᠴᠣ᠋ ᠰᠢᠨ᠎ᠡ ᠪᠠᠶ᠋ᠢᠳᠠᠯ ᠵᠶ᠋ᠠᠷ ᠨᠡᠶ᠋ᠢᠭᠡᠮ᠎ᠤᠨ ᠰᠤᠷᠲᠠᠯ᠎ᠤᠨ ᠭᠦᠨᠵᠡᠭᠡᠶ ᠬᠤᠪᠢᠷᠠᠯᠲᠠ ᠵᠢ ᠬᠦᠰᠢᠵᠦ ᠬᠥᠳᠡᠯᠭᠡᠪᠡ —
2025 ᠣᠨ᠎ᠤ 3 ᠰᠠᠷ᠎ᠠ ᠵᠢᠨ 3᠎ᠤ ᠡᠳᠦᠷ᠂ ᠪᠡᠭᠡᠵᠢᠩ᠎ᠤᠨ ᠵᠢᠩ ᠰᠢ ᠵᠣᠴᠢᠳ᠎ᠤᠨ ᠪᠠᠭᠤᠳᠠᠯ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠣᠷᠣᠯᠴᠠᠬᠤ᠎ᠪᠠᠷ ᠢᠷᠡᠭᠰᠡᠨ ᠵᠢᠶᠠᠩᠰᠦ ᠵᠢᠨ ᠲᠥᠯᠥᠭᠡᠯᠡᠭᠴᠢᠳ᠎ᠤᠨ ᠪᠦᠯᠬᠦᠮ᠎ᠢ ᠤᠭᠲᠤᠨ ᠠᠪᠴᠠᠢ᠃
《ᠥᠷᠥᠭᠡᠨ᠎ᠳᠡᠭᠡᠨ ᠤᠷᠤᠬᠤ᠎ᠳᠤ ᠰᠢᠷᠡᠭᠡᠨ ᠳᠡᠭᠡᠷ᠎ᠡ ᠲᠠᠯᠪᠢᠭᠰᠠᠨ 〈ᠬᠤᠷᠠᠯ᠎ᠤᠨ ᠰᠤᠷᠲᠠᠯ᠎ᠢ ᠰᠠᠶ᠋ᠢᠵᠢᠷᠠᠭᠤᠯᠵᠤ ᠬᠤᠷᠠᠯ᠎ᠤᠨ ᠰᠠᠬᠢᠯᠭ᠎ᠠ ᠪᠠᠲᠤ ᠵᠢ ᠴᠢᠩᠳᠠᠯᠠᠬᠤ ᠠᠵᠢᠯ᠎ᠤᠨ ᠲᠦᠷᠢᠮ〉 ᠣᠨᠴᠠᠭ᠋ᠠᠢ ᠢᠯᠡ ᠲᠣᠳᠣ ᠬᠠᠷᠠᠭᠳᠠᠵᠤ᠂ ᠳᠡᠭᠡᠷᠡᠬᠢ ᠱᠠᠭ᠋ᠠᠷᠳᠠᠯᠭ᠎ᠠ᠎ᠨᠢ ᠲᠣᠳᠣᠷᠬᠠᠢ ᠪᠥᠭᠡᠳ ᠪᠣᠳᠠᠲᠠᠢ ᠪᠠᠶ᠋ᠢᠯ᠎ᠠ》᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠠᠩ ᠵᠤᠤ ᠯᠢ᠂ ᠬᠤᠷᠠᠯ᠎ᠳᠤ ᠣᠷᠣᠯᠴᠠᠭᠰᠠᠨ ᠬᠤᠭᠤᠴᠠᠭ᠋ᠠᠨ᠎ᠳᠤ᠂ ᠪᠣᠷᠣᠭᠵᠢᠭᠤᠨ ᠪᠣᠳᠠᠲᠠᠢ ᠵᠢ ᠡᠷᠬᠢᠮᠯᠡᠭᠰᠡᠨ ᠬᠤᠷᠠᠯ᠎ᠤᠨ ᠰᠤᠷᠲᠠᠯ ᠨᠠᠳᠠ᠎ᠳᠤ ᠭᠦᠨ ᠰᠠᠭᠤᠭᠳᠠᠯ ᠦᠯᠡᠳᠡᠭᠡᠵᠡᠢ ᠭᠡᠵᠦ ᠢᠯᠡᠳᠬᠡᠪᠡ᠃
ᠪᠦᠬᠦ ᠤᠯᠤᠰ᠎ᠤᠨ ᠬᠤᠶᠠᠷ ᠬᠤᠷᠠᠯ ᠪᠣᠯ ᠮᠠᠨ᠎ᠤ ᠤᠯᠤᠰ᠎ᠤᠨ ᠤᠯᠤᠰ ᠲᠥᠷᠥ ᠵᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠪᠠᠰᠠ ᠴᠤ᠌ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢ ᠠᠵᠢᠭᠯᠠᠬᠤ ᠴᠢᠬᠤᠯᠠ ᠴᠣᠩᠬᠤᠪᠴᠢ ᠮᠥᠨ᠃
ᠲᠥᠯᠥᠭᠡᠯᠡᠭᠴᠢᠳ᠎ᠤᠨ ᠪᠦᠯᠬᠦᠮ᠎ᠢ ᠤᠭᠲᠤᠨ ᠬᠦᠷᠭᠡᠬᠦ ᠶᠣᠰᠣᠯᠠᠯ ᠡᠷᠭᠢᠯᠡᠬᠦ ᠥᠬᠡᠶ᠂ ᠯᠤᠩᠬᠤ᠎ᠲᠠᠢ ᠷᠠᠰᠢᠶᠠᠨ ᠤᠰᠤ ᠲᠠᠯᠪᠢᠬᠤ ᠭᠠᠵᠠᠷ᠎ᠲᠤ 《ᠤᠤᠭᠤᠬᠤ ᠤᠰᠤ ᠵᠢ ᠠᠷᠪᠢᠯᠠᠬᠤ ᠠᠵᠢᠯᠯᠠᠭ᠎ᠠ》 ᠵᠢᠨ ᠲᠡᠮᠳᠡᠭ ᠲᠠᠯᠪᠢᠵᠤ᠂ 《ᠠᠷᠪᠢᠳᠠᠢ ᠬᠤᠭᠤᠯᠠᠯᠠᠬᠤ ᠠᠵᠢᠯᠯᠠᠭ᠎ᠠ》 ᠵᠢ ᠰᠠᠨᠠᠭ᠋ᠠᠴᠢᠯᠠᠨ᠂ ᠬᠡᠷ ᠦᠷᠦᠭᠡ ᠬᠡᠷᠡᠭᠯᠡᠬᠦ ᠲᠤᠭ᠎ᠠ ᠬᠡᠮᠵᠢᠶ᠎ᠡ ᠵᠢ ᠪᠠᠭ᠋ᠠᠰᠬᠠᠵᠤ᠂ ᠲᠡᠷᠭᠡ ᠬᠥᠰᠭᠡ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ ᠁ ᠪᠥᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ᠂ ᠠᠷᠪᠢᠯᠠᠨ ᠭᠠᠮᠨᠠᠬᠤ ᠰᠤᠷᠲᠠᠯ ᠭᠠᠵᠠᠷ ᠪᠣᠯᠭ᠋ᠠᠨ᠎ᠳᠤ ᠢᠯᠡᠷᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠬᠤᠷᠠᠯ᠎ᠤᠨ ᠰᠢᠨ᠎ᠡ ᠰᠤᠷᠲᠠᠯ᠂ ᠬᠤᠷᠠᠯ᠎ᠤᠨ ᠰᠠᠬᠢᠯᠭ᠎ᠠ ᠪᠠᠲᠤ ᠵᠢ ᠴᠢᠩᠳᠠᠯᠠᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠵᠠᠢ᠃
ᠰᠠᠶ᠋ᠢᠨ ᠬᠤᠷᠠᠯ᠎ᠤᠨ ᠰᠤᠷᠲᠠᠯ᠎ᠨᠢ ᠰᠠᠶ᠋ᠢᠨ ᠤᠪᠤᠷ ᠰᠤᠷᠲᠠᠯ᠎ᠢ ᠲᠤᠰᠬᠠᠵᠤ᠂ 《ᠰᠠᠶ᠋ᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢ᠍ᠳᠭᠡᠬᠦ ᠵᠢ ᠡᠰᠡᠷᠭᠦᠴᠡᠬᠦ》 ᠣᠶ᠋ᠢᠯᠠᠭ᠋ᠠᠭᠳᠠᠬᠤᠨ ᠬᠥᠮᠦᠰ᠎ᠤᠨ ᠰᠡᠳᠭᠢᠯ᠎ᠳᠤ ᠤᠯᠠᠮ ᠭᠦᠨ ᠬᠠᠳᠠᠩᠰᠢᠪᠠ᠃
《ᠪᠠᠭ᠎ᠠ ᠬᠡᠮᠵᠢᠶᠡᠨ᠎ᠤ ᠨᠣᠭᠤᠭᠠᠨᠢ ᠨᠡᠩ ᠲᠣᠬᠢᠷᠠᠮᠵᠢᠲᠠᠶ》᠂ 《ᠦᠯᠡᠳᠡᠭᠰᠡᠨ ᠨᠣᠭᠤᠭ᠎ᠠ᠎ᠪᠠᠨ ᠪᠠᠭᠯᠠᠭ᠋ᠠᠳ ᠠᠪᠴᠤ ᠶᠠᠪᠤᠭ᠋ᠠᠷᠠᠢ》᠂ ᠬᠤᠭᠤᠯᠠᠨ ᠭᠡᠷᠲᠠᠬᠢ ᠶᠠᠷᠢᠯᠴᠠᠭ᠎ᠠ᠎ᠨᠢ ᠬᠡᠪ ᠰᠤᠷᠲᠠᠯ᠎ᠤᠨ ᠬᠤᠪᠢᠷᠠᠯᠲᠠ ᠵᠢ ᠲᠤᠰᠬᠠᠵᠤ ᠪᠠᠶ᠋ᠢᠨ᠎ᠠ; ᠶᠧᠪᠡᠩ᠂ ᠲᠣᠮᠣ ᠨᠠᠢ᠍ᠮᠠᠯᠵᠢ ᠵᠡᠷᠭᠡ 《ᠲᠩᠷᠢ ᠵᠢᠨ ᠦᠨ᠎ᠡ》 ᠳᠤᠯᠤᠭᠰᠠᠨ ᠢᠳᠡᠭᠡᠨ᠎ᠨᠢ 《ᠠᠷᠠᠳ ᠤᠯᠠᠨ ᠬᠦᠯᠢᠶᠡᠨ ᠠᠪᠴᠤ ᠳᠡᠶ᠋ᠢᠯᠬᠦ》 ᠦᠨ᠎ᠡ ᠬᠠᠩᠰᠢ ᠵᠢᠨ ᠱᠤᠭᠤᠮ᠎ᠳᠠᠭᠠᠨ ᠪᠤᠴᠠᠪᠠ; ᠬᠤᠷᠢᠮ᠎ᠤᠨ ᠶᠠᠪᠤᠳᠠᠯ᠎ᠢ ᠰᠢᠨ᠎ᠡ ᠮᠠᠶᠢᠭ ᠵᠶ᠋ᠠᠷ ᠬᠢᠵᠦ᠂ ᠣᠷᠣᠰᠢᠭᠤᠯᠭ᠎ᠠ ᠵᠢᠨ ᠶᠠᠪᠤᠳᠠᠯ᠎ᠢ ᠳᠥᠭᠦᠮ ᠵᠶ᠋ᠠᠷ ᠬᠢᠬᠦ ᠵᠢ ᠤᠯᠠᠮ᠎ᠠᠴᠠ ᠣᠯᠠᠨ ᠬᠥᠮᠦᠨ ᠬᠦᠯᠢᠶᠡᠨ ᠠᠪᠬᠤ ᠪᠣᠯᠵᠠᠶ; ᠴᠥᠭᠡᠨ ᠪᠤᠰᠤ ᠬᠥᠮᠦᠰ 《ᠥᠩᠭᠡᠷᠡᠭᠰᠡᠨ᠎ᠳᠤ ᠬᠡᠨ᠎ᠤ ᠲᠡᠷᠭᠡ ᠰᠠᠶ᠋ᠢᠨ ᠭᠡᠳᠡᠭ᠎ᠢ ᠠᠳᠠᠯᠢᠳᠬᠠᠳᠠᠭ ᠪᠠᠶ᠋ᠢᠪᠠ᠂ ᠣᠳᠣ ᠬᠡᠨ᠎ᠨᠢ ᠡᠳᠦᠷ᠎ᠲᠤ ᠨᠡᠩ ᠤᠯᠠᠨ ᠠᠯᠬᠤᠭᠰᠠᠨ ᠪᠤᠢ ᠭᠡᠳᠡᠭ ᠵᠶ᠋ᠠᠨ ᠠᠳᠠᠯᠢᠳᠬᠠᠬᠤ ᠪᠤᠯᠤᠯ᠎ᠠ》 ᠭᠡᠵᠡᠭᠡᠨ᠎ᠡ ᠁
ᠨᠠᠢ᠍ᠮᠠᠨ ᠲᠣᠭᠲᠠᠭ᠋ᠠᠯ᠎ᠤᠨ ᠠᠪᠴᠢᠷᠠᠭᠰᠠᠨ ᠰᠤᠷᠲᠠᠯ᠎ᠤᠨ ᠬᠤᠪᠢᠷᠠᠯᠲᠠ᠎ᠨᠢ ᠳᠤᠮᠳᠠᠳᠤ ᠤᠯᠤᠰ᠎ᠤᠨ ᠬᠥᠮᠦᠨ᠎ᠤ ᠠᠮᠢᠳᠤᠷᠠᠯ᠎ᠢ ᠪᠣᠳᠠᠲᠠᠶ ᠪᠥᠭᠡᠳ ᠭᠦᠨᠵᠡᠭᠡᠶ ᠨᠥᠯᠥᠭᠡᠯᠡᠵᠦ ᠪᠠᠶ᠋ᠢᠨ᠎ᠠ᠃
ᠦᠨᠳᠦᠰᠦᠨ ᠱᠠᠲᠤᠨ᠎ᠤ ᠺᠠᠳ᠋ᠷ᠎ᠤᠨ 《ᠳᠠᠷᠤᠭ᠋ᠠᠰᠤ》 ᠵᠢ ᠬᠦᠩᠭᠡᠷᠡᠬᠦᠯᠬᠦ᠎ᠨᠢ 《ᠳᠤᠮᠳᠠᠳᠤ ᠤᠯᠤᠰ᠎ᠤᠨ ᠵᠠᠰᠠᠯᠲᠠ》 ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ —
2024 ᠣᠨ᠎ᠤ ᠨᠠᠮᠤᠷ᠂ ᠶᠡᠷᠦᠩᠬᠡᠢ ᠱᠦᠵᠢ ᠰᠢ ᠵᠢᠨ ᠫᠢᠩ ᠡᠮᠦᠨᠡᠰᠢ ᠬᠤᠪᠸᠢ᠎ᠳᠤ ᠬᠦᠷᠪᠡ᠃ ᠰᠢᠶᠠᠨ ᠨᠢᠩ ᠬᠤᠲᠠ ᠵᠢᠨ ᠵᠢᠶᠠ ᠢᠦᠶ ᠰᠢᠶᠠᠨ᠎ᠤ ᠫᠠᠨ ᠵᠢᠶᠠ ᠸᠠᠨ ᠪᠠᠯᠭ᠋ᠠᠰᠤᠨ᠎ᠤ ᠰᠧ ᠢ ᠲᠣᠰᠬᠤᠨ᠎ᠤ ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠤᠨ ᠬᠠᠶᠠᠭ᠋ᠠᠨ ᠳᠡᠭᠡᠷ᠎ᠡ ᠨᠠᠭ᠋ᠠᠭᠰᠠᠨ 《ᠣᠯᠠᠨ ᠲᠦᠮᠡᠨ᠎ᠳᠤ ᠦᠢ᠍ᠯᠡᠴᠢᠯᠡᠬᠦ ᠵᠦᠢ᠍ᠯᠡᠰ᠎ᠤᠨ ᠨᠠᠷᠢᠨ ᠳᠠᠩᠰᠠ》᠎ᠨᠢ ᠶᠡᠷᠦᠩᠬᠡᠶ ᠱᠦᠵᠢ ᠵᠢᠨ ᠠᠩᠬᠠᠷᠤᠯ᠎ᠢ ᠲᠠᠲᠠᠪᠠ᠃
《ᠥᠩᠭᠡᠷᠡᠭᠰᠡᠨ᠎ᠳᠤ ᠤᠯᠠᠨ ᠲᠦᠮᠡᠨ ᠠᠵᠢᠯ ᠶᠠᠪᠤᠳᠠᠯ ᠬᠢᠬᠦ ᠵᠢ ᠱᠠᠭ᠋ᠠᠷᠳᠠᠵᠤ ᠪᠠᠶ᠋ᠢᠵᠠᠢ᠂ ᠤᠳᠤ ᠨᠠᠮ᠎ᠤᠨ ᠭᠡᠰᠢᠭᠦᠨ ᠺᠠᠳ᠋ᠷ᠎ᠠᠴᠠ ᠤᠯᠠᠨ ᠲᠦᠮᠡᠨ᠎ᠳᠤ ᠠᠵᠢᠯ ᠶᠠᠪᠤᠳᠠᠯ ᠬᠢᠵᠦ ᠥᠭᠴᠦ᠂ ᠦᠢ᠍ᠯᠡᠴᠢᠯᠡᠵᠦ ᠪᠠᠶ᠋ᠢᠨ᠎ᠠ᠂ ᠡᠨᠡ ᠪᠣᠯ ᠦᠨᠳᠦᠰᠦᠨ ᠬᠤᠪᠢᠷᠠᠯᠲᠠ ᠪᠣᠯᠤᠨ᠎ᠠ》᠃ ᠶᠡᠷᠦᠩᠬᠡᠶ ᠱᠦᠵᠢ ᠰᠢ ᠵᠢᠨ ᠫᠢᠩ᠄ 《ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠵᠦ᠂ ᠦᠨᠳᠦᠰᠦᠨ ᠱᠠᠲᠤᠨ᠎ᠤ ᠺᠠᠳ᠋ᠷᠴᠤᠳ᠎ᠢ ᠨᠠᠩ ᠣᠯᠠᠨ ᠴᠠᠭ ᠪᠠ ᠣᠶᠤᠨ ᠴᠢᠳᠠᠯ ᠵᠶ᠋ᠠᠨ ᠣᠯᠠᠨ ᠲᠦᠮᠡᠨ᠎ᠳᠤ ᠵᠤᠷᠢᠭᠤᠯᠵᠤ ᠦᠢ᠍ᠯᠡᠴᠢᠯᠡᠵᠦ ᠳᠡᠶ᠋ᠢᠯᠬᠦ ᠪᠤᠯᠭ᠋ᠠᠬᠤ ᠬᠡᠷᠡᠭᠲᠡᠶ》 ᠭᠡᠪᠡ᠃
ᠭᠠᠭᠴᠠ ᠬᠦ᠌ ᠬᠥᠩᠭᠡᠷᠡᠭᠦᠯᠬᠦ ᠶᠣᠰᠣᠲᠠᠢ ᠳᠠᠷᠤᠭ᠋ᠠᠰᠤ ᠵᠢ ᠳᠠᠶᠠᠭᠳᠠᠪᠠᠯ ᠰᠠᠶᠢ ᠡᠭᠦᠷᠭᠡᠯᠡᠬᠦ ᠶᠣᠰᠣᠲᠠᠢ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ ᠴᠢᠳᠠᠨ᠎ᠠ᠃
ᠡᠭᠦᠨ᠎ᠢ ᠶᠡᠷᠦᠩᠬᠡᠢ ᠱᠦᠵᠢ ᠰᠢ ᠵᠢᠨ ᠫᠢᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠯᠤᠰ᠎ᠤᠨ ᠳᠣᠲᠣᠭ᠋ᠠᠳᠤ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠤᠯᠠᠨ ᠤᠳᠠᠭ᠎ᠠ ᠬᠥᠳᠡᠭᠡ ᠲᠣᠰᠬᠤᠨ᠂ ᠨᠡᠶ᠋ᠢᠭᠡᠮ ᠲᠣᠭᠤᠷᠢᠭ᠎ᠲᠤ ᠬᠦᠷᠴᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠭᠰᠠᠨ ᠪᠠᠶ᠋ᠢᠨ᠎ᠠ᠃
ᠴᠦᠩᠴᠢᠩ᠎ᠳᠤ ᠨᠡᠶ᠋ᠢᠭᠡᠮ ᠲᠣᠭᠤᠷᠢᠭ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠦᠵᠡᠵᠦ᠂ 《ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠳᠤ ᠡᠷᠬᠡ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠂ ᠶᠠᠮᠠᠷ ᠶᠠᠪᠤᠳᠠᠯ᠎ᠢ ᠴᠤ᠌ ᠦᠨᠳᠦᠰᠦᠨ ᠱᠠᠲᠤᠨ᠎ᠳᠤ ᠲᠤᠯᠭ᠋ᠠᠵᠤ ᠪᠣᠯᠬᠤ ᠦᠭᠡᠢ》 ᠭᠡᠵᠦ ᠭᠦᠨᠵᠡᠭᠡᠢ ᠵᠢᠭ᠋ᠠᠵᠤ ᠭᠠᠷᠭ᠋ᠠᠪᠠ; ᠬᠥᠬᠡᠨᠠᠭᠤᠷ᠎ᠲᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠶᠠᠷᠢᠬᠤ᠎ᠳᠠᠭᠠᠨ᠂ 《ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ》 ᠭᠡᠵᠦ ᠲᠥᠪ ᠴᠢᠩᠭ᠎ᠠ᠎ᠪᠠᠷ ᠴᠢᠬᠤᠯᠠᠴᠢᠯᠠᠪᠠ; ᠭᠠᠨᠰᠦ᠎ᠳᠤ ᠳᠠᠷᠤᠭ᠋ᠠᠰᠤ ᠵᠢ ᠬᠥᠩᠭᠡᠷᠡᠭᠦᠯᠦᠭᠰᠡᠨ ᠦᠷ᠎ᠡ ᠪᠦᠲᠦᠮᠵᠢ ᠵᠢ ᠠᠰᠠᠭᠤᠵᠤ᠂ 《ᠬᠡᠷᠡᠭᠴᠡᠭᠡ᠎ᠲᠠᠢ ᠠᠵᠢᠯ᠎ᠢ ᠰᠠᠶ᠋ᠢᠲᠤᠷ ᠬᠢᠵᠦ᠂ ᠬᠡᠷᠡᠭ ᠥᠬᠡᠶ ᠠᠵᠢᠯ᠎ᠢ ᠳᠤᠲᠠᠭᠤ ᠬᠢᠬᠦ᠎ᠳᠤ ᠳᠡᠭᠡᠳᠦ ᠳᠤᠤᠷᠠᠳᠤ ᠱᠠᠳᠤᠨ᠎ᠤ ᠡᠯ᠎ᠡ ᠲᠠᠯ᠎ᠠ ᠵᠢᠨ᠎ᠬᠢᠨ ᠬᠠᠮᠲᠤ᠎ᠪᠠᠷ ᠴᠢᠷᠮᠠᠶ᠋ᠢᠬᠤ ᠬᠡᠷᠡᠭᠲᠡᠶ》 ᠭᠡᠵᠦ ᠳᠤᠳᠤᠷᠬᠠᠢ ᠳᠤᠷᠠᠳᠪᠠ ᠁
ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠪᠦᠬᠦ ᠨᠠᠮ᠎ᠢ ᠳᠠᠭ᠋ᠠᠭᠤᠯᠤᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠺᠠᠳ᠋ᠷᠴᠤᠳ᠎ᠤᠨ ᠠᠷᠠᠳ ᠲᠦᠮᠡᠨ᠎ᠳᠤ ᠦᠢ᠍ᠯᠡᠴᠢᠯᠡᠬᠦ ᠵᠢ ᠵᠣᠷᠢᠭᠵᠢᠭᠤᠯᠬᠤ ᠪᠣᠳᠠᠲᠠᠢ ᠠᠵᠢᠯᠯᠠᠬᠤ ᠤᠳᠤᠷᠢᠳᠤᠮᠵᠢ ᠵᠢ ᠪᠤᠢ ᠪᠣᠯᠭ᠋ᠠᠪᠠ᠃
《ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠣᠨ》᠎ᠢ ᠲᠣᠭᠲᠠᠭ᠋ᠠᠬᠤ᠎ᠠᠴᠠ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》᠎ᠢ ᠳᠠᠷᠤᠮᠠᠯᠯᠠᠨ ᠲᠠᠷᠬᠠᠭ᠋ᠠᠬᠤ ᠬᠦᠷᠲᠡᠯ᠎ᠡ᠂ ᠲᠥᠪ᠎ᠠᠴᠠ ᠠᠯᠢ ᠣᠯᠠᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠬᠢᠵᠦ᠂ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠴᠢᠳᠠᠯ ᠤᠯᠭᠤᠵᠤ ᠦᠷ᠎ᠡ ᠪᠦᠳᠦᠮᠵᠢ ᠨᠡᠮᠡᠷᠢᠯᠡᠪᠡ᠃ 《ᠨᠢᠭᠡ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠬᠤ》᠂ 《ᠨᠢᠭᠡ ᠬᠦᠰᠦᠨᠦᠭᠲᠦ ᠵᠢ ᠬᠠᠮᠲᠤ᠎ᠪᠠᠷ ᠡᠳ᠋ᠯᠡᠬᠦ》 ᠥᠭᠡᠷᠡᠴᠢᠯᠡᠯᠲᠡ ᠵᠢ ᠥᠷᠨᠢᠭᠦᠯᠬᠦ᠎ᠠᠴᠠ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ 《ᠱᠦᠭᠯᠦ ᠦᠯᠢᠶᠡᠵᠦ》 ᠲᠣᠬᠢᠷᠠᠭᠤᠯᠬᠤ ᠡᠷᠬᠡ᠂ ᠰᠢᠯᠭ᠋ᠠᠨ ᠬᠢᠨᠠᠵᠤ ᠦᠨᠡᠯᠡᠬᠦ ᠡᠷᠬᠡ᠂ ᠠᠵᠢᠯᠲᠠᠨ᠎ᠤ ᠶᠠᠪᠤᠳᠠᠯ᠎ᠤᠨ ᠰᠠᠨᠠᠭᠤᠯᠭ᠎ᠠ ᠳᠤᠷᠠᠳᠬᠤ ᠡᠷᠬᠡ ᠵᠡᠷᠭᠡ ᠵᠢ ᠪᠣᠳᠠᠲᠠᠶ᠋ᠢᠵᠢᠭᠤᠯᠬᠤ ᠬᠦᠷᠲᠡᠯ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠠᠶ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠥᠷᠭᠡᠨ ᠣᠯᠠᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠠᠬᠢᠭᠤᠯᠪᠠ᠃
ᠨᠢᠭᠡ ᠪᠦᠯᠦᠭ ᠬᠠᠮᠤᠭ᠎ᠤᠨ ᠰᠢᠨ᠎ᠡ ᠲᠤᠭ᠎ᠠ ᠪᠠᠷᠢᠮᠲᠠ ᠪᠤᠯ ᠶᠠᠭ ᠬᠤᠪᠢᠷᠠᠯᠲᠠ ᠵᠢᠨ ᠠᠮᠢᠳᠤᠯᠢᠭ ᠵᠢᠷᠤᠭᠯᠠᠯ ᠮᠦᠨ᠄
ᠦᠨᠳᠦᠰᠦᠨ ᠱᠠᠲᠤᠨ᠎ᠤ 《ᠳᠤᠷ᠎ᠠ᠎ᠪᠠᠷ ᠵᠶ᠋ᠠᠨ ᠫᠠᠶ᠋ᠢᠰᠠ ᠡᠯᠭᠦᠬᠦ》 ᠠᠰᠠᠭᠤᠳᠠᠯ᠎ᠢ ᠴᠡᠭᠴᠡᠯᠡᠨ ᠵᠠᠰᠠᠵᠤ᠂ ᠲᠣᠰᠬᠤᠨ (ᠨᠡᠶ᠋ᠢᠭᠡᠮ ᠲᠣᠭᠤᠷᠢᠭ)᠎ᠤ ᠠᠵᠢᠯᠯᠠᠬᠤ ᠭᠠᠵᠠᠷ᠎ᠤᠨ ᠭᠠᠳᠠᠨᠠᠬᠢ ᠡᠯ᠎ᠡ ᠲᠥᠷᠥᠯ᠎ᠤᠨ ᠫᠠᠶ᠋ᠢᠰᠠ ᠵᠢ 4᠎ᠠᠴᠠ 6 ᠬᠡᠰᠡᠭ ᠪᠣᠯᠭ᠋ᠠᠨ ᠵᠢᠷᠤᠮᠵᠢᠭᠤᠯᠪᠠ;
ᠮᠤᠵᠢ ᠶᠠᠮᠤᠨ᠎ᠤ ᠲᠠᠰ᠎ᠤᠨ ᠨᠠᠮ ᠵᠠᠰᠠᠭ᠎ᠤᠨ ᠪᠠᠶ᠋ᠢᠭᠤᠯᠭ᠎ᠠ ᠵᠢᠨ ᠨᠡᠷ᠎ᠡ᠎ᠪᠠᠷ ᠡᠷᠭᠢᠯᠡᠭᠰᠡᠨ ᠪᠠᠶᠠᠷ ᠳᠤᠷᠠᠰᠬᠠᠯ᠂ ᠦᠵᠡᠰᠭᠦᠯᠡᠩ᠂ ᠶᠠᠷᠢᠶᠠᠨ᠎ᠤ ᠲᠠᠪᠴᠠᠩ᠎ᠤᠨ ᠠᠵᠢᠯᠯᠠᠭ᠎ᠠ ᠵᠢᠨ ᠲᠤᠭ᠎ᠠ ᠬᠡᠮᠵᠢᠶ᠎ᠡ ᠵᠢ ᠲᠣᠰ ᠲᠣᠰ 46.3%᠂ 65.2%᠂ 48.3%᠎ᠪᠠᠷ ᠪᠠᠭ᠋ᠠᠰᠬᠠᠪᠠ;
᠁
ᠣᠳᠣᠬᠠᠨ᠎ᠳᠤ᠂ ᠤᠯᠠᠮ᠎ᠠᠴᠠ ᠤᠯᠠᠨ ᠦᠨᠳᠦᠰᠦᠨ ᠱᠠᠲᠤᠨ᠎ᠤ ᠺᠠᠳ᠋ᠷ ᠪᠠᠶ᠋ᠢᠭᠤᠯᠭ᠎ᠠ᠎ᠠᠴᠠ᠎ᠪᠠᠨ ᠭᠠᠷᠴᠤ᠂ ᠤᠯᠠᠨ ᠲᠦᠮᠡᠨ᠎ᠤ ᠳᠤᠮᠳᠠ ᠭᠦᠨᠵᠡᠭᠡᠶ᠋ᠢᠷᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠰᠠᠭᠤᠳᠠᠯ᠎ᠢ ᠦᠨᠳᠦᠰᠦᠨ ᠱᠠᠲᠤᠨ᠎ᠳᠤ ᠰᠢᠢ᠍ᠳᠪᠦᠷᠢᠯᠡᠵᠦ᠂ ᠬᠦᠴᠢᠷᠳᠡᠯ᠎ᠢ ᠡᠮᠦᠨ᠎ᠡ ᠹᠷᠣᠨᠲ᠎ᠲᠤ ᠰᠢᠢ᠍ᠳᠪᠦᠷᠢᠯᠡᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠵᠢ ᠠᠬᠢᠭᠤᠯᠵᠤ ᠪᠠᠶ᠋ᠢᠨ᠎ᠠ᠃
ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠨᠢᠭᠡᠨ ᠤᠳᠠᠭ᠋ᠠᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ ᠲᠠᠶ᠋ᠢᠨ᠂ ᠤᠳᠠᠭ᠋ᠠᠨ ᠳᠠᠭ᠋ᠠᠭ᠋ᠠᠮᠠᠭ᠋ᠠᠢ ᠲᠠᠶ᠋ᠢᠨ ᠮᠥᠨ᠃
ᠣᠳᠣᠬᠠᠨ᠎ᠳᠤ᠂ 《ᠨᠠᠶ᠋ᠢᠷ ᠲᠠᠯ᠎ᠠ ᠵᠢᠨ ᠨᠡᠶ᠋ᠢᠭᠡᠮ》᠂ 《ᠨᠢᠭᠤᠷ ᠲᠠᠯ᠎ᠠ ᠵᠢᠨ ᠰᠣᠶᠣᠯ》᠎ᠤᠨ ᠳᠠᠳᠬᠠᠯ ᠬᠠᠷᠠᠬᠠᠨ ᠣᠷᠣᠰᠢᠭᠰᠠᠭ᠋ᠠᠷ ᠪᠠᠶ᠋ᠢᠵᠤ᠂ ᠵᠠᠷᠢᠮ 《ᠨᠣᠶᠠᠳ᠎ᠤᠨ ᠳᠠᠪᠬᠤᠷᠭ᠎ᠠ ᠵᠢᠨ ᠨᠢᠭᠤᠴᠠᠭ᠋ᠠᠢ ᠳᠦᠷᠢᠮ》᠎ᠤᠨ ᠢᠨᠧᠷᠼᠢ ᠮᠥᠨ ᠯᠡ ᠣᠷᠣᠰᠢᠭᠰᠠᠭ᠋ᠠᠷ ᠪᠠᠶ᠋ᠢᠨ᠎ᠠ᠂ ᠵᠠᠷᠢᠮ ᠭᠠᠵᠠᠷ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠳᠤ 《ᠨᠢᠭᠡ ᠯᠡ ᠠᠳᠠᠯᠢ᠎ᠪᠠᠷ ᠱᠠᠭ᠋ᠠᠷᠳᠠᠬᠤ》᠂ 《ᠦᠭᠡᠷᠡᠳᠦᠬᠦᠯᠦᠨ ᠬᠤᠪᠢᠷᠠᠭᠤᠯᠬᠤ》᠎ᠠᠴᠠ ᠪᠣᠯᠵᠣ ᠰᠢᠨ᠎ᠡ ᠠᠰᠠᠭᠤᠳᠠᠯ ᠡᠭᠦᠰᠭᠡᠵᠦ ᠪᠠᠶ᠋ᠢᠨ᠎ᠠ᠂ 《ᠳᠥᠷᠪᠡᠨ ᠰᠤᠷᠲᠠᠯ》 ᠪᠠ ᠢᠯᠵᠢᠷᠠᠯ᠎ᠢ ᠪᠣᠶ ᠪᠣᠯᠭ᠋ᠠᠬᠤ ᠨᠡᠶ᠋ᠢᠭᠡᠮ᠎ᠤᠨ ᠰᠣᠶᠣᠯ᠎ᠤᠨ ᠬᠥᠷᠥᠰᠥ ᠰᠢᠷᠣᠶ ᠵᠢ ᠦᠨᠳᠦᠰᠦ᠎ᠠᠴᠠ᠎ᠨᠢ ᠠᠷᠢᠯᠭ᠋ᠠᠭ᠋ᠠᠳᠤᠶ᠂ ᠰᠤᠷᠲᠠᠯ᠎ᠢ ᠰᠠᠶ᠋ᠢᠵᠢᠷᠠᠭᠤᠯᠬᠤ᠎ᠳᠤ ᠬᠠᠷᠰᠢ ᠰᠠᠭ᠋ᠠᠳ ᠣᠷᠣᠰᠢᠵᠤ ᠪᠠᠶ᠋ᠢᠬᠤ ᠪᠥᠭᠡᠳ ᠣᠷᠳᠣ ᠬᠤᠭᠤᠴᠠᠭ᠎ᠠ᠎ᠪᠠᠷ ᠵᠢᠳᠬᠦᠨ ᠴᠢᠷᠮᠠᠶ᠋ᠢᠬᠤ ᠴᠢᠬᠤᠯᠠᠲᠠᠶ ᠪᠠᠶ᠋ᠢᠨ᠎ᠠ᠃
ᠡᠨᠡ ᠵᠢᠯ᠎ᠤᠨ ᠪᠦᠬᠦ ᠤᠯᠤᠰ᠎ᠤᠨ ᠬᠤᠶᠠᠷ ᠬᠤᠷᠠᠯ ᠲᠡᠭᠦᠰᠦᠭᠡᠳ ᠨᠢᠭᠡ ᠯᠡ ᠭᠠᠷᠠᠭ ᠪᠤᠯᠤᠮᠠᠭᠴᠠ᠂ 3 ᠰᠠᠷ᠎ᠠ ᠵᠢᠨ 17᠎ᠠᠴᠠ 20᠎ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠭᠦᠢ᠍ᠵᠧᠦ᠂ ᠶᠦᠨᠨᠠᠨ ᠬᠤᠶᠠᠷ ᠭᠠᠵᠠᠷ᠎ᠲᠤ ᠬᠦᠷᠴᠦ ᠰᠢᠨᠵᠢᠯᠡᠨ ᠪᠠᠶ᠋ᠢᠴᠠᠭ᠋ᠠᠪᠠ᠃
ᠭᠦᠢ᠍ᠵᠧᠦ᠎ᠳᠤ᠂ 《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠠᠮ᠎ᠤᠨ ᠭᠡᠰᠢᠭᠦᠨ᠂ ᠺᠠᠳ᠋ᠷ᠎ᠤᠨ ᠲᠣᠭᠲᠠᠯ ᠬᠦᠴᠦᠨ ᠵᠶ᠋ᠠᠨ ᠨᠡᠮᠡᠭᠳᠡᠬᠦᠯᠬᠦ᠂ ᠳᠠᠳᠬᠠᠯ ᠪᠦᠷᠢᠯᠳᠦᠭᠦᠯᠬᠦ ᠵᠢ ᠠᠬᠢᠭᠤᠯᠵᠤ᠂ ᠰᠢᠯᠢᠳᠡᠭ ᠰᠤᠷᠲᠠᠯ ᠵᠶ᠋ᠠᠷ ᠰᠡᠳᠭᠢᠯ ᠵᠶ᠋ᠠᠨ ᠨᠢᠭᠡᠳᠭᠡᠨ ᠬᠦᠴᠦ᠎ᠪᠠᠨ ᠬᠠᠮᠲᠤᠳᠬᠠᠵᠤ᠂ ᠠᠵᠢᠯ ᠬᠢᠵᠦ ᠦᠢ᠍ᠯᠡᠰ ᠪᠤᠰᠬᠠᠬᠤ ᠬᠡᠷᠡᠭᠲᠡᠢ》᠂ 《ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ ᠵᠢ ᠬᠠᠷᠢᠯᠴᠠᠨ ᠤᠶᠠᠯᠳᠤᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ;
ᠶᠦᠨᠨᠠᠨ᠎ᠳᠤ᠂ 《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ᠎ᠤᠨ ᠬᠠᠷᠢᠭᠤᠴᠠᠯᠭ᠋ᠠᠲᠤ ᠰᠡᠳᠭᠢᠯᠭᠡ ᠲᠤᠯᠭ᠋ᠠᠮ ᠰᠡᠳᠭᠢᠯᠭᠡ᠎ᠪᠠᠨ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠳᠠᠯ ᠡᠭᠦᠷᠭᠡ᠎ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠠᠨ ᠡᠳᠡᠭᠡᠷ ᠵᠢᠯ᠎ᠤᠨ ᠲᠤᠷᠰᠢᠬᠢ ᠰᠤᠷᠲᠠᠯ᠎ᠤᠨ ᠪᠠᠶ᠋ᠢᠭᠤᠯᠤᠯᠲᠠ ᠵᠢ ᠠᠳᠬᠤᠭᠰᠠᠨ ᠪᠣᠳᠠᠲᠠᠢ ᠦᠢ᠍ᠯᠡᠳᠦᠯᠭᠡ᠎ᠲᠠᠢ ᠤᠶᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠨᠡᠪᠲᠡᠷᠭᠡᠢ ᠣᠶ᠋ᠢᠯᠠᠭ᠋ᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ ᠲᠣᠭᠲᠠᠭ᠋ᠠᠯ᠎ᠢ ᠡᠵᠡᠮᠳᠡᠨ᠂ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠎ᠳᠤ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠪᠠᠲᠤ ᠲᠠᠯᠪᠢᠬᠤ ᠬᠡᠷᠡᠭᠲᠡᠢ》 ᠭᠡᠵᠦ ᠱᠠᠭ᠋ᠠᠷᠳᠠᠪᠠ ᠁
ᠰᠠᠶᠢᠬᠠᠨ ᠡᠬᠢᠯᠡᠭᠦᠯᠦᠭᠰᠡᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ ᠲᠣᠳᠣᠷᠬᠠᠢ ᠭᠤᠣᠯᠳᠠᠯᠭ᠎ᠠ ᠵᠢ ᠲᠣᠭᠲᠠᠭ᠋ᠠᠵᠤ᠂ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢ ᠡᠴᠦᠰ᠎ᠲᠤᠨᠢ ᠲᠤᠯᠲᠠᠯ᠎ᠠ ᠬᠢᠬᠦ ᠢᠯᠡ ᠲᠣᠳᠣ ᠲᠤᠬᠢᠶ᠎ᠠ ᠵᠢ ᠳᠠᠮᠵᠢᠭᠤᠯᠪᠠ᠃
ᠰᠦᠷᠯᠢᠭ ᠪᠣᠭᠤᠮᠲᠠ ᠵᠢ ᠲᠡᠮᠦᠷ ᠮᠡᠲᠦ ᠬᠠᠳᠠᠭᠤ ᠬᠡᠮᠡᠨ ᠪᠢᠲᠡᠭᠡᠢ ᠬᠡᠯᠡᠭᠲᠦᠨ᠂ ᠰᠦᠷᠳᠦ ᠠᠯᠬᠤᠭ᠎ᠠ᠎ᠪᠠᠷ ᠡᠳᠦᠭᠡ ᠪᠢᠳᠡ ᠳᠡᠭᠡᠭᠦᠷ ᠢᠨᠤ ᠳᠠᠪᠠᠮᠤᠢ᠃ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ ᠲᠥᠪ ᠴᠢᠩᠭ᠎ᠠ᠎ᠪᠠᠷ ᠳᠤᠩᠬᠠᠭᠯᠠᠪᠠ —
ᠨᠠᠢ᠍ᠮᠠᠨ ᠲᠣᠭᠲᠠᠭ᠋ᠠᠯ ᠨᠢᠭᠡᠨᠲᠡ ᠳᠤᠮᠳᠠᠳᠤ ᠤᠯᠤᠰ᠎ᠢ ᠭᠦᠨᠵᠡᠭᠡᠶ ᠬᠤᠪᠢᠷᠠᠭᠤᠯᠵᠤ᠂ ᠨᠠᠢ᠍ᠮᠠᠨ ᠲᠣᠭᠲᠠᠭ᠋ᠠᠯ ᠪᠠᠰᠠ ᠳᠤᠮᠳᠠᠳᠤ ᠤᠯᠤᠰ᠎ᠢ ᠦᠷᠭᠦᠯᠵᠢᠯᠡᠨ ᠬᠤᠪᠢᠷᠠᠭᠤᠯᠬᠤ ᠪᠣᠯᠤᠨ᠎ᠠ!