ᠹᠦᠵᠢᠶᠠᠨ᠎ᠤ ᠳ᠋ᠦᠩᠱᠠᠨ ᠰᠢᠶᠠᠨ᠎ᠤ ᠣᠣᠵᠢᠶᠣᠣ ᠲᠣᠰᠬᠣᠨ ᠭᠤᠷᠪᠠᠨ ᠲᠠᠯ᠎ᠠ᠎ᠪᠠᠷ᠎ᠢᠶᠠᠨ ᠳᠠᠯᠠᠢᠲᠠᠢ ᠨᠢᠭᠤᠷᠯᠠᠵᠤ ᠪᠠᠢᠳᠠᠭ᠃ 2001 ᠣᠨ᠎ᠳᠤ ᠰᠢ ᠵᠢᠨ ᠫᠢᠩ ᠨᠥᠬᠥᠷ ᠡᠨᠳᠡ ᠢᠷᠡᠵᠦ ᠥᠩᠭᠡᠷᠡᠵᠡᠢ; 23 ᠵᠢᠯ᠎ᠦᠨ ᠳᠠᠷᠠᠭ᠎ᠠ ᠳᠠᠬᠢᠭᠠᠳ ᠢᠷᠡᠬᠦ᠎ᠳᠦ᠂ ᠲᠣᠰᠬᠣᠨ᠎ᠳᠤ ᠮᠠᠰᠢ ᠶᠡᠬᠡ ᠬᠤᠪᠢᠷᠠᠯᠲᠠ ᠭᠠᠷᠤᠭᠰᠠᠨ᠎ᠢ ᠬᠠᠷᠠᠭᠠᠳ ᠶᠡᠷᠦᠩᠬᠡᠢ ᠱᠦᠵᠢ ᠰᠢ ᠵᠢᠨ ᠫᠢᠩ ᠮᠠᠰᠢ ᠪᠠᠶᠠᠷᠯᠠᠵᠤ᠂ ᠤᠯᠠᠨ᠎ᠢ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠠᠮᠲᠤ᠎ᠪᠠᠷ ᠪᠠᠶᠠᠵᠢᠬᠤ ᠵᠠᠮ᠎ᠢᠶᠠᠷ ᠴᠤᠴᠠᠯᠲᠠ ᠦᠭᠡᠢ ᠤᠷᠤᠭᠰᠢᠯᠠᠰᠤᠭᠠᠢ》 ᠭᠡᠵᠦ ᠵᠣᠷᠢᠭ᠍ᠵᠢᠭᠤᠯᠪᠠ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ᠂ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢᠨ ᠣᠳᠣᠬᠢᠴᠢᠯᠠᠯᠲᠠ ᠮᠥᠨ》 ᠭᠡᠵᠦ ᠳᠤᠷᠠᠳᠪᠠ᠃
ᠡᠷᠭᠢᠴᠡᠭᠦᠯᠦᠨ ᠦᠵᠡᠬᠦ᠎ᠳᠦ᠂ ᠬᠠᠮᠲᠤ᠎ᠪᠠᠷ ᠪᠠᠶᠠᠵᠢᠬᠤ᠎ᠶᠢ ᠶᠡᠷᠦᠩᠬᠡᠢ ᠱᠦᠵᠢ ᠰᠢ ᠵᠢᠨ ᠫᠢᠩ ᠴᠠᠭ ᠢᠮᠠᠭᠲᠠ ᠳᠤᠷᠠᠰᠤᠨ ᠰᠠᠨᠠᠭᠠᠯᠵᠠᠵᠤ ᠪᠠᠢᠳᠠᠭ᠃
ᠣᠷᠣᠨ ᠨᠤᠲᠤᠭ᠎ᠲᠤ ᠠᠵᠢᠯᠯᠠᠵᠤ ᠪᠠᠢᠬᠤ᠎ᠳᠤ᠎ᠪᠠᠨ ᠳᠠᠷᠤᠢ 《ᠤᠷᠢᠳ᠎ᠢᠶᠠᠷ ᠪᠠᠶᠠᠵᠢᠭ᠍ᠰᠠᠨ ᠨᠢ ᠰᠡᠭᠦᠯᠡᠷ ᠪᠠᠶᠠᠵᠢᠬᠤ᠎ᠪᠠᠨ ᠳᠠᠭᠠᠭᠤᠯᠬᠤ》᠂ 《ᠵᠥᠷᠢᠶ᠎ᠡ᠎ᠶᠢ ᠪᠠᠭᠠᠰᠬᠠᠬᠤ》 ᠭᠡᠳᠡᠭ᠎ᠢ ᠳᠤᠷᠠᠳᠴᠤ ᠥᠩᠭᠡᠷᠡᠪᠡ;
ᠠᠷᠪᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠳ ᠳᠤᠮᠳᠠᠳᠤ ᠭᠠᠳᠠᠭᠠᠳᠤ᠎ᠶᠢᠨ ᠰᠣᠷᠪᠣᠯᠵᠢᠯᠠᠭ᠍ᠴᠢᠳ ᠯᠤᠭ᠎ᠠ ᠠᠭᠤᠯᠵᠠᠬᠤᠳᠦᠪᠡᠨ᠂ 《ᠬᠠᠮᠲᠤ᠎ᠪᠠᠷ ᠪᠠᠶᠠᠵᠢᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠎ᠠ》 ᠭᠡᠵᠤ ᠴᠢᠩᠭᠠᠳᠬᠠᠪᠠ;
ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠦ᠂ 《ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ ᠲᠡᠢᠰᠢ ᠲᠠᠰᠤᠷᠠᠯᠲᠠ ᠦᠭᠡᠢ ᠤᠷᠤᠭᠰᠢᠯᠠᠶ᠎ᠠ》 ᠭᠡᠵᠦ ᠵᠢᠭᠠᠵᠤ ᠭᠠᠷᠭᠠᠪᠠ;
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ᠂ 《ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠬᠦᠴᠦᠯᠡᠨ ᠠᠬᠢᠭᠤᠯᠤᠶ᠎ᠠ》 ᠭᠡᠵᠤ ᠴᠢᠩᠭᠠᠳᠬᠠᠪᠠ;
᠁
《ᠪᠥᠬᠥ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ》 ᠭᠡᠰᠡᠨ ᠬᠡᠳᠦᠨ ᠦᠭᠡ ᠨᠢ ᠶᠠᠭᠠᠬᠢᠭᠠᠳ ᠡᠢᠮᠦ ᠦᠨ᠎ᠡ ᠥᠷᠲᠡᠭ ᠲᠡᠢ ᠪᠣᠯᠴᠢᠬᠠᠭᠰᠠᠨ ᠪᠣᠢ? ᠶᠡᠷᠦᠩᠬᠡᠢ ᠱᠦᠵᠢ᠄ 《ᠶᠠᠮᠠᠷ ᠬᠥᠮᠥᠨ᠎ᠳᠦ ᠦᠢᠯᠡᠴᠢᠯᠡᠬᠦ ᠭᠡᠬᠦ ᠠᠰᠠᠭᠤᠳᠠᠯ ᠪᠣᠯ ᠨᠢᠭᠡᠨ ᠲᠥᠷᠥ ᠶ᠋ᠢᠨ ᠨᠠᠮ᠂ ᠨᠢᠭᠡᠨ ᠵᠠᠰᠠᠭ᠎ᠤᠨ ᠡᠷᠬᠡ᠎ᠶᠢᠨ ᠰᠢᠨᠵᠢ ᠴᠢᠨᠠᠷ᠎ᠢ ᠰᠢᠯᠭᠠᠬᠤ ᠰᠢᠯᠭᠠᠭᠤᠷ ᠮᠥᠨ ᠭᠡᠳᠡᠭ᠎ᠢ ᠪᠦᠬᠦ ᠨᠠᠮ᠎ᠢᠶᠠᠷ᠎ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠠᠷᠠᠳ ᠲᠦᠮᠡᠨ᠎ᠢ ᠳᠠᠭᠠᠭᠤᠯᠤᠭᠠᠳ ᠰᠠᠢᠨ ᠰᠠᠢᠬᠠᠨ ᠠᠮᠢᠳᠤᠷᠠᠯ᠎ᠢ ᠨᠢ ᠴᠣᠭᠴᠠᠯᠠᠬᠤ ᠪᠣᠯ ᠮᠠᠨ᠎ᠤ ᠨᠠᠮ᠎ᠤᠨ ᠢᠮᠠᠭᠲᠠ ᠭᠤᠢᠪᠢᠰᠢ ᠦᠭᠡᠢ ᠲᠡᠮᠡᠴᠡᠬᠦ ᠬᠠᠷᠠᠯᠲᠠ ᠮᠥᠨ》 ᠭᠡᠵᠦ ᠣᠨᠣᠭᠠᠵᠤ ᠬᠡᠯᠡᠵᠡᠢ᠃
ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢᠷᠠᠰᠢ ᠦᠭᠡᠢ ᠦᠷᠳᠡᠭ᠎ᠦᠨ ᠬᠥᠭᠡᠭᠡᠴᠡᠯᠳᠦᠯ ᠮᠥᠨ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠪᠠᠰᠠ ᠴᠤ᠌ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠣᠳᠣᠬᠢᠴᠢᠯᠠᠯᠲᠠ ᠲᠡᠢᠰᠢ ᠤᠷᠤᠭᠰᠢᠯᠠᠬᠤ᠎ᠶᠢᠨ ᠵᠠᠢᠯᠠᠰᠢ ᠦᠭᠡᠢ ᠰᠣᠩᠭᠣᠯᠲᠠ ᠮᠥᠨ᠃
《ᠪᠥᠬᠥ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ》᠎ᠶᠢ ᠬᠡᠷᠬᠢᠨ ᠪᠡᠶᠡᠯᠡᠭᠦᠯᠬᠦ ᠪᠤᠢ? ᠶᠡᠷᠦᠩᠬᠡᠢ ᠱᠦᠵᠢ᠄ 《ᠬᠤᠳᠠ ᠬᠥᠳᠡᠭᠡ᠎ᠶᠢᠨ ᠵᠥᠷᠢᠶ᠎ᠡ᠂ ᠭᠠᠵᠠᠷ ᠣᠷᠣᠨ᠎ᠤ ᠵᠥᠷᠢᠶ᠎ᠡ᠂ ᠣᠷᠣᠯᠭ᠎ᠠ᠎ᠶᠢᠨ ᠵᠥᠷᠢᠶ᠎ᠡ᠎ᠶᠢ ᠪᠠᠭᠠᠰᠬᠠᠬᠤ᠎ᠪᠠᠷ ᠭᠣᠣᠯ ᠰᠢᠪᠲᠤᠯᠬᠤ ᠴᠢᠭᠯᠡᠯ ᠪᠣᠯᠭᠠᠬᠤ ᠬᠡᠷᠡᠭᠲᠡᠢ》 ᠭᠡᠳᠡᠭ ᠬᠥᠲᠥᠯᠪᠦᠷᠢ᠎ᠶᠢ ᠨᠢ ᠠᠳᠬᠤᠬᠤ᠎ᠪᠠᠷ ᠠᠯᠢᠪᠠ ᠪᠥᠬᠥᠨ ᠨᠢ ᠳᠠᠭᠠᠯᠳᠤᠨ ᠰᠢᠢᠳᠪᠦᠷᠢᠯᠡᠭᠳᠡᠬᠦ ᠴᠢᠨᠠᠷᠲᠠᠢ ᠦᠭᠡ ᠬᠡᠯᠡᠪᠡ᠃
ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠶᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠨᠢ ᠮᠥᠨ ᠯᠡ ᠬᠥᠳᠡᠭᠡ ᠲᠣᠰᠬᠣᠨ᠎ᠳᠤ ᠪᠠᠢᠨ᠎ᠠ᠃ ᠥᠷᠭᠡᠨ ᠠᠭᠤᠳᠠᠮ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠶᠡᠷᠦᠩᠬᠡᠢ ᠱᠦᠵᠢ ᠰᠢ ᠵᠢᠨ ᠫᠢᠩ ᠶᠡᠬᠡᠳᠡ ᠰᠠᠨᠠᠭᠠᠯᠵᠠᠵᠤ᠂ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠡᠷᠬᠡᠪᠰᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠬᠤᠳᠠ ᠬᠥᠳᠡᠭᠡ᠎ᠶᠢᠨ ᠪᠠ ᠣᠷᠣᠨ ᠪᠦᠰᠡ᠎ᠶ᠋ᠢᠨ ᠬᠥᠭᠵᠢᠯᠲᠡ᠎ᠶᠢᠨ ᠲᠡᠩᠴᠡᠭᠦᠷᠢ ᠦᠭᠡᠢ ᠪᠠᠢᠬᠤ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ》᠂ 《ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠨ ᠠᠬᠢᠭᠤᠯᠬᠤ ᠬᠡᠷᠡᠭᠲᠡᠢ》᠂ 《ᠠᠵᠤ ᠦᠢᠯᠡᠰ᠎ᠢᠶᠡᠨ ᠬᠥᠭᠵᠢᠭᠦᠯᠬᠦ᠂ ᠰᠢᠶᠠᠨ᠎ᠢ ᠬᠦᠴᠦᠷᠬᠡᠭᠵᠢᠭᠦᠯᠬᠦ᠂ ᠠᠷᠠᠳ᠎ᠢ ᠪᠠᠶᠠᠵᠢᠭᠤᠯᠬᠤ᠎ᠶᠢ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢ ᠠᠬᠢᠭᠤᠯᠬᠤ ᠬᠡᠷᠡᠭᠲᠡᠢ》 ᠭᠡᠬᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠭᠠᠷᠭᠠᠵᠠᠢ᠃
ᠬᠤᠳᠠ ᠬᠥᠳᠡᠭᠡ᠎ᠶᠢᠨ ᠵᠥᠷᠢᠶ᠎ᠡ᠎ᠶᠢ ᠪᠠᠭᠠᠰᠬᠠᠬᠤ᠎ᠶᠢᠨ ᠠᠨᠢᠰᠤ ᠨᠢ ᠠᠭᠤᠰᠤᠯᠴᠠᠭᠤᠯᠤᠨ ᠬᠥᠭᠵᠢᠭᠦᠯᠬᠦ᠎ᠳᠦ ᠪᠤᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯᠳᠤᠭᠠᠨ᠎ᠤ 《ᠲᠣᠭᠲᠠᠭᠠᠯ》᠎ᠳᠤ᠄ 《ᠬᠤᠳᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ》 ᠭᠡᠵᠦ ᠳᠤᠷᠠᠳᠴᠠᠢ᠃
ᠱᠢᠶᠠᠨ᠎ᠤ ᠬᠤᠳᠠ᠎ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠳᠠᠬᠢᠨᠲᠠ ᠶᠠᠳᠠᠭᠤᠷᠠᠬᠤ᠎ᠶᠢ ᠰᠡᠷᠭᠡᠢᠯᠡᠬᠦ ᠬᠢᠨᠠᠨ ᠰᠢᠨᠵᠢᠯᠲᠡ᠎ᠶᠢ ᠰᠠᠢᠲᠤᠷ ᠠᠳᠬᠤᠨ᠎ᠠ ᠁ ᠨᠠᠮ᠎ᠤᠨ ᠲᠥᠪ ᠬᠣᠷᠢᠶ᠎ᠠ ᠬᠥᠳᠡᠭᠡ ᠠᠵᠤ ᠠᠬᠤᠢ᠎ᠶᠢᠨ ᠦᠷ᠎ᠡ ᠠᠰᠢᠭ᠋᠎ᠢ᠂ ᠲᠠᠷᠢᠶᠠᠴᠢᠳ᠎ᠤᠨ ᠣᠷᠣᠯᠭ᠎ᠠ᠎ᠶᠢ᠂ ᠬᠥᠳᠡᠭᠡ ᠲᠣᠰᠬᠣᠨ᠎ᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ ᠪᠣᠢ᠃
ᠭᠠᠵᠠᠷ ᠣᠷᠣᠨ᠎ᠤ ᠵᠥᠷᠢᠶ᠎ᠡ᠎ᠶᠢ ᠪᠠᠭᠠᠰᠬᠠᠵᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠪᠡᠶᠡᠯᠡᠭᠦᠯᠬᠦ ᠪᠣᠯ ᠬᠠᠮᠲᠤ᠎ᠪᠠᠷ ᠪᠠᠶᠠᠵᠢᠬᠤ᠎ᠶᠢᠨ ᠵᠠᠢᠯᠠᠰᠢ ᠦᠭᠡᠢ ᠵᠠᠮ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ ᠵᠡᠷᠭᠡ ᠠᠯᠢ ᠣᠯᠠᠨ ᠪᠠᠢᠯᠳᠤᠬᠤ ᠪᠣᠳᠣᠯᠭ᠎ᠠ᠎ᠶᠢ ᠵᠠᠯᠭᠠᠭ᠎ᠠ᠎ᠪᠠᠷ ᠬᠡᠷᠡᠭᠵᠢᠭᠦᠯᠵᠦ᠂ ᠡᠯ᠎ᠡ ᠭᠠᠵᠠᠷ ᠣᠷᠣᠨ᠎ᠤ ᠬᠢᠨ ᠠᠵᠤ ᠠᠬᠤᠢ᠎ᠶᠢᠨ ᠲᠠᠯ᠎ᠠ᠎ᠪᠠᠷ ᠨᠡᠩ ᠨᠢᠭ᠍ᠲᠠ ᠬᠣᠯᠪᠣᠯᠳᠤᠵᠤ᠂ ᠨᠢᠭᠡ ᠴᠣᠭᠴᠠ ᠪᠣᠯᠣᠨ ᠠᠭᠤᠰᠤᠯᠴᠠᠵᠠᠢ᠃
2024 ᠣᠨ᠎ᠤ 12 ᠳ᠋ᠤᠭᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠠᠷᠪᠠᠨ ᠨᠠᠢ᠍ᠮᠠᠳᠤᠭᠠᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ᠎ᠶᠢ ᠡᠷᠭᠢᠯᠡᠬᠦ᠎ᠳᠤ᠎ᠪᠠᠨ᠄ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠢᠯᠢ ᠬᠢᠵᠠᠭᠠᠷ ᠣᠷᠣᠨ᠎ᠢ ᠨᠢᠭᠡ ᠴᠦ᠍ ᠣᠷᠬᠢᠭ᠍ᠳᠠᠭᠤᠯᠵᠤ ᠪᠣᠯᠬᠤ ᠦᠭᠡᠢ》 ᠭᠡᠵᠦ ᠴᠢᠬᠤᠯᠠᠴᠢᠯᠠᠪᠠ᠃
《ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠶᠢᠨ ᠬᠠᠮᠤᠭ᠎ᠤᠨ ᠬᠠᠲᠠᠭᠤᠵᠢᠯᠲᠠᠢ ᠡᠭᠦᠷᠭᠡ ᠨᠢ ᠵᠠᠷᠢᠮ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠳᠤ ᠪᠠᠢᠨ᠎ᠠ》 《ᠡᠷᠲᠡ ᠴᠢᠯᠦᠭᠡᠯᠡᠭᠳᠡᠭᠰᠡᠨ ᠣᠷᠣᠨ᠎ᠤ ᠠᠷᠠᠳ ᠲᠦᠮᠡᠨ᠎ᠳᠦ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠵᠦ᠂ ᠵᠣᠯ ᠵᠢᠷᠭᠠᠯ ᠲᠠᠢ ᠠᠮᠢᠳᠤᠷᠠᠬᠤ᠎ᠶᠢ ᠨᠢ ᠪᠠᠲᠤᠯᠠᠬᠤ ᠪᠣᠯ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠶᠢᠨ ᠨᠠᠭᠠᠲᠤ ᠵᠠᠬ᠎ᠠ᠎ᠶᠢᠨ ᠡᠭᠦᠷᠭᠡ ᠪᠣᠯᠣᠨ᠎ᠠ》 ᠁ ᠶᠡᠷᠦᠩᠬᠡᠢ ᠱᠦᠵᠢ ᠢᠮᠠᠭᠲᠠ ᠬᠠᠮᠤᠭ᠎ᠤᠨ ᠢᠯᠡᠭᠦᠦ ᠬᠠᠪᠰᠤᠷᠤᠨ ᠲᠡᠳᠬᠦᠬᠦ ᠴᠢᠬᠤᠯᠠᠲᠠᠢ ᠭᠠᠵᠠᠷ ᠣᠷᠣᠨ᠎ᠢ ᠰᠠᠨᠠᠭᠠᠯᠵᠠᠭᠰᠠᠭᠠᠷ ᠢᠷᠡᠵᠠᠢ᠃
1997 ᠣᠨ᠎ᠳᠤ᠂ ᠬᠠᠮᠤᠭ᠎ᠤᠨ ᠶᠠᠳᠠᠭᠤ ᠬᠦᠴᠢᠷᠳᠡᠯᠲᠡᠢ ᠭᠠᠵᠠᠷ ᠬᠡᠮᠡᠭᠳᠡᠭᠰᠡᠨ ᠨᠢᠩᠰᠢᠶᠠ᠎ᠶᠢᠨ ᠰᠢ ᠬᠠᠢ ᠭᠦᠳᠦ ᠰᠢ ᠵᠢᠨ ᠫᠢᠩ ᠨᠥᠬᠥᠷ ᠬᠦᠷᠴᠦ ᠣᠴᠢᠭᠠᠳ ᠠᠵᠢᠯ ᠲᠦᠷᠦᠯ᠎ᠦᠨ ᠰᠢᠰᠲᠧᠮ᠎ᠢᠶᠡᠷ᠎ᠢᠶᠡᠨ ᠬᠠᠪᠰᠤᠷᠤᠨ ᠲᠡᠳᠬᠦᠵᠦ ᠪᠠᠢᠭᠠᠳ ᠹᠦᠵᠢᠶᠠᠨ ᠨᠢᠩᠰᠢᠶᠠ ᠬᠠᠮᠵᠢᠯᠴᠠᠭᠠᠳ ᠦᠷ᠎ᠡ ᠪᠦᠲᠦᠭᠡᠯ ᠣᠯᠬᠤ᠎ᠶᠢ ᠨᠢ ᠠᠬᠢᠭᠤᠯᠬᠤ᠎ᠪᠠᠷ ᠵᠣᠷᠢᠭ᠋ ᠰᠢᠭᠤᠳᠪᠠ᠃ 《ᠵᠡᠭᠦᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠦᠭᠰᠡᠨ ᠶᠠᠪᠤᠳᠠᠯ ᠪᠣᠯ ᠨᠠᠮ᠎ᠤᠨ ᠲᠥᠪ ᠬᠣᠷᠢᠶ᠎ᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶ᠋ᠢ ᠠᠬᠢᠭᠤᠯᠬᠤ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠲᠠᠯ᠎ᠠ᠎ᠠᠴᠠ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠮᠥᠨ᠃》 ᠶᠡᠷᠦᠩᠬᠡᠢ ᠱᠦᠵᠢ ᠰᠢ ᠵᠢᠨ ᠫᠢᠩ ᠠᠯᠤᠰ ᠬᠤᠯᠠ᠎ᠶᠢᠨ ᠪᠣᠳᠣᠯᠭ᠎ᠠ᠎ᠲᠠᠢ ᠶᠤᠮ᠃
ᠣᠷᠣᠯᠭ᠎ᠠ᠎ᠶᠢᠨ ᠵᠥᠷᠢᠶ᠎ᠡ᠎ᠶᠢ ᠪᠠᠭᠠᠰᠬᠠᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ ᠪᠣᠯ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ᠎ᠶᠢᠨ ᠵᠠᠪᠠᠯ ᠬᠠᠷᠢᠭᠤᠯᠬᠤ ᠰᠡᠳᠦᠪ ᠮᠥᠨ᠃《ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠠᠯᠬᠤᠮ ᠠᠯᠬᠤᠮ᠎ᠢᠶᠠᠷ ᠪᠡᠶᠡᠯᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠣᠯᠠᠨ ᠲᠦᠮᠡᠨ᠎ᠢ ᠳᠠᠭᠠᠭᠤᠯᠤᠭᠠᠳ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠵᠦ᠂ ᠠᠵᠢᠯᠴᠢ ᠬᠥᠳᠡᠯᠮᠦᠷᠢᠴᠢ᠎ᠪᠡᠷ ᠪᠠᠶᠠᠵᠢᠭᠤᠯᠵᠤ᠂ ᠣᠷᠣᠯᠭ᠎ᠠ ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠨᠡᠢᠭᠡᠮ᠎ᠦᠨ ᠳᠠᠭᠠᠳᠬᠠᠯ᠂ ᠡᠮᠴᠢᠯᠡᠭᠡᠨ᠎ᠦ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠣᠷᠣᠨ ᠰᠠᠭᠤᠴᠠ ᠵᠡᠷᠭᠡ ᠲᠠᠯ᠎ᠠ᠎ᠪᠠᠷ ᠲᠠᠰᠤᠷᠠᠯᠲᠠ ᠦᠭᠡᠢ ᠦᠨᠡᠨ ᠪᠣᠳᠠᠲᠠᠢ ᠦᠷ᠎ᠡ ᠪᠦᠲᠦᠭᠡᠯ ᠣᠯᠬᠤ ᠬᠡᠷᠡᠭᠲᠡᠢ᠃》 ᠭᠡᠵᠤ ᠶᠡᠷᠦᠩᠬᠡᠢ ᠱᠦᠵᠢ ᠴᠢᠩ ᠰᠡᠳᠬᠢᠯ᠎ᠠᠴᠠ᠎ᠪᠡᠨ ᠨᠠᠢᠳᠠᠪᠠ᠃
7 ᠳ᠋ᠤᠭᠠᠷ ᠰᠠᠷ᠎ᠠ᠎ᠶᠢᠨ 30 ᠤ ᠡᠳᠦᠷ᠎ᠲᠦ ᠬᠤᠷᠠᠯᠳᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠬᠤᠷᠠᠯᠳᠤᠭᠠᠨ᠎ᠢᠶᠠᠷ᠄ 《ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ》 《ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ᠎ᠦᠨ ᠠᠯᠪᠠᠨ᠎ᠠᠴᠠ ᠬᠠᠯᠠᠭᠳᠠᠭᠰᠠᠳ᠂ ᠬᠥᠯᠥᠰᠦᠨ ᠠᠵᠢᠯᠴᠢᠳ ᠵᠡᠷᠭᠡ ᠭᠣᠣᠯᠳᠠᠯᠭ᠎ᠠ ᠪᠣᠯᠬᠤ ᠬᠥᠮᠥᠰ᠎ᠦᠨ ᠠᠵᠢᠯ ᠣᠯᠭᠣᠬᠤ᠎ᠶᠢ ᠠᠬᠢᠭᠤᠯᠬᠤ ᠬᠡᠷᠡᠭᠲᠡᠢ》 《ᠲᠠᠰ ᠪᠠ ᠲᠥᠷᠥᠯ ᠠᠩᠭᠢᠯᠠᠭᠰᠠᠨ ᠨᠡᠢᠭᠡᠮ᠎ᠦᠨ ᠠᠪᠤᠷᠠᠨ ᠲᠤᠰᠠᠯᠠᠯᠲᠠ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠬᠦ ᠬᠡᠷᠡᠭᠲᠡᠢ》 《ᠬᠡᠪᠴᠢᠶᠡᠵᠢᠯ᠎ᠦᠨ ᠴᠢᠨᠠᠷᠲᠠᠢ᠎ᠪᠠᠷ ᠳᠠᠬᠢᠨᠲᠠ ᠶᠠᠳᠠᠭᠤᠷᠠᠬᠤ ᠪᠤᠶᠤ ᠶᠠᠳᠠᠭᠤᠷᠠᠬᠤ ᠦᠵᠡᠭᠳᠡᠯ ᠡᠭᠦᠰᠬᠦ ᠦᠭᠡᠢ᠎ᠶᠢ ᠦᠨᠡᠨ ᠬᠦ᠌ ᠪᠠᠲᠤᠯᠠᠬᠤ ᠬᠡᠷᠡᠭᠲᠡᠢ》 ᠭᠡᠵᠦ ᠴᠢᠬᠤᠯᠠᠴᠢᠯᠠᠪᠠ᠃
ᠳᠡᠷᠭᠡᠳᠡᠬᠢ ᠬᠡᠷᠡᠭ᠂ ᠳᠣᠲᠣᠨᠣ᠌ ᠬᠡᠷᠡᠭ᠂ ᠪᠣᠳᠠᠲᠠᠢ ᠬᠡᠷᠡᠭᠦᠳᠢ ᠤᠯᠤᠰ᠎ᠤᠨ ᠬᠥᠭᠵᠢᠯᠲᠡ᠎ᠶᠢᠨ ᠦᠵᠦ ᠲᠥᠯᠥᠪᠯᠡᠭᠡ᠎ᠳᠦ ᠠᠭᠤᠰᠤᠯᠴᠠᠭᠤᠯᠵᠤ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠪᠣᠯᠭᠠᠪᠠ᠄ 2024 ᠣᠨ᠎ᠳᠤ᠂ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠣᠳᠣᠭᠰᠠᠨ ᠨᠢ 2.38 ᠳ᠋ᠦᠩᠰᠢᠭᠤᠷ ᠬᠥᠮᠥᠨ ᠤᠳᠠᠭ᠎ᠠ᠎ᠳᠤ ᠠᠰᠢᠭ᠋ ᠬᠦᠷᠲᠡᠭᠡᠪᠡ; ᠲᠦᠭᠡᠭᠡᠨ ᠬᠤᠳᠠᠯᠳᠤᠬᠤ ᠬᠡᠯᠪᠡᠷᠢ᠎ᠶᠢᠨ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠂ ᠪᠠᠲᠤᠯᠠᠭ᠎ᠠ᠎ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠨᠡᠶ᠋ᠢᠲᠡ᠎ᠶᠢᠨ ᠲᠦᠷᠢᠶᠡᠰᠦᠨ ᠣᠷᠣᠨ ᠰᠠᠭᠤᠴᠠ ᠵᠡᠷᠭᠡ 180 ᠲᠦᠮᠡᠨ ᠢᠵᠢ (ᠲᠠᠰᠤᠯᠭ᠎ᠠ) ᠣᠷᠣᠨ ᠰᠠᠭᠤᠴᠠ᠎ᠶᠢᠨ ᠪᠠᠷᠢᠯᠭ᠎ᠠ᠎ᠶᠢᠨ ᠠᠵᠢᠯ᠎ᠢ ᠡᠬᠢᠯᠡᠭᠦᠯᠦᠨ ᠪᠠᠢᠭᠤᠯᠤᠭᠰᠠᠨ ᠪᠠ ᠬᠤᠷᠠᠮᠳᠤᠭᠤᠯᠵᠤ᠂ ᠨᠢᠭᠡ ᠪᠦᠯᠦᠭ ᠰᠢᠨ᠎ᠡ ᠬᠤᠳᠠ᠎ᠶᠢᠨ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠳ᠎ᠤᠨ ᠣᠷᠣᠨ ᠰᠠᠭᠤᠴᠠ᠎ᠶᠢᠨ ᠠᠰᠠᠭᠤᠳᠠᠯ᠎ᠢ ᠰᠢᠢᠳᠪᠦᠷᠢᠯᠡᠪᠡ ᠁
ᠶᠡᠷᠦᠩᠬᠡᠢ ᠱᠦᠵᠢ ᠰᠢ ᠵᠢᠨ ᠫᠢᠩ᠄ 《ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ ᠪᠣᠯ ᠠᠵᠤ ᠠᠬᠤᠢ᠎ᠶᠢᠨ ᠠᠰᠠᠭᠤᠳᠠᠯ ᠪᠣᠯᠬᠤ᠎ᠪᠠᠷ ᠪᠠᠷᠠᠬᠤ ᠦᠭᠡᠢ ᠪᠠᠰᠠ ᠴᠤ᠌ ᠨᠠᠮ᠎ᠤᠨ ᠲᠦᠷᠦ ᠪᠠᠷᠢᠬᠤ ᠰᠠᠭᠤᠷᠢ᠎ᠳᠤ ᠬᠣᠯᠪᠣᠭᠳᠠᠬᠤ ᠴᠢᠬᠤᠯᠠ ᠶᠡᠬᠡ ᠤᠯᠤᠰ ᠲᠦᠷᠦ᠎ᠶᠢᠨ ᠠᠰᠠᠭᠤᠳᠠᠯ ᠮᠥᠨ᠂ ᠬᠡᠷᠡᠭᠴᠡᠭᠡ ᠪᠠ ᠪᠣᠯᠣᠯᠴᠠᠭ᠎ᠠ᠎ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠮ᠎ᠡ ᠶᠣᠰᠣ᠌᠎ᠪᠠᠷ ᠠᠯᠬᠤᠮ ᠲᠠᠷᠠᠭ᠎ᠠ᠎ᠲᠠᠢ ᠤᠷᠤᠭᠰᠢᠯᠠᠵᠤ᠂ ᠭᠠᠵᠠᠷ ᠣᠷᠣᠨ᠎ᠤ ᠵᠥᠷᠢᠶ᠎ᠡ᠂ ᠬᠤᠳᠠ ᠬᠥᠳᠡᠭᠡ᠎ᠶᠢᠨ ᠵᠥᠷᠢᠶ᠎ᠡ᠂ ᠣᠷᠣᠯᠭ᠎ᠠ᠎ᠶᠢᠨ ᠵᠥᠷᠢᠶ᠎ᠡ ᠵᠡᠷᠭᠡ ᠠᠰᠠᠭᠤᠳᠠᠯ᠎ᠢ ᠤᠬᠠᠮᠰᠠᠷ᠎ᠠᠴᠠ᠎ᠪᠠᠨ ᠰᠢᠢᠳᠪᠦᠷᠢᠯᠡᠬᠦ ᠬᠡᠷᠡᠭᠲᠡᠢ》 ᠭᠡᠵᠦ ᠴᠢᠬᠤᠯᠠᠴᠢᠯᠠᠪᠠ᠃
ᠯᠠᠪᠳᠠᠭᠤᠨ ᠪᠠᠲᠤᠲᠠᠢ᠎ᠪᠠᠷ᠂ ᠥᠨᠢ ᠤᠳᠠᠭᠠᠨ ᠴᠢᠷᠮᠠᠢᠨ ᠠᠵᠢᠯᠯᠠᠵᠤ᠂ ᠨᠢᠭᠡ ᠨᠢᠭᠡ ᠶᠠᠪᠤᠳᠠᠯ᠎ᠢ ᠦᠨᠡᠨ ᠪᠣᠳᠠᠲᠠᠢ᠎ᠪᠠᠷ ᠰᠠᠢᠲᠤᠷ ᠬᠢᠬᠦ ᠬᠡᠷᠡᠭᠲᠡᠢ᠃ ᠭᠠᠭᠴᠠ ᠬᠦ᠌ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠵᠠᠮ᠎ᠢᠶᠠᠷ ᠢᠮᠠᠭᠲᠠ ᠭᠤᠢᠪᠢᠰᠢ ᠦᠭᠡᠢ ᠵᠠᠮᠨᠠᠳᠠᠭ ᠯᠠ ᠶᠤᠮ ᠪᠣᠯ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠯᠠᠪᠳᠠᠶ᠎ᠠ ᠲᠠᠰᠤᠷᠠᠯᠳᠠ ᠦᠭᠡᠢ ᠪᠡᠶᠡᠯᠡᠭᠦᠯᠵᠦ᠂ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠲᠠᠰᠤᠷᠠᠯᠳᠠ ᠦᠭᠡᠢ ᠠᠬᠢᠭᠤᠯᠵᠤ ᠴᠢᠳᠠᠬᠤ ᠶᠤᠮ᠃