ᠳᠡᠯᠡᠬᠡᠢ᠎ᠶ᠋ᠢᠨ ᠬᠤᠪᠢᠷᠠᠯᠲᠠ᠂ ᠴᠠᠭ ᠦᠶ᠎ᠡ᠎ᠶ᠋ᠢᠨ ᠬᠤᠪᠢᠷᠠᠯᠲᠠ᠂ ᠲᠡᠦᠬᠡ᠎ᠶ᠋ᠢᠨ ᠬᠤᠪᠢᠷᠠᠯᠲᠠ᠎ᠶ᠋ᠢᠨ ᠶᠡᠬᠡ ᠤᠷᠤᠰᠭᠠᠯ ᠳᠠᠪᠠᠯᠭᠠᠯᠠᠨ ᠢᠷᠡᠵᠦ᠍᠂ ᠬᠥᠮᠦᠨ ᠲᠥᠷᠥᠯᠬᠢᠲᠡᠨ ᠳᠠᠬᠢᠨᠲᠠ ᠲᠡᠦᠬᠡ᠎ᠶ᠋ᠢᠨ ᠲᠣᠨᠣᠯᠵᠢᠨ ᠵᠠᠮ᠎ᠳᠤ ᠬᠦᠷᠪᠡ᠃
《ᠲᠦᠷᠭᠡᠨ ᠤᠯᠠᠷᠢᠨ ᠬᠤᠪᠢᠷᠠᠵᠤ ᠪᠠᠢᠭ᠎ᠠ ᠳᠡᠯᠡᠬᠡᠢ᠎ᠶ᠋ᠢᠨ ᠵᠠᠭᠤᠨ ᠵᠢᠯ ᠤ᠋ᠨ ᠬᠤᠪᠢᠰᠤᠯᠲᠠ ᠪᠣᠯᠤᠨ ᠤᠷᠪᠠᠭᠠᠨ ᠬᠥᠷᠪᠡᠭᠡᠨ ᠰᠣᠯᠪᠢᠴᠠᠭ᠍ᠰᠠᠨ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠡᠯ᠎ᠡ ᠤᠯᠤᠰ ᠥᠩᠭᠡᠷᠡᠭ᠌ᠰᠡᠨ᠎ᠦ ᠠᠯᠢ ᠴᠤ᠌ ᠦᠶ᠎ᠡ᠎ᠡᠴᠡ ᠨᠡᠩ ᠢᠯᠡᠭᠦᠦ ᠪᠦᠯᠬᠦᠮᠳᠡᠨ ᠬᠠᠮᠲᠤᠷᠠᠯᠴᠠᠵᠤ᠂ ᠠᠭᠤᠳᠠᠮᠴᠢ ᠪᠤᠳᠤᠯ᠎ᠢᠶᠠᠷ ᠵᠥᠷᠢᠴᠡᠯ ᠮᠥᠷᠭᠥᠯᠳᠦᠭᠡᠨ᠎ᠢ ᠢᠯᠠᠨ ᠳᠠᠪᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ᠎ᠶ᠋ᠢ ᠠᠤᠭ᠎ᠠ ᠶᠡᠬᠡ ᠬᠠᠢᠷ᠎ᠠ ᠰᠡᠳᠭᠢᠯᠭᠡ ᠪᠡᠷ ᠬᠠᠯᠠᠮᠵᠢᠯᠠᠬᠤ ᠴᠢᠬᠤᠯᠠᠳᠠᠢ ᠪᠤᠯᠵᠠᠢ》᠃
2025 ᠣᠨ᠎ᠤ 7 ᠰᠠᠷ᠎ᠠ᠎ᠶ᠋ᠢᠨ 25 ᠤ᠋ ᠡᠳᠦᠷ᠂ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠪᠡᠭᠡᠵᠢᠩ ᠲᠢᠩᠬᠢᠮ᠎ᠳᠦ᠂ ᠡᠯ᠎ᠡ ᠶᠡᠬᠡ ᠲᠢᠪ᠎ᠡᠴᠡ ᠢᠷᠡᠭ᠌ᠰᠡᠨ ᠭᠠᠳᠠᠭᠠᠳᠤ ᠤᠯᠤᠰ᠎ᠤᠨ ᠱᠢᠨ᠎ᠡ᠎ᠪᠡᠷ ᠲᠤᠱᠢᠶᠠᠯ᠎ᠳᠤ ᠭᠠᠷᠤᠭ᠍ᠰᠠᠨ ᠳᠤᠮᠳᠠᠳᠤ ᠤᠯᠤᠰ᠎ᠲᠤ ᠰᠠᠭᠤᠬᠤ 16 ᠡᠯᠴᠢᠨ ᠰᠠᠢᠳ ᠪᠣᠯᠤᠨ ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠨᠠᠷᠢᠨ ᠪᠢᠴᠢᠭ᠎ᠦᠨ ᠳᠠᠷᠤᠭ᠎ᠠ᠎ᠶᠢᠨ ᠡᠮᠦᠨ᠎ᠠ ᠲᠡᠷᠢᠭᠦᠯᠡᠭ᠌ᠴᠢ ᠰᠢ ᠵᠢᠨ ᠫᠢᠩ᠎ᠦᠨ ᠶᠠᠷᠢᠶ᠎ᠠ ᠣᠮᠣᠭ ᠲᠡᠭᠦᠯᠳᠡᠷ ᠪᠠᠢᠯ᠎ᠠ᠃
ᠵᠢᠯ᠎ᠦᠨ ᠡᠬᠢᠨ᠎ᠡᠴᠡ ᠨᠠᠭᠠᠰᠢ᠂ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶ᠋ᠢ ᠬᠦᠳᠦᠯᠥᠨ ᠳᠠᠭᠠᠭᠤᠯᠵᠤ ᠳᠠᠪᠠᠯᠭᠠᠨ᠎ᠢ ᠵᠦᠰᠦᠨ ᠡᠷᠡᠯᠬᠡᠭ᠌ᠯᠡᠨ ᠤᠷᠤᠭ᠍ᠰᠢᠯᠠᠵᠤ᠂ ᠳᠡᠯᠡᠬᠡᠢ ᠨᠡᠢᠭᠡᠮ᠎ᠦᠨ ᠠᠯᠢᠪᠠ ᠳᠠᠪᠱᠢᠩᠭᠤᠢ ᠬᠦᠴᠦᠨ ᠲᠡᠢ ᠬᠠᠮᠲᠤ᠎ᠪᠠᠷ᠂ ᠵᠠᠭᠤᠨ ᠵᠢᠯ᠎ᠦᠨ ᠬᠤᠪᠢᠰᠤᠯᠳᠠ ᠵᠢ ᠬᠥᠮᠦᠨ ᠲᠥᠷᠥᠯᠬᠢᠲᠡᠨ᠎ᠦ ᠬᠥᠭ᠌ᠵᠢᠯᠲᠡ ᠲᠠᠪᠱᠢᠯᠳᠠ᠎ᠳᠤ ᠠᠱᠢᠭ᠍ᠲᠠᠢ ᠴᠢᠭ᠌ᠯᠡᠯ ᠲᠡᠢᠰᠢ ᠤᠯᠠᠷᠢᠨ ᠬᠤᠪᠢᠷᠠᠭᠤᠯᠬᠤ᠎ᠶ᠋ᠢ ᠬᠦᠴᠦᠲᠡᠢ ᠠᠬᠢᠭᠤᠯᠪᠠ᠃
ᠵᠢᠵᠢᠭ ᠵᠠᠪᠢ ᠭᠠᠭ᠍ᠴᠠᠭᠠᠷ᠎ᠢᠶᠠᠨ ᠲᠤᠬ᠍ᠰᠢᠨ ᠳᠠᠪᠠᠯᠭᠠᠨ ᠢ᠋ ᠳᠠᠭᠠᠭᠠᠵᠤ ᠳᠡᠢᠯᠬᠦ᠌ ᠦᠭᠡᠢ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠠᠷᠭᠠᠴᠠᠭᠠᠪᠠᠯ ᠰᠠᠶᠢ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠃ ᠲᠡᠷᠢᠭᠦᠯᠡᠭ᠌ᠴᠢ ᠰᠢ ᠵᠢᠨ ᠫᠢᠩ ᠲᠤᠮᠤ ᠨᠠᠮ ᠲᠤᠮᠤ ᠤᠯᠤᠰ᠎ᠤᠨ ᠤᠳᠤᠷᠢᠳᠤᠭ᠍ᠴᠢ ᠪᠣᠯᠤᠨ ᠳᠡᠯᠡᠬᠡᠢ᠎ᠶ᠋ᠢᠨ ᠲᠡᠰ᠎ᠤᠨ ᠤᠳᠤᠷᠢᠳᠤᠭ᠍ᠴᠢ᠎ᠶ᠋ᠢᠨ ᠠᠭᠤᠳᠠᠮᠴᠢ ᠰᠡᠳᠭᠢᠯᠭᠡ᠎ᠪᠡᠷ᠂ ᠡᠯ᠎ᠡ ᠤᠯᠤᠰ᠎ᠲᠤ ᠴᠢᠩ ᠦᠨᠡᠨᠴᠢ ᠰᠠᠨᠠᠭᠠᠴᠢᠯᠠᠭ᠎ᠠ ᠭᠠᠷᠭᠠᠪᠠ —
《ᠨᠥᠬᠥᠷᠰᠡᠭ ᠬᠠᠮᠲᠤᠷᠠᠯᠴᠠᠭᠠᠨ᠎ᠤ ᠦᠢᠯᠡᠳᠦᠯᠭᠡᠵᠢᠭᠦᠯᠦᠭ᠌ᠴᠢ᠂ ᠪᠣᠯᠪᠠᠰᠤᠨ᠎ᠢᠶᠠᠨ ᠬᠠᠷᠢᠯᠴᠠᠨ ᠲᠤᠯᠢ ᠪᠤᠯᠭᠠᠬᠤ ᠠᠬᠢᠭᠤᠯᠤᠭ᠍ᠴᠢ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠴᠣᠭ᠍ᠴᠠᠯᠠᠭ᠍ᠴᠢ ᠪᠤᠯᠵᠤ᠂ ᠡᠨᠡ ᠬᠦ᠌ ᠤᠳᠤᠨ ᠪᠥᠮᠪᠥᠷᠴᠡᠭ᠎ᠦᠨ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠭᠠᠷ ᠬᠤᠯᠪᠤᠯᠴᠠᠨ ᠴᠣᠭ᠍ᠴᠠᠯᠠᠶ᠎ᠠ》᠃
(ᠨᠢᠭᠡ) ᠲᠡᠦᠬᠡ᠎ᠶ᠋ᠢᠨ ᠤᠯᠠᠮᠵᠢᠯᠠᠯ
— 《ᠬᠥᠮᠦᠨ ᠲᠥᠷᠥᠯᠬᠢᠲᠡᠨ᠎ᠦ ᠬᠥᠭ᠌ᠵᠢᠯᠲᠡ᠎ᠶ᠋ᠢᠨ ᠲᠡᠦᠬᠡᠨ ᠵᠢᠮ᠎ᠡ ᠶᠣᠰᠣ᠎ᠶ᠋ᠢ ᠭᠦᠨᠵᠡᠭᠡᠢ ᠡᠵᠡᠮᠱᠢᠵᠦ᠍᠂ ᠲᠡᠦᠬᠡ᠎ᠶ᠋ᠢᠨ ᠭᠦᠨᠵᠡᠭᠡᠢ ᠪᠣᠳᠣᠯᠬᠢᠯᠠᠯ ᠳᠤᠮᠳᠠ᠎ᠡᠴᠡ ᠤᠶᠤᠨ ᠤᠬᠠᠭᠠᠨ ᠱᠢᠩᠭᠡᠭᠡᠨ ᠠᠪᠴᠤ᠌᠂ ᠢᠷᠡᠭᠡᠳᠦᠢ ᠵᠦᠭ ᠤᠷᠤᠭ᠍ᠰᠢᠯᠠᠶ᠎ᠠ》
2025 ᠣᠨ᠎ᠤ ᠵᠤᠨ᠎ᠤ ᠳᠤᠮᠳᠠ ᠰᠠᠷ᠎ᠠ᠎ᠳᠤ᠂ ᠬᠣᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠲᠦᠷᠦᠭᠦᠴᠦᠳ᠎ᠦᠨ ᠬᠤᠷᠠᠯ ᠺᠠᠽᠠᠭ᠍ᠰᠲ᠋ᠠᠨ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠃ 2023 ᠣᠨ᠎ᠤ ᠰᠢ ᠠᠨᠡᠴᠡ 2025 ᠣᠨ᠎ᠤ ᠠᠰᠲ᠋ᠠᠨᠠ ᠬᠦᠷᠲᠡᠯ᠎ᠡ᠂ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠠᠽᠢᠶ᠎ᠠ᠎ᠶ᠋ᠢᠨ ᠲᠠᠪᠤᠨ ᠤᠯᠤᠰ᠎ᠤᠨ ᠲᠡᠷᠢᠭᠦᠨ ᠲᠡᠢ ᠳᠠᠬᠢᠨᠲᠠ ᠠᠭᠤᠯᠵᠠᠪᠠ᠃
ᠳᠤᠮᠳᠠᠳᠤ ᠤᠯᠤᠰ ᠪᠤᠯᠤᠨ ᠳᠤᠮᠳᠠ ᠠᠽᠢᠶ᠎ᠠ᠎ᠶ᠋ᠢᠨ ᠤᠯᠤᠰ᠎ᠤᠳ ᠤ᠋ᠨ ᠶᠠᠪᠤᠯᠴᠠᠭ᠎ᠠ᠎ᠶ᠋ᠢᠨ ᠲᠡᠦᠬᠡ᠎ᠶ᠋ᠢ ᠡᠷᠭᠢᠴᠡᠭᠦᠯᠬᠦᠶ᠎ᠡ᠂ ᠲᠡᠷᠢᠭᠦᠯᠡᠭ᠌ᠴᠢ ᠰᠢ ᠵᠢᠨ ᠫᠢᠩ᠄ 《ᠮᠠᠨ᠎ᠤ ᠬᠠᠮᠲᠤᠷᠠᠯᠴᠠᠭ᠎ᠠ ᠬᠣᠶᠠᠷ ᠮᠢᠩᠭ᠎ᠠ ᠭᠠᠷᠤᠢ ᠵᠢᠯ᠎ᠦᠨ ᠨᠥᠬᠥᠷᠰᠡᠭ ᠶᠠᠪᠤᠯᠴᠠᠭ᠎ᠠ᠎ᠳᠤ ᠦᠨᠳᠦᠰᠦᠯᠡᠵᠦ᠍᠂ ᠬᠠᠷᠢᠯᠴᠠᠭ᠎ᠠ ᠪᠠᠢᠭᠤᠯᠤᠭ᠍ᠰᠠᠨ 30 ᠭᠠᠷᠤᠢ ᠵᠢᠯ᠎ᠦᠨ ᠪᠦᠯᠬᠦᠮᠳᠡᠯ ᠢᠲᠡᠭᠡᠯᠴᠡᠭᠡ᠎ᠳᠦ ᠪᠡᠬᠢᠵᠢᠵᠤ᠂ ᠱᠢᠨ᠎ᠡ ᠴᠠᠭ ᠦᠶ᠎ᠡ᠎ᠡᠴᠡ ᠨᠠᠭᠠᠱᠢᠬᠢ ᠨᠡᠭᠡᠭᠡᠯᠳᠠ ᠬᠢᠵᠦ᠍ ᠬᠠᠮᠲᠤ᠎ᠪᠠᠷ ᠠᠱᠢᠭ ᠬᠦᠷᠳᠡᠬᠦ᠌᠎ᠳᠦ ᠬᠥᠭ᠌ᠵᠢᠵᠡᠢ》 ᠭᠡᠵᠤ ᠬᠡᠯᠡᠪᠡ᠃
2100 ᠭᠠᠷᠤᠢ ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠬᠠᠨ ᠤᠯᠤᠰ᠎ᠤᠨ ᠦᠶ᠎ᠡ᠎ᠶ᠋ᠢᠨ ᠡᠯᠴᠢᠨ ᠵᠠᠩ ᠴᠢᠶᠠᠨ ᠴᠠᠩ ᠠᠨᠡᠴᠡ ᠪᠠᠷᠠᠭᠤᠨ ᠤᠷᠤᠨ᠎ᠳᠦ ᠡᠯᠴᠢ᠎ᠪᠡᠷ ᠤᠴᠢᠵᠤ᠂ ᠳᠤᠮᠳᠠᠳᠤ ᠤᠯᠤᠰ ᠪᠣᠯᠤᠨ ᠳᠤᠮᠳᠠ ᠠᠽᠢᠶ᠎ᠠ᠎ᠶ᠋ᠢᠨ ᠨᠥᠬᠥᠷᠰᠡᠭ ᠶᠠᠪᠤᠯᠴᠠᠭᠠᠨ᠎ᠤ ᠡᠭᠦᠳᠡ᠎ᠶ᠋ᠢ ᠨᠡᠭᠡᠭᠡᠪᠡ᠃ ᠮᠢᠩᠭᠠᠨ ᠵᠢᠯ᠎ᠦᠨ ᠲᠤᠷᠰᠢ᠂ ᠳᠤᠮᠳᠠᠳᠤ ᠤᠯᠤᠰ ᠳᠤᠮᠳᠠ ᠠᠽᠢᠶ᠎ᠠ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠲᠡᠢ ᠬᠠᠮᠲᠤ᠎ᠪᠠᠷ ᠲᠣᠷᠭᠠᠨ ᠵᠠᠮ᠎ᠤᠨ ᠬᠥᠭ᠌ᠵᠢᠨ ᠮᠠᠨᠳᠤᠬᠤ᠎ᠶ᠋ᠢ ᠠᠬᠢᠭᠤᠯᠵᠤ᠂ ᠳᠡᠯᠡᠬᠡᠢ᠎ᠶ᠋ᠢᠨ ᠪᠣᠯᠪᠠᠰᠤᠨ᠎ᠤ ᠰᠣᠯᠢᠯᠴᠠᠭ᠎ᠠ ᠠᠭᠤᠰᠤᠯᠴᠠᠯ᠂ ᠪᠠᠶᠠᠯᠢᠭ᠍ᠵᠢᠯ ᠬᠥᠭ᠌ᠵᠢᠯᠲᠡ᠎ᠳᠦ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠪᠡ᠃
ᠳᠤᠮᠳᠠᠳᠤ ᠤᠯᠤᠰ ᠪᠣᠯᠤᠨ ᠳᠤᠮᠳᠠ ᠠᠽᠢᠶ᠎ᠠ᠎ᠶ᠋ᠢ ᠬᠤᠯᠪᠤᠭᠰᠠᠨ ᠮᠢᠩᠭᠠᠨ ᠵᠢᠯ᠎ᠤᠨ ᠨᠥᠬᠥᠷᠰᠡᠭ ᠬᠠᠮᠲᠤᠷᠠᠯᠴᠠᠭᠠᠨ᠎ᠤ ᠵᠠᠮ᠂ ᠱᠢᠨ᠎ᠡ ᠴᠠᠭ ᠦᠶ᠎ᠡ᠎ᠳᠦ ᠪᠣᠯᠪᠠᠰᠤᠨ᠎ᠤ ᠠᠭᠤᠰᠤᠯᠴᠠᠯ᠎ᠤᠨ ᠢᠷᠠᠭᠤ ᠭᠠᠢᠬᠠᠮᠱᠢᠭ᠍ᠲᠤ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃
《ᠤᠷᠳᠤ ᠬᠤᠭᠤᠴᠠᠭᠠᠨ᠎ᠤ ᠦᠢᠯᠡᠳᠦᠯᠭᠡ ᠳᠤᠮᠳᠠ᠂ ᠪᠢᠳᠡ 〈ᠬᠠᠷᠢᠯᠴᠠᠨ ᠬᠦᠨᠳᠦᠳᠭᠡᠬᠦ᠌᠂ ᠬᠠᠷᠢᠯᠴᠠᠨ ᠢᠲᠡᠭᠡᠯᠴᠡᠬᠦ᠌᠂ ᠬᠠᠷᠢᠯᠴᠠᠨ ᠠᠱᠢᠭ᠍ᠲᠠᠢ ᠪᠠᠢᠬᠤ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠢᠲᠠᠢ ᠬᠥᠭ᠌ᠵᠢᠯᠲᠡ᠎ᠪᠡᠷ ᠬᠠᠮᠲᠤ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ〉 〈ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠵᠣᠷᠢᠭ ᠰᠠᠨᠠᠭ᠎ᠠ〉᠎ᠶᠢ ᠰᠦᠪᠡᠭ᠌ᠴᠢᠯᠡᠨ ᠪᠦᠷᠢᠯᠳᠦᠭᠦᠯᠪᠡ》᠂ ᠲᠡᠷᠢᠭᠦᠯᠡᠭ᠌ᠴᠢ ᠰᠢ ᠵᠢᠨ ᠫᠢᠩ 《ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠵᠣᠷᠢᠭ ᠰᠠᠨᠠᠭ᠎ᠠ》᠎ᠶᠢᠨ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠲᠠᠢᠯᠪᠤᠷᠢᠯᠠᠵᠤ᠂ ᠳᠤᠮᠳᠠᠳᠤ ᠤᠯᠤᠰ ᠪᠤᠯᠤᠨ ᠳᠤᠮᠳᠠ ᠠᠽᠢᠶ᠎ᠠ᠎ᠶ᠋ᠢᠨ ᠭᠠᠷ ᠬᠣᠯᠪᠣᠯᠴᠠᠨ ᠬᠠᠮᠲᠤᠷᠠᠯᠴᠠᠬᠤ᠎ᠶ᠋ᠢᠨ ᠴᠠᠭ ᠦᠶ᠎ᠡ᠎ᠶ᠋ᠢᠨ ᠠᠴᠢ ᠬᠣᠯᠪᠣᠭ᠍ᠳᠠᠯ᠎ᠢ ᠢᠯᠡᠷᠡᠭᠦᠯᠪᠡ᠃
ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ ᠨᠢ ᠪᠣᠯᠪᠠᠰᠤᠨ᠎ᠤ ᠤᠯᠠᠮᠵᠢᠯᠠᠯ ᠳᠤᠮᠳᠠ ᠤᠷᠤᠭ᠍ᠰᠢᠯᠠᠬᠤ ᠤᠶᠤᠨ ᠤᠬᠠᠭᠠᠨ᠎ᠢ ᠱᠢᠩᠭᠡᠭᠡᠨ ᠠᠪᠴᠤ᠌᠂ ᠲᠡᠦᠬᠡ᠎ᠶ᠋ᠢᠨ ᠤᠷᠤᠰᠭᠠᠯ ᠳᠤᠮᠳᠠ ᠴᠠᠭ ᠦᠶ᠎ᠡ᠎ᠶ᠋ᠢᠨ ᠴᠠᠮᠬᠠᠭ᠎ᠢ ᠤᠨᠢᠯᠠᠨ ᠤᠷᠤᠭᠰᠢᠯᠠᠪᠠ᠃
《ᠲᠣᠷᠭᠠᠨ ᠵᠠᠮ᠎ᠤᠨ ᠵᠣᠷᠢᠭ ᠰᠠᠨᠠᠭ᠎ᠠ》᠂ 《ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠵᠣᠷᠢᠭ ᠰᠠᠨᠠᠭ᠎ᠠ》᠂ 《ᠳᠤᠮᠳᠠᠳᠤ ᠹᠷᠠᠨᠼᠢ᠎ᠶ᠋ᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠵᠣᠷᠢᠭ ᠰᠠᠨᠠᠭ᠎ᠠ》᠂ 《ᠳᠤᠮᠳᠠᠳᠤ ᠠᠹᠷᠢᠺᠠ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠵᠣᠷᠢᠭ ᠰᠠᠨᠠᠭ᠎ᠠ》᠂ 《ᠱᠠᠩᠬᠠᠢ᠎ᠶ᠋ᠢᠨ ᠵᠣᠷᠢᠭ ᠰᠠᠨᠠᠭ᠎ᠠ》᠂ 《ᠠᠯᠳᠠᠨ ᠲᠣᠭᠣᠰᠭ᠎ᠠ ᠤᠯᠤᠰ᠎ᠤᠳ᠎ᠤᠨ ᠵᠣᠷᠢᠭ ᠰᠠᠨᠠᠭ᠎ᠠ》 ᠁ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠰᠠᠨᠠᠭᠠᠴᠢᠯᠠᠵᠤ ᠦᠢᠯᠡᠳᠦᠯᠭᠡᠵᠢᠭᠦᠯᠬᠦ᠌ ᠵᠣᠷᠢᠭ ᠰᠠᠨᠠᠭ᠎ᠠ ᠪᠦᠬᠦᠨ᠎ᠳᠦ ᠴᠥᠮ ᠪᠣᠳᠠᠲᠤ ᠪᠠᠢᠳᠠᠯ᠎ᠢ ᠬᠠᠷᠠᠭᠠᠯᠵᠠᠭ᠍ᠰᠠᠨ ᠭᠦᠨ ᠭᠦᠨᠵᠡᠭᠡᠢ ᠪᠣᠳᠣᠯᠬᠢᠯᠠᠯ ᠠᠭᠤᠯᠤᠭ᠍ᠳᠠᠵᠤ᠂ ᠡᠷᠲᠡᠨ ᠡᠳᠦᠭᠡ᠎ᠳᠦ ᠨᠡᠪᠲᠡᠷᠡᠭ᠌ᠰᠡᠨ ᠴᠠᠭ ᠦᠶ᠎ᠡ᠎ᠶ᠋ᠢᠨ ᠢᠯᠡᠷᠡᠯ ᠪᠤᠯᠵᠤ ᠨᠡᠢᠯᠡᠵᠤ ᠪᠠᠢᠳᠠᠭ᠃
ᠡᠨᠡ ᠵᠢᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ ᠪᠣᠯᠤᠨ᠎ᠠ᠃ 5 ᠰᠠᠷ᠎ᠠ᠎ᠳᠤ᠂ ᠤᠷᠤᠰ᠎ᠤᠨ ᠶᠡᠷᠦᠩᠬᠡᠢᠯᠡᠭ᠌ᠴᠢ ᠫᠦᠲ᠋ᠢᠨ᠎ᠤ ᠤᠷᠢᠯᠭ᠎ᠠ᠎ᠪᠠᠷ᠂ ᠲᠡᠷᠢᠭᠦᠯᠡᠭ᠌ᠴᠢ ᠰᠢ ᠵᠢᠨ ᠫᠢᠩ ᠤᠷᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠶ᠋ᠢᠨ ᠬᠠᠮᠲᠤ ᠵᠦᠪᠯᠡᠯ᠎ᠳᠤ᠎ᠶ᠋ᠢᠨ ᠠᠭᠤᠤ ᠶᠡᠬᠡ ᠤᠯᠤᠰ᠎ᠢᠶᠠᠨ ᠬᠠᠮᠠᠭᠠᠯᠠᠬᠤ ᠲᠠᠢ᠌ᠨ᠎ᠦ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠶᠣᠰᠣᠯᠠᠯ᠎ᠳᠤ ᠣᠷᠣᠯᠴᠠᠪᠠ᠃
《ᠬᠥᠮᠦᠨ ᠲᠥᠷᠥᠯᠬᠢᠲᠡᠨ ᠳᠡᠯᠡᠬᠡᠢ᠎ᠶ᠋ᠢᠨ ᠬᠣᠶᠠᠳᠤᠭᠠᠷ ᠶᠡᠬᠡ ᠲᠠᠢ᠌ᠨ᠎ᠦ ᠡᠮᠭᠡᠨᠢᠯ ᠵᠢᠴᠢ ᠲᠡᠭᠦᠨ᠎ᠦ ᠱᠢᠯᠲᠠᠭᠠᠨ ᠪᠠ ᠰᠤᠷᠭᠠᠮᠵᠢ᠎ᠶ᠋ᠢ ᠡᠭᠦᠷᠢᠳᠡ ᠪᠠᠲᠤ ᠴᠡᠭᠡᠵᠢᠯᠡᠵᠦ᠍᠂ ᠡᠢᠮᠦᠷᠬᠦ᠌ ᠡᠮᠭᠡᠨᠢᠯ ᠲᠠᠬᠢᠨ ᠡᠭᠦᠰᠭᠦ᠎ᠶ᠋ᠢ ᠠᠯᠢ ᠴᠢᠳᠠᠬᠤ᠎ᠪᠠᠷ ᠴᠢᠷᠮᠠᠢᠨ ᠬᠣᠷᠢᠭ᠍ᠯᠠᠬᠤ ᠬᠡᠷᠡᠭ᠌ᠲᠡᠢ》᠂ ᠮᠣᠰᠺᠸᠠ᠎ᠶ᠋ᠢᠨ ᠤᠷᠢᠬᠠᠨ ᠬᠠᠪᠤᠷ᠎ᠤᠨ ᠤᠯᠠᠷᠢᠯ᠎ᠳᠦ᠂ ᠲᠡᠷᠢᠭᠦᠯᠡᠭ᠌ᠴᠢ ᠰᠢ ᠵᠢᠨ ᠫᠢᠩ ᠶᠡᠷᠦᠩᠬᠡᠢᠯᠡᠭ᠌ᠴᠢ ᠫᠦᠲ᠋ᠢᠨ ᠲᠠᠢ ᠬᠠᠮᠲᠤᠷᠠᠭ᠍ᠰᠠᠨ ᠢᠯᠡᠷᠬᠡᠢᠯᠡᠯᠲᠡ᠎ᠳᠦ ᠭᠠᠷᠤᠨ ᠦᠰᠦᠭ ᠵᠢᠷᠤᠬᠤ᠎ᠶ᠋ᠢᠨ ᠬᠠᠮᠲᠤ ᠨᠡᠢᠲᠡᠯᠡᠵᠦ᠍᠂ ᠲᠡᠦᠬᠡ᠎ᠶ᠋ᠢ ᠪᠠᠲᠤ ᠴᠡᠭᠡᠵᠢᠯᠡᠬᠦ᠌᠂ ᠡᠩᠬᠡ ᠲᠠᠢᠪᠤᠩ᠎ᠢ ᠨᠠᠨᠳᠢᠩᠨᠠᠬᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠴᠤᠤᠷᠢᠶᠠᠲᠤᠭᠤᠯᠪᠠ᠃
ᠤᠯᠠᠭᠠᠨ ᠲᠠᠯᠠᠪᠠᠢ᠎ᠶ᠋ᠢᠨ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠳᠤ᠂ ᠲᠡᠷᠢᠭᠦᠯᠡᠭ᠌ᠴᠢ ᠰᠢ ᠵᠢᠨ ᠫᠢᠩ ᠶᠡᠷᠦᠩᠬᠡᠢᠯᠡᠭ᠌ᠴᠢ ᠫᠦᠲ᠋ᠢᠨ ᠲᠠᠢ ᠭᠤᠤᠯ ᠲᠠᠢᠰᠠᠨ᠎ᠳᠤ ᠵᠡᠷᠭᠡᠴᠡᠨ ᠰᠠᠭᠤᠪᠠ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠶᠡᠬᠡ ᠠᠩᠬᠢ᠎ᠶ᠋ᠢᠨ ᠵᠢᠭ᠍ᠰᠠᠭᠠᠯ ᠴᠡᠭᠡᠵᠢ ᠳᠠᠨᠠᠢᠨ ᠥᠩᠭᠡᠷᠡᠬᠦ᠌᠎ᠳᠦ᠂ ᠲᠡᠷᠢᠭᠦᠯᠡᠭ᠌ᠴᠢ ᠰᠢ ᠵᠢᠨ ᠫᠢᠩ ᠪᠣᠰᠴᠤ᠌ ᠵᠣᠭ᠍ᠰᠣᠨ ᠮᠡᠨᠳᠦᠴᠢᠯᠡᠪᠡ᠃ ᠬᠥᠮᠦᠰ᠎ᠦᠨ ᠬᠠᠷᠠᠴᠠ ᠤᠷᠤᠭ᠍ᠰᠢᠯᠠᠬᠤ ᠵᠢᠭ᠍ᠰᠠᠭᠠᠯ᠎ᠢ ᠱᠢᠷᠲᠡᠵᠦ᠍᠂ ᠴᠠᠭ ᠬᠤᠭᠤᠴᠠᠭ᠎ᠠ᠎ᠶ᠋ᠢ ᠲᠤᠭᠤᠯᠤᠨ ᠨᠢᠭᠡᠨ ᠵᠦᠢᠯ᠎ᠢ ᠪᠤᠳᠤᠨ ᠰᠡᠳᠭᠢᠨᠠ᠃
80 ᠵᠢᠯ᠎ᠦᠨ ᠡᠮᠦᠨ᠎ᠡ᠂ ᠳᠤᠮᠳᠠᠳᠤ ᠤᠷᠤᠰ ᠬᠣᠶᠠᠷ ᠤᠯᠤᠰ ᠪᠦᠬᠦ᠌ ᠳᠡᠯᠡᠬᠡᠢ᠎ᠶ᠋ᠢᠨ ᠳᠠᠪᠱᠢᠩᠭᠤᠢ ᠬᠦᠴᠦᠨ ᠲᠡᠢ ᠬᠠᠮᠲᠤ᠎ᠪᠠᠷ ᠯᠤᠲᠤ ᠶᠡᠬᠡ ᠦᠨᠳᠦᠰᠦᠲᠡᠨ᠎ᠦ ᠦᠷᠡᠭ᠌ᠳᠡᠯ ᠭᠠᠷᠭᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠢᠯᠠᠯᠲᠠ᠎ᠶ᠋ᠢ ᠣᠯᠵᠤ᠂ ᠲᠠᠢ᠌ᠨ᠎ᠦ ᠳᠠᠷᠠᠭᠠᠬᠢ ᠤᠯᠠᠨ ᠤᠯᠤᠰ᠎ᠤᠨ ᠡᠮᠬᠢ ᠳᠢᠭ᠌ᠯᠢᠮ᠎ᠦᠨ ᠰᠠᠭᠤᠷᠢ᠎ᠶ᠋ᠢ ᠲᠠᠯᠪᠢᠪᠠ᠃ 80 ᠵᠢᠯ᠎ᠦᠨ ᠳᠠᠷᠠᠭᠠᠬᠢ ᠥᠨᠥᠳᠦᠷ᠂ ᠬᠥᠮᠦᠨ ᠲᠥᠷᠥᠯᠬᠢᠲᠡᠨ᠎ᠦ ᠪᠣᠯᠪᠠᠰᠤᠨ ᠳᠠᠬᠢᠨᠲᠠ ᠵᠠᠩᠭᠢᠯᠠᠭ᠎ᠠ᠎ᠶ᠋ᠢᠨ ᠦᠶ᠎ᠡ᠎ᠳᠦ ᠬᠦᠷᠴᠦ᠍᠂ ᠴᠠᠭ ᠦᠶ᠎ᠡ ᠱᠢᠨ᠎ᠡ ᠡᠭᠦᠷᠭᠡ ᠬᠠᠷᠢᠭᠤᠴᠠᠯᠭ᠎ᠠ᠎ᠶ᠋ᠢ ᠤᠷᠢᠶᠠᠯᠠᠨ ᠳᠠᠭᠤᠳᠠᠵᠤ ᠪᠠᠢᠨ᠎ᠠ᠃
ᠡᠨᠡ ᠵᠢᠯ᠎ᠦᠨ 9 ᠰᠠᠷ᠎ᠠ᠎ᠳᠤ᠂ ᠳᠤᠮᠳᠠᠳᠤ ᠤᠯᠤᠰ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠠᠵᠢᠯᠯᠠᠭ᠎ᠠ᠎ᠶ᠋ᠢ ᠦᠪᠡᠳᠡᠭ᠌ᠰᠢ ᠶᠡᠬᠡᠪᠡᠷ ᠥᠷᠨᠢᠭᠦᠯᠬᠦ᠌ ᠪᠣᠯᠤᠨ᠎ᠠ᠃ ᠲᠡᠷᠢᠭᠦᠯᠡᠭ᠌ᠴᠢ ᠰᠢ ᠵᠢᠨ ᠫᠢᠩ ᠤᠯᠠᠨ ᠤᠯᠤᠰ᠎ᠤᠨ ᠨᠥᠬᠥᠷᠰᠡᠭ ᠬᠥᠮᠦᠰ ᠲᠡᠢ ᠪᠡᠭᠡᠵᠢᠩ᠎ᠳᠦ ᠴᠤᠭ᠍ᠯᠠᠷᠠᠵᠤ᠂ ᠳᠡᠯᠡᠬᠡᠢ ᠳ᠋ᠠᠬᠢᠨ᠎ᠳᠤ ᠲᠡᠦᠬᠡ᠎ᠶ᠋ᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠶ᠋ᠢ ᠴᠣᠭ᠍ᠴᠠᠯᠠᠬᠤ ᠢᠯᠡ ᠲᠣᠳᠣ ᠲᠤᠬᠢᠶ᠎ᠠ ᠭᠠᠷᠭᠠᠬᠤ ᠪᠣᠯᠤᠨ᠎ᠠ᠃
ᠲᠡᠦᠬᠡ ᠪᠣᠯ ᠪᠣᠳᠠᠲᠤ ᠠᠬᠤᠢ᠎ᠶ᠋ᠢᠨ ᠡᠬᠢ ᠪᠤᠯᠠᠭ ᠮᠥᠨ᠂ ᠲᠤᠮᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠪᠣᠯᠪᠠᠰᠤᠨ᠎ᠤ ᠰᠠᠭᠤᠷᠢ᠎ᠶ᠋ᠢ ᠲᠤᠪᠤᠢ᠌ᠯᠭᠠᠵᠤ ᠪᠠᠢᠨ᠎ᠠ᠃ ᠬᠥᠷᠰᠢ ᠵᠡᠷᠭᠡᠯᠡᠳᠡᠭᠡ ᠲᠡᠢ᠎ᠪᠡᠨ ᠨᠥᠬᠥᠷᠰᠡᠭ᠎ᠢᠶᠡᠷ ᠶᠠᠪᠤᠯᠴᠠᠵᠤ᠂ ᠤᠯᠠᠨ ᠤᠯᠤᠰ ᠲᠡᠢ ᠡᠶ᠎ᠡ ᠨᠠᠢᠷᠠᠮᠳᠠᠭᠤ ᠪᠠᠢᠬᠤ ᠪᠣᠯ ᠳᠤᠮᠳᠠᠳᠤ᠎ᠶ᠋ᠢᠨ ᠪᠣᠯᠪᠠᠰᠤᠨ᠎ᠤ ᠢᠮᠠᠭ᠍ᠲᠠ᠎ᠶ᠋ᠢᠨ ᠶᠠᠪᠤᠯᠴᠠᠭᠠᠨ᠎ᠤ ᠶᠣᠰᠣ ᠮᠥᠨ᠃
2025 ᠣᠨ᠎ᠤ 4 ᠰᠠᠷ᠎ᠠ᠎ᠳᠤ᠂ ᠱᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠠᠩᠬᠠᠳᠠᠭ᠍ᠴᠢ ᠲᠥᠪ᠎ᠦᠨ ᠬᠦᠷᠰᠢ ᠵᠡᠷᠭᠡᠯᠡᠳᠡᠭᠡ᠎ᠶ᠋ᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ ᠲᠤᠰ ᠰᠠᠷ᠎ᠠ᠎ᠳᠤ᠂ ᠲᠡᠷᠢᠭᠦᠯᠡᠭ᠌ᠴᠢ ᠰᠢ ᠵᠢᠨ ᠫᠢᠩ ᠵᠡᠭᠦᠨ ᠡᠮᠦᠨᠡᠲᠦ ᠠᠽᠢᠶ᠎ᠠ᠎ᠶ᠋ᠢᠨ ᠭᠤᠷᠪᠠᠨ ᠤᠯᠤᠰ᠎ᠲᠤ ᠠᠢᠯᠴᠢᠯᠠᠯᠲᠠ ᠬᠢᠪᠡ᠃
ᠬᠠᠨᠤᠢ᠎ᠡᠴᠡ ᠺᠤᠸᠠᠯᠠ ᠯᠦᠮᠫᠦᠢ᠍ᠷ ᠬᠦᠷᠲᠡᠯ᠎ᠡ᠂ ᠲᠠᠬᠢᠨ ᠵᠢᠨᠪᠢᠶᠠᠨ ᠬᠦᠷᠲᠡᠯ᠎ᠡ᠂ ᠨᠢᠰᠭᠡᠯ᠎ᠦᠨ ᠪᠠᠭᠤᠳᠠᠯ᠎ᠡᠴᠡ ᠪᠠᠭᠤᠳᠠᠯᠯᠠᠭᠰᠠᠨ ᠭᠠᠵᠠᠷ᠎ᠢᠶᠡᠨ ᠬᠦᠷᠲᠡᠯ᠎ᠡ᠂ ᠲᠠᠬᠢᠨ ᠲᠦᠷᠦ᠍᠎ᠶ᠋ᠢᠨ ᠶᠠᠪᠤᠳᠠᠯ᠎ᠤᠨ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠬᠦᠷᠲᠡᠯ᠎ᠡ ᠁ ᠲᠤᠬᠠᠢ᠎ᠶ᠋ᠢᠨ ᠭᠠᠵᠠᠷ᠎ᠤᠨ ᠠᠷᠠᠳ ᠤᠯᠠᠨ ᠳᠤᠮᠳᠠᠳᠤ ᠤᠯᠤᠰ᠎ᠤᠨ ᠤᠳᠤᠷᠢᠳᠭᠤ ᠬᠥᠮᠦᠰ᠎ᠦᠨ ᠠᠢᠯᠴᠢᠯᠠᠯᠲᠠ ᠬᠢᠬᠦ᠌᠎ᠪᠡᠷ ᠢᠷᠡᠭ᠌ᠰᠡᠨ᠎ᠢ ᠬᠠᠯᠠᠭᠤᠨ᠎ᠢᠶᠠᠷ ᠤᠭ᠍ᠲᠤᠵᠤ᠂ ᠤᠯᠠᠮᠵᠢᠯᠠᠯᠲᠤ ᠨᠥᠬᠥᠷᠯᠡᠯ᠎ᠢ ᠢᠯᠡᠷᠡᠭᠦᠯᠵᠦ᠍᠂ ᠪᠣᠳᠠᠲᠠᠢ ᠰᠡᠳᠭᠢᠯ᠎ᠦᠨ ᠲᠠᠭᠤᠨ᠎ᠢ ᠠᠴᠢᠶᠠᠯᠠᠵᠤ᠂ ᠢᠷᠡᠭᠡᠳᠦᠢ᠎ᠶ᠋ᠢᠨ ᠤᠷᠢᠶᠠᠯᠠᠭ᠎ᠠ᠎ᠶ᠋ᠢ ᠳᠠᠮᠵᠢᠭᠤᠯᠪᠠ᠃
《ᠳᠤᠮᠳᠠᠳᠤ ᠤᠯᠤᠰ᠎ᠤᠨ ᠲᠠᠩ ᠤᠯᠤᠰ᠎ᠤᠨ ᠦᠶ᠎ᠡ᠎ᠶ᠋ᠢᠨ᠂ ᠵᠸᠨ᠋ᠯᠠᠶ᠋ᠢᠨ ᠸᠠᠩ᠎ᠤᠨ ᠤᠭ᠍ᠰᠠᠭᠠᠨ᠎ᠤ ᠪᠦᠷᠢᠯᠳᠦᠬᠦᠨ ᠳᠤᠮᠳᠠᠳᠤ ᠤᠯᠤᠰ᠎ᠤᠨ ᠴᠠᠩ ᠠᠨ᠎ᠳᠤ ᠠᠢᠯᠴᠢᠯᠠᠭ᠍ᠰᠠᠨ》᠎ᠠᠴᠠ᠂ 《600 ᠭᠠᠷᠤᠢ ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠮᠢᠩ ᠤᠯᠤᠰ᠎ᠤᠨ ᠦᠶ᠎ᠡ᠎ᠶ᠋ᠢᠨ ᠳᠠᠯᠠᠢᠴᠢᠨ ᠵᠧᠩ ᠡᡁᠸ 7 ᠤᠳᠠᠭ᠎ᠠ᠎ᠶ᠋ᠢᠨ ᠠᠯᠤᠰ ᠳᠠᠯᠠᠢ᠎ᠶ᠋ᠢᠨ ᠠᠶᠠᠯᠠᠯ ᠳᠤᠮᠳᠠ᠎ᠪᠠᠨ 5 ᠤᠳᠠᠭ᠎ᠠ ᠮᠠ ᠯᠢᠦ ᠵᠢᠶᠠ᠎ᠳᠤ ᠠᠢᠯᠴᠢᠯᠠᠭ᠍ᠰᠠᠨ ᠬᠦᠷᠲᠡᠯ᠎ᠡ》᠂ ᠳᠠᠬᠢᠭᠠᠳ 《ᠸᠢᠶ᠍ᠸᠲ᠋ᠨᠠᠮ ᠳᠤᠮᠳᠠᠳᠤ᠎ᠶ᠋ᠢᠨ ᠨᠥᠬᠥᠷᠯᠡᠯ ᠭᠦᠨ ᠵᠤᠵᠠᠭᠠᠨ᠂ ᠨᠥᠬᠥᠷ ᠳᠡᠭᠡᠷ᠎ᠡ᠎ᠪᠡᠨ ᠠᠬ᠎ᠠ ᠳᠡᠭᠦᠦ》 ᠪᠣᠯᠤᠭ᠍ᠰᠠᠨ ᠬᠦᠷᠲᠡᠯ᠎ᠡ ᠁ ᠳᠤᠮᠳᠠᠳᠤ ᠤᠯᠤᠰ᠎ᠤᠨ ᠬᠦᠷᠰᠢ ᠵᠡᠷᠭᠡᠯᠡᠳᠡᠭᠡ ᠤᠯᠤᠰ᠎ᠯᠤᠭ᠎ᠠ᠎ᠶ᠋ᠢᠨ ᠨᠥᠬᠥᠷᠰᠡᠭ ᠶᠠᠪᠤᠯᠴᠠᠭ᠎ᠠ ᠨᠢ ᠭᠦᠨ ᠵᠤᠵᠠᠭᠠᠨ ᠲᠡᠦᠬᠡ᠎ᠶ᠋ᠢᠨ ᠪᠣᠯᠪᠠᠰᠤᠨ᠎ᠤ ᠬᠤᠷᠠᠮᠳᠤᠯ᠎ᠢ ᠠᠴᠢᠶᠠᠯᠠᠵᠤ᠂ ᠳᠤᠮᠳᠠᠳᠤ ᠤᠯᠤᠰ᠎ᠤᠨ ᠬᠦᠷᠰᠢ ᠵᠡᠷᠭᠡᠯᠡᠳᠡᠭᠡ᠎ᠶ᠋ᠢᠨ ᠭᠠᠳᠠᠭᠠᠳᠤ ᠬᠠᠷᠢᠯᠴᠠᠭ᠎ᠠ᠎ᠶ᠋ᠢᠨ ᠬᠥᠷᠰᠢ ᠲᠠᠢ ᠪᠠᠨ ᠡᠶᠡᠯᠳᠡᠭ ᠪᠠᠢᠬᠤ᠂ ᠬᠦᠷᠰᠢ᠎ᠪᠠᠨ ᠠᠮᠤᠷ ᠲᠤᠭᠳᠠᠭᠤᠨ ᠪᠠᠢᠯᠭᠠᠬᠤ᠂ ᠬᠦᠷᠰᠢ᠎ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠱᠢᠭ᠍ᠲᠠᠢ ᠪᠠᠭ᠍ᠲᠠᠭᠠᠮᠵᠢᠲᠠᠢ᠂ ᠬᠤᠪᠢ ᠵᠠᠶᠠᠭ᠎ᠠ᠎ᠪᠠᠨ ᠬᠠᠮᠲᠤᠳᠭᠠᠬᠤ ᠣᠢᠯᠠᠭᠠᠭ᠍ᠳᠠᠬᠤᠨ᠎ᠤ ᠴᠢᠭ᠌ᠯᠡᠯᠲᠡ᠎ᠶ᠋ᠢ ᠠᠮᠢᠳᠤᠯᠢᠭ᠎ᠢᠶᠠᠷ ᠢᠯᠡᠷᠡᠭᠦᠯᠵᠡᠢ᠃
ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠡᠦᠬᠡ ᠪᠣᠯ ᠳᠠᠷᠤᠢ ᠳᠤᠮᠳᠠᠳᠤ ᠤᠯᠤᠰ ᠬᠥᠷᠰᠢ ᠵᠡᠷᠭᠡᠯᠡᠳᠡᠭᠡ ᠤᠯᠤᠰ᠎ᠤᠳ᠎ᠢᠶᠠᠨ ᠪᠠᠭ᠍ᠲᠠᠭᠠᠭ᠍ᠰᠠᠨ ᠳᠡᠯᠡᠬᠡᠢ᠎ᠶ᠋ᠢᠨ ᠡᠯ᠎ᠡ ᠤᠯᠤᠰ ᠲᠡᠢ ᠬᠠᠷᠢᠯᠴᠠᠨ ᠠᠭᠤᠰᠤᠯᠴᠠᠵᠤ᠂ ᠬᠠᠷᠢᠯᠴᠠᠨ ᠠᠮᠵᠢᠯᠲᠠ ᠣᠯᠬᠤ᠎ᠶ᠋ᠢ ᠠᠬᠢᠭᠤᠯᠤᠭᠰᠠᠨ ᠰᠦᠷ ᠳᠠᠯᠠᠢᠴᠠᠲᠠᠢ ᠲᠡᠦᠬᠡ ᠮᠥᠨ᠃
ᠲᠡᠦᠬᠡ᠎ᠶ᠋ᠢᠨ ᠬᠠᠮᠤᠭ᠎ᠤᠨ ᠰᠠᠢ᠌ᠨ ᠵᠠᠯᠭᠠᠮᠵᠢᠯᠠᠯ ᠪᠣᠯ ᠳᠠᠷᠤᠢ ᠱᠢᠨ᠎ᠡ ᠲᠡᠦᠬᠡ᠎ᠶ᠋ᠢ ᠡᠭᠦᠳᠦᠨ ᠪᠦᠲᠦᠭᠡᠬᠦ᠌ ᠶᠠᠪᠤᠳᠠᠯ ᠪᠣᠯᠤᠨ᠎ᠠ᠃ ᠬᠥᠮᠦᠨ ᠲᠥᠷᠥᠯᠬᠢᠲᠡᠨ᠎ᠦ ᠲᠡᠦᠬᠡ᠎ᠶ᠋ᠢᠨ ᠬᠥᠭ᠌ᠵᠢᠯᠲᠡ᠎ᠶ᠋ᠢᠨ ᠰᠤᠳᠠᠰᠤ ᠪᠣᠯᠤᠨ ᠵᠥᠪ ᠴᠢᠭ᠌ᠯᠡᠯ᠎ᠢ ᠣᠨᠣᠪᠴᠢᠲᠠᠢ ᠡᠵᠡᠮᠳᠡᠵᠦ᠍᠂ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶ᠋ᠢ ᠬᠦᠳᠦᠯᠥᠨ ᠳᠠᠭᠠᠭᠤᠯᠵᠤ ᠵᠠᠭᠤᠨ ᠵᠢᠯ᠎ᠦᠨ ᠬᠤᠪᠢᠰᠤᠯᠳᠠ᠎ᠶ᠋ᠢᠨ ᠲᠣᠨᠣᠯᠵᠢᠨ ᠵᠠᠮ᠎ᠳᠤ ᠴᠠᠭ ᠦᠶ᠎ᠡ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠤᠷᠪᠠᠭᠠᠨ ᠬᠥᠷᠪᠡᠭᠡᠨ ᠲᠡᠢ ᠤᠯᠠᠨ ᠤᠯᠤᠰ᠎ᠤᠨ ᠲᠠᠪᠴᠠᠩ᠎ᠳᠤ ᠡᠩᠬᠡ ᠲᠠᠢᠪᠤᠩ᠎ᠢᠶᠠᠷ ᠬᠦᠭᠵᠢᠬᠦ᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌ ᠴᠠᠭ ᠦᠶ᠎ᠡ᠎ᠶ᠋ᠢᠨ ᠠᠶᠠᠰ᠎ᠢ ᠬᠠᠩᠭᠢᠨᠠᠭᠤᠯᠪᠠ᠃
(ᠬᠣᠶᠠᠷ) ᠪᠣᠳᠠᠲᠤ ᠠᠬᠤᠢ᠎ᠶ᠋ᠢᠨ ᠬᠠᠷᠢᠭᠤᠴᠠᠯᠭ᠎ᠠ ᠡᠭᠦᠷᠭᠡᠯᠡᠯ
— 《ᠭᠠᠷ ᠬᠣᠯᠪᠣᠯᠴᠠᠨ ᠳᠡᠯᠡᠬᠡᠢ᠎ᠶ᠋ᠢᠨ ᠵᠠᠭᠤᠨ ᠵᠢᠯ᠎ᠦᠨ ᠬᠤᠪᠢᠰᠤᠯᠲᠠ᠎ᠳᠠᠬᠢ ᠡᠩᠬᠡ ᠲᠠᠢᠪᠤᠩ᠎ᠤᠨ ᠬᠦᠴᠦᠨ᠂ ᠲᠣᠭ᠍ᠲᠠᠭᠤᠨ ᠬᠦᠴᠦᠨ᠂ ᠳᠠᠪᠱᠢᠩᠭᠤᠢ ᠬᠦᠴᠦᠨ ᠪᠤᠯᠤᠶ᠎ᠠ》
2025 ᠣᠨ᠎ᠤ ᠳᠡᠯᠡᠬᠡᠶ ᠶᠢᠷᠲᠢᠨᠴᠦ᠍᠂ ᠭᠠᠵᠠᠷ ᠣᠷᠣᠨ᠎ᠤ ᠬᠠᠯᠠᠮᠰᠢᠯ ᠬᠡᠷᠡᠭ ᠲᠠᠰᠤᠷᠠᠯᠲᠠ ᠥᠬᠡᠶ ᠡᠭᠦᠰᠴᠦ᠍᠂ ᠮᠥᠷᠭᠥᠯᠳᠦᠭᠡᠨ ᠬᠢᠮᠤᠷᠠᠯ ᠪᠠᠢᠨ ᠳᠠᠬᠢᠨ ᠡᠭᠦᠰᠴᠤ᠂ ᠪᠣᠭᠣᠮᠲᠠ᠎ᠶ᠋ᠢᠨ ᠭᠠᠢᠯᠢ᠎ᠶ᠋ᠢᠨ ᠲᠡᠢᠨ᠂ ᠠᠷᠠᠯᠵᠢᠶᠠᠨ᠎ᠤ ᠲᠡᠢᠨ ᠨᠢ ᠳᠡᠯᠡᠬᠡᠶ᠎ᠶ᠋ᠢᠨ ᠠᠵᠤ ᠠᠬᠤᠶ᠎ᠶ᠋ᠢᠨ ᠡᠮᠬᠢ ᠵᠢᠷᠤᠮ᠎ᠢ ᠳᠠᠭᠠᠷᠢᠵᠤ᠂ ᠭᠠᠭ᠍ᠴᠠ ᠲᠠᠯ᠎ᠠ᠎ᠶ᠋ᠢᠨ ᠡᠵᠡᠷᠬᠡᠭ᠌ᠯᠡᠯ ᠨᠢ ᠣᠯᠠᠨ ᠲᠠᠯᠠᠲᠤ ᠲᠣᠭ᠍ᠲᠠᠴᠠ᠎ᠶ᠋ᠢ ᠳᠠᠭᠠᠷᠢᠵᠤ᠂ ᠱᠢᠨ᠎ᠡ ᠬᠠᠭᠤᠴᠢᠨ ᠥᠷᠢᠰᠥᠯᠳᠦᠭᠡᠨ ᠲᠠᠰᠤᠷᠠᠯᠲᠠ ᠥᠬᠡᠶ ᠭᠠᠷᠴᠤ᠌ ᠪᠠᠢᠨ᠎ᠠ᠃
《ᠳᠡᠯᠡᠬᠡᠢ ᠶᠢᠷᠲᠢᠨᠴᠦ᠍ ᠶᠠᠭᠠᠬᠢᠭ᠍ᠰᠠᠨ ᠪᠤᠢ᠂ ᠪᠢᠳᠡ ᠶᠠᠭᠠᠬᠢᠬᠤ ᠪᠤᠢ?》 ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠲᠤᠬᠠᠶ ᠬᠦᠰᠡᠯ ᠱᠠᠭᠠᠷᠳᠠᠯᠭ᠎ᠠ ᠤᠯᠠᠮ ᠴᠢᠩᠭ᠎ᠠ ᠪᠣᠯᠵᠣ᠂ ᠲᠣᠭ᠍ᠲᠠᠭᠤᠨ ᠴᠢᠨᠠᠷ᠂ ᠨᠠᠢᠳᠠᠪᠤᠷᠢᠲᠤ ᠴᠢᠨᠠᠷ᠂ ᠴᠢᠭ᠌ᠯᠡᠯ᠎ᠦᠨ ᠲᠤᠬᠠᠶ ᠬᠦᠰᠡᠯ ᠡᠷᠡᠮᠡᠯᠵᠡᠯ ᠤᠯᠠᠮ ᠲᠤᠯᠭᠠᠮ ᠪᠣᠯᠵᠣ ᠪᠠᠢᠨ᠎ᠠ᠃
ᠲᠤᠮᠤ ᠤᠯᠤᠰ ᠨᠡᠩ ᠤᠯᠠᠨ ᠡᠬᠢ ᠪᠠᠶᠠᠯᠢᠭ ᠲᠡᠢ᠂ ᠨᠡᠩ ᠬᠦᠴᠦᠷᠬᠡᠭ ᠴᠢᠳᠠᠪᠤᠷᠢ ᠲᠡᠢ᠂ ᠳᠡᠯᠡᠬᠡᠢ᠎ᠶ᠋ᠢᠨ ᠡᠩᠬᠡ ᠲᠠᠢᠪᠤᠩ᠂ ᠲᠣᠭ᠍ᠲᠠᠭᠤᠨ ᠪᠠ ᠬᠥᠭ᠌ᠵᠢᠯᠲᠡ᠎ᠳᠦ ᠨᠡᠩ ᠶᠡᠬᠡ ᠨᠥᠯᠥᠭᠡᠯᠡᠬᠦ᠌ ᠬᠦᠴᠦᠨ ᠲᠡᠢ ᠶᠤᠮ᠂ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠠᠵᠠ ᠵᠢᠷᠭᠠᠯ᠎ᠢ ᠠᠬᠢᠭᠤᠯᠬᠤ᠎ᠳᠤ ᠨᠡᠩ ᠤᠯᠠᠨ ᠬᠠᠷᠢᠭᠤᠴᠠᠯᠭ᠎ᠠ ᠡᠭᠦᠷᠭᠡᠯᠡᠵᠦ᠍᠂ ᠲᠤᠮᠤ ᠤᠯᠤᠰ᠎ᠤᠨ ᠡᠭᠦᠷᠭᠡᠯᠡᠪᠡᠰᠦ ᠵᠣᠬᠢᠬᠤ ᠡᠭᠦᠷᠭᠡᠯᠡᠯ᠎ᠢ ᠢᠯᠡᠷᠡᠭᠦᠯᠪᠡᠯ ᠵᠣᠬᠢᠨ᠎ᠠ᠃
ᠰᠦᠷᠭᠡᠤ ᠰᠠᠯᠬᠢ᠎ᠡᠴᠡ ᠠᠶᠤᠬᠤ ᠥᠬᠡᠶ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠪᠠᠷᠢᠮᠲᠠᠯᠠᠪᠠ —
3 ᠰᠠᠷ᠎ᠠ᠎ᠶ᠋ᠢᠨ 28 ᠤ᠋ ᠡᠳᠦᠷ᠂ ᠬᠠᠪᠤᠷ᠎ᠤᠨ ᠠᠮᠢᠰᠬᠤᠯ ᠪᠢᠯᠬᠠᠵᠤ᠂ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠨᠢᠭᠡᠨ ᠤᠳᠠᠭᠠᠨ᠎ᠤ ᠣᠨᠴᠠᠭᠠᠶ ᠠᠭᠤᠯᠵᠠᠯᠲᠠ ᠬᠢᠪᠡ᠃ ᠲᠡᠷᠢᠭᠦᠯᠡᠭ᠌ᠴᠢ ᠰᠢ ᠵᠢᠨ ᠫᠢᠩ 40 ᠭᠠᠷᠤᠢ ᠭᠠᠳᠠᠭᠠᠳᠤ᠎ᠶ᠋ᠢᠨ ᠪᠠᠯᠠ᠎ᠳᠤ ᠠᠵᠤ ᠠᠬᠤᠢᠯᠠᠯ᠎ᠤᠨ ᠪᠦᠬᠦ᠌ ᠪᠥᠮᠪᠥᠷᠴᠡᠭ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ᠂ ᠲᠡᠷᠢᠭᠦᠨ ᠭᠦᠢᠴᠡᠳᠭᠡᠭ᠌ᠴᠢ ᠲᠤᠱᠢᠶᠠᠯᠲᠠᠨ ᠵᠢᠴᠢ ᠬᠤᠳᠠᠯᠳᠤᠭᠠᠴᠢᠳ᠎ᠤᠨ ᠡᠪᠯᠡᠯ᠎ᠦᠨ ᠲᠥᠯᠥᠭᠡᠯᠡᠭ᠌ᠴᠢᠳ ᠲᠡᠢ ᠠᠭᠤᠯᠵᠠᠵᠤ᠂ ᠰᠠᠨᠠᠯ᠎ᠢᠶᠠᠨ ᠭᠦᠨᠵᠡᠭᠡᠢ ᠰᠣᠯᠢᠯᠴᠠᠪᠠ᠃
《ᠬᠠᠷᠢᠴᠠᠭ᠎ᠠ ᠬᠤᠯᠪᠤᠭ᠎ᠠ᠎ᠪᠡᠨ ᠲᠠᠰᠤᠯᠬᠤ》 ᠰᠥᠷᠭᠡᠦ ᠤᠷᠤᠰᠭᠠᠯ᠎ᠤᠨ ᠡᠮᠦᠨ᠎ᠡ᠂ ᠲᠡᠷᠢᠭᠦᠯᠡᠭ᠌ᠴᠢ ᠰᠢ ᠵᠢᠨ ᠫᠢᠩ᠄ 《ᠳᠤᠮᠳᠠᠳᠤ ᠤᠯᠤᠰ ᠥᠭᠡᠷᠡᠴᠢᠯᠡᠯᠲᠡ ᠨᠡᠬᠡᠬᠡᠯᠳᠡ᠎ᠶ᠋ᠢ ᠭᠤᠢᠪᠢᠰᠢ ᠦᠬᠡᠢ ᠠᠬᠢᠭᠤᠯᠵᠤ᠂ ᠨᠡᠬᠡᠬᠡᠯᠳᠡ ᠬᠢᠬᠦ᠌ ᠡᠭᠦᠳᠡ᠎ᠪᠡᠨ ᠶᠠᠪᠤᠬᠤ ᠳᠤᠳᠤᠮ ᠶᠡᠬᠡ ᠨᠡᠭᠡᠭᠡᠵᠦ᠍᠂ ᠭᠠᠳᠠᠭᠠᠳᠤ ᠪᠡᠯᠡ᠎ᠶ᠋ᠢ ᠠᠱᠢᠭ᠍ᠯᠠᠬᠤ ᠳᠦᠷᠦ᠍᠎ᠶ᠋ᠢᠨ ᠪᠤᠳᠤᠯᠭᠠᠬᠤᠪᠢᠷᠠᠭᠰᠠᠨ ᠦᠬᠡᠢ ᠪᠥᠭᠡᠳ ᠬᠤᠪᠢᠷᠠᠭᠤᠯᠬᠤ ᠴᠤ᠌ ᠦᠬᠡᠢ ᠶᠤᠮ》᠂ 《ᠳᠤᠮᠳᠠᠳᠤ ᠤᠯᠤᠰ ᠲᠡᠢ ᠬᠠᠮᠲᠤ ᠤᠷᠤᠭ᠍ᠰᠢᠯᠠᠵᠤ ᠪᠠᠢᠭ᠎ᠠ ᠨᠢ ᠠᠵᠠ ᠲᠣᠬᠢᠶᠠᠯ ᠲᠡᠢ ᠬᠠᠮᠲᠤ ᠤᠷᠤᠭ᠍ᠰᠢᠯᠠᠵᠤ ᠪᠠᠢᠨ᠎ᠠ᠂ ᠳᠤᠮᠳᠠᠳᠤ ᠤᠯᠤᠰ᠎ᠢ ᠢᠳᠡᠭᠡᠵᠤ ᠪᠠᠢᠭ᠎ᠠ ᠨᠢ ᠮᠠᠷᠭᠠᠰᠢ᠎ᠶ᠋ᠢ ᠢᠳᠡᠭᠡᠵᠤ ᠪᠠᠢᠨ᠎ᠠ᠂ ᠳᠤᠮᠳᠠᠳᠤ ᠤᠯᠤᠰ᠎ᠲᠤ ᠪᠡᠯᠡ ᠤᠷᠤᠭᠤᠯᠬᠤ ᠨᠢ ᠢᠷᠡᠭᠡᠳᠦᠢ᠎ᠳᠤ ᠪᠡᠯᠡ ᠤᠷᠤᠭᠤᠯᠵᠤ ᠪᠠᠢᠨ᠎ᠠ》 ᠭᠡᠵᠦ᠍ ᠲᠣᠳᠣᠷᠬᠠᠢ ᠵᠢᠭᠠᠵᠤ ᠭᠠᠷᠭᠠᠪᠠ᠃
5 ᠰᠠᠷ᠎ᠠ᠎ᠶ᠋ᠢᠨ 13 ᠤ᠋ ᠡᠳᠦᠷ᠂ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠳᠦ ᠳᠤᠮᠳᠠᠳᠤ ᠯᠠᠲ᠋ᠢᠨ ᠠᠮᠧᠷᠢᠺᠠ᠎ᠶ᠋ᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭᠠᠨ᠎ᠤ ᠰᠠᠢᠳ᠎ᠤᠨ ᠲᠡᠰ᠎ᠤᠨ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ 《ᠡᠯ᠎ᠡ ᠤᠯᠤᠰ ᠭᠠᠭ᠍ᠴᠠ ᠬᠦ᠌ ᠪᠦᠯᠬᠦᠮᠳᠡᠨ ᠬᠠᠮᠵᠢᠯᠴᠠᠪᠠᠯ ᠰᠠᠶᠢ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠬᠥᠭ᠌ᠵᠢᠯ ᠴᠡᠴᠡᠭ᠌ᠯᠡᠯ᠎ᠢ ᠠᠬᠢᠭᠤᠯᠵᠤ ᠴᠢᠳᠠᠨ᠎ᠠ》᠃ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠵᠣᠯᠭᠠᠯᠴᠠᠭ᠎ᠠ᠎ᠶ᠋ᠢ ᠴᠢᠩᠭᠠᠳᠭᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢ ᠭᠦᠨᠵᠡᠭᠡᠶ ᠠᠬᠢᠭᠤᠯᠤᠨ᠎ᠠ; ᠳᠤᠮᠳᠠᠳᠤ ᠤᠯᠤᠰ ᠯᠠᠲ᠋ᠢᠨ ᠠᠮᠧᠷᠢᠺᠠ ᠲᠢᠪ᠎ᠦᠨ ᠨᠡᠩ ᠤᠯᠠᠨ ᠱᠢᠯᠢᠳᠡᠭ ᠦᠢᠯᠡᠳᠬᠦᠨ᠎ᠢ ᠣᠷᠣᠭᠤᠯᠵᠤ᠂ ᠯᠠᠲ᠋ᠢᠨ ᠠᠮᠧᠷᠢᠺᠠ ᠲᠢᠪᠲᠡᠬᠢ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠪᠠᠨ ᠥᠷᠭᠡᠳᠭᠡᠬᠦ᠌᠎ᠶ᠋ᠢ ᠵᠣᠷᠢᠭ᠍ᠵᠢᠭᠤᠯᠤᠨ᠎ᠠ ᠁ ᠠᠯᠢ ᠤᠯᠠᠨ ᠴᠢᠬᠤᠯᠠ ᠠᠷᠭ᠎ᠠ ᠬᠡᠮᠵᠢᠶ᠎ᠠ ᠨᠢ ᠳᠤᠮᠳᠠᠳᠤ ᠯᠠᠲ᠋ᠢᠨ ᠠᠮᠧᠷᠢᠺᠠ ᠲᠢᠪ᠎ᠦᠨ ᠨᠡᠭᠡᠭᠡᠯᠲᠡᠲᠦ ᠬᠠᠮᠲᠤᠷᠠᠯᠴᠠᠭ᠎ᠠ᠎ᠶ᠋ᠢᠨ ᠤᠯᠠᠨ ᠤᠯᠤᠰ᠎ᠤᠨ ᠣᠷᠴᠢᠨ᠎ᠢ ᠬᠠᠮᠠᠭᠠᠯᠠᠬᠤ ᠬᠠᠮᠲᠤ᠎ᠶ᠋ᠢᠨ ᠰᠣᠩᠭᠣᠯᠲᠠ᠎ᠶ᠋ᠢ ᠢᠯᠡᠷᠡᠭᠦᠯᠪᠡ᠃
ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ᠎ᠶ᠋ᠢᠨ ᠪᠠᠢᠳᠠᠯ ᠳᠣᠣᠷ᠎ᠠ᠂ ᠳᠤᠮᠳᠠᠳᠤ ᠤᠯᠤᠰ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠪᠡᠨ ᠡᠷᠡᠰ ᠭᠤᠢᠪᠢᠰᠢ ᠦᠭᠡᠢ ᠥᠷᠭᠡᠳᠭᠡᠪᠡ᠃ ᠠᠯᠢ ᠣᠯᠠᠨ ᠡᠵᠡᠨ ᠲᠠᠯᠠᠪᠤᠷ᠎ᠤᠨ ᠠᠵᠤ ᠠᠬᠤᠶ ᠠᠷᠠᠯᠵᠢᠶᠠᠨ᠎ᠤ ᠦᠵᠡᠭᠦᠯᠭᠡ ᠨᠢ ᠡᠯ᠎ᠡ ᠤᠯᠤᠰ᠎ᠤᠨ ᠬᠤᠳᠠᠯᠳᠤᠭᠠᠴᠢᠨ᠎ᠢ ᠲᠠᠲᠠᠵᠠᠶ; 75 ᠤᠯᠤᠰ᠎ᠲᠤ ᠸᠢᠰᠠᠯᠠᠬᠤ᠎ᠡᠴᠡ ᠬᠡᠯᠲᠦᠷᠢᠭᠦᠯᠬᠦ᠌᠎ᠶ᠋ᠢ ᠭᠠᠭᠴᠠ ᠲᠠᠯ᠎ᠠ᠎ᠡᠴᠡ ᠵᠦᠪᠰᠢᠶᠡᠷᠡᠭᠰᠡᠨ ᠪᠤᠶᠤ ᠪᠥᠬᠥ᠌ ᠲᠠᠯ᠎ᠠ᠎ᠪᠠᠷ ᠬᠠᠷᠢᠯᠴᠠᠨ ᠸᠢᠰᠠᠯᠠᠬᠤ᠎ᠡᠴᠡ ᠬᠡᠯᠲᠦᠷᠢᠭᠦᠯᠬᠦ᠌᠎ᠶ᠋ᠢ ᠬᠡᠷᠡᠭ᠌ᠵᠢᠭᠦᠯᠵᠦ᠍᠂ ᠬᠢᠯᠢ᠎ᠪᠡᠷ ᠥᠩᠭᠡᠷᠡᠬᠦ᠌᠎ᠳᠦ ᠸᠢᠰᠠᠯᠠᠬᠤ᠎ᠡᠴᠡ ᠬᠡᠯᠲᠦᠷᠢᠭᠦᠯᠦᠭᠰᠡᠨ ᠤᠯᠤᠰ 55 ᠪᠣᠯᠪᠠ; ᠯᠠᠲ᠋ᠢᠨ ᠠᠮᠧᠷᠢᠺᠠᠯᠤᠭᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ ᠪᠣᠷᠣ ᠲᠥᠯᠥᠪ᠎ᠦᠨ ᠳᠣᠲᠣᠷ᠎ᠠ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠢ ᠨᠡᠢ᠌ᠳᠡ 200 ᠭᠠᠷᠤᠢ ᠬᠡᠷᠡᠭ᠌ᠵᠢᠭᠦᠯᠪᠡ; ᠠᠹᠷᠢᠺᠠ ᠲᠢᠪ᠎ᠦᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 53 ᠤᠯᠤᠰ᠎ᠲᠤ 100 % ᠵᠢᠨ ᠭᠠᠢᠯᠢ᠎ᠶ᠋ᠢᠨ ᠲᠦᠷᠦᠯ᠎ᠦᠨ ᠦᠢᠯᠡᠳᠬᠦᠨ᠎ᠡᠴᠡ ᠪᠣᠭᠣᠮᠲᠠ᠎ᠶ᠋ᠢᠨ ᠭᠠᠢᠯᠢ ᠬᠤᠷᠢᠶᠠᠬᠤ ᠦᠭᠡᠢ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ ᠭᠡᠵᠦ᠍ ᠨᠡᠢᠲᠡᠯᠡᠪᠡ; ᠳᠡᠭᠡᠷ᠎ᠡ ᠬᠠᠭᠠᠰ ᠵᠢᠯ᠎ᠳᠦ 190 ᠭᠠᠷᠤᠶ ᠤᠯᠤᠰ ᠪᠠ ᠭᠠᠵᠠᠷ ᠣᠷᠣᠨ ᠯᠤᠭ᠎ᠠ᠎ᠶ᠋ᠢᠨ ᠤᠷᠤᠭᠤᠯᠤᠯᠳᠠ ᠭᠠᠷᠭᠠᠯᠳᠠ ᠨᠡᠮᠡᠭ᠌ᠳᠡᠪᠡ ᠁
《ᠡᠳᠦᠷ ᠢᠷᠡᠬᠦᠶ᠎ᠡ ᠲᠥᠰᠦᠭᠡᠯᠡᠬᠦ᠌᠎ᠶ᠋ᠢᠨ ᠠᠷᠭ᠎ᠠ ᠦᠭᠡᠢ ᠪᠤᠯᠵᠤ ᠪᠠᠢᠭ᠎ᠠ ᠪᠦᠬᠦ᠌ ᠪᠥᠮᠪᠥᠷᠴᠡᠭ᠎ᠦᠨ ᠣᠷᠴᠢᠨ᠎ᠳᠤ᠂ ᠳᠤᠮᠳᠠᠳᠤ ᠤᠯᠤᠰ ᠪᠣᠯ ᠲᠣᠭ᠍ᠲᠠᠭᠠᠯᠲᠤ ᠴᠢᠨᠠᠷᠲᠠᠢ ᠪᠠᠶᠠᠨ ᠪᠦᠷᠢᠳᠦ ᠪᠣᠯᠤᠨ᠎ᠠ》᠂ 《ᠪᠢᠳᠡ ᠳᠤᠮᠳᠠᠳᠤ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠳᠤ ᠢᠲᠡᠭᠡᠯ ᠲᠡᠢ ᠪᠠᠢᠭ᠎ᠠ᠎ᠶ᠋ᠢᠨ ᠤᠴᠢᠷ ᠨᠢ ᠪᠢᠳᠡ ᠪᠣᠯᠤᠨ ᠳᠤᠮᠳᠠᠳᠤ ᠤᠯᠤᠰ ᠴᠥᠮ ᠤᠷᠳᠤ ᠬᠤᠭᠤᠴᠠᠭᠠᠨ᠎ᠤ ᠬᠥᠭ᠌ᠵᠢᠯᠲᠡ᠎ᠶ᠋ᠢ ᠪᠣᠳᠣᠯᠬᠢᠯᠠᠭ᠍ᠰᠠᠨ᠎ᠳᠤ ᠪᠤᠢ》 ᠁ ᠤᠯᠠᠨ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠬᠥᠮᠦᠰ᠎ᠦᠨ ᠬᠠᠮᠲᠤ᠎ᠶ᠋ᠢᠨ ᠲᠠᠨᠢᠯᠲᠠ ᠨᠢ᠂ ᠳᠤᠮᠳᠠᠳᠤ ᠤᠯᠤᠰ ᠪᠣᠯ ᠳᠡᠯᠡᠬᠡᠢ᠎ᠳᠦ ᠬᠠᠨᠳᠤᠭᠤᠯᠤᠭ᠍ᠰᠠᠨ ᠪᠡᠯᠡ ᠣᠷᠣᠭᠤᠯᠤᠯᠲᠠ᠎ᠶ᠋ᠢᠨ ᠬᠠᠯᠠᠭᠤᠨ ᠬᠥᠷᠥᠰᠥ᠍᠂ ᠬᠠᠮᠲᠤᠷᠠᠯᠴᠠᠭᠠᠨ᠎ᠤ ᠬᠠᠯᠠᠭᠤᠨ ᠬᠥᠷᠥᠰᠥ᠍᠂ ᠱᠢᠨ᠎ᠡ᠎ᠶ᠋ᠢ ᠡᠭᠦᠳᠬᠦ᠌ ᠬᠠᠯᠠᠭᠤᠨ ᠬᠥᠷᠥᠰᠥ᠍᠂ ᠳᠡᠯᠡᠬᠡᠢ᠎ᠶ᠋ᠢᠨ ᠠᠵᠤ ᠠᠬᠤᠢ᠎ᠶ᠋ᠢ ᠲᠤᠭᠳᠠᠪᠤᠷᠢᠵᠢᠭᠤᠯᠤᠭᠴᠢ ᠪᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠬᠤ᠎ᠶ᠋ᠢ ᠭᠦᠢᠴᠡᠳ ᠭᠡᠷᠡᠴᠢᠯᠡᠵᠡᠢ᠃
ᠪᠦᠬᠦ᠌ ᠪᠥᠮᠪᠥᠷᠴᠡᠭ᠎ᠦᠨ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠭᠤᠨ᠎ᠢ ᠢᠳᠡᠪᠬᠢᠲᠡᠢ ᠬᠠᠮᠠᠭᠠᠯᠠᠨ᠎ᠠ —
ᠠᠽᠢᠶ᠎ᠠ ᠧᠦ᠋ᠷᠣᠫᠠ᠎ᠶ᠋ᠢᠨ ᠡᠬᠡ ᠬᠠᠭᠤᠷᠠᠶ ᠳᠡᠭᠡᠷ᠎ᠡ ᠬᠥᠷᠰᠢ ᠵᠡᠷᠭᠡᠯᠡᠳᠡᠭᠡ ᠰᠠᠭᠤᠵᠤ ᠪᠠᠢᠭ᠎ᠠ ᠬᠣᠶᠠᠷ ᠲᠣᠮᠣ ᠤᠯᠤᠰ ᠪᠣᠯᠤᠭ᠍ᠰᠠᠨ᠎ᠤ ᠬᠤᠪᠢ᠎ᠳᠤ᠂ ᠳᠤᠮᠳᠠᠳᠤ ᠣᠷᠣᠰ ᠳᠡᠯᠡᠬᠡᠶ᠎ᠶ᠋ᠢᠨ ᠡᠩᠬᠡ ᠲᠠᠢᠪᠤᠩ ᠬᠥᠭ᠌ᠵᠢᠯᠲᠡ᠎ᠶ᠋ᠢ ᠬᠠᠮᠠᠭᠠᠯᠠᠬᠤ᠎ᠳᠤ ᠣᠨᠴᠠᠭᠠᠶ ᠬᠠᠷᠢᠭᠤᠴᠠᠯᠭ᠎ᠠ ᠲᠡᠢ ᠶᠤᠮ᠃ 2013 ᠣᠨ᠎ᠳᠤ ᠣᠷᠣᠰ᠎ᠲᠤ ᠠᠢᠯᠴᠢᠯᠠᠬᠤ ᠦᠶ᠎ᠡ᠎ᠳᠦ᠂ ᠲᠡᠷᠢᠭᠦᠯᠡᠭ᠌ᠴᠢ ᠰᠢ ᠵᠢᠨ ᠫᠢᠩ᠄ 《ᠨᠢᠭᠡᠨ ᠥᠨᠳᠥᠷ ᠲᠦᠪᠱᠢᠨ ᠪᠥᠬᠥᠶ᠂ ᠴᠢᠩᠭ᠎ᠠ ᠬᠦᠴᠦᠲᠡᠶ ᠳᠤᠮᠳᠠᠳᠤ ᠣᠷᠣᠰ᠎ᠤᠨ ᠬᠠᠷᠢᠯᠴᠠᠭ᠎ᠠ ᠨᠢ ᠳᠤᠮᠳᠠᠳᠤ ᠣᠷᠣᠰ ᠬᠣᠶᠠᠷ ᠲᠠᠯ᠎ᠠ᠎ᠶ᠋ᠢᠨ ᠠᠱᠢᠭ ᠲᠤᠰᠠ᠎ᠳᠤ ᠨᠡᠢᠴᠡᠬᠦ᠌᠎ᠪᠡᠷ ᠪᠠᠷᠠᠬᠤ ᠥᠬᠡᠶ ᠪᠠᠰᠠ ᠴᠤ᠌ ᠣᠯᠠᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠲᠡᠩᠴᠡᠭᠦᠷᠢ ᠪᠠ ᠳᠡᠯᠡᠬᠡᠶ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ》 ᠭᠡᠵᠤ ᠳᠤᠮᠳᠠᠳᠤ ᠣᠷᠣᠰ᠎ᠤᠨ ᠬᠠᠷᠢᠯᠴᠠᠭᠠᠨ᠎ᠤ ᠳᠡᠯᠡᠬᠡᠶ᠎ᠶ᠋ᠢᠨ ᠠᠴᠢ ᠬᠣᠯᠪᠣᠭ᠍ᠳᠠᠯ᠎ᠢ ᠲᠠᠢᠯᠪᠤᠷᠢᠯᠠᠪᠠ᠃
ᠵᠢᠯ᠎ᠤᠨ ᠡᠭᠢᠨ᠎ᠡᠴᠡ ᠨᠠᠭᠠᠰᠢ᠂ ᠲᠡᠷᠢᠭᠦᠯᠡᠭ᠌ᠴᠢ ᠰᠢ ᠵᠢᠨ ᠫᠢᠩ ᠶᠡᠷᠦᠩᠬᠡᠢᠯᠡᠭ᠌ᠴᠢ ᠫᠦᠲ᠋ᠢᠨ ᠲᠠᠢ ᠦᠷᠭᠦᠯᠵᠢᠯᠡᠨ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠨᠢᠭ᠍ᠲᠠ ᠶᠠᠪᠤᠯᠴᠠᠭ᠎ᠠ᠎ᠪᠠᠨ ᠪᠠᠲᠤᠯᠠᠪᠠ᠃ 《ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠠᠪᠠᠵᠤ᠂ ᠪᠡᠷᠬᠡ ᠪᠣᠭᠣᠮᠲᠠ᠎ᠶ᠋ᠢ ᠬᠠᠮᠲᠤ᠎ᠪᠠᠷ ᠳᠤᠭᠤᠯᠬᠤ ᠬᠡᠷᠡᠭ᠌ᠲᠡᠶ》᠂ 5 ᠰᠠᠷ᠎ᠠ᠎ᠳᠤ ᠮᠣᠰᠺᠸᠠ᠎ᠳᠤ ᠠᠢᠯᠴᠢᠯᠠᠭ᠍ᠰᠠᠨ ᠲᠡᠷᠢᠭᠦᠯᠡᠭ᠌ᠴᠢ ᠰᠢ ᠵᠢᠨ ᠫᠢᠩ᠎ᠦᠨ ᠳᠤᠮᠳᠠᠳᠤ ᠣᠷᠣᠰ᠎ᠤᠨ ᠬᠠᠷᠢᠯᠴᠠᠭᠠᠨ᠎ᠤ ᠲᠤᠬᠠᠶ ᠬᠤᠷᠢᠶᠠᠩᠭᠤᠢᠯᠠᠯ ᠨᠢ ᠬᠣᠶᠠᠷ ᠲᠣᠮᠣ ᠤᠯᠤᠰ᠎ᠤᠨ ᠲᠦᠷᠭᠡᠨ ᠬᠤᠪᠢᠷᠠᠵᠤ ᠪᠠᠢᠭ᠎ᠠ ᠳᠡᠯᠡᠬᠡᠶ᠎ᠶ᠋ᠢᠨ ᠬᠤᠪᠢᠷᠠᠯᠲᠠ᠎ᠶ᠋ᠢᠨ ᠳᠤᠮᠳᠠ ᠢᠷᠡᠭᠡᠳᠦᠶ᠎ᠳᠦ ᠬᠠᠨᠳᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠰᠣᠩᠭᠣᠯᠲᠠ᠎ᠶ᠋ᠢ ᠬᠠᠷᠠᠭᠤᠯᠤᠭ᠍ᠰᠠᠨ ᠪᠠᠢᠨ᠎ᠠ᠃ ᠪᠦᠬᠦ᠌ ᠪᠥᠮᠪᠥᠷᠴᠡᠭ᠎ᠦᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ ᠪᠠᠢᠳᠠᠯ᠎ᠤᠨ ᠲᠤᠬᠠᠢ ᠳᠤᠮᠳᠠᠳᠤ ᠤᠷᠤᠰ᠎ᠤᠨ ᠬᠠᠮᠲᠤᠷᠠᠭ᠍ᠰᠠᠨ ᠢᠯᠡᠷᠬᠡᠢᠯᠡᠯᠲᠡ᠂ ᠤᠯᠠᠨ ᠤᠯᠤᠰ᠎ᠤᠨ ᠬᠠᠤᠯᠢ᠎ᠶ᠋ᠢᠨ ᠡᠷᠬᠡ ᠰᠦᠷ᠎ᠢ ᠬᠠᠮᠠᠭᠠᠯᠠᠬᠤ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠬᠤ ᠲᠤᠬᠠᠢ ᠳᠤᠮᠳᠠᠳᠤ ᠤᠷᠤᠰ᠎ᠤᠨ ᠬᠠᠮᠲᠤᠷᠠᠭ᠍ᠰᠠᠨ ᠢᠯᠡᠷᠬᠡᠢᠯᠡᠯᠲᠡ ᠨᠢ ᠤᠯᠠᠨ ᠤᠯᠤᠰ᠎ᠤᠨ ᠡᠮᠬᠢ ᠵᠢᠷᠤᠮ᠎ᠢ ᠭᠠᠷ ᠬᠣᠯᠪᠣᠯᠴᠠᠨ ᠬᠠᠮᠠᠭᠠᠯᠠᠬᠤ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠴᠤᠤᠷᠢᠶᠠᠲᠤᠭᠤᠯᠪᠠ᠃
ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠲᠣᠭ᠍ᠲᠠᠭᠤᠨ᠂ ᠡᠷᠡᠭᠦᠯ᠂ ᠦᠷᠭᠦᠯᠵᠢᠯᠡᠨ ᠬᠥᠭ᠌ᠵᠢᠬᠦ ᠨᠢ ᠬᠣᠶᠠᠷ ᠤᠯᠤᠰ᠎ᠤᠨ ᠠᠷᠠᠳ ᠲᠦᠮᠡᠨ᠎ᠳᠤ ᠪᠣᠯ ᠠᠵᠠ ᠵᠢᠷᠭᠠᠯ᠂ ᠪᠦᠬᠦᠢᠯᠡ ᠳᠡᠯᠡᠬᠡᠢ ᠶᠢᠷᠲᠢᠨᠴᠦ᠍᠎ᠳᠤ ᠪᠣᠯ ᠰᠠᠢᠨ ᠮᠡᠳᠡᠭᠡ ᠮᠥᠨ᠃ 《ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠭᠡᠬᠦ᠌᠂ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠵᠠᠷᠴᠢᠮ᠎ᠢᠶᠠᠷ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠣᠶᠠᠷ ᠤᠯᠤᠰ ᠪᠣᠯᠤᠨ ᠳᠡᠯᠡᠬᠡᠢ ᠳ᠋ᠠᠬᠢᠨ᠎ᠳᠤ ᠠᠱᠢᠭ᠍ᠲᠠᠢ ᠶᠡᠬᠡ ᠶᠠᠪᠤᠳᠠᠯ᠂ ᠪᠣᠳᠠᠲᠤ ᠶᠠᠪᠤᠳᠠᠯ᠂ ᠰᠠᠢ᠌ᠨ ᠶᠠᠪᠤᠳᠠᠯ᠎ᠢ ᠢᠯᠡᠭᠦᠬᠡᠨ ᠬᠢᠬᠦ᠌ ᠬᠡᠷᠡᠭ᠌ᠲᠡᠢ》᠃ 1 ᠰᠠᠷ᠎ᠠ᠎ᠳᠤ᠂ ᠲᠡᠷᠢᠭᠦᠯᠡᠭ᠌ᠴᠢ ᠰᠢ ᠵᠢᠨ ᠫᠢᠩ ᠪᠣᠯᠵᠣᠭ᠎ᠠ᠎ᠪᠠᠷ ᠠᠮᠧᠷᠢᠺᠠ᠎ᠶ᠋ᠢᠨ ᠶᠡᠷᠦᠩᠬᠡᠢᠯᠡᠭ᠌ᠴᠢ᠎ᠪᠡᠷ ᠰᠣᠩᠭᠣᠭ᠍ᠳᠠᠭ᠍ᠰᠠᠨ ᠲᠸᠷᠠᠮᠫᠦ᠋ ᠲᠠᠢ ᠤᠲᠠᠰᠤ᠎ᠪᠠᠷ ᠶᠠᠷᠢᠯᠴᠠᠬᠤ᠎ᠳᠠᠭᠠᠨ ᠢᠳᠡ ᠬᠦᠴᠦᠲᠡᠢ ᠦᠭᠡ ᠬᠡᠯᠡᠵᠦ᠍᠂ ᠳᠣᠷᠣᠨᠠᠳᠠᠬᠢᠨ᠎ᠤ ᠲᠤᠮᠤ ᠤᠯᠤᠰ᠎ᠤᠨ ᠤᠳᠤᠷᠢᠳᠤᠭ᠍ᠴᠢ᠎ᠶ᠋ᠢᠨ ᠬᠤᠯᠠ᠎ᠶ᠋ᠢᠨ ᠬᠠᠷᠠᠴᠠ ᠪᠠ ᠪᠠᠭᠳᠠᠭᠠᠮᠵᠢᠳᠠᠢ ᠬᠡᠭᠦᠳᠡᠭ ᠴᠡᠭᠡᠵᠢ᠎ᠶ᠋ᠢ ᠢᠯᠡᠷᠡᠭᠦᠯᠪᠡ᠃
ᠳᠤᠮᠳᠠᠳᠤ ᠠᠮᠧᠷᠢᠺᠠ ᠬᠣᠶᠠᠷ ᠤᠯᠤᠰ ᠪᠣᠯᠤᠨ ᠳᠡᠯᠡᠬᠡᠢ ᠨᠡᠢᠭᠡᠮ᠎ᠢᠶᠡᠷ᠎ᠢᠶᠡᠨ ᠴᠥᠮ ᠠᠩᠬᠠᠷᠴᠤ᠌ ᠪᠠᠢᠭ᠎ᠠ ᠠᠵᠤ ᠠᠬᠤᠢ ᠠᠷᠠᠯᠵᠢᠶᠠᠨ᠎ᠤ ᠠᠰᠠᠭᠤᠳᠠᠯ᠎ᠤᠨ ᠲᠣᠭᠣᠷᠢᠨ᠎ᠳᠤ᠂ ᠲᠡᠷᠢᠭᠦᠯᠡᠭ᠌ᠴᠢ ᠰᠢ ᠵᠢᠨ ᠫᠢᠩ 6 ᠰᠠᠷ᠎ᠠ᠎ᠳᠤ ᠪᠣᠯᠵᠣᠭ᠎ᠠ᠎ᠪᠠᠷ ᠶᠡᠷᠦᠩᠬᠡᠢᠯᠡᠭ᠌ᠴᠢ ᠲᠸᠷᠠᠮᠫᠦ᠋ ᠲᠠᠢ ᠤᠲᠠᠰᠤ᠎ᠪᠠᠷ ᠶᠠᠷᠢᠯᠴᠠᠬᠤ᠎ᠳᠠᠭᠠᠨ ᠳᠤᠮᠳᠠᠳᠤ᠎ᠶ᠋ᠢᠨ ᠲᠠᠯ᠎ᠠ᠎ᠶ᠋ᠢᠨ ᠵᠣᠭ᠍ᠰᠣᠯᠲᠠ᠎ᠪᠠᠨ ᠲᠣᠳᠣᠷᠬᠠᠢᠯᠠᠨ ᠥᠭᠦᠯᠡᠵᠡᠢ᠄ 《ᠬᠣᠶᠠᠷ ᠲᠠᠯ᠎ᠠ᠎ᠪᠠᠷ᠎ᠢᠶᠠᠨ ᠨᠢᠭᠡᠨᠲᠡ ᠪᠠᠢᠭᠤᠯᠤᠭ᠍ᠰᠠᠨ ᠠᠵᠤ ᠠᠬᠤᠢ ᠠᠷᠠᠯᠵᠢᠶᠠᠨ᠎ᠤ ᠵᠥᠪᠳᠡᠯᠴᠡᠬᠦ᠌ ᠲᠣᠭ᠍ᠲᠠᠴᠠ᠎ᠪᠠᠨ ᠰᠠᠢᠲᠤᠷ ᠠᠱᠢᠭ᠍ᠯᠠᠵᠤ᠂ ᠡᠷᠬᠡ ᠲᠡᠭ᠌ᠰᠢ ᠣᠪᠣᠷ᠎ᠢ ᠪᠠᠷᠢᠮᠲᠠᠯᠠᠵᠤ᠂ ᠲᠤᠰ ᠲᠤᠰ᠎ᠤᠨ ᠠᠩᠬᠠᠷᠴᠤ᠌ ᠪᠠᠢᠭ᠎ᠠ ᠠᠰᠠᠭᠤᠳᠠᠯ᠎ᠢᠶᠠᠨ ᠬᠦᠨᠳᠦᠳᠭᠡᠵᠦ᠍᠂ ᠬᠣᠶᠠᠷ ᠲᠠᠯ᠎ᠠ᠎ᠪᠠᠷ᠎ᠢᠶᠠᠨ ᠠᠱᠢᠭ ᠬᠦᠷᠳᠡᠬᠦ᠌ ᠦᠷ᠎ᠡ ᠳ᠋ᠦᠩ᠎ᠢ ᠲᠡᠮᠡᠴᠡᠨ ᠣᠯᠤᠶ᠎ᠠ᠃ ᠡᠭᠦᠨ᠎ᠳᠦ ᠳᠤᠮᠳᠠᠳᠤ ᠤᠯᠤᠰ ᠦᠨᠡᠨᠴᠢ ᠰᠠᠨᠠᠭ᠎ᠠ ᠲᠡᠢ ᠪᠥᠭᠡᠳ ᠵᠠᠷᠴᠢᠮ ᠲᠡᠢ ᠶᠤᠮ》᠃
5 ᠰᠠᠷ᠎ᠠ᠎ᠶ᠋ᠢᠨ ᠵᠧᠨᠧᠸᠠᠳᠠᠬᠢ ᠳᠤᠮᠳᠠᠳᠤ ᠠᠮᠧᠷᠢᠺᠠ᠎ᠶ᠋ᠢᠨ ᠠᠵᠤ ᠠᠬᠤᠢ ᠠᠷᠠᠯᠵᠢᠶᠠᠨ᠎ᠤ ᠳᠡᠭᠡᠳᠦ ᠳᠠᠪᠬᠤᠷᠭ᠎ᠠ᠎ᠶ᠋ᠢᠨ ᠬᠡᠯᠡᠯᠴᠡᠭᠡ᠎ᠡᠴᠡ 6 ᠰᠠᠷ᠎ᠠ᠎ᠶ᠋ᠢᠨ ᠯᠤᠨᠳᠤᠨ᠎ᠳᠡᠬᠢ ᠳᠤᠮᠳᠠᠳᠤ ᠠᠮᠧᠷᠢᠺᠠ᠎ᠶ᠋ᠢᠨ ᠠᠵᠤ ᠠᠬᠤᠢ ᠠᠷᠠᠯᠵᠢᠶᠠᠨ᠎ᠤ ᠵᠥᠪᠳᠡᠯᠴᠡᠬᠦ᠌ ᠲᠣᠭ᠍ᠲᠠᠴᠠ᠎ᠶ᠋ᠢᠨ ᠠᠩᠬᠠᠳᠤᠭᠠᠷ ᠬᠤᠷᠠᠯ ᠬᠦᠷᠲᠡᠯ᠎ᠡ᠂ ᠲᠠᠬᠢᠭᠠᠳ 7 ᠰᠠᠷ᠎ᠠ᠎ᠶ᠋ᠢᠨ ᠰᠲ᠋ᠤᠺᠾᠤᠯᠮᠳᠡᠬᠢ ᠱᠢᠨ᠎ᠡ ᠨᠢᠭᠡ ᠡᠭᠡᠯᠵᠢ᠎ᠶ᠋ᠢᠨ ᠳᠤᠮᠳᠠᠳᠤ ᠠᠮᠧᠷᠢᠺᠠ᠎ᠶ᠋ᠢᠨ ᠠᠵᠤ ᠠᠬᠤᠢ ᠠᠷᠠᠯᠵᠢᠶᠠᠨ᠎ᠤ ᠬᠡᠯᠡᠯᠴᠡᠭᠡ ᠬᠦᠷᠲᠡᠯ᠎ᠡ ᠁ ᠭᠠᠳᠠᠭᠠᠳᠤ᠎ᠶ᠋ᠢᠨ ᠬᠢᠨ ᠳᠤᠮᠳᠠᠳᠤ ᠠᠮᠧᠷᠢᠺᠠ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ ᠶᠣᠰᠣᠭᠠᠷ᠂ ᠠᠰᠠᠭᠤᠳᠠᠯ᠎ᠢ ᠱᠢᠢᠳᠪᠦᠷᠢᠯᠡᠬᠦ᠌ ᠵᠥᠪ ᠴᠢᠭ᠌ᠯᠡᠯ᠎ᠢᠶᠡᠷ᠂ ᠵᠥᠷᠢᠯᠳᠦᠭᠡᠨ᠎ᠢᠶᠡᠨ ᠲᠣᠬᠢᠲᠠᠢ ᠱᠢᠢᠳᠪᠦᠷᠢᠯᠡᠵᠦ᠍᠂ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠍᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌ ᠱᠢᠨ᠎ᠡ ᠠᠯᠬᠤᠮ᠎ᠢ ᠠᠯᠬᠤᠬᠤ᠎ᠶ᠋ᠢ ᠬᠦᠰᠡᠵᠦ᠍ ᠪᠠᠢᠨ᠎ᠠ᠃
《ᠳᠤᠮᠳᠠᠳᠤ ᠧᠦ᠋ᠷᠣᠫᠠ ᠪᠣᠯ ᠪᠦᠷ ᠤᠯᠠᠨ ᠲᠠᠯᠠᠲᠤ ᠦᠵᠡᠯ᠎ᠢ ᠰᠠᠨᠠᠭᠠᠴᠢᠯᠠᠵᠤ᠂ ᠨᠡᠭᠡᠭᠡᠯᠲᠡᠲᠦ ᠬᠠᠮᠲᠤᠷᠠᠯᠴᠠᠭᠠᠨ᠎ᠤ ᠪᠦᠲᠦᠭᠡᠯᠴᠢ ᠬᠦᠴᠦᠨ᠎ᠢ ᠰᠠᠨᠠᠭᠠᠴᠢᠯᠠᠵᠤ ᠪᠠᠢᠳᠠᠭ᠂ ᠳᠡᠯᠡᠬᠡᠢ᠎ᠶ᠋ᠢᠨ ᠪᠠᠢᠳᠠᠯ ᠬᠡᠳᠦᠢ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠬᠤ ᠳᠤᠳᠤᠮ ᠳᠤᠮᠳᠠᠳᠤ ᠧᠦ᠋ᠷᠣᠫᠠ ᠳᠠᠷᠤᠢ ᠤᠯᠤᠯᠴᠠᠭ᠎ᠠ᠎ᠪᠠᠨ ᠴᠢᠩᠭᠠᠳᠭᠠᠵᠤ᠂ ᠢᠲᠡᠭᠡᠯᠴᠡᠭᠡ᠎ᠪᠡᠨ ᠨᠡᠮᠡᠭ᠌ᠳᠡᠭᠦᠯᠵᠦ᠍᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠪᠣᠯᠤᠨ᠎ᠠ᠃ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠲᠠᠱᠢᠷᠠᠮ᠎ᠢᠶᠠᠷ᠂ ᠲᠡᠷᠢᠭᠦᠯᠡᠭ᠌ᠴᠢ ᠰᠢ ᠵᠢᠨ ᠫᠢᠩ ᠲᠡᠦᠬᠡ᠎ᠶ᠋ᠢ ᠡᠷᠭᠢᠴᠡᠭᠦᠯᠵᠦ᠍᠂ ᠣᠳᠣᠬᠠᠨ᠎ᠤ ᠪᠠᠢᠳᠠᠯ᠎ᠳᠤ ᠰᠠᠭᠤᠷᠢᠯᠠᠨ᠂ ᠠᠯᠤᠰ ᠬᠡᠳᠦ᠍᠎ᠶ᠋ᠢ ᠪᠣᠳᠣᠯᠬᠢᠯᠠᠵᠤ᠂ ᠳᠦᠷᠪᠡᠨ ᠲᠠᠯ᠎ᠠ᠎ᠶ᠋ᠢᠨ ᠴᠢᠬᠤᠯᠠ ᠲᠤᠷᠱᠢᠯᠭ᠎ᠠ ᠪᠣᠯᠤᠨ ᠰᠡᠩᠬᠡᠷᠡᠭᠦᠯᠦᠯ᠎ᠢ ᠳ᠋ᠦᠩᠨᠡᠵᠦ᠍᠂ ᠭᠤᠷᠪᠠᠨ ᠲᠠᠯ᠎ᠠ᠎ᠶ᠋ᠢᠨ ᠵᠣᠷᠢᠯᠲᠠ ᠳᠤᠷᠠᠳᠴᠤ᠌᠂ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ᠎ᠶ᠋ᠢᠨ ᠳᠡᠯᠡᠬᠡᠢ᠎ᠶ᠋ᠢᠨ ᠬᠤᠪᠢᠰᠤᠯᠲᠠ᠎ᠶ᠋ᠢᠨ ᠳᠤᠮᠳᠠ ᠯᠠᠪᠳᠠᠭᠤᠨ᠎ᠢᠶᠠᠷ ᠬᠤᠯᠠ ᠠᠶᠠᠯᠠᠬᠤ᠎ᠳᠤ ᠴᠢᠭ᠌ᠯᠡᠯ᠎ᠢ ᠵᠢᠭᠠᠵᠤ ᠥᠭ᠌ᠴᠡᠢ᠃
ᠢᠰᠫᠠᠨᠢ᠎ᠶ᠋ᠢᠨ ᠲᠡᠷᠢᠭᠦᠨ ᠰᠠᠢᠳ ᠰᠠᠩᠴᠢᠶ᠍ᠸᠰ ᠭᠤᠷᠪᠠᠨ ᠵᠢᠯ᠎ᠦᠨ ᠲᠤᠷᠰᠢ ᠳᠤᠮᠳᠠᠳᠤ ᠤᠯᠤᠰ᠎ᠲᠤ ᠭᠤᠷᠪᠠᠳᠠᠬᠢ ᠤᠳᠠᠭ᠎ᠠ ᠠᠢᠯᠴᠢᠯᠠᠵᠤ᠂ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ᠂ ᠭᠸᠷᠮᠠᠨ᠎ᠤ ᠶᠡᠷᠦᠩᠬᠡᠢ ᠰᠠᠢᠳ ᠮᠦᠧᠧᠽᠢ ᠲᠤᠰ ᠲᠤᠰ ᠳᠤᠮᠳᠠᠳᠤ ᠤᠯᠤᠰ᠎ᠤᠨ ᠤᠳᠤᠷᠢᠳᠭᠤ ᠬᠥᠮᠦᠰ ᠲᠡᠢ ᠤᠲᠠᠰᠤ᠎ᠪᠠᠷ ᠶᠠᠷᠢᠯᠴᠠᠵᠤ᠂ ᠧᠦ᠋ᠷᠣᠫᠠ ᠲᠢᠪ᠎ᠦᠨ ᠬᠡᠷᠡᠭ ᠡᠷᠬᠢᠯᠡᠭ᠌ᠴᠢᠳ᠎ᠦᠨ ᠬᠤᠷᠠᠯ᠎ᠤᠨ ᠲᠡᠷᠢᠭᠦᠯᠡᠭ᠌ᠴᠢ ᠺᠸᠰᠲ᠋ᠠ᠂ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭᠠᠨ᠎ᠤ ᠵᠥᠪᠯᠡᠯ᠎ᠦᠨ ᠲᠡᠷᠢᠭᠦᠯᠡᠭ᠌ᠴᠢ ᠹᠸᠩᠳ᠋ᠸᠯᠡᠢ᠊·ᠡᠸᠨ ᠬᠠᠮᠲᠤᠪᠡᠷ ᠳᠤᠮᠳᠠᠳᠤ ᠤᠯᠤᠰ᠎ᠲᠤ ᠢᠷᠡᠵᠦ᠍᠂ ᠳᠤᠮᠳᠠᠳᠤ ᠧᠦ᠋ᠷᠣᠫᠠ᠎ᠶ᠋ᠢᠨ ᠤᠳᠤᠷᠢᠳᠭᠤ ᠬᠥᠮᠦᠰ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ ᠨᠡᠢᠲᠡᠯᠡᠪᠡ ᠁ ᠧᠦ᠋ᠷᠣᠫᠠ ᠲᠢᠪ᠎ᠦᠨ ᠳᠤᠮᠳᠠᠳᠤ ᠤᠯᠤᠰ᠎ᠯᠤᠭ᠎ᠠ᠎ᠶ᠋ᠢᠨ ᠶᠠᠪᠤᠯᠴᠠᠭ᠎ᠠ ᠬᠤᠷᠱᠢᠯᠴᠠᠭ᠎ᠠ᠎ᠶ᠋ᠢᠨ ᠪᠠᠢᠳᠠᠯ ᠨᠢ ᠳᠤᠮᠳᠠᠳᠤ ᠤᠯᠤᠰ᠎ᠯᠤᠭ᠎ᠠ ᠤᠯᠤᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠪᠣᠯ ᠵᠠᠢᠯᠠᠰᠢ ᠦᠭᠡᠢ ᠰᠣᠩᠭᠣᠯᠲᠠ ᠪᠣᠯᠬᠤ᠎ᠶ᠋ᠢ ᠭᠦᠢᠴᠡᠳ ᠬᠠᠷᠠᠭᠤᠯᠪᠠ᠃
— ᠳᠡᠯᠡᠬᠡᠶ᠎ᠶ᠋ᠢᠨ ᠡᠩᠬᠡ ᠲᠠᠢᠪᠤᠩ ᠠᠮᠤᠷ ᠲᠣᠭ᠍ᠲᠠᠭᠤᠨ᠎ᠢ ᠰᠡᠳᠭᠢᠯ ᠳᠡᠯᠪᠢᠨ ᠬᠠᠮᠠᠭᠠᠯᠠᠶ᠎ᠠ
6 ᠰᠠᠷ᠎ᠠ᠎ᠶ᠋ᠢᠨ ᠳᠤᠮᠳᠠᠴᠢ᠎ᠪᠠᠷ ᠢᠰᠷᠧᠯ᠎ᠳᠦ ᠴᠡᠷᠢᠭ᠎ᠦᠨ ᠶᠠᠪᠤᠳᠠᠯ᠎ᠤᠨ ᠮᠥᠷᠭᠥᠯᠳᠦᠭᠡᠨ ᠡᠭᠦᠰᠴᠡᠶ᠃ ᠳᠤᠮᠳᠠᠳᠤ ᠳᠣᠷᠣᠨᠠᠲᠤ᠎ᠶ᠋ᠢᠨ ᠳᠠᠢ᠌ᠨ᠎ᠦ ᠭᠠᠯ ᠭᠠᠽᠠ ᠤᠷᠤᠨ᠎ᠡᠴᠡ ᠬᠤᠷᠮᠤᠽ ᠬᠣᠭᠣᠯᠠᠢ ᠬᠦᠷᠲᠡᠯ᠎ᠡ ᠦᠷᠭᠦᠯᠵᠢᠯᠡᠵᠦ᠂ ᠭᠠᠵᠠᠷ ᠣᠷᠣᠨ᠎ᠤ ᠠᠮᠤᠷ ᠲᠦᠪᠱᠢᠨ᠎ᠦ ᠪᠠᠢᠳᠠᠯ ᠨᠡᠩ ᠠᠶᠤᠯ ᠲᠦᠭ᠌ᠰᠢᠭᠦᠷᠢ ᠲᠡᠢ ᠪᠣᠯᠪᠠ᠃ ᠲᠡᠷᠢᠭᠦᠯᠡᠭ᠌ᠴᠢ ᠰᠢ ᠵᠢᠨ ᠫᠢᠩ ᠲᠤᠯᠤᠯᠳᠤᠬᠤ᠎ᠪᠠᠨ ᠵᠤᠭᠰᠤᠵᠤ ᠲᠠᠢ᠌ᠨ ᠵᠣᠭ᠍ᠰᠣᠬᠤ᠎ᠶ᠋ᠢ ᠠᠬᠢᠭᠤᠯᠬᠤ ᠪᠣᠯ ᠪᠠᠷᠢᠨ ᠭᠦᠢᠴᠡᠳᠭᠡᠬᠦ᠌ ᠪᠠᠴᠢᠮ ᠡᠭᠦᠷᠭᠡ᠂ ᠡᠭᠡᠯ ᠠᠷᠠᠳ᠎ᠤᠨ ᠠᠮᠤᠷ ᠲᠦᠪᠱᠢᠨ᠎ᠢ ᠪᠠᠲᠤᠯᠠᠬᠤ ᠪᠣᠯ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ᠂ ᠶᠠᠷᠢᠯᠴᠠᠭ᠎ᠠ ᠬᠡᠯᠡᠯᠴᠡᠭᠡ᠎ᠶ᠋ᠢ ᠡᠬᠢᠯᠡᠭᠦᠯᠬᠦ᠌ ᠪᠣᠯ ᠦᠨᠳᠦᠰᠦᠨ ᠭᠠᠷᠬᠤ ᠵᠠᠮ᠂ ᠳᠡᠯᠡᠬᠡᠢ ᠨᠡᠢᠭᠡᠮ᠎ᠦᠨ ᠡᠩᠬᠡ ᠲᠠᠢᠪᠤᠩ᠎ᠢ ᠠᠬᠢᠭᠤᠯᠬᠤ ᠴᠢᠷᠮᠠᠢᠯᠭ᠎ᠠ ᠳᠤᠲᠠᠭ᠍ᠳᠠᠵᠤ ᠪᠣᠯᠤᠰᠢ ᠦᠭᠡᠢ ᠵᠡᠷᠭᠡ ᠲᠦᠷᠪᠡᠨ ᠲᠠᠯ᠎ᠠ᠎ᠶ᠋ᠢᠨ ᠵᠣᠷᠢᠯᠲᠠ ᠳᠤᠷᠠᠳᠴᠤ᠌᠂ ᠳᠤᠮᠳᠠᠳᠤ ᠳᠣᠷᠣᠨᠠᠲᠤ᠎ᠶ᠋ᠢᠨ ᠲᠦᠭ᠌ᠰᠢᠭᠦᠷᠢᠲᠦ ᠪᠠᠢᠳᠠᠯ᠎ᠢ ᠱᠢᠢᠳᠪᠦᠷᠢᠯᠡᠬᠦ᠌᠎ᠳᠦ ᠣᠶᠤᠨᠴᠢ ᠴᠢᠨᠠᠷ ᠪᠣᠯᠤᠨ ᠬᠠᠮᠲᠤ᠎ᠶ᠋ᠢᠨ ᠲᠠᠨᠢᠯᠲᠠ᠎ᠳᠤ ᠰᠠᠭᠤᠷᠢᠯᠠᠭ᠍ᠰᠠᠨ᠂ ᠪᠣᠳᠠᠲᠠᠢ᠎ᠶ᠋ᠢ ᠡᠷᠬᠢᠮᠯᠡᠭ᠌ᠰᠡᠨ ᠬᠡᠷᠡᠭ᠌ᠵᠢᠭᠦᠯᠵᠦ᠍ ᠪᠣᠯᠬᠤᠢᠴᠠ ᠳᠤᠮᠳᠠᠳᠤ ᠤᠯᠤᠰ᠎ᠤᠨ ᠲᠥᠰᠦᠯ᠎ᠢ ᠬᠠᠩᠭᠠᠪᠠ᠃
ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠪᠸᠯᠧᠮᠤᠨ ᠶᠡᠬᠡ ᠬᠤᠷᠠᠯ᠎ᠡᠴᠡ ᠡᠮᠦᠨ᠎ᠡ᠂ ᠪᠤᠢ ᠪᠦᠬᠦᠢ ᠬᠦᠯᠡᠮᠵᠢ᠎ᠶ᠋ᠢᠨ ᠬᠡᠢ ᠪᠡᠶᠡᠲᠦ᠍᠎ᠶ᠋ᠢ ᠪᠠᠭ᠍ᠲᠠᠭᠠᠭ᠍ᠰᠠᠨ ᠪᠦᠬᠦ᠌ ᠠᠵᠤ ᠠᠬᠤᠢ᠎ᠶ᠋ᠢᠨ ᠬᠦᠷᠢᠢ᠎ᠡ᠎ᠶ᠋ᠢ ᠬᠠᠮᠤᠷᠤᠭ᠍ᠰᠠᠨ 2035 ᠣᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ᠌ ᠬᠠᠷᠠᠯᠲᠠ᠎ᠶ᠋ᠢ ᠨᠡᠢᠲᠡᠯᠡᠬᠦ᠌᠎ᠪᠡᠷ ᠠᠮᠠᠯᠳᠠᠪᠠ; ᠡᠯ᠎ᠡ ᠲᠠᠯ᠎ᠠ᠎ᠶ᠋ᠢᠨ ᠬᠢᠨ ᠲᠡᠢ ᠭᠠᠷ ᠬᠣᠯᠪᠣᠯᠴᠠᠨ 《ᠵᠣᠬᠢᠶᠠᠮᠠᠯ ᠤᠶᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠬᠤ》 ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠬᠡ ᠬᠤᠷᠠᠯ᠎ᠤᠨ ᠱᠢᠢᠳᠪᠦᠷᠢ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠳᠡᠯᠡᠬᠡᠢ᠎ᠶ᠋ᠢᠨ ᠵᠣᠬᠢᠶᠠᠮᠠᠯ ᠤᠶᠤᠨ ᠴᠢᠳᠠᠪᠤᠷᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ᠎ᠶ᠋ᠢ ᠰᠠᠨᠠᠭᠠᠴᠢᠯᠠᠪᠠ; 2 ᠤᠯᠤᠰ ᠲᠡᠢ ᠬᠠᠮᠲᠤ᠎ᠪᠠᠷ ᠱᠢᠶᠠᠩᠭᠠᠩ᠎ᠳᠤ ᠤᠯᠠᠨ ᠤᠯᠤᠰ᠎ᠤᠨ ᠡᠶᠡᠳᠡᠭᠦᠯᠬᠦ᠌ ᠬᠦᠷᠢᠶᠡᠯᠡᠩ ᠪᠠᠢᠭᠤᠯᠤᠨ᠎ᠠ ᠁ ᠳᠤᠮᠳᠠᠳᠤ ᠤᠯᠤᠰ ᠴᠠᠭ ᠦᠶ᠎ᠡ᠎ᠶ᠋ᠢᠨ ᠤᠷᠤᠰᠭᠠᠯ᠎ᠤᠨ ᠡᠮᠦᠨ᠎ᠡ ᠬᠤᠰᠢᠭᠤᠷᠠᠵᠤ᠂ ᠪᠦᠬᠦ᠌ ᠪᠥᠮᠪᠥᠷᠴᠡᠭ᠎ᠦᠨ ᠬᠠᠮᠲᠤ᠎ᠶ᠋ᠢᠨ ᠥᠷᠢᠰᠥᠯᠳᠦᠭᠡᠨ᠎ᠢ ᠠᠷᠭᠠᠴᠠᠭᠠᠵᠤ᠂ ᠨᠡᠩ ᠰᠠᠢ᠌ᠨ ᠰᠠᠢᠬᠠᠨ ᠳᠡᠯᠡᠬᠡᠢ ᠶᠢᠷᠲᠢᠨᠴᠦ᠍᠎ᠶ᠋ᠢ ᠪᠦᠳᠦᠭᠡᠨ ᠪᠠᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠵᠢᠳᠬᠦᠨ᠎ᠡ᠃
ᠺᠸᠨᠢᠶᠠ᠎ᠶ᠋ᠢᠨ ᠶᠡᠷᠦᠩᠬᠡᠢᠯᠡᠭ᠌ᠴᠢ ᠷᠦᠲ᠋ᠤ᠋ 《ᠳᠤᠮᠳᠠᠳᠤ ᠤᠯᠤᠰ ᠣᠳᠣᠬᠠᠨ᠎ᠤ ᠲᠣᠭ᠍ᠲᠠᠭᠤᠨ ᠪᠤᠰᠤ ᠪᠠᠢᠳᠠᠯ᠎ᠳᠤ ᠲᠣᠭ᠍ᠲᠠᠪᠤᠷᠢᠵᠢᠭᠤᠯᠤᠭ᠍ᠴᠢ᠎ᠶ᠋ᠢᠨ ᠦᠢᠯᠡᠳᠦᠯ᠎ᠢᠶᠡᠨ ᠪᠠᠳᠠᠷᠠᠭᠤᠯᠵᠤ ᠪᠠᠢᠨ᠎ᠠ》 ᠭᠡᠵᠦ᠍ ᠦᠨᠡᠨ ᠰᠡᠳᠭᠢᠯ᠎ᠡᠴᠡ᠎ᠪᠡᠨ ᠮᠠᠭ᠍ᠲᠠᠨ ᠰᠠᠢᠱᠢᠶᠠᠵᠤ᠂ ᠦᠽᠪᠸᠺᠰᠲ᠋ᠠᠨ᠎ᠤ ᠶᠡᠷᠦᠩᠬᠡᠢᠯᠡᠭ᠌ᠴᠢ ᠮᠢᠷᠵᠢᠶᠤᠤᠶ᠍ᠸᠹ 《ᠣᠳᠣᠬᠠᠨ᠎ᠤ ᠳᠡᠯᠡᠬᠡᠢ᠎ᠶ᠋ᠢᠨ ᠶᠠᠮᠠᠷᠪᠠ ᠴᠢᠬᠤᠯᠠ ᠶᠡᠬᠡ ᠠᠰᠠᠭᠤᠳᠠᠯ᠎ᠢ ᠱᠢᠢᠳᠪᠦᠷᠢᠯᠡᠬᠦ᠌᠎ᠳᠦ ᠴᠥᠮ ᠳᠤᠮᠳᠠᠳᠤ ᠤᠯᠤᠰ᠎ᠡᠴᠡ ᠰᠠᠯᠵᠤ ᠴᠢᠳᠠᠬᠤ ᠦᠭᠡᠢ》 ᠭᠡᠵᠦ᠍᠂ ᠪᠷᠠᠽᠢᠯ᠎ᠤᠨ ᠶᠡᠷᠦᠩᠬᠡᠢᠯᠡᠭ᠌ᠴᠢ ᠯᠦᠯᠠ 《ᠳᠤᠮᠳᠠᠳᠤ᠎ᠶ᠋ᠢᠨ ᠲᠠᠯ᠎ᠠ᠎ᠶ᠋ᠢᠨ ᠪᠦᠬᠦ᠌ ᠪᠥᠮᠪᠥᠷᠴᠡᠭ᠎ᠦᠨ ᠥᠷᠢᠰᠥᠯᠳᠦᠭᠡᠨ᠎ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ ᠤᠯᠤᠰ᠎ᠲᠤ ᠬᠦᠴᠦᠨ ᠴᠢᠳᠠᠯ ᠪᠠ ᠢᠲᠡᠭᠡᠯ ᠣᠯᠭᠣᠪᠠ 》 ᠭᠡᠵᠦ᠍ ᠢᠯᠡᠳᠭᠡᠪᠡ ᠁
ᠬᠤᠪᠢᠷᠠᠯᠲᠠ᠎ᠳᠤ ᠵᠣᠬᠢᠴᠠᠭᠤᠯᠵᠤ᠂ ᠵᠣᠷᠢᠭ᠍ᠲᠠᠢ ᠬᠠᠷᠢᠭᠤᠴᠠᠯᠭ᠎ᠠ ᠡᠭᠦᠷᠭᠡᠯᠡᠯ᠎ᠢᠶᠡᠨ ᠭᠦᠢᠴᠡᠳᠭᠡᠬᠦ ᠬᠡᠷᠡᠭ᠌ᠲᠡᠢ᠃ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭ᠎ᠠ ᠨᠢ ᠬᠥᠮᠦᠨ ᠲᠥᠷᠥᠯᠬᠢᠲᠡᠨ᠎ᠦ ᠢᠷᠡᠭᠡᠳᠦᠶ᠎ᠳᠦ ᠰᠠᠨᠠᠭᠠᠰᠢᠷᠠᠭᠰᠠᠨ᠂ ᠠᠷᠠᠳ ᠲᠦᠮᠡᠨ᠎ᠦ ᠠᠵᠠ ᠵᠢᠷᠭᠠᠯ᠎ᠢ ᠪᠤᠳᠤᠯᠬᠢᠯᠠᠭᠰᠠᠨ ᠬᠠᠷᠢᠭᠤᠴᠠᠯᠭ᠎ᠠ ᠲᠡᠢ ᠲᠣᠮᠣ ᠤᠯᠤᠰ᠎ᠤᠨ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠪᠡ᠃
(ᠭᠤᠷᠪᠠ) ᠢᠷᠡᠭᠡᠳᠦᠢ᠎ᠶ᠋ᠢᠨ ᠵᠢᠭᠠᠨ ᠲᠠᠭᠠᠭᠤᠯᠭ᠎ᠠ
— 《ᠳᠡᠯᠡᠬᠡᠢ᠎ᠶ᠋ᠢᠨ ᠡᠩᠬᠡ ᠲᠠᠢᠪᠤᠩ᠂ ᠠᠮᠤᠷ ᠲᠦᠪᠱᠢᠨ᠂ ᠬᠥᠭ᠌ᠵᠢᠯ ᠴᠡᠴᠡᠭ᠌ᠯᠡᠯ᠂ ᠲᠠᠪᠱᠢᠯᠳᠠ ᠲᠠᠢ ᠰᠠᠷᠠᠭᠤᠯ ᠢᠷᠡᠭᠡᠳᠦᠢ ᠵᠦᠭ ᠤᠷᠤᠭᠰᠢᠯᠠᠬᠤ᠎ᠶᠢ ᠠᠬᠢᠭᠤᠯᠤᠨ᠎ᠠ》
4 ᠰᠠᠷ᠎ᠠ᠎ᠶ᠋ᠢᠨ 16 ᠤ᠋ ᠣᠷᠣᠶ ᠮᠠᠯᠠᠢᠱᠢᠶ᠎ᠠ᠎ᠶ᠋ᠢᠨ ᠶᠡᠷᠦᠩᠬᠡᠶ ᠰᠠᠢᠳ᠎ᠤᠨ ᠣᠷᠳᠣᠨ᠎ᠤ ᠳᠠᠢᠯᠠᠯᠭ᠎ᠠ᠎ᠶ᠋ᠢᠨ ᠲᠢᠩᠬᠢᠮ᠎ᠳᠦ ᠥᠩᠭᠡᠲᠦ ᠳ᠋ᠧᠩ ᠳᠤᠸᠠᠯᠠᠪᠠ᠃ ᠶᠡᠷᠦᠩᠬᠡᠢ ᠰᠠᠢᠳ ᠠᠨᠸᠠᠷ ᠲᠡᠷᠢᠭᠦᠯᠡᠭ᠌ᠴᠢ ᠰᠢ ᠵᠢᠨ ᠫᠢᠩ᠎ᠢ ᠤᠭ᠍ᠲᠤᠬᠤ ᠤᠷᠤᠢ᠎ᠶ᠋ᠢᠨ ᠳᠠᠢᠯᠠᠯᠭ᠎ᠠ ᠬᠢᠪᠡ᠃ ᠤᠯᠤᠰ ᠲᠦᠷᠦ᠍᠎ᠶ᠋ᠢᠨ ᠬᠠᠷᠢᠯᠴᠠᠭ᠎ᠠ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠡᠴᠡ ᠪᠣᠯᠪᠠᠰᠤᠨ᠎ᠢᠶᠠᠨ ᠬᠠᠷᠢᠯᠴᠠᠨ ᠲᠤᠯᠢᠳᠠᠬᠤ ᠬᠦᠷᠲᠡᠯ᠎ᠡ᠂ ᠬᠣᠶᠠᠷ ᠤᠯᠤᠰ᠎ᠤᠨ ᠤᠳᠤᠷᠢᠳᠭᠤ ᠬᠥᠮᠦᠨ ᠰᠠᠨᠠᠯ᠎ᠢᠶᠠᠨ ᠭᠦᠨᠵᠡᠭᠡᠢ ᠰᠣᠯᠢᠯᠴᠠᠪᠠ᠃
ᠶᠡᠷᠦᠩᠬᠡᠢ ᠰᠠᠢᠳ ᠠᠨᠸᠠᠷ 《ᠲᠡᠷᠢᠭᠦᠯᠡᠭ᠌ᠴᠢ ᠰᠢ ᠵᠢᠨ ᠫᠢᠩ ᠪᠣᠯ ᠭᠠᠷᠮᠠᠭᠠᠢ ᠤᠯᠤᠰ ᠲᠦᠷᠦ᠍᠎ᠶ᠋ᠢᠨ ᠤᠳᠤᠷᠢᠳᠤᠭ᠍ᠴᠢ ᠪᠣᠯᠬᠤ᠎ᠪᠠᠷ ᠪᠠᠷᠠᠬᠤ ᠦᠭᠡᠢ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠣᠰᠣ᠎ᠶ᠋ᠢ ᠭᠦᠨ ᠣᠢᠯᠠᠭᠠᠳᠠᠭ᠂ ᠨᠡᠩ ᠴᠤ᠌ ᠲᠣᠳᠣᠷᠬᠠᠢ ᠬᠦᠰᠡᠯ ᠡᠷᠡᠮᠡᠯᠵᠡᠯ ᠲᠡᠢ᠂ ᠪᠣᠯᠪᠠᠰᠤᠨ᠎ᠤ ᠦᠨ᠎ᠡ ᠦᠷᠳᠡᠭ᠎ᠢ ᠣᠢᠯᠠᠭᠠᠳᠠᠭ ᠠᠭᠤᠤ ᠬᠥᠮᠦᠨ ᠮᠥᠨ》 ᠭᠡᠵᠦ᠍ ᠪᠢᠱᠢᠷᠡᠵᠦ᠍᠂ 《ᠳᠤᠮᠳᠠᠳᠤ ᠤᠯᠤᠰ᠎ᠤᠨ ᠬᠦᠴᠦᠨ᠎ᠢ ᠦᠨᠡᠨ ᠬᠦ᠌ ᠢᠯᠡᠷᠡᠭᠦᠯᠦᠭ᠌ᠰᠡᠨ ᠨᠢ ᠡᠯ᠎ᠡ ᠲᠠᠯ᠎ᠠ᠎ᠶ᠋ᠢᠨ ᠠᠮᠵᠢᠯᠲᠠ ᠪᠦᠲᠦᠮᠵᠢ ᠲᠡᠳᠦᠢ ᠪᠢᠰᠢ᠂ ᠨᠡᠩ ᠴᠤ᠌ ᠬᠠᠷᠰᠢ ᠰᠠᠭᠠᠳ᠎ᠢ ᠯᠠᠪᠳᠠᠭᠤᠨ᠎ᠢᠶᠠᠷ ᠠᠷᠭᠠᠴᠠᠭᠠᠵᠤ᠂ ᠲᠤᠭᠳᠠᠭᠠᠯᠳᠤ ᠪᠤᠰᠤ ᠴᠢᠨᠠᠷ᠎ᠢ ᠡᠷᠡᠰ᠎ᠢᠶᠡᠷ ᠠᠷᠭᠠᠴᠠᠭᠠᠬᠤ ᠤᠶᠠᠨ ᠬᠠᠳᠠᠨ ᠴᠢᠨᠠᠷ ᠶᠤᠮ》 ᠭᠡᠵᠦ᠍ ᠮᠠᠭ᠍ᠲᠠᠨ ᠰᠠᠢᠱᠢᠶᠠᠵᠤ᠂ 《ᠳᠤᠮᠳᠠᠳᠤ ᠤᠯᠤᠰ᠎ᠤᠨ ᠠᠪᠴᠢᠷᠠᠭ᠍ᠰᠠᠨ ᠨᠢ ᠲᠣᠭ᠍ᠲᠠᠪᠤᠷᠢᠲᠤ ᠴᠢᠨᠠᠷ ᠯᠡ ᠲᠡᠳᠦᠢ ᠪᠢᠰᠢ᠂ ᠨᠡᠩ ᠴᠤ᠌ ᠥᠨᠢ ᠤᠳᠠᠭᠠᠨ᠎ᠤ ᠢᠷᠡᠭᠡᠳᠦᠢ᠎ᠶ᠋ᠢᠨ ᠬᠦᠰᠡᠯ ᠡᠷᠡᠮᠡᠯᠵᠡᠯ ᠮᠥᠨ》 ᠭᠡᠵᠦ᠍ ᠦᠵᠡᠪᠡ᠃
ᠳᠡᠯᠡᠬᠡᠢ᠎ᠶ᠋ᠢᠨ ᠤᠯᠠᠨ ᠲᠤᠢᠯᠵᠢᠯᠳᠡᠶ᠋ᠢᠨ ᠤᠷᠤᠰᠭᠠᠯ ᠡᠳᠦᠷ ᠢᠷᠡᠬᠦᠶ᠎ᠡ ᠱᠢᠷᠦᠭᠦᠰᠴᠦ᠍᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ ᠬᠠᠮᠳᠤᠯᠢᠭ᠎ᠤᠨ ᠴᠢᠨᠠᠷᠲᠠᠢ ᠰᠡᠷᠭᠦᠨ ᠮᠠᠨᠳᠤᠵᠤ᠂ ᠤᠳᠤᠬᠢᠴᠢᠯᠠᠯᠳᠠ᠎ᠶ᠋ᠢ ᠬᠠᠮᠳᠦᠪᠡᠷ ᠬᠦᠭᠡᠭᠡᠴᠡᠯᠳᠦᠬᠦ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ ᠬᠦᠰᠡᠯ ᠱᠠᠭᠠᠷᠳᠠᠯᠭ᠎ᠠ ᠨᠡᠩ ᠲᠤᠯᠭᠠᠮ ᠪᠣᠯᠪᠠ᠃ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠱᠢᠨ᠎ᠡ 《ᠰᠡᠬᠡᠭᠡᠷᠡᠯ᠎ᠦᠨ ᠴᠠᠭ ᠦᠶ᠎ᠡ》 ᠳ᠋ᠦ᠍᠂ ᠳᠤᠮᠳᠠᠳᠤ ᠤᠯᠤᠰ ᠶᠠᠪᠤᠬᠤ ᠲᠤᠳᠤᠮ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ 《ᠲᠤᠷᠤᠨᠠᠳᠠᠬᠢᠨ ᠲᠡᠢᠰᠢ ᠬᠠᠷᠠᠬᠤ》 ᠨᠢ ᠱᠢᠨ᠎ᠡ ᠴᠠᠭ ᠦᠶ᠎ᠡ᠎ᠶ᠋ᠢᠨ ᠤᠷᠤᠰᠭᠠᠯ ᠪᠣᠯᠪᠠ᠃
— ᠳᠡᠯᠡᠬᠡᠢ ᠳ᠋ᠠᠬᠢᠨ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠦᠨ ᠪᠦᠲᠦᠭᠡᠬᠦ᠌ ᠰᠦᠪᠡᠭ᠌ᠴᠢᠯᠡᠯᠳᠡ᠎ᠶ᠋ᠢ ᠣᠯᠵᠤ ᠬᠠᠷᠠᠪᠠ
ᠦᠽᠪᠸᠺᠰᠲ᠋ᠠᠨ᠎ᠤ ᠶᠡᠷᠦᠩᠬᠡᠢᠯᠡᠭ᠌ᠴᠢ ᠮᠢᠷᠵᠢᠶᠤᠤᠶ᠍ᠸᠹ ᠦᠽᠪᠸᠺᠰᠲ᠋ᠠᠨᠬᠡᠯᠡᠨᠤ ᠬᠡᠪᠯᠡᠯ᠎ᠦᠨ 《ᠶᠠᠳᠠᠭᠤ᠎ᠡᠴᠡ ᠠᠩᠭᠢᠵᠢᠷᠠᠶ᠎ᠠ》ᠭᠡᠬᠦ᠌ ᠨᠣᠮ᠎ᠤᠨ ᠣᠷᠣᠱᠢᠯ᠎ᠳᠠᠭᠠᠨ᠂ ᠲᠤᠰ ᠨᠣᠮ 《30 ᠭᠠᠷᠤᠢ ᠵᠢᠯ᠎ᠦᠨ ᠲᠠᠷᠠᠭ᠎ᠠ ᠴᠦ᠍ ᠤᠯᠤᠰ᠎ᠤᠨ ᠨᠡᠢᠭᠡᠮ᠎ᠦᠨ ᠵᠠᠰᠠᠯᠲᠠ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯ ᠲᠡᠢ ᠪᠠᠢᠭ᠍ᠰᠠᠭᠠᠷ ᠶᠤᠮ》 ᠭᠡᠵᠦ᠍ ᠬᠡᠯᠡᠵᠡᠢ; ᠢᠯᠢ᠎ᠶ᠋ᠢᠨ ᠶᠡᠷᠦᠩᠬᠡᠢᠯᠡᠭ᠌ᠴᠢ ᠪᠦᠧᠧᠯᠢᠴᠢ ᠢᠰᠫᠠᠨᠢ ᠬᠡᠯᠡᠨ᠎ᠦ ᠬᠡᠪᠯᠡᠯ᠎ᠦᠨ《ᠰᠢ ᠵᠢᠨ ᠫᠢᠩ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠲᠤᠬᠠᠢ ᠶᠠᠷᠢᠭ᠍ᠰᠠᠨ ᠨᠢ》 ᠭᠡᠬᠦ᠌ ᠨᠣᠮ᠎ᠤᠨ ᠳᠥᠷᠪᠡᠳᠦᠭᠡᠷ ᠪᠤᠳᠢ᠎ᠶ᠋ᠢ ᠪᠡᠶ᠎ᠡ᠎ᠳᠡᠭᠡᠨ ᠠᠪᠴᠤ᠌᠂ ᠲᠡᠷᠢᠭᠦᠯᠡᠭ᠌ᠴᠢ ᠰᠢ ᠵᠢᠨ ᠫᠢᠩ᠎ᠢᠶᠡᠷ ᠭᠠᠷᠤᠨ ᠦᠰᠦᠭ ᠵᠢᠷᠤᠭᠤᠯᠵᠤ ᠳᠤᠷᠠᠰᠭᠠᠯ ᠦᠯᠡᠳᠡᠭᠡᠵᠡᠢ; ᠭᠷᠸᠨᠠᠳᠠᠶ᠋ᠢᠨ ᠶᠡᠷᠦᠩᠬᠡᠶ ᠰᠠᠢᠳ ᠮᠢᠴᠸᠯ ᠳᠤᠮᠳᠠᠳᠤ ᠤᠯᠤᠰ᠎ᠲᠤ ᠠᠢᠯᠴᠢᠯᠠᠬᠤ᠎ᠳᠠᠭᠠᠨ 《ᠳᠤᠮᠳᠠᠳᠤ ᠤᠯᠤᠰ᠎ᠡᠴᠡ ᠲᠥᠷᠥ᠎ᠶ᠋ᠢ ᠵᠠᠰᠠᠵᠤ ᠵᠠᠰᠠᠭ᠎ᠢ ᠡᠷᠭᠢᠯᠡᠬᠦ᠌ ᠲᠤᠷᠱᠢᠯᠭ᠎ᠠ᠎ᠶ᠋ᠢ ᠰᠤᠷᠤᠯᠴᠠᠬᠤ ᠳᠤᠷᠠᠲᠠᠶ》 ᠭᠡᠵᠦ ᠢᠯᠡᠳᠭᠡᠪᠡ ᠁
ᠳᠡᠯᠡᠬᠡᠢ᠎ᠶ᠋ᠢᠨ ᠮᠠᠰᠢ ᠤᠯᠠᠨ ᠭᠠᠵᠠᠷ᠎ᠲᠤ᠂ ᠬᠥᠮᠦᠰ ᠳᠤᠮᠳᠠᠳᠤ ᠤᠯᠤᠰ᠎ᠤᠨ ᠣᠢᠯᠠᠭᠠᠭ᠍ᠳᠠᠬᠤᠨ᠂ ᠳᠤᠮᠳᠠᠳᠤ ᠤᠯᠤᠰ᠎ᠤᠨ ᠲᠥᠰᠦᠯ᠂ ᠳᠤᠮᠳᠠᠳᠤ ᠤᠯᠤᠰ᠎ᠤᠨ ᠰᠠᠨᠠᠭᠠᠴᠢᠯᠠᠭ᠎ᠠ᠎ᠶ᠋ᠢ ᠬᠠᠯᠠᠭᠤᠨ᠎ᠢᠶᠠᠷ ᠶᠠᠷᠢᠯᠴᠠᠵᠤ᠂ ᠳᠤᠮᠳᠠᠳᠤ ᠤᠯᠤᠰ᠎ᠤᠨ ᠦᠯᠢᠭᠡᠷ᠎ᠦᠨ ᠠᠷᠤ᠎ᠳᠠᠬᠢ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠷᠳᠡᠭ᠂ ᠳᠤᠮᠳᠠᠳᠤ ᠤᠯᠤᠰ᠎ᠤᠨ ᠬᠦᠴᠦᠨ᠎ᠢ ᠡᠷᠢᠯᠬᠢᠯᠡᠵᠦ᠍ ᠪᠠᠢᠨ᠎ᠠ᠃
ᠥᠨᠥᠳᠦᠷ᠎ᠦᠨ ᠳᠤᠮᠳᠠᠳᠤ ᠤᠯᠤᠰ᠎ᠤᠨ ᠬᠥᠭ᠌ᠵᠢᠯᠲᠡ ᠨᠢ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠲᠠ᠎ᠶ᠋ᠢᠨ ᠲᠡᠦᠬᠡᠨ ᠠᠬᠢᠴᠠ᠎ᠳᠤ ᠠᠯᠤᠰ ᠬᠡᠳᠦ᠍᠎ᠶ᠋ᠢᠨ ᠠᠴᠢ ᠬᠣᠯᠪᠣᠭ᠍ᠳᠠᠯ ᠲᠡᠢ ᠶᠤᠮ᠃ ᠥᠩᠭᠡᠷᠡᠭ᠌ᠰᠡᠨ᠎ᠳᠦ ᠶᠠᠳᠠᠭᠤ ᠪᠠᠭᠤᠷᠠᠢ ᠪᠠᠢᠭ᠍ᠰᠠᠨ ᠤᠯᠤᠰ ᠡᠳᠦᠭᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠣᠳᠣᠬᠢᠴᠢᠯᠠᠯᠲᠠ᠎ᠶ᠋ᠢᠨ ᠵᠠᠮ᠎ᠢ ᠬᠠᠢᠨ ᠰᠦᠪᠡᠭ᠌ᠴᠢᠯᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠴᠦ᠍᠂ ᠥᠷᠭᠡᠨ ᠤᠯᠠᠨ ᠬᠥᠭ᠌ᠵᠢᠵᠦ᠍ ᠪᠠᠢᠭ᠎ᠠ ᠤᠯᠤᠰ᠎ᠤᠨ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ᠎ᠳᠤ ᠭᠦᠨᠵᠡᠭᠡᠢ ᠰᠡᠩᠬᠡᠷᠡᠭᠦᠯᠦᠯ ᠪᠣᠯᠪᠠ᠃
ᠳᠡᠯᠡᠬᠡᠶ ᠳ᠋ᠠᠬᠢᠨᠭᠠᠷ ᠬᠣᠯᠪᠣᠯᠴᠠᠨ ᠣᠳᠣᠬᠢᠴᠢᠯᠠᠯᠲᠠ᠎ᠶ᠋ᠢᠨ ᠬᠦᠰᠡᠯ ᠵᠡᠭᠦᠳᠦ᠍᠎ᠶ᠋ᠢ ᠪᠡᠶᠡᠯᠡᠭᠦᠯᠬᠦ᠌ ᠯᠠᠪᠳᠠᠭᠤᠨ ᠪᠠᠲᠤᠲᠠᠶ ᠦᠶ᠋ᠯᠡᠳᠦᠯᠭᠡ᠎ᠶ᠋ᠢ ᠣᠯᠵᠤ ᠬᠠᠷᠠᠪᠠ —
4 ᠰᠠᠷ᠎ᠠ᠎ᠶ᠋ᠢᠨ ᠰᠡᠭᠦᠯᠴᠢ᠎ᠪᠡᠷ ᠶᠡᠷᠦᠩᠬᠡᠢ ᠱᠦᠵᠢ ᠰᠢ ᠵᠢᠨ ᠫᠢᠩ ᠱᠠᠩᠬᠠᠢ᠎ᠳᠤ ᠱᠢᠨᠵᠢᠯᠡᠨ ᠪᠠᠢᠴᠠᠭᠠᠵᠤ᠂ ᠵᠣᠬᠢᠶᠠᠮᠠᠯ ᠤᠶᠤᠨ ᠴᠢᠳᠠᠪᠤᠷᠢ᠎ᠶ᠋ᠢᠨ ᠠᠵᠤ ᠦᠢᠯᠡᠰ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠪᠠ᠃ ᠬᠤᠸᠠᠩ ᠫᠦ ᠵᠢᠶᠠᠩ ᠮᠥᠷᠡᠨ᠎ᠦ ᠬᠥᠪᠡᠭᠡᠨ᠎ᠳᠡᠬᠢ 《ᠮᠦᠸᠸ ᠰᠤ᠌ ᠣᠷᠣᠨ ᠵᠠᠢ》 ᠭᠡᠬᠦ᠌ ᠲᠤᠮᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢᠨ ᠨᠡᠢᠭᠡᠮ ᠲᠣᠭᠣᠷᠢᠭ᠂ ᠡᠯ᠎ᠡ ᠲᠦᠷᠦᠯ᠎ᠦᠨ ᠬᠥᠮᠦᠨ ᠳᠦᠷᠰᠦᠲᠦ ᠮᠠᠱᠢᠨ ᠬᠥᠮᠦᠨ ᠵᠡᠷᠭᠡ ᠬᠣᠱᠢᠭᠤᠷᠠᠯ ᠦᠢᠯᠡᠳᠬᠦᠨ ᠬᠥᠮᠦᠰ᠎ᠦᠨ ᠠᠩᠬᠠᠷᠤᠯ᠎ᠢ ᠲᠠᠲᠠᠵᠤ᠂ ᠢᠷᠡᠭᠡᠳᠦᠢ᠎ᠵᠢᠨ ᠵᠢᠷᠤᠭᠯᠠᠯ ᠬᠥᠮᠦᠰ᠎ᠦᠨ ᠬᠠᠷᠠᠭᠠᠨ᠎ᠳᠦ ᠲᠤᠳᠤᠷᠠᠨ᠎ᠠ᠃
《ᠳᠡᠯᠡᠬᠡᠶ ᠶᠢᠷᠲᠢᠨᠴᠦ᠍ ᠪᠣᠯ ᠡᠩᠬᠡ ᠲᠠᠢᠪᠤᠩ ᠶᠤᠮ》 ᠭᠡᠬᠦ᠌ ᠨᠣᠮ᠎ᠤᠨ ᠵᠣᠬᠢᠶᠠᠭ᠍ᠴᠢ᠂ 《ᠨᠢᠦ᠋ ᠶᠣᠷᠺ ᠴᠠᠭ ᠰᠣᠨᠢᠨ》᠎ᠤ ᠲᠤᠰᠭᠠᠶ ᠪᠤᠯᠤᠩ᠎ᠤᠨ ᠵᠣᠬᠢᠶᠠᠯᠴᠢ ᠲᠤᠮᠠᠰ·ᠹᠷᠢᠳᠧᠮᠠᠨ ᠡᠨᠡ ᠬᠠᠪᠤᠷ ᠱᠠᠩᠬᠠᠶ᠎ᠳᠤ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢ ᠲᠣᠭᠣᠷᠢᠨ ᠦᠵᠡᠭ᠌ᠰᠡᠨ᠎ᠦ ᠳᠠᠷᠠᠭ᠎ᠠ᠄ 《ᠪᠢ ᠰᠠᠶᠢ ᠢᠷᠡᠭᠡᠳᠦᠶ᠎ᠶ᠋ᠢ ᠣᠯᠵᠤ ᠬᠠᠷᠠᠪᠠ᠂ ᠭᠡᠪᠡᠴᠦ᠍ ᠲᠡᠷᠡ ᠨᠢ ᠠᠮᠧᠷᠢᠺᠠ᠎ᠳᠤ ᠪᠢᠰᠢ》 ᠭᠡᠵᠦ ᠪᠢᠴᠢᠪᠡ᠃
ᠳᠤᠮᠳᠠᠳᠤ ᠤᠯᠤᠰ᠎ᠤᠨ ᠡᠭᠦᠳᠦᠨ ᠪᠦᠲᠦᠭᠡᠬᠦ ᠪᠡᠷ ᠵᠢᠳᠭᠦᠭᠰᠡᠨ ᠢᠷᠡᠭᠡᠳᠦᠢ ᠪᠣᠯ ᠡᠷᠲᠡᠨ᠎ᠦ ᠬᠢ᠎ᠶ᠋ᠢ ᠪᠦᠲᠦᠭᠡᠯᠴᠢ ᠴᠢᠨᠠᠷᠳᠠᠢ ᠬᠦᠭᠵᠢᠭᠦᠯᠬᠦ᠂ ᠨᠡᠭᠡᠭᠡᠯᠲᠡᠲᠡᠢ ᠪᠠᠭ᠍ᠲᠠᠭᠠᠮᠵᠢᠲᠠᠢ᠂ ᠡᠶ᠎ᠡ ᠨᠠᠢᠷᠲᠠᠢ ᠬᠠᠮᠲᠤ ᠣᠷᠣᠱᠢᠬᠤ ᠢᠷᠡᠭᠡᠳᠦᠢ ᠶᠤᠮ᠃
ᠵᠢᠯ᠎ᠦᠨ ᠡᠬᠢᠨ᠎ᠡᠴᠡ ᠨᠠᠭᠠᠰᠢ᠂ ᠮᠠᠰᠢ ᠤᠯᠠᠨ ᠭᠠᠳᠠᠭᠠᠳᠤ ᠤᠯᠤᠰ᠎ᠤᠨ ᠤᠳᠤᠷᠢᠳᠭᠤ ᠬᠥᠮᠦᠰ ᠳᠤᠮᠳᠠᠳᠤ ᠤᠯᠤᠰ᠎ᠤᠨ ᠡᠯ᠎ᠡ ᠭᠠᠵᠠᠷ᠎ᠲᠤ ᠭᠦᠨᠵᠡᠭᠡᠢᠷᠡᠪᠡ᠄ ᠱᠢᠩᠭᠠᠫᠣᠷ᠎ᠤᠨ ᠶᠡᠷᠦᠩᠬᠡᠢ ᠰᠠᠢᠳ ᠬᠤᠸᠠᠩ ᠱᠢᠶᠦ᠋ᠨ ᠼᠠᠢ ᠪᠡᠭᠡᠵᠢᠩ᠎ᠳᠦ ᠬᠥᠮᠦᠨ ᠳᠦᠷᠰᠦᠲᠦ ᠮᠠᠱᠢᠨ ᠬᠥᠮᠦᠨ᠎ᠦ ᠱᠢᠨ᠎ᠡ᠎ᠶ᠋ᠢ ᠡᠭᠦᠳᠬᠦ᠌ ᠲᠥᠪ᠎ᠢ ᠰᠤᠨᠢᠷᠬᠠᠵᠤ᠂ ᠰᠸᠨ᠋ᠸᠭᠠᠯᠤᠨ ᠶᠡᠷᠦᠩᠬᠡᠢ ᠰᠠᠢᠳ ᠰᠦᠩᠺᠸ ᠵᠧᠵᠢᠶᠠᠩ᠎ᠳᠤ ᠬᠦᠷᠴᠦ᠍ ᠲᠣᠭᠠᠴᠢᠯᠠᠭ᠍ᠰᠠᠨ ᠠᠵᠤ ᠠᠬᠤᠢ ᠪᠠ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠱᠢᠨᠵᠢᠯᠡᠨ ᠪᠠᠢᠴᠠᠭᠠᠵᠤ᠂ ᠰᠷᠢ ᠯᠠᠨᠺᠠ ᠵᠢᠨ ᠶᠡᠷᠦᠩᠬᠡᠢᠯᠡᠭ᠌ᠴᠢ ᠳ᠋ᠢᠰᠠᠨᠠᠶᠠᠺ ᠰᠸᠴᠤᠸᠠᠨ᠎ᠳᠤ ᠭᠦᠨᠵᠡᠭᠡᠢᠷᠡᠨ ᠱᠢᠨ᠎ᠡ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ ᠪᠠ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ ᠬᠡᠷᠡᠭ᠌ᠯᠡᠯᠲᠡ᠎ᠶ᠋ᠢᠨ ᠪᠠᠢᠳᠠᠯ᠎ᠢ ᠱᠢᠨᠵᠢᠯᠡᠨ ᠪᠠᠢᠴᠠᠭᠠᠪᠠ ᠁
ᠲᠡᠳᠡᠨᠠᠷ ᠶᠠᠭᠤᠨ᠎ᠳᠤ ᠳᠤᠮᠳᠠᠳᠤ ᠤᠯᠤᠰ᠎ᠲᠤ ᠢᠷᠡᠬᠦ᠎ᠶᠢ ᠰᠤᠩᠭᠤᠭᠰᠠᠨ ᠪᠤᠢ? ᠬᠠᠷᠢᠭᠤᠯᠲᠠ ᠨᠢ ᠲᠡᠮᠦᠷ ᠵᠠᠮ᠂ ᠬᠥᠭᠥᠷᠭᠡ᠂ ᠭᠠᠷᠠᠮ᠂ ᠬᠦᠷᠢᠶᠡᠯᠡᠩ ᠲᠣᠭᠣᠷᠢᠭ᠂ ᠨᠡᠢᠭᠡᠮ ᠲᠣᠭᠣᠷᠢᠭ᠂ ᠲᠠᠷᠢᠶᠠᠨ ᠭᠠᠵᠠᠷ᠎ᠲᠤ ᠪᠢᠴᠢᠭᠳᠡᠵᠦ᠂ ᠨᠡᠭᠡᠭᠡᠯᠲᠡ ᠬᠢᠵᠦ᠍ ᠬᠠᠮᠲᠤᠷᠠᠯᠴᠠᠬᠤ ᠳᠤᠮᠳᠠᠳᠤ ᠤᠯᠤᠰ᠎ᠤᠨ ᠰᠠᠨᠠᠭᠠᠴᠢᠯᠠᠭ᠎ᠠ᠂ ᠳᠤᠮᠳᠠᠳᠤ ᠤᠯᠤᠰ᠎ᠤᠨ ᠠᠷᠭ᠎ᠠ ᠬᠡᠮᠵᠢᠶ᠎ᠡ᠂ ᠳᠤᠮᠳᠠᠳᠤ ᠤᠯᠤᠰ᠎ᠤᠨ ᠲᠥᠰᠦᠯ᠎ᠳᠦ ᠪᠢᠴᠢᠭᠳᠡᠵᠦ᠂ ᠳᠤᠮᠳᠠᠳᠤ ᠤᠯᠤᠰ ᠲᠡᠢ ᠭᠠᠷ ᠬᠣᠯᠪᠣᠯᠴᠠᠨ ᠬᠥᠭ᠌ᠵᠢᠯ ᠴᠡᠴᠡᠭ᠌ᠯᠡᠯ᠎ᠦᠨ ᠢᠷᠡᠭᠡᠳᠦᠶ᠎ᠶ᠋ᠢ ᠬᠠᠮᠲᠤ᠎ᠪᠠᠷ ᠴᠣᠭ᠍ᠴᠠᠯᠠᠬᠤ ᠡᠷᠡᠮᠡᠯᠵᠡᠯ᠎ᠳᠦ ᠪᠢᠴᠢᠭᠳᠡᠵᠡᠢ᠃
ᠥᠨᠥᠳᠦᠷ᠎ᠦᠨ ᠳᠤᠮᠳᠠᠳᠤ ᠤᠯᠤᠰ ᠶᠠᠭ ᠲᠣᠰ ᠪᠡᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠪᠡᠷ᠎ᠢᠶᠡᠨ ᠪᠤᠰᠤᠳ ᠤᠯᠤᠰ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠡᠯᠡᠬᠡᠶ᠎ᠶ᠋ᠢᠨ ᠡᠯ᠎ᠡ ᠤᠯᠤᠰ᠎ᠤᠨ ᠣᠳᠣᠬᠢᠴᠢᠯᠠᠯᠲᠠ᠎ᠶ᠋ᠢ ᠠᠬᠢᠭᠤᠯᠵᠤ ᠪᠠᠢᠨ᠎ᠠ᠄ ᠳᠤᠮᠳᠠᠳᠤ ᠸᠢᠶᠧᠲ᠋ᠨᠠᠮ᠎ᠤᠨ ᠲᠡᠮᠦᠷ ᠵᠠᠮ᠎ᠤᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠡᠬᠢᠯᠡᠭᠦᠯᠪᠡ; ᠳᠤᠮᠳᠠᠳᠤ ᠠᠹᠷᠢᠺᠠ ᠭᠠᠷ ᠬᠣᠯᠪᠣᠯᠴᠠᠨ 《ᠵᠢᠷᠭᠤᠭᠠᠨ ᠣᠳᠣᠬᠢᠴᠢᠯᠠᠯᠲᠠ》 ᠵᠢ ᠠᠬᠢᠭᠤᠯᠵᠤ᠂ 《ᠠᠷᠪᠠᠨ ᠶᠡᠬᠡ ᠬᠠᠨᠢᠲᠠᠨ᠎ᠤ ᠠᠵᠢᠯᠯᠠᠭ᠎ᠠ》 ᠵᠢ ᠬᠠᠮᠲᠤ᠎ᠪᠠᠷ ᠬᠡᠷᠡᠭ᠌ᠵᠢᠭᠦᠯᠪᠡ; ᠳᠤᠮᠳᠠᠳᠤ ᠤᠯᠤᠰ᠎ᠤᠨ ᠳᠤᠮᠳᠠᠳᠤ ᠠᠽᠢᠶ᠎ᠠ᠎ᠶ᠋ᠢᠨ ᠬᠠᠮᠲᠤᠷᠠᠯᠴᠠᠭᠠᠨ᠎ᠤ ᠪᠣᠷᠣ ᠲᠥᠯᠥᠪ᠎ᠦᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠴᠥᠭᠡᠳᠭᠡᠬᠦ᠌᠂ ᠰᠤᠷᠭᠠᠨ ᠬᠥᠮᠦᠵᠢᠯ᠎ᠦᠨ ᠰᠣᠯᠢᠯᠴᠠᠭ᠎ᠠ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠭᠤᠷᠪᠠᠨ ᠶᠡᠬᠡ ᠬᠠᠮᠲᠤᠷᠠᠯᠴᠠᠭᠠᠨ᠎ᠤ ᠲᠥᠪ᠎ᠢ ᠪᠠᠢᠭᠤᠯᠤᠨ᠎ᠠ; ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠲᠢᠪ᠎ᠦᠨ ᠬᠢᠨ ᠪᠦᠯᠬᠦᠮᠳᠡᠯ᠂ ᠬᠥᠭ᠌ᠵᠢᠯᠲᠡ᠂ ᠪᠣᠯᠪᠠᠰᠤᠨ᠂ ᠡᠩᠬᠡ ᠲᠠᠢᠪᠤᠩ᠂ ᠠᠷᠠᠳ᠎ᠤᠨ ᠰᠡᠳᠭᠢᠯ ᠭᠡᠬᠦ᠌ 《ᠲᠠᠪᠤᠨ ᠶᠡᠬᠡ ᠢᠨᠵᠧᠨᠧᠷᠢᠩ》 ᠢ᠋ ᠡᠬᠢᠯᠡᠭᠦᠯᠪᠡ ᠁
《ᠬᠡᠪᠴᠢᠶ᠎ᠡ ᠨᠢ ᠪᠠᠭ᠎ᠠ ᠮᠥᠷᠲᠡᠭᠡᠨ ᠨᠠᠷᠢᠯᠢᠭ ᠭᠣᠶᠣ》 ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠡᠴᠡ ᠲᠣᠮᠣ ᠵᠢᠷᠤᠭ ᠲᠥᠯᠥᠪᠯᠡᠭᠡ ᠬᠦᠷᠲᠡᠯ᠎ᠡ᠂ ᠴᠥᠮ ᠠᠷᠠᠳ ᠲᠦᠮᠡᠨ᠎ᠦ ᠠᠵᠠ ᠵᠢᠷᠭᠠᠯᠳᠤ ᠠᠩᠬᠠᠷᠤᠯ᠎ᠢᠶᠠᠨ ᠬᠠᠨᠳᠤᠭᠤᠯᠵᠤ᠂ ᠥᠷᠭᠡᠨ ᠣᠯᠠᠨ ᠬᠥᠭ᠌ᠵᠢᠵᠦ᠍ ᠪᠠᠢᠭ᠎ᠠ ᠤᠯᠤᠰ᠎ᠤᠨ ᠪᠡᠶ᠎ᠡ᠎ᠪᠡᠨ ᠳᠠᠭᠠᠭᠠᠵᠤ ᠬᠥᠭ᠌ᠵᠢᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠴᠡᠭᠡ᠎ᠳᠦ ᠬᠠᠷᠢᠭᠤᠯᠲᠠ ᠥᠭ᠌ᠴᠦ᠂ ᠠᠷᠭ᠎ᠠ ᠪᠣᠳᠣᠯᠭ᠎ᠠ᠎ᠪᠠᠷ ᠳᠡᠯᠡᠬᠡᠶ ᠳ᠋ᠠᠬᠢᠨ᠎ᠳᠤ ᠠᠱᠢᠭ ᠬᠦᠷᠲᠡᠭᠡᠬᠦ᠌ ᠠᠭᠤᠳᠠᠮ ᠴᠡᠭᠡᠵᠢ᠂ ᠥᠪᠡᠷ᠎ᠦᠨ ᠪᠡᠶ᠎ᠡ᠎ᠳᠡᠭᠡᠨ ᠠᠱᠢᠭ ᠬᠦᠷᠲᠡᠭᠡᠬᠦ᠌ ᠶᠡᠬᠡ ᠪᠠᠢᠷᠢᠱᠢᠯ᠎ᠢ ᠢᠯᠡᠷᠡᠭᠦᠯᠪᠡ᠃
ᠳᠡᠯᠡᠬᠡᠢ ᠳ᠋ᠠᠬᠢᠨᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠡᠭᠦᠷᠭᠡᠯᠡᠯ᠎ᠢ ᠣᠯᠵᠤ ᠬᠠᠷᠠᠪᠠ —
ᠲᠡᠷᠢᠭᠦᠯᠡᠭ᠌ᠴᠢ ᠰᠢ ᠵᠢᠨ ᠫᠢᠩ᠎ᠦᠨ ᠡᠨᠡ ᠵᠢᠯ᠎ᠦᠨ ᠳᠡᠭᠡᠷ᠎ᠡ ᠬᠠᠭᠠᠰ ᠵᠢᠯ᠎ᠦᠨ ᠠᠢᠯᠴᠢᠯᠠᠯᠲᠠ᠎ᠶ᠋ᠢ ᠡᠷᠭᠢᠴᠡᠭᠦᠯᠪᠡᠯ᠂ ᠳᠤᠮᠳᠠᠳᠤ ᠤᠯᠤᠰ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠢᠳᠡᠷᠡᠭᠦᠨ ᠠᠯᠬᠤᠭ᠎ᠠ᠎ᠶ᠋ᠢ ᠠᠯᠬᠤᠪᠠ᠃ ᠠᠷᠪᠠ ᠭᠠᠷᠤᠢ ᠵᠢᠯ᠎ᠦᠨ ᠲᠤᠷᠰᠢ᠂ ᠡᠷᠬᠢᠨ ᠲᠣᠭᠣᠷᠢᠨ᠎ᠠᠴᠠ᠎ᠪᠠᠨ ᠡᠬᠢᠯᠡᠵᠦ᠍᠂ ᠲᠠᠬᠢᠭᠠᠳ ᠮᠠᠰᠢ ᠤᠯᠠᠨ ᠤᠯᠤᠰ᠂ ᠭᠠᠵᠠᠷ ᠣᠷᠣᠨ ᠪᠣᠯᠤᠨ ᠬᠦᠷᠢᠶ᠎ᠡ ᠴᠠᠷᠠᠭ᠎ᠠ᠎ᠳᠦ ᠬᠦᠷᠲᠡᠯ᠎ᠡ ᠥᠷᠭᠡᠳᠭᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠶᠡᠬᠡ ᠵᠠᠮ ᠥᠷᠭᠡᠨ ᠠᠭᠤᠳᠠᠮ᠂ ᠬᠠᠮᠲᠤ ᠠᠶᠠᠯᠠᠭ᠍ᠴᠢ ᠤᠯᠠᠨ ᠪᠠᠢᠨ᠎ᠠ᠃
ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠲᠠᠪᠴᠠᠩ᠎ᠡᠴᠡ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭᠠᠨ᠎ᠤ ᠲᠣᠭ᠍ᠲᠠᠴᠠ ᠬᠦᠷᠲᠡᠯ᠎ᠡ᠂ ᠲᠠᠬᠢᠭᠠᠳ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠬᠦᠷᠳᠡᠯ᠎ᠡ ᠁ ᠳᠡᠯᠡᠬᠡᠢ᠎ᠶ᠋ᠢᠨ ᠪᠠᠢᠳᠠᠯ᠎ᠤᠨ ᠤᠷᠪᠠᠭᠠᠨ ᠬᠥᠷᠪᠡᠭᠡᠨ ᠲᠡᠢ ᠬᠤᠪᠢᠷᠠᠯᠲᠠ᠎ᠶ᠋ᠢᠨ ᠡᠮᠦᠨ᠎ᠡ᠂ ᠳᠤᠮᠳᠠᠳᠤ ᠤᠯᠤᠰ ᠢᠮᠠᠭ᠍ᠲᠠ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠥᠷᠭᠡᠨ ᠤᠯᠠᠨ ᠬᠥᠭ᠌ᠵᠢᠵᠦ᠍ ᠪᠠᠢᠭ᠎ᠠ ᠤᠯᠤᠰ᠎ᠤᠨ ᠬᠠᠮᠲᠤ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠬᠥᠭ᠌ᠵᠢᠵᠦ᠍ ᠪᠠᠢᠭ᠎ᠠ ᠤᠯᠤᠰ᠎ᠤᠳ ᠬᠣᠯᠪᠣᠭᠠᠯᠠᠨ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠬᠠᠮᠲᠤᠷᠠᠯ ᠬᠦᠴᠦᠨ᠎ᠢ ᠢᠳᠡᠪᠬᠢᠲᠡᠢ ᠨᠢᠭ᠍ᠲᠠᠷᠠᠭᠤᠯᠵᠤ᠂ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢ ᠠᠬᠢᠭᠤᠯᠬᠤ᠎ᠳᠤ 《ᠪᠦᠬᠦ᠌ ᠪᠥᠮᠪᠥᠷᠴᠡᠭ᠎ᠦᠨ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠤᠪᠢ ᠨᠡᠮᠡᠷᠢ》᠎ᠶᠢ ᠦᠵᠡᠭᠦᠯᠪᠡ᠃
8 ᠰᠠᠷ᠎ᠠ᠎ᠶ᠋ᠢᠨ ᠰᠡᠭᠦᠯᠴᠢ 9 ᠰᠠᠷ᠎ᠠ᠎ᠶ᠋ᠢᠨ ᠡᠬᠢ᠎ᠪᠡᠷ᠂ ᠳᠤᠮᠳᠠᠳᠤ ᠤᠯᠤᠰ ᠬᠠᠢ᠌ᠾᠸ ᠭᠣᠣᠯ᠎ᠤᠨ ᠬᠥᠪᠡᠭᠡᠨ᠎ᠤ ᠲᠢᠶᠠᠨᠵᠢᠨ᠎ᠳᠤ 2025 ᠣᠨ᠎ᠤ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠦᠷᠦᠭᠦᠴᠦᠳ᠎ᠦᠨ ᠬᠤᠷᠠᠯ᠎ᠢ ᠡᠷᠬᠢᠯᠡᠨ ᠬᠤᠷᠠᠯᠳᠤᠭᠤᠯᠬᠤ ᠪᠣᠯᠤᠨ᠎ᠠ᠃ ᠡᠨᠡ ᠪᠣᠯ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠨᠡᠩ ᠨᠢᠭ᠍ᠲᠠ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠦᠴᠦ᠍᠎ᠪᠡᠨ ᠬᠠᠮᠲᠤᠳᠭᠠᠨ ᠪᠠᠢᠭᠤᠯᠬᠤ ᠡᠷᠬᠢᠮ ᠨᠠᠨᠳᠢᠨ ᠠᠵᠠ ᠲᠣᠬᠢᠶᠠᠯ ᠪᠣᠯᠬᠤ ᠪᠥᠭᠡᠳ ᠪᠦᠬᠦ᠌ ᠪᠥᠮᠪᠥᠷᠴᠡᠭ᠎ᠦᠨ ᠬᠥᠭ᠌ᠵᠢᠵᠦ᠍ ᠪᠠᠢᠭ᠎ᠠ ᠤᠯᠤᠰ᠎ᠤᠳ᠎ᠢ ᠪᠦᠯᠬᠦᠮᠳᠡᠭᠦᠯᠦᠨ ᠳᠠᠭᠠᠭᠤᠯᠵᠤ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠠᠤᠭ᠎ᠠ ᠶᠡᠬᠡ ᠬᠦᠴᠦᠨ᠎ᠢ ᠬᠤᠷᠠᠮᠳᠤᠭᠤᠯᠬᠤ ᠱᠢᠨ᠎ᠡ ᠬᠥᠱᠢᠢ᠎ᠡ ᠲᠡᠮᠳᠡᠭ ᠪᠣᠯᠬᠤ ᠪᠣᠯᠤᠨ᠎ᠠ᠃
ᠣᠷᠴᠢᠯᠠᠩ᠎ᠳᠤ ᠨᠢᠭᠡ ᠯᠡ ᠳᠡᠯᠡᠬᠡᠢ᠎ᠶ᠋ᠢᠨ ᠪᠥᠮᠪᠥᠷᠴᠡᠭ ᠲᠡᠢ᠂ ᠬᠥᠮᠦᠨ ᠲᠥᠷᠥᠯᠬᠢᠲᠡᠨ᠎ᠳᠦ ᠨᠢᠭᠡ ᠯᠡ ᠭᠡᠷ ᠣᠷᠣᠨ ᠲᠡᠢ᠃ ᠣᠷᠣᠭ᠎ᠠ ᠪᠤᠰᠭᠠᠭ᠎ᠠ ᠬᠤᠪᠢᠰᠤᠯᠲᠠ ᠲᠡᠢ ᠳᠡᠯᠡᠬᠡᠢ ᠶᠢᠷᠲᠢᠨᠴᠦ᠍᠎ᠳᠦ ᠬᠠᠨᠳᠤᠵᠤ᠂ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠪᠣᠯ ᠬᠠᠷᠢᠯᠴᠠᠨ ᠬᠦᠨᠳᠦᠳᠭᠡᠬᠦ᠌᠂ ᠡᠷᠬᠡ ᠲᠡᠭ᠌ᠰᠢ᠎ᠪᠡᠷ ᠬᠠᠨᠳᠤᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠂ 《ᠲᠡᠯᠡᠬᠡᠢ ᠲᠡᠭᠡᠷ᠎ᠡ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠬᠤ》 ᠶᠡᠬᠡ ᠵᠠᠮ ᠪᠣᠯᠤᠨ᠎ᠠ᠃
ᠬᠥᠮᠦᠨ᠎ᠦ ᠶᠢᠷᠲᠢᠨᠴᠦ᠍᠎ᠶ᠋ᠢᠨ ᠵᠥᠪ ᠵᠠᠮ᠎ᠳᠦ ᠣᠯᠠᠨᠢᠶᠡᠷᠢᠶᠡᠨ ᠬᠠᠮᠳᠤᠷᠠᠯᠴᠠᠪᠠᠯ ᠨᠡᠩ ᠬᠤᠯᠠ ᠠᠶᠠᠯᠠᠵᠤ ᠴᠢᠳᠠᠨ᠎ᠠ᠃ ᠲᠡᠷᠢᠭᠦᠯᠡᠭ᠌ᠴᠢ ᠰᠢ ᠵᠢᠨ ᠫᠢᠩ᠎ᠦᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳᠡᠭᠡᠷᠡᠬᠢ ᠡᠩᠬᠡ ᠲᠠᠢᠪᠤᠩ᠎ᠢ ᠡᠷᠬᠢᠮᠯᠡᠬᠦ᠌᠂ ᠬᠥᠭ᠌ᠵᠢᠯᠲᠡ᠎ᠶ᠋ᠢ ᠬᠥᠭᠡᠭᠡᠴᠡᠯᠳᠦᠬᠦ᠌᠂ ᠪᠣᠯᠪᠠᠰᠤᠨ᠎ᠢ ᠬᠠᠮᠠᠭᠠᠯᠠᠬᠤ ᠬᠠᠨᠢᠲᠠᠨ ᠪᠦᠬᠦᠨ ᠲᠡᠢ ᠭᠠᠷ ᠬᠣᠯᠪᠣᠯᠴᠠᠨ ᠮᠥᠷᠥ᠍ ᠵᠡᠷᠭᠡᠴᠡᠵᠦ᠍᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠡᠷᠬᠡ ᠲᠡᠭ᠌ᠰᠢ ᠡᠮᠬᠢ ᠵᠢᠷᠤᠮ ᠲᠡᠢ ᠳᠡᠯᠡᠬᠡᠢ᠎ᠶ᠋ᠢᠨ ᠤᠯᠠᠨ ᠲᠤᠢ᠌ᠯᠵᠢᠯᠲᠠ᠂ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠠᠬᠢᠭᠤᠯᠪᠠᠯ᠂ ᠯᠠᠪᠲᠠᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠰᠠᠢ᠌ᠨ ᠰᠠᠢᠬᠠᠨ ᠢᠷᠡᠭᠡᠳᠦᠢ᠎ᠶ᠋ᠢ ᠤᠭ᠍ᠲᠤᠬᠤ ᠪᠣᠯᠤᠨ᠎ᠠ᠃