ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 10᠎ᠤ ᠴᠠᠭᠢᠯᠭ᠋ᠠᠨ ᠮᠡᠳᠡᠭᠡ 4 ᠰᠠᠷ᠎ᠠ ᠵᠢᠨ 9᠎ᠤ ᠡᠳᠦᠷ᠂ ᠯᠠᠲ᠋ᠢᠨ ᠠᠮᠧᠷᠢᠺᠠ ᠪᠠ ᠺᠠᠷᠢᠪᠧ ᠲᠠᠩᠭᠢᠰ᠎ᠤᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠢᠰᠦᠳᠦᠭᠡᠷ ᠬᠤᠭᠤᠴᠠᠭ᠋ᠠᠨ᠎ᠤ ᠲᠦᠷᠦᠭᠦᠴᠦᠳ᠎ᠤᠨ ᠬᠤᠷᠠᠯ ᠵᠢᠵᠢᠭᠦᠷ ᠲᠡᠷᠢᠭᠦᠯᠡᠭᠴᠢ ᠤᠯᠤᠰ ᠬᠤᠨᠳᠦ᠋ᠷᠠᠰᠲᠤ ᠶᠠᠪᠤᠭᠳᠠᠵᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠦᠷᠦᠭᠦᠴᠦᠳ᠎ᠤᠨ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ᠂ ᠣᠳᠣᠬᠠᠨ᠎ᠤ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ᠂ ᠳᠤᠮᠳᠠᠳᠤ ᠤᠯᠤᠰ ᠵᠢᠴᠢ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ᠎ᠤᠨ ᠤᠯᠤᠰ᠎ᠤᠳ᠎ᠢ ᠪᠠᠭᠲᠠᠭ᠋ᠠᠭᠰᠠᠨ 《ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ》 ᠰᠦᠷ ᠬᠦᠴᠦᠨ ᠲᠣᠪᠣᠶ᠋ᠢᠮ᠎ᠠ ᠪᠠᠶ᠋ᠢᠨ᠎ᠠ᠃ ᠯᠠᠲ᠋ᠢᠨ ᠠᠮᠧᠷᠢᠺᠠ ᠵᠢᠨ ᠬᠠᠮᠲᠤ ᠵᠢᠨ ᠴᠣᠭᠴᠠ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ᠂ ᠬᠤᠯᠪᠤᠭ᠋ᠠᠯᠠᠨ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠬᠤ᠂ ᠬᠥᠭᠵᠢᠯᠲᠡ ᠵᠢᠨ ᠬᠠᠮᠲᠤᠷᠠᠯᠴᠠᠭ᠎ᠠ ᠵᠢ ᠠᠬᠢᠭᠤᠯᠬᠤ᠂ ᠣᠷᠣᠨ ᠪᠦᠰᠡ ᠵᠢᠨ ᠨᠢᠭᠡ ᠴᠣᠭᠴᠠᠵᠢᠯᠲᠠ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠲᠠᠩᠭᠢᠰ᠎ᠤᠨ ᠤᠯᠤᠰ᠎ᠤᠳ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠨᠡᠩ ᠶᠡᠭᠡ ᠠᠮᠵᠢᠯᠲᠠ ᠪᠦᠲᠦᠮᠵᠢ ᠣᠯᠵᠤ᠂ 《ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ》᠎ᠤᠨ ᠪᠦᠯᠬᠦᠮᠳᠡᠯ ᠬᠠᠮᠵᠢᠯᠴᠠᠭ᠎ᠠ ᠵᠢ ᠴᠢᠩᠭ᠋ᠠᠳᠬᠠᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠵᠢ ᠴᠢᠩ ᠰᠡᠳᠬᠢᠯ᠎ᠠᠴᠠ᠎ᠪᠠᠨ ᠬᠦᠰᠡᠨ ᠵᠥᠩᠨᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠵᠢᠨ ᠬᠠᠷᠢᠯᠴᠠᠭ᠎ᠠ ᠳᠡᠯᠡᠬᠡᠢ ᠵᠢᠨ ᠤᠷᠪᠠᠭ᠋ᠠᠨ ᠬᠥᠷᠪᠡᠭᠡᠨᠤ ᠰᠢᠯᠭ᠋ᠠᠯᠲᠠ ᠵᠢ ᠥᠩᠭᠡᠷᠡᠭᠡᠵᠦ᠂ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ ᠰᠢᠨ᠎ᠡ ᠵᠢ ᠡᠭᠦᠳᠬᠦ᠂ ᠨᠡᠭᠡᠭᠡᠯᠲᠡᠲᠡᠢ᠂ ᠠᠷᠠᠳ᠎ᠲᠤ ᠠᠰᠢᠭ ᠬᠦᠷᠲᠡᠭᠡᠬᠦ ᠰᠢᠨ᠎ᠡ ᠱᠠᠲᠤᠨ᠎ᠳᠤ ᠣᠷᠣᠪᠠ᠃ ᠬᠤᠶᠠᠷ ᠲᠠᠯ᠎ᠠ ᠵᠢᠨ ᠤᠯᠤᠰ ᠲᠦᠷᠦ ᠵᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶ᠋ᠢᠷᠡᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠥᠷᠭᠡᠵᠢᠵᠦ᠂ ᠰᠣᠶᠣᠯ ᠢᠷᠭᠡᠨᠰᠢᠯ᠎ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠳᠤᠮᠳᠠᠳᠤ ᠯᠠᠲ᠋ᠢᠨ ᠠᠮᠧᠷᠢᠺᠠ ᠵᠢᠨ ᠬᠤᠶᠠᠷ ᠲᠠᠯ᠎ᠠ ᠵᠢᠨ ᠠᠷᠠᠳ ᠲᠦᠮᠡᠨ᠎ᠳᠤ ᠠᠰᠢᠭ ᠬᠦᠷᠲᠡᠭᠡᠵᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠋ᠠᠨ᠎ᠤ ᠬᠡᠪ ᠳᠠᠭᠤᠷᠢᠶᠠᠯ᠎ᠢ ᠪᠤᠢ ᠪᠣᠯᠭ᠋ᠠᠪᠠ᠃ ᠳᠤᠮᠳᠠᠳᠤ ᠤᠯᠤᠰ ᠳᠤᠷᠠᠲᠠᠶ᠎ᠠ ᠭᠠᠵᠠᠷ ᠣᠷᠣᠨ᠎ᠤ ᠤᠯᠤᠰ᠎ᠤᠳ᠎ᠲᠠᠢ ᠬᠠᠮᠲᠤ᠎ᠪᠠᠷ ᠳᠤᠮᠳᠠᠳᠤ ᠯᠠᠲ᠋ᠢᠨ ᠠᠮᠧᠷᠢᠺᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠲᠠᠰᠤᠷᠠᠯᠲᠠ ᠦᠭᠡᠢ ᠰᠢᠨ᠎ᠡ ᠬᠥᠭᠵᠢᠯᠲᠡ᠎ᠲᠠᠢ ᠪᠤᠯᠬᠤ ᠵᠢ ᠠᠬᠢᠭᠤᠯᠤᠨ᠎ᠠ᠃ ᠡᠨᠡ ᠵᠢᠯ᠂ ᠳᠤᠮᠳᠠᠳᠤ ᠤᠯᠤᠰ ᠪᠡᠭᠡᠵᠢᠩ᠎ᠳᠤ ᠳᠤᠮᠳᠠᠳᠤ ᠯᠠᠲ᠋ᠢᠨ ᠠᠮᠧᠷᠢᠺᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠯᠠᠲ᠋ᠢᠨ ᠠᠮᠧᠷᠢᠺᠠ ᠵᠢᠨ ᠬᠠᠮᠲᠤ ᠵᠢᠨ ᠴᠣᠭᠴᠠ ᠵᠢᠨ ᠡᠯ᠎ᠡ ᠪᠦᠷᠢᠯᠳᠦᠭᠦᠨ ᠤᠯᠤᠰ᠎ᠤᠨ ᠳᠤᠮᠳᠠᠳᠤ ᠤᠯᠤᠰ᠎ᠲᠤ ᠢᠷᠡᠵᠦ ᠬᠤᠷᠠᠯ᠎ᠳᠤ ᠣᠷᠣᠯᠴᠠᠵᠤ᠂ ᠬᠥᠭᠵᠢᠯᠲᠡ ᠵᠢᠨ ᠶᠡᠭᠡ ᠪᠣᠳᠣᠯᠭ᠎ᠠ ᠵᠢ ᠬᠠᠮᠲᠤ᠎ᠪᠠᠷ ᠵᠥᠪᠯᠡᠵᠦ᠂ ᠬᠠᠮᠲᠤᠷᠠᠯᠴᠠᠭ᠋ᠠᠨ᠎ᠤ ᠦᠪᠡᠳᠡᠭᠰᠢ ᠠᠵᠢᠯᠯᠠᠭ᠎ᠠ ᠵᠢ ᠬᠠᠮᠲᠤ᠎ᠪᠠᠷ ᠪᠡᠶᠡᠯᠡᠭᠦᠯᠵᠦ᠂ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠠᠷᠭ᠋ᠠᠴᠠᠭ᠋ᠠᠬᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠬᠤᠪᠢᠰᠤᠯᠲᠠ ᠵᠢ ᠠᠬᠢᠭᠤᠯᠬᠤ᠂ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠬᠤ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠵᠢ ᠪᠠᠶᠠᠷᠯᠠᠨ ᠤᠭᠲᠤᠵᠤ ᠪᠠᠶ᠋ᠢᠨ᠎ᠠ ᠭᠡᠵᠦ ᠴᠢᠩᠭ᠋ᠠᠳᠬᠠᠪᠠ᠃