ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ》 (ᠶᠡᠷᠦᠩᠬᠡᠢ ᠱᠦᠵᠢ᠎ᠶᠢᠨ ᠠᠷᠠᠳ ᠲᠦᠮᠡᠨ᠎ᠦ ᠰᠡᠳᠬᠢᠯᠭᠡ)
ᠨᠡᠶ᠋ᠢᠲᠡᠯᠡᠭᠰᠡᠨ ᠴᠠᠭ᠄ 2025-08-12

《ᠳᠤᠮᠳᠠᠳᠤ ᠤᠯᠤᠰ ᠭᠠᠭᠴᠠᠭᠠᠷ᠎ᠢᠶᠠᠨ ᠣᠯᠠᠨ᠎ᠠᠴᠠ ᠣᠷᠣᠢᠯᠠᠬᠤ᠎ᠶᠢ ᠬᠥᠭᠡᠭᠡᠴᠡᠯᠳᠦᠬᠦ ᠦᠭᠡᠢ᠂ ᠬᠠᠷᠢᠨ ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠵᠦ᠂ ᠥᠷᠭᠡᠨ ᠣᠯᠠᠨ ᠬᠥᠭᠵᠢᠵᠦ ᠪᠠᠢᠭ᠎ᠠ ᠤᠯᠤᠰ᠎ᠤᠳ ᠯᠤᠭ᠎ᠠ ᠣᠳᠣᠬᠢᠴᠢᠯᠠᠯᠲᠠ᠎ᠶᠢ ᠬᠠᠮᠲᠤ᠎ᠪᠠᠷ ᠪᠡᠶᠡᠯᠡᠭᠦᠯᠬᠦ᠎ᠶᠢ ᠬᠦᠰᠡᠳᠡᠭ》᠃ 

ᠬᠣᠷᠢᠨ ᠤᠯᠤᠰ᠎ᠤᠨ ᠪᠦᠯᠦᠭᠯᠡᠯ᠎ᠦᠨ ᠤᠳᠤᠷᠢᠳᠬᠤ ᠬᠥᠮᠥᠰ᠎ᠦᠨ ᠠᠷᠪᠠ ᠶᠢᠰᠦᠳᠦᠭᠡᠷ ᠤᠳᠠᠭ᠎ᠠ᠎ᠶᠢᠨ ᠲᠦᠷᠦᠭᠦᠴᠦᠳ᠎ᠦᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠪᠤᠶᠠᠨ ᠵᠢᠷᠭᠠᠯ᠎ᠢ ᠪᠣᠳᠣᠯᠬᠢᠯᠠᠵᠤ᠂ ᠪᠥᠬᠥ ᠪᠥᠮᠪᠥᠷᠴᠡᠭ᠎ᠦᠨ ᠬᠥᠭᠵᠢᠯᠲᠡ᠎ᠶᠢ ᠳᠡᠮᠵᠢᠬᠦ ᠳᠤᠮᠳᠠᠳᠤ ᠤᠯᠤᠰ᠎ᠤᠨ ᠨᠠᠢ᠍ᠮᠠᠨ ᠵᠤᠷᠪᠤᠰ ᠠᠵᠢᠯᠯᠠᠭ᠎ᠠ᠎ᠶᠢ ᠲᠥᠪ ᠴᠢᠩᠭ᠎ᠠ᠎ᠪᠠᠷ ᠨᠡᠢᠲᠡᠯᠡᠵᠦ᠂ ᠥᠷᠭᠡᠨ ᠤᠯᠠᠨ ᠬᠥᠭᠵᠢᠵᠦ ᠪᠠᠢᠭ᠎ᠠ ᠤᠯᠤᠰ᠎ᠤᠳ ᠯᠤᠭ᠎ᠠ ᠣᠳᠣᠬᠢᠴᠢᠯᠠᠯᠲᠠ᠎ᠶᠢ ᠬᠠᠮᠲᠤ᠎ᠪᠠᠷ ᠪᠡᠶᠡᠯᠡᠭᠦᠯᠬᠦ ᠳᠤᠮᠳᠠᠳᠤ ᠤᠯᠤᠰ᠎ᠤᠨ ᠵᠣᠷᠢᠭ᠋᠎ᠢ ᠢᠯᠡᠳᠭᠡᠪᠡ᠃

《ᠶᠡᠷᠦᠩᠬᠡᠢ ᠱᠦᠵᠢ ᠰᠢ ᠵᠢᠨ ᠫᠢᠩ ᠠᠷᠠᠳ ᠲᠦᠮᠡᠨ᠎ᠳᠦ ᠪᠤᠶᠠᠨ ᠵᠢᠷᠭᠠᠯ ᠡᠳ᠋ᠯᠡᠭᠦᠯᠵᠦ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠨ᠂ ᠳᠠᠢᠨ ᠳᠠᠵᠢᠨ ᠪᠢᠰᠢ ᠬᠠᠷᠢᠨ ᠡᠩᠬᠡ ᠲᠠᠢᠪᠤᠩ᠂ ᠬᠠᠮᠲᠤᠷᠠᠨ ᠠᠵᠢᠯᠯᠠᠬᠤ᠎ᠠᠴᠠ ᠪᠢᠰᠢ ᠡᠰᠡᠷᠭᠦᠴᠡᠯᠳᠦᠬᠦ ᠦᠭᠡᠢ᠂ ᠡᠭᠦᠳᠦᠨ ᠪᠦᠲᠦᠭᠡᠬᠦ᠎ᠡᠴᠡ ᠪᠢᠰᠢ ᠡᠪᠳᠡᠬᠦ ᠦᠭᠡᠢ ᠪᠠᠢᠬᠤ᠎ᠶᠢ ᠰᠠᠨᠠᠭᠠᠴᠢᠯᠠᠵᠤ᠂ ᠳᠡᠯᠡᠬᠡᠢ ᠳ᠋ᠠᠬᠢᠨ᠎ᠳᠤ ᠦᠯᠢᠭᠡᠷ ᠳᠠᠭᠤᠷᠢᠶᠠᠯ ᠪᠣᠯᠤᠭᠰᠠᠨ ᠪᠠᠢᠨ᠎ᠠ》 ᠭᠡᠵᠦ ᠪᠷᠠᠽᠢᠯ᠎ᠤᠨ ᠶᠡᠷᠦᠩᠬᠡᠢᠯᠡᠭᠴᠢ ᠯᠦᠯᠠ ᠮᠠᠰᠢ ᠤᠯᠠᠨ ᠤᠯᠤᠰ᠎ᠤᠨ ᠬᠠᠮᠲᠤ᠎ᠶᠢᠨ ᠲᠥᠷᠥᠭᠳᠡᠯ᠎ᠢ ᠬᠡᠯᠡᠵᠦ ᠭᠠᠷᠭᠠᠪᠠ᠃ 

ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠵᠤ ᠪᠠᠢᠨ᠎ᠠ᠃ ᠳᠤᠮᠳᠠᠳᠤ ᠤᠯᠤᠰ᠎ᠤᠨ 14 ᠳ᠋ᠦᠩᠱᠢᠭᠤᠷ ᠭᠠᠷᠤᠢ ᠠᠷᠠᠳ ᠲᠦᠮᠡᠨ ᠪᠦᠭᠦᠳᠡ᠎ᠪᠡᠷ᠎ᠢᠶᠡᠨ ᠣᠳᠣᠬᠢᠴᠢᠯᠠᠯᠲᠠ᠎ᠳᠤ ᠲᠠᠪᠰᠢᠨ ᠣᠷᠣᠭᠰᠠᠨ ᠨᠢ ᠤᠳᠤ᠎ᠶᠢᠨ ᠬᠥᠭᠵᠢᠭᠰᠡᠨ ᠤᠯᠤᠰ᠎ᠤᠨ ᠬᠡᠪᠴᠢᠶᠡᠵᠢᠯ᠎ᠦᠨ ᠨᠡᠢᠯᠡᠪᠦᠷᠢ᠎ᠡᠴᠡ ᠳᠠᠪᠠᠭᠰᠠᠨ ᠯᠤᠲᠤ ᠶᠡᠬᠡ ᠵᠠᠬ᠎ᠠ ᠳᠡᠯᠭᠡᠭᠦᠷ᠎ᠢ ᠪᠦᠷᠢᠯᠳᠦᠭᠦᠯᠦᠭᠰᠡᠨ᠎ᠢ ᠬᠠᠷᠠᠭᠤᠯᠵᠤ ᠪᠠᠢᠨ᠎ᠠ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠶᠠᠮᠠᠷ ᠵᠠᠮ᠎ᠢᠶᠠᠷ ᠵᠠᠮᠨᠠᠪᠠᠯ ᠵᠣᠬᠢᠬᠤ ᠪᠤᠢ ᠭᠡᠳᠡᠭ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠪᠤᠶᠠᠨ ᠵᠢᠷᠭᠠᠯ᠎ᠳᠤ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠳᠡᠯᠡᠬᠡᠢ᠎ᠶᠢᠨ ᠡᠯ᠎ᠡ ᠤᠯᠤᠰ᠎ᠤᠨ ᠠᠷᠠᠳ ᠲᠦᠮᠡᠨ᠎ᠦ ᠪᠤᠶᠠᠨ ᠵᠢᠷᠭᠠᠯ᠎ᠳᠤ ᠬᠣᠯᠪᠣᠭ᠍ᠳᠠᠨ᠎ᠠ᠃

《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ᠃》 ᠭᠡᠵᠦ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠤᠷᠳᠤ ᠬᠤᠭᠤᠴᠠᠭᠠᠨ᠎ᠤ ᠲᠤᠷᠰᠢᠬᠢ ᠦᠢᠯᠡᠳᠦᠯᠭᠡ᠎ᠶᠢᠨ ᠰᠦᠪᠡᠭᠴᠢᠯᠡᠯᠲᠡ᠎ᠶᠢ ᠭᠦᠨᠵᠡᠭᠡᠢ ᠪᠣᠳᠣᠯᠬᠢᠯᠠᠵᠤ᠂ ᠤᠯᠠᠨ ᠤᠯᠤᠰ᠎ᠤᠨ ᠲᠤᠷᠰᠢᠯᠭ᠎ᠠ᠎ᠶᠢ ᠭᠦᠨᠵᠡᠭᠡᠢ ᠳ᠋ᠦᠩᠨᠡᠭᠡᠳ ᠴᠢᠬᠤᠯᠠ ᠨᠤᠲᠠᠯᠠᠯᠲᠠ ᠬᠢᠪᠡ᠃

ᠡᠩᠬᠡ ᠲᠠᠢᠪᠤᠩ᠂ ᠡᠶ᠎ᠡ ᠨᠠᠢᠷᠠᠮᠳᠠᠯ᠂ ᠡᠶ᠎ᠡ ᠵᠣᠬᠢᠴᠠᠯ᠎ᠲᠠᠢ ᠪᠠᠢᠬᠤ ᠪᠣᠯ ᠳᠤᠮᠳᠠᠳᠤ᠎ᠶᠢᠨ ᠦᠨᠳᠦᠰᠦᠲᠡᠨ᠎ᠦ 5000 ᠭᠠᠷᠤᠢ ᠵᠢᠯ᠎ᠦᠨ ᠲᠤᠷᠰᠢ ᠢᠮᠠᠭᠲᠠ ᠬᠥᠭᠡᠭᠡᠴᠡᠯᠳᠦᠭᠰᠡᠭᠡᠷ ᠢᠷᠡᠭᠰᠡᠨ ᠪᠠ ᠤᠯᠠᠮᠵᠢᠯᠠᠭᠰᠠᠭᠠᠷ ᠢᠷᠡᠭᠰᠡᠨ ᠣᠨᠣᠯᠵᠢᠬᠣᠨ ᠮᠥᠨ᠂ ᠳᠤᠮᠳᠠᠳᠤ᠎ᠶᠢᠨ ᠦᠨᠳᠦᠰᠦᠲᠡᠨ᠎ᠳᠦ ᠪᠤᠰᠤᠳ᠎ᠢ ᠲᠦᠷᠢᠮᠡᠬᠡᠢᠯᠡᠬᠦ᠂ ᠡᠵᠡᠷᠬᠡᠬᠦ ᠤᠳᠤᠮᠰᠢᠯ ᠪᠠᠢᠳᠠᠭ ᠦᠭᠡᠢ ᠶᠤᠮ᠃

《ᠳᠤᠮᠳᠠᠳᠤ ᠤᠯᠤᠰ᠎ᠤᠨ ᠬᠥᠮᠥᠨ 〈ᠥᠪᠡᠷ᠎ᠦᠨ ᠳᠤᠷ᠎ᠠ ᠦᠭᠡᠢ ᠵᠦᠢᠯ᠎ᠢᠶᠡᠨ ᠪᠤᠰᠤᠳ᠎ᠲᠤ ᠦᠯᠦ ᠲᠤᠯᠭᠠᠬᠤ〉᠂ 〈ᠲᠦᠷᠦ᠍᠎ᠶ᠋ᠢᠨ ᠡᠷᠬᠡ᠎ᠶ᠋ᠢ ᠲᠦᠮᠡᠨ᠎ᠦ ᠬᠢ ᠪᠣᠯᠭᠠᠬᠤ〉᠂ 〈ᠣᠯᠣᠰ ᠣᠷᠣᠨ ᠡᠶ᠎ᠡ ᠵᠤᠬᠢᠴᠠᠯ ᠲᠠᠢ〉 ᠭᠡᠬᠦ ᠤᠨᠤᠯᠵᠢᠬᠤᠨ᠎ᠢ ᠡᠷᠲᠡᠨ᠎ᠡᠴᠡ᠎ᠪᠡᠨ ᠠᠪᠤᠭᠠᠳ ᠢᠳᠡᠭᠡᠨ ᠪᠢᠰᠢᠷᠡᠳᠡᠭ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠭᠴᠢ ᠪᠣᠯᠬᠤ ᠶᠠᠪᠤᠳᠠᠯ᠎ᠢ ᠳᠤᠮᠳᠠᠳᠤ ᠤᠯᠤᠰ ᠶᠠᠭᠠᠬᠢᠭᠰᠠᠨ ᠴᠤ᠌ ᠬᠢᠬᠦ ᠦᠭᠡᠢ᠂ ᠴᠢ ᠢᠯᠠᠭᠳᠠᠵᠤ ᠪᠢ ᠢᠯᠠᠳᠠᠭ ᠡᠪᠰᠡᠯ ᠦᠭᠡᠢ ᠲᠣᠭᠯᠠᠭᠠᠮ᠎ᠢ ᠪᠠᠰᠠ ᠵᠥᠪᠰᠢᠶᠡᠷᠡᠬᠦ ᠦᠭᠡᠢ᠂ ᠤᠴᠢᠷ ᠨᠢ ᠳᠤᠮᠳᠠᠳᠤ ᠤᠯᠤᠰ᠎ᠤᠨ ᠬᠥᠮᠥᠨ᠎ᠳᠦ ᠡᠢᠮᠦ ᠰᠣᠶᠣᠯ᠎ᠤᠨ ᠣᠳᠣᠮᠱᠢᠯ ᠶᠡᠷᠦ᠎ᠡᠴᠡ ᠪᠠᠢᠳᠠᠭ ᠦᠭᠡᠢ᠂ ᠡᠢᠮᠦ ᠵᠡᠷᠯᠢᠭ ᠰᠠᠨᠠᠭ᠎ᠠ ᠴᠤ᠌ ᠪᠠᠢᠳᠠᠭ ᠦᠭᠡᠢ ᠶᠤᠮ᠂ ᠳᠤᠮᠳᠠᠳᠤ ᠤᠯᠤᠰ᠎ᠤᠨ ᠬᠥᠭᠵᠢᠯᠲᠡ ᠪᠣᠯ ᠢᠮᠠᠭᠲᠠ ᠳᠡᠯᠡᠬᠡᠢ᠎ᠶ᠋ᠢᠨ ᠡᠩᠬᠡ ᠲᠠᠢᠪᠤᠩ᠎ᠤᠨ ᠬᠦᠴᠦᠨ᠎ᠦ ᠨᠡᠮᠡᠭᠳᠡᠯ ᠮᠥᠨ》 ᠭᠡᠵᠦ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ᠎ᠶᠢᠨ ᠪᠣᠯᠪᠠᠰᠤᠨ᠎ᠤ ᠭᠦᠨ᠎ᠳᠡᠬᠢ ᠡᠩᠬᠡ ᠲᠠᠢᠪᠤᠩ᠎ᠤᠨ ᠰᠢᠨᠵᠢ ᠴᠢᠨᠠᠷ᠎ᠢ ᠢᠩᠭᠢᠵᠦ ᠲᠣᠳᠣᠷᠬᠠᠢᠯᠠᠨ ᠦᠭᠦᠯᠡᠪᠡ᠃

ᠲᠡᠦᠬᠡᠨ ᠳᠡᠭᠡᠷ᠎ᠡ᠂ ᠵᠠᠷᠢᠮ ᠤᠯᠤᠰ ᠲᠠᠢ᠍ᠢᠨ ᠬᠢᠬᠦ᠂ ᠺᠣᠯᠣᠨᠢᠴᠢᠯᠠᠬᠤ᠂ ᠪᠤᠯᠢᠶᠠᠨ ᠳᠡᠭᠡᠷᠡᠮᠳᠡᠬᠦ ᠵᠡᠷᠭᠡ ᠠᠷᠭ᠎ᠠ ᠮᠠᠶᠢᠭ᠋᠎ᠢᠶᠠᠷ ᠣᠳᠣᠬᠢᠴᠢᠯᠠᠯᠲᠠ᠎ᠪᠠᠨ ᠪᠡᠶᠡᠯᠡᠭᠦᠯᠵᠦ᠂ ᠥᠷᠭᠡᠨ ᠤᠯᠠᠨ ᠬᠥᠭᠵᠢᠵᠦ ᠪᠠᠢᠭ᠎ᠠ ᠤᠯᠤᠰ᠎ᠤᠨ ᠠᠷᠠᠳ ᠲᠦᠮᠡᠨ᠎ᠢ ᠬᠦᠨᠳᠦ ᠬᠡᠴᠡᠭᠦᠦ ᠭᠠᠰᠠᠯᠠᠩ ᠵᠣᠪᠠᠯᠠᠩ᠎ᠳᠤ ᠤᠴᠠᠷᠠᠭᠤᠯᠤᠭᠰᠠᠨ ᠪᠠᠢᠳᠠᠭ᠃ ᠪᠡᠶ᠎ᠡ᠎ᠪᠡᠨ ᠪᠤᠳᠤᠭᠠᠳ ᠪᠤᠰᠤᠳ᠎ᠢ ᠬᠣᠬᠢᠷᠠᠭᠤᠯᠬᠤ᠂ ᠴᠢᠰᠤᠲᠤ ᠶᠠᠯᠠᠲᠤ ᠬᠡᠷᠡᠭ᠎ᠢᠶᠡᠷ ᠳᠦᠭᠦᠷᠦᠭᠰᠡᠨ ᠡᠢᠮᠦᠷᠬᠦᠦ ᠬᠠᠭᠤᠴᠢᠨ ᠵᠠᠮ᠎ᠢᠶᠠᠷ ᠳᠤᠮᠳᠠᠳᠤ ᠤᠯᠤᠰ ᠶᠠᠪᠤᠵᠤ ᠪᠣᠯᠬᠤ ᠦᠭᠡᠢ ᠪᠥᠭᠡᠳ ᠶᠠᠭᠠᠬᠢᠭ᠍ᠰᠠᠨ ᠴᠤ᠌ ᠶᠠᠪᠤᠬᠤ ᠦᠭᠡᠢ ᠶᠤᠮ᠃ ᠳᠤᠮᠳᠠᠳᠤ ᠤᠯᠤᠰ ᠡᠩᠬᠡ ᠲᠠᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠌᠂ ᠠᠷᠠᠳᠴᠢᠯᠠᠯ᠂ ᠡᠷᠬᠡ ᠴᠢᠯᠦᠭᠡ ᠭᠡᠬᠦ ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠪᠠᠳᠠᠷᠠᠭᠤᠯᠵᠤ᠂ ᠡᠯ᠎ᠡ ᠤᠯᠤᠰ ᠯᠤᠭ᠎ᠠ ᠬᠠᠮᠲᠤᠷᠠᠯᠴᠠᠵᠤ ᠬᠠᠮᠲᠤ᠎ᠪᠠᠷ ᠠᠰᠢᠭ᠋ ᠬᠦᠷᠳᠡᠬᠦ᠎ᠶᠢ ᠰᠠᠨᠠᠭᠠᠴᠢᠯᠠᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ ᠪᠠᠢᠨ᠎ᠠ᠃

ᠤᠳᠤ ᠪᠣᠯᠲᠠᠯ᠎ᠠ᠂ ᠪᠥᠬᠥ ᠳᠡᠯᠡᠬᠡᠢ᠎ᠶᠢᠨ 20 ᠭᠠᠷᠤᠢ ᠣᠯᠣᠰ ᠣᠳᠣᠬᠢᠴᠢᠯᠠᠯᠲᠠ᠎ᠳᠤ ᠳᠠᠪᠰᠢᠨ ᠣᠷᠣᠵᠣ᠂ ᠪᠦᠬᠦ ᠬᠥᠮᠥᠨ ᠠᠮᠠ ᠨᠢ 10 ᠳ᠋ᠦᠩᠰᠢᠭᠤᠷ ᠣᠷᠴᠢᠮ᠎ᠳᠤ ᠬᠥᠷᠥᠭᠰᠡᠨ ᠴᠤ᠌ ᠪᠠᠷᠤᠭ 6.73 ᠳ᠋ᠦᠩᠰᠢᠭᠤᠷ ᠬᠥᠮᠥᠨ ᠨᠢ ᠪᠠᠰᠠ ᠥᠯᠥᠰᠬᠦᠯᠡᠩ ᠠᠮᠢᠳᠤᠷᠠᠵᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ ᠵᠢᠭᠠᠵᠤ ᠭᠠᠷᠭᠠᠬᠤ᠎ᠳᠦ᠎ᠪᠡᠨ᠄ 《ᠳᠡᠯᠡᠬᠡᠢ᠎ᠶᠢᠨ ᠴᠡᠴᠡᠭ᠌ᠯᠡᠨ ᠬᠥᠭᠵᠢᠯᠲᠡ ᠪᠠ ᠲᠣᠭᠲᠠᠭᠤᠨ ᠪᠠᠢᠳᠠᠯ ᠨᠢ ᠶᠠᠳᠠᠭᠤᠴᠤᠳ ᠤᠯᠠᠮ ᠶᠠᠳᠠᠭᠤᠷᠠᠵᠤ᠂ ᠪᠠᠶᠠᠴᠤᠳ ᠤᠯᠠᠮ ᠪᠠᠶᠠᠵᠢᠬᠤ ᠰᠠᠭᠤᠷᠢᠨ ᠳᠡᠭᠡᠷ᠎ᠡ ᠪᠠᠢᠭᠤᠯᠤᠭᠳᠠᠬᠤ ᠪᠣᠯᠣᠯᠴᠠᠭ᠎ᠠ ᠦᠭᠡᠢ᠂ ᠡᠯ᠎ᠡ ᠤᠯᠤᠰ᠎ᠤᠨ ᠬᠢᠨ ᠨᠡᠩ ᠪᠠᠭᠲᠠᠭᠠᠮᠵᠢᠲᠠᠢ᠂ ᠨᠡᠩ ᠲᠦᠭᠡᠮᠡᠯ ᠬᠠᠷᠠᠭᠠᠯᠵᠠᠯ᠎ᠲᠠᠢ᠂ ᠨᠡᠩ ᠤᠶᠠᠨ ᠬᠠᠳᠠᠨ ᠴᠢᠨᠠᠷᠲᠠᠢ᠎ᠪᠠᠷ ᠪᠦᠬᠦ ᠪᠥᠮᠪᠥᠷᠴᠡᠭ᠎ᠦᠨ ᠬᠥᠭᠵᠢᠯᠲᠡ᠎ᠶᠢ ᠠᠬᠢᠭᠤᠯᠪᠠᠯ ᠵᠣᠬᠢᠨ᠎ᠠ》 ᠭᠡᠵᠡᠢ᠃

ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠨ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠭᠤᠯᠬᠤ ᠶᠠᠪᠤᠳᠠᠯ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠠᠷᠠᠳ ᠲᠦᠮᠡᠨ᠎ᠦ ᠰᠡᠳᠬᠢᠯᠭᠡ ᠪᠠ ᠳᠡᠯᠡᠬᠡᠢ ᠳ᠋ᠠᠬᠢᠨ᠎ᠤ ᠰᠡᠳᠬᠢᠯᠭᠡ ᠰᠢᠩᠭᠡᠵᠡᠢ᠃

ᠬᠥᠳᠡᠭᠡ ᠪᠠᠭᠤᠵᠤ ᠪᠠᠷᠢᠭᠠᠳᠠ᠎ᠳᠤ ᠠᠵᠢᠯᠯᠠᠵᠤ ᠪᠠᠢᠭᠰᠠᠨ ᠦᠶ᠎ᠡ᠎ᠳᠡᠬᠢ 《ᠨᠤᠲᠤᠭ᠎ᠤᠨ ᠬᠥᠮᠥᠰ᠎ᠢ ᠴᠠᠳᠲᠠᠯ᠎ᠠ ᠢᠳᠡᠭᠦᠯᠬᠦ》 ᠭᠡᠰᠡᠨ ᠡᠷᠡᠮᠡᠯᠵᠡᠯ ᠲᠡᠢ ᠪᠠᠢᠭᠰᠠᠨ᠎ᠠᠴᠠ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠡᠬᠢᠨ᠎ᠦ ᠦᠶ᠎ᠡ᠎ᠳᠡᠬᠢ 《ᠳᠤᠮᠳᠠᠳᠤ ᠤᠯᠤᠰ᠎ᠤᠨ ᠠᠷᠠᠳ ᠲᠦᠮᠡᠨ᠎ᠢ ᠨᠡᠩ ᠰᠠᠢᠨ ᠠᠮᠢᠳᠤᠷᠠᠭᠤᠯᠬᠤ》 ᠭᠡᠬᠦ ᠬᠦᠰᠡᠯ ᠬᠦᠷᠲᠡᠯ᠎ᠡ; ᠹᠦᠵᠢᠶᠠᠨ᠎ᠳᠤ ᠠᠵᠢᠯᠯᠠᠵᠤ ᠪᠠᠢᠬᠤ ᠦᠶ᠎ᠡ᠎ᠳᠡᠬᠢ ᠮᠥᠭᠥ᠎ᠶᠢᠨ ᠮᠡᠷᠭᠡᠵᠢᠯ᠎ᠢ ᠫᠠᠫᠦ᠋ᠶᠠ ᠰᠢᠨ᠎ᠡ ᠭᠢᠨᠧᠶᠠ᠎ᠳᠤ ᠳᠡᠯᠭᠡᠷᠡᠭᠦᠯᠬᠦ᠎ᠶᠢ ᠠᠬᠢᠭᠤᠯᠵᠤ ᠪᠠᠢᠭᠰᠠᠨ ᠦᠶ᠎ᠡ᠎ᠡᠴᠡ ᠤᠯᠤᠰ᠎ᠤᠨ ᠤᠳᠤᠷᠢᠳᠤᠭᠴᠢ ᠪᠣᠯᠤᠭᠰᠠᠨ᠎ᠤ ᠳᠠᠷᠠᠭ᠎ᠠ  ᠰᠧᠨᠧᠭᠠᠯ᠎ᠤᠨ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠤᠤᠭᠤᠬᠤ ᠤᠰᠤᠨ᠎ᠤ ᠠᠰᠠᠭᠤᠳᠠᠯ᠎ᠢ ᠨᠢ ᠬᠠᠪᠰᠤᠷᠤᠨ ᠰᠢᠢᠳᠪᠦᠷᠢᠯᠡᠬᠦ ᠬᠦᠷᠲᠡᠯ᠎ᠡ ᠁ ᠳᠡᠷᠭᠡᠳᠡᠬᠢ ᠨᠤᠲᠤᠭ᠎ᠤᠨ ᠬᠥᠮᠥᠰ᠎ᠦᠨ ᠡᠳᠦᠷ ᠲᠤᠳᠤᠮ᠎ᠤᠨ ᠠᠮᠢᠳᠤᠷᠠᠯ ᠭᠡᠰᠡᠨ ᠴᠦ᠍ ᠲᠡᠷᠡ᠂ ᠳᠡᠯᠡᠬᠡᠢ᠎ᠶᠢᠨ ᠪᠤᠰᠤᠳ ᠤᠯᠤᠰ᠎ᠤᠨ ᠠᠷᠠᠳ ᠤᠯᠠᠨ᠎ᠤ ᠬᠦᠰᠡᠯ ᠮᠥᠷᠥᠭᠡᠳᠦᠯ ᠭᠡᠰᠡᠨ ᠴᠦ᠍ ᠲᠡᠷᠡ᠂ ᠡᠳᠡᠭᠡᠷ᠎ᠢ ᠰᠢ᠎ᠶᠢᠨ ᠫᠢᠩ ᠨᠥᠬᠥᠷ ᠢᠮᠠᠭᠲᠠ ᠰᠡᠳᠬᠢᠯ᠎ᠳᠦ᠎ᠪᠡᠨ ᠰᠠᠨᠠᠭᠠᠯᠵᠠᠭᠰᠠᠭᠠᠷ ᠢᠷᠡᠵᠠᠢ᠃ 

《ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠵᠤ᠂ ᠨᠢᠭᠡ᠎ᠶᠢ ᠴᠦ᠍ ᠣᠷᠬᠢᠭ᠍ᠳᠠᠭᠤᠯᠵᠤ ᠪᠣᠯᠬᠤ ᠦᠭᠡᠢ》 ᠭᠡᠰᠡᠨ᠎ᠡᠴᠡ 《ᠣᠳᠣᠬᠢᠴᠢᠯᠠᠯᠲᠠ᠎ᠶᠢᠨ ᠵᠠᠮ ᠳᠡᠭᠡᠷ᠎ᠡ ᠨᠢᠭᠡ᠎ᠶᠢ ᠴᠦ᠍ ᠣᠷᠬᠢᠭ᠍ᠳᠠᠭᠤᠯᠵᠤ ᠪᠣᠯᠬᠤ ᠦᠭᠡᠢ᠂ ᠨᠢᠭᠡ ᠤᠯᠤᠰ᠎ᠢ ᠴᠤ᠌ ᠡᠩᠨᠡᠭᠡ᠎ᠡᠴᠡ ᠬᠣᠴᠣᠷᠤᠭᠤᠯᠵᠤ ᠪᠣᠯᠬᠤ ᠦᠭᠡᠢ》 ᠭᠡᠬᠦ ᠬᠦᠷᠲᠡᠯ᠎ᠡ᠂ ᠳᠤᠮᠳᠠᠲᠤ ᠤᠯᠤᠰ ᠬᠥᠭᠵᠢᠯᠲᠡ᠎ᠪᠡᠷ ᠪᠦᠬᠦ ᠤᠯᠤᠰ᠎ᠤᠨ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠪᠠᠷ ᠴᠢᠷᠮᠠᠢᠭ᠌ᠰᠠᠨ᠎ᠢᠶᠠᠷ ᠪᠠᠷᠠᠬᠤ ᠦᠭᠡᠢ᠂ ᠬᠠᠮᠲᠤ᠎ᠶᠢᠨ ᠬᠥᠭᠵᠢᠯᠲᠡ᠎ᠪᠡᠷ ᠡᠯ᠎ᠡ ᠤᠯᠤᠰ᠎ᠤᠨ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠪᠠᠷ ᠴᠢᠷᠮᠠᠢᠵᠤ ᠪᠠᠢᠨ᠎ᠠ —

ᠢᠨᠳᠤᠨᠧᠰᠢᠶ᠎ᠠ᠎ᠳᠤ᠂ ᠭᠠᠯᠲᠤ ᠲᠡᠷᠭᠡ ᠵᠠᠭᠠᠷᠳᠠ᠎ᠠᠴᠠ ᠪᠠᠨᠳᠦᠩ ᠬᠦᠷᠬᠦ ᠳᠡᠭᠡᠳᠦ ᠬᠤᠷᠳᠤ᠎ᠶᠢᠨ ᠲᠡᠮᠦᠷ ᠵᠠᠮ᠎ᠢᠶᠠᠷ ᠳᠠᠪᠬᠢᠵᠤ᠂ ᠠᠶᠠᠨᠴᠢᠨ ᠯᠠᠯᠢ 《ᠳᠤᠮᠳᠠᠳᠤ ᠤᠯᠤᠰ᠎ᠤᠨ ᠮᠡᠷᠭᠡᠵᠢᠯ》 ᠪᠠ 《ᠳᠤᠮᠳᠠᠲᠤ ᠤᠯᠤᠰ᠎ᠤᠨ ᠬᠤᠷᠳᠤᠴᠠ》᠎ᠳᠤ ᠡᠷᠡᠬᠡᠢ ᠬᠤᠷᠤᠭᠤ ᠭᠠᠷᠭᠠᠵᠤ ᠲᠠᠭᠠᠰᠢᠶᠠᠨ ᠰᠠᠢᠰᠢᠶᠠᠨ᠎ᠠ;

ᠷᠦᠸᠠᠨᠳᠠ᠎ᠳᠤ᠂ ᠰᠢᠨ᠎ᠡ ᠰᠣᠷᠭᠣᠭ ᠮᠦᠬᠦ ᠴᠤᠬᠤᠶ᠋ᠢᠨ ᠭᠠᠷᠴᠤ᠂ ᠲᠸᠮᠠᠺᠰ ᠵᠡᠷᠭᠡ ᠵᠠᠯᠠᠭᠤᠴᠤᠳ᠎ᠤᠨ ᠦᠢᠯᠡᠰ ᠪᠣᠰᠬᠠᠬᠤ ᠬᠦᠰᠡᠯ ᠪᠠ ᠰᠢᠨ᠎ᠡ ᠠᠮᠢᠳᠤᠷᠠᠯ᠎ᠢ ᠨᠢ ᠭᠡᠷᠡᠯᠳᠦᠭᠦᠯᠵᠡᠢ;

ᠮᠠᠳᠠᠭᠠᠰᠺᠠᠷ᠎ᠲᠤ᠂ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠡᠯᠪᠡᠭ ᠬᠤᠷᠢᠶᠠᠯᠲᠠ ᠣᠯᠵᠤ᠂ ᠲᠤᠲᠤᠷᠭ᠎ᠠ᠎ᠶᠢᠨ ᠲᠠᠷᠢᠶᠠᠴᠢᠨ ᠯᠠᠨᠠᠢ  ᠹᠦᠮᠠᠨᠠᠨᠠ᠎ᠶᠢᠨ ᠴᠢᠷᠠᠢ᠎ᠳᠤ ᠵᠣᠯ ᠵᠢᠷᠭᠠᠯ᠎ᠤᠨ ᠢᠨᠢᠶᠡᠮᠰᠦᠭᠯᠡᠯ ᠪᠢᠯᠬᠠᠨ᠎ᠠ;

ᠭᠢᠶᠠᠨᠠ᠎ᠳᠤ᠂ ᠨᠡᠷᠡᠨ᠎ᠦ ᠡᠨᠧᠷᠭᠢ᠎ᠶᠢᠨ ᠳ᠋ᠧᠩ ᠪᠣᠷᠣᠭᠠᠨᠲᠤ ᠤᠢ᠎ᠶᠢᠨ ᠭᠦᠨ᠎ᠳᠡᠬᠢ ᠲᠣᠰᠬᠣᠨ᠎ᠤ ᠦᠳᠡᠰᠢ᠎ᠶᠢ ᠭᠡᠷᠡᠯᠲᠦᠭᠦᠯᠦᠭᠰᠡᠨ᠎ᠳᠦ ᠪᠠᠹᠠᠢᠲᠸ • ᠵᠣᠨ ᠪᠠ ᠪᠤᠰᠤᠳ ᠲᠣᠰᠬᠣᠨ᠎ᠤ ᠠᠷᠠᠳ ᠪᠠᠶᠠᠷᠯᠠᠵᠠᠭᠠᠨ᠎ᠠ;

ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠰᠠᠨᠠᠭᠠᠴᠢᠯᠠᠭ᠎ᠠ᠎ᠠᠴᠠ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ ᠬᠦᠷᠲᠡᠯ᠎ᠡ᠂ ᠠᠯᠢ ᠣᠯᠠᠨ ᠴᠢᠬᠤᠯᠠ ᠣᠨᠣᠯᠵᠢᠬᠤᠨ᠂ ᠰᠠᠨᠠᠭᠠᠴᠢᠯᠠᠭ᠎ᠠ᠎ᠶᠢᠨ ᠳᠤᠷᠠᠳᠤᠯᠭ᠎ᠠ᠂ ᠡᠳᠦᠢ ᠲᠡᠳᠦᠢ ᠪᠣᠳᠠᠲᠠᠢ ᠠᠷᠭ᠎ᠠ ᠬᠡᠮᠵᠢᠶ᠎ᠡ᠎ᠶᠢᠨ ᠨᠠᠢᠳᠠᠪᠤᠷᠢᠵᠢᠭᠤᠯᠤᠯᠲᠠ᠎ᠳᠤ ᠨᠢ ᠪᠦᠷ ᠳᠡᠯᠡᠬᠡᠢ᠎ᠶᠢ ᠲᠤᠰᠠᠯᠠᠵᠤ ᠠᠷᠠᠳ ᠲᠦᠮᠡᠨ᠎ᠦ ᠲᠥᠯᠥᠭᠡ ᠵᠢᠳᠬᠦᠭᠰᠡᠨ ᠶᠡᠬᠡ ᠨᠠᠮ ᠲᠣᠮᠣ᠌ ᠤᠯᠤᠰ᠎ᠤᠨ ᠤᠳᠤᠷᠢᠳᠤᠭ᠍ᠴᠢ᠎ᠶᠢᠨ ᠰᠡᠳᠬᠢᠯᠭᠡ ᠪᠠ ᠡᠭᠦᠷᠭᠡ ᠬᠠᠷᠢᠭᠤᠴᠠᠯᠭ᠎ᠠ ᠠᠭᠤᠯᠤᠭᠳᠠᠵᠤ ᠪᠣᠢ — 《ᠭᠠᠭᠴᠠ ᠬᠦ᠌ ᠡᠯ᠎ᠡ ᠤᠯᠤᠰ᠎ᠤᠨ ᠠᠷᠠᠳ ᠲᠦᠮᠡᠨ ᠴᠥᠮ ᠰᠠᠢᠨ ᠰᠠᠢᠬᠠᠨ ᠠᠮᠢᠳᠤᠷᠠᠯ᠎ᠢ ᠡᠳ᠋ᠯᠡᠮᠡᠨᠵᠢᠨ᠂ ᠴᠡᠴᠡᠭᠯᠡᠯ ᠪᠠᠳᠠᠷᠠᠯ ᠰᠠᠶᠢ ᠤᠳᠠᠭᠠᠨ ᠳᠠᠭᠠᠭᠠᠮᠠᠭᠠᠢ ᠪᠣᠯᠵᠤ᠂ ᠠᠮᠤᠷ ᠲᠦᠪᠰᠢᠨ ᠰᠠᠶᠢ ᠪᠠᠲᠤᠯᠠᠭ᠎ᠠ᠎ᠲᠠᠢ ᠪᠣᠯᠵᠤ᠂ ᠬᠥᠮᠥᠨ᠎ᠦ ᠡᠷᠬᠡ ᠰᠠᠶᠢ ᠰᠠᠭᠤᠷᠢ᠎ᠲᠠᠢ ᠪᠣᠯᠵᠤ ᠴᠢᠳᠠᠨ᠎ᠠ》᠃ 

《ᠳᠡᠯᠡᠬᠡᠢ᠎ᠶᠢᠨ ᠵᠠᠭᠤᠨ ᠵᠢᠯ᠎ᠦᠨ ᠬᠤᠪᠢᠰᠤᠯᠲᠠ᠎ᠶᠢᠨ ᠬᠤᠷᠳᠤᠴᠠ ᠲᠦᠷᠭᠡᠳᠴᠦ᠂ ᠠᠭᠤᠳᠠᠮᠴᠢ ᠪᠠᠭᠲᠠᠭᠠᠮᠵᠢ᠎ᠪᠠᠷ ᠵᠠᠪᠰᠠᠷᠳᠠᠯ ᠮᠥᠷᠭᠥᠯᠳᠦᠭᠡᠨ᠎ᠢ ᠳᠠᠪᠠᠵᠤ᠂ ᠠᠭᠤᠳᠠᠮ ᠶᠡᠬᠡ ᠰᠡᠳᠬᠢᠯᠭᠡ᠎ᠪᠡᠷ ᠬᠥᠮᠥᠨ ᠲᠥᠷᠥᠯᠬᠢᠲᠡᠨ᠎ᠦ ᠬᠤᠪᠢ ᠵᠠᠶᠠᠭ᠎ᠠ᠎ᠶᠢ ᠬᠠᠯᠠᠮᠵᠢᠯᠠᠨ ᠬᠠᠷᠠᠭᠠᠯᠵᠠᠬᠤ ᠬᠡᠷᠡᠭᠲᠡᠢ᠃》 ᠭᠡᠮᠡᠨ ᠶᠡᠷᠦᠩᠬᠡᠢ ᠱᠦᠵᠢ ᠰᠢ ᠵᠢᠨ ᠫᠢᠩ ᠥᠷᠭᠡᠨ ᠠᠭᠤᠳᠠᠮ ᠴᠠᠭ ᠣᠷᠣᠨ ᠵᠠᠢ᠎ᠶᠢᠨ ᠬᠠᠷᠠᠭᠠᠰᠤ᠎ᠠᠴᠠ ᠪᠦᠬᠦ ᠬᠥᠮᠥᠨ ᠲᠥᠷᠥᠯᠬᠢᠲᠡᠨ᠎ᠦ ᠬᠥᠭᠵᠢᠯᠲᠡ᠎ᠶᠢᠨ ᠠᠰᠠᠭᠤᠳᠠᠯ᠎ᠢ ᠪᠣᠳᠣᠯᠬᠢᠯᠠᠵᠠᠢ᠃

《ᠪᠢᠳᠡ ᠲᠡᠦᠬᠡ᠎ᠶᠢᠨ ᠵᠥᠪ ᠲᠠᠯ᠎ᠠ᠎ᠳᠤ ᠪᠠᠲᠤ ᠵᠣᠭᠰᠣᠵᠤ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠳᠠᠪᠰᠢᠯᠲᠠ᠎ᠶᠢᠨ ᠲᠠᠯ᠎ᠠ᠎ᠳᠤ ᠪᠠᠲᠤ ᠵᠣᠭᠰᠣᠵᠤ᠂ ᠡᠩᠬᠡ ᠲᠠᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ᠋ ᠭᠥᠷᠳᠡᠬᠦ᠎ᠶᠢᠨ ᠲᠤᠭ᠎ᠢ ᠥᠨᠳᠥᠷ ᠮᠠᠨᠳᠤᠭᠤᠯᠤᠨ᠂ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠪᠠ ᠬᠥᠭᠵᠢᠯᠲᠡ᠎ᠶᠢᠨ ᠳᠤᠮᠳᠠ᠎ᠠᠴᠠ ᠥᠪᠡᠷ᠎ᠦᠨ᠎ᠢᠶᠡᠨ ᠬᠥᠭᠵᠢᠯᠲᠡ᠎ᠶᠢ ᠡᠷᠢᠯᠬᠢᠯᠡᠬᠦ᠎ᠶᠢᠨ ᠬᠠᠮᠲᠤ᠂ ᠪᠠᠰᠠ ᠥᠪᠡᠷ᠎ᠦᠨ᠎ᠢᠶᠡᠨ ᠬᠥᠭᠵᠢᠯᠲᠡ᠎ᠪᠡᠷ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠶᠢ ᠨᠡᠩ ᠰᠠᠢᠲᠤᠷ ᠬᠠᠮᠠᠭᠠᠯᠠᠨ᠎ᠠ᠃》 ᠭᠡᠰᠡᠨ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠶᠠᠷᠢᠶ᠎ᠠ ᠴᠢᠩᠭ᠎ᠠ ᠬᠦᠴᠦᠲᠡᠢ᠂ ᠳᠤᠮᠳᠠᠳᠤ ᠤᠯᠤᠰ᠎ᠤᠨ ᠠᠵᠢᠯᠯᠠᠭ᠎ᠠ ᠢᠳᠡᠷᠡᠭᠦᠨ ᠳᠣᠷᠪᠢᠲᠠᠢ ᠪᠠᠢᠨ᠎ᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ