ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶ᠋ᠢᠨ 15᠎ᠤ᠋ ᠴᠠᠬᠢᠯᠭᠠᠨ ᠮᠡᠳᠡᠭᠡ 7 ᠰᠠᠷ᠎ᠠ᠎ᠶ᠋ᠢᠨ 16᠎ᠤ᠋ ᠡᠳᠦᠷ ᠬᠡᠪᠯᠡᠭ᠌ᠳᠡᠬᠰᠡᠨ 14 ᠳ᠋ᠤᠭᠡᠷ ᠬᠤᠭᠤᠴᠠᠭ᠎ᠠ᠎ᠶᠢᠨ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ᠎ᠦᠨ 《ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠡᠷᠡᠰ ᠭᠤᠢᠪᠢᠰᠢ ᠥᠬᠡᠶ ᠠᠬᠢᠭᠤᠯᠬᠤ ᠬᠡᠷᠡᠭᠲᠡᠢ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ 2012 ᠣᠨ᠎ᠤ 12 ᠰᠠᠷ᠎ᠠ᠎ᠡᠴᠡ 2025 ᠣᠨ᠎ᠤ 4 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠲᠤᠪᠴᠢᠯᠠᠯ ᠪᠣᠯᠤᠨ᠎ᠠ᠃
ᠵᠣᠬᠢᠶᠠᠯ᠎ᠳᠤ᠂ ᠨᠡᠭᠡᠭᠡᠯᠲᠡ ᠬᠢᠪᠡᠯ ᠳᠠᠪᠱᠢᠵᠤ᠂ ᠪᠢᠳᠡᠬᠦᠮᠵᠢᠯᠠᠪᠠᠯ ᠵᠠᠢᠯᠠᠰᠢ ᠦᠬᠡᠢ ᠬᠣᠴᠣᠷᠤᠨ᠎ᠠ᠃ ᠳᠤᠮᠳᠠᠳᠤ ᠤᠯᠤᠰ᠎ᠤᠨ ᠬᠥᠭ᠌ᠵᠢᠯᠲᠡ ᠳᠡᠯᠡᠬᠡᠢ᠎ᠡᠴᠡ ᠰᠠᠯᠵᠤ ᠴᠢᠳᠠᠬᠤ ᠦᠭᠡᠢ᠂ ᠳᠡᠯᠡᠬᠡᠢ᠎ᠶ᠋ᠢᠨ ᠴᠡᠴᠡᠭ᠌ᠯᠡᠯ ᠬᠥᠭ᠌ᠵᠢᠯ ᠴᠦ᠍ ᠳᠤᠮᠳᠠᠳᠤ ᠤᠯᠤᠰ᠎ᠠᠴᠠ ᠰᠠᠯᠵᠤ ᠴᠢᠳᠠᠬᠤ ᠦᠬᠡᠢ᠃ ᠭᠠᠳᠠᠭ᠍ᠰᠢ ᠨᠡᠭᠡᠭᠡᠯᠳᠡ ᠬᠢᠬᠦ᠎ᠶ᠋ᠢ ᠲᠠᠰᠤᠷᠠᠯᠳᠠ ᠦᠭᠡᠢ ᠥᠷᠭᠡᠳᠭᠡᠵᠦ᠍᠂ ᠭᠠᠳᠠᠭ᠍ᠰᠢ ᠨᠡᠭᠡᠭᠡᠯᠳᠡ ᠬᠢᠬᠦ᠌ ᠲᠦᠪᠰᠢᠨ᠎ᠢᠶᠡᠨ ᠳᠡᠭᠡᠭ᠌ᠰᠢᠯᠡᠭᠦᠯᠦᠨ᠂ ᠨᠡᠭᠡᠭᠡᠯᠳᠡ᠎ᠪᠡᠷ ᠥᠭᠡᠷᠡᠴᠢᠯᠡᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢ ᠠᠬᠢᠭᠤᠯᠬᠤ ᠪᠣᠯ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠲᠠᠰᠤᠷᠠᠯᠳᠠ ᠦᠭᠡᠢ ᠱᠢᠨ᠎ᠡ ᠠᠮᠵᠢᠯᠲᠠ ᠪᠦᠲᠦᠮᠵᠢ ᠤᠯᠬᠤ᠎ᠶ᠋ᠢᠨ ᠴᠢᠬᠤᠯᠠ ᠡᠷᠳᠡᠨᠢ ᠮᠥᠨ᠃ ᠳᠤᠮᠳᠠᠳᠤ ᠤᠯᠤᠰ᠎ᠤᠨ ᠨᠡᠬᠡᠬᠡᠯᠳᠡ ᠬᠢᠬᠦ᠌ ᠲᠤᠮᠤ ᠬᠠᠭᠠᠯᠭ᠎ᠠ ᠬᠠᠭᠠᠬᠳᠠᠬᠤ ᠦᠬᠡᠢ᠂ ᠬᠠᠷᠢᠨ ᠶᠠᠪᠤᠬᠤ ᠲᠤᠳᠤᠮ ᠤᠯᠠᠮ ᠶᠡᠬᠡ ᠨᠡᠭᠡᠭᠡᠬᠦ᠌ ᠪᠣᠯᠤᠨ᠎ᠠ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠲᠠᠰᠤᠷᠠᠯᠳᠠ ᠦᠭᠡᠢ ᠥᠷᠭᠡᠳᠭᠡᠬᠦ᠌ ᠬᠡᠷᠡᠭ᠌ᠲᠡᠢ᠃ ᠥᠩᠭᠡᠷᠡᠭ᠌ᠰᠡᠨ᠎ᠳᠦ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠪᠣᠯ ᠨᠡᠬᠡᠬᠡᠯᠳᠡ ᠬᠢᠬᠦ᠌ ᠨᠥᠬᠥᠴᠡᠯ ᠳᠣᠣᠷ᠎ᠠ ᠣᠯᠤᠭ᠍ᠰᠠᠨ ᠶᠤᠮ᠂ ᠢᠷᠡᠭᠡᠳᠦᠢ᠎ᠳᠦ ᠳᠤᠮᠳᠠᠳᠤ ᠤᠯᠤᠰ᠎ᠤᠨ ᠠᠵᠤ ᠠᠬᠤᠢ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠪᠠᠰᠠ ᠡᠷᠬᠡᠪᠰᠢ ᠨᠡᠩ ᠶᠡᠬᠡ ᠨᠡᠬᠡᠬᠡᠯᠳᠡ ᠬᠢᠬᠦ᠌ ᠨᠥᠬᠥᠴᠡᠯ ᠳᠣᠣᠷ᠎ᠠ ᠶᠠᠪᠤᠭ᠍ᠳᠠᠬᠤ ᠬᠡᠷᠡᠭ᠌ᠲᠡᠢ᠃ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠪᠦᠬᠦ᠌ ᠪᠥᠮᠪᠥᠷᠴᠡᠭ᠎ᠦᠨ ᠡᠬᠢ ᠪᠠᠶᠠᠯᠢᠭ᠎ᠤᠨ ᠡᠯᠧᠮᠧᠨ᠋ᠲ᠎ᠢ ᠲᠠᠲᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠵᠠᠬ᠎ᠠ ᠳᠡᠯᠭᠡᠭᠦᠷ ᠬᠣᠶᠠᠷ ᠵᠦᠢᠯ᠎ᠦᠨ ᠡᠬᠢ ᠪᠠᠶᠠᠯᠢᠭ᠎ᠤᠨ ᠬᠣᠯᠪᠣᠭᠠᠯᠠᠨ ᠬᠥᠳᠡᠯᠦᠯᠴᠡᠬᠦ᠌ ᠨᠦᠯᠦᠬᠡ ᠦᠢᠯᠡᠳᠦᠯ᠎ᠢ ᠴᠢᠩᠭᠠᠳᠭᠠᠬᠤ ᠬᠡᠷᠡᠭ᠌ᠲᠡᠢ᠃ ᠳᠦᠷᠢᠮ᠂ ᠲᠣᠭ᠍ᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠳᠦᠷᠢᠮ᠎ᠯᠦᠭᠡ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠭᠠᠳᠠᠭᠠᠳᠤ ᠠᠷᠠᠯᠵᠢᠶ᠎ᠠ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ ᠪᠠ ᠭᠠᠳᠠᠭᠠᠳᠤ᠎ᠳᠤ ᠪᠡᠯᠡ ᠣᠷᠣᠭᠤᠯᠬᠤ ᠬᠠᠮᠢᠶᠠᠷᠤᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠳᠡᠢ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠠᠩᠬᠠᠨ᠎ᠤ ᠡᠭᠦᠳᠦᠯᠳᠠ ᠵᠢᠨ ᠴᠢᠨᠠᠷᠲᠠᠢ᠂ ᠬᠤᠷᠠᠮᠠᠯ ᠮᠠᠶᠢᠭ᠎ᠤᠨ ᠰᠦᠪᠡᠭ᠌ᠴᠢᠯᠡᠯᠳᠡ ᠬᠢᠬᠦ᠌᠎ᠶ᠋ᠢ ᠵᠣᠷᠢᠭ᠍ᠵᠢᠭᠤᠯᠵᠤ᠂ ᠨᠡᠭᠡᠭᠡᠯᠳᠡ᠎ᠶ᠋ᠢᠨ ᠲᠡᠰ ᠳᠠᠪᠬᠤᠷᠭ᠎ᠠ ᠨᠢ ᠨᠡᠩ ᠥᠨᠳᠥᠷ᠂ ᠳᠠᠢᠴᠢᠯᠠᠬᠤ ᠦᠢᠯᠡᠳᠦᠯ ᠨᠢ ᠨᠡᠩ ᠴᠢᠩᠭ᠎ᠠ ᠥᠭᠡᠷᠡᠴᠢᠯᠡᠯᠲᠡ ᠨᠡᠭᠡᠭᠡᠯᠳᠡ᠎ᠶ᠋ᠢᠨ ᠱᠢᠨ᠎ᠡ ᠥᠨᠳᠥᠷᠯᠢᠭ᠎ᠢ ᠴᠤᠭᠴᠠᠯᠠᠬᠤ ᠬᠡᠷᠡᠭᠳᠡᠢ᠃ 《ᠨᠢᠭᠡ ᠪᠦᠰᠡ ᠨᠢᠭᠡ ᠵᠠᠮ》᠎ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢ ᠠᠬᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ ᠬᠡᠷᠡᠭᠳᠡᠢ᠃ ᠨᠡᠭᠡᠭᠡᠯᠳᠠ ᠬᠢᠬᠦ᠌ ᠲᠤᠳᠤᠮ ᠠᠮᠤᠷ ᠲᠦᠪᠱᠢᠨ᠎ᠢ ᠤᠯᠠᠮ ᠴᠢᠬᠤᠯᠠᠴᠢᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠤᠯᠠᠮ ᠨᠢᠭᠡᠳᠦᠯᠲᠡᠢ ᠲᠥᠯᠥᠪᠵᠢᠭᠦᠯᠵᠦ᠍᠂ ᠲᠤᠰ ᠪᠡᠶ᠎ᠡ᠎ᠶ᠋ᠢᠨ ᠦᠷᠢᠰᠦᠯᠳᠦᠬᠦ᠌ ᠴᠢᠳᠠᠪᠤᠷᠢ᠂ ᠨᠡᠭᠡᠭᠡᠯᠳᠠ᠎ᠶ᠋ᠢ ᠬᠢᠨᠠᠨ ᠬᠠᠮᠢᠶᠠᠷᠬᠤ ᠴᠢᠳᠠᠪᠤᠷᠢ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠴᠢᠳᠠᠪᠤᠷᠢ᠎ᠪᠠᠨ ᠬᠦᠴᠦᠯᠡᠨ ᠴᠢᠩᠭᠠᠳᠭᠠᠬᠤ ᠬᠡᠷᠡᠭ᠌ᠲᠡᠢ᠃ ᠬᠠᠤᠯᠢ᠎ᠪᠡᠷ ᠵᠠᠰᠠᠬᠤ ᠰᠠᠭᠤᠷᠢᠨ ᠳᠡᠭᠡᠷ᠎ᠡ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠨᠡᠭᠡᠭᠡᠯᠳᠠ᠎ᠶ᠋ᠢᠨ ᠬᠠᠤᠯᠢ᠎ᠪᠡᠷ ᠵᠠᠰᠠᠬᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠳᠤᠮᠳᠠᠳᠤ ᠤᠯᠤᠰ᠎ᠤᠨ ᠭᠠᠳᠠᠭᠠᠳᠤ ᠪᠡᠯᠡ᠎ᠶ᠋ᠢ ᠠᠱᠢᠭ᠍ᠯᠠᠬᠤ ᠲᠦᠷᠦ᠍᠎ᠶ᠋ᠢᠨ ᠪᠤᠳᠤᠯᠭ᠎ᠠ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ᠌ ᠦᠭᠡᠢ ᠶᠤᠮ᠃ ᠳᠤᠮᠳᠠᠳᠤ ᠤᠯᠤᠰ ᠪᠣᠯ ᠪᠦᠬᠦ᠌ ᠪᠥᠮᠪᠥᠷᠴᠡᠭ᠎ᠦᠨ ᠬᠣᠶᠠᠳᠤᠭᠠᠷ ᠲᠤᠮᠤ ᠬᠡᠷᠡᠭ᠌ᠯᠡᠭᠡ ᠵᠢᠨ ᠵᠠᠬ᠎ᠠ ᠳᠡᠯᠭᠡᠭᠦᠷ ᠪᠣᠯᠤᠨ᠎ᠠ᠂ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠬᠡᠪᠴᠢᠶ᠎ᠡ᠎ᠲᠡᠶ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠥᠮᠦᠰ ᠲᠤᠮᠳᠠᠳᠤ ᠤᠯᠤᠰ ᠲᠤ᠌ ᠪᠤᠢ᠂ ᠲᠡᠭᠦᠨ᠎ᠳᠦ ᠯᠤᠲᠤ ᠶᠡᠬᠡ ᠪᠡᠯᠡ ᠣᠷᠣᠭᠤᠯᠤᠯᠲᠠ ᠪᠠ ᠬᠡᠷᠡᠭ᠌ᠯᠡᠭᠡ᠎ᠶᠢᠨ ᠲᠠᠯᠳᠠ ᠬᠦᠴᠦᠨ ᠠᠭᠤᠯᠤᠭ᠍ᠳᠠᠵᠤ ᠪᠠᠢᠳᠠᠭ; ᠭᠠᠳᠠᠭᠠᠳᠤ ᠪᠡᠯᠡ᠎ᠶ᠋ᠢ ᠠᠱᠢᠭ᠍ᠯᠠᠬᠤ ᠲᠤᠬᠠᠢ ᠨᠡᠯᠢᠶᠡᠳ ᠪᠦᠷᠢᠨ ᠲᠡᠭᠦᠯᠳᠡᠷ ᠬᠠᠤᠯᠢ ᠲᠣᠭ᠍ᠲᠠᠭᠠᠯ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ ᠪᠠ ᠠᠵᠢᠯ᠎ᠤᠨ ᠱᠢᠰᠲ᠋ᠧᠮ᠎ᠢ ᠨᠢᠭᠡᠨᠲᠡ ᠪᠦᠷᠢᠯᠳᠦᠭᠦᠯᠪᠡ; ᠤᠯᠤᠰ ᠲᠦᠷᠦ᠍᠎ᠶ᠋ᠢᠨ ᠪᠠᠢᠳᠠᠯᠲᠣᠭ᠍ᠲᠠᠭᠤᠨ᠂ ᠨᠡᠢᠭᠡᠮ ᠠᠮᠤᠷ ᠲᠣᠭ᠍ᠲᠠᠭᠤᠨ ᠪᠠᠢᠬᠤ᠎ᠵᠢ ᠤᠷᠳᠤ ᠬᠤᠭᠤᠴᠠᠭ᠎ᠠ᠎ᠪᠠᠷ ᠪᠠᠲᠤᠯᠠᠵᠤ᠂ ᠳᠡᠯᠡᠬᠡᠢ ᠨᠡᠢᠲᠡ᠎ᠳᠦ ᠮᠡᠳᠡᠷᠡᠭ᠌ᠳᠡᠭ᠌ᠰᠡᠨ ᠬᠠᠮᠤᠭ᠎ᠤᠨ ᠠᠮᠤᠷ ᠲᠦᠪᠱᠢᠨ ᠤᠯᠤᠰ᠎ᠤᠨ ᠨᠢᠭᠡ ᠮᠥᠨ᠃ ᠳᠤᠮᠳᠠᠳᠤ ᠤᠯᠤᠰ ᠪᠤᠯ ᠥᠩᠭᠡᠷᠡᠭ᠌ᠰᠡᠨ᠎ᠳᠦ᠂ ᠤᠳᠤ᠂ ᠢᠷᠡᠭᠡᠳᠦᠢ᠎ᠳᠦ ᠬᠡᠰᠡᠨ ᠴᠦ᠍ ᠯᠠᠪᠲᠠᠢ ᠭᠠᠳᠠᠭᠠᠳᠤ᠎ᠶ᠋ᠢᠨ ᠬᠤᠳᠠᠯᠳᠤᠭᠠᠴᠢᠨ᠎ᠤ ᠬᠠᠨᠤᠮᠵᠢᠳᠠᠢ᠂ ᠠᠮᠤᠷ ᠲᠦᠪᠱᠢᠨ᠂ ᠠᠵᠢᠯ ᠦᠢᠯᠡᠰ᠎ᠢᠶᠡᠨ ᠬᠦᠭᠵᠢᠬᠦᠯᠬᠦ ᠪᠡᠯᠡ ᠣᠷᠣᠭᠤᠯᠤᠯᠲᠠ᠎ᠶ᠋ᠢᠨ ᠬᠠᠷᠠᠯᠳᠠᠳᠤ ᠭᠠᠵᠠᠷ ᠪᠣᠯᠤᠨ᠎ᠠ᠂ ᠳᠤᠮᠳᠠᠳᠤ ᠤᠯᠤᠰ᠎ᠯᠤᠭ᠎ᠠ ᠬᠠᠮᠳᠤ ᠶᠠᠪᠤᠬᠤ ᠪᠣᠯ ᠳᠠᠷᠤᠢ ᠠᠵᠠ ᠲᠣᠬᠢᠶᠠᠯ᠎ᠲᠠᠶ ᠬᠠᠮᠲᠤ ᠪᠠᠢᠭ᠎ᠠ ᠶᠠᠪᠤᠳᠠᠯ ᠪᠣᠯᠤᠨ᠎ᠠ᠂ ᠳᠤᠮᠳᠠᠳᠤ ᠤᠯᠤᠰ᠎ᠢ ᠢᠲᠡᠭᠡᠬᠦ ᠨᠢ ᠳᠠᠷᠤᠢ ᠮᠠᠷᠭᠠᠰᠢ᠎ᠪᠠᠨ ᠢᠲᠡᠭᠡᠵᠦ ᠪᠠᠢᠭ᠎ᠠ ᠶᠠᠪᠤᠳᠠᠯ ᠪᠤᠯᠤᠨ᠎ᠠ᠂ ᠳᠤᠮᠳᠠᠳᠤ ᠤᠯᠤᠰ᠎ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢᠳ᠋ᠤ ᠪᠡᠯᠡ ᠣᠷᠣᠭᠤᠯᠵᠤ ᠪᠠᠢᠭ᠎ᠠ ᠶᠠᠪᠤᠳᠠᠯ ᠮᠦᠨ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠠᠵᠤ ᠠᠬᠤᠢ᠎ᠶ᠋ᠢᠨ ᠳᠡᠯᠡᠬᠡᠢᠵᠢᠯᠲᠡ ᠪᠣᠯ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠪᠤᠰᠤᠳᠴᠢ ᠱᠠᠭᠠᠷᠳᠠᠯᠭ᠎ᠠ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠱᠢᠯᠳᠠ᠎ᠶ᠋ᠢᠨ ᠵᠠᠢᠯᠠᠰᠢ ᠦᠭᠡᠢ ᠦᠷ᠎ᠡ ᠳ᠋ᠦᠩ ᠮᠥᠨ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠵᠤ᠂ ᠲᠠᠸᠠᠷ ᠪᠠ ᠬᠦᠷᠦᠨᠭ᠌ᠭᠡ᠎ᠶ᠋ᠢᠨ ᠭᠦᠢᠯᠭᠡᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠪᠣᠯᠪᠠᠰᠤᠨ᠎ᠤ ᠲᠠᠪᠱᠢᠯᠳᠠ᠂ ᠡᠯ᠎ᠡ ᠤᠯᠤᠰ᠎ᠤᠨ ᠠᠷᠠᠳ ᠲᠦᠮᠡᠨ᠎ᠦ ᠶᠠᠪᠤᠯᠴᠠᠭ᠎ᠠ᠎ᠶ᠋ᠢ ᠠᠬᠢᠭᠤᠯᠪᠠ᠃ ᠣᠳᠣᠬᠠᠨ᠎ᠳᠤ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠱᠢᠷᠦᠭᠦᠰᠴᠦ᠍᠂ ᠤᠯᠠᠨ ᠲᠠᠯᠠᠲᠤ ᠦᠵᠡᠯ᠂ ᠴᠢᠯᠥᠭᠡᠲᠦ ᠠᠷᠠᠯᠵᠢᠶ᠎ᠠ ᠬᠦᠨᠳᠦ ᠬᠡᠴᠡᠭᠦᠦ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠳᠤᠮᠳᠠᠳᠤ ᠤᠯᠤᠰ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠵᠥᠪ ᠴᠢᠭ᠌ᠯᠡᠯ᠎ᠢ ᠪᠠᠷᠢᠮᠲᠠᠯᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶ᠋ᠢ ᠴᠢᠯᠥᠭᠡᠳᠡᠢ ᠪᠤᠯᠭᠠᠬᠤ ᠳᠥᠭᠥᠮ ᠪᠤᠯᠭᠠᠬᠤ᠎ᠶ᠋ᠢ ᠠᠬᠢᠭᠤᠯᠵᠤ᠂ ᠬᠠᠮᠠᠭᠠᠯᠠᠬᠤ ᠦᠵᠡᠯ᠎ᠢ ᠡᠰᠡᠷᠭᠦᠴᠡᠵᠦ᠍᠂ 《ᠬᠡᠷᠡᠮ ᠪᠤᠰᠭᠠᠨ ᠪᠡᠬᠢᠯᠡᠯᠲᠡ ᠪᠠᠢᠭᠤᠯᠬᠤ》᠂ 《ᠬᠠᠷᠢᠯᠴᠠᠭ᠎ᠠ᠎ᠪᠠᠨ ᠲᠠᠰᠤᠯᠬᠤ》᠎ᠶ᠋ᠢ ᠡᠰᠡᠷᠭᠦᠴᠡᠵᠦ᠍᠂ ᠭᠠᠭ᠍ᠴᠠ ᠲᠠᠯ᠎ᠠ᠎ᠶ᠋ᠢᠨ ᠵᠠᠯᠬᠠᠭᠠᠯ᠂ ᠲᠤᠢᠯ᠎ᠤᠨ ᠶᠡᠬᠡ ᠳᠠᠷᠤᠯᠲᠠ ᠦᠵᠡᠭᠦᠯᠬᠦ᠌᠎ᠶ᠋ᠢ ᠡᠰᠡᠷᠭᠦᠴᠡᠨ᠎ᠡ᠃ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠦ ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠦ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠦᠳᠦᠭᠡᠨ ᠪᠠᠢᠭᠤᠯᠬᠤ᠎ᠪᠠᠷ ᠴᠢᠷᠮᠠᠢᠨ᠎ᠠ ᠭᠡᠵᠦ ᠴᠢᠬᠤᠯᠠᠴᠢᠯᠠᠪᠠ᠃