ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ
ᠨᠡᠶ᠋ᠢᠲᠡᠯᠡᠭᠰᠡᠨ ᠴᠠᠭ᠄ 2025-04-30

  
     ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 28᠎ᠤ ᠡᠳᠦᠷ᠎ᠤᠨ ᠮᠡᠳᠡᠭᠡ (2025 ᠣᠨ᠎ᠤ 4 ᠰᠠᠷ᠎ᠠ ᠵᠢᠨ 28᠎ᠤ ᠡᠳᠦᠷ)
     ᠰᠢ ᠵᠢᠨ ᠫᠢᠩ
     ᠨᠥᠬᠦᠳ ᠠ᠋᠂ ᠨᠠᠶ᠋ᠢᠵᠠ ᠨᠠᠷ ᠠ᠋᠄
    《5•1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠵᠶ᠋ᠠᠷ᠂ ᠪᠢᠳᠡ ᠦᠪᠡᠳᠡᠭᠰᠢ ᠶᠡᠭᠡ ᠴᠤᠭᠯᠠᠭ᠋ᠠᠨ ᠪᠣᠯᠵᠤ᠂ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠵᠦ᠂ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠭᠡᠷᠡᠯ ᠰᠠᠴᠤᠷᠠᠩᠭᠤᠢ ᠥᠩᠭᠡᠷᠡᠯᠲᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠵᠢ ᠡᠷᠭᠢᠴᠡᠭᠦᠯᠦᠨ ᠳ᠋ᠦᠩᠨᠡᠵᠦ᠂ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠵᠤ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠵᠢ ᠤᠯᠠᠮ ᠳᠠᠶ᠋ᠢᠴᠢᠯᠠᠨ ᠵᠣᠷᠢᠭᠵᠢᠭᠤᠯᠵᠤ ᠪᠠᠶ᠋ᠢᠨ᠎ᠠ᠃
     ᠡᠩ ᠲᠡᠷᠢᠭᠦᠨ᠎ᠳᠤ᠂ ᠪᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠲᠤ ᠭᠠᠷᠮᠠᠭ᠋ᠠᠢ ᠲᠡᠦᠬᠡᠲᠦ ᠬᠤᠪᠢ ᠨᠡᠮᠡᠷᠢ ᠦᠵᠡᠭᠦᠯᠦᠭᠰᠡᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ ᠪᠣᠯᠣᠨ ᠠᠬᠠᠮᠠᠳ ᠨᠢᠭᠡ ᠦᠶ᠎ᠡ ᠵᠢᠨ ᠠᠵᠢᠯᠴᠢᠨ᠎ᠤ ᠡᠪᠯᠡᠯ᠎ᠤᠨ ᠤᠳᠤᠷᠢᠳᠬᠤ ᠬᠥᠮᠥᠰ᠎ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶ᠋ᠢᠨ᠎ᠠ! ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ᠎ᠳᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠪᠣᠯᠣᠨ ᠠᠵᠢᠯᠴᠢᠨ᠎ᠤ ᠡᠪᠯᠡᠯ᠎ᠤᠨ ᠪᠦᠭᠦ ᠠᠵᠢᠯᠲᠠᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠪᠠᠶ᠋ᠢᠨ᠎ᠠ! ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠲᠠᠶ᠋ᠢᠸᠠᠨ ᠣᠷᠣᠨ᠎ᠤ ᠠᠵᠢᠯᠴᠢᠨ᠎ᠤ ᠡᠪᠯᠡᠯ ᠪᠣᠯᠣᠨ ᠬᠥᠳᠡᠯᠮᠦᠷᠢᠴᠢᠳ᠎ᠤᠨ ᠡᠲᠡᠭᠡᠳ᠎ᠤᠨ ᠨᠠᠶ᠋ᠢᠵᠠ ᠨᠠᠷ᠎ᠲᠤ ᠪᠠᠶᠠᠷ᠎ᠤᠨ ᠡᠳᠦᠷ᠎ᠤᠨ ᠵᠥᠩᠨᠡᠯ ᠳᠡᠪᠰᠢᠭᠦᠯᠵᠦ ᠪᠠᠶ᠋ᠢᠨ᠎ᠠ! ᠬᠥᠬᠢᠭᠦᠯᠦᠨ ᠰᠠᠶ᠋ᠢᠰᠢᠶᠠᠭᠳᠠᠭᠰᠠᠨ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠶ᠎ᠡ!
     ᠡᠭᠦᠨ᠎ᠤ ᠬᠠᠮᠲᠤ᠂ ᠪᠢ ᠳᠤᠮᠳᠠᠳᠤ ᠤᠯᠤᠰ᠎ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠢ ᠲᠥᠯᠥᠭᠡᠯᠡᠵᠦ᠂ ᠪᠦᠭᠦ ᠳᠡᠯᠡᠬᠡᠢ ᠵᠢᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠳᠤ ᠰᠠᠶ᠋ᠢᠨ ᠰᠠᠶ᠋ᠢᠬᠠᠨ ᠵᠥᠩᠨᠡᠯ ᠳᠡᠪᠰᠢᠭᠦᠯᠵᠦ ᠪᠠᠶ᠋ᠢᠨ᠎ᠠ!
     ᠨᠥᠬᠦᠳ ᠠ᠋᠂ ᠨᠠᠶ᠋ᠢᠵᠠ ᠨᠠᠷ ᠠ᠋!
    1925 ᠣᠨ᠎ᠤ 5 ᠰᠠᠷ᠎ᠠ ᠵᠢᠨ 1᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠲᠠᠭ᠋ᠠᠯ᠎ᠢ ᠦᠨᠳᠦᠰᠦᠯᠡᠨ᠂ ᠬᠤᠶᠠᠳᠤᠭ᠋ᠠᠷ ᠤᠳᠠᠭ᠋ᠠᠨ᠎ᠤ ᠪᠦᠭᠦ ᠤᠯᠤᠰ᠎ᠤᠨ ᠬᠥᠳᠡᠯᠮᠦᠷᠢᠴᠢᠳ᠎ᠤᠨ ᠶᠡᠭᠡ ᠬᠤᠷᠠᠯ ᠭᠤᠸᠠᠩᠵᠧᠦ᠎ᠳᠤ ᠡᠬᠢᠯᠡᠵᠦ᠂ ᠡᠨᠡ ᠤᠳᠠᠭ᠋ᠠᠨ᠎ᠤ ᠶᠡᠭᠡ ᠬᠤᠷᠠᠯ᠎ᠠᠴᠠ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠵᠢᠩᠬᠢᠨᠢ᠎ᠪᠠᠷ ᠪᠠᠶ᠋ᠢᠭᠤᠯᠤᠭᠳᠠᠭᠰᠠᠨ᠎ᠢ ᠲᠤᠩᠬᠠᠭᠯᠠᠭᠰᠠᠨ ᠪᠢᠯᠡ᠃ 100 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠡᠯ᠎ᠡ ᠲᠡᠦᠬᠡᠨ ᠴᠠᠭ ᠦᠶ᠎ᠡ ᠵᠢᠨ ᠨᠠᠮ᠎ᠤᠨ ᠭᠤᠣᠯ ᠡᠭᠦᠷᠭᠡ ᠵᠢᠨ ᠲᠣᠭᠤᠷᠢᠨ᠎ᠳᠤ᠂ ᠮᠠᠨ᠎ᠤ ᠤᠯᠤᠰ᠎ᠤᠨ ᠠᠵᠢᠯᠴᠢᠨ ᠠᠩᠭᠢ ᠵᠢ ᠪᠦᠯᠬᠦᠮᠳᠡᠭᠦᠯᠦᠨ ᠳᠠᠶ᠋ᠢᠴᠢᠯᠠᠵᠤ ᠨᠠᠮ᠎ᠤᠨ ᠠᠯᠬᠤᠭ᠎ᠠ ᠵᠢ ᠰᠠᠯᠤᠯ ᠦᠭᠡᠢ ᠳᠠᠭ᠋ᠠᠵᠤ᠂ ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠶᠠᠪᠤᠵᠤ᠂ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠠᠭᠤᠤ ᠶᠡᠭᠡ ᠦᠢ᠍ᠯᠡᠰ᠎ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠪᠠᠶ᠋ᠢᠭᠤᠯᠵᠤ᠂ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠢᠷᠠᠭᠤ ᠭᠠᠶ᠋ᠢᠬᠠᠮᠰᠢᠭᠲᠤ ᠬᠠᠭᠤᠳᠠᠰᠤ ᠵᠢ ᠪᠢᠴᠢᠭᠯᠡᠭᠰᠡᠨ ᠪᠠᠶ᠋ᠢᠨ᠎ᠠ᠃
     ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠴᠠᠭ ᠦᠶ᠎ᠡ᠎ᠳᠤ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠥᠷᠭᠡᠨ ᠤᠯᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠲᠠᠶ᠋ᠢᠴᠢᠯᠠᠵᠤ ᠶᠠᠭᠤᠨ᠎ᠠᠴᠠ ᠴᠤ᠌ ᠠᠶᠤᠬᠤ ᠦᠭᠡᠢ ᠬᠤᠪᠢᠰᠬᠠᠯᠲᠤ ᠵᠣᠷᠢᠭ ᠰᠠᠨᠠᠭ᠎ᠠ᠎ᠪᠠᠷ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠢ ᠡᠰᠡᠷᠭᠦᠴᠡᠬᠦ ᠬᠤᠪᠢᠰᠬᠠᠯ᠎ᠤᠨ ᠤᠷᠤᠰᠬᠠᠯ᠎ᠳᠤ ᠡᠷᠡᠯᠬᠡᠭ ᠪᠠᠭ᠋ᠠᠲᠤᠷᠯᠢᠭ ᠵᠶ᠋ᠠᠷ ᠣᠷᠣᠯᠴᠠᠵᠤ᠂ ᠡᠮᠦᠨᠡᠬᠢ᠎ᠨᠢ ᠤᠨᠠᠪᠠᠯ ᠬᠤᠶ᠋ᠢᠨᠠᠬᠢ᠎ᠨᠢ ᠵᠠᠯᠭ᠋ᠠᠮᠵᠢᠯᠠᠵᠤ᠂ ᠴᠢᠰᠤ ᠤᠷᠤᠰᠬᠠᠨ ᠪᠠᠶ᠋ᠢᠯᠳᠤᠵᠤ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠦᠭᠡᠯᠡᠯᠲᠡ ᠵᠢ ᠪᠡᠶᠡᠯᠡᠭᠦᠯᠬᠦ᠂ ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
     ᠨᠡᠶ᠋ᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ᠎ᠳᠤ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠲᠠᠶ᠋ᠢᠴᠢᠯᠠᠵᠤ ᠡᠵᠡᠨ ᠬᠥᠮᠥᠨ᠎ᠤ ᠵᠣᠷᠢᠭ ᠰᠠᠨᠠᠭ᠎ᠠ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠰᠢᠨ᠎ᠡ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠲᠡᠰᠪᠦᠷᠢ ᠬᠠᠲᠠᠭᠤᠵᠢᠯᠲᠠᠢ᠎ᠪᠠᠷ ᠦᠢ᠍ᠯᠡᠰ ᠪᠣᠰᠬᠠᠵᠤ᠂ 《ᠮᠠᠨ᠎ᠤ ᠠᠵᠢᠯᠴᠢᠨ ᠬᠦᠴᠦᠨ᠎ᠲᠠᠢ》 ᠭᠡᠬᠦ ᠴᠠᠭ ᠦᠶ᠎ᠡ ᠵᠢᠨ ᠬᠦᠴᠦᠷᠬᠡᠭ ᠲᠠᠭᠤᠨ᠎ᠢ ᠬᠠᠩᠭᠢᠨᠠᠭᠤᠯᠵᠤ᠂ ᠰᠢᠨ᠎ᠡ᠎ᠪᠠᠷ ᠮᠡᠨᠳᠦᠯᠡᠭᠰᠡᠨ ᠠᠷᠠᠳ᠎ᠤᠨ ᠵᠠᠰᠠᠭ᠎ᠢ ᠪᠠᠬᠢᠵᠢᠭᠦᠯᠬᠦ᠂ ᠨᠡᠶ᠋ᠢᠭᠡᠮ ᠵᠢᠷᠤᠮ᠎ᠤᠨ ᠦᠨᠳᠦᠰᠦᠨ ᠪᠠᠶ᠋ᠢᠭᠤᠯᠤᠯ᠎ᠢ ᠪᠠᠶ᠋ᠢᠭᠤᠯᠬᠤ᠂ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
     ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮᠲᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ᠎ᠳᠤ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠳᠠᠶ᠋ᠢᠴᠢᠯᠠᠵᠤ ᠭᠤᠣᠯ ᠬᠦᠴᠦᠨ ᠴᠡᠷᠢᠭ᠎ᠤᠨ ᠡᠭᠦᠷᠭᠡ ᠬᠠᠷᠢᠭᠤᠴᠠᠯᠭ᠎ᠠ᠎ᠪᠠᠷ ᠥᠭᠡᠷᠡᠴᠢᠯᠡᠯᠲᠡ ᠨᠡᠭᠡᠭᠡᠯᠲᠡ᠎ᠳᠤ ᠢᠳᠡᠪᠬᠢᠲᠡᠢ ᠣᠷᠣᠯᠴᠠᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠦᠨ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠴᠢᠯᠦᠭᠡᠯᠡᠨ ᠬᠥᠭᠵᠢᠭᠦᠯᠬᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠦᠲᠦᠭᠡᠨ ᠪᠠᠶ᠋ᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
     ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ ᠠᠵᠢᠯ᠎ᠢ ᠪᠠᠶ᠋ᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ᠎ᠢ ᠭᠦᠨᠵᠡᠭᠡᠢ ᠬᠠᠷᠢᠭᠤᠯᠵᠤ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠤᠨᠤᠯ᠎ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠦᠭᠦ ᠲᠠᠯ᠎ᠠ ᠵᠢᠨ ᠲᠠᠪᠰᠢᠯᠳᠠ ᠵᠢ ᠪᠡᠶᠡᠯᠡᠭᠦᠯᠬᠦ ᠵᠢ ᠠᠬᠢᠭᠤᠯᠪᠠ᠃ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠳᠠᠶ᠋ᠢᠴᠢᠯᠠᠵᠤ ᠲᠡᠮᠡᠴᠡᠭᠴᠢ ᠵᠢᠨ ᠣᠪᠣᠷ ᠪᠠᠶ᠋ᠢᠳᠠᠯ ᠵᠶ᠋ᠠᠷ᠂ ᠢᠲᠡᠭᠡᠯ ᠲᠡᠭᠦᠯᠳᠡᠷ ᠵᠶ᠋ᠠᠷ ᠥᠪᠡᠷ᠎ᠢ᠎ᠪᠠᠨ ᠬᠦᠴᠦᠷᠬᠡᠭᠵᠢᠭᠦᠯᠵᠦ᠂ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠨ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠭᠡ ᠦᠢ᠍ᠯᠡᠳᠦᠯᠭᠡ ᠳᠤᠮᠳᠠ ᠡᠷᠳᠡᠮ ᠴᠢᠳᠠᠪᠤᠷᠢ᠎ᠪᠠᠨ ᠶᠡᠭᠡ᠎ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠶ᠋ᠢᠭᠡᠮ᠎ᠢ ᠪᠦᠭᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
     ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ 100 ᠵᠢᠯ ᠪᠣᠯ ᠮᠠᠷᠺᠰ᠎ᠤᠨ ᠦᠵᠡᠯ᠎ᠤᠨ ᠠᠵᠢᠯᠴᠢᠨ᠎ᠤ ᠬᠥᠳᠡᠯᠭᠡᠭᠡᠨ᠎ᠤ ᠤᠨᠤᠯ᠎ᠢ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠭᠰᠠᠨ 100 ᠵᠢᠯ ᠮᠥᠨ᠂ ᠮᠠᠨ᠎ᠤ ᠤᠯᠤᠰ᠎ᠤᠨ ᠠᠵᠢᠯᠴᠢᠨ ᠠᠩᠭᠢ ᠪᠠ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠭᠤᠶ᠋ᠢᠪᠢᠰᠢ ᠦᠭᠡᠢ ᠨᠠᠮ ᠵᠶ᠋ᠠᠨ ᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠪᠦᠯᠬᠦᠮᠳᠡᠨ ᠲᠡᠮᠡᠴᠡᠭᠰᠡᠨ 100 ᠵᠢᠯ ᠮᠥᠨ᠃ ᠮᠠᠨ᠎ᠤ ᠤᠯᠤᠰ᠎ᠤᠨ ᠠᠵᠢᠯᠴᠢᠨ ᠠᠩᠭᠢ ᠪᠣᠯ ᠨᠡᠷ᠎ᠡ ᠨᠢᠳᠡᠷ᠎ᠲᠡᠭᠡᠨ ᠲᠡᠩᠴᠡᠭᠰᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠪᠠᠲᠤ ᠪᠠᠬᠢ ᠬᠠᠮᠤᠭ᠎ᠤᠨ ᠨᠠᠶ᠋ᠢᠳᠠᠪᠤᠷᠢᠲᠠᠢ ᠠᠩᠭᠢ ᠵᠢᠨ ᠰᠠᠭᠤᠷᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠮᠠᠨ᠎ᠤ ᠨᠡᠶ᠋ᠢᠭᠡᠮ ᠵᠢᠷᠤᠮᠲᠤ ᠤᠯᠤᠰ᠎ᠤᠨ ᠤᠳᠤᠷᠢᠳᠬᠤ ᠠᠩᠭᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠪᠠ ᠦᠢ᠍ᠯᠡᠳᠪᠦᠷᠢᠯᠡᠯ᠎ᠤᠨ ᠬᠠᠷᠢᠴᠠᠭ᠋ᠠᠨ᠎ᠤ ᠲᠥᠯᠥᠭᠡᠯᠡᠭᠴᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ᠎ᠢ ᠦᠢ᠍ᠯᠡᠳᠦᠯᠭᠡ ᠭᠦᠢ᠍ᠴᠡᠳ ᠭᠡᠷᠡᠴᠢᠯᠡᠵᠡᠢ᠃ ᠮᠠᠨ᠎ᠤ ᠤᠯᠤᠰ᠎ᠤᠨ ᠠᠵᠢᠯᠴᠢᠨ᠎ᠤ ᠡᠪᠯᠡᠯ ᠪᠣᠯ ᠨᠡᠷ᠎ᠡ ᠨᠢᠳᠡᠷ᠎ᠲᠡᠭᠡᠨ ᠲᠡᠩᠴᠡᠭᠰᠡᠨ ᠨᠠᠮ᠎ᠠᠴᠠ ᠠᠵᠢᠯᠲᠠᠨ ᠠᠵᠢᠯᠴᠢᠨ ᠲᠦᠮᠡᠨ᠎ᠲᠠᠢ ᠬᠠᠷᠢᠯᠴᠠᠬᠤ ᠬᠥᠭᠦᠷᠭᠡ ᠪᠠ ᠬᠤᠯᠪᠣᠭ᠋ᠠᠰᠤ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠨᠡᠶ᠋ᠢᠭᠡᠮ ᠵᠢᠷᠤᠮᠲᠤ ᠲᠦᠷᠦ ᠵᠢᠨ ᠡᠷᠬᠡ ᠵᠢᠨ ᠨᠡᠶ᠋ᠢᠭᠡᠮ᠎ᠤᠨ ᠴᠢᠬᠤᠯᠠ ᠲᠤᠯᠭ᠋ᠠᠭᠤᠷᠢ ᠮᠥᠨ᠂ ᠨᠡᠷ᠎ᠡ ᠨᠢᠳᠡᠷ᠎ᠲᠡᠭᠡᠨ ᠲᠡᠩᠴᠡᠭᠰᠡᠨ ᠠᠵᠢᠯᠲᠠᠨ ᠠᠵᠢᠯᠴᠢᠨ᠎ᠤ ᠠᠰᠢᠭ ᠲᠤᠰᠠ ᠵᠢᠨ ᠲᠥᠯᠥᠭᠡᠯᠡᠭᠴᠢ ᠪᠠ ᠬᠠᠮᠠᠭ᠋ᠠᠯᠠᠭᠴᠢ ᠮᠥᠨ᠃ ᠴᠠᠭ ᠦᠶ᠎ᠡ ᠵᠢᠨ ᠨᠥᠬᠦᠴᠡᠯ ᠪᠠ ᠨᠡᠶ᠋ᠢᠭᠡᠮ᠎ᠤᠨ ᠪᠦᠯᠭᠦᠮ ᠴᠣᠭᠴᠠ ᠬᠡᠷᠬᠢᠨ ᠬᠥᠭᠵᠢᠨ ᠬᠤᠪᠢᠷᠠᠭᠰᠠᠨ ᠴᠤ᠌ ᠮᠠᠨ᠎ᠤ ᠤᠯᠤᠰ᠎ᠤᠨ ᠠᠵᠢᠯᠴᠢᠨ ᠠᠩᠭᠢ ᠵᠢᠨ ᠪᠠᠶ᠋ᠢᠷᠢ ᠰᠠᠭᠤᠷᠢ ᠪᠠ ᠦᠢ᠍ᠯᠡᠳᠦᠯ᠎ᠢ ᠭᠤᠶ᠋ᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠵᠶ᠋ᠠᠷ ᠵᠶ᠋ᠠᠨ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠭᠤᠶ᠋ᠢᠪᠢᠯᠵᠠᠭᠤᠯᠵᠤ ᠪᠤᠯᠬᠤ ᠦᠭᠡᠢ᠂ ᠮᠠᠨ᠎ᠤ ᠤᠯᠤᠰ᠎ᠤᠨ ᠠᠵᠢᠯᠴᠢᠨ᠎ᠤ ᠡᠪᠯᠡᠯ᠎ᠤᠨ ᠰᠢᠨᠵᠢ ᠴᠢᠨᠠᠷ ᠪᠠ ᠡᠭᠦᠷᠭᠡ ᠴᠢᠳᠠᠪᠬᠢ ᠵᠢ ᠭᠤᠶ᠋ᠢᠪᠢᠯᠵᠠᠭᠤᠯᠵᠤ ᠪᠤᠯᠬᠤ ᠦᠭᠡᠢ ᠶᠤᠮ᠃
    100 ᠵᠢᠯ᠎ᠤᠨ ᠲᠤᠷᠰᠢ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠤᠨᠤᠯ᠎ᠤᠨ ᠰᠢᠨ᠎ᠡ ᠡᠭᠦᠳᠦᠯᠲᠡ ᠪᠠ ᠦᠢ᠍ᠯᠡᠳᠦᠯᠭᠡ ᠵᠢᠨ ᠬᠥᠭᠵᠢᠯᠲᠡ ᠵᠢᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠵᠢᠯᠴᠢᠨ᠎ᠤ ᠡᠪᠯᠡᠯ᠎ᠤᠨ ᠬᠥᠭᠵᠢᠯᠲᠡ ᠵᠢᠨ ᠵᠠᠮ᠎ᠢ ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ᠌ ᠵᠠᠮ᠎ᠨᠢ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠠ ᠠᠵᠢᠯᠴᠢᠨ᠎ᠤ ᠡᠪᠯᠡᠯ᠎ᠤᠨ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠠᠵᠢᠯᠴᠢᠨ᠎ᠤ ᠬᠥᠳᠡᠯᠭᠡᠭᠡᠨ᠎ᠤ ᠢᠮᠠᠭᠲᠠ ᠵᠥᠪ ᠴᠢᠭᠯᠡᠯ ᠵᠶ᠋ᠠᠷ ᠤᠷᠤᠭᠰᠢᠯᠠᠬᠤ ᠵᠢ ᠦᠨᠡᠨ ᠬᠦ᠌ ᠪᠠᠲᠤᠯᠠᠪᠠ; ᠪᠦᠭᠦ ᠰᠡᠳᠬᠢᠯ ᠪᠦᠭᠦ ᠵᠣᠷᠢᠭ ᠵᠶ᠋ᠠᠷ ᠵᠶ᠋ᠠᠨ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠪᠠᠷᠢᠮᠲᠠᠯᠠᠵᠤ᠂ ᠠᠵᠢᠯᠴᠢᠨ ᠠᠩᠭᠢ ᠵᠢᠨ ᠭᠤᠣᠯ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ; ᠨᠠᠮ᠎ᠤᠨ ᠭᠤᠣᠯ ᠡᠭᠦᠷᠭᠡ ᠵᠢ ᠳᠠᠭ᠋ᠠᠬᠤ ᠪᠠ ᠲᠡᠭᠦᠨ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠠᠵᠢᠯᠴᠢᠨ᠎ᠤ ᠬᠥᠳᠡᠯᠭᠡᠭᠡᠨ ᠪᠠ ᠠᠵᠢᠯᠴᠢᠨ᠎ᠤ ᠡᠪᠯᠡᠯ᠎ᠤᠨ ᠠᠵᠢᠯ᠎ᠢ ᠤᠬᠠᠮᠰᠠᠷ᠎ᠠᠴᠠ᠎ᠪᠠᠨ ᠶᠡᠭᠡ ᠲᠠᠯ᠎ᠠ ᠵᠢᠨ ᠳᠣᠣᠷ᠎ᠠ ᠠᠵᠢᠯᠯᠠᠭᠤᠯᠪᠠ; ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥᠴᠢ ᠴᠢᠨᠠᠷ᠂ ᠲᠡᠷᠢᠭᠦᠨ᠎ᠤ ᠴᠢᠨᠠᠷ᠂ ᠤᠯᠠᠨ ᠲᠦᠮᠡᠨᠴᠢ ᠴᠢᠨᠠᠷ᠎ᠢ ᠪᠠᠷᠢᠮᠲᠠᠯᠠᠵᠤ᠂ ᠨᠠᠮ᠎ᠤᠨ ᠠᠵᠢᠯᠲᠠᠨ ᠠᠵᠢᠯᠴᠢᠨ ᠲᠦᠮᠡᠨ᠎ᠲᠠᠢ ᠬᠠᠷᠢᠯᠴᠠᠬᠤ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ; ᠠᠵᠢᠯᠲᠠᠨ ᠠᠵᠢᠯᠴᠢᠨ ᠲᠦᠮᠡᠨ᠎ᠳᠤ ᠦᠢ᠍ᠯᠡᠴᠢᠯᠡᠬᠦ᠎ᠪᠠᠷ ᠠᠮᠢ ᠨᠠᠰᠤᠨ᠎ᠤ ᠱᠤᠭᠤᠮ ᠪᠤᠯᠭ᠋ᠠᠬᠤ ᠵᠢ ᠪᠠᠷᠢᠮᠲᠠᠯᠠᠵᠤ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠠᠵᠢᠯᠲᠠᠨ ᠠᠵᠢᠯᠴᠢᠨ᠎ᠤ ᠪᠦᠭᠦ ᠲᠠᠯ᠎ᠠ ᠵᠢᠨ ᠬᠥᠭᠵᠢᠯᠲᠡ ᠵᠢ ᠠᠭᠢᠭᠤᠯᠪᠠ; ᠬᠠᠤᠯᠢ ᠶᠣᠰᠣᠭ᠋ᠠᠷ ᠳᠦᠷᠢᠮ ᠶᠣᠰᠣᠭ᠋ᠠᠷ ᠠᠵᠢᠯ ᠵᠶ᠋ᠠᠨ ᠥᠷᠨᠢᠭᠦᠯᠬᠦ ᠵᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠪᠠ ᠠᠵᠢᠯᠴᠢᠨ᠎ᠤ ᠡᠪᠯᠡᠯ᠎ᠤᠨ ᠠᠵᠢᠯ᠎ᠤᠨ ᠲᠥᠪ ᠶᠣᠰᠣ ᠵᠢ ᠰᠠᠬᠢᠨ ᠰᠢᠨ᠎ᠡ ᠵᠢ ᠡᠭᠦᠳᠬᠦ ᠳᠤᠮᠳᠠ ᠠᠮᠢᠵᠢᠷᠠᠯ᠎ᠤᠨ ᠬᠦᠴᠦᠨ ᠵᠶ᠋ᠠᠨ ᠲᠠᠰᠤᠷᠠᠯᠳᠠ ᠦᠭᠡᠢ ᠨᠡᠮᠡᠭᠳᠡᠭᠦᠯᠬᠦ ᠵᠢ ᠠᠬᠢᠭᠤᠯᠪᠠ᠃ ᠡᠳᠡᠭᠡᠷ ᠪᠣᠯ ᠴᠥᠮ 100 ᠵᠢᠯ᠎ᠤᠨ ᠲᠤᠷᠰᠢᠬᠢ ᠨᠠᠮ᠎ᠠᠴᠠ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠠ ᠠᠵᠢᠯᠴᠢᠨ᠎ᠤ ᠡᠪᠯᠡᠯ᠎ᠤᠨ ᠠᠵᠢᠯ᠎ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠵᠢᠨ ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠬᠡᠷᠡᠭᠲᠡᠢ᠃
     ᠨᠥᠬᠦᠳ ᠠ᠋᠂ ᠨᠠᠶ᠋ᠢᠵᠠ ᠨᠠᠷ ᠠ᠋!
     ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠭᠤᠣᠯ ᠡᠭᠦᠷᠭᠡ ᠵᠢ ᠲᠣᠳᠣᠷᠬᠠᠶ᠋ᠢᠯᠠᠪᠠ᠃ ᠡᠨᠡ ᠬᠦ᠌ ᠭᠤᠣᠯ ᠡᠭᠦᠷᠭᠡ ᠪᠣᠯ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠴᠠᠭ ᠦᠶ᠎ᠡ ᠵᠢᠨ ᠭᠤᠣᠯ ᠰᠡᠳᠦᠪ ᠮᠥᠨ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠡᠷᠬᠡᠪᠰᠢ ᠨᠠᠮ᠎ᠤᠨ ᠭᠤᠣᠯ ᠡᠭᠦᠷᠭᠡ ᠵᠢᠨ ᠲᠣᠭᠤᠷᠢᠨ᠎ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠬᠤ ᠬᠡᠷᠡᠭᠲᠡᠢ᠃
     ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ᠎ᠤ ᠭᠠᠪᠢᠶ᠎ᠠ ᠪᠠᠶ᠋ᠢᠭᠤᠯᠵᠤ ᠦᠢ᠍ᠯᠡᠰ ᠪᠣᠰᠬᠠᠬᠤ᠂ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠵᠢ ᠲᠠᠶ᠋ᠢᠴᠢᠯᠠᠨ ᠵᠣᠷᠢᠭᠵᠢᠭᠤᠯᠬᠤ ᠬᠡᠷᠡᠭᠲᠡᠢ᠃ ᠴᠢᠨᠠᠷ ᠰᠠᠶ᠋ᠢᠲᠠᠢ ᠬᠥᠭᠵᠢᠯᠲᠡ᠎ᠨᠢ ᠴᠢᠨᠠᠷ ᠰᠠᠶ᠋ᠢᠲᠠᠢ ᠭᠦᠳᠡᠯᠮᠦᠷᠢ ᠵᠢᠨ ᠡᠭᠦᠳᠦᠯᠲᠡ᠎ᠠᠴᠠ ᠰᠠᠯᠵᠤ ᠴᠢᠳᠠᠬᠤ ᠦᠭᠡᠢ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠲᠠᠢ ᠤᠶᠠᠯᠳᠤᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠭᠦᠨᠵᠡᠭᠡᠢ ᠲᠤᠭᠤᠰᠢᠯᠠᠭᠤᠯᠵᠤ᠂ ᠭᠠᠪᠢᠶ᠎ᠠ ᠪᠠᠶ᠋ᠢᠭᠤᠯᠵᠤ ᠦᠢ᠍ᠯᠡᠰ ᠪᠣᠰᠬᠠᠬᠤ ᠪᠠ ᠤᠯᠠᠨ ᠲᠦᠮᠡᠨᠴᠢ ᠴᠢᠨᠠᠷᠲᠠᠢ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠡᠯ᠎ᠡ ᠵᠦᠢ᠍ᠯ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠥᠷᠭᠡᠨ ᠤᠯᠠᠨ ᠬᠥᠳᠡᠯᠮᠦᠷᠢᠴᠢᠳ᠎ᠤᠨ ᠲᠤᠬᠠᠶ᠋ᠢᠯᠠᠭᠰᠠᠨ ᠠᠵᠢᠯ᠎ᠤᠨ ᠪᠠᠶ᠋ᠢᠷᠢ᠎ᠳᠠᠭᠠᠨ ᠬᠥᠯ ᠲᠣᠭᠲᠠᠬᠤ ᠵᠢ ᠵᠣᠬᠢᠶᠠᠨ ᠪᠠᠶ᠋ᠢᠭᠤᠯᠵᠤ ᠬᠥᠲᠥᠯᠥᠨ ᠵᠢᠯᠤᠭᠤᠳᠴᠤ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠬᠤ ᠳᠤᠮᠳᠠ ᠵᠠᠮ ᠨᠡᠭᠡᠭᠡᠨ ᠤᠷᠤᠭᠰᠢᠯᠠᠵᠤ᠂ ᠢᠷᠡᠭᠡᠳᠦᠢ ᠵᠢᠨ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠬᠦ ᠳᠤᠮᠳᠠ ᠵᠣᠷᠢᠭᠲᠠᠢ ᠬᠠᠶ᠋ᠢᠨ ᠰᠦᠪᠡᠭᠴᠢᠯᠡᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠲᠠᠰᠤᠷᠠᠯᠳᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃
     ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ᠎ᠳᠤ ᠵᠣᠬᠢᠴᠠᠵᠤ᠂ ᠬᠥᠳᠡᠯᠮᠦᠷᠢᠴᠢᠳ᠎ᠤᠨ ᠬᠡᠪ ᠪᠣᠯᠪᠠᠰᠤᠷᠠᠯ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ᠃ ᠡᠨᠡ ᠪᠣᠯ ᠳᠤᠮᠳᠠᠳᠤ ᠤᠯᠤᠰ᠎ᠤᠨ ᠠᠵᠢᠯᠴᠢᠨ ᠠᠩᠭᠢ 《ᠬᠠᠮᠤᠭ᠎ᠤᠨ ᠳᠠᠪᠰᠢᠩᠭᠤᠢ ᠠᠩᠭᠢ》 ᠵᠢᠨ ᠬᠤᠪᠢ᠎ᠪᠠᠷ ᠢᠮᠠᠭᠲᠠ ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠶᠠᠪᠤᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠲᠠᠢ ᠨᠢᠭᠲᠠ ᠤᠶᠠᠯᠳᠤᠭᠤᠯᠤᠨ᠂ ᠠᠵᠢᠯᠲᠠᠨ ᠠᠵᠢᠯᠴᠢᠨ᠎ᠤ ᠬᠡᠪ ᠴᠢᠨᠠᠷ᠎ᠤᠨ ᠪᠠᠶ᠋ᠢᠭᠤᠯᠤᠯᠲᠠ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠠᠵᠤ ᠦᠢ᠍ᠯᠡᠰ᠎ᠤᠨ ᠠᠵᠢᠯᠴᠢᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠭᠦᠳᠡᠯᠮᠦᠷᠢ ᠪᠠ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠥᠷᠭᠡᠨ ᠵᠶ᠋ᠠᠷ ᠥᠷᠨᠢᠭᠦᠯᠵᠦ᠂ ᠥᠷᠭᠡᠨ ᠤᠯᠠᠨ ᠬᠥᠳᠡᠯᠮᠦᠷᠢᠴᠢᠳ᠎ᠤᠨ ᠨᠠᠰᠤᠨ ᠲᠤᠷᠰᠢᠲᠠ ᠰᠤᠷᠤᠯᠴᠠᠬᠤ᠂ ᠲᠤᠰ ᠪᠡᠶ᠎ᠡ ᠵᠢᠨ ᠬᠡᠪ ᠴᠢᠨᠠᠷ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠵᠢ ᠬᠥᠲᠥᠯᠥᠨ ᠵᠢᠯᠤᠭᠤᠳᠴᠤ᠂ ᠮᠡᠳᠡᠯᠭᠡ ᠵᠢᠨ ᠭᠡᠯᠪᠡᠷᠢ ᠵᠢᠨ᠂ ᠤᠷ᠎ᠠ ᠴᠢᠳᠠᠪᠤᠷᠢ ᠵᠢᠨ ᠭᠡᠯᠪᠡᠷᠢ ᠵᠢᠨ᠂ ᠰᠢᠨ᠎ᠡ ᠵᠢ ᠡᠭᠦᠳᠬᠦ ᠭᠡᠯᠪᠡᠷᠢ ᠵᠢᠨ ᠨᠢᠭᠡᠨ ᠰᠠᠯᠠᠭ᠎ᠠ ᠬᠥᠳᠡᠯᠮᠦᠷᠢᠴᠢᠳ᠎ᠤᠨ ᠡᠩᠨᠡᠭᠡ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃
     ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠭᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠭᠦᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠬᠤ ᠬᠡᠷᠡᠭᠲᠡᠢ᠃ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠤ ᠤᠷᠲᠤ ᠬᠤᠭᠤᠴᠠᠭ᠋ᠠᠨ᠎ᠤ ᠲᠡᠮᠡᠴᠡᠯ᠎ᠤᠨ ᠳᠤᠮᠳᠠ ᠴᠣᠭᠴᠠᠯᠠᠭᠰᠠᠨ ᠭᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠭᠦᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠪᠣᠯ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢᠨ ᠠᠮᠢᠳᠤᠯᠢᠭ ᠢᠯᠡᠷᠡᠯ ᠮᠥᠨ᠃ ᠭᠦᠳᠡᠯᠮᠦᠷᠢ ᠬᠠᠮᠤᠭ᠎ᠤᠨ ᠢᠷᠠᠭᠤ ᠠᠯᠳᠠᠷᠲᠠᠢ᠂ ᠭᠦᠳᠡᠯᠮᠦᠷᠢ ᠬᠠᠮᠤᠭ᠎ᠤᠨ ᠡᠷᠬᠢᠮ ᠳᠡᠭᠡᠳᠦ᠂ ᠭᠦᠳᠡᠯᠮᠦᠷᠢ ᠬᠠᠮᠤᠭ᠎ᠤᠨ ᠠᠭᠤᠤ ᠶᠡᠭᠡ᠂ ᠭᠦᠳᠡᠯᠮᠦᠷᠢ ᠬᠠᠮᠤᠭ᠎ᠤᠨ ᠭᠤᠶᠤ ᠰᠠᠶ᠋ᠢᠬᠠᠨ ᠪᠠᠶ᠋ᠢᠬᠤ ᠨᠡᠶ᠋ᠢᠭᠡᠮ᠎ᠤᠨ ᠬᠡᠪ ᠰᠤᠷᠲᠠᠯ᠎ᠢ ᠶᠡᠭᠡ᠎ᠪᠠᠷ ᠪᠠᠳᠠᠷᠠᠭᠤᠯᠵᠤ᠂ ᠭᠦᠳᠡᠯᠮᠦᠷᠢ ᠵᠢ ᠬᠦᠨᠳᠦᠳᠬᠡᠬᠦ᠂ ᠮᠡᠳᠡᠯᠭᠡ ᠵᠢ ᠬᠦᠨᠳᠦᠳᠬᠡᠬᠦ᠂ ᠴᠢᠳᠠᠪᠤᠷᠢᠲᠠᠨ᠎ᠢ ᠬᠦᠨᠳᠦᠳᠬᠡᠬᠦ᠂ ᠡᠭᠦᠳᠦᠨ ᠪᠦᠲᠦᠭᠡᠯᠲᠡ ᠵᠢ ᠬᠦᠨᠳᠦᠳᠬᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠵᠤ᠂ ᠪᠦᠭᠦ ᠠᠷᠠᠳ ᠲᠦᠮᠡᠨ᠎ᠤ ᠰᠢᠷᠭ᠋ᠠᠭᠤ ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ᠎ᠪᠠᠷ ᠵᠶ᠋ᠠᠨ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠵᠶ᠋ᠠᠨ ᠪᠡᠶᠡᠯᠡᠭᠦᠯᠬᠦ ᠵᠢ ᠵᠣᠷᠢᠭᠵᠢᠭᠤᠯᠬᠤ ᠬᠡᠷᠡᠭᠲᠡᠢ᠃
     ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠤ ᠠᠵᠠ ᠵᠢᠷᠭ᠋ᠠᠯ᠎ᠢ ᠯᠠᠪᠳᠠᠭᠤᠨ ᠨᠡᠮᠡᠭᠳᠡᠭᠦᠯᠬᠦ ᠬᠡᠷᠡᠭᠲᠡᠢ᠃ ᠬᠠᠮᠲᠤ᠎ᠪᠠᠷ ᠪᠠᠶᠠᠵᠢᠬᠤ ᠵᠢ ᠥᠷᠭᠡᠨ ᠤᠯᠠᠨ ᠬᠥᠳᠡᠯᠮᠦᠷᠢᠴᠢᠳ᠎ᠲᠤ ᠲᠦᠰᠢᠭᠯᠡᠨ ᠪᠡᠶᠡᠯᠡᠭᠦᠯᠬᠦ ᠮᠥᠷᠲᠡᠭᠡᠨ ᠪᠠᠰᠠ ᠥᠷᠭᠡᠨ ᠤᠯᠠᠨ ᠬᠥᠳᠡᠯᠮᠦᠷᠢᠴᠢᠳ᠎ᠤᠨ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠨᠡᠩ ᠰᠠᠶ᠋ᠢᠨ ᠠᠵᠢᠯ ᠣᠯᠭᠤᠯᠲᠠ ᠵᠢᠨ ᠪᠠ ᠭᠦᠳᠡᠯᠮᠦᠷᠢ ᠵᠢᠨ ᠨᠥᠬᠦᠴᠡᠯ᠎ᠢ ᠡᠭᠦᠳᠴᠦ᠂ ᠴᠢᠨᠠᠷ ᠰᠠᠶ᠋ᠢᠲᠠᠢ ᠠᠵᠢᠯ ᠣᠯᠭᠤᠯᠲᠠ ᠵᠢ ᠠᠬᠢᠭᠤᠯᠵᠤ᠂ ᠣᠷᠣᠯᠭ᠎ᠠ ᠵᠢᠨ ᠬᠤᠪᠢᠶᠠᠷᠢᠯᠠᠯᠲᠠ ᠳᠤᠮᠳᠠᠬᠢ ᠭᠦᠳᠡᠯᠮᠦᠷᠢ᠂ ᠤᠷ᠎ᠠ ᠴᠢᠳᠠᠪᠤᠷᠢ᠂ ᠮᠡᠳᠡᠯᠭᠡ᠂ ᠰᠢᠨ᠎ᠡ ᠵᠢ ᠡᠭᠦᠳᠬᠦ ᠵᠡᠷᠭᠡ ᠡᠯᠧᠮᠧᠨ᠋ᠲ᠎ᠤᠨ ᠬᠤᠪᠢ ᠵᠢᠨ ᠵᠢᠩ᠎ᠢ ᠡᠮᠬᠢ ᠵᠢᠷᠤᠮ᠎ᠲᠠᠢ ᠳᠡᠭᠡᠭᠰᠢᠯᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃
     ᠭᠦᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠲᠠᠨ ᠪᠣᠯ ᠠᠷᠠᠳ ᠲᠦᠮᠡᠨ᠎ᠤ ᠦᠯᠢᠭᠡᠷ ᠳᠠᠭᠤᠷᠢᠶᠠᠯ᠂ ᠤᠯᠤᠰ ᠣᠷᠣᠨ᠎ᠤ ᠲᠤᠯᠭ᠋ᠠᠭᠤᠷᠢ ᠮᠥᠨ᠃ ᠤᠷᠳᠤ ᠬᠤᠭᠤᠴᠠᠭ᠋ᠠᠨ᠎ᠤ ᠲᠤᠷᠰᠢ᠂ ᠦᠶ᠎ᠡ ᠦᠶ᠎ᠡ ᠵᠢᠨ ᠭᠦᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠲᠠᠳ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠂ ᠴᠠᠭ ᠦᠶ᠎ᠡ ᠵᠢᠨ ᠲᠠᠪᠰᠢᠯᠳᠠ ᠵᠢ ᠠᠬᠢᠭᠤᠯᠬᠤ ᠳᠤᠮᠳᠠ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠤᠭᠰᠠᠨ ᠶᠤᠮ᠃ ᠲᠡᠳᠡᠨ᠎ᠤ ᠦᠯᠢᠭᠡᠷ᠎ᠢ ᠤᠯᠠᠮ ᠰᠠᠶ᠋ᠢᠲᠤᠷ ᠶᠠᠷᠢᠵᠤ᠂ ᠪᠦᠭᠦ ᠨᠡᠶ᠋ᠢᠭᠡᠮ ᠵᠶ᠋ᠠᠷ ᠵᠶ᠋ᠠᠨ ᠲᠡᠳᠡᠨ᠎ᠤ ᠦᠢ᠍ᠯᠡ ᠶᠠᠪᠤᠳᠠᠯ᠎ᠢ ᠰᠤᠷᠤᠯᠴᠠᠬᠤ᠂ ᠲᠡᠳᠡᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠵᠢ ᠬᠥᠲᠥᠯᠥᠨ ᠵᠢᠯᠤᠭᠤᠳᠬᠤ ᠬᠡᠷᠡᠭᠲᠡᠢ᠃ ᠬᠥᠬᠢᠭᠦᠯᠦᠨ ᠰᠠᠶ᠋ᠢᠰᠢᠶᠠᠭᠳᠠᠭᠰᠠᠨ ᠭᠦᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠲᠠᠳ ᠢᠷᠠᠭᠤ ᠠᠯᠳᠠᠷ ᠵᠶ᠋ᠠᠨ ᠨᠠᠨᠳᠢᠩᠨᠠᠨ᠂ ᠣᠣᠷ ᠴᠢᠨᠠᠷ ᠵᠶ᠋ᠠᠨ ᠪᠠᠲᠤᠯᠠᠵᠤ᠂ ᠦᠷᠭᠦᠯᠵᠢᠯᠡᠨ ᠴᠢᠷᠮᠠᠶ᠋ᠢᠵᠤ᠂ ᠲᠠᠭᠢᠨ ᠰᠢᠨ᠎ᠡ ᠭᠠᠪᠢᠶ᠎ᠠ ᠪᠠᠶ᠋ᠢᠭᠤᠯᠬᠤ ᠵᠢ ᠬᠦᠰᠡᠵᠦ ᠪᠠᠶ᠋ᠢᠨ᠎ᠠ᠃
     ᠨᠥᠬᠦᠳ ᠠ᠋᠂ ᠨᠠᠶ᠋ᠢᠵᠠ ᠨᠠᠷ ᠠ᠋!
     ᠵᠠᠭᠤᠨ ᠵᠢᠯ᠎ᠤᠨ ᠠᠵᠢᠯᠴᠢᠨ᠎ᠤ ᠡᠪᠯᠡᠯ ᠶᠠᠭ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠵᠤ᠂ ᠨᠠᠮ ᠪᠠ ᠤᠯᠤᠰ᠎ᠠᠴᠠ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ᠎ᠳᠤ ᠶᠡᠭᠡ ᠬᠦᠰᠡᠯ ᠨᠠᠶ᠋ᠢᠳᠠᠯᠭ᠎ᠠ ᠲᠠᠯᠪᠢᠵᠤ᠂ ᠠᠵᠢᠯᠲᠠᠨ ᠠᠵᠢᠯᠴᠢᠨ ᠤᠯᠠᠨ ᠲᠦᠮᠡᠨ᠎ᠠᠴᠠ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ᠎ᠳᠤ ᠬᠦᠰᠡᠯ ᠡᠷᠡᠮᠡᠯᠵᠡᠯ ᠳᠦᠭᠦᠷᠡᠩ ᠪᠠᠶ᠋ᠢᠨ᠎ᠠ᠃ ᠡᠯ᠎ᠡ ᠱᠠᠲᠤᠨ᠎ᠤ ᠠᠵᠢᠯᠴᠢᠨ᠎ᠤ ᠡᠪᠯᠡᠯ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯᠴᠢᠨ᠎ᠤ ᠡᠪᠯᠡᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠨᠡᠩ ᠢᠷᠠᠭᠤ ᠭᠠᠶ᠋ᠢᠬᠠᠮᠰᠢᠭᠲᠤ ᠴᠠᠭ ᠦᠶ᠎ᠡ ᠵᠢᠨ ᠬᠠᠭᠤᠳᠠᠰᠤ ᠵᠢ ᠪᠢᠴᠢᠭᠯᠡᠬᠦ ᠬᠡᠷᠡᠭᠲᠡᠢ᠃
     ᠤᠯᠤᠰ ᠲᠦᠷᠦ ᠵᠢᠨ ᠵᠥᠪ ᠴᠢᠭᠯᠡᠯ᠎ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠢ ᠨᠠᠮ᠎ᠤᠨ ᠲᠣᠭᠤᠷᠢᠨ᠎ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠤᠨ ᠤᠳᠤᠷᠢᠳᠤᠯᠭ᠎ᠠ ᠵᠢ ᠠᠵᠢᠯᠴᠢᠨ᠎ᠤ ᠡᠪᠯᠡᠯ᠎ᠤᠨ ᠠᠵᠢᠯ᠎ᠤᠨ ᠪᠦᠭᠦ ᠶᠠᠪᠤᠴᠠ ᠪᠠ ᠡᠯ᠎ᠡ ᠲᠠᠯ᠎ᠠ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠬᠦ᠂ ᠦᠢ᠍ᠯᠡᠳᠦᠯᠭᠡ᠎ᠪᠠᠨ ᠵᠢᠯᠣᠭᠤᠳᠤᠭᠤᠯᠬᠤ᠂ ᠠᠵᠢᠯ ᠵᠶ᠋ᠠᠨ ᠠᠬᠢᠭᠤᠯᠬᠤ ᠵᠢ ᠪᠠᠷᠢᠮᠲᠠᠯᠠᠵᠤ᠂ ᠠᠵᠢᠯᠲᠠᠨ ᠠᠵᠢᠯᠴᠢᠨ ᠤᠯᠠᠨ ᠲᠦᠮᠡᠨ᠎ᠢ ᠬᠥᠲᠥᠯᠥᠨ ᠳᠠᠭ᠋ᠠᠭᠤᠯᠵᠤ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ᠂ ᠵᠥᠷᠢᠴᠡᠯ᠎ᠢ ᠨᠠᠮᠳᠠᠭᠤᠯᠬᠤ᠂ ᠬᠥᠳᠡᠯᠭᠡᠬᠦ ᠬᠦᠴᠦᠨ᠎ᠢ ᠬᠥᠭᠵᠢᠭᠡᠬᠦ᠎ᠪᠠᠷ ᠬᠦᠴᠦᠯᠡᠵᠦ᠂ ᠨᠠᠮ᠎ᠤᠨ ᠲᠦᠷᠦ ᠪᠠᠷᠢᠬᠤ ᠠᠩᠭᠢ ᠵᠢᠨ ᠰᠠᠭᠤᠷᠢ ᠪᠣᠯᠣᠨ ᠤᠯᠠᠨ ᠲᠦᠮᠡᠨᠴᠢ ᠰᠠᠭᠤᠷᠢ ᠵᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃
     ᠠᠵᠢᠯᠲᠠᠨ ᠠᠵᠢᠯᠴᠢᠨ ᠵᠶ᠋ᠠᠷ ᠭᠤᠣᠯ ᠪᠤᠯᠭ᠋ᠠᠬᠰᠠᠨ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ᠎ᠳᠤ ᠦᠨᠡᠨ ᠰᠡᠳᠬᠢᠯ᠎ᠠᠴᠠ᠎ᠪᠠᠨ ᠦᠢ᠍ᠯᠡᠴᠢᠯᠡᠨ᠂ ᠠᠵᠢᠯᠲᠠᠨ ᠠᠵᠢᠯᠴᠢᠨ᠎ᠤ ᠪᠦᠭᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠭᠦᠳᠡᠯᠮᠦᠷᠢ ᠵᠢᠨ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠬᠦ ᠵᠢ ᠠᠬᠢᠭᠤᠯᠵᠤ᠂ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠤᠨ ᠶᠡᠭᠡ ᠬᠤᠷᠠᠯ ᠵᠶ᠋ᠠᠷ ᠦᠨᠳᠦᠰᠦᠨ ᠭᠡᠯᠪᠡᠷᠢ ᠪᠤᠯᠭ᠋ᠠᠬᠰᠠᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠠᠷᠠᠳᠴᠢᠯᠠᠭᠰᠠᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠵᠦ᠂ ᠡᠶ᠎ᠡ ᠵᠣᠬᠢᠴᠠᠩᠭᠤᠢ ᠭᠦᠳᠡᠯᠮᠦᠷᠢ ᠵᠢᠨ ᠬᠠᠷᠢᠴᠠᠭ᠎ᠠ ᠵᠢ ᠢᠳᠡᠪᠬᠢᠲᠡᠢ ᠪᠠᠶ᠋ᠢᠭᠤᠯᠵᠤ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠤᠷ᠎ᠠ ᠴᠢᠳᠠᠪᠤᠷᠢ ᠵᠢᠨ ᠪᠣᠯᠪᠠᠰᠤᠷᠠᠯ᠂ ᠣᠷᠣᠯᠭ᠎ᠠ ᠵᠢᠨ ᠬᠤᠪᠢᠶᠠᠷᠢᠯᠠᠯᠲᠠ᠂ ᠠᠶᠤᠯᠭᠦᠢ ᠦᠢ᠍ᠯᠡᠳᠪᠦᠷᠢᠯᠡᠯ᠂ ᠭᠦᠳᠡᠯᠮᠦᠷᠢ ᠵᠢᠨ ᠬᠠᠮᠠᠭ᠋ᠠᠯᠠᠯᠲᠠ ᠵᠡᠷᠭᠡ ᠭᠤᠣᠯᠳᠠᠯᠭ᠎ᠠ᠎ᠲᠠᠢ ᠭᠤᠭᠴᠤᠭ᠎ᠠ ᠵᠢ ᠠᠳᠬᠤᠵᠤ᠂ ᠠᠵᠢᠯᠲᠠᠨ ᠠᠵᠢᠯᠴᠢᠨ᠎ᠤ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠠᠵᠢᠯ᠎ᠤᠨ ᠰᠢᠰᠲ᠋ᠧᠮ᠎ᠢ ᠬᠦᠴᠦᠯᠡᠨ ᠲᠡᠭᠦᠯᠳᠡᠷᠵᠢᠭᠦᠯᠵᠦ᠂ ᠥᠷᠭᠡᠨ ᠤᠯᠠᠨ ᠬᠥᠳᠡᠯᠮᠦᠷᠢᠴᠢᠳ᠎ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠠᠢ᠎ᠪᠠᠷ ᠬᠦᠴᠦ ᠣᠷᠣᠭᠤᠯᠤᠨ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃
     ᠠᠵᠢᠯᠴᠢᠨ᠎ᠤ ᠡᠪᠯᠡᠯ᠎ᠤᠨ ᠥᠭᠡᠷᠡᠴᠢᠯᠡᠯᠲᠡ ᠪᠠ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠬᠥᠲᠥᠯᠥᠨ ᠳᠠᠭ᠋ᠠᠭᠤᠯᠬᠤ ᠬᠦᠴᠦᠨ᠂ ᠵᠣᠬᠢᠶᠠᠨ ᠪᠠᠶ᠋ᠢᠭᠤᠯᠬᠤ ᠬᠦᠴᠦᠨ᠂ ᠦᠢ᠍ᠯᠡᠴᠢᠯᠡᠬᠦ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ᠃ ᠠᠵᠢᠯᠴᠢᠨ᠎ᠤ ᠡᠪᠯᠡᠯ᠎ᠤᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠠᠵᠢᠯᠴᠢᠨ᠎ᠤ ᠡᠪᠯᠡᠯ᠎ᠤᠨ ᠺᠠᠳ᠋ᠷ᠎ᠤᠨ ᠡᠩᠨᠡᠭᠡ ᠵᠢ ᠪᠠᠶ᠋ᠢᠭᠤᠯᠬᠤ ᠬᠡᠷᠡᠭᠲᠡᠢ᠃ ᠤᠯᠤᠰ ᠲᠥᠷᠥᠴᠢ ᠴᠢᠨᠠᠷ᠂ ᠲᠡᠷᠢᠭᠦᠨ᠎ᠤ ᠴᠢᠨᠠᠷ᠂ ᠤᠯᠠᠨ ᠲᠦᠮᠡᠨᠴᠢ ᠴᠢᠨᠠᠷ᠎ᠢ ᠴᠢᠩᠭ᠋ᠠᠳᠬᠠᠬᠤ ᠥᠭᠡᠷᠡᠴᠢᠯᠡᠯᠲᠡ ᠵᠢᠨ ᠴᠢᠭᠯᠡᠯ᠎ᠢ ᠪᠠᠲᠤ ᠡᠵᠡᠮᠳᠡᠵᠦ᠂ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠠᠶ᠋ᠢᠭᠤᠯᠤᠨ ᠬᠦᠴᠦᠷᠬᠡᠭᠵᠢᠭᠦᠯᠵᠦ᠂ ᠦᠢ᠍ᠯᠡᠴᠢᠯᠡᠭᠡᠨ᠎ᠤ ᠬᠦᠷᠢᠶ᠎ᠡ ᠵᠢ ᠥᠷᠭᠡᠳᠬᠡᠨ᠂ ᠠᠵᠢᠯᠯᠠᠬᠤ ᠠᠷᠭ᠎ᠠ ᠵᠢᠨ ᠰᠢᠨ᠎ᠡ ᠵᠢ ᠡᠭᠦᠳᠴᠦ᠂ ᠢᠮᠠᠭᠲᠠ ᠠᠵᠢᠯᠲᠠᠨ ᠠᠵᠢᠯᠴᠢᠨ ᠲᠦᠮᠡᠨ᠎ᠤ ᠢᠲᠡᠭᠡᠯᠲᠡᠢ ᠳᠣᠲᠣᠨᠣ ᠬᠥᠮᠥᠨ᠂ ᠲᠥᠷᠬᠦᠮ᠎ᠤᠨ ᠬᠥᠮᠥᠨ ᠪᠤᠯᠬᠤ ᠬᠡᠷᠡᠭᠲᠡᠢ᠃ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠶᠠᠪᠤᠯᠴᠠᠭ᠎ᠠ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠡᠯ᠎ᠡ ᠤᠯᠤᠰ᠎ᠤᠨ ᠠᠵᠢᠯᠴᠢᠳ᠎ᠯᠤᠭ᠎ᠠ ᠵᠢᠨ ᠨᠥᠬᠦᠷᠯᠡᠯ ᠵᠶ᠋ᠠᠨ ᠵᠤᠵᠠᠭ᠋ᠠᠳᠬᠠᠬᠤ ᠬᠡᠷᠡᠭᠲᠡᠢ᠃
     ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠣᠯ ᠨᠠᠮ᠎ᠤᠨ ᠦᠢ᠍ᠯᠡᠰ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠠᠵᠢᠯᠴᠢᠨ᠎ᠤ ᠡᠪᠯᠡᠯ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠨ ᠰᠠᠶ᠋ᠢᠵᠢᠷᠠᠭᠤᠯᠵᠤ᠂ ᠠᠵᠢᠯᠴᠢᠨ᠎ᠤ ᠡᠪᠯᠡᠯ᠎ᠤᠨ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠵᠦ᠂ ᠠᠵᠢᠯᠴᠢᠨ᠎ᠤ ᠡᠪᠯᠡᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠰᠠᠶ᠋ᠢᠨ ᠰᠠᠶ᠋ᠢᠬᠠᠨ ᠨᠥᠬᠦᠴᠡᠯ᠎ᠢ ᠪᠦᠷᠢᠯᠳᠦᠭᠦᠯᠬᠦ ᠬᠡᠷᠡᠭᠲᠡᠢ᠃
     ᠨᠥᠬᠦᠳ ᠠ᠋᠂ ᠨᠠᠶ᠋ᠢᠵᠠ ᠨᠠᠷ ᠠ᠋!
    100 ᠵᠢᠯ᠎ᠤᠨ ᠡᠮᠦᠨ᠎ᠡ ᠬᠤᠶᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠬᠥᠳᠡᠯᠮᠦᠷᠢᠴᠢᠳ᠎ᠤᠨ ᠶᠡᠭᠡ ᠬᠤᠷᠠᠯ ᠠᠮᠵᠢᠯᠲᠠ᠎ᠲᠠᠢ ᠲᠡᠭᠦᠰᠬᠦ ᠦᠶ᠎ᠡ᠎ᠳᠤ 《ᠲᠡᠮᠡᠴᠡᠶ᠎ᠡ᠂ ᠲᠡᠮᠡᠴᠡᠶ᠎ᠡ᠂ ᠡᠴᠦᠰ᠎ᠲᠤᠨᠢ ᠲᠤᠯᠲᠠᠯ᠎ᠠ ᠲᠡᠮᠡᠴᠡᠶ᠎ᠡ》 ᠭᠡᠬᠦ ᠤᠷᠢᠶ᠎ᠠ ᠪᠦᠭᠦ ᠲᠠᠯᠠᠪᠠᠢ᠎ᠳᠤ ᠴᠤᠤᠷᠢᠶᠠᠲᠤᠵᠤ᠂ ᠲᠦᠭ ᠲᠦᠮᠡᠨ ᠬᠥᠳᠡᠯᠮᠦᠷᠢᠴᠢᠨ ᠲᠦᠮᠡᠨ᠎ᠤ ᠬᠦᠴᠢᠷ ᠪᠡᠷᠬᠡᠰᠢᠶᠡᠯ᠎ᠲᠠᠢ ᠬᠤᠪᠢᠰᠬᠠᠯ᠎ᠤᠨ ᠣᠨ ᠰᠠᠷ᠎ᠠ᠎ᠳᠤ ᠴᠥᠬᠦᠷᠡᠰᠢ ᠦᠭᠡᠢ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠬᠤ ᠵᠢ ᠵᠣᠷᠢᠭᠵᠢᠭᠤᠯᠵᠠᠢ᠃ ᠥᠨᠥᠳᠥᠷ ᠨᠠᠮ᠎ᠠᠴᠠ 14 ᠳ᠋ᠦᠩᠰᠢᠭᠤᠷ ᠭᠠᠷᠤᠢ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠶᠠᠨ᠎ᠳᠤ ᠤᠷᠮ᠎ᠠ ᠵᠣᠷᠢᠭ ᠪᠠᠳᠠᠷᠠᠩᠭᠤᠢ ᠡᠷᠡᠯᠬᠡᠭᠯᠡᠨ ᠤᠷᠤᠭᠰᠢᠯᠠᠵᠤ ᠪᠠᠶ᠋ᠢᠨ᠎ᠠ᠃ ᠴᠠᠭ ᠦᠶ᠎ᠡ ᠠᠳᠠᠯᠢ ᠦᠭᠡᠢ᠂ ᠡᠭᠦᠷᠭᠡ ᠬᠠᠷᠢᠭᠤᠴᠠᠯᠭ᠎ᠠ ᠬᠤᠪᠢᠷᠠᠯᠲᠠ᠎ᠲᠠᠢ ᠪᠣᠯᠤᠭᠰᠠᠨ ᠪᠤᠯᠪᠠᠴᠤ ᠲᠡᠰᠪᠦᠷᠢ ᠬᠠᠲᠠᠭᠤᠵᠢᠯᠲᠠᠢ ᠲᠡᠮᠡᠴᠡᠬᠦ᠂ ᠪᠦᠯᠬᠦᠮᠳᠡᠨ ᠲᠡᠮᠡᠴᠡᠬᠦ᠂ ᠴᠥᠬᠦᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠬᠡᠵᠢᠶᠡᠳᠡ ᠬᠤᠪᠢᠷᠠᠰᠢ ᠦᠭᠡᠢ ᠶᠤᠮ᠃ ᠪᠢᠳᠠ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠯᠠᠪᠳᠠᠭᠤᠨ ᠪᠠᠲᠤᠲᠠᠢ ᠠᠵᠢᠯᠯᠠᠨ᠂ ᠵᠣᠷᠢᠭ ᠵᠶ᠋ᠠᠨ ᠬᠥᠪᠴᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠡᠭᠦᠳᠦᠨ ᠪᠦᠲᠦᠭᠡᠯᠲᠡ᠎ᠪᠠᠷ ᠰᠢᠨ᠎ᠡ ᠴᠠᠭ ᠦᠶ᠎ᠡ ᠵᠢ ᠬᠦᠷᠢᠶᠡᠯᠡᠵᠦ᠂ ᠵᠢᠳᠬᠦᠯ ᠲᠡᠮᠡᠴᠡᠯ ᠵᠶ᠋ᠠᠷ ᠭᠡᠷᠡᠯ ᠰᠠᠴᠤᠷᠠᠩᠭᠤᠢ ᠰᠢᠨ᠎ᠡ ᠠᠮᠵᠢᠯᠲᠠ ᠵᠢ ᠡᠭᠦᠳᠴᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠲᠥᠰᠥᠪ᠎ᠢ ᠠᠯᠬᠤᠮ ᠠᠯᠬᠤᠮ ᠵᠶ᠋ᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭ᠋ᠠᠨ ᠬᠤᠪᠢᠷᠠᠭᠤᠯᠤᠶ᠎ᠠ!
  

 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ