ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠣᠶᠣᠯ ᠪᠣᠯ ᠰᠥᠭ ᠰᠦᠨᠡᠰᠦ — ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠵᠧᠵᠢᠶᠠᠩ᠎ᠳᠠᠬᠢ ᠮᠥᠷᠳᠡᠯᠲᠡ ᠪᠠ ᠦᠢᠯᠡᠳᠦᠯᠭᠡ (ᠲᠡᠭᠡᠲᠤ)
ᠨᠡᠶ᠋ᠢᠲᠡᠯᠡᠭᠰᠡᠨ ᠴᠠᠭ᠄ 2025-08-14

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 27᠎ᠤ ᠴᠠᠬᠢᠯᠭᠠᠨ ᠮᠡᠳᠡᠭᠡ

ᠬᠥᠮᠦᠨ ᠲᠥᠷᠥᠯᠬᠢᠲᠡᠨ᠎ᠦ ᠲᠡᠦᠬᠡ᠎ᠶᠢᠨ ᠬᠥᠭ᠌ᠵᠢᠯᠲᠡ᠎ᠶ᠋ᠢᠨ ᠤᠷᠳᠤ ᠤᠳᠠᠭᠠᠨ ᠶᠠᠪᠤᠴᠠ᠎ᠳᠤ ᠰᠣᠶᠣᠯ ᠨᠢ ᠴᠤᠬᠤᠮ ᠶᠠᠭᠤ᠎ᠶ᠋ᠢ ᠬᠠᠷᠠᠭᠤᠯᠵᠤ ᠪᠠᠢᠬᠤ ᠪᠤᠢ?

《ᠰᠣᠶᠣᠯ ᠪᠣᠯ ᠦᠨᠳᠦᠰᠦᠲᠡᠨ᠎ᠦ ᠰᠥᠭ ᠰᠦᠨᠡᠰᠦ ᠮᠥᠨ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠤᠶᠤᠨ ᠰᠠᠨᠠᠭᠠᠨ᠎ᠤ ᠬᠣᠯᠪᠣᠭᠠᠰᠤ ᠮᠥᠨ᠂ ᠦᠨᠳᠦᠰᠦᠲᠡᠨ᠎ᠦ ᠠᠮᠢᠵᠢᠷᠠᠯ᠎ᠤᠨ ᠬᠦᠴᠦᠨ᠂ ᠪᠦᠲᠦᠭᠡᠯᠴᠢ ᠬᠦᠴᠦᠨ ᠪᠠ ᠨᠢᠭ᠍ᠲᠠᠷᠠᠯ᠎ᠤᠨ ᠬᠦᠴᠦᠨ᠎ᠦ ᠲᠥᠪᠯᠡᠷᠡᠩᠭᠦᠢ ᠢᠯᠡᠷᠡᠯ ᠮᠥᠨ》᠃

ᠠᠯᠢ ᠡᠷᠲᠡ 20 ᠭᠠᠷᠤᠢ ᠵᠢᠯ᠎ᠦᠨ ᠡᠮᠦᠨ᠎ᠡ᠂ ᠰᠢ ᠵᠢᠨ ᠫᠢᠩ ᠵᠧᠵᠢᠶᠠᠩ᠎ᠳᠤ ᠰᠣᠶᠣᠯ᠎ᠤᠨ ᠲᠤᠬᠠᠢ ᠭᠦᠨᠵᠡᠭᠡᠢ ᠰᠡᠳᠭᠢᠵᠦ᠍ ᠦᠢᠯᠡᠳᠦᠯᠭᠡᠵᠢᠭᠦᠯᠦᠭ᠌ᠰᠡᠨ ᠶᠤᠮ᠃

2005 ᠣᠨ᠎ᠤ 7 ᠰᠠᠷ᠎ᠠ᠎ᠶ᠋ᠢᠨ 28᠂ 29᠎ᠤ ᠡᠳᠦᠷ᠂ ᠲᠤᠬᠠᠶ᠎ᠶ᠋ᠢᠨ ᠦᠶ᠎ᠡ᠎ᠳᠦ ᠵᠧᠵᠢᠶᠠᠩ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠪᠠᠢᠭ᠍ᠰᠠᠨ ᠰᠢ ᠵᠢᠨ ᠫᠢᠩ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠭᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠤᠷᠠᠯ᠎ᠠᠴᠠ 《ᠰᠣᠶᠣᠯ᠎ᠤᠨ ᠶᠡᠬᠡ ᠮᠤᠵᠢ᠎ᠶᠢ ᠲᠥᠷᠬᠡᠳᠬᠡᠨ ᠪᠦᠲᠦᠭᠡᠨ ᠪᠠᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠧᠵᠢᠶᠠᠩ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠲᠣᠭ᠍ᠲᠠᠭᠠᠯ》᠎ᠢ ᠬᠢᠨᠠᠨ ᠵᠦᠪᠯᠡᠵᠦ ᠪᠠᠲᠤᠯᠠᠭᠠᠳ᠂ ᠰᠣᠶᠣᠯ᠎ᠤᠨ ᠶᠡᠬᠡ ᠮᠤᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ 《ᠨᠠᠢ᠍ᠮᠠᠨ ᠢᠨᠵᠧᠨᠧᠷᠢᠩ》᠎ᠢ ᠬᠡᠷᠡᠭ᠌ᠵᠢᠭᠦᠯᠬᠦ᠌ ᠠᠵᠢᠯ᠎ᠢ ᠪᠠᠢᠷᠢᠯᠠᠭᠤᠯᠪᠠ᠃

20 ᠵᠢᠯ᠎ᠦᠨ ᠲᠤᠷᠰᠢ᠂ ᠯᠢᠶᠠᠩ ᠵᠦ᠍᠎ᠶᠢᠨ ᠪᠠᠭᠤᠷᠢ᠎ᠶᠢᠨ ᠲᠠᠪᠤᠨ ᠮᠢᠩᠭ᠎ᠠ ᠭᠠᠷᠤᠶ ᠵᠢᠯ᠎ᠦᠨ ᠡᠮᠦᠨᠡᠬᠢ 《ᠪᠣᠯᠪᠠᠰᠤᠨ᠎ᠤ ᠥᠷ᠎ᠦᠨ ᠲᠤᠶᠠᠭ᠎ᠠ》᠎ᠶᠢ ᠢᠯᠡᠷᠡᠭᠦᠯᠦᠭᠰᠡᠨ᠎ᠡᠴᠡ 《ᠳᠤᠮᠳᠠᠳᠤ ᠤᠯᠤᠰ᠎ᠤᠨ ᠦᠶ᠎ᠡ ᠦᠶ᠎ᠡ᠎ᠶ᠋ᠢᠨ ᠤᠷᠠᠨ ᠵᠢᠷᠤᠭ᠎ᠤᠨ ᠶᠡᠬᠡ ᠰᠢᠰᠲᠧᠮ》 ᠎ᠦᠨ ᠮᠢᠩᠭᠠᠨ ᠣᠨ᠎ᠤ ᠰᠣᠶᠣᠯ᠎ᠤᠨ ᠰᠤᠳᠠᠰᠤ᠎ᠶᠢᠨ ᠤᠯᠠᠮᠵᠢᠯᠠᠯ ᠬᠦᠷᠲᠡᠯ᠎ᠡ; ᠰᠢ ᠬᠣ᠌ ᠨᠠᠭᠤᠷ᠂ ᠲᠠᠲᠠᠮᠠᠯ ᠭᠣᠣᠯ ᠵᠡᠷᠭᠡ ᠰᠣᠶᠣᠯ᠎ᠤᠨ ᠥᠪ᠎ᠤᠨ ᠱᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠭᠰᠠᠨ᠎ᠠᠴᠠ᠂ ᠰᠣᠶᠣᠯ᠎ᠤᠨ ᠦᠢᠯᠡᠰ᠂ ᠰᠣᠶᠣᠯ᠎ᠤᠨ ᠠᠵᠤ ᠦᠢᠯᠡᠰ᠎ᠤᠨ ᠱᠢᠨ᠎ᠡ ᠢᠷᠠᠭᠤ ᠬᠠᠭᠤᠳᠠᠰᠤ᠎ᠶᠢ ᠪᠢᠴᠢᠭᠯᠡᠭᠰᠡᠨ ᠬᠦᠷᠲᠡᠯ᠎ᠡ ᠁ 《ᠨᠠᠢ᠍ᠮᠠᠨ ᠢᠨᠵᠧᠨᠧᠷᠢᠩ》 ᠨᠢ ᡁᠢ ᠵᠢᠶᠠᠩ ᠮᠥᠷᠡᠨ᠎ᠦ ᠡᠭᠡ ᠭᠠᠵᠠᠷ᠎ᠤᠨ ᠬᠥᠬᠡᠮᠳᠦᠭ ᠠᠭᠤᠯᠠ ᠨᠤᠮᠢᠨ ᠤᠰᠤ᠎ᠶ᠋ᠢᠨ ᠳᠤᠮᠳᠠ 《ᠦᠨᠢᠷ ᠪᠠᠶᠠᠯᠢᠭ》 ᠦᠪᠡᠳᠡᠭ᠌ᠰᠢ ᠶᠡᠬᠡ ᠳᠦᠷᠰᠦ ᠪᠠᠢᠳᠠᠯ᠎ᠢ ᠢᠯᠡᠷᠡᠭᠦᠯᠵᠡᠢ᠃

2023 ᠣᠨ᠎ᠤ 10 ᠰᠠᠷ᠎ᠠ᠎ᠳᠤ᠂ ᠪᠥᠬᠥ᠌ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ᠎ᠡᠴᠡ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠵᠢᠩᠬᠢᠨᠢ᠎ᠪᠡᠷ ᠳᠤᠷᠠᠳᠤᠭ᠍ᠰᠠᠨ ᠪᠥᠭᠡᠳ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ — ᠡᠨᠡ ᠨᠢ ᠮᠠᠨ᠎ᠤ ᠨᠠᠮ᠎ᠤᠨ ᠳᠤᠮᠳᠠᠳᠤ ᠤᠯᠤᠰ᠎ᠤᠨ ᠣᠨᠴᠠᠯᠢᠭ ᠎ᠪᠦᠬᠦᠢ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢᠨ ᠵᠢᠮ᠎ᠡ ᠶᠣᠰᠣᠨ᠎ᠤ ᠲᠤᠬᠠᠶ ᠲᠠᠨᠢᠯᠲᠠ ᠱᠢᠨ᠎ᠡ ᠦᠨᠳᠦᠷᠴᠡ᠎ᠳ᠋ᠤ ᠭᠦᠷᠦᠭ᠌ᠰᠡᠨ᠎ᠢ ᠬᠠᠷᠠᠭᠤᠯᠵᠤ᠂ ᠮᠠᠨ᠎ᠤ ᠨᠠᠮ᠎ᠤᠨ ᠲᠡᠦᠬᠡ᠎ᠶ᠋ᠢᠨ ᠢᠲᠡᠭᠡᠯ᠂ ᠰᠣᠶᠣᠯ᠎ᠤᠨ ᠢᠲᠡᠭᠡᠯ ᠱᠢᠨ᠎ᠡ ᠦᠨᠳᠦᠷᠴᠡ᠎ᠳ᠋ᠤ ᠭᠦᠷᠦᠭ᠌ᠰᠡᠨ᠎ᠢ ᠬᠠᠷᠠᠭᠤᠯᠵᠤ ᠪᠠᠢᠨ᠎ᠠ᠃

ᠥᠷᠭᠡᠨ ᠠᠭᠤᠳᠠᠮ ᠳᠤᠮᠳᠠᠳᠤ ᠤᠯᠤᠰ᠎ᠲᠤ᠂ ᠤᠷᠳᠤ ᠮᠥᠷᠡᠨ ᠬᠠᠯᠭᠢᠯᠠᠨ ᠴᠠᠯᠭᠢᠯᠠᠵᠤ᠂ ᠦᠵᠡᠯ ᠰᠠᠨᠠᠭᠠᠨ᠎ᠤ ᠲᠤᠯᠬᠢᠶᠠᠯᠠᠯ ᠴᠡᠯᠬᠢᠯᠡᠯ ᠨᠢ ᠳᠤᠮᠳᠠᠳᠤ᠎ᠶ᠋ᠢᠨ ᠪᠣᠯᠪᠠᠰᠤᠨ᠎ᠤ ᠭᠡᠷᠡᠯ ᠭᠢᠯᠪᠠᠭ᠎ᠠ᠎ᠶᠢ ᠰᠠᠴᠤᠷᠠᠭᠤᠯᠵᠤ᠂ ᠰᠣᠶᠣᠯ᠎ᠤᠨ ᠰᠦᠭ ᠰᠦᠨᠡᠰᠦ ᠨᠢ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠰᠠᠭᠤᠷᠢ ᠲᠠᠯᠪᠢᠨ ᠬᠦᠴᠦᠨ ᠴᠢᠳᠠᠯ᠎ᠢ ᠨᠢᠭ᠍ᠲᠠᠷᠠᠭᠤᠯᠪᠠ᠃

ᠦᠩᠭᠡ᠎ᠶᠢᠨ ᠴᠡᠴᠡᠭ ᠮᠢᠷᠠᠯᠵᠠᠨ ᠳᠡᠯᠭᠡᠷᠡᠭ᠌ᠰᠡᠨ ᠬᠠᠪᠤᠷ᠎ᠡᠴᠡ ᠲᠠᠯ᠎ᠠ ᠳᠦᠭᠦᠷᠡᠩ ᠨᠣᠭᠣᠭᠠᠷᠠᠭ᠍ᠰᠠᠨ ᠵᠣᠨ᠎ᠤ ᠤᠯᠠᠷᠢᠯ ᠬᠦᠷᠲᠡᠯ᠎ᠡ᠂ ᠪᠢᠳᠡ ᠨᠠᠨ ᠬᠣ᠌ ᠨᠠᠭᠤᠷ᠎ᠤᠨ ᠤᠯᠠᠭᠠᠨ ᠣᠩᠭᠣᠴᠠ᠎ᠶᠢ ᠪᠠᠷᠠᠳᠠᠨ᠂ ᠯᠢᠶᠠᠩ ᠵᠦ᠍᠎ᠶᠢᠨ ᠡᠷᠲᠡᠨ᠎ᠦ ᠪᠠᠭᠤᠷᠢ᠎ᠶ᠋ᠢ ᠡᠷᠢᠯᠬᠢᠯᠡᠨ᠂ ᠬᠤᠸᠠᠩᠳ᠋ᠢ᠎ᠶᠢᠨ ᠰᠦᠮ᠎ᠡ᠎ᠳᠦ ᠭᠠᠷᠴᠤ᠌᠂ ᠪᠤᠭᠲᠠ ᠺᠦᠩᠽᠢ᠎ᠶᠢᠨ ᠨᠤᠲᠤᠭ᠎ᠢᠶᠡᠷ ᠠᠢᠯᠴᠢᠯᠠᠨ᠂ ᠡᠷᠲᠡᠨ᠎ᠦ ᠬᠣᠲᠠ ᠬᠠᠭᠤᠴᠢᠨ ᠵᠡᠭᠡᠯᠢ᠎ᠪᠡᠷ ᠶᠠᠪᠤᠵᠤ᠂ ᠠᠵᠤ ᠠᠬᠤᠢᠯᠠᠯ ᠬᠥᠳᠡᠭᠡ ᠲᠣᠰᠭᠣᠨ᠎ᠳᠤ ᠬᠦᠷᠴᠡᠶ ᠁ ᠣᠭ ᠦᠨᠳᠦᠰᠦ᠎ᠶᠢ ᠨᠢ ᠮᠥᠷᠳᠡᠵᠦ᠍᠂ ᠠᠭᠤᠤ ᠶᠡᠬᠡ ᠦᠵᠡᠯ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ ᠱᠢᠨᠵᠢᠯᠡᠬᠦ᠌ ᠤᠬᠠᠭᠠᠨᠴᠢ ᠦᠨᠡᠨ ᠶᠣᠰᠣᠨ᠎ᠤ ᠦᠨ᠎ᠡ ᠥᠷᠲᠡᠭ᠂ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠂ ᠥᠷᠭᠡᠨ ᠶᠡᠬᠡ ᠰᠣᠶᠣᠯ᠎ᠤᠨ ᠬᠠᠢᠷ᠎ᠠ ᠰᠡᠳᠭᠢᠯᠭᠡ᠎ᠶᠢ ᠤᠢᠯᠠᠭᠠᠨ ᠮᠡᠳᠡᠷᠡᠪᠡ ᠁

《ᠮᠠᠨ᠎ᠤ ᠰᠣᠶᠣᠯ᠎ᠢᠶᠠᠨ ᠤᠯᠠᠮᠵᠢᠯᠠᠨ ᠵᠠᠯᠭᠠᠮᠵᠢᠯᠠᠵᠤ᠂ ᠮᠠᠨ᠎ᠤ ᠡᠭᠦᠳᠦᠨ ᠪᠦᠲᠦᠭᠡᠯᠲᠡ᠎ᠪᠡᠨ ᠦᠶ᠎ᠡ᠎ᠶ᠋ᠢᠨ ᠦᠶ᠎ᠡ᠎ᠳᠡᠭᠡᠨ ᠥᠷᠬᠥᠯᠵᠢᠯᠡᠬᠥᠯᠥᠨ᠎ᠡ》 

ᠱᠣᠤᠱᠢᠩ᠂ ᠡᠷᠲᠡᠨ᠎ᠦ ᠦᠯᠡᠳᠡᠭ᠌ᠳᠡᠯ ᠡᠷᠲᠡᠨ᠎ᠤ ᠬᠡᠪ ᠨᠠᠮᠪᠠ ᠪᠡᠨ ᠬᠠᠳᠠᠭᠠᠯᠠᠭᠰᠠᠨ ᠨᠢᠭᠡᠨ ᠬᠤᠲᠠ᠂ ᠮᠢᠩᠭᠠᠨ ᠣᠨ᠎ᠤ ᠰᠤᠷᠪᠤᠯᠵᠢ ᠪᠢᠴᠢᠭ᠎ᠦᠨ ᠲᠠᠷᠬᠠᠨ ᠤᠷᠤᠨ ᠪᠣᠯᠤᠨ᠎ᠠ᠃ ᠼᠠᠩ ᠴᠢᠶᠣᠤ ᡁᠢ ᠵᠡᠭᠡᠯᠢ᠂ ᠬᠦᠭᠵᠢᠶᠡᠨ ᠪᠢᠯᠬᠠᠭᠰᠠᠨ ᠠᠢᠯ ᠭᠡᠷ᠂ ᠶᠤᠸᠠᠢ ᠤᠯᠤᠰ᠎ᠤᠨ ᠬᠦᠭᠵᠢᠮ ᠴᠤᠤᠷᠢᠶᠠᠳᠤᠵᠤ᠂ ᠬᠦᠮᠦᠨ ᠬᠠᠷ᠎ᠠ ᠰᠦᠯᠵᠢᠯᠳᠦᠨ᠎ᠡ᠃

20 ᠭᠠᠷᠤᠢ ᠵᠢᠯ᠎ᠦᠨ ᠡᠮᠦᠨ᠎ᠡ᠂ ᠡᠨᠳᠡ ᠬᠥᠮᠦᠰ ᠡᠷᠲᠡᠨ᠎ᠦ ᠵᠡᠭᠡᠯᠢ᠎ᠶ᠋ᠢᠨ ᠰᠠᠭᠤᠭᠠᠯᠢ ᠠᠷᠠᠳ᠎ᠤᠨ ᠣᠷᠣᠨ ᠰᠠᠭᠤᠴᠠ᠎ᠶ᠋ᠢ ᠨᠤᠷᠠᠭᠠᠬᠤ ᠡᠰᠡᠬᠦ᠌ ᠦᠯᠡᠳᠡᠭᠡᠬᠦ ᠡᠰᠡᠬᠦ ᠲᠤᠬᠠᠢ ᠶᠠᠭᠠᠬᠢᠬᠤ᠎ᠪᠡᠨ ᠤᠯᠵᠤ ᠶᠡᠲᠡᠨ ᠪᠠᠢᠯ᠎ᠠ᠄ ᠬᠠᠭᠤᠴᠢᠨ᠎ᠢ ᠨᠤᠷᠠᠭᠠᠵᠤ ᠱᠢᠨ᠎ᠡ᠎ᠶᠢ ᠪᠠᠢᠭᠤᠯᠬᠤ ᠤ᠋ᠦ ᠡᠰᠡᠭᠦᠯ᠎ᠡ ᠲᠡᠷᠡ ᠬᠡᠪ ᠎ᠢᠶᠡᠷ ᠨᠢ ᠬᠠᠮᠠᠭᠠᠯᠠᠬᠤ ᠤ᠋ᠦ?

ᠲᠡᠷᠡ ᠦᠶ᠎ᠡ᠎ᠶ᠋ᠢᠨ ᠵᠧᠵᠢᠶᠠᠩ ᠶᠠᠭ ᠰᠠᠢᠬᠠᠨ ᠬᠣᠲᠠᠴᠢᠯᠠᠯᠲᠠ᠎ᠶ᠋ᠢᠨ ᠥᠭᠡᠷᠡᠴᠢᠯᠡᠯᠲᠡ ᠪᠠ ᠬᠣᠲᠠ ᠪᠠᠯᠭᠠᠰᠤᠵᠢᠯᠲᠠ᠎ᠶ᠋ᠢᠨ ᠮᠠᠰᠢ ᠲᠥᠷᠬᠡᠨ ᠬᠥᠭ᠌ᠵᠢᠯᠲᠡ᠎ᠶ᠋ᠢᠨ ᠬᠤᠭᠤᠴᠠᠭᠠᠨ᠎ᠳᠤ ᠪᠠᠢᠵᠤ᠂ ᠴᠥᠭᠡᠨ ᠪᠤᠰᠤ ᠭᠠᠵᠠᠷ ᠣᠷᠣᠨ᠎ᠳᠤ ᠬᠤᠳᠠᠯᠳᠤᠭᠠᠨ᠎ᠤ ᠨᠡᠭᠡᠭᠡᠨ ᠬᠥᠭ᠌ᠵᠢᠭᠦᠯᠦᠯᠲᠡ᠎ᠶ᠋ᠢᠨ ᠬᠥᠭ᠌ᠰᠡᠯ᠎ᠲᠡᠶ ᠪᠠᠢᠵᠤ᠂ ᠣᠷᠣᠨ ᠪᠠᠢᠷᠢ ᠨᠢ ᠳᠠᠪᠠᠭᠤᠯᠢᠭ ᠪᠠᠢᠳᠠᠭ ᠡᠷᠲᠡᠨ᠎ᠦ ᠬᠣᠲᠠ ᠡᠷᠲᠡᠨ᠎ᠦ ᠵᠡᠭᠡᠯᠢ ᠲᠣᠭᠣᠷᠢᠭ ᠨᠢ ᠶᠠᠷᠢᠶᠠᠨ ᠦᠭᠡᠶ ᠠᠩᠬᠠᠷᠤᠭ᠍ᠳᠠᠬᠤ ᠭᠠᠵᠠᠷ ᠪᠣᠯᠤᠭ᠍ᠰᠠᠨ ᠪᠠᠢᠨ᠎ᠠ᠃ 

2003 ᠣᠨ᠎ᠤ 1 ᠰᠠᠷ᠎ᠠ᠎ᠳᠤ᠂ ᠪᠡᠯᠭᠡᠲᠦ ᠴᠠᠰᠤ ᠵᠤᠭᠰᠤᠵᠤ ᠲᠡᠭᠷᠢ ᠬᠡᠢᠪᠡ᠃ ᠵᠧᠵᠢᠶᠠᠩ᠎ᠳᠤ 3 ᠰᠠᠷ᠎ᠠ ᠲᠤᠱᠢᠶᠠᠯ ᠡᠭᠦᠷᠭᠡᠯᠡᠭ᠌ᠰᠡᠨ ᠰᠢ ᠵᠢᠨ ᠫᠢᠩ ᠡᠨᠳᠡ ᠢᠷᠡᠵᠦ᠍᠂ ᠨᠣᠢᠲᠠᠨ ᠬᠠᠯᠲᠤᠷᠢᠭ᠎ᠠ᠎ᠲᠠᠶ ᠴᠢᠯᠠᠭᠤᠨ ᠵᠠᠮ᠎ᠢᠶᠠᠷ ᠵᠠᠮᠨᠠᠨ᠂ ᠬᠠᠭᠤᠴᠢᠨ ᠰᠠᠭᠤᠴᠠ᠎ᠳᠠᠬᠢ ᠠᠢᠵᠠᠮ ᠴᠣᠬᠢᠯᠭ᠎ᠠ ᠎ᠲᠠᠶ ᠱᠣᠤᠱᠢᠩ᠎ᠤᠨ ᠨᠤᠲᠤᠭ᠎ᠤᠨ ᠠᠶᠠᠯᠭᠤ᠎ᠶ᠋ᠢ ᠰᠣᠨᠣᠰᠤᠭᠠᠳ ᠮᠠᠰᠢ ᠪᠠᠶᠠᠷᠲᠠᠢ ᠪᠠᠢᠯ᠎ᠠ᠃

《ᠬᠠᠭᠤᠴᠢᠨ ᠵᠡᠭᠡᠯᠢ᠎ᠶ᠋ᠢ ᠲᠡᠷᠡ ᠬᠡᠪ᠎ᠢᠶᠡᠷ ᠨᠢ ᠦᠯᠡᠳᠡᠭᠡᠨ᠎ᠡ ᠦᠦ ᠦᠭᠡᠶ ᠦᠦ?》 ᠲᠤᠬᠠᠢ᠎ᠶ᠋ᠢᠨ ᠦᠶ᠎ᠡ᠎ᠳᠦ ᠱᠣᠤᠱᠢᠩ ᠬᠤᠲᠠ᠎ᠶ᠋ᠢᠨ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠪᠠᠢᠭ᠍ᠰᠠᠨ ᠵᠦᠩ ᠬᠤᠸᠠ ᠬᠤᠸᠠ ᠪᠠᠷ᠎ᠠ ᠪᠤᠯᠵᠤ ᠪᠠᠢᠴᠠᠭᠠᠨ ᠰᠤᠳᠤᠯᠤᠯᠲᠠ ᠬᠢᠵᠦ᠍᠂ ᠠᠭᠤᠯᠵᠠᠮᠠᠭ᠍ᠴᠠ ᠰᠡᠳᠭᠢᠯ᠎ᠦᠨ ᠰᠠᠨᠠᠭᠠᠰᠢᠷᠠᠯ᠎ᠢᠶᠡᠨ ᠲᠡᠯᠭᠡᠯ᠎ᠡ᠃

《ᠡᠷᠬᠡᠪᠰᠢ ᠲᠡᠷᠡ ᠬᠡᠪ᠎ᠢᠶᠡᠷ ᠨᠢ ᠬᠠᠮᠠᠭᠠᠯᠠᠬᠤ ᠬᠡᠷᠡᠭ᠌ᠲᠡᠢ! 》 ᠭᠡᠵᠦ᠍ ᠰᠢ ᠵᠢᠨ ᠫᠢᠩ ᠡᠷᠡᠰ ᠪᠠᠲᠤᠲᠠᠢ ᠬᠠᠷᠢᠭᠤᠯᠬᠤ᠎ᠶᠢᠨ ᠬᠠᠮᠲᠤ ᠲᠠᠩ ᠤᠯᠤᠰ᠎ᠤᠨ ᠱᠢᠯᠦᠭ᠌ᠴᠢ ᠾᠧ ᡁᠢ ᠵᠠᠩ᠎ᠤᠨ ᠪᠢᠴᠢᠭ᠌ᠰᠡᠨ 《ᠨᠤᠲᠤᠭ᠎ᠲᠠᠭᠠᠨ ᠬᠠᠷᠢᠭᠰᠠᠨ ᠲᠦᠷᠦᠭᠳᠡᠯ》᠎ᠡᠴᠡ ᠤᠩᠰᠢᠯ᠎ᠠ᠄ 《ᠠᠰᠤᠷᠤ ᠪᠠᠭ᠎ᠠ᠎ᠳᠠᠭᠠᠨ ᠨᠤᠲᠤᠭ᠎ᠡᠴᠡ ᠰᠠᠯᠵᠤ ᠠᠬᠠᠰᠢᠷᠠᠭ᠎ᠠ ᠪᠤᠯᠤᠭᠠᠳ ᠬᠠᠷᠢᠬᠤᠶ᠎ᠠ᠂ ᠠᠶᠠᠯᠭ᠎ᠠ ᠬᠡᠯᠡ ᠬᠤᠪᠢᠯᠤᠭᠰᠠᠨ ᠦᠭᠡᠢ ᠪᠤᠯᠪᠠᠴᠤ ᠰᠢᠨᠠ᠎ᠶᠢᠨ ᠦᠰᠦ ᠴᠠᠢᠵᠤᠬᠤᠢ》 ᠁

ᠲᠡᠷᠡ ᠵᠦᠩ ᠬᠤᠸᠠ ᠬᠤᠸᠠ᠎ᠳᠤ᠄ 《ᠲᠠ᠎ᠨᠠᠷ ᠢᠩᠭᠢᠵᠦ᠍ ᠬᠢᠭᠰᠡᠨ᠎ᠡᠴᠡ ᠪᠢᠳᠡ ᠥᠨᠥᠳᠦᠷ ᠰᠠᠶᠢ ᠨᠤᠲᠤᠭ᠎ᠤᠨ ᠠᠶᠠᠯᠭᠤ᠎ᠶ᠋ᠢ ᠤᠯᠵᠤ ᠰᠣᠨᠣᠰᠴᠤ᠌᠂ ᠨᠤᠲᠤᠭ᠎ᠤᠨ ᠮᠥᠷᠥᠭᠡᠳᠦᠯ᠎ᠢ ᠴᠡᠭᠡᠵᠢᠯᠡᠵᠦ᠍᠂ ᠾᠧ ᡁᠢ ᠵᠠᠩ᠎ᠤᠨ ᠱᠢᠯᠦᠭ᠎ᠡᠴᠡ ᠬᠣᠯᠪᠣᠨ ᠪᠤᠳᠤᠵᠤ ᠴᠢᠳᠠᠵᠠᠢ》 ᠭᠡᠵᠡᠢ᠃

ᠵᠣᠴᠢᠨ ᠬᠠᠮᠢᠭ᠎ᠠ᠎ᠡᠴᠡ ᠢᠷᠡᠯᠲᠡᠢ ᠪᠤᠯ᠂ ᠨᠤᠲᠤᠭ᠎ᠤᠨ ᠠᠶᠠᠯᠭᠤ᠎ᠡᠴᠡ ᠨᠤᠲᠤᠭ᠎ᠤᠨ ᠮᠥᠷᠥᠭᠡᠳᠦᠯ ᠰᠠᠨᠠᠭᠳᠠᠨ᠎ᠠ᠃ ᠬᠠᠮᠢᠭ᠎ᠠ ᠣᠴᠢᠭ᠍ᠰᠠᠨ ᠴᠤ᠌ ᠬᠠᠭᠤᠴᠢᠨ ᠭᠡᠷ ᠪᠠᠢᠱᠢᠩ ᠲᠡᠷᠡ ᠬᠡᠪ᠎ᠢᠶᠡᠷ᠎ᠢᠶᠡᠨ ᠯᠡ ᠪᠠᠢᠵᠤ᠂ ᠨᠤᠲᠤᠭ᠎ᠤᠨ ᠠᠶᠠᠯᠭᠤ ᠲᠡᠷᠡ ᠬᠡᠪ᠎ᠢᠶᠡᠷ᠎ᠢᠶᠡᠨ ᠬᠤᠪᠢᠷᠠᠬᠤ ᠦᠭᠡᠢ ᠪᠠᠢᠪᠠᠯ ᠦᠨᠳᠦᠰᠦ ᠦᠭᠡᠢ ᠤᠨᠠᠭᠠᠨ ᠲᠤᠷᠤᠭᠤ ᠰᠢᠭ᠋ ᠪᠤᠯᠬᠤ ᠦᠭᠡᠢ ᠶᠤᠮ᠃

ᠰᠢ ᠵᠢᠨ ᠫᠢᠩ ᠲᠤᠬᠠᠢ᠎ᠶᠢᠨ ᠭᠠᠵᠠᠷ᠎ᠤᠨ ᠺᠠᠳ᠋ᠷᠴᠤᠳ᠎ᠲᠤ᠂ ᠬᠠᠮᠠᠭᠠᠯᠠᠬᠤ ᠠᠵᠢᠯ᠎ᠳᠤ ᠲᠡᠦᠬᠡ᠎ᠶ᠋ᠢᠨ ᠦᠨᠡᠨ ᠪᠣᠳᠠᠲᠤ ᠴᠢᠨᠠᠷ᠂ ᠳᠦᠷᠰᠦ ᠪᠠᠢᠳᠠᠯ᠎ᠤᠨ ᠪᠦᠷᠢᠨ ᠪᠦᠲᠦᠨ ᠴᠢᠨᠠᠷ ᠪᠣᠯᠤᠨ ᠠᠮᠢᠳᠤᠷᠠᠯ᠎ᠤᠨ ᠦᠷᠭᠦᠯᠵᠢᠯᠡᠬᠦ᠌ ᠴᠢᠨᠠᠷ᠎ᠢ ᠴᠢᠬᠤᠯᠠᠴᠢᠯᠠᠬᠤ ᠬᠡᠷᠡᠭ᠌ᠲᠡᠢ ᠭᠡᠵᠦ᠍ ᠵᠠᠬᠢᠪᠠ᠃

ᠡᠨᠡ ᠭᠤᠷᠪᠠᠨ ᠵᠠᠷᠴᠢᠮ ᠨᠢ ᠱᠣᠤᠱᠢᠩ᠎ᠤᠨ ᠲᠡᠦᠬᠡ ᠰᠣᠶᠣᠯ᠎ᠤᠨ ᠨᠡᠷᠡᠲᠦ ᠬᠣᠲᠠ᠎ᠶ᠋ᠢᠨ ᠬᠠᠮᠠᠭᠠᠯᠠᠯᠲᠠ᠎ᠶᠢᠨ ᠠᠵᠢᠯ᠎ᠳᠤ ᠲᠤᠭᠤᠰᠢᠯᠠᠭᠳᠠᠭᠰᠠᠨ ᠪᠠᠢᠨ᠎ᠠ᠃ ᠼᠠᠩ ᠴᠢᠶᠤᠤ ᡁᠢ ᠵᠡᠭᠡᠯᠢ᠎ᠶ᠋ᠢᠨ 840 ᠭᠠᠷᠤᠢ ᠡᠷᠦᠬᠡ ᠰᠠᠭᠤᠭᠠᠯᠢ ᠠᠷᠠᠳ ᠬᠠᠭᠤᠴᠢᠨ ᠪᠠᠢᠱᠢᠩ᠎ᠳᠠᠭᠠᠨ ᠦᠯᠡᠳᠡᠵᠦ᠍᠂ 43 ᠰᠠᠭᠤᠷᠢ ᠬᠠᠭᠤᠴᠢᠨ ᠰᠠᠭᠤᠴᠠ᠎ᠶᠢ ᠲᠡᠷᠡ ᠬᠡᠪ᠎ᠢᠶᠡᠷ ᠨᠢ ᠦᠯᠡᠳᠡᠭᠡᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠳᠤ 《ᠳᠤᠮᠳᠠᠳᠤ ᠤᠯᠤᠰ᠎ᠤᠨ ᠥᠪ ᠎ᠤ᠋ᠨ ᠠᠮᠢᠳᠤᠯᠢᠭ ᠳᠡᠯᠭᠡᠨ ᠦᠵᠡᠭᠦᠯᠬᠦ᠌ ᠭᠠᠵᠠᠷ》 ᠬᠡᠮᠡᠭ᠌ᠳᠡᠪᠡ᠃

ᠡᠨᠡ ᠭᠤᠷᠪᠠᠨ ᠵᠠᠷᠴᠢᠮ ᠨᠢ ᠨᠡᠩ ᠴᠤ᠌ ᠵᠧᠵᠢᠶᠠᠩ᠎ᠤᠨ ᠡᠯ᠎ᠡ ᠭᠠᠵᠠᠷ᠎ᠤᠨ ᠲᠡᠦᠬᠡ ᠰᠣᠶᠣᠯ᠎ᠤᠨ ᠨᠡᠷᠡᠳᠤ ᠬᠤᠳᠠ᠎ᠶ᠋ᠢᠨ ᠬᠠᠮᠠᠭᠠᠯᠠᠯᠲᠠ᠎ᠶᠢᠨ ᠠᠵᠢᠯ᠎ᠳᠤ ᠵᠠᠮ᠎ᠢ ᠲᠣᠳᠣᠷᠬᠠᠢ ᠵᠢᠭᠠᠵᠤ ᠥᠭ᠌ᠭᠦᠭ᠌ᠰᠡᠨ ᠪᠠᠢᠨ᠎ᠠ᠃ 2024 ᠣᠨ᠎ᠤ ᠡᠴᠦᠰ ᠪᠣᠯᠲᠠᠯ᠎ᠠ᠂ ᠵᠧᠵᠢᠶᠠᠩ᠎ᠳᠤ ᠲᠡᠦᠬᠡ ᠰᠣᠶᠣᠯ᠎ᠤᠨ ᠨᠠᠷᠠᠲᠤ ᠬᠣᠲᠠ 20᠂ ᠨᠠᠷᠠᠲᠤ ᠪᠠᠯᠭᠠᠰᠤ 94᠂ ᠨᠠᠷᠠᠲᠤ ᠲᠣᠰᠭᠣᠨ 218᠂ ᠲᠡᠦᠬᠡ ᠰᠣᠶᠣᠯ᠎ᠤᠨ ᠵᠡᠭᠡᠯᠢ ᠲᠣᠭᠣᠷᠢᠭ 107᠂ ᠱᠢᠯᠵᠢᠭᠦᠯᠵᠦ᠍ ᠪᠣᠯᠤᠰᠢ ᠥᠬᠡᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ 73943᠂ ᠲᠡᠦᠬᠡ᠎ᠶ᠋ᠢᠨ ᠪᠠᠷᠢᠯᠭ᠎ᠠ 11126 ᠪᠠᠢᠵᠤ᠂ ᠡᠯ᠎ᠡ ᠲᠥᠷᠥᠯ᠎ᠦᠨ ᠰᠣᠶᠣᠯ᠎ᠤᠨ ᠥᠪ᠎ᠦᠨ ᠶᠡᠷᠦᠩᠬᠡᠶ ᠬᠡᠮᠵᠢᠶ᠎ᠡ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃

《ᠲᠡᠷᠡ ᠬᠡᠪ᠎ᠢᠶᠡᠷ ᠨᠢ ᠬᠠᠮᠠᠭᠠᠯᠠᠵᠤ》᠂ ᠲᠡᠦᠬᠡ᠎ᠶᠢᠨ ᠰᠤᠳᠠᠰᠤ᠎ᠶ᠋ᠢ ᠦᠷᠭᠦᠯᠵᠢᠯᠡᠭᠦᠯᠵᠦ᠍᠂ ᠬᠠᠮᠢᠭ᠎ᠠ᠎ᠡᠴᠡ ᠢᠷᠡᠭ᠌ᠰᠡᠨ ᠪᠤᠢ ᠭᠡᠬᠦ ᠠᠰᠠᠭᠤᠳᠠᠯ᠎ᠢ ᠱᠢᠶ᠋ᠳᠪᠦᠷᠢᠯᠡᠪᠡ᠃ ᠭᠡᠲᠡᠯ᠎ᠡ ᠴᠠᠭ ᠦᠶ᠎ᠡ᠎ᠶ᠋ᠢᠨ ᠳᠠᠪᠠᠯᠭᠠᠨ ᠳᠤᠮᠳᠠ ᠵᠧᠵᠢᠶᠠᠩ ᠶᠠᠮᠠᠷ ᠴᠢᠭᠯᠡᠯ ᠲᠡᠢᠰᠢ ᠤᠷᠤᠭᠰᠢᠯᠠᠬᠤ ᠪᠤᠢ?

21᠎ᠳᠦᠭᠡᠷ ᠵᠠᠭᠤᠨ᠎ᠤ ᠡᠬᠢ᠎ᠪᠡᠷ᠂ ᠵᠧᠵᠢᠶᠠᠩ ᠡᠬᠢ ᠪᠠᠶᠠᠯᠢᠭ᠎ᠤᠨ ᠵᠢᠵᠢᠭ ᠮᠤᠵᠢ ᠪᠠᠢᠭ᠍ᠰᠠᠨ᠎ᠠᠴᠠ᠎ᠪᠠᠨ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠨᠡᠮᠡᠭ᠌ᠳᠡᠯ᠎ᠢᠶᠡᠷ ᠬᠠᠮᠤᠭ᠎ᠤᠨ ᠲᠦᠷᠭᠡᠨ᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢᠶᠡᠷ ᠬᠠᠮᠤᠭ᠎ᠤᠨ ᠴᠢᠩᠭ᠎ᠠ ᠮᠤᠵᠢ᠎ᠶ᠋ᠢᠨ ᠨᠢᠭᠡ ᠪᠣᠯᠤᠭ᠍ᠰᠠᠨ᠎ᠤ ᠬᠠᠮᠲᠤ 《ᠲᠥᠷᠥᠯᠬᠢ ᠬᠦᠷᠦᠯᠴᠡᠬᠦ᠌ ᠦᠭᠡᠢ》 ᠪᠠ 《ᠦᠰᠦᠨ ᠪᠣᠢᠵᠢᠯᠲᠠ᠎ᠶ᠋ᠢᠨ ᠪᠤᠬᠢᠨᠢᠳᠤᠯ》 ᠰᠣᠯᠪᠢᠴᠠᠭ᠍ᠰᠠᠨ ᠬᠦᠴᠢᠷᠳᠡᠯ᠎ᠳᠦ ᠲᠤᠯᠭᠠᠷᠠᠪᠠ᠃

ᠠᠭᠤᠯᠠ ᠬᠡᠳᠦᠶ ᠥᠨᠳᠥᠷ ᠪᠣᠯ ᠠᠪᠠᠷᠢᠬᠤ᠎ᠳᠤ ᠲᠡᠳᠦᠶ ᠬᠦᠴᠢᠷ᠃ ᠪᠣᠳᠠᠲᠠᠶ ᠳᠡᠭᠡᠷ᠎ᠡ ᠶᠠᠭᠠᠬᠢᠵᠤ ᠬᠢᠬᠦ᠌ ᠪᠤᠢ? ᠡᠮᠦᠨ᠎ᠡ ᠡᠩᠨᠡᠭᠡᠨ᠎ᠳᠦ ᠶᠠᠭᠠᠬᠢᠵᠤ ᠶᠠᠪᠤᠬᠤ ᠪᠤᠢ?

ᠰᠣᠶᠣᠯ᠎ᠤᠨ ᠲᠤᠬᠠᠢ ᠶᠠᠷᠢᠬᠤ ᠬᠥᠮᠦᠨ ᠲᠦᠢᠯ᠎ᠤᠨ ᠴᠥᠭᠡᠨ᠃ 《ᠠᠵᠤ ᠦᠢᠯᠡᠳᠪᠦᠷᠢ᠎ᠶᠢᠨ ᠲᠤᠬᠠᠢ ᠨᠢᠭᠡ ᠡᠳᠦᠷ ᠶᠠᠷᠢᠵᠤ᠂ ᠲᠠᠷᠢᠶᠠᠯᠠᠩ᠎ᠤᠨ ᠲᠤᠬᠠᠢ ᠨᠢᠭᠡ ᠭᠤᠳᠤᠯᠢ ᠲᠠᠮᠠᠬᠢ᠎ᠶᠢᠨ ᠴᠠᠭ ᠲᠠᠢ ᠶᠠᠷᠢᠵᠤ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ᠎ᠢ ᠶᠠᠷᠢᠬᠤ᠎ᠲᠠᠶ ᠵᠡᠷᠭᠡ ᠬᠤᠷᠠᠯ ᠲᠠᠷᠬᠠᠳᠠᠭ》᠂ ᠡᠨᠡ ᠪᠣᠯ ᠳᠤᠬᠠᠢ᠎ᠶᠢᠨ ᠦᠶ᠎ᠡ᠎ᠶ᠋ᠢᠨ ᠵᠧᠵᠢᠶᠠᠩ᠎ᠤᠨ ᠴᠥᠭᠡᠨ ᠪᠤᠰᠤ ᠭᠠᠵᠠᠷ᠎ᠤᠨ ᠪᠠᠢᠳᠠᠯ ᠪᠣᠯᠤᠨ᠎ᠠ᠃

ᠰᠢ ᠵᠢᠨ ᠫᠢᠩ ᠡᠭᠦᠨ᠎ᠤ ᠲᠤᠬᠠᠢ ᠨᠡᠪᠲᠡ ᠦᠵᠡᠵᠦ ᠨᠡᠪᠲᠡᠷᠬᠡᠢ ᠮᠡᠳᠡᠨ᠎ᠡ᠃

ᠲᠡᠷᠡ ᠵᠧᠵᠢᠶᠠᠩ᠎ᠤᠨ ᠥᠩᠭᠡᠷᠡᠭ᠌ᠰᠡᠨ᠎ᠦ ᠠᠮᠵᠢᠯᠲᠠ ᠪᠦᠲᠦᠮᠵᠢ᠎ᠶᠢ ᠳ᠋ᠦᠩᠨᠡᠬᠦ᠌᠎ᠳᠡᠭᠡᠨ᠄ 《ᠵᠧᠵᠢᠶᠠᠩ᠎ᠳᠤ ᠣᠨᠴᠠᠭᠠᠢ ᠲᠦᠷᠦ᠍᠎ᠶ᠋ᠢᠨ ᠪᠤᠳᠤᠯᠭ᠎ᠠ ᠪᠠᠢᠬᠤ ᠦᠭᠡᠢ᠂ ᠣᠨᠴᠠᠭᠠᠢ ᠡᠬᠢ ᠪᠠᠶᠠᠯᠢᠭ ᠪᠠᠢᠬᠤ ᠦᠭᠡᠢ ᠪᠠᠢᠳᠠᠯ᠎ᠤᠨ ᠳᠣᠣᠷ᠎ᠠ᠂ ᠥᠨᠥᠳᠦᠷ᠎ᠦᠨ ᠡᠢᠮᠦ᠍ ᠠᠮᠵᠢᠯᠲᠠ ᠪᠦᠲᠦᠮᠵᠢ᠎ᠶ᠋ᠢ ᠣᠯᠵᠤ ᠴᠢᠳᠠᠭ᠍ᠰᠠᠨ᠎ᠤ ᠨᠢᠭᠡᠨ ᠮᠠᠰᠢ ᠴᠢᠬᠤᠯᠠ ᠱᠢᠯᠲᠠᠭᠠᠨ ᠪᠣᠯ ᠲᠠᠷᠤᠢ ᠵᠧᠵᠢᠶᠠᠩ᠎ᠳᠤ ᠭᠦᠨ ᠵᠤᠵᠠᠭᠠᠨ ᠰᠣᠶᠣᠯ᠎ᠤᠨ ᠲᠤᠨᠳᠠᠰᠤ᠎ᠲᠠᠶ ᠮᠥᠷᠲᠡᠭᠡᠨ ᠵᠧᠵᠢᠶᠠᠩ᠎ᠤᠨ ᠰᠣᠶᠣᠯ᠎ᠤᠨ ᠤᠯᠠᠮᠵᠢᠯᠠᠯ ᠨᠢ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠱᠠᠭᠠᠷᠳᠠᠯᠭ᠎ᠠ᠎ᠳᠤ ᠮᠠᠰᠢ ᠵᠣᠬᠢᠴᠠᠵᠤ ᠪᠠᠢᠬᠤ᠎ᠳᠤ ᠪᠤᠢ》 ᠭᠡᠵᠡᠢ᠃

ᠲᠡᠷᠡ ᠵᠧᠵᠢᠶᠠᠩ᠎ᠤᠨ ᠢᠷᠡᠭᠡᠳᠦᠢ᠎ᠶ᠋ᠢᠨ ᠬᠥᠭ᠌ᠵᠢᠯᠲᠡ᠎ᠳᠦ ᠵᠠᠳᠠᠯᠤᠯᠲᠠ ᠬᠢᠬᠦ᠌᠎ᠳᠡᠭᠡᠨ᠄ 《ᠬᠣᠢᠱᠢᠳᠠ᠎ᠶ᠋ᠢᠨ ᠨᠢᠭᠡ ᠬᠤᠭᠤᠴᠠᠭᠠᠨ᠎ᠳᠤ ᠵᠧᠵᠢᠶᠠᠩ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠠᠬᠢᠴᠠ ᠳᠤᠮᠳᠠ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ ᠴᠢᠳᠠᠬᠤ ᠡᠰᠡᠬᠦ᠌ ᠨᠢ ᠮᠠᠰᠢ ᠶᠡᠬᠡ ᠬᠡᠮᠵᠢᠶᠡᠨ ᠳᠡᠭᠡᠷ᠎ᠡ ᠪᠢᠳᠡᠨ᠎ᠤ ᠰᠣᠶᠣᠯ᠎ᠤᠨ ᠬᠦᠴᠦᠨ᠎ᠦ ᠲᠤᠬᠠᠢ ᠭᠦᠨᠵᠡᠭᠡᠢ ᠲᠠᠨᠢᠯᠲᠠ᠂ ᠲᠡᠷᠢᠭᠦᠨ᠎ᠦ ᠰᠣᠶᠣᠯ᠎ᠢ ᠬᠥᠭ᠌ᠵᠢᠭᠦᠯᠬᠦ᠌ ᠲᠤᠬᠠᠢ ᠳᠡᠭᠡᠳᠦ ᠬᠡᠮᠵᠢᠶᠡᠨ᠎ᠦ ᠤᠬᠠᠮᠰᠠᠷ ᠪᠠ ᠰᠣᠶᠣᠯ᠎ᠤᠨ ᠲᠤᠮᠤ ᠮᠤᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠠᠵᠢᠯ᠎ᠤᠨ ᠡᠷᠴᠢᠮ᠎ᠳᠤ ᠱᠢᠢᠳᠪᠦᠷᠢᠯᠡᠭ᠌ᠳᠡᠨ᠎ᠡ》 ᠭᠡᠵᠡᠢ᠃

ᠰᠢ ᠵᠢᠨ ᠫᠢᠩ ᠡᠩ ᠲᠡᠷᠢᠭᠦᠨ᠎ᠳᠦ ᠠᠷᠠᠳ ᠤᠯᠠᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ ᠳᠡᠭᠡᠷ᠎ᠡ ᠬᠠᠷᠡᠴᠡ᠎ᠪᠠᠨ ᠲᠥᠪᠯᠡᠷᠡᠭᠦᠯᠵᠦ᠍᠂ ᠲᠡᠷᠡ 《ᠬᠠᠮᠤᠭ᠎ᠤᠨ ᠰᠠᠢ᠌ᠨ ᠰᠠᠢᠬᠠᠨ ᠤᠶᠤᠨ᠎ᠤ ᠬᠦᠨᠡᠰᠦ᠎ᠪᠡᠨ ᠠᠷᠠᠳ ᠲᠦᠮᠡᠨ᠎ᠳᠦ ᠡᠷᠭᠦᠬᠦ ᠬᠡᠷᠡᠭᠲᠡᠢ》 ᠭᠡᠵᠦ᠍ ᠳᠤᠷᠠᠳᠴᠠᠢ —

ᠬᠠᠩᠵᠧᠦ᠎ᠶᠢᠨ ᠨᠠᠨ ᠱᠠᠨ ᠵᠠᠮ ᠎ᠳᠤ᠃ ᠵᠧᠵᠢᠶᠠᠩ᠎ᠤᠨ ᠤᠷᠠᠨ ᠵᠢᠷᠤᠭ᠎ᠤᠨ ᠣᠷᠳᠣᠨ᠂ ᠠᠭᠤᠯᠠ ᠲᠦᠱᠢᠨ ᠨᠠᠭᠤᠷ ᠪᠠᠷᠠᠳᠠᠵᠤ᠂ ᠲᠠᠷᠢ ᠲᠡᠭ᠌ᠰᠢ ᠬᠠᠷᠠᠭᠳᠠᠨ᠎ᠠ᠃ ᠳᠠᠪᠠᠯᠭᠠᠨ ᠬᠡᠯᠪᠡᠷᠢ᠎ᠲᠠᠢ ᠪᠠᠷᠢᠯᠭ᠎ᠠ ᠨᠢ ᠰᠢ ᠬᠣ᠌ ᠨᠠᠭᠤᠷ᠎ᠲᠠᠶ ᠬᠠᠷᠢᠯᠴᠠᠨ ᠨᠢᠭᠡᠨ ᠨᠢᠭᠡᠨ᠎ᠢᠶᠡᠨ ᠲᠤᠪᠤᠢᠯᠭᠠᠨ᠎ᠠ᠃ ᠬᠦᠮᠦᠰ ᠡᠭᠦᠨ᠎ᠢᠶᠡᠷ ᠦᠩᠭᠡᠷᠡᠬᠦ᠎ᠳᠤ ᠶᠠᠭ ᠯᠡ ᠵᠢᠶᠠᠩᠨᠠᠨ᠎ᠤ ᠪᠡᠬᠡᠨ ᠵᠢᠷᠤᠭ᠎ᠤᠨ ᠳᠣᠲᠣᠷ᠎ᠠ ᠶᠠᠪᠤᠵᠤ ᠪᠠᠢᠬᠤ ᠰᠢᠭ᠋᠃ ᠡᠭᠦᠨ᠎ᠢ ᠬᠡᠷᠬᠢᠨ ᠪᠦᠲᠦᠭᠡᠭᠰᠡᠨ ᠪᠤᠢ?

2003 ᠣᠨ᠎ᠤ 1 ᠰᠠᠷ᠎ᠠ᠎ᠶᠢᠨ 31᠎ᠤ ᠡᠳᠦᠷ᠂ ᠰᠢ ᠵᠢᠨ ᠫᠢᠩ ᠵᠧᠵᠢᠶᠠᠩ᠎ᠳᠤ ᠠᠵᠢᠯᠯᠠᠭ᠍ᠰᠠᠨ᠎ᠤ ᠳᠠᠷᠠᠭᠠᠬᠢ ᠠᠩᠬᠠᠳᠠᠭ᠍ᠴᠢ ᠪᠢᠲᠡᠭᠦᠨ᠃ ᠱᠢᠪᠡᠷᠡᠭᠡ ᠪᠣᠷᠣᠭ᠎ᠠ᠂ ᠵᠢᠩᠳᠡᠭᠦᠨ ᠰᠠᠯᠬᠢ᠃ ᠲᠡᠷᠡ ᠱᠢᠬᠦᠷ ᠪᠠᠷᠢᠵᠤ᠂ ᠨᠢᠭᠡ ᠪᠦᠯᠦᠭ ᠬᠥᠮᠦᠰ᠎ᠢ ᠳᠠᠭᠠᠭᠤᠯᠤᠨ ᠨᠠᠨ ᠱᠠᠨ ᠵᠠᠮ᠎ᠲᠠᠭᠠᠤ ᠠᠯᠬᠤᠯᠠᠨ ᠱᠢᠨᠵᠢᠯᠡᠨ ᠪᠠᠢᠴᠠᠭᠠᠪᠠ᠃

ᠵᠠᠷᠢᠮ ᠬᠥᠮᠦᠨ᠄ 《ᠳᠤᠮᠳᠠᠳᠤ ᠤᠯᠤᠰ᠎ᠤᠨ ᠤᠷᠠᠨ ᠪᠢᠴᠢᠯᠭᠡ ᠤᠷᠠᠨ ᠵᠢᠷᠤᠭ᠎ᠤᠨ ᠲᠡᠦᠬᠡ᠎ᠶ᠋ᠢᠨ ᠬᠠᠭᠠᠰ ᠨᠢ ᠵᠧᠵᠢᠶᠠᠩ᠎ᠳᠤ ᠪᠠᠢᠳᠠᠭ》 ᠭᠡᠵᠦ ᠬᠡᠯᠡᠨ᠎ᠡ᠃ ᠬᠡᠳᠦᠨ ᠦᠶ᠎ᠡ᠎ᠶ᠋ᠢᠨ ᠬᠥᠮᠦᠰ ᠵᠧᠵᠢᠶᠠᠩ᠎ᠳᠤ ᠨᠢᠭᠡᠨ ᠲᠡᠷᠢᠭᠦᠨ᠎ᠤ ᠶᠡᠷᠦᠩᠬᠡᠢᠯᠡᠭ᠌ᠰᠡᠨ ᠴᠢᠨᠠᠷᠲᠠᠶ ᠤᠷᠠᠨ ᠵᠢᠷᠤᠭ᠎ᠤᠨ ᠣᠷᠳᠣᠨ ᠪᠠᠢᠭᠤᠯᠬᠤ ᠬᠦᠰᠡᠯ᠎ᠲᠡᠶ ᠪᠠᠢᠵᠠᠢ᠃ ᠰᠢ ᠵᠢᠨ ᠫᠢᠩ ᠵᠧᠵᠢᠶᠠᠩ᠎ᠳᠤ ᠬᠦᠷᠦᠮᠡᠭ᠌ᠴᠡ ᠡᠨᠡ ᠬᠦ᠌ ᠠᠵᠢᠯ᠎ᠢ ᠡᠳᠦᠷ ᠲᠤᠲᠤᠮ᠎ᠤᠨ ᠵᠥᠪᠯᠡᠬᠦ᠌ ᠵᠦᠢᠯ᠎ᠳᠡᠭᠡᠨ ᠣᠷᠣᠭᠤᠯᠪᠠ᠃

ᠲᠤᠬᠠᠢ᠎ᠶᠢᠨ ᠭᠠᠵᠠᠷ᠎ᠢᠶᠡᠷ ᠶᠠᠪᠤᠵᠤ ᠰᠢᠨᠵᠢᠯᠡᠨ ᠪᠠᠢᠴᠠᠭᠠᠭᠰᠠᠨ᠎ᠤ ᠲᠠᠷᠠᠭ᠎ᠠ᠂ ᠬᠠᠩᠵᠧᠦ᠍᠎ᠶ᠋ᠢᠨ ᠯᠢᠦ ᠶᠢᠩ ᠵᠣᠴᠢᠳ᠎ᠤᠨ ᠪᠠᠭᠤᠳᠠᠯ᠎ᠤᠨ ᠨᠢᠭᠡᠨ ᠬᠤᠷᠠᠯ᠎ᠤᠨ ᠭᠡᠷ᠎ᠲᠦ ᠰᠢᠷᠦᠭᠦᠨ ᠮᠠᠷᠭᠤᠯᠳᠤᠭᠠᠨ ᠶᠠᠪᠤᠭᠳᠠᠯ᠎ᠠ —

ᠵᠠᠷᠢᠮ ᠬᠥᠮᠦᠨ ᠤᠷᠠᠨ ᠵᠢᠷᠤᠭ᠎ᠤᠨ ᠣᠷᠳᠣᠨ᠎ᠢ ᠰᠢ ᠬᠣ᠌ ᠨᠠᠭᠤᠷ᠎ᠤᠨ ᠬᠥᠪᠡᠭᠡᠨ᠎ᠳᠦ ᠪᠠᠢᠭᠤᠯᠬᠤ᠎ᠶᠢ ᠵᠤᠷᠢᠪᠠ᠂ ᠤᠴᠢᠷ ᠨᠢ ᠨᠠᠨ ᠱᠠᠨ ᠵᠠᠮ᠎ᠤᠨ ᠵᠠᠮ ᠬᠠᠷᠢᠯᠴᠠᠭ᠎ᠠ ᠳᠥᠭᠥᠮ ᠳᠥᠲᠡ᠂ ᠣᠷᠴᠢᠨ ᠲᠤᠭᠤᠷᠢᠨ ᠭᠣᠢᠳᠠ ᠰᠠᠢᠬᠠᠨ᠂ ᠡᠷᠭᠢᠨ ᠲᠣᠭᠣᠷᠢᠨ᠎ᠳᠤ ᠨᠢ ᠳᠤᠮᠳᠠᠳᠤ ᠤᠯᠤᠰ᠎ᠤᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠂ ᠯᠸᠢ ᠹᠸᠩ ᠲᠠ ᠰᠤᠪᠤᠷᠭ᠎ᠠ ᠵᠡᠷᠭᠡ᠎ᠪᠡᠷ ᠬᠦᠷᠢᠶᠡᠯᠡᠵᠦ᠂ ᠰᠣᠶᠣᠯ᠎ᠤᠨ ᠠᠭᠤᠷ ᠠᠮᠢᠰᠭᠤᠯ ᠥᠳᠭᠡᠨ ᠵᠤᠵᠠᠭᠠᠨ ᠪᠠᠢᠨ᠎ᠠ; 

ᠵᠠᠷᠢᠮ ᠬᠥᠮᠦᠨ᠂ ᠰᠢ ᠬᠣ᠌ ᠨᠠᠭᠤᠷ᠎ᠤᠨ ᠬᠥᠪᠡᠭᠡᠨ᠎ᠳᠡᠬᠢ ᠠᠯᠠᠭᠠᠨ ᠴᠢᠨᠡᠭᠡᠨ ᠭᠠᠵᠠᠷ ᠠᠯᠲᠠ ᠮᠥᠩᠭᠥ᠎ᠡᠴᠡ ᠡᠷᠬᠢᠮ ᠪᠠᠢᠵᠤ᠂ ᠤᠷᠠᠨ ᠵᠢᠷᠤᠭ᠎ᠤᠨ ᠣᠷᠳᠣᠨ᠎ᠤ ᠡᠵᠡᠯᠡᠬᠦ᠌ ᠲᠠᠯᠠᠪᠠᠢ ᠨᠢ ᠶᠡᠬᠡ᠂ ᠨᠣᠭᠣᠭᠠᠷᠠᠭᠤᠯᠤᠯᠲᠠ ᠪᠠ ᠲᠡᠷᠭᠡᠨ ᠵᠣᠭ᠍ᠰᠣᠭᠠᠯ᠎ᠢ ᠢᠵᠢ ᠪᠦᠷᠢᠳᠦᠭᠦᠯᠬᠦ ᠴᠢᠬᠤᠯᠠᠲᠠᠢ ᠪᠦᠭᠡᠳ ᠨᠡᠭᠦᠯᠭᠡᠬᠦ᠌ ᠬᠦᠴᠢᠷ ᠠᠰᠠᠭᠤᠳᠠᠯ᠎ᠳᠤ ᠬᠣᠯᠪᠣᠭ᠍ᠳᠠᠨ᠎ᠠ᠂ ᠡᠨᠡ ᠨᠢ ᠠᠵᠤ ᠠᠬᠤᠢ᠎ᠶᠢᠨ ᠦᠷ᠎ᠡ ᠠᠰᠢᠭ᠎ᠢᠶᠡᠷ ᠲᠤᠤᠷ᠎ᠠ ᠭᠡᠵᠡᠢ᠃

ᠠᠵᠤ ᠠᠬᠤᠢ᠎ᠶ᠋ᠢᠨ ᠦᠷ᠎ᠡ ᠠᠱᠢᠭ᠎ᠢ ᠪᠤᠳᠤᠬᠤ ᠶᠤᠮ ᠦᠦ᠂ ᠡᠰᠡᠬᠦᠯ᠎ᠡ ᠨᠡᠢᠭᠡᠮ᠎ᠦᠨ ᠦᠷ᠎ᠡ ᠠᠱᠢᠭ᠎ᠢ ᠪᠤᠳᠤᠬᠤ ᠶᠤᠮ ᠦᠦ?

ᠰᠢ ᠵᠢᠨ ᠫᠢᠩ᠄ 《ᠰᠢ ᠬᠣ᠌ ᠨᠠᠭᠤᠷ᠎ᠤᠨ ᠬᠥᠪᠡᠭᠡᠨ᠎ᠳᠦ ᠪᠠᠢᠭᠤᠯᠤᠶ᠎ᠠ》 ᠭᠡᠵᠦ ᠡᠷᠡᠰ ᠲᠤᠭᠲᠠᠵᠠᠢ᠃

ᠨᠢᠳᠦ ᠢᠷᠮᠡᠬᠦ᠌᠎ᠶ᠋ᠢᠨ ᠵᠠᠭᠤᠷ᠎ᠠ ᠪᠠᠰᠠ ᠯᠠ ᠵᠢᠯ᠎ᠤᠨ ᠰᠡᠭᠦᠯᠴᠢ ᠪᠣᠯᠤᠯ᠎ᠠ᠃ ᠲᠡᠷᠡ ᠤᠷᠤᠢ᠂ ᠮᠤᠵᠢ᠎ᠶ᠋ᠢᠨ ᠵᠠᠰᠠᠭ ᠵᠠᠬᠢᠷᠭᠠᠨ᠎ᠤ ᠲᠥᠪ᠎ᠦᠨ ᠬᠤᠷᠠᠯ᠎ᠤᠨ ᠭᠡᠷ᠎ᠲᠦ᠂ ᠰᠢ ᠵᠢᠨ ᠫᠢᠩ ᠵᠧᠵᠢᠶᠠᠩ᠎ᠤᠨ ᠤᠷᠠᠨ ᠵᠢᠷᠤᠭ᠎ᠤᠨ ᠣᠷᠳᠣᠨ᠎ᠤ ᠲᠤᠬᠠᠢ ᠭᠤᠷᠪᠠᠨ ᠢᠵᠢ ᠵᠢᠷᠤᠭ ᠲᠥᠯᠥᠪᠯᠡᠭᠡ᠎ᠶ᠋ᠢᠨ ᠲᠥᠰᠦᠯ᠎ᠡᠴᠡ ᠨᠢᠭᠡ᠎ᠶᠢ ᠲᠤᠭᠲᠠᠵᠠᠢ᠄ ᠴᠠᠭᠠᠨ ᠬᠡᠷᠡᠮ ᠬᠠᠷ᠎ᠠ ᠸᠠᠭᠠᠷ ᠪᠣᠯᠤᠨ ᠤᠳᠤ ᠦᠶ᠎ᠡ᠎ᠶ᠋ᠢᠨ ᠱᠢᠯ ᠬᠠᠨ᠎ᠠ᠎ᠨᠢ ᠬᠠᠷᠢᠯᠴᠠᠨ ᠲᠤᠪᠤᠢ᠌ᠯᠭᠠᠵᠥ᠍᠂ 《ᠱᠢᠨ᠎ᠡ ᠵᠢᠶᠠᠩᠨᠠᠨ》 ᠤ᠋ ᠪᠠᠷᠢᠯᠭ᠎ᠠ᠎ᠶ᠋ᠢᠨ ᠣᠢᠯᠠᠭᠠᠭ᠍ᠳᠠᠬᠤᠨ᠎ᠢ ᠲᠠᠢᠯᠪᠤᠷᠢᠯᠠᠵᠤ — ᠲᠡᠷᠡ ᠨᠢ ᠲᠡᠦᠬᠡ᠎ᠶ᠋ᠢᠨ ᠴᠤᠤᠷᠢᠢ᠎ᠠ᠂ ᠴᠠᠭ ᠦᠶ᠎ᠡ᠎ᠶ᠋ᠢᠨ ᠲᠤᠰᠭᠠᠯ ᠮᠦᠨ᠂ ᠳᠤᠮᠳᠠᠳᠤ ᠤᠯᠤᠰ᠂ ᠳᠤᠮᠳᠠᠳᠤᠴᠤᠳ᠎ᠤᠨ ᠪᠣᠯᠬᠤ ᠶᠤᠮ!

2005 ᠣᠨ᠎ᠤ 5 ᠰᠠᠷ᠎ᠠ᠎ᠶ᠋ᠢᠨ 15᠎ᠤ ᠡᠳᠦᠷ᠂ ᠵᠧᠵᠢᠶᠠᠩ᠎ᠤᠨ ᠤᠷᠠᠨ ᠵᠢᠷᠤᠭ᠎ᠤᠨ ᠣᠷᠳᠣᠨ ᠵᠢᠩᠬᠢᠨᠢ᠎ᠪᠡᠷ ᠰᠠᠭᠤᠷᠢ ᠲᠠᠯᠪᠢᠪᠠ᠃ ᠰᠢ ᠵᠢᠨ ᠫᠢᠩ ᠪᠡᠶ᠎ᠡ᠎ᠪᠡᠷ᠎ᠢᠶᠡᠨ ᠠᠵᠢᠯ ᠡᠬᠢᠯᠡᠭᠦᠯᠬᠦ᠌ ᠳᠠᠷᠤᠪᠴᠢ᠎ᠶ᠋ᠢ ᠳᠠᠷᠤᠪᠠ᠃ ᠣᠳᠣ᠎ᠶ᠋ᠢᠨ ᠵᠧᠵᠢᠶᠠᠩ᠎ᠤᠨ ᠤᠷᠠᠨ ᠵᠢᠷᠤᠭ᠎ᠤᠨ ᠣᠷᠳᠣᠨ ᠵᠢᠯ ᠪᠦᠷᠢ ᠪᠠᠷᠤᠭ 40 ᠲᠠᠯᠠᠪᠤᠷ ᠡᠯ᠎ᠡ ᠵᠦᠢᠯ᠎ᠦᠨ ᠦᠵᠡᠰᠭᠦᠯᠡᠩ ᠡᠷᠬᠢᠯᠡᠵᠦ᠍᠂ ᠠᠯᠢ ᠤᠯᠠᠨ ᠦᠵᠡᠭ᠌ᠴᠢᠳ᠎ᠤᠨ ᠠᠩᠬᠠᠷᠤᠯ᠎ᠢ ᠲᠠᠲᠠᠵᠠᠢ᠃ ᠣᠶᠤᠨ ᠰᠠᠨᠠᠭᠠᠨ᠎ᠤ ᠬᠠᠮᠲᠤ᠎ᠵᠢᠨ ᠪᠠᠶᠠᠵᠢᠯᠳᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠮᠤᠵᠢ᠎ᠳᠤ ᠬᠥᠳᠡᠭᠡ ᠲᠣᠰᠭᠣᠨ᠎ᠤ ᠤᠷᠠᠨ ᠵᠢᠷᠤᠭ᠎ᠤᠨ ᠣᠷᠳᠣᠨ᠎ᠢ ᠨᠡᠢᠲᠡ 101 ᠪᠣᠢᠵᠢᠭᠤᠯᠵᠤ᠂ ᠠᠷᠠᠳ ᠣᠯᠠᠨ ᠤᠷᠠᠨ ᠵᠢᠷᠤᠭ᠎ᠤᠨ ᠣᠷᠳᠣᠨ᠎ᠳᠤ ᠬᠦᠷᠴᠦ᠍ ᠲᠠᠲᠠᠯᠭᠠᠨ ᠵᠢᠷᠤᠭ ᠵᠢᠷᠤᠬᠤ ᠶᠠᠪᠤᠳᠠᠯ ᠨᠢ ᠬᠠᠯᠠᠮᠰᠢᠯ ᠦᠵᠡᠭ᠌ᠳᠡᠯ ᠪᠣᠯᠪᠠ ᠁

ᠰᠣᠶᠣᠯ᠎ᠤᠨ ᠬᠦᠴᠦᠨ ᠨᠢ ᠡᠴᠦᠰ᠎ᠦᠨ ᠡᠴᠦᠰ᠎ᠲᠡᠬᠡᠨ ᠲᠡᠭᠦᠨ᠎ᠦ ᠳᠣᠲᠣᠷ᠎ᠠ ᠨᠢᠭᠲᠠᠷᠠᠵᠤ ᠪᠠᠢᠭ᠎ᠠ ᠭᠣᠣᠯᠯᠠᠭᠴᠢ ᠦᠷᠳᠡᠭ᠎ᠦᠨ ᠦᠵᠡᠯᠲᠡ᠎ᠶ᠋ᠢᠨ ᠨᠥᠯᠥᠭᠡᠯᠡᠬᠦ᠌ ᠬᠦᠴᠦᠨ ᠪᠠ ᠤᠷᠢᠶᠠᠯᠠᠬᠤ ᠬᠦᠴᠦᠨ᠎ᠡᠴᠡ ᠢᠷᠡᠯᠲᠠᠢ᠃ ᠰᠢ ᠵᠢᠨ ᠫᠢᠩ᠂ ᠬᠠᠮᠤᠭ᠎ᠤᠨ ᠰᠠᠢᠨ ᠭᠠᠵᠠᠷ᠎ᠢᠶᠠᠨ ᠠᠷᠠᠳ ᠲᠦᠮᠡᠨ᠎ᠳᠦ ᠦᠯᠡᠳᠡᠭᠡᠬᠦ᠌ ᠬᠡᠷᠡᠭ᠌ᠲᠡᠶ ᠭᠡᠵᠦ ᠤᠳᠠᠭ᠎ᠠ ᠲᠠᠷᠠᠭᠠᠯᠠᠨ ᠱᠠᠭᠠᠷᠳᠠᠪᠠ᠃ ᠰᠢ ᠽᠢ ᠬᠣ᠌ ᠨᠠᠭᠤᠷ᠎ᠤᠨ ᠬᠥᠪᠡᠭᠡᠨ᠎ᠡᠴᠡ᠂ ᠴᠢᠶᠠᠨᠵᠢᠶᠠᠩ ᠮᠥᠷᠡᠨ᠎ᠦ ᠡᠬᠢ᠂ ᠶᠡᠬᠡ ᠲᠠᠲᠠᠮᠠᠯ ᠭᠣᠣᠯ᠎ᠤᠨ ᠡᠬᠢᠯᠡᠯᠲᠡ᠎ᠶ᠋ᠢᠨ ᠴᠡᠭ ᠬᠦᠷᠲᠡᠯ᠎ᠡ᠂ ᠮᠦᠽᠧᠢ᠂ ᠨᠣᠮ᠎ᠤᠨ ᠰᠠᠩ᠂ ᠲᠤᠮᠤ ᠲᠢᠶᠠᠲ᠋ᠷ᠂ ᠰᠣᠶᠣᠯ᠎ᠤᠨ ᠣᠷᠳᠣᠨ (ᠦᠷᠳᠡᠭᠡ)᠁ ᠡᠯ᠎ᠡ ᠲᠦᠷᠦᠯ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠰᠣᠶᠣᠯ᠎ᠤᠨ ᠲᠥᠬᠥᠭᠡᠷᠦᠮᠵᠢ᠎ᠶᠢ ᠪᠠᠷᠢᠯᠭ᠎ᠠ ᠡᠬᠢᠯᠡᠭᠦᠯᠵᠦ᠍᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲᠸᠮ ᠡᠳᠦᠷ ᠢᠷᠡᠬᠦᠶ᠎ᠡ ᠲᠡᠭᠦᠯᠳᠡᠷᠵᠢᠪᠡ᠃

2003 ᠣᠨ᠎ᠤ 7 ᠰᠠᠷ᠎ᠠ᠎ᠶ᠋ᠢᠨ 10 ᠤ᠋ ᠡᠳᠦᠷ᠂ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ ᠳᠡᠭᠡᠷ᠎ᠡ᠂ ᠰᠢ ᠵᠢᠨ ᠫᠢᠩ ᠮᠤᠵᠢ᠎ᠶ᠋ᠢᠨ ᠬᠡᠪᠴᠢᠶᠡᠨ᠎ᠤ ᠬᠥᠭ᠌ᠵᠢᠯᠲᠡ᠎ᠶ᠋ᠢᠨ ᠦᠵᠦ᠍ ᠲᠥᠯᠥᠪᠯᠡᠭᠡ ᠵᠢᠨ 《ᠨᠠᠢ᠍ᠮᠠ ᠨᠠᠢ᠍ᠮᠠ᠎ᠶ᠋ᠢᠨ ᠪᠠᠢᠯᠳᠤᠬᠤ ᠪᠤᠳᠤᠯᠭ᠎ᠠ》᠎ᠶᠢ ᠳᠤᠷᠠᠳᠴᠤ᠌᠂ 《ᠰᠣᠶᠣᠯ᠎ᠤᠨ ᠶᠡᠬᠡ ᠮᠤᠵᠢ᠎ᠶ᠋ᠢ ᠲᠦᠷᠭᠡᠳᠭᠡᠨ ᠪᠠᠢᠭᠤᠯᠬᠤ》 ᠨᠢ ᠡᠭᠦᠨ᠎ᠤ ᠲᠤᠲᠤᠷᠠᠬᠢ ᠴᠢᠬᠤᠯᠠ ᠠᠭᠤᠯᠭ᠎ᠠ ᠪᠣᠯᠪᠠ᠃

2004 ᠣᠨ᠎ᠳᠤ᠂ ᠰᠢ ᠵᠢᠨ ᠫᠢᠩ ᠪᠡᠶ᠎ᠡ ᠎ᠪᠡᠷ ᠎ᠢᠶᠡᠨ ᠠᠩᠬᠢ ᠳᠠᠭᠠᠭᠤᠯᠵᠤ᠂ ᠰᠣᠶᠣᠯ᠎ᠤᠨ ᠪᠠᠢᠭᠤᠯᠤᠯᠲᠠ᠎ᠶ᠋ᠢᠨ ᠲᠣᠭᠣᠷᠢᠨ᠎ᠳᠤ ᠪᠠᠢᠴᠠᠭᠠᠨ ᠰᠤᠳᠤᠯᠤᠯᠲᠠ ᠦᠷᠨᠢᠭᠦᠯᠪᠡ — ᠲᠡᠦᠬᠡ᠎ᠶ᠋ᠢᠨ ᠳᠤᠷᠠᠰᠭᠠᠯᠲᠤ ᠵᠦᠢᠯᠡᠰ᠂ ᠨᠡᠷᠡᠳᠤ ᠬᠤᠳᠠ᠂ ᠰᠣᠶᠣᠯ᠎ᠤᠨ ᠥᠪ᠎ᠦᠨ ᠬᠠᠮᠠᠭᠠᠯᠠᠯᠲᠠ᠎ᠡᠴᠡ ᠺᠢᠨᠣ᠋ ᠲᠧᠯᠸᠢᠰ᠂ ᠺᠠᠷᠲ᠋ᠣᠨ ᠵᠢᠷᠤᠭ ᠵᠡᠷᠭᠡ ᠰᠣᠶᠣᠯ᠎ᠤᠨ ᠠᠵᠤ ᠦᠢᠯᠡᠰ᠎ᠦᠨ ᠬᠥᠭ᠌ᠵᠢᠯᠲᠡ ᠬᠦᠷᠲᠡᠯ᠎ᠡ᠂ ᠬᠥᠳᠡᠭᠡ ᠲᠣᠰᠭᠣᠨ᠎ᠤ ᠰᠣᠶᠣᠯ᠎ᠤᠨ ᠠᠮᠢᠳᠤᠷᠠᠯ᠎ᠡᠴᠡ ᠬᠤᠳᠠ᠎ᠶ᠋ᠢᠨ ᠨᠡᠢᠭᠡᠮ ᠲᠣᠭᠣᠷᠢᠭ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ ᠬᠦᠷᠲᠡᠯ᠎ᠡ᠂ ᠲᠠᠬᠢᠭᠠᠳ ᠰᠣᠶᠣᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠰᠦᠪᠡᠭ᠌ᠴᠢᠯᠡᠯᠳᠡ ᠬᠦᠷᠲᠡᠯ᠎ᠡ ᠁ ᠲᠡᠰ ᠳᠠᠪᠬᠤᠷᠭ᠎ᠠ ᠨᠢ ᠥᠨᠳᠥᠷ᠂ ᠬᠡᠪᠴᠢᠢ᠎ᠡ ᠨᠢ ᠶᠡᠬᠡ᠂ ᠨᠥᠯᠥᠭᠡ ᠨᠢ ᠭᠦᠨ ᠭᠦᠨᠵᠡᠭᠡᠢ ᠶᠤᠮ᠃

2004 ᠣᠨ᠎ᠤ 3 ᠰᠠᠷ᠎ᠠ᠎ᠶᠢᠨ 25᠎ᠤ ᠡᠳᠦᠷ᠂ ᠵᠢᠶᠠᠱᠢᠩ ᠬᠣᠲᠠ᠎ᠶ᠋ᠢᠨ ᠨᠣᠮ᠎ᠤᠨ ᠰᠠᠩ᠎ᠤᠨ ᠬᠠᠶ ᠶᠠᠨ ᠲᠠᠩ ᠵᠠᠮ᠎ᠤᠨ ᠱᠢᠨ᠎ᠡ ᠣᠷᠳᠣᠨ᠎ᠳᠤ ᠨᠠᠮ ᠵᠢᠮᠬᠡᠨ ᠪᠠᠢᠯ᠎ᠠ᠃ ᠣᠷᠳᠣᠨ᠎ᠳᠤ ᠣᠷᠣᠵᠤ ᠰᠢ ᠵᠢᠨ ᠫᠢᠩ ᠳᠡᠮᠡᠶ ᠦᠭᠡ ᠶᠠᠷᠢᠭ᠍ᠰᠠᠨ ᠦᠭᠡᠶ᠂ ᠠᠰᠠᠷ ᠳᠡᠭᠡᠷ᠎ᠡ ᠭᠠᠷᠬᠤ᠎ᠳᠠᠭᠠᠨ ᠲᠡᠷᠡ ᠭᠡᠨᠡᠳᠲᠡ᠄ 《ᠡᠨᠳᠡ ᠢᠷᠡᠵᠦ᠍ ᠨᠤᠮ ᠤᠩᠰᠢᠭᠰᠠᠨ ᠲᠠᠷᠢᠶᠠᠴᠢᠨ ᠪᠠᠢᠨ᠎ᠠ ᠦᠦ?》 ᠭᠡᠵᠦ ᠠᠰᠠᠭᠤᠪᠠ᠃

《ᠪᠠᠢᠨ᠎ᠠ᠂ ᠭᠡᠪᠡᠴᠦ᠍ ᠠᠷᠪᠢᠨ ᠪᠢᠰᠢ》 

《ᠶᠠᠭᠠᠬᠢᠭᠠᠳ?》 

《ᠲᠠᠷᠢᠶᠠᠴᠢᠳ ᠬᠣᠲᠠ᠎ᠶ᠋ᠢᠨ ᠲᠣᠭᠣᠷᠢᠭ᠎ᠤᠨ ᠨᠣᠮ᠎ᠤᠨ ᠰᠠᠩ᠎ᠳᠤ ᠣᠴᠢᠬᠤ᠎ᠳᠤ ᠳᠥᠭᠥᠮ ᠦᠭᠡᠢ》 

《ᠬᠣᠲᠠ᠎ᠶ᠋ᠢᠨ ᠨᠣᠮ᠎ᠤᠨ ᠰᠠᠩ᠎ᠤᠨ ᠴᠢᠨᠠᠷ ᠰᠠᠢᠲᠠᠶ ᠡᠬᠢ ᠪᠠᠶᠠᠯᠢᠭ᠎ᠢ ᠪᠠᠯᠭᠠᠰᠤ ᠲᠣᠰᠭᠣᠨ᠎ᠳᠤ ᠬᠦᠷᠭᠡᠵᠦ᠍ ᠪᠣᠯᠤᠨ᠎ᠠ ᠦᠦ ᠥᠬᠡᠶ ᠦᠦ?》 

᠁᠁

ᠲᠤᠬᠠᠢ᠎ᠶ᠋ᠢᠨ ᠦᠶ᠎ᠡ᠎ᠳᠦ ᠲᠤᠰ ᠣᠷᠳᠣᠨ᠎ᠤ ᠳᠠᠷᠤᠭ᠎ᠠ ᠪᠠᠢᠭ᠍ᠰᠠᠨ ᠼᠦᠢ ᠴᠢᠤᠸᠠᠨ ᠰᠸᠨ ᠡᠨᠡ ᠬᠦ᠌ ᠶᠠᠷᠢᠯᠴᠠᠭ᠎ᠠ᠎ᠶ᠋ᠢ ᠲᠣᠪ ᠲᠣᠳᠣᠷᠬᠠᠢ ᠴᠡᠭᠡᠵᠢᠯᠡᠭ᠌ᠰᠡᠭᠡᠷ᠄ 《ᠰᠢ ᠵᠢᠨ ᠫᠢᠩ ᠱᠦᠵᠢ ᠲᠠᠷᠢᠶᠠᠴᠢᠳ᠎ᠤᠨ ᠨᠣᠮ ᠤᠩᠱᠢᠬᠤ᠎ᠲᠤᠬᠠᠢ ᠮᠠᠰᠢ ᠰᠠᠨᠠᠭᠠᠱᠢᠷᠠᠵᠤ ᠪᠠᠢᠯ᠎ᠠ》 ᠭᠡᠵᠡᠢ᠃

ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠡᠳᠡ ᠴᠢᠷᠮᠠᠢᠨ ᠰᠦᠪᠡᠭ᠌ᠴᠢᠯᠡᠨ ᠦᠢᠯᠡᠳᠦᠯᠭᠡᠵᠢᠭᠦᠯᠪᠡ᠃ 2010 ᠣᠨ᠎ᠳᠤ᠂ ᠵᠢᠶᠠᠱᠢᠩ ᠨᠣᠮ᠎ᠤᠨ ᠰᠠᠩ᠎ᠤᠨ ᠶᠡᠷᠦᠩᠬᠡᠶ ᠬᠤᠪᠢᠶᠠᠷᠢ ᠣᠷᠳᠣᠨ ᠡᠯ᠎ᠡ ᠱᠢᠶᠠᠩ ᠪᠠᠯᠭᠠᠰᠤ᠎ᠶᠢ ᠪᠦᠬᠦᠨ᠎ᠢ ᠬᠠᠮᠤᠷᠴᠠᠶ᠃ 2012 ᠣᠨ᠎ᠳᠤ᠂ ᠵᠧᠵᠢᠶᠠᠩ᠎ᠤᠨ ᠲᠠᠷᠢᠶᠠᠴᠢᠨ ᠠᠢᠯ᠎ᠤᠨ ᠨᠣᠮ᠎ᠤᠨ ᠦᠷᠦᠭᠡ ᠵᠠᠰᠠᠭ ᠵᠠᠬᠢᠷᠭᠠᠨ᠎ᠤ ᠲᠣᠰᠭᠣᠨ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠪᠡ; ᠣᠳᠣᠬᠠᠨ᠎ᠳᠤ᠂ ᠪᠥᠬᠥ᠌ ᠮᠤᠵᠢ᠎ᠳᠤ ᠲᠠᠷᠢᠶᠠᠴᠢᠨ ᠠᠢᠯ᠎ᠤᠨ ᠨᠣᠮ᠎ᠤᠨ ᠥᠷᠥᠭᠡ ᠨᠡᠢᠲᠡ 1.7 ᠲᠦᠮᠡ ᠭᠠᠷᠤᠶ ᠡᠷᠦᠬᠡ ᠪᠠᠢᠵᠤ᠂ ᠵᠢᠯ᠎ᠳᠦ ᠡᠯ᠎ᠡ ᠲᠥᠷᠥᠯ᠎ᠦᠨ ᠤᠩᠱᠢᠯᠭ᠎ᠠ᠎ᠶ᠋ᠢᠨ ᠰᠣᠶᠣᠯ᠎ᠤᠨ ᠠᠵᠢᠯᠯᠠᠭ᠎ᠠ᠎ᠶ᠋ᠢ 10 ᠲᠦᠮᠡ ᠭᠠᠷᠤᠶ ᠲᠠᠯᠠᠪᠤᠷ ᠥᠷᠨᠢᠭᠦᠯᠪᠡ᠃

ᠡᠶ ᠡᠸ᠋᠎ᠶᠢᠨ ᠾᠧᠩ ᠲᠠᠩ ᠲᠤᠰᠬᠤᠨ᠎ᠳᠤ᠃ ᠳᠡᠮᠡᠶ ᠶᠡᠬᠡ ᠪᠢᠰᠢ ᠨᠢᠭᠡᠨ ᠬᠤᠷᠠᠯ᠎ᠤᠨ ᠭᠡᠷ᠎ᠲᠦ ᠰᠤᠷᠪᠤᠯᠵᠢᠯᠠᠭ᠍ᠴᠢ ᠲᠤᠬᠠᠶ᠎ᠶ᠋ᠢᠨ ᠦᠶ᠎ᠡ᠎ᠳᠦ ᠢ ᠡᠦ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠠᠯᠪᠠᠨ ᠭᠡᠷ᠎ᠦᠨ ᠡᠷᠬᠢᠯᠡᠭ᠌ᠴᠢ ᠪᠠᠢᠭ᠍ᠰᠠᠨ ᠳ᠋ᠢᠩ ᠵᠧᠩ᠎ᠡᠴᠡ᠄ 《ᠶᠡᠷᠦᠩᠬᠡᠢ ᠱᠦᠵᠢ ᠲᠤᠬᠠᠢ᠎ᠶ᠋ᠢᠨ ᠵᠢᠯ᠎ᠳᠦ ᠡᠨᠳᠡ ᠢ ᠦ᠋᠎ᠶᠢᠨ ᠲᠤᠬᠠᠢ ᠳ᠋ᠦᠩᠨᠡᠬᠦ᠎ᠳᠡᠭᠡᠨ ᠶᠠᠷᠢᠭᠰᠠᠨ 〈ᠤᠷᠠᠨ〉 ᠭᠡᠬᠦ᠌ ᠦᠭᠡ᠎ᠶ᠋ᠢ ᠲᠠ ᠬᠡᠷᠬᠢᠨ ᠣᠢᠯᠠᠭᠠᠬᠤ ᠪᠤᠢ?》 ᠭᠡᠵᠦ ᠠᠰᠠᠭᠤᠪᠠ᠃

《ᠢ ᠦ᠋ ᠬᠢᠯᠢ ᠳᠠᠭᠠᠤ ᠳᠠᠯᠠᠢ᠎ᠲᠠᠭᠠᠤ ᠬᠤᠲᠠ ᠪᠢᠰᠢ᠂ ᠡᠬᠢ ᠪᠠᠶᠠᠯᠢᠭ ᠪᠠᠢᠬᠤ ᠦᠭᠡᠢ᠂ ᠭᠡᠪᠡᠴᠦ᠍ ᠬᠥᠭ᠌ᠵᠢᠯᠲᠡ ᠨᠢ ᠴᠢᠩᠭ᠎ᠠ᠂ ᠰᠢ ᠱᠦᠵᠢ ᠤᠯᠠᠨ ᠤᠳᠠᠭ᠎ᠠ ᠪᠠᠢᠴᠠᠭᠠᠨ ᠰᠤᠳᠤᠯᠤᠯᠲᠠ ᠬᠢᠬᠦ᠌᠎ᠪᠡᠷ ᠢᠷᠡᠪᠡ᠂ ᠲᠡᠭᠦᠨ᠎ᠦ ᠬᠡᠯᠡᠭ᠌ᠰᠡᠨ ᠡᠨᠡ ᠬᠦ᠌ 〈ᠤᠷᠠᠨ〉 ᠭᠡᠳᠡᠭ ᠨᠢ ᠪᠢᠳᠡᠨ᠎ᠤ ᠰᠣᠶᠣᠯ᠎ᠢ ᠵᠢᠭᠠᠵᠤ ᠪᠠᠢᠨ᠎ᠠ ᠁》 ᠭᠡᠵᠦ᠍ ᠳ᠋ᠢᠩ ᠵᠧᠩ ᠬᠡᠯᠡᠪᠡ᠃

ᠡᠨᠡ ᠬᠦ᠌ 《ᠤᠷᠠᠨ》 ᠭᠡᠬᠦ᠌ ᠦᠭᠡ᠎ᠶᠢᠨ ᠲᠤᠬᠠᠢ ᠰᠢ ᠵᠢᠨ ᠫᠢᠩ᠎ᠦᠨ ᠪᠡᠶ᠎ᠡ᠎ᠪᠡᠷ᠎ᠢᠶᠡᠨ ᠬᠢᠨᠠᠨ ᠲᠣᠭ᠍ᠲᠠᠭᠠᠭ᠍ᠰᠠᠨ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠤᠭ᠍ᠰᠠᠨ ᠠᠮᠵᠢᠯᠲᠠ᠎ᠲᠠᠶ ᠦᠯᠢᠭᠡᠷ ᠵᠢᠱ᠌ᠢᠶ᠎ᠡ — ᠢ ᠦ᠋᠎ᠶᠢᠨ ᠬᠥᠭ᠌ᠵᠢᠯᠲᠡ᠎ᠶᠢᠨ ᠲᠤᠷᠱᠢᠯᠭ᠎ᠠ᠎ᠶᠢᠨ ᠲᠤᠬᠠᠢ ᠪᠠᠢᠴᠠᠭᠠᠯᠲᠠ᠎ᠶ᠋ᠢᠨ ᠮᠡᠳᠡᠭᠦᠯᠦᠯᠲᠡ》᠎ᠳᠦ ᠨᠡᠩ ᠭᠣᠢᠳᠠ ᠰᠠᠢᠬᠠᠨ ᠲᠠᠢᠯᠪᠤᠷᠢ ᠬᠢᠵᠡᠢ᠄ 《ᠢ ᠦ᠋᠎ᠶ᠋ᠢᠨ ᠭᠦᠨ ᠵᠤᠵᠠᠭᠠᠨ ᠰᠣᠶᠣᠯ᠎ᠤᠨ ᠤᠤᠷ ᠲᠤᠨᠳᠠᠰᠤ ᠨᠢ᠂ 〈ᠠᠵᠢᠯᠴᠢ ᠬᠥᠳᠡᠯᠮᠦᠷᠢᠴᠢ᠎ᠪᠡᠷ ᠰᠤᠷᠤᠯᠴᠠᠵᠦ᠍᠂ ᠡᠷᠡᠰ ᠴᠢᠭᠡᠴᠢ ᠡᠷᠡᠯᠬᠡᠭ᠌ᠯᠡᠨ ᠲᠡᠮᠡᠴᠡᠬᠦ᠌〉 ᠢ ᠦ᠋᠎ᠶᠢᠨ ᠵᠣᠷᠢᠭ ᠰᠠᠨᠠᠭ᠎ᠠ᠎ᠶ᠋ᠢ ᠪᠤᠢ ᠪᠣᠯᠭᠠᠵᠤ᠂ ᠭᠠᠵᠠᠷ ᠣᠷᠣᠨ᠎ᠤ ᠣᠨᠴᠠᠯᠢᠭ᠎ᠲᠠᠶ 〈ᠪᠦᠧᠧ ᠯᠠᠩ ᠭᠦ᠎ᠶᠢᠨ ᠰᠣᠶᠣᠯ〉᠎ᠢ ᠪᠦᠷᠢᠯᠳᠦᠭᠦᠯᠵᠦ᠍᠂ ᠢ ᠦ᠋᠎ᠶ᠋ᠢᠨ ᠬᠦᠮᠦᠰ᠎ᠤᠨ ᠦᠢᠯᠡᠰ ᠪᠤᠰᠭᠠᠬᠤ ᠪᠠ ᠢ ᠦ᠋᠎ᠶ᠋ᠢᠨ ᠥᠭᠡᠷᠡᠴᠢᠯᠡᠯᠲᠡ ᠬᠥᠭ᠌ᠵᠢᠯᠲᠡ᠎ᠳᠦ ᠬᠦᠴᠦᠷᠬᠡᠭ ᠶᠡᠬᠡ ᠤᠶᠤᠨ ᠰᠠᠨᠠᠭᠠᠨ᠎ᠤ ᠡᠬᠢ ᠰᠤᠷᠪᠤᠯᠵᠢ ᠪᠠ ᠥᠩ ᠱᠢᠮᠡᠯᠢᠭ ᠰᠣᠶᠣᠯ᠎ᠤᠨ ᠬᠥᠷᠥᠰᠥ᠍ ᠱᠢᠷᠣᠢ᠎ᠶ᠋ᠢ ᠬᠠᠩᠭᠠᠵᠠᠢ》᠃

ᠤᠳᠠᠭ᠎ᠠ ᠪᠦᠷᠢ᠎ᠶ᠋ᠢᠨ ᠪᠠᠢᠴᠠᠭᠠᠨ ᠰᠤᠳᠤᠯᠤᠯᠲᠠ ᠨᠢ ᠪᠦᠬᠦ᠌ ᠲᠠᠯ᠎ᠠ᠎ᠶ᠋ᠢᠨ ᠰᠣᠶᠣᠯ᠎ᠤᠨ 《ᠪᠡᠶ᠎ᠡ᠎ᠶ᠋ᠢᠨ ᠪᠠᠢᠴᠠᠭᠠᠯᠲᠠ》 ᠪᠣᠯᠬᠤ ᠪᠥᠭᠡᠳ ᠱᠢᠰᠲ᠋ᠧᠮᠲᠦ ᠴᠢᠨᠠᠷᠲᠠᠢ 《ᠪᠢᠯᠵᠤᠤᠬᠠᠢ᠎ᠶ᠋ᠢ ᠲᠤᠶᠠᠴᠢᠬᠤ》 ᠶᠠᠪᠤᠳᠠᠯ ᠪᠣᠯᠤᠨ᠎ᠠ᠃ ᠰᠢ ᠵᠢᠨ ᠫᠢᠩ ᠪᠠᠰᠠ ᠵᠧᠵᠢᠶᠠᠩ᠎ᠤᠨ ᠰᠤᠷᠲᠠᠯ ᠤᠬᠠᠭᠤᠯᠭ᠎ᠠ ᠰᠣᠶᠣᠯ᠎ᠤᠨ ᠱᠢᠰᠲ᠋ᠧᠮ᠎ᠦᠨ ᠪᠠᠢᠴᠠᠭᠠᠨ ᠰᠤᠳᠤᠯᠤᠯᠲᠠ᠎ᠶ᠋ᠢᠨ ᠶᠠᠷᠢᠯᠴᠠᠬᠤ ᠬᠤᠷᠠᠯ᠂ ᠮᠤᠵᠢ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠣᠶᠣᠯ᠎ᠤᠨ ᠶᠡᠬᠡ ᠮᠤᠵᠢ᠎ᠶ᠋ᠢᠨ ᠪᠠᠢᠴᠠᠭᠠᠨ ᠰᠤᠳᠤᠯᠤᠯᠲᠠ᠎ᠶ᠋ᠢᠨ ᠰᠡᠳᠦᠪ᠎ᠦᠨ ᠬᠠᠷᠢᠭᠤ ᠮᠡᠳᠡᠭᠦᠯᠦᠯᠲᠡ᠎ᠶ᠋ᠢᠨ ᠬᠤᠷᠠᠯ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠱᠢᠰᠲ᠋ᠧᠮ᠎ᠦᠨ ᠪᠠᠢᠴᠠᠭᠠᠨ ᠰᠤᠳᠤᠯᠤᠯᠲᠠ᠎ᠶ᠋ᠢᠨ ᠶᠠᠷᠢᠯᠴᠠᠬᠤ ᠬᠤᠷᠠᠯ᠂ ᠰᠣᠶᠣᠯ᠎ᠤᠨ ᠶᠡᠬᠡ ᠮᠤᠵᠢ᠎ᠶᠢ ᠲᠦᠷᠭᠡᠪᠴᠢᠯᠡᠨ ᠪᠠᠢᠭᠤᠯᠬᠤ ᠶᠠᠷᠢᠯᠴᠠᠬᠤ ᠬᠤᠷᠠᠯ ᠵᠡᠷᠭᠡ᠎ᠶ᠋ᠢ ᠡᠷᠬᠢᠯᠡᠨ ᠬᠤᠷᠠᠯᠳᠤᠭᠤᠯᠵᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃

ᠥᠷᠭᠡᠨ ᠤᠯᠠᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯᠳᠠᠨ᠎ᠳᠤ ᠲᠡᠷᠡ ᠦᠨᠡᠨ ᠪᠣᠳᠠᠲᠠᠢ ᠱᠠᠭᠠᠷᠳᠠᠯᠭ᠎ᠠ ᠳᠤᠷᠠᠳᠴᠠᠢ — ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠦᠨᠡᠨ ᠬᠦ᠌ ᠪᠠᠷᠢᠮᠲᠠᠯᠠᠵᠤ᠂ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠳᠤ ᠣᠷᠭᠢᠯᠤᠮ᠎ᠠ ᠬᠠᠯᠠᠭᠤᠨ ᠰᠡᠳᠭᠢᠯᠭᠡ᠎ᠲᠡᠶ ᠪᠠᠢᠵᠤ᠂ ᠤᠨᠤᠯ᠎ᠢ ᠪᠣᠳᠠᠲᠠᠢ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠵᠤ᠂ ᠰᠣᠳᠣᠨ ᠪᠦᠲᠦᠭᠡᠯ᠎ᠦᠨ ᠤᠬᠠᠮᠰᠠᠷ᠎ᠢ ᠪᠤᠢ ᠪᠣᠯᠭᠠᠬᠤ ᠬᠡᠷᠡᠭ᠌ᠲᠡᠢ; ᠰᠣᠨᠢᠨ ᠮᠡᠳᠡᠭᠡᠨ᠎ᠦ ᠠᠵᠢᠯᠲᠠᠳ᠎ᠲᠤ ᠲᠡᠷᠡ᠂ 《ᠨᠠᠮ᠎ᠤᠨ ᠲᠥᠯᠥᠭᠡ ᠠᠷᠠᠳ ᠲᠦᠮᠡᠨ᠎ᠤ ᠲᠦᠯᠦᠭᠡ ᠵᠢᠳᠬᠦᠵᠦ᠍᠂ ᠮᠠᠭᠤ᠎ᠶ᠋ᠢ ᠦᠯᠳᠡᠨ ᠰᠠᠢ᠌ᠨ᠎ᠢ ᠪᠠᠳᠠᠷᠠᠭᠤᠯᠵᠤ᠂ ᠦᠵᠡᠵᠦ ᠰᠤᠨᠤᠰᠬᠤ᠎ᠶᠢ ᠴᠢᠬᠤᠯᠠᠴᠢᠯᠠᠬᠤ ᠬᠡᠷᠡᠭᠲᠡᠢ》 ᠭᠡᠵᠦ ᠳᠤᠷᠠᠳᠴᠤ᠌᠂ 《ᠰᠦᠯᠵᠢᠶ᠎ᠡ᠎ᠶ᠋ᠢ ᠰᠤᠷᠲᠠᠯ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠱᠢᠨ᠎ᠡ ᠵᠢᠭ᠍ᠰᠠᠭᠠᠯ᠎ᠤᠨ ᠭᠠᠵᠠᠷ᠂ ᠱᠢᠨ᠎ᠡ ᠠᠷᠭ᠎ᠠ ᠵᠠᠮ᠂ ᠱᠢᠨ᠎ᠡ ᠠᠴᠢᠶᠠᠯᠠᠪᠤᠷᠢ ᠪᠣᠯᠭᠠᠨ ᠪᠠᠢᠭᠤᠯᠬᠤ ᠬᠡᠷᠡᠭᠲᠡᠢ》 ᠭᠡᠵᠦ᠍ ᠳᠤᠷᠠᠳᠴᠠᠶ ᠁

ᠭᠦᠨᠵᠡᠭᠡᠢ ᠪᠠᠢᠴᠠᠭᠠᠨ ᠰᠤᠳᠤᠯᠤᠯᠲᠠ ᠬᠢᠭ᠌ᠰᠡᠨ ᠰᠠᠭᠤᠷᠢᠨ ᠳᠡᠭᠡᠷ᠎ᠡ᠂ ᠵᠤᠵᠠᠭᠠᠨ ᠭᠡᠭᠴᠢ ᠨᠢᠭᠡᠨ ᠲᠡᠪᠲᠡᠷ 《ᠰᠣᠶᠣᠯ᠎ᠤᠨ ᠶᠡᠬᠡ ᠮᠤᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠣᠳᠣᠬᠢ ᠪᠠᠢᠳᠠᠯ ᠪᠣᠯᠤᠨ ᠠᠷᠭᠠᠴᠡᠭᠠᠬᠤ ᠪᠤᠳᠤᠯᠭ᠎ᠠ᠎ᠶ᠋ᠢᠨ ᠰᠤᠳᠤᠯᠭᠠᠨ》 ᠭᠡᠬᠦ᠌ ᠰᠡᠳᠦᠪ᠎ᠦᠨ ᠮᠡᠳᠡᠭᠦᠯᠦᠯᠲᠡ ᠨᠡᠢᠲᠡᠯᠡᠭ᠌ᠳᠡᠵᠦ᠍᠂ ᠰᠣᠶᠣᠯ᠎ᠤᠨ ᠶᠡᠬᠡ ᠮᠤᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠤᠭ᠎ᠠ ᠲᠥᠰᠦᠪ ᠰᠢ ᠵᠢᠨ ᠫᠢᠩ᠎ᠦᠨ ᠰᠡᠳᠭᠢᠯ᠎ᠳᠦ ᠠᠭᠠᠵᠢᠮ᠎ᠢᠶᠠᠷ ᠪᠦᠷᠢᠯᠳᠦᠪᠡ᠃

ᠵᠧᠵᠢᠶᠠᠩ᠎ᠤᠨ ᠰᠣᠶᠣᠯ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠬᠦᠰᠢᠶ᠎ᠡ ᠲᠡᠮᠳᠡᠭ᠎ᠦᠨ ᠠᠴᠢ ᠬᠣᠯᠪᠣᠭ᠍ᠳᠠᠯ᠎ᠲᠠᠶ ᠴᠠᠭ ᠮᠥᠴᠡ ᠬᠦᠷᠴᠦ᠍ ᠢᠷᠡᠯ᠎ᠡ —

2005 ᠣᠨ᠎ᠤ 7 ᠰᠠᠷ᠎ᠠ᠎ᠶ᠋ᠢᠨ 28᠎ᠤ ᠡᠳᠦᠷ᠂ 29᠎ᠤ ᠡᠳᠦᠷ᠂ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠭᠦᠳᠡ ᠬᠤᠷᠠᠯ ᠬᠤᠷᠠᠯᠳᠤᠵᠤ᠂ 《ᠰᠣᠶᠣᠯ᠎ᠤᠨ ᠶᠡᠬᠡ ᠮᠤᠵᠢ᠎ᠶ᠋ᠢ ᠲᠦᠷᠭᠡᠪᠴᠢᠯᠡᠨ ᠪᠦᠲᠦᠭᠡᠨ ᠪᠠᠢᠭᠤᠯᠬᠤ ᠲᠤᠬᠠᠶ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠧᠵᠢᠶᠠᠩ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠲᠣᠭ᠍ᠲᠠᠭᠠᠯ》᠎ᠢ ᠬᠢᠨᠠᠨ ᠵᠦᠪᠯᠡᠵᠦ ᠪᠠᠲᠤᠯᠠᠭᠠᠳ᠂ 《ᠭᠤᠷᠪᠠᠨ ᠬᠦᠴᠦᠨ》᠂ 《ᠨᠠᠢ᠍ᠮᠠᠨ ᠢᠨᠵᠧᠨᠧᠷᠢᠩ》᠎ᠤ᠋ᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠳᠤᠷᠠᠳᠤᠨ ᠭᠠᠷᠭᠠᠵᠠᠶ᠃

ᠲᠡᠷᠢᠭᠦᠨ᠎ᠦ ᠰᠣᠶᠣᠯ᠎ᠤᠨ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠵᠤ᠂ ᠰᠣᠶᠣᠯ᠎ᠤᠨ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭ᠌ᠵᠢᠭᠦᠯᠵᠦ᠍᠂ ᠨᠡᠢᠭᠡᠮ᠎ᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠴᠢᠳᠠᠪᠤᠷᠢ ᠬᠦᠴᠦᠨ — ᠭᠡᠬᠦ 《ᠭᠤᠷᠪᠠᠨ ᠬᠦᠴᠦᠨ》᠎ᠢ ᠳᠡᠭᠡᠭ᠌ᠰᠢᠯᠡᠭᠦᠯᠵᠦ᠍᠂ ᠰᠣᠶᠣᠯ᠎ᠤᠨ ᠪᠠᠢᠭᠤᠯᠤᠯᠲᠠ᠎ᠳᠤ ᠤᠯᠤᠰ ᠲᠦᠷᠦ᠍᠎ᠶ᠋ᠢᠨ ᠴᠢᠭ᠌ᠯᠡᠯ᠂ ᠥᠭᠡᠷᠡᠴᠢᠯᠡᠯᠲᠡ᠎ᠶ᠋ᠢᠨ ᠬᠠᠨᠳᠤᠰᠢ ᠪᠠ ᠦᠷᠲᠡᠭ᠎ᠦᠨ ᠤᠳᠤᠷᠢᠳᠤᠮᠵᠢ᠎ᠶ᠋ᠢ ᠲᠣᠳᠣᠷᠬᠠᠢ ᠵᠢᠭᠠᠨ ᠥᠭ᠌ᠴᠡᠢ᠃

ᠪᠣᠯᠪᠠᠰᠤᠨ᠎ᠤ ᠬᠡᠪ ᠴᠢᠨᠠᠷ᠎ᠤᠨ ᠢᠨᠵᠧᠨᠧᠷᠢᠩ᠂ ᠰᠣᠶᠣᠯ᠎ᠤᠨ ᠰᠤᠳᠤᠨ ᠪᠦᠲᠦᠭᠡᠯ᠎ᠦᠨ ᠢᠨᠵᠧᠨᠧᠷᠢᠩ᠂ ᠰᠣᠶᠣᠯ᠎ᠤᠨ ᠰᠤᠳᠤᠯᠭᠠᠨ᠎ᠤ ᠢᠨᠵᠧᠨᠧᠷᠢᠩ᠂ ᠰᠣᠶᠣᠯ᠎ᠤᠨ ᠬᠠᠮᠠᠭᠠᠯᠠᠯᠲᠠ᠎ᠶ᠋ᠢᠨ ᠢᠨᠵᠧᠨᠧᠷᠢᠩ᠂ ᠰᠣᠶᠣᠯ᠎ᠤᠨ ᠠᠵᠤ ᠦᠢᠯᠡᠰ᠎ᠢ ᠠᠬᠢᠭᠤᠯᠬᠤ ᠢᠨᠵᠧᠨᠧᠷᠢᠩ᠂ ᠰᠣᠶᠣᠯ᠎ᠤᠨ ᠵᠢᠭ᠍ᠰᠠᠭᠠᠯ᠎ᠤᠨ ᠭᠠᠵᠠᠷ᠎ᠤᠨ ᠢᠨᠵᠧᠨᠧᠷᠢᠩ᠂ ᠰᠣᠶᠣᠯ᠎ᠢ ᠤᠯᠠᠮᠵᠢᠯᠠᠨ ᠳᠡᠯᠭᠡᠷᠡᠭᠦᠯᠬᠦ᠌ ᠢᠨᠵᠧᠨᠧᠷᠢᠩ᠂ ᠰᠣᠶᠣᠯ᠎ᠤᠨ ᠴᠢᠳᠠᠪᠤᠷᠢᠲᠠᠨ᠎ᠤ ᠢᠨᠵᠧᠨᠧᠷᠢᠩ — 《ᠨᠠᠢ᠍ᠮᠠᠨ ᠢᠨᠵᠧᠨᠧᠷᠢᠩ》᠎ᠤᠨ ᠱᠢᠰᠲ᠋ᠧᠮ ᠨᠢ ᠪᠦᠷᠢᠨ ᠲᠡᠭᠦᠯᠳᠡᠷ ᠪᠠᠢᠵᠤ᠂ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠵᠤ ᠪᠣᠳᠠᠲᠦ ᠶᠠᠪᠤᠳᠠᠯ ᠬᠢᠵᠦ᠍ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠲᠤᠬᠠᠢ᠎ᠶᠢᠨ ᠦᠶ᠎ᠡ᠎ᠶᠢᠨ ᠤᠯᠤᠰ᠎ᠤᠨ ᠳᠣᠲᠣᠭᠠᠳᠤ᠎ᠶ᠋ᠢᠨ ᠬᠡᠪᠴᠢᠢ᠎ᠡ᠎ᠪᠡᠷ ᠬᠠᠮᠤᠭ᠎ᠤᠨ ᠶᠡᠬᠡ ᠣᠷᠣᠨ ᠨᠤᠲᠤᠭ᠎ᠤᠨ ᠰᠣᠶᠣᠯ᠎ᠤᠨ ᠪᠠᠢᠭᠤᠯᠤᠯᠲᠠ᠎ᠶ᠋ᠢᠨ ᠢᠨᠵᠧᠨᠧᠷᠢᠩ ᠪᠣᠯᠤᠭ᠍ᠰᠠᠨ ᠪᠠᠢᠨ᠎ᠠ᠃

《ᠨᠠᠢ᠍ᠮᠠᠨ ᠢᠨᠵᠧᠨᠧᠷᠢᠩ》 ᠪᠣᠯ 《ᠨᠠᠢ᠍ᠮᠠ ᠨᠠᠢ᠍ᠮᠠ᠎ᠶ᠋ᠢᠨ ᠪᠠᠢᠯᠳᠤᠬᠤ ᠪᠤᠳᠤᠯᠭ᠎ᠠ》᠎ᠶᠢᠨ ᠰᠣᠶᠣᠯ᠎ᠤᠨ ᠬᠠᠭᠤᠳᠠᠰᠤ ᠮᠥᠨ᠃ ᠵᠧᠵᠢᠶᠠᠩ᠎ᠤᠨ ᠰᠣᠶᠣᠯ᠎ᠤᠨ ᠲᠤᠮᠤ ᠮᠤᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ 《ᠨᠢᠷᠤᠭᠤ ᠲᠤᠯᠭᠠᠭᠤᠷᠢ》 ᠨᠢ ᠡᠭᠦᠨ᠎ᠡᠴᠡ ᠡᠬᠢᠯᠡᠨ ᠪᠠᠢᠭᠤᠯᠤᠭ᠍ᠳᠠᠵᠤ᠂ ᠵᠧᠵᠢᠶᠠᠩ᠎ᠤᠨ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ᠎ᠳᠦ ᠶᠠᠪᠤᠵᠤ᠂ ᠤᠷᠤᠰᠭᠠᠯ᠎ᠤᠨ ᠡᠮᠦᠨ᠎ᠡ ᠵᠣᠷᠢᠭ᠍ᠲᠠᠢ ᠵᠣᠭ᠍ᠰᠣᠬᠤ ᠶᠠᠪᠤᠳᠠᠯ ᠲᠣᠳᠣᠷᠬᠠᠢ ᠵᠦᠭ᠌ᠯᠡᠭᠦᠷ᠎ᠲᠡᠶ ᠪᠣᠯᠵᠠᠢ; 

ᠰᠣᠶᠣᠯ᠎ᠤᠨ ᠪᠠᠢᠭᠤᠯᠤᠯᠲᠠ ᠨᠢ ᠬᠡᠨ᠎ᠦ ᠲᠥᠯᠥᠭᠡ᠂ ᠶᠠᠮᠠᠷ ᠶᠠᠩᠵᠤ᠎ᠶ᠋ᠢᠨ ᠰᠣᠶᠣᠯ᠎ᠢ ᠪᠠᠢᠭᠤᠯᠬᠤ᠂ ᠰᠣᠶᠣᠯ᠎ᠢ ᠬᠡᠷᠬᠢᠨ ᠪᠠᠢᠭᠤᠯᠬᠤ ᠵᠡᠷᠭᠡ ᠠᠯᠢ ᠤᠯᠠᠨ ᠦᠨᠳᠦᠰᠦᠨ ᠴᠢᠨᠠᠷᠲᠠᠢ ᠠᠰᠠᠭᠤᠳᠠᠯ᠎ᠳᠤ ᠨᠡᠩ ᠲᠣᠳᠣᠷᠬᠠᠢ ᠬᠠᠷᠢᠭᠤᠯᠲᠠ ᠥᠭ᠌ᠴᠦ᠂ ᠰᠣᠶᠣᠯ᠎ᠤᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠂ ᠬᠠᠷᠠᠯᠲᠠ ᠡᠭᠦᠷᠭᠡ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠪᠠᠲᠤᠯᠠᠭ᠎ᠠ ᠵᠡᠷᠭᠡ ᠦᠨᠳᠦᠰᠦᠨ ᠠᠰᠠᠭᠤᠳᠠᠯ᠎ᠳᠤ ᠱᠢᠰᠲ᠋ᠧᠮ᠎ᠲᠡᠶ ᠪᠥᠭᠡᠳ ᠪᠦᠷᠢᠨ ᠪᠦᠲᠦᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠲᠠᠶ ᠪᠤᠯᠵᠤ᠂ 《ᠲᠣᠳᠣᠷᠬᠠᠢ ᠵᠠᠷᠴᠢᠮ᠎ᠢ ᠴᠢᠳᠠᠮᠠᠭᠠᠢ ᠬᠡᠷᠡᠭᠯᠡᠵᠦ᠂ ᠵᠠᠷᠴᠢᠮ ᠬᠡᠷᠡᠭᠯᠡᠯᠲᠡ᠎ᠶᠢ ᠨᠡᠪᠲᠡᠷᠡᠭᠦᠯᠬᠦ》 ᠦᠵᠡᠯ ᠰᠠᠨᠠᠭᠠᠨ᠎ᠤ ᠣᠨᠴᠠᠯᠢᠭ ᠱᠢᠨᠵᠢ ᠨᠢ ᠵᠧᠵᠢᠶᠠᠩ᠎ᠤᠨ ᠦᠢᠯᠡᠳᠦᠯᠭᠡ ᠪᠠ ᠰᠦᠪᠡᠭ᠌ᠴᠢᠯᠡᠯᠳᠡ᠎ᠶ᠋ᠢᠨ ᠳᠤᠮᠳᠠ ᠡᠬᠢᠯᠡᠨ ᠢᠯᠡᠷᠡᠵᠦ᠍᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠪᠦᠷᠢᠯᠳᠦᠯ᠎ᠳᠦ ᠡᠯᠪᠡᠭ ᠪᠠᠶᠠᠯᠢᠭ ᠤᠨᠤᠯ᠎ᠤᠨ ᠦᠨᠳᠦᠰᠦᠯᠡᠯ ᠪᠠ ᠦᠢᠯᠡᠳᠦᠯᠭᠡ᠎ᠶ᠋ᠢᠨ ᠪᠣᠷᠣ ᠮᠠᠲ᠋ᠧᠷᠢᠶᠠᠯ ᠬᠠᠩᠭᠠᠭ᠍ᠰᠠᠨ ᠪᠠᠢᠨ᠎ᠠ᠃

20 ᠵᠢᠯ᠎ᠦᠨ ᠡᠮᠦᠨ᠎ᠡ᠂ 《ᠨᠠᠢ᠍ᠮᠠᠨ ᠢᠨᠵᠧᠨᠧᠷᠢᠩ》᠎ᠢ ᠡᠬᠢᠯᠡᠭᠦᠯᠬᠦ ᠦᠶ᠎ᠡ᠎ᠳᠦ᠂ ᠰᠢ ᠵᠢᠨ ᠫᠢᠩ 《ᠵᠧᠵᠢᠶᠠᠩ᠎ᠤᠨ ᠰᠣᠶᠣᠯ᠎ᠤᠨ ᠰᠤᠳᠤᠯᠭᠠᠨ᠎ᠤ ᠢᠨᠵᠧᠨᠧᠷᠢᠩ᠎ᠦᠨ ᠦᠷ᠎ᠡ ᠪᠦᠲᠦᠭᠡᠯ᠎ᠦᠨ ᠵᠤᠬᠢᠶᠠᠯ᠎ᠤᠨ ᠬᠦᠮᠦᠷᠭᠡ᠎ᠶᠢᠨ ᠶᠡᠷᠦᠩᠬᠡᠢ ᠤᠷᠤᠰᠢᠯ》᠎ᠳᠤ ᠭᠦᠨ ᠰᠡᠳᠭᠢᠯᠭᠡ᠎ᠲᠡᠶ᠎ᠪᠡᠷ᠄ 《ᠥᠨᠥᠳᠦᠷ᠂ ᠪᠢᠳᠡ ᠲᠡᠦᠬᠡ᠎ᠶ᠋ᠢᠨ ᠭᠣᠣᠯ ᠮᠥᠷᠡᠨ᠎ᠢᠶᠡᠷ ᠠᠶᠠᠯᠠᠵᠤ᠂ ᠨᠢᠭᠡ ᠭᠠᠵᠠᠷ ᠣᠷᠣᠨ᠎ᠤ ᠠᠷᠠᠳ ᠤᠯᠠᠨ᠎ᠤ ᠬᠦᠰᠡᠯ ᠡᠷᠡᠮᠡᠯᠵᠡᠯ᠎ᠢ ᠡᠪᠦᠷᠯᠡᠵᠦ ᠪᠠᠢᠨ᠎ᠠ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠴᠢᠩ ᠦᠨᠡᠨᠴᠢ᠎ᠪᠡᠷ ᠬᠤᠪᠢ ᠨᠡᠮᠡᠷᠢ ᠦᠵᠡᠭᠦᠯᠵᠦ᠍᠂ ᠪᠢᠳᠡᠨ᠎ᠤ ᠰᠣᠶᠣᠯ᠎ᠢᠶᠠᠨ ᠲᠠᠰᠤᠷᠠᠯᠳᠠ ᠦᠭᠡᠢ ᠦᠷᠭᠦᠯᠵᠢᠯᠡᠭᠦᠯᠵᠦ᠍᠂ ᠪᠢᠳᠡᠨ᠎ᠤ ᠡᠭᠦᠳᠦᠨ ᠪᠦᠲᠦᠭᠡᠯᠲᠡ᠎ᠪᠡᠨ ᠦᠶ᠎ᠡ᠎ᠶ᠋ᠢᠨ ᠦᠶ᠎ᠡ᠎ᠳᠡᠭᠡᠨ ᠲᠠᠰᠤᠷᠠᠰᠢ ᠦᠭᠡᠢ ᠪᠤᠯᠭᠠᠬᠤ ᠶᠣᠰᠣᠲᠠᠢ》 ᠭᠡᠵᠦ ᠪᠢᠴᠢᠪᠡ᠃

20 ᠵᠢᠯ᠎ᠦᠨ ᠲᠠᠷᠠᠭ᠎ᠠ᠂ ᠲᠡᠦᠬᠡ᠎ᠡᠴᠡ ᠢᠷᠡᠭᠡᠳᠦᠢ᠎ᠶ᠋ᠢ ᠬᠠᠷᠠᠵᠤ᠂ ᠵᠧᠵᠢᠶᠠᠩ᠎ᠡᠴᠡ ᠳᠤᠮᠳᠠᠳᠤ ᠤᠯᠤᠰ᠂ ᠳᠡᠯᠡᠬᠡᠢ ᠳ᠋ᠠᠬᠢᠨ᠎ᠢ ᠪᠠᠷᠠᠯᠠᠵᠤ᠂ ᠡᠨᠡ ᠪᠠᠳᠠᠭ ᠦᠭᠡ᠎ᠶ᠋ᠢ ᠲᠠᠬᠢᠨ ᠡᠷᠭᠢᠴᠡᠭᠦᠯᠬᠦ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠤᠷᠢᠳᠴᠢᠯᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠬᠠᠷᠡᠴᠡ ᠪᠣᠯᠤᠨ ᠭᠦᠨ ᠵᠤᠵᠠᠭᠠᠨ ᠰᠣᠶᠣᠯ᠎ᠤᠨ ᠬᠠᠢᠷ᠎ᠠ ᠰᠡᠳᠭᠢᠯᠭᠡ᠎ᠶ᠋ᠢ ᠨᠡᠩ ᠢᠯᠡᠭᠦᠦ ᠮᠡᠳᠡᠷᠡᠵᠦ᠍ ᠴᠢᠳᠠᠨ᠎ᠠ᠃

《ᠡᠷᠬᠡᠪᠰᠢ ᠨᠢᠳᠤᠨ᠎ᠳᠦ ᠦᠵᠡᠭᠳᠡᠮ᠎ᠡ᠂ ᠭᠠᠷ᠎ᠲᠦ ᠪᠠᠷᠢᠭᠳᠠᠮ᠎ᠠ ᠠᠷᠭ᠎ᠠ ᠬᠡᠯᠪᠡᠷᠢ᠎ᠪᠡᠷ ᠳᠠᠮᠵᠢᠨ ᠦᠨᠡᠨ ᠪᠣᠳᠠᠲᠠᠢ ᠠᠴᠢᠶᠠᠯᠠᠭ᠍ᠴᠢ᠎ᠶᠢ ᠡᠭᠦᠳᠬᠦ ᠬᠡᠷᠡᠭᠲᠡᠢ》 

《ᠨᠠᠢ᠍ᠮᠠᠨ ᠢᠨᠵᠧᠨᠧᠷᠢᠩ》 ᠨᠢ ᠵᠧᠵᠢᠶᠠᠩ᠎ᠤᠨ ᠰᠣᠶᠣᠯ᠎ᠤᠨ ᠲᠣᠮᠣ᠌ ᠮᠤᠵᠢ᠎ᠶᠢ ᠲᠦᠷᠭᠡᠳᠭᠡᠨ ᠪᠠᠶ᠋ᠢᠭᠤᠯᠬᠤ ᠠᠤᠭ᠎ᠠ ᠲᠥᠰᠥᠪ᠎ᠢ ᠵᠢᠷᠤᠭᠯᠠᠭᠰᠠᠨ ᠪᠠᠢᠨ᠎ᠠ᠃ ᠰᠣᠶᠣᠯ᠎ᠤᠨ ᠪᠠᠢᠭᠤᠯᠤᠯᠲᠠ ᠨᠢ ᠶᠠᠭᠤᠨ᠎ᠳᠤ 《ᠢᠨᠵᠧᠨᠧᠷᠢᠩ》 ᠬᠡᠬᠦ ᠡᠨᠡ ᠶᠠᠪᠤᠳᠠᠯ᠎ᠢ᠋ ᠢᠩᠭᠢᠵᠦ ᠴᠢᠬᠤᠯᠠᠴᠢᠯᠠᠳᠠᠭ ᠪᠤᠢ?

ᠰᠢ ᠵᠢᠨ ᠫᠢᠩ 《ᠡᠷᠬᠡᠪᠰᠢ ᠨᠢᠳᠦᠨ᠎ᠳᠦ ᠦᠵᠡᠭᠳᠡᠮ᠎ᠡ ᠭᠠᠷ᠎ᠲᠤ ᠪᠠᠷᠢᠭ᠍ᠳᠠᠮ᠎ᠠ ᠠᠷᠭ᠎ᠠ ᠬᠡᠯᠪᠡᠷᠢ᠎ᠪᠡᠷ ᠦᠨᠡᠨ ᠪᠣᠳᠠᠲᠠᠢ ᠠᠴᠢᠶᠠᠯᠠᠪᠤᠷᠢ᠎ᠶᠢ ᠡᠭᠦᠳᠬᠦ ᠬᠡᠷᠡᠭᠲᠡᠢ》 ᠭᠡᠵᠦ ᠴᠢᠬᠤᠯᠠᠴᠢᠯᠠᠪᠠ᠃

《ᠢᠨᠵᠸᠨ᠋ᠸᠷᠢᠩ ᠪᠤᠯᠭᠠᠨ ᠠᠬᠢᠭᠤᠯᠬᠤ》᠎ᠳᠦ ᠪᠣᠳᠠᠲᠤ ᠦᠷ᠎ᠡ ᠪᠦᠲᠦᠮᠵᠢ᠎ᠶᠢ ᠬᠥᠭᠡᠭᠡᠴᠡᠯᠳᠦᠳᠡᠭ᠃ ᠤᠯᠤᠰ᠎ᠤᠨ ᠳᠣᠲᠣᠭᠠᠳᠤ᠎ᠶᠢᠨ ᠠᠩᠬᠠᠳᠠᠭ᠍ᠴᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠳᠠᠪᠬᠤᠷᠭ᠎ᠠ᠎ᠡᠴᠡ ᠣᠷᠣᠨ ᠨᠤᠲᠤᠭ᠎ᠤᠨ ᠬᠥᠭᠵᠢᠯᠲᠡ᠎ᠶᠢᠨ ᠴᠢᠬᠤᠯᠠ ᠶᠡᠬᠡ ᠰᠣᠶᠣᠯ᠎ᠤᠨ ᠢᠨᠵᠧᠨᠧᠷᠢᠩ᠎ᠢ ᠨᠠᠷᠢᠨ ᠠᠵᠢᠭᠯᠠᠬᠤ᠎ᠳᠦ᠂ ᠰᠢ ᠵᠢᠨ ᠫᠢᠩ ᠪᠡᠶ᠎ᠡ᠎ᠪᠡᠷ᠎ᠢᠶᠡᠨ ᠵᠧᠵᠢᠶᠠᠩ᠎ᠤᠨ ᠰᠣᠶᠣᠯ᠎ᠤᠨ᠎ᠰᠤᠳᠤᠯᠭᠠᠨ᠎ᠤ ᠢᠨᠵᠧᠨᠧᠷᠢᠩ᠎ᠦᠨ ᠵᠢᠯᠤᠭᠣᠳᠬᠤ ᠵᠥᠪᠯᠡᠯ᠎ᠦᠨ ᠡᠷᠬᠢᠯᠡᠭᠴᠢ᠎ᠶᠢᠨ ᠲᠤᠰᠢᠶᠠᠯ᠎ᠢ ᠬᠠᠷᠢᠭᠤᠴᠠᠵᠤ᠂ ᠴᠢᠭᠯᠡᠯ᠎ᠢ ᠲᠣᠭᠲᠠᠭᠠᠵᠤ᠂ ᠰᠡᠳᠦᠪ ᠭᠠᠷᠭᠠᠵᠤ᠂ ᠱᠠᠭᠠᠷᠳᠠᠯᠭ᠎ᠠ ᠳᠤᠷᠠᠳᠴᠤ᠂ ᠶᠡᠷᠦᠩᠬᠡᠢ ᠤᠷᠤᠰᠢᠯ᠎ᠢ ᠪᠢᠴᠢᠵᠤ ᠦᠭᠴᠠᠢ᠃

ᠰᠢ ᠵᠢᠨ ᠫᠢᠩ 《ᠭᠠᠪᠢᠶ᠎ᠠ᠎ᠶᠢ ᠵᠠᠪᠠᠯ ᠮᠢᠨᠤ ᠦᠶ᠎ᠡ ᠲᠡᠭᠡᠷ᠎ᠡ ᠪᠦᠳᠦᠭᠡᠬᠦ ᠪᠢᠰᠢ》᠂ 《ᠨᠢᠭᠡ ᠨᠢᠭᠡ ᠬᠤᠭᠤᠴᠠᠭ᠎ᠠ᠎ᠪᠡᠷ ᠵᠠᠯᠭᠠᠨ ᠬᠢᠬᠦ》᠎ᠶᠢ ᠨᠠᠩ ᠴᠢᠬᠤᠯᠠᠴᠢᠯᠠᠪᠠ᠃ 20 ᠵᠢᠯ ᠥᠩᠭᠡᠷᠡᠯ᠎ᠡ᠂ 《ᠨᠠᠢ᠍ᠮᠠᠨ ᠢᠨᠵᠧᠨᠧᠷᠢᠩ》᠎ᠢ ᠥᠩᠭᠡᠷᠡᠭᠰᠡᠨ ᠬᠤᠭᠤᠴᠠᠭᠠᠨ᠎ᠤ ᠵᠧᠵᠢᠶᠠᠩ ᠮᠤᠵᠢ᠎ᠶᠢᠨ ᠨᠠᠮ᠎ᠤᠨ ᠬᠣᠷᠢᠶ᠎ᠠ ᠪᠤᠤᠬᠢᠶ᠎ᠠ ᠳᠠᠮᠵᠢᠭᠤᠯᠤᠨ ᠠᠬᠢᠭᠤᠯᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠢᠪᠠ᠃ ᠴᠢᠶᠠᠨ ᠲᠠᠨᠭ᠌ ᠵᠢᠶᠠᠨᠭ᠌ ᠮᠥᠷᠡᠨ᠎ᠦ ᠡᠬᠡ ᠭᠠᠵᠠᠷ᠂ ᠦᠯᠡᠮᠵᠢ ᠦᠷ᠎ᠡ ᠪᠦᠲᠦᠭᠡᠯ ᠢᠯᠡᠷᠡᠪᠡ —

ᠳᠤᠮᠳᠠᠳᠤ ᠤᠯᠤᠰ᠎ᠤᠨ ᠤᠯᠠᠨ ᠦᠶ᠎ᠡ᠎ᠶᠢᠨ ᠤᠷᠠᠨ ᠵᠢᠷᠤᠭ᠎ᠤᠨ ᠲᠤᠮᠤ ᠰᠢᠷᠢᠰ ᠰᠤᠩᠭᠤᠳᠠᠭ ᠪᠦᠳᠦᠬᠡᠯ᠎ᠤᠨ ᠬᠠᠳᠠᠭᠠᠯᠠᠮᠵᠢ᠎ᠶᠢᠨ ᠣᠷᠳᠣᠨ᠎ᠳᠤ ᠵᠠᠯᠠᠭᠤᠴᠤᠳ ᠬᠣᠢᠨ᠎ᠠ ᠬᠣᠢᠨ᠎ᠠ᠎ᠠᠴᠠ᠎ᠪᠠᠨ ᠬᠦᠷᠦᠯᠴᠡᠨ ᠢᠷᠡᠵᠤ ᠰᠤᠨᠢᠷᠬᠠᠵᠠᠭᠠᠨ᠎ᠠ᠃ ᠬᠥᠮᠥᠰ ᠲᠦᠪ ᠬᠢᠴᠢᠶᠡᠨᠭᠭᠦᠢ ᠪᠡᠷ᠂ 《ᠮᠢᠩᠭᠠᠨ ᠭᠠᠵᠠᠷ᠎ᠤᠨ ᠠᠭᠤᠯᠠ ᠤᠰᠤᠨ᠎ᠤ ᠵᠢᠷᠤᠭ》᠂ 《ᠰᠢ ᠱᠠᠨ ᠠᠭᠤᠯᠠᠨ᠎ᠤ ᠠᠶᠠᠯᠠᠯ᠎ᠤᠨ ᠵᠢᠷᠤᠭ》᠂ 《ᠪᠡᠯᠭᠡᠲᠦ ᠲᠣᠭᠣᠷᠤᠤ᠎ᠶᠢᠨ ᠵᠢᠷᠤᠭ》 ᠎ᠢ᠋ ᠰᠤᠨᠢᠷᠬᠠᠵᠤ᠂ ᠨᠢᠳᠦᠨ ᠡᠮᠦᠨᠡᠬᠢ ᠵᠠᠢ᠎ᠡᠴᠡ ᠲᠦᠮᠡᠨ ᠭᠠᠵᠠᠷ᠎ᠤᠨ ᠲᠡᠷᠲᠡᠭᠡ᠎ᠶᠢ ᠤᠯᠵᠤ ᠬᠠᠷᠠᠨ᠂ ᠮᠢᠩᠭᠠᠨ ᠣᠨ᠎ᠢ ᠪᠠᠷᠠᠯᠠᠵᠤ᠂ ᠳᠤᠮᠳᠠᠳᠤ᠎ᠶᠢᠨ ᠰᠣᠶᠣᠯ᠎ᠤᠨ ᠰᠦᠷ ᠵᠢᠪᠬᠤᠭ᠎ᠠ᠎ᠶᠢ ᠮᠡᠳᠡᠷᠡᠨ᠎ᠡ ᠁ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠨᠢ ᠬᠥᠮᠥᠰ᠎ᠲᠦ ᠰᠢᠨ᠎ᠡ ᠴᠠᠭ ᠦᠶ᠎ᠡ᠎ᠶᠢᠨ ᠰᠣᠶᠣᠯ᠎ᠤᠨ ᠬᠦᠴᠦᠲᠦ ᠳᠠᠪᠠᠯᠭᠠᠨ᠎ᠢ ᠮᠡᠳᠡᠷᠡᠭᠦᠯᠦᠨ᠎ᠠ᠃

ᠳᠠᠪᠠᠯᠭᠠᠨ᠎ᠤ ᠡᠬᠢ᠎ᠶᠢ ᠮᠦᠷᠳᠡᠪᠡᠯ 20 ᠵᠢᠯ᠎ᠦᠨ ᠡᠮᠦᠨ᠎ᠡ᠎ᠡᠴᠡ ᠡᠬᠢᠯᠡᠵᠡᠢ᠃

2005 ᠣᠨ᠎ᠤ 7 ᠰᠠᠷ᠎ᠠ ᠎ᠳᠤ᠂ ᠨᠢᠭᠡᠨ ᠬᠤᠪᠢ ᠣᠨᠴᠠᠭᠠᠢ ᠮᠡᠳᠡᠭᠦᠯᠦᠯᠲᠡ᠎ᠰᠢ ᠵᠢᠨ ᠫᠢᠩ᠎ᠦᠨ ᠰᠢᠷᠡᠭᠡᠨ ᠳᠡᠭᠡᠷ᠎ᠡ ᠲᠠᠯᠪᠢᠭᠠᠰᠤᠲᠠᠢ ᠪᠠᠢᠪᠠ — ᠲᠠᠢᠸᠠᠨ ᠬᠤᠭᠤᠯᠠᠢ᠎ᠶᠢᠨ ᠬᠤᠶᠠᠷ ᠬᠦᠪᠡᠭᠡ᠎ᠵᠢᠨ ᠬᠠᠭᠠᠨ ᠤ᠋ ᠤᠷᠳᠤᠨ᠎ᠤ ᠮᠦᠽᠸᠢ᠎ᠳ᠋ᠤ ᠬᠠᠳᠠᠭᠠᠯᠠᠭᠳᠠᠵᠤ ᠪᠠᠢᠬᠤ ᠰᠦᠩ ᠤᠯᠤᠰ᠎ᠤᠨ ᠤᠷᠠᠨ ᠵᠢᠷᠤᠭ᠎ᠢ ᠡᠮᠬᠢᠳᠭᠡᠨ ᠬᠡᠪᠯᠡᠵᠦ ᠪᠤᠯᠤᠨ᠎ᠠ᠎ᠤᠤ ᠦᠬᠡᠢ᠎ᠤᠤ?

ᠳᠤᠮᠳᠠᠳᠤ ᠤᠯᠤᠰ᠎ᠤᠨ ᠤᠷᠠᠨ ᠵᠢᠷᠤᠭ᠎ᠤᠨ ᠲᠡᠦᠬᠡ᠎ᠶᠢᠨ ᠣᠷᠭᠢᠯ ᠪᠣᠯᠤᠭᠰᠠᠨ᠎ᠤ ᠬᠤᠪᠢ᠎ᠳᠤ᠂ ᠰᠦᠩ ᠤᠯᠤᠰ᠎ᠤᠨ ᠤᠷᠠᠨ ᠵᠢᠷᠤᠭ᠎ᠤᠨ ᠦᠯᠡᠳᠡᠭᠳᠡᠵᠦ ᠤᠯᠠᠮᠵᠢᠯᠠᠭᠳᠠᠭᠰᠠᠨ ᠨᠢ ᠬᠤᠪᠤᠷ ᠴᠤᠬᠠᠭ᠂ ᠤᠯᠠᠮᠵᠢᠯᠠᠭᠳᠠᠨ ᠲᠠᠷᠬᠠᠭᠰᠠᠨ ᠨᠢ ᠲᠠᠷᠠᠬᠠᠢ ᠪᠤᠲᠠᠷᠬᠠᠢ ᠪᠠᠢᠳᠠᠭ᠃ ᠲᠣᠭᠠᠴᠢᠯᠠᠯᠳᠠ᠎ᠶᠢᠨ ᠮᠡᠷᠬᠡᠵᠢᠯ᠎ᠢᠶᠡᠷ ᠴᠤᠭᠯᠠᠭᠤᠯᠤᠨ ᠡᠮᠬᠢᠳᠬᠡᠪᠡᠯ᠂ ᠬᠣᠢᠴᠢ ᠦᠶ᠎ᠡ᠎ᠶᠢᠨ ᠬᠢᠨ᠎ᠳᠦ ᠠᠴᠢ ᠲᠤᠰᠠ ᠪᠤᠯᠬᠤ ᠨᠢ ᠯᠠᠪᠲᠠᠢ ᠶᠤᠮ᠃ ᠰᠢ ᠵᠢᠨ ᠫᠢᠩ ᠲᠡᠷᠡ ᠳᠠᠷᠤᠢ᠎ᠳᠦᠨᠢ᠄ 《ᠡᠨᠡ ᠬᠦ᠌ ᠪᠣᠳᠣᠯᠬᠢᠯᠠᠯ ᠮᠠᠰᠢ ᠰᠠᠢᠨ᠂ ᠡᠭᠦᠨ᠎ᠦ ᠲᠥᠯᠥᠭᠡ ᠴᠢᠷᠮᠠᠢᠭᠤᠰᠢᠲᠠᠢ ᠪᠠᠢᠨ᠎ᠠ》 ᠭᠡᠵᠦ ᠴᠤᠬᠤᠯᠠᠪᠤᠷᠢ ᠥᠭᠴᠡᠢ᠃ ᠠᠩᠬᠠᠨ᠎ᠤ ᠪᠡᠯᠡ ᠮᠥᠩᠭᠥ᠎ᠶᠢ ᠮᠠᠰᠢ ᠲᠦᠷᠭᠡᠨ ᠪᠠᠭᠤᠯᠭᠠᠪᠠ᠃

《ᠲᠤᠬᠠᠢ᠎ᠶᠢᠨ ᠦᠶ᠎ᠡ᠎ᠳᠦ ᠪᠢᠳᠡᠨ᠎ᠳᠦ ᠴᠢᠩ ᠤᠯᠤᠰ᠎ᠡᠴᠡ ᠡᠮᠦᠨᠡᠬᠢ ᠬᠠᠳᠠᠭᠠᠯᠠᠭᠳᠠᠵᠤ ᠦᠯᠡᠳᠡᠭᠰᠡᠨ ᠤᠷᠠᠨ ᠵᠢᠷᠤᠭ ᠨᠢᠭᠡ ᠴᠤ᠌ ᠪᠠᠢᠬᠤ ᠦᠭᠡᠢ᠂ ᠬᠡᠮᠵᠢᠭᠦᠷᠯᠢᠭ ᠲᠥᠬᠦᠭᠡᠷᠦᠮᠵᠢ ᠭᠡᠵᠦ ᠨᠢᠭᠡ ᠴᠦ᠍ ᠪᠠᠢᠬᠤ ᠦᠭᠡᠢ》᠃ ᠪᠠᠷᠢᠯᠭ᠎ᠠ᠎ᠶᠢᠨ ᠲᠦᠷᠦᠯ ᠵᠦᠢᠯ᠎ᠦᠨ ᠳᠤᠭᠤᠢᠯᠠᠩ᠎ᠤᠨ ᠬᠠᠷᠢᠭᠤᠴᠠᠯᠭᠠᠲᠠᠨ᠂ ᠲᠤᠬᠠᠢ᠎ᠶᠢᠨ ᠦᠶ᠎ᠡ᠎ᠳᠦ ᠵᠧᠵᠢᠶᠠᠩ ᠶᠡᠬᠡ ᠰᠤᠷᠭᠠᠭᠤᠯᠢ᠎ᠶᠢᠨ ᠨᠠᠮ᠎ᠤᠨ ᠬᠤᠷᠢᠶ᠎ᠠ᠎ᠵᠢᠨ ᠱᠦᠵᠢ ᠪᠠᠢᠭᠰᠠᠨ ᠵᠠᠩ ᠰᠢ᠄ 《ᠰᠢ ᠵᠢᠨ ᠫᠢᠩ ᠱᠦᠵᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠡᠶ᠎ᠡ ᠪᠡᠷ᠎ᠢᠶᠡᠨ ᠰᠢᠭᠤᠳ ᠠᠬᠢᠭᠤᠯᠤᠭᠰᠠᠨ᠎ᠡᠴᠡ ᠤᠯᠠᠨ᠎ᠢᠶᠠᠷ᠎ᠢᠶᠠᠨ ᠡᠬᠢᠨ᠎ᠡᠴᠡ ᠨᠢ ᠭᠠᠷᠳᠠᠨ ᠬᠢᠬᠦ ᠰᠥᠰᠥ ᠵᠣᠷᠢᠭ᠋ ᠪᠠ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠡᠷᠡᠰ ᠵᠣᠷᠢᠭ᠋᠎ᠲᠠᠢ ᠪᠣᠯᠵᠠᠢ》 ᠭᠡᠵᠦ ᠡᠷᠭᠢᠴᠡᠭᠦᠯᠦᠨ ᠬᠡᠯᠡᠪᠡ᠃

ᠬᠡᠳᠦᠨ ᠠᠷᠪᠠᠨ ᠲᠦᠮᠡᠨ ᠺᠢᠯᠣᠮᠧᠲᠷ ᠠᠶᠠᠯᠠᠵᠤ᠂ ᠲᠡᠳᠡ ᠪᠦᠬᠦ ᠪᠥᠮᠪᠥᠷᠴᠡᠭ᠎ᠤᠨ ᠬᠡᠪᠴᠢᠶᠠᠨ᠎ᠳᠦ ᠶᠡᠬᠡ ᠬᠡᠪᠴᠢᠶ᠎ᠡ᠎ᠪᠡᠷ 《ᠡᠷᠳᠡᠨᠢ ᠬᠠᠢᠪᠠ》᠃

《ᠬᠠᠬᠢᠷ ᠡᠪᠦᠯ᠎ᠤᠨ ᠤᠢ᠎ᠵᠢᠨ ᠦᠵᠡᠮᠵᠢ》 ᠪᠤᠯ ᠡᠮᠦᠨᠡᠲᠦ ᠲᠠᠩ ᠤᠯᠤᠰ᠎ᠤᠨ ᠳ᠋ᠦᠩ ᠶᠤᠸᠠᠨ᠎ᠤ ᠵᠤᠬᠢᠶᠠᠨ ᠪᠦᠳᠦᠬᠡᠭᠰᠡᠨ ᠬᠤᠷᠸ᠎ᠠ᠎ᠳᠦ ᠬᠣᠣᠰ ᠦᠭᠡᠢ ᠰᠣᠳᠣᠨ ᠪᠦᠲᠦᠭᠡᠯ ᠪᠤᠯᠤᠨ᠎ᠠ᠂ ᠣᠳᠣ᠌ ᠶᠠᠫᠤᠨ᠎ᠤ ᠺᠦᠷᠦ᠋ᠺᠠᠸᠠ᠎ᠡᠷᠲᠡᠨ᠎ᠦ ᠰᠣᠶᠣᠯ᠎ᠤᠨ ᠰᠤᠳᠤᠯᠭᠠᠨ᠎ᠤ ᠭᠠᠵᠠᠷ᠎ᠲᠤ ᠬᠠᠳᠠᠭᠠᠯᠠᠭᠳᠠᠵᠤ ᠪᠤᠶ᠃ ᠬᠠᠮᠤᠭ ᠡᠬᠢᠨ᠎ᠳᠡᠭᠡᠨ ᠺᠦᠷᠦ᠋ᠺᠠᠸᠠ ᠡᠷᠲᠡᠨ᠎ᠦ ᠰᠣᠶᠣᠯ᠎ᠤᠨ ᠰᠤᠳᠤᠯᠭᠠᠨ᠎ᠤ ᠭᠠᠵᠠᠷ ᠎ᠤ᠋ᠨ ᠬᠢᠨ ᠲᠥᠷᠥᠯ ᠵᠦᠢᠯ᠎ᠦᠨ ᠠᠵᠢᠯᠯᠠᠬᠤ ᠳᠤᠭᠤᠢᠯᠠᠩ᠎ᠤᠨ ᠭᠤᠶᠤᠴᠢᠯᠠᠯ᠎ᠢ ᠬᠦᠯᠢᠶᠡᠨ ᠠᠪᠬᠤ ᠦᠭᠡᠢ ᠪᠠᠢᠪᠠ᠂ ᠲᠡᠳᠡ ᠳᠠᠬᠢᠨ ᠳᠠᠪᠲᠠᠨ ᠤᠴᠢᠭᠰᠠᠭᠠᠷ ᠪᠠᠢᠵᠤ᠂ ᠡᠴᠦᠰ᠎ᠲᠡᠬᠡᠨ ᠬᠠᠮᠲᠤᠷᠠᠨ ᠠᠵᠢᠯᠯᠠᠪᠠ᠃

《ᠮᠢᠩᠭᠠᠨ ᠭᠠᠵᠠᠷ᠎ᠤᠨ ᠠᠭᠤᠯᠠ ᠤᠰᠤᠨ᠎ᠤ ᠵᠢᠷᠤᠭ》᠎ᠢ ᠵᠠᠭᠤᠨ ᠵᠢᠯ᠎ᠦᠨ ᠲᠤᠷᠰᠢ ᠬᠡᠳᠦᠬᠡᠨ ᠤᠳᠠᠭ᠎ᠠ ᠢᠯᠡ ᠨᠡᠢᠲᠡᠯᠡᠪᠡ᠃ ᠥᠩᠭᠡ ᠨᠢ ᠤᠨᠠᠬᠤ᠎ᠡᠴᠡ ᠰᠡᠷᠭᠡᠢᠯᠡᠬᠦ ᠴᠢᠬᠤᠯᠠᠲᠠᠢ ᠪᠤᠯᠬᠤᠷ ᠰᠡᠭᠦᠳᠡᠷᠯᠡᠬᠦ᠎ᠳᠦ ᠮᠠᠰᠢ ᠬᠦᠴᠢᠷᠲᠡᠢ ᠪᠠᠢᠪᠠ᠃ ᠲᠥᠷᠥᠯ ᠵᠦᠢᠯ᠎ᠦᠨ ᠳᠤᠭᠤᠢᠯᠠᠩ᠎ᠤᠨ ᠬᠢᠨ ᠣᠯᠠᠨ ᠤᠳᠠᠭ᠎ᠠ ᠬᠠᠭᠠᠨ᠎ᠤ ᠣᠷᠳᠣᠨ᠎ᠤ ᠮᠦᠽᠧᠢ᠎ᠳᠦ ᠬᠦᠷᠴᠦ ᠬᠠᠷᠢᠯᠴᠠᠭᠰᠠᠭᠠᠷ ᠪᠠᠢᠵᠤ ᠬᠣᠪᠣᠷ ᠴᠤᠬᠠᠭ ᠡᠳ᠋ ᠨᠢ ᠡᠴᠦᠰ᠎ᠲᠡᠬᠡᠨ ᠮᠥᠩᠬᠡ᠎ᠶᠢᠨ ᠪᠤᠯᠵᠤ ᠲᠡᠮᠲᠡᠭᠯᠡᠭᠳᠡᠭᠰᠡᠨ ᠪᠠᠢᠨ᠎ᠠ᠃

ᠦᠪᠯᠡᠨ ᠤᠯᠠᠮᠵᠢᠯᠠᠬᠤ ᠰᠡᠳᠬᠢᠯ ᠪᠤᠯᠤᠨ ᠴᠢᠨᠭ ᠦᠨᠡᠨᠴᠢ ᠰᠡᠳᠭᠢᠯ᠎ᠤᠨ ᠨᠦᠯᠦᠭᠡᠯᠡᠯ ᠳᠤᠤᠷ᠎ᠠ᠂ ᠨᠡᠨᠭ ᠤᠯᠠᠨ ᠤᠯᠤᠰ᠎ᠤᠨ ᠳᠤᠳᠤᠭᠠᠳᠤ ᠭᠠᠳᠠᠭᠠᠳᠤ᠎ᠵᠢᠨ ᠲᠡᠤᠬᠡ᠎ᠵᠢᠨ ᠲᠤᠷᠠᠰᠬᠠᠯᠲᠤ ᠵᠦᠢᠯᠡᠰ ᠪᠤᠯᠤᠨ ᠮᠦᠽᠸᠢ᠎ᠵᠢᠨ ᠪᠠᠢᠭᠤᠯᠭ᠎ᠠ᠎ᠵᠢᠨ ᠬᠠᠮᠲᠤᠷᠠᠯᠴᠠᠭᠠᠨ᠎ᠤ ᠡᠭᠦᠳᠡ ᠠᠯᠭᠤᠷ᠎ᠵᠢᠡᠷ ᠨᠡᠬᠡᠭᠡᠭᠳᠡᠵᠦ᠂ ᠳᠤᠮᠳᠠᠳᠤ ᠤᠯᠤᠰ᠎ᠤᠨ ᠡᠬᠡ ᠬᠠᠭᠤᠷᠠᠢ ᠪᠠ ᠲᠠᠢᠸᠠᠨ ᠣᠷᠣᠨ᠎ᠤ ᠡᠯ᠎ᠡ ᠮᠦᠽᠧᠢ ᠵᠢᠴᠢ ᠠᠮᠧᠷᠢᠺᠠ᠂ ᠠᠨᠭ᠌ᠭ᠌ᠯᠢ᠂ ᠶᠠᠫᠤᠨ᠂ ᠣᠷᠣᠰ ᠵᠡᠷᠭᠡ ᠤᠯᠤᠰ᠎ᠲᠦ ᠬᠠᠳᠠᠭᠠᠯᠠᠭᠳᠠᠵᠤ ᠪᠠᠢᠭ᠎ᠠ ᠰᠥᠩ ᠤᠯᠤᠰ᠎ᠤᠨ ᠦᠶ᠎ᠠ᠎ᠶᠢᠨ ᠮᠢᠩᠭ᠎ᠠ ᠭᠠᠷᠤᠢ ᠬᠣᠪᠣᠷ ᠨᠠᠨᠳᠢᠨ ᠵᠢᠷᠤᠭ᠎ᠢ ᠪᠦᠬᠦᠨ᠎ᠢ ᠲᠣᠭᠠᠴᠢᠯᠠᠯᠳᠠ᠎ᠶᠢᠨ ᠮᠡᠷᠬᠡᠵᠢᠯ᠎ᠢᠶᠡᠷ ᠴᠤᠬᠯᠠᠭᠤᠯᠤᠨ ᠡᠮᠬᠢᠳᠬᠡᠪᠡ ᠁

2010 ᠣᠨ᠎ᠤ 9 ᠰᠠᠷ᠎ᠠ᠎ᠳᠤ᠂ 《ᠰᠦᠩ ᠤᠯᠤᠰ᠎ᠤᠨ ᠵᠢᠷᠤᠭ᠎ᠤᠨ ᠪᠦᠷᠢᠨ ᠲᠡᠭᠦᠪᠦᠷᠢ》 ᠲᠥᠯᠥᠪᠯᠡᠭᠡ ᠶᠣᠰᠣᠭᠠᠷ ᠦᠨᠳᠦᠰᠦᠨ᠎ᠳᠡᠭᠡᠨ ᠪᠦᠷᠢᠨ ᠪᠦᠲᠦᠨ ᠬᠡᠪᠯᠡᠭᠳᠡᠪᠡ᠂ ᠲᠤᠬᠠᠢ ᠎ᠶᠢᠨ ᠦᠶ᠎ᠡ᠎ᠳᠦ ᠤᠯᠤᠰ᠎ᠤᠨ ᠳᠡᠳ᠋ ᠲᠡᠷᠢᠭᠦᠯᠡᠭᠴᠢ ᠪᠠᠢᠭᠰᠠᠨ ᠰᠢ ᠵᠢᠨ ᠫᠢᠩ᠎ᠡᠴᠡ᠄ 《ᠳᠠᠷᠠᠭᠠᠴᠢ᠎ᠶᠢᠨ ᠠᠯᠬᠤᠮ᠎ᠳᠤ 〈ᠳᠤᠮᠳᠠᠳᠤ ᠤᠯᠤᠰ᠎ᠤᠨ ᠤᠯᠠᠨ ᠦᠶ᠎ᠡ᠎ᠶᠢᠨ ᠤᠷᠠᠨ ᠵᠢᠷᠤᠭ᠎ᠤᠨ ᠲᠤᠮᠤ ᠰᠢᠷᠢᠰ〉᠎ᠢ ᠬᠡᠪᠯᠡᠭᠦᠯᠬᠦ ᠲᠥᠯᠥᠪᠯᠡᠭᠡ ᠮᠠᠰᠢ ᠰᠠᠢᠨ ᠪᠠᠢᠨ᠎ᠠ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠢᠳᠡᠪᠬᠢᠲᠡᠢ᠎ᠪᠡᠷ ᠬᠠᠷᠢᠭᠤ ᠮᠡᠳᠡᠭᠦᠯᠵᠦ᠂ ᠡᠯ᠎ᠡ ᠲᠠᠯ᠎ᠠ᠎ᠶᠢᠨ ᠬᠢᠨ᠎ᠦ ᠳᠡᠮᠵᠢᠯᠭᠡ᠎ᠶᠢ ᠣᠯᠬᠤ᠎ᠪᠠᠷ ᠴᠢᠷᠮᠠᠢᠵᠤ ᠪᠣᠯᠣᠨ᠎ᠠ》 ᠭᠡᠵᠦ ᠴᠤᠬᠤᠯᠠᠪᠤᠷᠢ ᠥᠭᠪᠡ᠃

《ᠶᠤᠸᠠᠨ ᠤᠯᠤᠰ᠎ᠤᠨ ᠤᠷᠠᠨ ᠵᠢᠷᠤᠭ᠎ᠤᠨ ᠪᠦᠷᠢᠨ ᠲᠡᠭᠦᠪᠦᠷᠢ》᠂ 《ᠮᠢᠨᠭ ᠤᠯᠤᠰ᠎ᠤᠨ ᠤᠷᠠᠨ ᠵᠢᠷᠤᠭ᠎ᠤᠨ ᠪᠦᠷᠢᠨ ᠲᠡᠭᠦᠪᠦᠷᠢ》᠂ 《ᠴᠢᠩ ᠤᠯᠤᠰ᠎ᠤᠨ ᠤᠷᠠᠨ ᠵᠢᠷᠤᠭ᠎ᠤᠨ ᠪᠦᠷᠢᠨ ᠲᠡᠭᠦᠪᠦᠷᠢ》᠂ 《ᠴᠢᠨ ᠤᠯᠤᠰ᠎ᠡᠴᠡ ᠡᠮᠦᠨᠡᠬᠢ ᠦᠶ᠎ᠡ ᠪᠠ ᠬᠠᠨ ᠤᠯᠤᠰ ᠲᠠᠨᠭ᠌ ᠤᠯᠤᠰ᠎ᠤᠨ ᠤᠷᠠᠨ ᠵᠢᠷᠤᠭ᠎ᠤᠨ ᠪᠦᠷᠢᠨ ᠲᠡᠭᠦᠪᠦᠷᠢ》 ᠬᠤᠢᠨ᠎ᠠ ᠬᠤᠢᠨ᠎ᠠ᠎ᠡᠴᠡ᠎ᠪᠡᠨ ᠬᠡᠪᠯᠡᠭᠳᠡᠨ᠂ ᠳᠤᠮᠳᠠᠳᠤ ᠤᠯᠤᠰ᠎ᠤᠨ ᠤᠷᠠᠨ ᠵᠢᠷᠤᠭ᠎ᠤᠨ ᠲᠡᠦᠬᠡ᠎ᠶᠢᠨ ᠬᠡᠷᠡᠯᠳᠦ ᠣᠳᠣᠨ ᠨᠢᠭᠡ ᠨᠢᠭᠡ᠎ᠪᠡᠷ ᠭᠢᠯᠠᠯᠵᠠᠨ ᠭᠡᠷᠡᠯᠲᠦᠪᠡ᠃

2022 ᠣᠨ᠎ᠳᠤ᠂ 《ᠳᠤᠮᠳᠠᠳᠤ ᠤᠯᠤᠰ᠎ᠤᠨ ᠤᠯᠠᠨ ᠦᠶ᠎ᠡ᠎ᠶᠢᠨ ᠤᠷᠠᠨ ᠵᠢᠷᠤᠭ᠎ᠤᠨ ᠲᠤᠮᠤ ᠰᠢᠷᠢᠰ》᠎ᠤᠨ ᠲᠦᠷᠦᠯ ᠵᠦᠢᠯ ᠤᠳᠠᠯ ᠦᠭᠡᠢ ᠳᠠᠭᠤᠰᠬᠤ᠎ᠪᠡᠷ ᠪᠠᠢᠪᠠ᠃ 10 ᠰᠠᠷ᠎ᠠ᠎ᠶᠢᠨ 15 ᠤ᠋ ᠡᠳᠦᠷ ᠨᠢ᠂ ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ᠎ᠶᠢᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠬᠤ ᠭᠸᠨ᠎ᠤ ᠨᠢᠭᠤᠴᠠ ᠲᠡᠮᠳᠡᠭ᠎ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠳᠤᠮᠳᠠᠳᠤ ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ》 ᠭᠡᠵᠦ ᠳᠠᠬᠢᠨᠳᠠ ᠴᠤᠬᠤᠯᠠᠪᠤᠷᠢ ᠥᠭᠪᠡ᠃

ᠶᠡᠷᠦᠩᠬᠡᠢ ᠱᠦᠵᠢ ᠰᠢ ᠵᠢᠨ ᠫᠢᠩ᠎ᠦᠨ ᠠᠬᠢᠭᠤᠯᠤᠯ᠎ᠳᠤᠤᠷ᠎ᠠ᠂ 《ᠪᠠᠳᠠᠷᠠᠯᠳᠤ ᠲᠦᠷᠦ᠎ᠵᠢᠨ ᠰᠤᠳᠤᠨ ᠪᠦᠲᠦᠭᠡᠯ — 〈ᠳᠤᠮᠳᠠᠳᠤ ᠤᠯᠤᠰ᠎ᠤᠨ ᠤᠯᠠᠨ ᠦᠶ᠎ᠡ᠎ᠶᠢᠨ ᠤᠷᠠᠨ ᠵᠢᠷᠤᠭ᠎ᠤᠨ ᠲᠤᠮᠤ ᠰᠢᠷᠢᠰ〉᠎ᠦᠨ ᠦᠷ᠎ᠡ ᠪᠦᠲᠦᠭᠡᠯ᠎ᠦᠨ ᠦᠵᠡᠰᠬᠦᠯᠡᠩ》 ᠵᠢᠩᠬᠢᠨᠢ᠎ᠪᠡᠷ ᠡᠬᠢᠯᠡᠪᠡ᠃ ᠵᠢᠶᠠᠩᠨᠠᠨ᠎ᠡᠴᠡ ᠤᠮᠠᠷᠠᠲᠤ ᠣᠷᠣᠨ ᠬᠦᠷᠲᠡᠯ᠎ᠡ᠂ ᠤᠰᠤᠨ ᠨᠤᠲᠤᠭ᠎ᠡᠴᠡ ᠬᠢᠯᠢ ᠬᠢᠵᠠᠭᠠᠷ ᠣᠷᠣᠨ ᠬᠦᠷᠲᠡᠯ᠎ᠡ᠂ ᠳᠠᠬᠢᠭᠠᠳ ᠨᠡᠩ ᠥᠷᠭᠡᠨ ᠠᠭᠤᠳᠠᠮ ᠳᠡᠯᠡᠬᠡᠢ᠎ᠶᠢᠨ ᠲᠠᠪᠴᠠᠩ ᠬᠦᠷᠲᠡᠯ᠎ᠡ᠂ ᠦᠵᠡᠭᠳᠡᠯ᠎ᠦᠨ ᠳᠡᠰ᠎ᠤᠨ ᠰᠣᠶᠣᠯ᠎ᠤᠨ ᠬᠡᠷᠡᠭ ᠶᠠᠪᠤᠳᠠᠯ ᠪᠣᠯᠵᠠᠢ᠃ ᠡᠳᠦᠭᠡ ᠪᠣᠯᠲᠠᠯᠠᠬᠢ ᠰᠣᠳᠣᠨ ᠪᠦᠲᠦᠭᠡᠯ᠎ᠦᠨ ᠲᠡᠭᠦᠪᠦᠷᠢ᠎ᠪᠡᠷ ᠬᠠᠮᠤᠭ᠎ᠤᠨ ᠪᠦᠷᠢᠨ᠂ ᠬᠡᠪᠯᠡᠯ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠳᠤᠮᠳᠠᠳᠤ ᠤᠯᠤᠰ᠎ᠤᠨ ᠡᠷᠲᠡᠨ᠎ᠦ ᠵᠢᠷᠤᠭ ᠳᠦᠷᠰᠦ᠎ᠶᠢᠨ ᠰᠤᠷᠪᠤᠯᠵᠢ ᠪᠢᠴᠢᠭ᠎ᠦᠨ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠰᠣᠶᠣᠯ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯ ᠬᠦᠴᠦᠨ᠎ᠢᠶᠠᠷ ᠡᠷᠲᠠᠡ ᠡᠳᠦᠭᠡ᠎ᠶᠢ ᠬᠣᠯᠪᠣᠭᠰᠠᠨ᠂ ᠳᠡᠯᠡᠬᠡᠢ ᠳᠠᠬᠢᠨ᠎ᠢ ᠬᠤᠯᠪᠤᠭᠰᠠᠨ ᠠᠪᠤᠷᠭᠤ ᠰᠤᠩᠭᠤᠳᠠᠭ ᠬᠠᠭᠤᠳᠠᠰᠤ ᠪᠣᠯᠵᠠᠢ᠃

《ᠨᠠᠢ᠍ᠮᠠᠨ ᠢᠨᠵᠧᠨᠧᠷᠢᠩ》 ᠨᠢ 《ᠲᠤᠮᠤ ᠰᠢᠷᠢᠰ》᠎ᠢᠶᠡᠷ ᠳᠤᠮᠳᠠᠳᠤ ᠤᠯᠤᠰ᠎ᠤᠨ ᠰᠣᠶᠣᠯ᠎ᠤᠨ ᠬᠠᠢᠯᠲᠡ᠎ᠶᠢᠨ ᠰᠢᠨ᠎ᠡ ᠥᠨᠳᠥᠷ ᠲᠦᠪᠰᠢᠨ᠎ᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠯᠢᠶᠠᠩ ᠵᠦ᠍᠎ᠵᠢᠨ ᠡᠷᠲᠡᠨ᠎ᠦ ᠬᠣᠲᠠ᠎ᠶᠢᠨ ᠪᠠᠭᠤᠷᠢ᠎ᠪᠠᠷ ᠳᠤᠮᠳᠠᠳᠤ᠎ᠶᠢᠨ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠲᠡᠦᠬᠡ᠎ᠶᠢ ᠭᠡᠷᠡᠴᠢᠯᠡᠭᠰᠡᠨ ᠪᠠᠢᠨ᠎ᠠ᠃

ᠬᠠᠩᠵᠧᠦ᠎ᠶᠢᠨ ᠢᠦᠢ ᠬᠠᠩ᠂ ᠯᠢᠶᠠᠩ ᠵᠦ᠍᠎ᠶᠢᠨ ᠡᠷᠲᠡᠨ᠎ᠦ ᠬᠣᠲᠠ᠎ᠶᠢᠨ ᠪᠠᠭᠤᠷᠢ᠎ᠶᠢᠨ ᠴᠡᠴᠡᠷᠯᠢᠭ ᠨᠤᠮᠢᠨ ᠨᠤᠭᠤᠭᠠᠨ᠎ᠢᠶᠡᠷ ᠬᠦᠬᠡᠷᠡᠨ᠎ᠡ᠃ ᠮᠠᠰᠢ ᠣᠯᠠᠨ ᠬᠡᠦᠬᠡᠳ ᠡᠨᠳᠡ ᠢᠷᠡᠵᠤ ᠪᠠᠯᠠᠷ ᠡᠷᠲᠡᠨ᠎ᠦ ᠦᠶ᠎ᠡ᠎ᠳᠦ᠂ ᠡᠨᠳᠡᠬᠢ ᠨᠢ ᠨᠢᠭᠡᠨ ᠮᠤᠨᠳᠠᠭ ᠶᠡᠬᠡ ᠬᠡᠪᠴᠢᠶ᠎ᠡ᠎ᠲᠠᠢ 《ᠬᠣᠲᠠ》 ᠪᠠᠢᠭᠰᠠᠨ᠎ᠢ ᠮᠡᠳᠡᠪᠡ᠄ ᠬᠥᠮᠥᠨ᠎ᠢ ᠰᠣᠴᠢᠭᠠᠮ᠎ᠠ ᠶᠡᠬᠡ ᠬᠠᠳᠠᠭᠠᠯᠠᠭᠳᠠᠴᠠ ᠲᠠᠢ ᠲᠤᠲᠤᠷᠭ᠎ᠠ᠂ ᠰᠦᠷ ᠵᠢᠪᠬᠤᠯᠠᠨᠭᠲᠤ ᠣᠷᠳᠣ᠌ ᠬᠠᠷᠰᠢ᠂ ᠲᠣᠮᠣ᠌ ᠬᠡᠯᠪᠡᠷᠢ᠎ᠶᠢᠨ ᠤᠰᠤᠨ ᠠᠰᠢᠭ᠍ᠯᠠᠯᠲᠠ᠎ᠶᠢᠨ ᠪᠠᠷᠢᠯᠭ᠎ᠠ᠂ ᠨᠠᠷᠢᠯᠢᠭ ᠭᠤᠢᠳᠠ ᠦᠢᠯᠡᠳᠦᠭᠰᠡᠨ ᠬᠠᠰ ᠡᠳ᠋ᠯᠡᠯ ᠁

20 ᠭᠠᠷᠤᠢ ᠵᠢᠯ᠎ᠦᠨ ᠡᠮᠦᠨ᠎ᠡ ᠡᠨᠳᠡ ᠭᠠᠵᠠᠷ ᠪᠤᠯᠭᠠᠨ᠎ᠳᠦ ᠠᠭᠤᠷᠬᠠᠢ ᠨᠡᠬᠡᠬᠡᠵᠤ᠂ ᠡᠯᠡᠰᠦ ᠰᠢᠷᠤᠢ ᠪᠤᠲᠠᠷᠠᠵᠤ ᠪᠠᠢᠬᠰᠠᠨ ᠬᠡᠳᠡᠭ᠎ᠢ ᠲᠥᠰᠥᠭᠡᠯᠡᠬᠦᠶ᠎ᠡ ᠪᠡᠷᠬᠡ᠃

ᠲᠤᠬᠠᠢ᠎ᠶᠢᠨ ᠦᠶ᠎ᠡ᠎ᠳᠦ ᠯᠢᠶᠠᠩ ᠵᠦ᠍᠎ᠶᠢᠨ ᠰᠣᠶᠣᠯ᠎ᠤᠨ ᠮᠦᠽᠧᠢ᠎ᠶᠢᠨ ᠪᠠᠢᠩᠭᠤ᠎ᠶᠢᠨ ᠳᠡᠳ᠋ ᠳᠠᠷᠤᠭ᠎ᠠ ᠪᠠᠢᠭᠰᠠᠨ ᠭᠦᠸᠧ ᠴᠢᠩ ᠯᠢᠩ᠄ 《2002 ᠣᠨ᠎ᠤ ᠳᠣᠣᠷ᠎ᠠ ᠬᠠᠭᠠᠰ ᠵᠢᠯ᠎ᠳᠦ᠂ ᠢᠦᠢ ᠬᠠᠩ ᠣᠷᠣᠨ᠎ᠤ ᠳᠣᠲᠣᠷᠠᠬᠢ ᠠᠭᠤᠷᠬᠠᠢ᠎ᠶᠢᠨ ᠠᠵᠤ ᠠᠬᠤᠢᠯᠠᠯ᠎ᠤᠨ ᠴᠡᠭᠴᠡᠯᠡᠯᠲᠡ᠎ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠪᠠᠭᠤᠷᠢ᠎ᠶᠢᠨ ᠣᠷᠣᠨ᠎ᠤ ᠬᠡᠪᠴᠢᠶᠡᠨ᠎ᠳᠡᠬᠢ ᠵᠡᠷᠭᠡᠯᠡᠳᠡᠭᠡ ᠰᠢᠶᠠᠨ᠎ᠳᠤ ᠪᠠᠰᠠ ᠵᠠᠷᠢᠮ ᠠᠭᠤᠷᠬᠠᠢ᠎ᠶᠢᠨ ᠠᠵᠤ ᠠᠬᠤᠢᠯᠠᠯ ᠣᠷᠣᠰᠢᠵᠤ ᠪᠠᠢᠪᠠ》 ᠭᠡᠵᠦ ᠡᠷᠭᠢᠴᠡᠭᠦᠯᠦᠨ ᠬᠡᠯᠡᠪᠡ᠃

2003 ᠣᠨ᠎ᠤ 7 ᠰᠠᠷ᠎ᠠ᠎ᠶᠢᠨ 16᠎ᠤ ᠡᠳᠦᠷ᠂ ᠰᠢ ᠵᠢᠨ ᠫᠢᠩ ᠲᠤᠰᠬᠠᠢᠯᠠᠨ ᠡᠨᠳᠡ ᠢᠷᠡᠵᠦ ᠪᠠᠢᠴᠠᠭᠠᠨ ᠰᠤᠳᠤᠯᠪᠡ᠃ ᠪᠡᠶ᠎ᠡ ᠪᠥᠬᠥᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠨᠠᠷᠢᠨ ᠦᠵᠡᠵᠦ᠂ ᠣᠳᠣᠬᠢ ᠪᠠᠢᠳᠠᠯ᠎ᠢ ᠬᠠᠮᠠᠭᠠᠯᠠᠵᠤ ᠪᠠᠢᠭ᠎ᠠ ᠠᠵᠢᠯ᠎ᠤᠨ ᠬᠠᠷᠢᠭᠤ ᠮᠡᠳᠡᠭᠦᠯᠦᠯᠲᠡ᠎ᠶᠢ ᠨᠠᠷᠢᠨ ᠬᠢᠨᠠᠮᠠᠭᠠᠢ ᠰᠣᠨᠣᠰᠴᠤ᠂ ᠯᠢᠶᠠᠩ ᠵᠤ᠌᠎ᠶᠢᠨ ᠰᠣᠶᠣᠯ᠎ᠢ ᠢᠯᠡᠷᠡᠭᠦᠯᠦᠭᠴᠢ ᠱᠢ ᠰᠢᠨ ᠭᠸᠨᠭ᠌ ᠠᠪᠤᠭᠠᠢ᠎ᠶᠢᠨ ᠱᠤᠭᠤᠮᠠᠯ᠎ᠤᠨ ᠡᠮᠦᠨ᠎ᠡ᠂ ᠲᠡᠭᠦᠨ᠎ᠤ᠎ᠦᠷ᠎ᠡ ᠬᠤᠢᠴᠢ ᠨᠠᠷ ᠲᠠᠢ ᠳᠣᠲᠣᠨᠣ᠌᠎ᠪᠠᠷ ᠠᠭᠤᠯᠵᠠᠪᠠ ᠁

ᠮᠠᠰᠢ ᠤᠷᠳᠤ ᠬᠤᠭᠤᠴᠠᠭᠠᠨ᠎ᠳᠤ᠂ ᠥᠷᠥᠨᠡᠳᠠᠬᠢᠨ᠎ᠤ ᠬᠠᠭᠤᠴᠢ ᠰᠤᠳᠤᠯᠤᠭ᠍ᠴᠢᠳ ᠪᠦᠷ 《ᠬᠦᠷᠡᠯ ᠵᠡᠪᠰᠡᠭ᠂ ᠦᠰᠦᠭ ᠪᠢᠴᠢᠭ᠂ ᠬᠤᠳᠠ》 ᠭᠡᠬᠦ ᠭᠤᠷᠪᠠᠨ ᠡᠯᠧᠮᠧᠨ᠋ᠲ᠎ᠢᠶᠡᠷ ᠪᠣᠯᠪᠠᠰᠤᠨ᠎ᠤ ᠪᠠᠷᠢᠮᠵᠢᠶ᠎ᠠ ᠪᠣᠯᠭᠠᠵᠤ᠂ ᠳᠤᠮᠳᠠᠳᠤ ᠤᠯᠤᠰ ᠵᠥᠪᠬᠡᠨ ᠶᠶ᠋ᠨ ᠱᠠᠩ᠎ᠡᠴᠡ ᠡᠬᠢᠯᠡᠭᠰᠡᠨ ᠪᠣᠯᠪᠠᠰᠤᠨ᠎ᠤ ᠲᠡᠦᠬᠡ᠎ᠲᠠᠢ ᠭᠡᠵᠦ ᠦᠵᠡᠵᠦ ᠪᠠᠢᠪᠠ᠃

ᠡᠨᠡ ᠤᠳᠠᠭ᠎ᠠ᠎ᠶᠢᠨ ᠪᠠᠢᠴᠠᠭᠠᠨ ᠰᠤᠳᠤᠯᠤᠯᠲᠠ ᠳᠤᠮᠳᠠ᠂ ᠰᠢ ᠵᠢᠨ ᠫᠢᠩ᠄ 《ᠯᠢᠶᠠᠩ ᠵᠤ᠌᠎ᠶᠢᠨ ᠪᠠᠭᠤᠷᠢ ᠪᠣᠯ ᠳᠤᠮᠳᠠᠳᠤ᠎ᠶᠢᠨ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠲᠡᠦᠬᠡ᠎ᠶᠢ ᠭᠡᠷᠡᠴᠢᠯᠡᠬᠦ ᠠᠷᠢᠭᠤᠨ ᠣᠷᠣᠨ ᠮᠥᠨ᠂ ᠣᠯᠳᠠᠰᠢ ᠦᠭᠡᠢ ᠬᠣᠪᠣᠷ ᠨᠠᠨᠳᠢᠨ ᠥᠪ ᠬᠥᠷᠥᠩᠭᠡ ᠮᠥᠨ᠂ ᠪᠢᠳᠡ ᠡᠷᠬᠡᠪᠰᠢ ᠲᠡᠭᠦᠨ᠎ᠢ ᠰᠠᠢᠲᠤᠷ ᠬᠠᠮᠠᠭᠠᠯᠠᠬᠤ ᠬᠡᠷᠡᠭᠲᠡᠢ! 》 ᠭᠡᠵᠦ ᠵᠢᠭᠠᠵᠤ ᠭᠠᠷᠭᠠᠪᠠ᠃

ᠪᠠᠭᠤᠷᠢ᠎ᠶᠢᠨ ᠰᠦᠷᠦᠭ᠎ᠦᠨ ᠬᠡᠪᠴᠢᠶᠡᠨ᠎ᠳᠦ ᠪᠠᠰᠠ ᠠᠭᠤᠯᠠ᠎ᠶᠢ ᠳᠡᠯᠪᠡᠴᠢᠨ ᠴᠢᠯᠠᠭᠤ ᠭᠠᠷᠭᠠᠳᠠᠭ ᠬᠡᠳᠦᠨ ᠠᠭᠤᠷᠬᠠᠢ ᠪᠠᠢᠬᠤ᠎ᠶᠢ ᠮᠡᠳᠡᠭᠡᠳ᠂ ᠰᠢ ᠵᠢᠨ ᠫᠢᠩ ᠪᠡᠶ᠎ᠡ᠎ᠪᠡᠷ᠎ᠢᠶᠡᠨ ᠵᠣᠬᠢᠴᠠᠭᠤᠯᠵᠤ᠂ ᠴᠢᠯᠠᠭᠤᠨ ᠠᠭᠤᠷᠬᠠᠢ᠎ᠶᠢ ᠮᠠᠰᠢ ᠲᠦᠷᠭᠡᠨ ᠬᠠᠭᠠᠪᠠ᠃ ᠡᠭᠦᠨ᠎ᠦ ᠬᠠᠮᠲᠤ᠂ ᠲᠡᠭᠦᠨ᠎ᠦ ᠬᠠᠯᠠᠮᠵᠢᠯᠠᠯ ᠠᠬᠢᠭᠤᠯᠤᠯ ᠳᠣᠣᠷ᠎ᠠ᠂ ᠣᠷᠳᠣ᠌ ᠬᠤᠭᠤᠴᠠᠭ᠎ᠠ᠎ᠪᠠᠷ ᠰᠢᠢᠳᠪᠦᠷᠢᠯᠡᠭᠡᠳᠦᠢ ᠪᠠᠢᠭᠰᠠᠨ ᠪᠠᠭᠤᠷᠢ᠎ᠶᠢᠨ ᠬᠠᠮᠠᠭᠠᠯᠠᠯᠲᠠ᠎ᠶᠢᠨ ᠬᠡᠪᠴᠢᠶ᠎ᠡ᠎ᠶᠢ ᠵᠠᠭᠠᠭᠯᠠᠨ ᠲᠣᠭᠲᠠᠭᠠᠬᠤ ᠠᠰᠠᠭᠤᠳᠠᠯ ᠴᠤ᠌ ᠰᠢᠪᠲᠤᠯᠤᠯᠲᠠ᠎ᠲᠠᠢ ᠪᠣᠯᠵᠠᠢ᠃

ᠰᠢ ᠵᠢᠨ ᠫᠢᠩ ᠯᠢᠶᠠᠩ ᠵᠤ᠌᠎ᠶᠢᠨ ᠪᠠᠭᠤᠷᠢ᠎ᠶᠢ ᠰᠤᠶᠤᠯ᠎ᠤᠨ ᠦᠪ᠎ᠵᠢᠡᠷ ᠭᠤᠶᠤᠴᠢᠯᠠᠨ ᠮᠡᠳᠡᠭᠦᠯᠬᠦ ᠲᠤᠬᠠᠢ ᠤᠯᠠᠮ ᠨᠢᠭᠡ ᠠᠯᠬᠤᠮ ᠲᠤᠷᠠᠳᠬᠤ᠎ᠳᠠᠭᠠᠨ᠄ 《ᠮᠠᠨ᠎ᠤ ᠮᠤᠵᠢ ᠳᠡᠯᠡᠬᠡᠢ᠎ᠶᠢᠨ ᠰᠤᠶᠤᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ ᠲᠠᠯ᠎ᠠ᠎ᠪᠠᠷ ᠬᠠᠷᠠᠬᠠᠨ ᠬᠣᠭᠣᠰᠤᠨ ᠪᠠᠢᠭᠰᠠᠭᠠᠷ᠃ 〈ᠰᠤᠶᠤᠯ᠎ᠤᠨ ᠦᠪ᠎ᠵᠢᠡᠷ ᠭᠤᠶᠤᠴᠢᠯᠠᠨ ᠮᠡᠳᠡᠭᠦᠯᠬᠦ〉 ᠪᠣᠯ ᠮᠠᠰᠢ ᠤᠯᠠᠨ ᠨᠥᠬᠥᠴᠡᠯ᠎ᠲᠠᠢ ᠶᠤᠮ᠂ ᠪᠠᠰᠠ ᠵᠣᠷᠢᠭ᠋ ᠰᠢᠭᠤᠳᠴᠤ᠂ ᠦᠷᠡᠭᠳᠡᠯ ᠭᠠᠷᠭᠠᠬᠤ ᠬᠡᠷᠡᠭᠲᠡᠢ》 ᠭᠡᠪᠡ᠃

ᠵᠣᠷᠢᠭ᠋ ᠰᠢᠭᠤᠳᠴᠤ᠂ ᠦᠷᠡᠭᠳᠡᠯ ᠭᠠᠷᠭᠠᠨ᠎ᠠ᠃ ᠵᠧᠵᠢᠶᠠᠩ ᠪᠦᠬᠦ ᠤᠯᠤᠰ᠎ᠲᠤ ᠬᠠᠮᠤᠭ᠎ᠤᠨ ᠲᠦᠷᠦᠭᠦᠨ᠎ᠳᠦ ᠲᠣᠮᠣ᠌ ᠪᠠᠭᠤᠷᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠦᠭᠬᠦ ᠲᠣᠭᠲᠡᠴᠡ᠎ᠶᠢ ᠰᠦᠪᠡᠭᠴᠢᠯᠡᠨ ᠪᠠᠢᠭᠤᠯᠵᠤ᠂ ᠦᠷᠭᠦᠯᠵᠢᠯᠡᠭᠰᠡᠨ ᠪᠡᠯᠡ ᠮᠥᠩᠭᠥ᠎ᠶᠢᠨ ᠣᠷᠣᠭᠤᠯᠤᠯᠲᠠ᠎ᠪᠠᠷ ᠯᠢᠶᠠᠩ ᠵᠤ᠌᠎ᠶᠢᠨ ᠪᠠᠭᠤᠷᠢ᠎ᠳᠦ ᠬᠠᠮᠠᠭᠠᠯᠠᠯᠳᠠ᠎ᠶᠢᠨ ᠰᠢᠬᠦᠷ ᠪᠤᠰᠬᠠᠵᠤ ᠥᠭᠪᠡ᠃ ᠯᠢᠶᠠᠩ ᠵᠦ᠍᠎ᠶᠢᠨ ᠪᠠᠭᠤᠷᠢ᠎ᠶᠢᠨ ᠬᠠᠮᠠᠭᠠᠯᠠᠯᠲᠠ ᠡᠭᠦᠨ᠎ᠡᠴᠡ ᠡᠬᠢᠯᠡᠨ ᠵᠥᠪ ᠵᠠᠮ᠎ᠳᠠᠭᠠᠨ ᠣᠷᠣᠪᠠ᠃ 2007 ᠣᠨ᠎ᠳᠤ᠂ ᠯᠢᠶᠠᠩ ᠵᠦ᠍᠎ᠵᠢᠨ ᠡᠷᠲᠡᠨ᠎ᠦ ᠬᠣᠲᠠ᠎ᠤᠯᠠᠨ ᠲᠠᠢ ᠵᠤᠯᠭᠠᠪᠠ; 2009 ᠣᠨ᠎ᠡᠴᠡ 2015 ᠣᠨ ᠪᠣᠯᠲᠠᠯ᠎ᠠ᠂ ᠡᠷᠲᠡᠨ᠎ᠦ ᠬᠣᠲᠠ᠎ᠶᠢᠨ ᠭᠠᠳᠠᠨᠠᠬᠢ ᠤᠰᠤᠨ ᠠᠰᠢᠭ᠍ᠯᠠᠯᠲᠠ᠎ᠶᠢᠨ ᠰᠢᠰᠲᠧᠮ ᠦᠨᠡᠨ ᠲᠦᠷᠢ ᠲᠦᠷᠬᠦ᠎ᠪᠡᠨ ᠢᠯᠡᠷᠡᠬᠦᠯᠪᠡ ᠁ ᠳᠡᠯᠡᠬᠡᠢ ᠳ᠋ᠠᠬᠢᠨ᠎ᠢ ᠳᠣᠩᠰᠣᠯᠭᠠᠭᠰᠠᠨ ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠨᠦᠭᠦᠳ ᠨᠢ ᠯᠢᠶᠠᠩ ᠵᠦ᠍᠎ᠶᠢᠨ ᠦᠶ᠎ᠠ᠎ᠳᠦ ᠨᠢᠭᠡᠨᠲᠡ ᠬᠣᠲᠠ ᠢᠯᠡᠷᠡᠵᠦ᠂ ᠠᠩᠭᠢ ᠲᠠᠪᠬᠤᠷᠭ᠎ᠠ ᠢᠯᠡᠷᠡᠵᠦ᠂ ᠸᠠᠩ᠎ᠤᠨ ᠡᠷᠬᠡ ᠪᠠ ᠤᠯᠤᠰ ᠣᠷᠣᠨ ᠢᠯᠡᠷᠡᠭᠰᠡᠨ᠎ᠢ ᠭᠡᠷᠡᠴᠢᠯᠡᠪᠡ᠃

2016 ᠣᠨ᠎ᠤ 7 ᠰᠠᠷ᠎ᠠ᠎ᠶᠢᠨ 13 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠰᠤ᠌ ᠪᠠᠢ᠂ ᠰᠢᠶᠸ ᠴᠧᠨ ᠱᠧᠩ᠂ ᠬᠤᠸᠠᠩ ᠵᠢᠩ ᠯᠢᠤᠸᠠᠢ᠂ ᠵᠠᠩ ᠵᠦᠩ ᠫᠧᠢ ᠵᠡᠷᠬᠡ ᠰᠣᠶᠣᠯ᠎ᠤᠨ ᠲᠤᠷᠠᠰᠬᠠᠯᠲᠤ ᠵᠦᠢᠯᠡᠰ ᠪᠤᠯᠤᠨ ᠮᠦᠽᠧᠢ᠎ᠶᠢᠨ ᠡᠲᠡᠭᠡᠳ᠎ᠦᠨ ᠲᠦᠷᠪᠡᠨ ᠠᠬᠠᠮᠠᠳ ᠲᠤᠰᠬᠠᠢ ᠮᠡᠷᠭᠡᠵᠢᠯᠲᠡᠨ᠎ᠦ ᠯᠢᠶᠠᠩ ᠵᠦ᠍᠎ᠶᠢᠨ ᠪᠠᠭᠤᠷᠢ᠎ᠶᠢ ᠰᠤᠶᠤᠯ᠎ᠤᠨ ᠦᠪ᠎ᠵᠢᠡᠷ ᠭᠤᠶᠤᠴᠢᠯᠠᠨ ᠮᠡᠳᠡᠭᠦᠯᠬᠦ ᠰᠠᠨᠠᠭᠤᠯᠭ᠎ᠠ᠎ᠶᠢᠨ ᠲᠤᠬᠠᠢ ᠵᠠᠬᠢᠳᠠᠯ ᠳᠡᠭᠡᠷ᠎ᠡ ᠴᠢᠬᠤᠯᠠ ᠴᠣᠬᠣᠯᠠᠪᠤᠷᠢ ᠥᠭᠴᠦ᠂ 《ᠳᠡᠯᠡᠬᠡᠢ᠎ᠶᠢᠨ ᠰᠣᠶᠣᠯ᠎ᠤᠨ ᠥᠪ᠎ᠵᠢᠡᠷ ᠭᠤᠶᠤᠴᠢᠯᠠᠨ ᠮᠡᠳᠡᠭᠦᠯᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠳᠡᠢ᠂ ᠭᠤᠶᠤᠴᠢᠯᠠᠨ ᠮᠡᠳᠡᠭᠦᠯᠬᠦ ᠲᠦᠷᠦᠯ ᠵᠦᠢᠯ ᠨᠢ ᠳᠤᠮᠳᠠᠳᠤ᠎ᠶᠢᠨ ᠪᠣᠯᠪᠠᠰᠤᠨ᠎ᠤ ᠲᠡᠦᠬᠡ ᠰᠣᠶᠣᠯ᠎ᠤᠨ ᠦᠨ᠎ᠡ ᠦᠷᠳᠡᠭ᠎ᠢ ᠲᠤᠪᠤᠢ᠍ᠢᠯᠭᠠᠬᠤ᠎ᠳᠤ ᠠᠰᠢᠭ᠍ᠲᠠᠢ᠂ ᠳᠤᠮᠳᠠᠳᠤ᠎ᠶᠢᠨ ᠦᠨᠳᠦᠰᠦᠲᠡᠨ᠎ᠦ ᠤᠶᠤᠨ ᠰᠠᠨᠠᠭᠠᠨ᠎ᠤ ᠬᠥᠭᠡᠭᠡᠴᠡᠯᠳᠦᠯ᠎ᠢ ᠢᠯᠡᠷᠡᠭᠦᠯᠬᠦ᠎ᠳᠦ ᠠᠰᠢᠭ᠍ᠲᠠᠢ᠂ ᠳᠡᠯᠡᠬᠡᠢ᠎ᠶᠢᠨ ᠬᠥᠮᠥᠰ᠎ᠲᠦ ᠪᠦᠬᠦ ᠲᠠᠯ᠎ᠠ᠎ᠶᠢᠨ ᠦᠨᠡᠨ ᠪᠣᠳᠠᠲᠠᠢ ᠡᠷᠲᠡᠨ᠎ᠦ ᠳᠤᠮᠳᠠᠳᠤ ᠤᠯᠤᠰ ᠪᠣᠯᠣᠨ ᠤᠳᠤ ᠦᠶ᠎ᠡ᠎ᠶᠢᠨ ᠳᠤᠮᠳᠠᠳᠤ ᠤᠯᠤᠰ᠎ᠢ ᠳᠡᠯᠭᠡᠨ ᠦᠵᠡᠭᠦᠯᠬᠦ᠎ᠳᠦ ᠠᠰᠢᠭ᠍ᠲᠠᠢ ᠪᠠᠢᠬᠤ ᠬᠡᠷᠡᠭᠲᠡᠢ》 ᠭᠡᠪᠡ᠃

2019 ᠣᠨ᠎ᠤ 7 ᠰᠠᠷ᠎ᠠ᠎ᠶᠢᠨ 6᠎ᠤ ᠡᠳᠦᠷ᠂ ᠠᠽᠧᠷᠪᠠᠶ᠋ᠢᠵᠠᠨ᠎ᠳᠤ᠃

ᠲᠤᠬᠠᠢ᠎ᠶᠢᠨ ᠭᠠᠵᠠᠷ᠎ᠤᠨ ᠴᠠᠭ᠎ᠢᠶᠠᠷ 10 ᠴᠠᠭ 29 ᠮᠢᠨᠦ᠋ᠲ᠎ᠲᠦ᠂ ᠯᠢᠶᠠᠩ ᠵᠦ᠍᠎ᠵᠢᠨ ᠡᠷᠲᠡᠨ᠎ᠦ ᠬᠣᠲᠠ᠎ᠶᠢᠨ ᠪᠠᠭᠤᠷᠢ᠎ᠶᠢᠨ ᠲᠦᠷᠦᠯ ᠵᠦᠢᠯ᠎ᠢ ᠬᠢᠨᠠᠨ ᠵᠦᠪᠯᠡᠬᠦ ᠶᠠᠪᠤᠴᠠ᠎ᠳᠤ ᠣᠷᠣᠵᠤ᠂ 《ᠯᠢᠶᠠᠩ ᠵᠦ᠍᠎ᠵᠢᠨ ᠡᠷᠲᠡᠨ᠎ᠦ ᠬᠣᠲᠠ ᠨᠢ ᠪᠢᠳᠡᠨ᠎ᠳᠦ ᠳᠤᠮᠳᠠᠳᠤ᠎ᠶᠢᠨ ᠪᠣᠯᠪᠠᠰᠤᠨ᠎ᠤ ᠡᠬᠢ ᠡᠭᠦᠰᠦᠯ᠎ᠢ ᠣᠢᠯᠠᠭᠠᠭᠤᠯᠪᠠ》᠂ 《ᠳᠤᠮᠳᠠᠳᠤ ᠤᠯᠤᠰ᠎ᠤᠨ ᠲᠠᠪᠤᠨ ᠮᠢᠩᠭ᠎ᠠ ᠭᠠᠷᠤᠢ ᠵᠢᠯ᠎ᠦᠨ ᠡᠮᠦᠨᠡᠬᠢ ᠠᠭᠤᠤ ᠶᠡᠬᠡ ᠲᠤᠲᠤᠷᠭ᠎ᠠ᠎ᠵᠢᠨ ᠲᠠᠷᠢᠮᠠᠯ᠎ᠤᠨ ᠪᠣᠯᠪᠠᠰᠤᠨ᠎ᠤ ᠠᠮᠵᠢᠯᠲᠠ ᠪᠦᠲᠦᠮᠵᠢ᠎ᠶᠢ ᠲᠥᠯᠥᠭᠡᠯᠡᠪᠡ》 ᠁ 43 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠥᠪ᠎ᠤᠨ ᠶᠡᠬᠡ ᠬᠤᠷᠠᠯ ᠳᠡᠭᠡᠷ᠎ᠡ᠂ ᠡᠯ᠎ᠡ ᠤᠯᠤᠰ᠎ᠤᠨ ᠲᠤᠰᠬᠠᠢ ᠮᠡᠷᠭᠡᠵᠢᠯᠲᠡᠨ ᠯᠢᠶᠠᠩ ᠵᠦ᠍᠎ᠵᠢᠨ ᠡᠷᠲᠡᠨ᠎ᠦ ᠬᠣᠲᠠ᠎ᠶᠢᠨ ᠪᠠᠭᠤᠷᠢ᠎ᠶᠢ ᠳᠡᠭᠡᠳᠦ ᠬᠡᠮᠵᠢᠶ᠎ᠡ᠎ᠪᠡᠷ ᠦᠨᠡᠯᠡᠪᠡ᠃

《ᠯᠢᠶᠠᠩ ᠵᠦ᠍ ᠎ᠵᠢᠨ ᠡᠷᠲᠡᠨ᠎ᠦ ᠬᠣᠲᠠ᠎ᠶᠢᠨ ᠪᠠᠭᠤᠷᠢ᠎ᠶᠢ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ ᠰᠠᠨᠠᠯ ᠳᠤᠷᠠᠳᠤᠯᠭ᠎ᠠ ᠪᠠᠲᠤᠯᠠᠭᠳᠠᠭᠰᠠᠨ᠎ᠢ ᠪᠢ ᠵᠠᠷᠯᠠᠶ᠎ᠠ! 》 43 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠥᠪ᠎ᠤᠨ ᠵᠦᠪᠯᠡᠯ᠎ᠤᠨ ᠭᠦᠢᠴᠡᠳᠭᠡᠭᠴᠢ ᠲᠡᠷᠢᠭᠦᠯᠡᠭᠴᠢ ᠠᠪᠦ᠋ᠹᠠᠰ· ᠭᠠᠯᠠᠶᠸᠹ᠎ᠤᠨ ᠭᠠᠷ ᠲᠡᠬᠢ ᠮᠣᠳᠣᠨ ᠲᠤᠬᠢᠭᠤᠷ ᠬᠦᠴᠦᠲᠡᠢ ᠪᠠᠭᠤᠬᠤ᠎ᠶᠢ ᠲᠠᠭᠠᠯᠳᠤᠨ᠂ ᠯᠢᠶᠠᠩ ᠵᠦ᠍ ᠎ᠵᠢᠨ ᠡᠷᠲᠡᠨ᠎ᠦ ᠬᠣᠲᠠ᠎ᠶᠢᠨ ᠪᠠᠭᠤᠷᠢ ᠨᠢ ᠠᠮᠵᠢᠯᠳᠠ ᠲᠠᠢ᠎ᠪᠡᠷ 《ᠳᠡᠯᠡᠬᠡᠢ᠎ᠶᠢᠨ ᠥᠪ᠎ᠤᠨ ᠨᠡᠷᠡᠰ᠎ᠦᠨ ᠲᠡᠮᠳᠡᠭᠯᠡᠯ》᠎ᠳᠦ ᠵᠢᠭ᠍ᠰᠠᠭᠠᠭᠳᠠᠪᠠ᠃ ᠯᠢᠶᠠᠩ ᠵᠦ᠍᠎ᠵᠢᠨ ᠡᠷᠲᠡᠨ᠎ᠦ ᠬᠣᠲᠠ᠎ᠶᠢᠨ ᠪᠠᠭᠤᠷᠢ᠎ᠶᠢ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠦᠭᠰᠡᠨ ᠨᠢ ᠳᠡᠯᠡᠬᠡᠢ ᠳ᠋ᠠᠬᠢᠨ᠎ᠤ ᠳᠤᠮᠳᠠᠳᠤ ᠤᠯᠤᠰ᠎ᠤᠨ ᠡᠷᠲᠠᠡ᠎ᠤ ᠦᠶ᠎ᠡ᠎ᠶᠢᠨ ᠪᠣᠯᠪᠠᠰᠤᠨ᠎ᠤ ᠲᠤᠬᠠᠢ ᠲᠠᠨᠢᠯᠲᠠ᠎ᠶᠢ ᠮᠢᠩᠭ᠎ᠠ ᠭᠠᠷᠤᠢ ᠵᠢᠯ ᠡᠮᠦᠨᠡᠰᠢᠯᠡᠬᠦᠯᠵᠤ᠂ ᠳᠤᠮᠳᠠᠳᠤ᠎ᠶᠢᠨ ᠪᠣᠯᠪᠠᠰᠤᠨ᠎ᠤ ᠡᠬᠢ ᠰᠤᠷᠪᠤᠯᠵᠢ᠎ᠶᠢ ᠬᠠᠢᠨ ᠰᠢᠨᠵᠢᠯᠡᠬᠦ ᠢᠨᠵᠧᠨᠧᠷᠢᠩ᠎ᠳᠦ ᠭᠦᠢᠴᠡᠳ ᠪᠣᠳᠠᠲᠤ ᠪᠣᠳᠠᠰ᠎ᠤᠨ ᠭᠡᠷᠡᠴᠢ ᠪᠠᠷᠢᠮᠲᠠ ᠪᠠ ᠦᠨᠡᠨ ᠪᠣᠳᠠᠲᠠᠢ ᠡᠷᠳᠡᠮ ᠰᠢᠨᠵᠢᠯᠡᠭᠡᠨ᠎ᠦ ᠲᠤᠯᠭᠠᠭᠤᠷᠢᠯᠠᠯ ᠬᠠᠩᠭᠠᠪᠠ᠃

ᠯᠢᠶᠠᠩ ᠵᠦ᠍᠎ᠶᠢᠨ ᠡᠷᠳᠡᠨ᠎ᠤ ᠬᠤᠳᠠ᠎ᠶᠢᠨ ᠪᠠᠭᠤᠷᠢ ᠪᠠᠷ ᠲᠥᠯᠥᠭᠡᠯᠡᠭᠦᠯᠦᠭᠰᠡᠨ ᠦᠯᠢᠭᠡᠷ ᠬᠡᠪ᠎ᠲᠦ ᠰᠠᠭᠤᠷᠢᠯᠠᠵᠤ᠂ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠡᠲᠡᠭᠡᠳ᠎ᠦᠨ ᠬᠢᠨ ᠪᠣᠯᠪᠠᠰᠤᠨ᠎ᠤ ᠲᠤᠬᠠᠢ ᠲᠣᠮᠢᠶᠠᠯᠠᠯ ᠪᠣᠯᠣᠨ ᠪᠣᠯᠪᠠᠰᠤᠨ ᠨᠡᠢᠭᠡᠮ᠎ᠳᠦ ᠣᠷᠣᠭᠰᠠᠨ᠎ᠢ ᠬᠢᠨᠠᠨ ᠲᠣᠭᠲᠠᠭᠠᠬᠤ ᠳᠤᠮᠳᠠᠳᠤ ᠤᠯᠤᠰ᠎ᠤᠨ ᠲᠥᠰᠥᠯ᠎ᠢ ᠳᠤᠷᠠᠳᠴᠤ᠂ ᠳᠡᠯᠡᠬᠡᠢ᠎ᠶᠢᠨ ᠪᠣᠯᠪᠠᠰᠤᠨ᠎ᠤ ᠡᠭᠦᠰᠦᠯ᠎ᠦᠨ ᠰᠤᠳᠤᠯᠭᠠᠨ᠎ᠳᠤ ᠠᠩᠬᠠᠨ᠎ᠤ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ ᠦᠵᠡᠭᠦᠯᠪᠡ᠃

2023 ᠣᠨ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠰᠠᠨᠠᠭᠠᠴᠢᠯᠠᠭ᠎ᠠ ᠳᠣᠣᠷ᠎ᠠ᠂ ᠠᠩᠬᠠᠳᠤᠭᠠᠷ ᠬᠤᠭᠤᠴᠠᠭᠠᠨ᠎ᠤ ᠯᠢᠶᠠᠩ ᠵᠦ᠍᠎ᠶᠢᠨ ᠶᠠᠷᠢᠶᠠᠨ᠎ᠤ ᠲᠠᠪᠴᠠᠩ》 ᠶᠠᠪᠤᠭᠳᠠᠪᠠ᠃ ᠶᠡᠷᠦᠩᠬᠡᠢ ᠱᠦᠵᠢ ᠰᠢ ᠵᠢᠨ ᠫᠢᠩ ᠶᠠᠷᠢᠶᠠᠨ᠎ᠤ ᠲᠠᠪᠴᠠᠩ᠎ᠳᠤ ᠢᠯᠡᠭᠡᠭᠰᠡᠨ ᠪᠠᠶᠠᠷ᠎ᠤᠨ ᠵᠠᠬᠢᠳᠠᠯ᠎ᠳᠠᠭᠠᠨ᠄ 《ᠳᠤᠮᠳᠠᠳᠤ᠎ᠶᠢᠨ ᠪᠣᠯᠪᠠᠰᠤᠨ ᠨᠡᠭᠡᠭᠡᠯᠲᠡᠲᠡᠢ ᠪᠦᠬᠡᠳ ᠪᠠᠭᠲᠠᠭᠠᠮᠵᠢᠲᠠᠢ᠂ ᠪᠦᠬᠦᠨ᠎ᠢ ᠪᠠᠭᠲᠠᠭᠠᠵᠤ ᠪᠠᠢᠳᠠᠭ᠎ᠢ ᠠᠬᠤᠭᠤᠯᠵᠤ᠂ ᠲᠠᠰᠤᠷᠠᠯᠳᠠ ᠦᠭᠡᠢ ᠪᠠᠶᠠᠯᠢᠭ᠍ᠵᠢᠨ ᠬᠥᠭᠵᠢᠵᠦ᠂ ᠲᠡᠤᠬᠡ᠎ᠵᠢᠨ ᠳᠠᠪᠲᠠᠯᠲᠠ᠎ᠶᠢ ᠦᠩᠬᠡᠷᠡᠬᠡᠵᠤ ᠶᠠᠪᠤᠬᠤ ᠲᠤᠳᠤᠮ ᠰᠢᠨᠡᠳᠴᠦ᠂ ᠳᠡᠯᠡᠬᠡᠢ᠎ᠶᠢᠨ ᠠᠳᠠᠯᠢ ᠪᠤᠰᠤ ᠪᠣᠯᠪᠠᠰᠤᠨ᠎ᠤ ᠤᠬᠢ ᠰᠣᠳᠣ᠌᠎ᠶᠢ ᠲᠠᠰᠤᠷᠠᠯᠳᠠ ᠦᠭᠡᠢ ᠰᠢᠩᠭᠡᠬᠡᠨ ᠠᠪᠴᠤ᠂ ᠳᠡᠯᠡᠬᠡᠢ᠎ᠶᠢᠨ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠢ ᠲᠤᠢᠯ᠎ᠤᠨ ᠶᠡᠬᠡ᠎ᠪᠡᠷ ᠪᠠᠶᠠᠯᠢᠭ᠍ᠵᠢᠭᠤᠯᠪᠠ》 ᠭᠡᠵᠦ ᠵᠢᠭᠠᠵᠤ ᠭᠠᠷᠭᠠᠪᠠ᠃ ᠪᠣᠯᠪᠠᠰᠤᠨ᠎ᠤ ᠬᠡᠷᠡᠯ ᠭᠢᠯᠪᠠᠭ᠎ᠠ ᠪᠦᠬᠦ ᠪᠥᠮᠪᠥᠷᠴᠡᠭ᠎ᠢ ᠬᠡᠷᠡᠯᠳᠦᠭᠦᠯᠦᠨ᠎ᠡ᠃

ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠂ ᠳᠡᠯᠡᠬᠡᠢ᠎ᠶᠢᠨ ᠰᠣᠶᠣᠯ᠎ᠤᠨ ᠪᠠᠰᠠ ᠨᠢᠭᠡᠨ ᠦᠨᠡᠲᠦ ᠡᠷᠳᠡᠨᠢ ᠪᠤᠯᠤᠨ᠎ᠠ᠃

2006 ᠣᠨ᠎ᠤ ᠬᠠᠮᠤᠭ᠎ᠤᠨ ᠰᠡᠭᠦᠯᠴᠢ᠎ᠶᠢᠨ ᠡᠳᠦᠷ᠂ ᠰᠢ ᠵᠢᠨ ᠫᠢᠩ ᠬᠠᠩᠵᠧᠦ᠎ᠶᠢᠨ ᠤᠰᠤᠨ ᠳᠡᠭᠡᠷᠡᠬᠢ 《ᠰᠢ ᠬᠤ᠌》 ᠨᠡᠷᠡᠮᠵᠢᠲᠦ ᠨᠡᠶ᠋ᠢᠲᠡ᠎ᠶᠢᠨ ᠤᠩᠭᠤᠴᠠᠨ᠎ᠳᠦ ᠰᠠᠭᠤᠵᠤ ᠲᠠᠲᠠᠮᠠᠯ ᠭᠣᠣᠯ᠎ᠢ ᠶᠡᠷᠦᠩᠬᠡᠢᠯᠡᠨ ᠬᠠᠮᠠᠭᠠᠯᠠᠬᠤ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠰᠢᠨᠵᠢᠯᠡᠨ ᠪᠠᠢᠴᠠᠭᠠᠪᠠ᠃ ᠣᠩᠭᠣᠴᠠ ᠠᠶᠠᠯᠠᠬᠤ ᠲᠤᠮᠳᠠ ᠰᠢ ᠵᠢᠨ ᠫᠢᠩ ᠦᠵᠡᠬᠦ᠎ᠶᠢᠨ ᠳᠠᠭᠠᠤ ᠠᠰᠠᠭᠤᠵᠤ᠂ ᠬᠠᠩᠵᠧᠦ᠎ᠶᠢᠨ ᠶᠡᠬᠡ ᠲᠠᠲᠠᠮᠠᠯ ᠭᠣᠣᠯ᠎ᠢ ᠬᠠᠮᠠᠭᠠᠯᠠᠵᠤ ᠪᠠᠢᠭ᠎ᠠ ᠴᠢᠷᠮᠠᠢᠯᠭ᠎ᠠ᠎ᠶᠢ ᠨᠤᠲᠠᠯᠠᠵᠤ᠂ ᠪᠠᠰᠠ ᠨᠡᠩ ᠥᠨᠳᠥᠷ ᠬᠦᠰᠡᠯ ᠡᠷᠡᠮᠡᠯᠵᠡᠯ ᠳᠤᠷᠠᠳᠴᠠᠢ᠃ ᠲᠡᠷᠡ ᠲᠠᠲᠠᠮᠠᠯ ᠭᠣᠣᠯ᠎ᠢ ᠦᠨᠡᠨ ᠬᠦ᠌ 《ᠠᠷᠠᠳ ᠲᠦᠮᠡᠨ᠎ᠦ ᠲᠠᠲᠠᠮᠠᠯ ᠭᠣᠣᠯ》᠂ 《ᠵᠢᠭᠤᠯᠴᠢᠯᠠᠭᠰᠠᠳ᠎ᠤᠨ ᠲᠠᠲᠠᠮᠠᠯ ᠭᠣᠣᠯ》 ᠪᠣᠯᠭᠠᠬᠤ ᠬᠡᠷᠡᠭᠲᠡᠢ ᠭᠡᠵᠦ ᠭᠦᠨ ᠰᠡᠳᠬᠢᠯᠭᠡ᠎ᠲᠠᠢ᠎ᠪᠡᠷ ᠬᠦᠰᠡᠯ ᠨᠠᠢᠳᠠᠯᠭ᠎ᠠ ᠲᠠᠯᠪᠢᠪᠠ᠃

ᠡᠳᠦᠭᠡ᠂ ᠤᠰᠤ ᠭᠣᠣᠯ᠎ᠢ ᠵᠠᠰᠠᠵᠤ᠂ ᠰᠣᠶᠣᠯ᠎ᠤᠨ ᠰᠤᠳᠠᠰᠤ᠎ᠶᠢ ᠵᠠᠯᠭᠠᠮᠵᠢᠯᠠᠵᠤ᠂ ᠮᠢᠩᠭᠠᠨ ᠣᠨ᠎ᠤ ᠲᠠᠲᠠᠮᠠᠯ ᠭᠣᠣᠯ ᠬᠣᠶᠠᠷ ᠬᠥᠪᠡᠭᠡᠨ᠎ᠦ ᠬᠤᠳᠠ ᠪᠣᠯᠣᠨ ᠠᠷᠠᠳ ᠲᠦᠮᠡᠨ᠎ᠢ ᠤᠮᠳᠠᠯᠠᠵᠤ ᠪᠤᠢ᠂ ᠲᠡᠷᠡ ᠨᠢ ᠠᠮᠢ ᠠᠬᠤᠢ᠎ᠶᠢᠨ ᠭᠣᠣᠯ᠂ ᠰᠣᠶᠣᠯ ᠢᠷᠭᠡᠨᠰᠢᠯ᠎ᠦᠨ ᠭᠣᠣᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠠᠶᠠᠵᠢᠯ᠎ᠤᠨ ᠭᠣᠣᠯ᠂ ᠵᠢᠷᠭᠠᠯ᠎ᠤᠨ ᠭᠣᠣᠯ ᠪᠣᠯᠣᠨ᠎ᠠ᠃

2023 ᠣᠨ᠎ᠤ 9 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠣᠤᠰᠢᠩ᠎ᠳ᠋ᠡᠬᠢ ᠵᠧᠵᠢᠶᠠᠩ᠎ᠤᠨ ᠵᠡᠭᠦᠨ ᠬᠡᠰᠡᠭ᠎ᠦᠨ ᠲᠠᠲᠠᠮᠠᠯ ᠭᠣᠣᠯ᠎ᠤᠨ ᠬᠥᠪᠡᠭᠡᠨ᠎ᠳᠦ ᠬᠦᠷᠴᠦ᠂ ᠶᠡᠬᠡ ᠲᠠᠲᠠᠮᠠᠯ ᠭᠣᠣᠯ᠎ᠤᠨ ᠠᠵᠢᠯ᠎ᠢ ᠰᠠᠢᠲᠤᠷ ᠬᠢᠵᠦ᠂ ᠡᠷᠲᠡᠨ᠎ᠦ ᠶᠡᠬᠡ ᠲᠠᠲᠠᠮᠠᠯ ᠭᠣᠣᠯ᠎ᠢ ᠴᠠᠭ ᠦᠶ᠎ᠡ᠎ᠶᠢᠨ ᠰᠢᠨ᠎ᠡ ᠳᠦᠷᠰᠦ ᠪᠠᠢᠳᠠᠯ᠎ᠲᠠᠢ ᠪᠣᠯᠭᠠᠬᠤ ᠬᠡᠷᠡᠭᠲᠡᠢ ᠭᠡᠵᠦ ᠵᠠᠬᠢᠪᠠ᠃ ᠲᠡᠷᠡ ᠨᠢᠭᠡᠨ ᠠᠷᠪᠠᠨ ᠮᠧᠲᠷ ᠥᠨᠳᠥᠷ ᠪᠦᠬᠦᠢ ᠭᠤᠯᠲᠤᠨᠭ᠌ ᠴᠢᠯᠠᠭᠤᠨ ᠬᠥᠭᠥᠷᠭᠡ᠎ᠪᠡᠷ ᠥᠩᠭᠡᠷᠡᠪᠡ᠃ ᠴᠢᠯᠠᠭᠤᠨ ᠬᠥᠭᠥᠷᠭᠡ᠎ᠶᠢᠨ ᠬᠠᠵᠠᠭᠤ᠎ᠳᠠᠬᠢ ᠲᠦᠷᠭᠡᠨ᠎ᠦ ᠵᠠᠰᠠᠮᠠᠯ ᠵᠠᠮ ᠳᠡᠭᠡᠭᠦᠷ ᠨᠠᠭᠠᠰᠢ ᠴᠠᠭᠠᠰᠢ ᠵᠦᠷᠢᠯᠳᠦᠬᠦ ᠲᠡᠷᠬᠡᠨ ᠤᠷᠤᠰᠬᠠᠯ᠎ᠢ ᠬᠠᠷᠠᠭᠠᠳ᠂ ᠶᠡᠷᠦᠩᠬᠡᠢ ᠱᠦᠵᠢ᠄ 《ᠡᠨᠳᠡ ᠡᠷᠲᠡ ᠡᠳᠦᠭᠡ᠎ᠶᠢᠨ ᠤᠷᠴᠢᠯ ᠬᠤᠪᠢᠰᠤᠯᠲᠠ᠎ᠶᠢᠨ ᠲᠤᠬᠠᠢ ᠬᠤᠯᠪᠤᠨ ᠪᠤᠳᠤᠵᠥ ᠪᠣᠯᠣᠨ᠎ᠠ》 ᠭᠡᠪᠡ᠃

ᠡᠨᠡ ᠤᠳᠠᠭ᠎ᠠ᠎ᠶᠢᠨ ᠰᠢᠨᠵᠢᠯᠡᠨ ᠪᠠᠢᠴᠠᠭᠠᠯᠲᠠ ᠳᠤᠮᠳᠠ᠂ ᠶᠡᠷᠦᠩᠬᠡᠢ ᠱᠦᠵᠢ ᠰᠢ ᠵᠢᠨ ᠫᠢᠩ ᠵᠧᠵᠢᠶᠠᠩ᠎ᠤᠨ ᠰᠢᠨ᠎ᠡ ᠴᠠᠭ ᠦᠶ᠎ᠡ᠎ᠶᠢᠨ ᠰᠣᠶᠣᠯ᠎ᠤᠨ ᠡᠭᠦᠷᠭᠡ᠎ᠶᠢ ᠨᠡᠩ ᠰᠠᠢᠲᠤᠷ ᠡᠭᠦᠷᠭᠡᠯᠡᠬᠦ᠎ᠳᠦ ᠬᠦᠨᠳᠦ ᠬᠦᠰᠡᠯ ᠨᠠᠶ᠋ᠢᠳᠠᠯᠭ᠎ᠠ ᠲᠠᠯᠪᠢᠪᠠ᠃

ᠵᠧᠵᠢᠶᠠᠩ᠎ᠮᠤᠵᠢ᠎ᠵᠢᠨ ᠬᠢᠨ ᠬᠠᠮᠲᠤ᠎ᠪᠠᠷ ᠪᠠᠶᠠᠵᠢᠬᠤ ᠵᠢᠱ᠌ᠢᠶ᠎ᠡ ᠦᠵᠡᠭᠦᠯᠬᠦ ᠣᠷᠣᠨ᠎ᠢ ᠴᠢᠨᠠᠷ ᠰᠠᠢᠲᠠᠢ ᠬᠥᠭᠵᠢᠬᠦᠯᠦᠨ ᠪᠦᠳᠦᠬᠡᠨ ᠪᠠᠶ᠋ᠢᠭᠤᠯᠬᠤ ᠡᠨᠡ ᠬᠦ᠌ ᠭᠣᠣᠯ ᠡᠭᠦᠷᠭᠡ᠎ᠶᠢ ᠪᠠᠲᠤ ᠡᠵᠡᠮᠳᠡᠵᠦ᠂ 《 〈ᠨᠠᠢ᠍ᠮᠠᠨ ᠢᠨᠵᠧᠨᠧᠷᠢᠩ〉᠎ᠢ ᠦᠷᠭᠦᠯᠵᠢᠯᠡᠨ ᠭᠦᠨᠵᠡᠭᠡᠢᠷᠡᠭᠦᠯᠵᠦ ᠰᠢᠨ᠎ᠡ ᠴᠠᠭ ᠦᠶ᠎ᠡ᠎ᠶᠢᠨ ᠰᠣᠶᠣᠯ᠎ᠤᠨ ᠡᠭᠦᠷᠭᠡ᠎ᠶᠢ ᠨᠡᠩ ᠰᠠᠢᠲᠤᠷ ᠡᠭᠦᠷᠭᠡᠯᠡᠵᠦ ᠥᠨᠳᠥᠷ ᠲᠦᠪᠰᠢᠨ ᠪᠦᠬᠦᠢ ᠰᠣᠶᠣᠯ᠎ᠤᠨ ᠬᠦᠴᠦᠷᠬᠡᠭ ᠮᠤᠵᠢ᠎ᠶᠢ ᠲᠦᠷᠭᠡᠳᠬᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠪᠠᠢᠷᠢᠯᠠᠭᠤᠯᠤᠨ ᠠᠬᠢᠭᠤᠯᠵᠤ᠂ 《ᠲᠠᠪᠤᠨ ᠰᠢᠨ᠎ᠡ ᠥᠨᠳᠥᠷᠯᠢᠭ》᠎ᠢ ᠴᠣᠭᠴᠠᠯᠠᠵᠤ᠂ 《ᠵᠸᠵᠢᠶᠠᠨᠭ᠌᠎ᠤᠨ ᠨᠠᠢ᠍ᠮᠠᠨ ᠳᠠᠪᠠᠭᠤᠯᠢᠭ ᠨᠠᠢ᠍ᠮᠠᠨ᠎ᠠᠷᠭ᠎ᠠ ᠪᠠᠷᠢᠯ᠎ᠤᠨ ᠪᠠᠢᠯᠳᠤᠬᠤ ᠪᠣᠳᠣᠯᠭ᠎ᠠ》᠎ᠶᠢ ᠦᠨᠡᠨᠴᠢ ᠰᠢᠳᠤᠷᠭᠤ᠎ᠪᠠᠷ ᠦᠢᠯᠡᠳᠦᠯᠭᠡᠵᠢᠭᠦᠯᠵᠦ᠂ 《ᠨᠠᠢ᠍ᠮᠠᠨ ᠢᠨᠵᠧᠨᠧᠷᠢᠩ》᠎ᠢ ᠦᠷᠭᠦᠯᠵᠢᠯᠡᠨ ᠭᠦᠨᠵᠡᠭᠡᠢᠷᠡᠭᠦᠯᠬᠦ ᠳᠤᠮᠳᠠ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠪᠡ᠃

ᠬᠦᠭᠵᠢᠮ ᠤᠶᠠᠩᠭ᠎ᠠ ᠬᠠᠩᠬᠢᠨᠠᠭᠰᠠᠭᠠᠷ᠂ ᠰᠤᠶᠤᠯ᠎ᠤᠨ ᠰᠤᠳᠠᠰᠤ ᠦᠷᠬᠦᠯᠵᠢᠯᠡᠭᠰᠡᠬᠡᠷ᠃

《ᠨᠠᠢ᠍ᠮᠠᠨ ᠢᠨᠵᠧᠨᠧᠷᠢᠩ》᠎ᠤᠨ ᠵᠢᠯᠣᠭᠣᠳᠤᠮᠵᠢ ᠳᠣᠣᠷ᠎ᠠ ᠶᠠᠪᠤᠵᠤ ᠥᠩᠭᠡᠷᠡᠭᠰᠡᠨ ᠡᠨᠡ 20 ᠵᠢᠯ᠎ᠢ ᠡᠷᠭᠢᠴᠡᠭᠦᠯᠪᠡᠯ᠂ ᠵᠧᠵᠢᠶᠠᠩ ᠮᠤᠵᠢ ᠰᠣᠶᠣᠯ᠎ᠤᠨ ᠲᠣᠮᠣ᠌ ᠮᠤᠵᠢ᠎ᠶᠢ ᠪᠦᠲᠦᠭᠡᠨ ᠪᠠᠢᠭᠤᠯᠵᠤ ᠪᠠᠢᠭᠰᠠᠨ᠎ᠡᠴᠡ᠎ᠪᠠᠨ ᠰᠣᠶᠣᠯ᠎ᠤᠨ ᠬᠦᠴᠦᠷᠬᠡᠭ ᠮᠤᠵᠢ᠎ᠶᠢ ᠪᠠᠢᠭᠤᠯᠬᠤ ᠵᠦᠭ ᠤᠷᠤᠭᠰᠢᠯᠠᠵᠤ᠂ ᠢᠯᠡ ᠲᠣᠳᠣ᠌ ᠴᠠᠭ ᠦᠶ᠎ᠡ᠎ᠶᠢᠨ ᠣᠨᠴᠠᠯᠢᠭ᠋ ᠰᠢᠨᠵᠢ᠂ ᠳᠤᠮᠳᠠᠳᠤ ᠤᠯᠤᠰ᠎ᠤᠨ ᠣᠨᠴᠠᠯᠢᠭ᠋᠂ ᠵᠧᠵᠢᠶᠠᠩ᠎ᠤᠨ ᠣᠨᠴᠠᠯᠢᠭ᠋᠎ᠲᠠᠢ ᠰᠣᠶᠣᠯ᠎ᠤᠨ ᠬᠥᠭᠵᠢᠯᠲᠡ᠎ᠶᠢᠨ ᠵᠠᠮ᠎ᠢ ᠨᠡᠭᠡᠭᠡᠭᠰᠡᠨ ᠪᠠᠢᠨ᠎ᠠ᠃

ᠡᠨᠡ ᠪᠣᠯ ᠦᠯᠡᠮᠵᠢ ᠠᠮᠵᠢᠯᠲᠠ ᠤᠯᠤᠭᠰᠠᠨ 20 ᠵᠢᠯ ᠪᠤᠯᠤᠨ᠎ᠠ — ᠵᠧᠵᠢᠶᠠᠩ ᠰᠣᠶᠣᠯ᠎ᠤᠨ ᠪᠠᠢᠭᠤᠯᠤᠯᠲᠠ᠎ᠶᠢᠨ 《ᠨᠠᠢ᠍ᠮᠠᠨ ᠢᠨᠵᠧᠨᠧᠷᠢᠩ》᠎ᠢ ᠦᠷᠭᠦᠯᠵᠢᠯᠡᠨ ᠠᠬᠢᠭᠤᠯᠵᠤ᠂ ᠪᠣᠯᠪᠠᠰᠤᠨ᠎ᠢᠶᠠᠷ ᠡᠬᠢ ᠦᠨᠳᠦᠰᠦ᠎ᠶᠢ ᠬᠠᠢᠵᠤ ᠭᠤᠯᠤᠮᠲᠠ᠎ᠶᠢ ᠬᠠᠮᠠᠭᠠᠯᠠᠵᠤ᠂ ᠰᠣᠶᠣᠯ᠎ᠤᠨ ᠤᠳᠤᠮᠰᠢᠯ᠎ᠢᠶᠡᠷ ᠦᠨᠳᠦᠰᠦᠨ ᠪᠠᠢᠳᠠᠯ᠎ᠢ ᠲᠠᠨᠢᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠬᠥᠭᠵᠢᠯᠲᠡ᠎ᠶᠢ ᠠᠬᠢᠭᠤᠯᠵᠤ᠂ ᠪᠣᠯᠪᠠᠰᠤᠨ᠎ᠤ ᠲᠦᠷᠦᠯ ᠲᠡᠮᠳᠡᠭ᠎ᠢᠶᠡᠷ ᠰᠢᠨ᠎ᠡ ᠬᠡᠪ ᠰᠤᠷᠲᠠᠯ᠎ᠢ ᠱᠤᠭᠤᠵᠤ᠂ ᠰᠣᠶᠣᠯ ᠨᠢ ᠶᠠᠪᠤᠬᠤ ᠲᠤᠳᠤᠮ 《ᠴᠢᠬᠤᠯᠠ ᠴᠣᠩᠬᠣᠪᠴᠢ》 ᠵᠢᠨ ᠭᠢᠯᠠᠯᠵᠠᠭᠰᠠᠨ ᠲᠡᠮᠳᠡᠭ ᠢᠯᠡᠳᠬᠡᠮᠵᠢ ᠪᠣᠯᠵᠤ᠂ ᠶᠠᠪᠤᠬᠤ ᠲᠤᠳᠤᠮ ᠬᠠᠮᠲᠤ᠎ᠪᠠᠷ ᠪᠠᠶᠠᠵᠢᠬᠤ ᠵᠢᠱ᠌ᠢᠶ᠎ᠡ ᠦᠵᠡᠭᠦᠯᠬᠦ ᠣᠷᠣᠨ᠎ᠢ ᠴᠢᠨᠠᠷ ᠰᠠᠢᠲᠠᠢ ᠬᠥᠭᠵᠢᠬᠦᠯᠦᠨ ᠪᠦᠳᠦᠬᠡᠨ ᠪᠠᠶ᠋ᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠪᠠ᠃

ᠡᠨᠡ ᠪᠣᠯ ᠬᠠᠪᠤᠷ᠎ᠤᠨ ᠦᠵᠡᠮᠵᠢ ᠪᠦᠷᠢᠳᠦᠭᠰᠡᠨ 20 ᠵᠢᠯ ᠪᠤᠯᠤᠨ᠎ᠠ — ᠰᠢ ᠬ᠍ᠤ᠌ ᠨᠠᠭᠤᠷ᠂ ᠶᠡᠬᠡ ᠲᠠᠲᠠᠮᠠᠯ ᠭᠣᠣᠯ᠂ ᠯᠢᠶᠠᠩ ᠵᠤ᠌᠎ᠶᠢᠨ ᠪᠠᠭᠤᠷᠢ ᠳᠡᠯᠡᠬᠡᠢ᠎ᠶᠢᠨ ᠰᠣᠶᠣᠯ᠎ᠤᠨ ᠥᠪ ᠪᠣᠯᠪᠠ; 500 ᠬᠥᠮᠥᠨ᠎ᠡᠴᠡ ᠳᠡᠭᠡᠭᠰᠢᠬᠢ ᠵᠠᠰᠠᠭ ᠵᠠᠬᠢᠷᠭᠠᠨ᠎ᠤ ᠲᠣᠰᠬᠣᠨ᠎ᠳᠦ ᠬᠥᠳᠡᠭᠡ ᠲᠣᠰᠬᠣᠨ᠎ᠤ ᠰᠣᠶᠣᠯ᠎ᠤᠨ ᠶᠣᠰᠣᠯᠠᠯ᠎ᠤᠨ ᠲᠠᠩᠬᠢᠮ᠎ᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠪᠡ; ᠵᠧᠵᠢᠶᠠᠩ᠎ᠤᠨ 59 ᠪᠦᠲᠦᠭᠡᠯ ᠪᠦᠬᠦ ᠤᠯᠤᠰ᠎ᠤᠨ 《ᠲᠠᠪᠤᠨ ᠨᠢᠭᠡ᠎ᠶᠢᠨ ᠢᠨᠵᠧᠨᠧᠷᠢᠩ》᠎ᠤᠨ ᠱᠠᠩᠨᠠᠯ᠎ᠢ ᠬᠦᠷᠲᠡᠪᠡ; ᠰᠣᠶᠣᠯ᠎ᠤᠨ ᠣᠨᠴᠠ ᠲᠣᠮᠢᠯᠠᠭᠳᠠᠭ᠍ᠴᠢ᠎ᠶᠢ ᠪᠣᠶ ᠪᠦᠬᠦᠢ ᠰᠢᠶᠠᠩ ᠪᠠᠯᠭᠠᠰᠤ (ᠵᠡᠭᠡᠯᠢ ᠭᠤᠳᠤᠮᠵᠢ)᠎ᠳᠦ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠪᠡ; 《ᠬᠠᠴᠢᠨ ᠲᠤᠮᠦᠬ᠄ ᠪᠠᠴᠢᠨ ᠪᠠᠭᠰᠢ》 ᠵᠡᠷᠭᠡ 《ᠰᠣᠶᠣᠯ + ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》 ᠎ᠤ᠋ᠨ ᠦᠵᠡᠭᠳᠡᠯ ᠪᠦᠬᠦ ᠪᠥᠮᠪᠥᠷᠴᠡᠭ᠎ᠦᠨ ᠠᠩᠬᠠᠷᠤᠯ᠎ᠢ ᠲᠠᠲᠠᠪᠠ ᠁

20 ᠵᠢᠯ᠎ᠦᠨ ᠲᠤᠷᠰᠢ᠂ ᠶᠡᠷᠦᠩᠬᠡᠢ ᠱᠦᠵᠢ ᠰᠢ ᠵᠢᠨ ᠫᠢᠩ᠎ᠦᠨ ᠲᠤᠬᠠᠢ᠎ᠶᠢᠨ ᠵᠢᠯ᠎ᠦᠨ ᠵᠧᠵᠢᠶᠠᠩ᠎ᠤᠨ ᠰᠣᠶᠣᠯ᠎ᠤᠨ ᠪᠠᠢᠭᠤᠯᠤᠯᠲᠠ ᠳᠤᠮᠳᠠᠬᠢ ᠵᠢᠷᠤᠭ ᠲᠥᠯᠥᠪᠯᠡᠭᠡ ᠨᠢᠭᠡ ᠪᠦᠷᠢ᠂ ᠰᠠᠨᠠᠭᠠᠰᠢᠷᠠᠯ ᠨᠢᠭᠡ ᠪᠦᠷᠢ᠎ᠶᠢ ᠡᠷᠭᠢᠴᠡᠭᠦᠯᠬᠦ᠎ᠳᠦ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠦᠨᠡᠨ ᠶᠣᠰᠣᠨ᠎ᠤ ᠦᠨ᠎ᠡ ᠦᠷᠳᠡᠭ᠎ᠢ ᠨᠡᠩ ᠭᠦᠨᠵᠡᠭᠡᠢ ᠮᠡᠳᠡᠷᠡᠬᠦ ᠪᠤᠯᠤᠨ᠎ᠠ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠪᠣᠯ ᠨᠢᠭᠡᠨ ᠲᠠᠰᠤᠷᠠᠯᠳᠠ ᠦᠭᠡᠢ ᠦᠷᠭᠡᠵᠢᠵᠤ ᠪᠠᠢᠭ᠎ᠠ᠂ ᠨᠡᠭᠡᠭᠡᠯᠲᠡᠲᠤ ᠮᠠᠶᠢᠭ᠋᠎ᠤᠨ ᠦᠵᠡᠯ ᠰᠠᠨᠠᠭᠠᠨ᠎ᠤ ᠰᠢᠰᠲᠧᠮ ᠮᠥᠨ᠂ ᠯᠠᠪᠲᠠᠢ ᠨᠡᠩ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ ᠪᠠ ᠦᠢᠯᠡᠳᠦᠯᠭᠡ᠎ᠶᠢᠨ ᠠᠤᠭ᠎ᠠ ᠬᠦᠴᠦᠨ᠎ᠢ ᠢᠯᠡᠷᠡᠭᠦᠯᠬᠦ ᠪᠣᠯᠣᠨ᠎ᠠ᠃

《ᠡᠭᠦᠨ᠎ᠤ ᠲᠤᠳᠤᠷ᠎ᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠤᠢ᠂ ᠪᠠᠰᠠ ᠮᠠᠷᠺᠰ᠎ᠤᠨ ᠦᠵᠡᠯ ᠠᠭᠤᠯᠤᠬᠳᠠᠵᠤ ᠪᠤᠢ》 

《ᠰᠤᠳᠤᠷ ᠲᠡᠮᠳᠡᠭᠯᠡᠯ》᠎ᠳᠦ ᠲᠡᠮᠳᠡᠭᠯᠡᠭᠰᠡᠨ᠎ᠢᠶᠡᠷ᠂ ᠰᠢᠤᠸᠠᠨ ᠶᠤᠸᠠᠨ ᠬᠤᠸᠠᠩᠳᠢ᠎ᠶᠢᠨ ᠶᠦᠨ ᠠᠭᠤᠯᠠᠨ᠎ᠳᠦ ᠬᠦᠯᠢᠰ ᠪᠣᠰᠬᠠᠭᠰᠠᠨ᠎ᠤ ᠳᠠᠷᠠᠭ᠎ᠠ ᠯᠣᠣ ᠬᠥᠯᠭᠡᠯᠡᠨ ᠲᠡᠭᠷᠢ ᠳ᠋ᠦ᠍ᠷ ᠭᠠᠷᠴᠠᠢ᠃ ᠮᠢᠩᠭ᠎ᠠ ᠵᠢᠷᠭᠤᠭᠠᠨ ᠵᠠᠭᠤ ᠭᠠᠷᠤᠢ ᠵᠢᠯ᠎ᠦᠨ ᠡᠮᠦᠨ᠎ᠡ᠂ ᠬᠤᠸᠠᠩᠳᠢ᠎ᠶᠢᠨ ᠰᠦᠮ᠎ᠡ ᠬᠡᠢᠳ ᠠᠭᠤᠯᠠ᠎ᠶᠢ ᠲᠦᠰᠢᠨ ᠰᠦᠨᠳᠡᠷᠯᠡᠨ ᠪᠣᠰᠴᠤ᠂ ᠳᠤᠮᠳᠠᠳᠤ ᠤᠯᠤᠰ᠎ᠤᠨ ᠡᠮᠦᠨᠡᠲᠦ ᠣᠷᠣᠨ᠎ᠤ ᠲᠠᠬᠢᠯᠭ᠎ᠠ ᠬᠢᠬᠦ᠂ ᠳᠤᠮᠳᠠᠳᠤ᠎ᠶᠢᠨ ᠦᠨᠳᠦᠰᠦᠲᠡᠨ᠎ᠦ ᠰᠤᠶᠤᠯ᠎ᠤᠨ ᠰᠠᠭᠤᠷᠢᠯᠠᠬᠴᠢ ᠬᠤᠸᠠᠩᠳᠢ᠎ᠳᠦ ᠮᠥᠷᠭᠥᠯ ᠬᠢᠬᠦ ᠭᠣᠣᠯ ᠲᠠᠯᠠᠪᠤᠷ ᠭᠠᠵᠠᠷ ᠪᠣᠯᠵᠠᠢ᠃ ᠵᠠᠭᠤ ᠮᠢᠩᠭᠠᠨ ᠵᠢᠯ᠎ᠦᠨ ᠲᠤᠷᠰᠢ᠂ ᠶᠠᠨᠳᠢ ᠬᠤᠸᠠᠩᠳᠢ᠎ᠶᠢᠨ ᠲᠣᠭ᠎ᠠ ᠲᠣᠮᠰᠢ ᠦᠭᠡᠢ ᠤᠯᠠᠨ ᠦᠷ᠎ᠡ ᠬᠣᠢᠴᠢᠰ ᠡᠨᠳᠡ ᠢᠷᠡᠵᠥ ᠤᠳᠤᠮ ᠦᠨᠳᠦᠰᠦ᠎ᠪᠡᠨ ᠡᠷᠢᠵᠦ᠂ ᠳᠤᠮᠳᠠᠳᠤᠴᠤᠳ᠎ᠤᠨ ᠥᠪᠡᠷ᠎ᠢ᠎ᠪᠡᠨ ᠮᠡᠳᠡᠷᠡᠬᠦ ᠵᠣᠷᠢᠭ᠋ ᠰᠠᠨᠠᠭ᠎ᠠ ᠪᠣᠯᠣᠨ ᠬᠦᠴᠦᠨ ᠴᠢᠳᠠᠯ᠎ᠢ ᠡᠷᠢᠯᠬᠢᠯᠡᠭᠰᠡᠭᠡᠷ ᠢᠷᠡᠭᠰᠡᠨ ᠪᠠᠢᠨ᠎ᠠ᠃

ᠲᠡᠷᠢᠬᠦᠨ ᠡᠷᠬᠦᠵᠤ ᠬᠤᠸᠠᠩᠳᠢ ᠎ᠶᠢᠨ ᠰᠦᠮ᠎ᠡ᠎ᠶᠢᠨ ᠢᠯᠡᠷᠬᠡᠢᠯᠡᠯ ᠳᠡᠮᠳᠡᠭ᠎ᠢ ᠬᠠᠷᠠᠪᠠᠯ᠂ ᠵᠠᠩ ᠰᠢᠶᠣᠣ ᠬᠤᠸᠠ 20 ᠭᠠᠷᠤᠢ ᠵᠢᠯ᠎ᠦᠨ ᠡᠮᠦᠨᠡᠬᠢ ᠲᠡᠷᠡ ᠡᠪᠦᠯ᠂ ᠲᠡᠷᠡ ᠬᠦ᠌ ᠭᠦᠨ ᠤᠳᠬ᠎ᠠ ᠠᠭᠤᠯᠭ᠎ᠠ᠎ᠲᠠᠢ ᠠᠰᠠᠭᠤᠯᠲᠠ᠎ᠶᠢ ᠠᠰᠠᠭᠤᠬᠰᠠᠨ ᠶᠠᠪᠤᠳᠠᠯ᠎ᠢ ᠴᠡᠭᠡᠵᠢᠯᠡᠭᠰᠡᠭᠡᠷ ᠪᠤᠢ᠃

2004 ᠣᠨ᠎ᠤ 1 ᠰᠠᠷ᠎ᠠ᠎ᠶᠢᠨ 8 ᠤ᠋ ᠡᠳᠦᠷ᠂ ᠴᠠᠭᠠᠨ ᠰᠠᠷ᠎ᠠ᠎ᠡᠴᠡ ᠡᠮᠦᠨᠡᠬᠡᠨ᠂ ᠰᠢ ᠵᠢᠨ ᠫᠢᠩ ᠡᠨᠳᠡ ᠢᠷᠡᠵᠦ ᠬᠤᠸᠠᠩᠳᠢ᠎ᠶᠢᠨ ᠰᠣᠶᠣᠯ᠎ᠢ ᠰᠢᠨᠵᠢᠯᠡᠨ ᠪᠠᠢᠴᠠᠭᠠᠪᠠ᠃ ᠵᠠᠩ ᠰᠢᠶᠣᠣ ᠬᠤᠸᠠ ᠦᠵᠡᠮᠵᠢ᠎ᠶᠢᠨ ᠣᠷᠣᠨ᠎ᠤ ᠠᠵᠢᠯᠲᠠᠨ ᠪᠣᠯᠤᠭᠰᠠᠨ᠎ᠤ ᠬᠤᠪᠢ᠎ᠪᠡᠷ ᠬᠤᠸᠠᠩᠳᠢ᠎ᠶᠢᠨ ᠳᠣᠮᠣᠭ ᠪᠠ ᠲᠠᠬᠢᠯᠭ᠎ᠠ᠎ᠶᠢᠨ ᠠᠵᠢᠯᠯᠠᠭ᠎ᠠ᠎ᠶᠢ ᠪᠤᠯᠪᠠᠰᠤᠷᠠᠨᠭᠭᠤᠢ ᠲᠠᠨᠢᠯᠴᠠᠭᠤᠯᠵᠤ ᠭᠠᠷᠪᠠ᠃

ᠱᠠᠲᠤ ᠠᠪᠠᠷᠢᠨ ᠲᠡᠭᠡᠭᠰᠢ ᠭᠠᠷᠴᠤ ᠪᠠᠢᠬᠰᠠᠨ ᠰᠢ ᠵᠢᠨ ᠫᠢᠩ ᠭᠡᠨᠡᠳᠲᠡ ᠵᠤᠭ ᠵᠣᠭᠰᠣᠵᠤ᠂ ᠠᠷᠤᠨᠰᠢ᠎ᠪᠡᠨ ᠪᠠᠶ᠎ᠠ ᠡᠷᠬᠢᠨ ᠵᠠᠩ ᠰᠢᠶᠣᠣ ᠬᠤᠸᠠ᠎ᠡᠴᠡ᠄

《ᠬᠡᠤᠬᠡ ᠡ᠂ ᠴᠢ ᠮᠠᠷᠺᠰ᠎ᠤᠨ ᠦᠵᠡᠯ᠎ᠢ ᠢᠲᠡᠭᠡᠬᠦ ᠶᠤᠮ ᠦᠦ᠂ ᠬᠤᠸᠠᠩᠳᠢ᠎ᠶᠢᠨ ᠰᠣᠶᠣᠯ᠎ᠢ ᠢᠲᠡᠭᠡᠬᠦ ᠶᠤᠮ ᠦᠦ?》 ᠭᠡᠵᠦ ᠠᠰᠠᠭᠤᠪᠠ᠃

ᠵᠠᠮ ᠲᠤᠵᠢ ᠲᠤᠷᠴᠢᠭᠢᠨᠠᠨ ᠶᠠᠷᠢᠵᠤ ᠪᠠᠢᠭᠰᠠᠨ ᠵᠠᠩ ᠰᠢᠶᠣᠣ ᠬᠤᠸᠠ ᠡᠨᠡ ᠠᠰᠠᠭᠤᠯᠲᠠ᠎ᠶᠢ ᠶᠠᠭᠠᠬᠢᠵᠤ ᠬᠠᠷᠢᠭᠤᠯᠬᠤ᠎ᠪᠡᠨ ᠤᠯᠵᠤ ᠶᠠᠳᠠᠨ ᠤᠭ ᠣᠷᠣᠨ᠎ᠳᠠᠭᠠᠨ ᠮᠡᠯᠡᠷᠡᠨ ᠵᠤᠭᠰᠤᠪᠠ᠃ ᠲᠡᠷᠡ ᠬᠡᠰᠡᠭ ᠲᠠᠲᠠᠭᠠᠯᠵᠠᠭᠰᠠᠨ᠎ᠵᠢᠡᠨ᠄

《ᠬᠤᠶᠠᠭᠤᠯᠠ᠎ᠶᠢ ᠴᠥᠮ ᠢᠲᠡᠭᠡᠨ᠎ᠡ ᠁》 ᠭᠡᠪᠡ᠃

《ᠬᠠᠷᠢᠭᠤᠯᠤᠬᠰᠠᠨ ᠴᠢᠨᠢ ᠮᠠᠰᠢ ᠵᠦᠢᠲᠡᠢ! 》 ᠰᠢ ᠵᠢᠨ ᠫᠢᠩ᠄ 《ᠡᠪ ᠬᠠᠮᠲᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ ᠪᠢᠳᠡ ᠮᠠᠷᠺᠰ᠎ᠤᠨ ᠦᠵᠡᠯ᠎ᠢ ᠢᠲᠡᠭᠡᠬᠦ ᠬᠡᠷᠡᠭᠲᠡᠢ᠃ ᠶᠠᠨᠳᠢ ᠬᠤᠸᠠᠩᠳᠢ᠎ᠶᠢᠨ ᠦᠷ᠎ᠡ ᠬᠣᠢᠴᠢᠰ ᠪᠣᠯᠤᠭᠰᠠᠨ᠎ᠤ ᠬᠤᠪᠢ᠎ᠳᠤ᠂ ᠳᠤᠮᠳᠠᠳᠤ᠎ᠶᠢᠨ ᠲᠠᠪᠤᠨ ᠮᠢᠩᠭᠠᠨ ᠵᠢᠯ᠎ᠦᠨ ᠪᠣᠯᠪᠠᠰᠤᠨ ᠨᠢ ᠪᠢᠳᠡᠨ᠎ᠳᠦ ᠤᠭ ᠦᠨᠳᠦᠰᠦ᠎ᠪᠡᠨ ᠮᠠᠷᠲᠠᠵᠤ ᠪᠣᠯᠬᠤ ᠦᠭᠡᠢ ᠭᠡᠳᠡᠭ᠎ᠢ ᠮᠡᠳᠡᠭᠦᠯᠪᠡ》 ᠬᠡᠵᠤ ᠢᠨᠢᠶᠡᠮᠰᠦᠭᠯᠡᠨ ᠭᠡᠪᠡ᠃

ᠲᠡᠷᠡ ᠡᠳᠦᠷ᠂ ᠰᠢ ᠵᠢᠨ ᠫᠢᠩ ᠡᠨᠳᠡ ᠪᠦᠬᠦ ᠮᠤᠵᠢ᠎ᠶᠢᠨ ᠠᠷᠠᠳ ᠲᠦᠮᠡᠨ᠎ᠳᠦ ᠰᠢᠨ᠎ᠡ ᠵᠢᠯ᠎ᠦᠨ ᠰᠠᠢᠨ ᠰᠠᠢᠬᠠᠨ ᠵᠥᠩᠨᠡᠯ᠎ᠢ ᠠᠬᠤᠭᠤᠯᠤᠬᠰᠠᠨ ᠬᠤᠨᠭᠬᠤᠨ ᠲᠠᠭᠤᠨ᠎ᠢ ᠬᠠᠩᠭᠢᠨᠠᠭᠤᠯᠵᠦ ᠥᠭᠪᠡ᠃ ᠴᠢᠩᠬᠢᠨᠠᠮ᠎ᠠ ᠢᠷᠠᠭᠤ ᠬᠤᠨᠭᠬᠤᠨ ᠲᠠᠭᠤᠨ ᠤᠳᠠᠳᠠᠯ᠎ᠠ ᠴᠤᠤᠷᠢᠶᠠᠲᠤᠪᠠ᠂ ᠮᠦᠨ ᠴᠤ᠌ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠶᠡᠷᠦ᠎ᠡᠴᠡ ᠲᠠᠰᠤᠯᠳᠠᠭ᠎ᠠ ᠦᠭᠡᠢ ᠭᠦᠨ ᠬᠦᠨᠵᠠᠬᠡᠢ ᠪᠣᠳᠣᠯᠬᠢᠯᠠᠯ ᠤᠳᠠᠳᠠᠯ᠎ᠠ ᠴᠤᠤᠷᠢᠶᠠᠯᠠᠵᠤ ᠪᠠᠢᠯ᠎ᠠ ᠄

ᠰᠣᠶᠣᠯ ᠪᠣᠯ ᠰᠦᠭ ᠰᠦᠨᠡᠰᠦ ᠮᠥᠨ᠂ ᠨᠢᠭᠡᠨ ᠨᠡᠢᠭᠡᠮ᠂ ᠨᠢᠭᠡᠨ ᠦᠨᠳᠦᠰᠦᠲᠡᠨ᠎ᠦ ᠳᠤᠮᠳᠠ ᠭᠦᠨ ᠦᠨᠳᠦᠰᠦᠯᠡᠭᠰᠡᠨ ᠤᠶᠤᠨ ᠰᠠᠨᠠᠭᠠᠨ᠎ᠤ ᠠᠮᠢᠨ ᠰᠤᠳᠠᠰᠤ ᠮᠥᠨ᠃ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳ᠋ᠤ ᠬᠡᠷᠬᠢᠨ ᠬᠠᠨᠳᠤᠬᠤ ᠪᠤᠢ? ᠮᠠᠷᠺᠰ᠎ᠤᠨ ᠦᠵᠡᠯ ᠬᠢᠭᠡᠳ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠠᠷᠢᠯᠴᠠᠨ ᠨᠡᠪᠳᠡᠷᠡᠵᠤ ᠪᠠᠢᠭ᠎ᠠ ᠯᠣᠭᠢᠭ᠋ ᠨᠢ ᠬᠠᠮᠢᠭ᠎ᠠ ᠪᠠᠢᠬᠤ ᠪᠤᠢ?

ᠺᠦᠩᠽᠢ᠎ᠶᠢᠨ ᠬᠤᠢᠴᠢᠰ ᠨᠢ 1128 ᠣᠨ᠎ᠳᠤ 《ᠬᠠᠭᠠᠨ᠎ᠤ ᠲᠡᠷᠭᠡ᠎ᠶᠢ ᠳᠠᠭᠠᠵᠤ ᠡᠮᠦᠨᠡᠰᠢ ᠨᠡᠭᠦᠳᠠᠯᠯᠠᠵᠤ》᠂ ᠬᠠᠭᠠᠨ᠎ᠤ ᠬᠡᠰᠢᠭ᠎ᠢ ᠬᠦᠷᠲᠡᠵᠦ ᠴᠢᠦᠢ ᠵᠧᠦ᠎ᠳᠦ ᠨᠤᠲᠤᠭᠰᠢᠭᠰᠠᠨ᠎ᠡᠴᠡ ᠨᠠᠭᠠᠰᠢ᠂ ᠺᠦᠩᠽᠢ᠎ᠶᠢᠨ ᠬᠤᠢᠴᠢᠰ᠎ᠤᠨ ᠡᠮᠦᠨᠡᠲᠦ᠎ᠤᠷᠤᠨ᠎ᠳᠠᠬᠢ ᠤᠭᠰᠠᠭ᠎ᠠ ᠲᠦᠷᠦᠯ ᠨᠢ ᠪᠢᠴᠢᠭ᠎ᠦᠨ ᠰᠤᠷᠭᠠᠯ᠎ᠢ ᠠᠷᠠᠳ᠎ᠤᠨ ᠳᠤᠮᠳᠠ ᠭᠦᠨᠵᠡᠭᠡᠢᠷᠡᠭᠦᠯᠵᠦ᠂ ᠵᠢᠶᠠᠩᠨᠠᠨ᠎ᠤ ᠰᠣᠶᠣᠯ᠎ᠤᠨ ᠬᠥᠭᠵᠢᠯᠲᠡ᠎ᠳᠦ ᠠᠯᠤᠰ ᠬᠡᠳᠦ᠎ᠶᠢᠨ ᠨᠥᠯᠥᠭᠡ ᠦᠵᠡᠭᠦᠯᠵᠡᠢ᠃

2002 ᠣᠨ᠎ᠤ 12 ᠰᠠᠷ᠎ᠠ᠎ᠶᠢᠨ ᠡᠴᠦᠰ᠂ ᠬᠠᠬᠢᠷ ᠬᠦᠢᠳᠡᠨ ᠰᠠᠯᠬᠢᠨ᠎ᠢ ᠬᠠᠢᠬᠤᠷᠤᠯ ᠦᠬᠡᠢ᠎ᠪᠡᠷ ᠰᠢ ᠵᠢᠨ ᠫᠢᠩ ᠰᠥᠨᠢ ᠳᠦᠯᠢ᠎ᠪᠡᠷ ᠡᠮᠦᠨᠡᠳᠦ ᠤᠷᠤᠨ᠎ᠳᠠᠬᠢ ᠺᠦᠩᠽᠢ᠎ᠶᠢᠨ ᠤᠬᠰᠠᠭ᠎ᠠ ᠲᠦᠷᠦᠯ᠎ᠤᠨ ᠰᠦᠮ᠎ᠡ᠎ᠪᠡᠷ ᠠᠢᠯᠴᠢᠯᠠᠪᠠ᠃ ᠨᠡᠭᠦᠷᠡᠰᠦᠨ ᠵᠤᠤᠬ᠎ᠠ᠎ᠶᠢ ᠲᠣᠭᠣᠷᠢᠨ ᠠᠮᠲᠠᠲᠤ ᠲᠥᠮᠥᠰᠥ ᠰᠢᠷᠠᠵᠤ᠂ ᠣᠯᠠᠨ᠎ᠢᠶᠠᠷ᠎ᠢᠶᠠᠨ ᠵᠤᠭᠤᠭᠳᠠᠬᠤ᠎ᠵᠢᠨ ᠳᠠᠭᠠᠤ ᠠᠮᠳᠠᠳᠤ ᠲᠦᠮᠦᠰᠦ ᠢᠳᠡᠵᠡᠭᠡᠪᠡ᠃ ᠤᠳᠠᠭᠰᠠᠨ ᠦᠭᠡᠢ ᠬᠣᠶᠠᠷ ᠵᠢᠯ᠎ᠦᠨ ᠳᠠᠷᠠᠭ᠎ᠠ ᠪᠤᠯᠬᠤ ᠺᠦᠩᠽᠢ᠎ᠶᠢᠨ ᠮᠡᠨᠳᠦᠯᠡᠭᠰᠡᠨ 2555 ᠵᠢᠯ᠎ᠦᠨ ᠣᠶ᠎ᠶᠢᠨ ᠲᠤᠬᠠᠢ ᠰᠡᠳᠦᠪ᠎ᠢ ᠶᠠᠷᠢᠯᠴᠠᠪᠠ᠂ ᠴᠢᠦᠢ ᠵᠧᠦ ᠬᠣᠲᠠ ᠡᠨᠡ ᠬᠦ᠌ ᠰᠠᠢᠨ ᠲᠣᠬᠢᠶᠠᠯ᠎ᠢ ᠠᠰᠢᠭ᠍ᠯᠠᠨ ᠬᠠᠭᠠᠰ ᠵᠠᠭᠤᠨ ᠭᠠᠷᠤᠢ ᠲᠠᠰᠤᠯᠳᠠᠭᠰᠠᠨ ᠺᠦᠩᠽᠢ᠎ᠶᠢᠨ ᠲᠠᠬᠢᠯᠭ᠎ᠠ᠎ᠶᠢᠨ ᠶᠣᠰᠣᠯᠠᠯ᠎ᠢ ᠰᠡᠷᠭᠦᠭᠡᠬᠦ᠎ᠪᠡᠷ ᠪᠤᠯᠪᠠ᠃ ᠭᠡᠪᠡᠴᠦ ᠶᠠᠮᠠᠷ ᠶᠣᠰᠣᠯᠠᠯ᠎ᠢ ᠶᠠᠪᠤᠭᠤᠯᠬᠤ ᠲᠤᠬᠠᠢ ᠰᠠᠨᠠᠯ ᠨᠢᠭᠡᠳᠬᠦ ᠦᠭᠡᠢ ᠪᠠᠢᠪᠠ᠃

《ᠮᠢᠨᠤ ᠡᠴᠢᠬᠡ ᠦᠬᠡ ᠡᠬᠦᠰᠬᠡᠵᠤ ᠰᠢ ᠵᠢᠨ ᠫᠢᠩ ᠱᠦᠵᠢ᠎ᠳᠦ᠂ ᠪᠢᠳᠡ ᠡᠮᠦᠨᠡᠳᠦ ᠤᠷᠤᠨ᠎ᠳᠠᠬᠢ ᠺᠦᠩᠽᠢ᠎ᠶᠢᠨ ᠤᠬᠰᠠᠭ᠎ᠠ ᠲᠦᠷᠦᠯ᠎ᠤᠨ ᠰᠦᠮ᠎ᠡ᠎ᠵᠢᠨ ᠺᠦᠩᠽᠢ᠎ᠶᠢᠨ ᠳᠠᠬᠢᠯᠭ᠎ᠠ᠎ᠶᠢ ᠰᠡᠷᠭᠦᠭᠡᠵᠦ᠂ ᠤᠳᠤ ᠦᠶ᠎ᠡ᠎ᠶᠢᠨ ᠬᠥᠮᠥᠨ ᠺᠦᠩᠽᠢ᠎ᠶᠢᠨ ᠳᠠᠬᠢᠯᠭ᠎ᠠ ᠬᠢᠨ᠎ᠠ᠂ ᠳᠠᠷᠤᠢ ᠬᠠᠭᠤᠴᠢᠨ ᠶᠣᠰᠣᠯᠠᠯ᠎ᠢ ᠲᠠᠶᠠᠭᠳᠠᠵᠤ᠂ ᠤᠳᠤ ᠦᠶ᠎ᠡ᠎ᠶᠢᠨ ᠬᠥᠮᠥᠨ᠎ᠦ ᠬᠤᠪᠴᠠᠰᠤ᠎ᠶᠢ ᠡᠮᠦᠰᠴᠦ᠂ ᠤᠳᠤ ᠦᠶ᠎ᠡ᠎ᠶᠢᠨ ᠬᠥᠮᠥᠨ᠎ᠦ ᠶᠣᠰᠣ᠎ᠶᠢ ᠬᠦᠢᠴᠡᠳᠬᠡᠬᠦ᠎ᠶᠢ ᠬᠦᠰᠡᠵᠦ ᠪᠠᠢᠨ᠎ᠠ ᠭᠡᠪᠡ᠃ ᠡᠭᠦᠨ᠎ᠢ ᠰᠣᠨᠣᠰᠤᠭᠠᠳ ᠰᠢ ᠵᠢᠨ ᠫᠢᠩ ᠱᠦᠵᠢ ᠲᠣᠯᠣᠭᠠᠢ ᠳᠣᠬᠢᠵᠤ᠂ ᠡᠮᠦᠨᠡᠳᠦ ᠤᠷᠤᠨ᠎ᠳᠠᠬᠢ ᠺᠦᠩᠽᠢ᠎ᠶᠢᠨ ᠤᠬᠰᠠᠭ᠎ᠠ ᠲᠦᠷᠦᠯ᠎ᠤᠨ ᠰᠦᠮ᠎ᠡ᠎ᠶᠢᠨ ᠲᠡᠦᠬᠡ ᠰᠣᠶᠣᠯ᠎ᠤᠨ ᠠᠭᠤᠯᠤᠭᠳᠠᠬᠤᠨ ᠥᠷᠭᠡᠨ ᠳᠡᠯᠭᠡᠷ ᠪᠠᠢᠵᠤ᠂ ᠵᠧᠵᠢᠶᠠᠩ᠎ᠤᠨ ᠲᠡᠦᠬᠡ ᠰᠣᠶᠣᠯ᠎ᠤᠨ ᠨᠢᠭᠡᠨ ᠬᠢᠯᠠᠰ ᠴᠡᠭ ᠪᠣᠯᠣᠨ᠎ᠠ᠃ ᠡᠮᠦᠨᠡᠳᠦ ᠤᠷᠤᠨ᠎ᠳᠠᠬᠢ ᠺᠦᠩᠽᠢ᠎ᠶᠢᠨ ᠤᠬᠰᠠᠭ᠎ᠠ ᠲᠦᠷᠦᠯ᠎ᠤᠨ ᠺᠦᠩᠽᠢ᠎ᠶᠢᠨ ᠰᠣᠶᠣᠯ᠎ᠢ ᠰᠠᠢᠲᠤᠷ ᠠᠭᠤᠳᠠᠯᠤᠨ ᠪᠠᠳᠠᠷᠠᠭᠤᠯᠤᠭᠤᠰᠢᠲᠠᠢ ᠶᠤᠮ》 ᠭᠡᠵᠦ ᠺᠦᠩᠽᠢ᠎ᠶᠢᠨ 76 ᠳ᠋ᠤᠭᠠᠷ ᠦᠶ᠎ᠡ᠎ᠶᠢᠨ ᠬᠤᠢᠴᠢᠰ ᠺᠦᠩ ᠯᠢᠩ ᠯᠢ ᠡᠷᠭᠢᠴᠡᠭᠦᠯᠦᠨ ᠬᠡᠯᠡᠪᠡ᠃

ᠢᠩᠭᠢᠭᠡᠳ ᠴᠢᠦᠢ ᠵᠧᠦ 《ᠣᠲᠣ᠌ ᠦᠶ᠎ᠡ᠎ᠶᠢᠨ ᠬᠥᠮᠥᠨ ᠺᠦᠩᠽᠢ᠎ᠶᠢ ᠳᠠᠭᠢᠵᠤ᠂ ᠡᠬᠡᠯ ᠠᠷᠠᠳ ᠺᠦᠩᠽᠢ᠎ᠶᠢ ᠲᠠᠬᠢᠬᠤ》 ᠪᠠᠢᠷᠢ ᠲᠤᠬᠳᠠᠭᠠᠯᠳᠠ᠎ᠶᠢ ᠵᠢᠩᠬᠢᠨᠢ᠎ᠪᠡᠷ ᠲᠣᠭᠲᠠᠭᠠᠭᠰᠠᠨ ᠪᠠᠢᠨ᠎ᠠ᠃ ᠡᠨᠡ ᠪᠣᠯ ᠤᠯᠠᠮᠵᠢᠯᠠᠯᠲᠤ ᠲᠠᠬᠢᠯᠭ᠎ᠠ᠎ᠶᠢᠨ ᠰᠣᠶᠣᠯ᠎ᠤᠨ ᠨᠢᠭᠡ ᠤᠳᠠᠭᠠᠨ᠎ᠤ ᠰᠢᠨ᠎ᠡ ᠡᠭᠦᠳᠦᠯᠲᠡ — ᠲᠠᠬᠢᠯᠭ᠎ᠠ᠎ᠳᠤ ᠣᠷᠣᠯᠴᠠᠭᠰᠠᠳ ᠣᠳᠣ᠌ ᠦᠶ᠎ᠡ᠎ᠶᠢᠨ ᠬᠤᠪᠴᠠᠰᠤ ᠡᠮᠦᠰᠴᠦ᠂ ᠪᠠᠶ᠎ᠠ ᠮᠡᠭᠦᠢᠨ ᠶᠣᠰᠣᠯᠠᠵᠤ᠂ ᠤᠤᠯ᠎ᠤᠨ ᠭᠠᠬᠠᠢ ᠦᠬᠡᠷ ᠬᠣᠨᠢᠨ᠎ᠤ ᠰᠢᠭᠦᠰᠦ᠎ᠪᠡᠷ ᠲᠠᠬᠢᠵᠤ ᠪᠠᠢᠭᠰᠠᠨ᠎ᠢ ᠲᠠᠪᠤᠨ ᠲᠠᠷᠢᠶ᠎ᠠ ᠪᠤᠯᠤᠨ ᠰᠢᠨ᠎ᠡ ᠰᠣᠷᠭᠣᠭ ᠵᠢᠮᠢᠰ ᠨᠣᠭᠣᠭ᠎ᠠ᠎ᠪᠡᠷ ᠲᠠᠬᠢᠬᠤ ᠪᠤᠯᠭᠠᠪᠠ᠃

2004 ᠣᠨ᠎ᠳᠤ᠂ ᠴᠢᠦᠢ ᠵᠧᠦ᠎ᠳᠦ ᠡᠷᠬᠢᠯᠡᠭᠰᠡᠨ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠡᠴᠡ ᠨᠠᠭᠠᠰᠢᠬᠢ ᠠᠩᠬᠠᠳᠠᠭ᠍ᠴᠢ ᠡᠮᠦᠨᠡᠲᠦ ᠤᠷᠤᠨ᠎ᠤ ᠺᠦᠩᠽᠢ᠎ᠶᠢᠨ ᠤᠭᠰᠠᠭ᠎ᠠ ᠲᠦᠷᠦᠯ᠎ᠤᠨ ᠲᠠᠬᠢᠯᠭ᠎ᠠ᠎ᠶᠢᠨ ᠶᠣᠰᠣᠯᠠᠯ — ᠺᠦᠩᠽᠢ᠎ᠶᠢᠨ ᠮᠡᠨᠳᠦᠯᠡᠭᠰᠡᠨ 2555 ᠵᠢᠯ᠎ᠦᠨ ᠣᠶ᠎ᠶᠢ ᠳᠤᠷᠠᠰᠬᠠᠬᠤ ᠲᠠᠬᠢᠯᠭ᠎ᠠ᠎ᠶᠢᠨ ᠶᠡᠬᠡ ᠶᠣᠰᠣᠯᠠᠯ ᠠᠮᠵᠢᠯᠲᠠ᠎ᠲᠠᠢ ᠶᠠᠪᠤᠭᠳᠠᠪᠠ᠃ ᠲᠤᠬᠠᠢ᠎ᠶᠢᠨ ᠲᠠᠯᠠᠪᠠᠢ᠎ᠳᠦ ᠶᠣᠰᠣᠯᠠᠯ ᠦᠵᠡᠭᠰᠡᠳ᠎ᠲᠦ ᠺᠦᠩᠽᠢ᠎ᠶᠢᠨ ᠬᠤᠢᠴᠢᠰ ᠪᠠ ᠡᠯ᠎ᠠ ᠡᠳᠡᠭᠡᠳ᠎ᠦᠨ ᠲᠦᠯᠦᠭᠡᠯᠡᠭᠴᠢ᠎ᠡᠴᠡ ᠭᠠᠳᠠᠨ᠎ᠠ᠂ ᠣᠯᠠᠩᠬᠢ ᠨᠢ ᠲᠤᠬᠠᠢ᠎ᠶᠢᠨ ᠭᠠᠵᠠᠷ᠎ᠤᠨ ᠬᠣᠲᠠ᠎ᠶᠢᠨ ᠠᠷᠠᠳ ᠪᠠ ᠰᠤᠷᠤᠭ᠍ᠴᠢ ᠪᠣᠯᠣᠨ᠎ᠠ᠃ ᠨᠥᠯᠥᠭᠡ ᠨᠢ ᠤᠯᠠᠮ᠎ᠡᠴᠡ ᠤᠯᠠᠮ ᠶᠡᠬᠡᠰᠬᠦ᠎ᠶᠢ ᠳᠠᠭᠠᠯᠳᠤᠨ᠂ ᠰᠡᠭᠦᠯᠳᠡᠵᠤ ᠢᠷᠡᠭᠡᠳ ᠶᠣᠰᠣᠯᠠᠯ᠎ᠳᠤ ᠨᠡᠷ᠎ᠡ ᠮᠡᠳᠡᠭᠦᠯᠬᠦ ᠬᠥᠮᠥᠨ᠎ᠦ ᠲᠣᠭ᠎ᠠ ᠨᠡᠩ ᠣᠯᠠᠰᠢᠷᠠᠪᠠ — ᠰᠢᠨ᠎ᠡ ᠶᠣᠰᠣᠯᠠᠯ ᠳᠤᠮᠳᠠ᠂ ᠤᠯᠠᠮᠵᠢᠯᠠᠯᠲᠤ ᠰᠣᠶᠣᠯ ᠬᠢᠭᠡᠳ ᠣᠲᠣ᠌ ᠦᠶ᠎ᠡ᠎ᠶᠢᠨ ᠨᠡᠢᠭᠡᠮ ᠬᠠᠷᠢᠯᠴᠠᠨ ᠠᠭᠤᠰᠤᠯᠴᠠᠵᠤ᠂ ᠰᠢᠨ᠎ᠡ᠎ᠶᠢ ᠡᠭᠦᠳᠬᠦ ᠬᠢᠬᠡᠳ ᠤᠨᠳᠤᠤᠰᠢᠬᠤ ᠬᠠᠮᠳᠤ᠎ᠪᠡᠷ ᠶᠠᠪᠤᠬᠳᠠᠵᠤ ᠪᠤᠢ᠃

2005 ᠣᠨ᠎ᠤ 6 ᠰᠠᠷ᠎ᠠ᠎ᠶᠢᠨ 20 ᠤ᠋ ᠡᠳᠦᠷ᠂ ᠰᠢ ᠵᠢᠨ ᠫᠢᠩ 《ᠬᠦᠰᠡᠯᠡᠩ ᠦᠷᠲᠡᠭ ᠰᠣᠶᠣᠯ ᠢᠷᠭᠡᠨᠰᠢᠯ᠎ᠦᠨ ᠵᠣᠷᠢᠭ᠋ ᠰᠠᠨᠠᠭ᠎ᠠ》 ᠭᠡᠬᠦ ᠭᠣᠣᠯ ᠰᠡᠳᠦᠪᠲᠦ ᠮᠡᠳᠡᠭᠦᠯᠦᠯᠲᠡ ᠬᠢᠬᠦ᠎ᠳᠡᠭᠡᠨ᠂ ᠺᠦᠩᠽᠢ᠎ᠶᠢᠨ ᠰᠤᠷᠭᠠᠯᠲᠠᠨ᠎ᠤ ᠰᠢᠳᠤᠷᠭᠤ ᠠᠴᠢᠯᠠᠯ ᠥᠷᠥᠰᠢᠶᠡᠯ ᠵᠢᠷᠤᠮ᠎ᠤᠨ ᠲᠤᠬᠠᠢ ᠡᠷᠳᠡᠨ᠎ᠤ ᠬᠢ᠎ᠶᠢ ᠡᠳᠦᠭᠡ᠎ᠲᠠᠢ ᠤᠶᠠᠯᠳᠤᠭᠤᠯᠤᠨ ᠲᠠᠢᠯᠪᠤᠷᠢᠯᠠᠯᠲᠠ ᠬᠢᠵᠡᠢ᠄ 《ᠰᠢᠳᠤᠷᠭᠤ ᠪᠣᠯ ᠳᠠᠷᠤᠢ ᠤᠯᠤᠰ ᠲᠠᠭᠠᠨ ᠬᠠᠷᠢᠭᠤᠴᠠᠬᠤ ᠶᠠᠪᠤᠳᠠᠯ ᠮᠦᠨ; ᠠᠴᠢᠯᠠᠯ ᠪᠤᠯ ᠳᠠᠷᠤᠢ ᠲᠥᠷᠥᠯ ᠰᠠᠳᠤᠨ᠎ᠳᠠᠭᠠᠨ ᠬᠠᠷᠢᠭᠤᠴᠠᠬᠤ ᠶᠠᠪᠤᠳᠠᠯ ᠮᠦᠨ; ᠥᠷᠥᠰᠢᠶᠡᠯ ᠲᠠᠢ ᠬᠥᠮᠥᠨ ᠪᠤᠰᠤᠳ᠎ᠢ ᠬᠠᠢᠷᠠᠯᠠᠨ᠎ᠠ᠂ ᠥᠷᠥᠰᠢᠶᠡᠯ ᠪᠣᠯ ᠳᠠᠷᠤᠢ ᠲᠦᠭᠡᠮᠡᠯ ᠬᠠᠢᠷ᠎ᠠ ᠮᠥᠨ᠂ ᠥᠷᠥᠰᠢᠶᠡᠯ ᠪᠣᠯ ᠳᠠᠷᠤᠢ ᠪᠤᠰᠤᠳ ᠬᠥᠮᠥᠨ ᠪᠠ ᠨᠡᠢᠭᠡᠮ᠎ᠳᠦ ᠬᠠᠷᠢᠭᠤᠴᠠᠬᠤ ᠶᠠᠪᠤᠳᠠᠯ ᠮᠦᠨ; ᠵᠢᠷᠤᠮ ᠪᠤᠯ ᠳᠠᠷᠤᠢ ᠥᠪᠡᠷ᠎ᠦᠨ ᠪᠡᠶ᠎ᠡ᠎ᠳᠡᠭᠡᠨ ᠬᠠᠷᠢᠭᠤᠴᠠᠬᠤ ᠶᠠᠪᠤᠳᠠᠯ ᠮᠦᠨ》᠂ ᠡᠨᠡ ᠪᠣᠯ ᠪᠠᠰᠠ ᠴᠤ᠌ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠳᠡᠭᠡᠳᠦ ᠬᠡᠮᠵᠢᠶᠡᠨ᠎ᠦ ᠢᠯᠡᠷᠡᠯ ᠮᠥᠨ᠃

2014 ᠣᠨ᠎ᠳᠤ᠂ ᠺᠦᠩᠽᠢ᠎ᠶᠢᠨ ᠮᠡᠨᠳᠦᠯᠡᠭᠰᠡᠨ 2565 ᠵᠢᠯ᠎ᠦᠨ ᠤᠢ᠎ᠶᠢ ᠳᠤᠷᠠᠰᠬᠠᠬᠤ ᠤᠯᠠᠨ ᠤᠯᠤᠰ᠎ᠤᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠄ 《ᠰᠢᠯᠢᠳᠡᠭ ᠤᠯᠠᠮᠵᠢᠯᠠᠯᠲᠤ ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ᠎ᠦ ᠤᠯᠠᠮᠵᠢᠯᠠᠯ ᠪᠠ ᠬᠥᠭᠵᠢᠯᠲᠡ᠎ᠶᠢᠨ ᠦᠨᠳᠦᠰᠦ ᠮᠥᠨ᠂ ᠬᠡᠷᠪᠡ ᠲᠡᠭᠦᠨ᠎ᠢ ᠤᠷᠬᠢᠪᠠᠯ ᠤᠶᠤᠨ ᠰᠠᠨᠠᠭᠠᠨ᠎ᠤ ᠠᠮᠢᠨ ᠰᠤᠳᠠᠰᠤ᠎ᠪᠠᠨ ᠲᠠᠰᠤᠯᠬᠤ ᠪᠣᠯᠣᠨ᠎ᠠ》᠂ 《ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ ᠤᠨᠳᠤᠤᠰᠢᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠭᠦᠯᠬᠦ᠎ᠶᠢ ᠴᠢᠷᠮᠠᠢᠨ ᠪᠡᠶᠡᠯᠡᠭᠦᠯᠵᠦ᠂ ᠲᠡᠭᠦᠨ᠎ᠢ ᠠᠬᠤᠢ ᠴᠠᠭ᠎ᠤᠨ ᠰᠣᠶᠣᠯ᠎ᠲᠠᠢ ᠤᠶᠠᠯᠳᠤᠭᠤᠯᠤᠨ ᠨᠡᠪᠲᠡᠷᠡᠯᠴᠡᠭᠦᠯᠵᠦ᠂ ᠰᠣᠶᠣᠯ ᠵᠢᠡᠷ ᠬᠦᠮᠦᠨ᠎ᠢ ᠬᠦᠮᠦᠵᠢᠭᠦᠯᠬᠦ ᠴᠠᠭ ᠦᠶ᠎ᠡ᠎ᠶᠢᠨ ᠡᠭᠦᠷᠭᠡ᠎ᠳᠦ ᠬᠠᠮᠲᠤ᠎ᠪᠠᠷ ᠦᠢᠯᠡᠴᠢᠯᠡᠭᠦᠯᠬᠦ ᠬᠡᠷᠡᠭᠲᠡᠢ》 ᠭᠡᠵᠤ ᠵᠢᠭᠠᠵᠤ ᠭᠠᠷᠭᠠᠵᠠᠢ᠃

ᠰᠡᠳᠬᠢᠯ ᠳ᠋ᠡᠭᠡᠨ ᠠᠷᠠᠳ ᠲᠦᠮᠡᠨ᠎ᠢ ᠪᠤᠳᠤᠬᠤ ᠦᠭᠡᠢ ᠪᠣᠯ ᠠᠯᠪᠠᠨ ᠲᠤᠰᠢᠶᠠᠯᠳᠠᠨ ᠪᠤᠯᠬᠤ ᠬᠡᠷᠡᠭ ᠦᠭᠡᠢ᠃ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠷᠠᠳ ᠲᠦᠮᠡᠨ᠎ᠳᠦ ᠦᠢᠯᠡᠴᠢᠯᠡᠬᠦ ᠵᠣᠷᠢᠯᠲᠠ᠎ᠡᠴᠡ ᠡᠭᠦᠰᠴᠦ᠂ ᠡᠷᠲᠡᠨ᠎ᠦ ᠮᠡᠷᠭᠡᠳ᠎ᠦᠨ ᠬᠥᠮᠥᠨ ᠪᠣᠯᠬᠤ ᠶᠣᠰᠣ᠌ ᠰᠤᠷᠲᠠᠬᠤᠨ᠂ ᠠᠯᠪᠠᠨ ᠲᠤᠰᠢᠶᠠᠯᠳᠠᠨ ᠰᠠᠭᠤᠬᠤ ᠶᠣᠰᠣ᠌ ᠵᠢᠷᠦᠮ᠎ᠢ ᠰᠢᠩᠭᠡᠭᠡᠨ ᠠᠪᠴᠠᠢ᠃ ᠨᠠᠮ᠎ᠤᠨ ᠭᠡᠰᠢᠭᠦᠨ ᠺᠠᠳ᠋ᠷᠴᠤᠳ᠎ᠢ ᠦᠵᠡᠯ ᠰᠠᠨᠠᠭᠠᠨ᠎ᠤ ᠲᠠᠯ᠎ᠠ᠎ᠪᠠᠷ 《ᠶᠠᠭᠤᠨ᠎ᠳᠤ ᠨᠠᠮ᠎ᠳᠤ ᠣᠷᠣᠭᠰᠠᠨ᠂ 〈ᠨᠤᠶᠠᠨ〉 ᠰᠠᠭᠤᠪᠠᠯ ᠶᠠᠭᠤ ᠬᠢᠬᠦ᠂ ᠬᠤᠵᠢᠮ ᠶᠠᠭᠤ ᠦᠯᠡᠳᠡᠭᠡᠵᠦ ᠦᠭᠬᠦ》 ᠬᠡᠬᠦ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃

2003 ᠣᠨ᠎ᠤ 6 ᠰᠠᠷ᠎ᠠ᠎ᠶᠢᠨ 12᠎ᠦᠨ ᠡᠳᠦᠷ᠂ ᠰᠢ ᠵᠢᠨ ᠫᠢᠩ ᠶᠦᠩ ᠺᠠᠩ᠎ᠤᠨ ᠹᠠᠩ ᠶᠠᠨ᠎ᠳᠠᠬᠢ ᠬᠤ᠌ ᠽᠸ᠎ᠶᠢᠨ ᠰᠦᠮ᠎ᠡ᠎ᠳᠦ ᠬᠦᠷᠴᠦ ᠰᠢᠨᠵᠢᠯᠡᠨ ᠪᠠᠢᠴᠠᠭᠠᠪᠠ᠃ ᠰᠦᠮ᠎ᠡ᠎ᠶᠢᠨ ᠭᠠᠳᠠᠨᠠᠬᠢ ᠬᠡᠷᠡᠮ ᠳᠡᠭᠡᠷ᠎ᠡ 《ᠠᠯᠪᠠᠨ ᠲᠤᠰᠢᠶᠠᠯᠳᠠᠨ ᠪᠤᠯᠪᠠᠰᠤ ᠠᠷᠠᠳ ᠲᠦᠮᠡᠨ᠎ᠳᠦ ᠪᠤᠶᠠᠨ ᠦᠢᠯᠡᠳᠦᠮᠦᠢ》 ᠭᠡᠰᠡᠨ ᠦᠰᠦᠭ ᠢᠯᠡᠬᠡᠨ ᠬᠠᠷᠠᠭᠳᠠᠨ᠎ᠠ᠂ ᠡᠨᠳᠡ ᠳᠤᠷᠠᠰᠬᠠᠵᠤ ᠪᠠᠢᠭ᠎ᠠ ᠨᠢ ᠤᠮᠠᠷᠠᠲᠤ ᠰᠦᠩ ᠤᠯᠤᠰ᠎ᠤᠨ ᠦᠶ᠎ᠠ᠎ᠶᠢᠨ ᠠᠷᠢᠭᠤᠨ ᠴᠢᠭᠡᠴᠢ ᠠᠯᠪᠠᠨ ᠲᠤᠰᠢᠶᠠᠯᠳᠠᠨ ᠬᠤ᠌ ᠽᠧ ᠪᠣᠯᠣᠨ᠎ᠠ᠃

ᠡᠨᠡ ᠬᠦ᠌ ᠨᠠᠢ᠍ᠮᠠᠨ ᠦᠰᠦᠭ᠎ᠢ ᠰᠢᠷᠳᠠᠵᠤ᠂ ᠰᠢ ᠵᠢᠨ ᠫᠢᠩ᠄ 《ᠪᠢ ᠨᠢᠩᠳ᠋ᠸ᠎ᠳᠦ ᠱᠦᠵᠢ᠎ᠶᠢᠨ ᠲᠤᠰᠢᠶᠠᠯ᠎ᠢ ᠡᠬᠦᠷᠭᠡᠯᠡᠵᠤ ᠪᠠᠢᠬᠤ ᠬᠤᠭᠤᠴᠠᠭᠠᠨ᠎ᠳᠤ᠂ ᠺᠠᠳ᠋ᠷᠴᠤᠳ᠎ᠲᠤ 〈ᠬᠠᠮᠢᠭ᠎ᠠ ᠨᠤᠶᠠᠨ ᠰᠠᠭᠤᠪᠡᠯ ᠲᠡᠨᠳᠠ ᠪᠤᠶᠠᠨ ᠦᠢᠯᠡᠳᠤᠨ᠎ᠠ〉 ᠭᠡᠬᠦ ᠤᠷᠢᠶᠠᠯᠠᠭ᠎ᠠ ᠭᠠᠷᠭᠠᠵᠤ ᠦᠨᠭᠭᠡᠷᠡᠪᠡ᠂ ᠪᠢ ᠡᠨᠡ ᠬᠦ᠌ ᠤᠷᠢᠶᠠᠯᠠᠭ᠎ᠠ᠎ᠶᠢ ᠦᠪᠡᠷ᠎ᠢᠶᠡᠨ ᠬᠢᠴᠢᠶᠡᠨ ᠵᠢᠷᠤᠮᠯᠠᠭᠰᠠᠭᠠᠷ ᠢᠷᠡᠵᠡᠢ》 ᠭᠡᠪᠡ᠃

《ᠦᠷᠤᠰᠢᠶᠠᠯ ᠬᠠᠢᠷ᠎ᠠ ᠰᠢᠳᠤᠷᠭᠤ ᠵᠢᠷᠤᠮ ᠵᠢᠡᠷ ᠠᠷᠠᠳ ᠲᠦᠮᠨᠨ᠎ᠳᠦ ᠪᠤᠶᠠᠨ ᠦᠢᠯᠡᠳᠤᠨ᠎ᠠ》᠂ ᠰᠢ ᠵᠢᠨ ᠫᠢᠩ ᠬᠣ᠌ ᠽᠸ᠎ᠶᠢᠨ ᠰᠦᠮ᠎ᠠ᠎ᠶᠢᠨ ᠲᠤᠮᠳᠠ ᠬᠠᠷᠰᠢ᠎ᠶᠢᠨ ᠡᠮᠦᠨ᠎ᠡ ᠡᠬᠦᠳᠡᠨ᠎ᠳᠠᠬᠢ ᠬᠣᠣᠰ ᠤᠶᠠᠩᠭ᠎ᠠ᠎ᠶᠢ ᠳᠠᠬᠢᠨ ᠳᠠᠪᠲᠠᠨ ᠤᠩᠰᠢᠵᠤ᠂ ᠲᠤᠬᠠᠢ᠎ᠶᠢᠨ ᠭᠠᠵᠠᠷ᠎ᠤᠨ ᠺᠠᠳ᠋ᠷᠴᠤᠳ᠎ᠢ᠋ ᠤᠯᠠᠮ ᠨᠢᠭᠡ ᠠᠯᠬᠤᠮ ᠵᠢᠯᠤᠭᠤᠳᠴᠤ᠄ 《ᠡᠨᠡ ᠪᠣᠯ ᠪᠠᠰᠠ ᠴᠤ᠌ ᠲᠠ ᠨᠠᠷ᠎ᠤᠨ ᠠᠵᠢᠯ᠎ᠤᠨ ᠬᠠᠷᠠᠯᠲᠠ ᠮᠥᠨ》 ᠭᠡᠪᠡ᠃

ᠠᠷᠠᠳ ᠲᠦᠮᠡᠨ ᠪᠣᠯ ᠲᠦᠷᠦ ᠬᠦᠷᠤᠨ ᠤ᠋ ᠦᠨᠳᠦᠰᠦ ᠮᠥᠨ᠂ ᠵᠠᠰᠠᠭ ᠪᠠᠷᠢᠬᠤ᠎ᠳᠦ ᠶᠤᠰᠤ ᠮᠤᠷᠠᠯ ᠵᠢᠡᠷ ᠰᠠᠭᠤᠷᠢ ᠪᠤᠯᠭᠠᠵᠤ ᠪᠠᠢᠬᠤ ᠨᠢ ᠶᠠᠭ ᠮᠠᠷᠺᠰ᠎ᠤᠨ ᠦᠵᠡᠯ᠎ᠦᠨ ᠤᠯᠠᠨ ᠲᠦᠮᠡᠨᠴᠢ ᠦᠵᠡᠯᠲᠡ᠎ᠲᠠᠢ ᠨᠡᠢᠴᠡᠵᠦ᠂ ᠮᠠᠨ᠎ᠤ ᠨᠠᠮ᠎ᠤᠨ 《ᠠᠷᠠᠳ ᠲᠦᠮᠡᠨ᠎ᠢ ᠳᠡᠭᠡᠳᠦᠯᠡᠬᠦ》 ᠤᠯᠤᠰ ᠲᠦᠷᠦ᠎ᠶᠢᠨ ᠦᠵᠡᠯᠲᠡ᠎ᠲᠠᠢ ᠨᠡᠢᠴᠡᠵᠦ ᠪᠠᠢᠬᠤ ᠪᠢᠰᠢᠦ? ᠶᠠᠭ ᠰᠠᠢᠬᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠯᠤᠰ ᠲᠦᠷᠤ᠎ᠶᠢᠨ ᠦᠢᠯᠡᠳᠦᠯᠭᠡ᠎ᠳᠦ ᠬᠡᠷᠡᠭᠯᠡᠵᠦ ᠪᠣᠯᠬᠤ ᠪᠢᠰᠢᠦ?

ᠬᠣ᠌ ᠽᠸ᠎ᠶᠢᠨ ᠰᠦᠮ᠎ᠡ᠎ᠡᠴᠡ ᠭᠠᠷᠴᠤ ᠢᠷᠡᠭᠡᠳ᠂ ᠲᠢᠶᠠᠨ ᠵᠢᠶᠸ ᠵᠡᠭᠡᠯᠢ᠎ᠪᠠᠷ ᠠᠯᠬᠤᠯᠠᠨ ᠶᠠᠪᠤᠬᠤ᠎ᠳᠠᠭᠠᠨ᠂ ᠰᠢ ᠵᠢᠨ ᠫᠢᠩ᠄ 《ᠬᠣ᠌ ᠽᠸ〈ᠬᠥᠷᠰᠢ ᠲᠠᠢ᠎ᠪᠡᠨ ᠡᠶᠡᠯᠳᠡᠭ ᠪᠠᠢᠵᠤ ᠬᠤᠯᠠᠳᠠᠬᠢᠨ᠎ᠢ ᠲᠤᠷᠠᠰᠬᠤ〉᠎ᠶᠢ ᠵᠣᠷᠢᠪᠠ᠂ ᠪᠢᠳᠡ ᠥᠨᠥᠳᠥᠷ ᠭᠠᠳᠠᠭᠠᠳᠤ᠎ᠲᠠᠢ ᠬᠠᠮᠲᠤᠷᠠᠯᠴᠠᠬᠤ᠎ᠶᠢ ᠴᠢᠬᠤᠯᠠᠴᠢᠯᠠᠪᠠ; ᠬᠣ᠌ ᠽᠸ 〈ᠬᠦᠮᠦᠨ ᠠᠮᠠ᠎ᠶᠢᠨ ᠭᠠᠢᠯᠢ᠎ᠶᠢ ᠬᠠᠰᠤᠵᠤ ᠬᠡᠯᠲᠦᠷᠢᠭᠦᠯᠬᠦ〉᠎ᠶᠢ ᠱᠠᠭᠠᠷᠳᠠᠪᠠ᠂ ᠪᠢᠳᠡ ᠤᠳᠤ ᠲᠠᠷᠢᠶᠠᠴᠢᠳ᠎ᠤᠨ ᠳᠠᠷᠤᠭᠠᠰᠤ᠎ᠶᠢ ᠬᠥᠩᠭᠡᠷᠡᠬᠦᠯᠬᠦ ᠪᠡᠷ᠎ᠴᠢᠷᠮᠠᠢᠵᠤ ᠪᠠᠢᠨ᠎ᠠ᠃ ᠬᠣ᠌ ᠽᠸ᠎ᠶᠢᠨ ᠪᠡᠶ᠎ᠡ ᠳᠡᠭᠡᠷ᠎ᠡ ᠡᠭᠦᠷᠭᠡ ᠲᠤᠰᠢᠶᠠᠯ᠎ᠢᠶᠠᠨ ᠬᠢᠴᠢᠶᠡᠩᠭᠦᠢᠯᠡᠨ ᠭᠦᠢᠴᠡᠳᠬᠡᠵᠦ᠂ ᠠᠷᠠᠳ ᠲᠦᠮᠡᠨ᠎ᠦ ᠲᠥᠯᠥᠭᠡ ᠤᠶᠤᠨ ᠴᠢᠳᠠᠯ᠎ᠢᠶᠠᠨ ᠰᠢᠪᠬᠠᠨ ᠵᠠᠰᠠᠭ ᠪᠠᠷᠢᠬᠤ ᠣᠢᠯᠠᠭᠠᠭᠳᠠᠬᠤᠨ᠎ᠢ ᠢᠯᠡᠷᠡᠭᠦᠯᠵᠦ᠂ ᠠᠷᠠᠳ ᠢᠷᠭᠡᠳ᠎ᠲᠦ ᠦᠨᠡᠨ ᠪᠣᠳᠠᠲᠠᠢ ᠰᠠᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠵᠤ ᠦᠭᠬᠦᠭᠰᠡᠨ᠎ᠢᠶᠡᠷ ᠠᠷᠠᠳ ᠢᠷᠭᠡᠳ ᠣᠳᠣ᠌ ᠪᠣᠯᠲᠠᠯ᠎ᠠ ᠲᠡᠭᠦᠨ᠎ᠢ ᠴᠡᠭᠡᠵᠢᠯᠡᠭᠰᠡᠭᠡᠷ ᠪᠠᠢᠨ᠎ᠠ ᠁》 ᠭᠡᠵᠤ ᠴᠢᠩ ᠰᠡᠳᠬᠢᠯ᠎ᠡᠴᠡ ᠪᠡᠨ ᠰᠠᠨᠠᠭᠤᠯᠤᠨ ᠰᠤᠷᠭᠠᠪᠠ᠃

ᠹᠠᠩ ᠶᠠᠨ ᠱᠠᠨ ᠠᠭᠤᠯᠠᠨ᠎ᠠ ᠠᠯᠤᠰ᠎ᠢ ᠪᠠᠷᠠᠯᠠᠬᠤᠶ᠎ᠠ᠂ ᠤᠯᠠᠪᠤᠷ ᠨᠠᠷᠠᠨ᠎ᠤ ᠬᠡᠷᠡᠯ᠎ᠳᠦ ᠠᠭᠤᠯᠠᠨ ᠣᠷᠭᠢᠯ ᠠᠮᠤ᠎ᠶᠢᠨ ᠬᠦᠮᠦᠷᠬᠡ ᠬᠡᠮᠡᠷ ᠬᠠᠷᠠᠬᠳᠠᠨ᠎ᠠ᠃

《ᠠᠳᠬᠤᠨ᠎ᠳᠠᠭᠠᠨ ᠠᠮᠤ ᠲᠠᠢ ᠪᠤᠯ ᠪᠠᠯᠠᠳᠠᠬᠤ ᠦᠭᠡᠢ᠃ ᠡᠨᠳᠡᠬᠢ᠎ᠶᠢ 〈ᠲᠡᠭᠷᠢ᠎ᠶᠢᠨ ᠳᠣᠣᠷᠠᠬᠢ ᠠᠮᠤ᠎ᠶᠢᠨ ᠰᠠᠩ〉 ᠭᠡᠮᠡᠳᠡᠭ》᠃ ᠰᠢ ᠵᠢᠨ ᠫᠢᠩ ᠭᠠᠷ ᠡᠷᠭᠦᠨ ᠠᠭᠤᠯᠠ ᠨᠢᠷᠤᠭᠤᠳ᠎ᠢ ᠵᠢᠭᠠᠵᠤ᠂ 《ᠲᠡᠭᠷᠢ᠎ᠶᠢᠨ ᠳᠣᠣᠷᠠᠬᠢ ᠠᠮᠤ᠎ᠶᠢᠨ ᠰᠠᠩ᠂ ᠠᠷᠠᠳ ᠢᠷᠭᠡᠳ ᠪᠠᠶᠠᠨ ᠴᠢᠨᠡᠭᠡᠯᠢᠭ ᠪᠠᠢᠬᠤ ᠨᠢ ᠴᠢᠪ ᠬᠡᠮᠡᠨ ᠮᠠᠨ᠎ᠤ ᠡᠪ ᠬᠠᠮᠲᠤᠴᠤᠳ᠎ᠤᠨ ᠬᠦᠰᠡᠯ ᠬᠥᠭᠡᠭᠡᠴᠡᠯᠳᠦᠯ ᠪᠢᠰᠢ ᠦᠦ⁈》 ᠭᠡᠪᠡ᠃

ᠬᠠᠮᠢᠭ᠎ᠠ ᠨᠤᠶᠠᠨ ᠰᠠᠭᠤᠪᠡᠯ ᠲᠡᠨᠳᠡ ᠪᠤᠶᠠᠨ ᠦᠢᠯᠡᠳᠤᠨ᠎ᠠ᠃ ᠲᠡᠭᠷᠢ᠎ᠶᠢᠨ ᠳᠣᠣᠷᠠᠬᠢ ᠠᠮᠤ᠎ᠶᠢᠨ ᠰᠠᠩ᠂ ᠠᠷᠠᠳ ᠢᠷᠭᠡᠳ ᠪᠠᠶᠠᠨ ᠴᠢᠨᠡᠭᠡᠯᠢᠭ᠃ ᠦᠨᠭᠭᠡᠷᠡᠭᠰᠡᠨ᠎ᠢ ᠮᠡᠳᠡᠮᠡᠨᠵᠢᠨ ᠰᠠᠶᠢ ᠢᠷᠡᠭᠡᠳᠤᠢ᠎ᠶᠢᠨ ᠴᠢᠭᠯᠡᠯ ᠲᠤᠳᠤᠷᠬᠠᠢ ᠪᠤᠯᠤᠨ᠎ᠠ᠂ ᠨᠢᠭᠡᠨ ᠳᠤᠮᠳᠠᠳᠤ ᠤᠯᠤᠰ᠎ᠤᠨ ᠮᠠᠷᠺᠰ᠎ᠤᠨ ᠦᠵᠡᠯᠲᠡᠨ᠎ᠦ ᠳᠡᠯᠡᠬᠡᠢ ᠳ᠋ᠠᠬᠢᠨ᠎ᠤ ᠲᠦᠯᠦᠬᠡ ᠬᠡᠬᠦ ᠬᠠᠢᠷ᠎ᠠ ᠰᠡᠳᠬᠢᠯᠭᠡ᠂ ᠠᠷᠠᠳ ᠲᠦᠮᠡᠨ᠎ᠦ ᠲᠦᠯᠦᠬᠡ ᠬᠡᠬᠦ ᠬᠠᠢᠷ᠎ᠠ ᠰᠡᠳᠬᠢᠯᠭᠡ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠦᠨᠳᠦᠰᠦᠯᠡᠵᠦ᠂ ᠬᠥᠬᠡᠮᠳᠦᠭ ᠨᠣᠭᠣᠭᠠᠨ ᠠᠭᠤᠯᠠ ᠤᠰᠤ᠎ᠶᠢᠨ ᠳᠤᠮᠳᠠ ᠲᠤᠰᠬᠠᠭᠳᠠᠨ᠎ᠠ᠃

2004 ᠣᠨ᠎ᠳᠤ᠂ ᠰᠢ ᠵᠢᠨ ᠫᠢᠩ ᠤᠳᠬ᠎ᠠ ᠵᠣᠬᠢᠶᠠᠯ᠂ ᠲᠡᠦᠬᠡ᠂ ᠭᠦᠨ ᠤᠬᠠᠭᠠᠨ ᠵᠡᠷᠭᠡ ᠰᠣᠶᠣᠯ ᠢᠷᠭᠡᠨᠰᠢᠯ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠬᠢᠴᠢᠶᠡᠯ ᠵᠢᠭᠠᠯᠭᠠᠪᠠ᠃ ᠬᠢᠴᠢᠶᠡᠯ᠎ᠤᠨ ᠠᠭᠤᠯᠭ᠎ᠠ᠎ᠳᠦ ᠥᠷᠥᠨᠡᠳᠠᠬᠢᠨ᠎ᠤ ᠭᠦᠨ ᠤᠬᠠᠭᠠᠨ᠂ ᠮᠠᠷᠺᠰ᠎ᠤᠨ ᠦᠵᠡᠯ᠎ᠦᠨ ᠬᠤᠪᠢᠰᠤᠩᠭᠤᠢ ᠠᠷᠭ᠎ᠠ ᠵᠡᠷᠬᠡ ᠪᠠᠭᠲᠠᠨ᠎ᠠ᠂ ᠪᠠᠰᠠ ᠳᠤᠮᠳᠠᠳᠤ ᠤᠯᠤᠰ᠎ᠤᠨ ᠭᠦᠨ ᠤᠬᠠᠭᠠᠨ ᠪᠠ ᠵᠧᠵᠢᠶᠠᠩ᠎ᠤᠨ ᠤᠬᠠᠭᠠᠨ ᠪᠤᠢ —

《ᠳᠤᠮᠳᠠᠳᠤ ᠤᠯᠤᠰ᠎ᠤᠨ ᠭᠦᠨ ᠤᠬᠠᠭᠠᠨ ᠪᠠ ᠵᠧᠵᠢᠶᠠᠩ᠎ᠤᠨ ᠤᠬᠠᠭᠠᠨ᠎ᠤ ᠬᠤᠰᠢᠭᠤᠷᠠᠯ ᠠᠰᠠᠭᠤᠳᠠᠯ᠎ᠢ ᠶᠠᠷᠢᠬᠤ ᠦᠶ᠎ᠠ᠎ᠳᠦ ᠪᠢ ᠨᠠᠷᠢᠨ ᠬᠢᠨᠠᠮᠠᠭᠠᠢ ᠪᠡᠯᠡᠳᠬᠡᠵᠦ᠂ ᠲᠦᠮᠡ ᠭᠠᠷᠤᠢ ᠦᠰᠦᠭ᠎ᠦᠨ ᠡᠬᠡ ᠪᠢᠴᠢᠭ ᠪᠢᠴᠢᠪᠡ᠃ ᠬᠢᠴᠢᠶᠡᠯ ᠤᠷᠤᠬᠤ ᠦᠶ᠎ᠠ᠎ᠳᠦ᠂ ᠲᠡᠷᠡ ᠨᠠᠷᠢᠨ ᠬᠢᠨᠠᠮᠠᠭᠠᠢ ᠰᠣᠨᠣᠰᠴᠤ᠂ ᠲᠡᠮᠳᠡᠭᠯᠡᠯ ᠬᠢᠵᠦ᠂ ᠪᠠᠢᠨ ᠪᠠᠢᠨ ᠠᠰᠠᠭᠤᠯᠲᠠ ᠠᠰᠠᠭᠤᠵᠤ᠂ ᠪᠢᠳᠡ ᠬᠥᠭᠵᠢᠶᠡᠨ ᠲᠡᠢ ᠶᠠᠷᠢᠯᠴᠠᠵᠤ ᠪᠠᠢᠯ᠎ᠠ ᠁》 

ᠵᠧᠵᠢᠶᠠᠩ ᠮᠤᠵᠢ᠎ᠶᠢᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠭᠦᠨ ᠤᠬᠠᠭᠠᠨ ᠰᠤᠳᠤᠯᠬᠤ ᠭᠠᠵᠠᠷ᠎ᠤᠨ ᠰᠤᠳᠤᠯᠤᠭ᠍ᠴᠢ ᠦ᠋ ᠭᠤᠸᠠᠩ ᠲᠤᠬᠠᠢ᠎ᠶᠢᠨ ᠦᠶ᠎ᠡ᠎ᠶᠢᠨ ᠮᠠᠷᠳᠠᠬᠳᠠᠰᠢ ᠦᠭᠡᠢ ᠨᠠᠨᠳᠢᠨ ᠬᠤᠷᠤᠮ᠎ᠢ ᠡᠷᠬᠢᠴᠡᠬᠦᠯᠤᠨ᠎ᠠ᠃

ᠳᠠ ᠢᠦᠢ᠎ᠶᠢᠨ 《ᠪᠠᠢᠳᠠᠯ᠎ᠳᠦᠨᠢ ᠲᠣᠬᠢᠷᠠᠭᠤᠯᠤᠨ ᠬᠥᠲᠥᠯᠥᠨ ᠵᠢᠯᠤᠭᠣᠳᠬᠤ》 ᠡᠴᠡ᠂ ᠸᠠᠩ ᠶᠠᠩ ᠮᠢᠩ᠎ᠦᠨ 《ᠮᠡᠳᠡᠬᠦᠢ ᠬᠢᠬᠦᠢ᠎ᠶᠢ ᠨᠢᠭᠡᠳᠬᠡᠬᠦ》 ᠬᠦᠷᠲᠡᠯ᠎ᠡ᠂ ᠴᠧᠨ ᠯᠢᠶᠠᠩ᠂ ᠶᠧ ᠱᠢ᠎ᠶᠢᠨ 《ᠡᠷᠳᠡᠮ ᠰᠢᠨᠵᠢᠯᠡᠬᠡᠨ ᠨᠢ ᠤᠯᠤᠰ ᠬᠡᠷ᠎ᠤᠨ ᠠᠰᠢᠭ ᠲᠤᠰᠠ᠎ᠳᠦ ᠦᠢᠯᠡᠴᠢᠯᠡᠬᠦ》 ᠬᠦᠷᠳᠡᠯ᠎ᠡ ᠁ ᠤᠷᠢᠳᠤᠬᠢ ᠮᠡᠷᠭᠡᠳ᠎ᠦᠨ ᠦᠵᠡᠯ ᠰᠠᠨᠠᠭ᠎ᠠ ᠨᠢ ᠤᠳᠤᠨ ᠮᠡᠴᠢᠳ ᠮᠡᠲᠦ ᠭᠢᠯᠠᠯᠵᠠᠵᠤ᠂ ᠡᠷᠲᠡᠨ ᠡᠳᠦᠭᠡ᠎ᠶᠢᠨ ᠤᠶᠤᠨ ᠤᠬᠠᠭᠠᠨ᠎ᠢ ᠨᠡᠪᠲᠡᠷᠡᠯᠴᠡᠬᠦᠯᠪᠡ᠃ ᠮᠡᠷᠭᠡᠳ᠎ᠦᠨ ᠤᠶᠦᠠ ᠤᠬᠠᠭᠠᠨ᠎ᠢ ᠬᠡᠷᠬᠢᠨ ᠨᠠᠮ᠎ᠤᠨ ᠤᠳᠤᠷᠢᠳᠤᠭᠰᠠᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠪᠤᠢ? ᠬᠡᠷᠬᠢᠨ ᠨᠢᠭᠡᠨ ᠰᠢᠨ᠎ᠡ ᠰᠣᠶᠣᠯ᠎ᠤᠨ ᠠᠮᠢ ᠨᠠᠰᠤᠨ ᠤ᠋ ᠰᠢᠰᠲᠸᠮ᠎ᠢ ᠪᠦᠷᠢᠯᠳᠦᠬᠦᠯᠬᠦ ᠪᠤᠢ? ᠠᠯᠢ ᠤᠯᠠᠨ ᠰᠤᠷᠤᠯᠴᠠᠯᠭ᠎ᠠ᠂ ᠪᠠᠢᠴᠠᠭᠠᠨ ᠰᠤᠳᠤᠯᠤᠯᠲᠠ᠂ ᠦᠢᠯᠡᠳᠦᠯᠭᠡ᠎ᠪᠡᠷ ᠲᠠᠮᠵᠢᠨ᠂ ᠰᠢ ᠵᠢᠨ ᠫᠢᠩ᠎ᠦᠨ ᠬᠠᠷᠠᠭᠠᠰᠤ᠂ ᠪᠣᠳᠣᠯᠬᠢᠯᠠᠯ ᠨᠢ ᠨᠡᠩ ᠠᠯᠤᠰ ᠬᠡᠳᠦ᠎ᠶᠢᠨ ᠦᠷᠬᠡᠵᠢᠯᠳᠠ᠎ᠶᠢ ᠪᠡᠶᠡᠯᠡᠬᠦᠯᠪᠡ —

ᠲᠡᠷᠡ 《ᠬᠣᠶᠠᠷ ᠭᠠᠷ》᠎ᠡᠴᠡ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠬᠠᠷᠠᠪᠠ — ᠮᠠᠷᠺᠰ᠎ᠤᠨ ᠦᠵᠡᠯ᠎ᠦᠨ ᠤᠯᠤᠰ ᠲᠦᠷᠦ ᠠᠵᠤ ᠠᠬᠤᠢ᠎ᠶᠢᠨ ᠤᠬᠠᠭᠠᠨ ᠪᠣᠯᠣᠨ ᠳᠤᠮᠳᠠᠳᠤ ᠤᠯᠤᠰ᠎ᠤᠨ ᠤᠯᠠᠮᠵᠢᠯᠠᠯᠲᠤ ᠭᠦᠨ ᠤᠬᠠᠭᠠᠨ᠎ᠤ 《ᠵᠢᠳᠬᠦᠯ ᠴᠢᠷᠮᠠᠢᠯᠭ᠎ᠠ ᠦᠭᠡᠢ》 ᠪᠠ 《ᠵᠢᠳᠬᠦᠯ ᠴᠢᠷᠮᠠᠢᠯᠭ᠎ᠠ᠎ᠲᠠᠢ》 ᠪᠠᠢᠬᠤ ᠦᠵᠡᠯ ᠰᠠᠨᠠᠭᠠᠨ᠎ᠤ ᠤᠬᠢ ᠰᠣᠳᠣ᠌᠎ᠶᠢᠨ ᠳᠤᠮᠳᠠ᠂ ᠵᠠᠰᠠᠭ᠎ᠤᠨ ᠣᠷᠳᠣᠨ᠎ᠤ 《ᠵᠢᠳᠬᠦᠯ ᠴᠢᠷᠮᠠᠢᠯᠭ᠎ᠠ᠎ᠲᠠᠢ》 ᠪᠠᠢᠬᠤ ᠪᠠ ᠵᠠᠬ᠎ᠠ ᠳᠡᠯᠭᠡᠭᠦᠷ᠎ᠦᠨ 《ᠦᠷ᠎ᠠ ᠪᠦᠲᠦᠮᠵᠢᠲᠡᠢ》 ᠪᠠᠢᠬᠤ᠎ᠶᠢᠨ ᠬᠤᠪᠢᠰᠤᠩᠭᠤᠢ ᠬᠠᠷᠢᠴᠠᠭ᠎ᠠ᠎ᠶᠢ ᠭᠦᠨᠵᠡᠭᠡᠢ ᠪᠣᠳᠣᠯᠬᠢᠯᠠᠵᠤ᠂ 《ᠦᠵᠡᠭᠳᠡᠬᠦ ᠭᠠᠷ》 ᠪᠠ 《ᠦᠯᠤ ᠦᠵᠡᠭᠳᠡᠬᠦ ᠭᠠᠷ》᠎ᠤᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠪᠠ; 

ᠲᠡᠷᠡ 《ᠬᠣᠶᠠᠷ ᠰᠢᠪᠠᠭᠤ》᠎ᠡᠴᠡ ᠪᠦᠲᠦᠴᠡ᠎ᠶᠢᠨ ᠲᠣᠬᠢᠷᠠᠭᠤᠯᠤᠯᠲᠠ᠎ᠶᠢ ᠬᠠᠷᠠᠪᠠ — ᠮᠠᠷᠺᠰ᠎ᠤᠨ ᠦᠵᠡᠯ᠎ᠦᠨ ᠪᠣᠳᠠᠰᠴᠢ ᠬᠤᠪᠢᠰᠤᠩᠭᠤᠢ ᠠᠷᠭ᠎ᠠ ᠪᠣᠯᠣᠨ 《ᠭᠠᠷᠤᠳᠢ ᠭᠠᠯᠪᠢᠩᠭ᠎ᠠ ᠭᠠᠯ᠎ᠤᠨ ᠲᠤᠳᠤᠷ᠎ᠠ ᠲᠠᠬᠢᠨ ᠠᠮᠢᠯᠠᠬᠤ》 ᠳᠤᠮᠳᠠᠳᠤ᠎ᠶᠢᠨ ᠤᠯᠠᠮᠵᠢᠯᠠᠯᠲᠤ ᠦᠯᠢᠬᠡᠷ᠎ᠦᠨ ᠪᠠᠶᠠᠯᠢᠭ᠋ ᠤᠳᠬ᠎ᠠ ᠰᠠᠨᠠᠭ᠎ᠠ᠎ᠡᠴᠡ ᠰᠢᠨ᠎ᠡ ᠬᠠᠭᠤᠴᠢᠨ ᠬᠥᠳᠡᠯᠭᠡᠬᠦ ᠡᠨᠧᠷᠭᠢ᠎ᠶᠢᠨ ᠰᠣᠯᠢᠭ᠍ᠳᠠᠯ᠎ᠤᠨ ᠭᠦᠨᠵᠡᠭᠡᠢ ᠵᠢᠮ᠎ᠡ ᠶᠣᠰᠣ᠌᠎ᠶᠢ ᠨᠡᠪᠲᠡ ᠠᠵᠢᠭ᠍ᠯᠠᠵᠤ᠂ ᠵᠧᠵᠢᠶᠠᠩ᠎ᠤᠨ ᠠᠵᠤ ᠠᠬᠤᠢ᠎ᠶᠢᠨ ᠪᠦᠲᠦᠴᠡ᠎ᠶᠢᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠲᠣᠬᠢᠷᠠᠭᠤᠯᠤᠯᠲᠠ᠎ᠶᠢ ᠠᠬᠢᠭᠤᠯᠵᠤ᠂ 《ᠭᠠᠷᠤᠳᠢ ᠭᠠᠯᠪᠢᠩᠭ᠎ᠠ ᠲᠠᠬᠢᠨ ᠠᠮᠢᠯᠠᠬᠤ》 ᠪᠣᠯᠣᠨ 《ᠰᠢᠩᠭᠡᠯᠢᠭ᠎ᠢ ᠰᠤᠯᠠᠯᠠᠵᠤ ᠰᠢᠪᠠᠭᠤ᠎ᠵᠢ ᠰᠣᠯᠢᠬᠤ》᠎ᠶᠢ ᠪᠡᠶᠡᠯᠡᠭᠦᠯᠪᠡ; 

ᠲᠡᠷᠡ 《ᠬᠣᠶᠠᠷ ᠠᠭᠤᠯᠠ》᠎ᠡᠴᠡ ᠠᠮᠢ ᠠᠬᠤᠢ ᠣᠷᠴᠢᠨ ᠲᠣᠭᠣᠷᠢᠨ᠎ᠢ ᠬᠠᠷᠠᠪᠠ — ᠮᠠᠷᠺᠰ᠎ᠤᠨ ᠦᠵᠡᠯ᠎ᠦᠨ ᠠᠮᠢ ᠠᠬᠤᠢ᠎ᠶᠢᠨ ᠦᠵᠡᠯᠲᠡ᠎ᠶᠢᠨ ᠰᠢᠨ᠎ᠡ᠎ᠶᠢ ᠡᠭᠦᠳᠬᠦ ᠬᠥᠭᠵᠢᠯᠲᠡ ᠪᠣᠯᠣᠨ ᠳᠤᠮᠳᠠᠳᠤ᠎ᠶᠢᠨ ᠪᠣᠯᠪᠠᠰᠤᠨ᠎ᠤ 《ᠬᠥᠮᠥᠨ ᠪᠠᠢᠭᠠᠯᠢ᠎ᠶᠢᠨ ᠨᠢᠭᠡᠳᠤᠯ》᠎ᠤᠨ ᠤᠶᠤᠨ ᠤᠬᠠᠭᠠᠨ᠎ᠤ ᠴᠠᠭ ᠦᠶ᠎ᠡ᠎ᠶᠢᠨ ᠳᠡᠰ ᠳᠠᠪᠰᠢᠬᠦ ᠲᠤᠮᠳᠠ᠂ ᠪᠦᠲᠦᠭᠡᠯᠴᠢ ᠴᠢᠨᠠᠷᠲᠠᠢ᠎ᠪᠠᠷ 《ᠨᠤᠮᠢᠨ ᠤᠰᠤ ᠬᠦᠭᠡᠮᠳᠦᠭ ᠠᠭᠤᠯᠠ ᠪᠤᠯ ᠠᠯᠳᠠᠨ ᠠᠭᠤᠯᠠ ᠮᠥᠩᠭᠥᠨ ᠬᠠᠢᠷᠬᠠᠨ ᠮᠥᠨ》 ᠭᠡᠬᠦ ᠦᠵᠠᠯᠳᠠ᠎ᠶᠢ ᠳᠤᠷᠠᠳᠴᠤ᠂ ᠨᠤᠭᠤᠭᠠᠷᠠᠭᠤᠯᠤᠯᠳᠠ᠎ᠪᠡᠷ ᠠᠰᠢᠭ ᠬᠦᠷᠳᠡᠪᠡ; 

ᠲᠡᠷᠡ 《ᠬᠣᠶᠠᠷ ᠵᠦᠢᠯ᠎ᠦᠨ ᠬᠥᠮᠥᠨ》᠎ᠡᠴᠡ ᠬᠦᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠤ ᠠᠰᠠᠭᠤᠳᠠᠯ᠎ᠢ᠋ ᠬᠠᠷᠠᠪᠠ — ᠮᠠᠷᠺᠰ᠎ᠤᠨ ᠦᠵᠡᠯ᠎ᠦᠨ ᠠᠷᠠᠳ ᠲᠦᠮᠡᠨ᠎ᠢ ᠳᠡᠭᠡᠳᠦᠯᠡᠬᠦ ᠣᠢᠯᠠᠭᠠᠭᠳᠠᠬᠤᠨ ᠪᠠ ᠵᠠᠭᠤ ᠮᠢᠩᠭᠠᠨ ᠵᠢᠯ᠎ᠦᠨ ᠲᠤᠷᠰᠢᠬᠢ ᠳᠤᠮᠳᠠᠳᠤ᠎ᠶᠢᠨ ᠦᠨᠳᠦᠰᠦᠲᠡᠨ᠎ᠦ 《ᠠᠷᠠᠳ ᠲᠦᠮᠡᠨ ᠲᠠᠩᠳᠠ ᠶᠠᠳᠠᠷᠠᠯ ᠵᠦᠳᠡᠷᠠᠯ ᠲᠠᠢ᠂ ᠠᠮᠤᠷ ᠠᠮᠤᠭᠤᠯᠠᠩ᠎ᠢ ᠬᠦᠰᠡᠨ ᠡᠷᠡᠮᠡᠯᠵᠡᠮᠤᠢ》 ᠬᠡᠬᠦ ᠠᠷᠠᠳ᠎ᠤᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠦᠨ ᠳᠤᠮᠳᠠ᠂ ᠪᠠᠷᠠᠯᠠᠯᠳᠤ ᠴᠢᠨᠠᠷᠲᠠᠢ᠎ᠪᠠᠷ ᠬᠣᠳᠠ ᠬᠥᠳᠡᠭᠡ᠎ᠶᠢ ᠨᠢᠭᠡᠳᠦᠯᠲᠡᠢ ᠲᠥᠯᠥᠪᠵᠢᠬᠦᠯᠬᠦ ᠪᠠᠢᠷᠢᠯᠠᠭᠤᠯᠤᠯᠲᠠ ᠬᠢᠵᠦ᠂ ᠬᠣᠳᠠ᠎ᠶᠢᠨ ᠠᠷᠠᠳ ᠪᠠ ᠲᠠᠷᠢᠶᠠᠴᠢᠳ᠎ᠲᠤ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠪᠡ᠃

ᠤᠨᠤᠯ᠎ᠤᠨ ᠰᠤᠷᠤᠯᠴᠠᠯᠭ᠎ᠠ᠎ᠪᠠᠨ ᠴᠢᠩᠭᠠᠳᠬᠠᠵᠤ᠂ ᠲᠡᠷᠡ ᠸᠠᠩ ᠭᠦᠸᠧ ᠸᠧᠢ᠎ᠶᠢᠨ 《ᠰᠠᠨᠠᠭ᠎ᠠ ᠠᠬᠤᠢ᠎ᠶᠢᠨ ᠰᠤᠷᠭᠠᠯ》᠎ᠢ ᠠᠰᠢᠭ᠍ᠯᠠᠨ ᠤᠳᠤᠷᠢᠳᠬᠤ ᠺᠠᠳ᠋ᠷ᠎ᠤᠨ ᠤᠨᠤᠯ᠎ᠤᠨ ᠰᠤᠷᠤᠯᠴᠠᠯᠭ᠎ᠠ᠎ᠳᠤ ᠠᠯᠤᠰ ᠬᠡᠳᠤ᠎ᠶᠢᠨ ᠵᠣᠷᠢᠯᠲᠠ᠎ᠲᠠᠢ ᠪᠠᠢᠵᠤ᠂ ᠤᠢᠳᠬᠠᠷ᠎ᠢ ᠲᠡᠰᠪᠦᠷᠢᠯᠡᠵᠦ᠂ ᠦᠨᠡᠨ ᠶᠣᠰᠣ᠌᠎ᠶᠢ ᠣᠢᠯᠠᠭᠠᠨ ᠡᠵᠡᠮᠰᠢᠬᠦ ᠬᠡᠷᠡᠭᠲᠡᠢ ᠭᠡᠵᠦ ᠳᠤᠷᠠᠳᠪᠠ᠃

ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠳᠦ᠂ ᠲᠡᠷᠡ ᠸᠠᠩ ᠶᠠᠩ ᠮᠢᠩ᠎ᠦᠨ 《ᠦᠨᠡᠨᠴᠢ ᠰᠠᠨᠠᠭ᠎ᠠ ᠲᠥᠪ ᠰᠡᠳᠬᠢᠯ》᠂ 《ᠮᠡᠳᠡᠬᠦᠢ ᠬᠢᠬᠦᠢ᠎ᠶᠢ ᠨᠢᠭᠡᠳᠬᠡᠬᠦ》᠎ᠶᠢ ᠮᠠᠰᠢ ᠴᠢᠬᠤᠯᠠᠴᠢᠯᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠠᠳᠠᠯᠢ ᠪᠤᠰᠤ ᠲᠠᠯᠠᠪᠤᠷ᠎ᠲᠤ ᠸᠠᠩ ᠶᠠᠩ ᠮᠢᠩ᠎ᠦᠨ ᠰᠤᠷᠭᠠᠯ ᠪᠠ ᠵᠣᠷᠢᠯᠲᠠ᠎ᠡᠴᠡ ᠣᠯᠠᠨᠲᠠ ᠡᠰᠢᠯᠡᠵᠦ᠂ ᠡᠪ ᠬᠠᠮᠲᠤᠴᠤᠳ᠎ᠤᠨ 《ᠰᠡᠳᠬᠢᠯ᠎ᠦᠨ ᠰᠤᠷᠭᠠᠯ》᠎ᠢ ᠳᠠᠪᠲᠠᠨ ᠪᠣᠯᠪᠠᠰᠤᠷᠠᠭᠤᠯᠬᠤ᠎ᠶᠢ ᠣᠯᠠᠨᠲᠠ ᠴᠢᠬᠤᠯᠠᠴᠢᠯᠠᠵᠤ᠂ ᠰᠤᠷᠤᠯᠴᠠᠬᠤ ᠰᠡᠳᠬᠢᠬᠦ ᠬᠡᠷᠡᠭᠯᠡᠬᠦ᠎ᠶᠢ ᠤᠶᠠᠯᠳᠤᠭᠤᠯᠬᠤ᠂ ᠮᠡᠳᠡᠬᠦᠢ ᠢᠲᠡᠭᠡᠬᠦ ᠬᠢᠬᠦᠢ᠎ᠶᠢ ᠨᠢᠭᠡᠳᠬᠡᠬᠦ᠎ᠶᠢ ᠪᠠᠷᠢᠮᠲᠠᠯᠠᠪᠠ᠃

《ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠬᠡᠷᠡᠭᠲᠡᠢ》᠂ ᠹᠸᠩᠴᠢᠶᠤᠤ᠎ᠳᠦ᠂ ᠡᠨᠡ ᠬᠦ᠌ ᠬᠠᠷᠢᠯᠴᠠᠨ ᠵᠣᠬᠢᠴᠠᠯᠳᠤᠵᠤ᠂ ᠬᠠᠷᠢᠯᠴᠠᠨ ᠠᠮᠵᠢᠯᠲᠠ ᠭᠠᠷᠭᠠᠬᠤ᠎ᠶᠢᠨ ᠤᠶᠠᠯᠳᠤᠯ᠎ᠢ ᠨᠡᠩ ᠭᠦᠨᠵᠡᠭᠡᠢ ᠣᠢᠯᠠᠭᠠᠨ ᠮᠡᠳᠡᠷᠡᠵᠤ ᠪᠣᠯᠣᠨ᠎ᠠ᠃

ᠴᠦ ᠵᠢᠢ᠎ᠶᠢᠨ ᠹᠸᠨᠭᠴᠢᠶᠤᠤ ᠪᠠᠯᠭᠠᠰᠤ ᠬᠡᠵᠤ ᠡᠷᠲᠡᠨ᠎ᠡᠴᠡ ᠠᠪᠤᠭᠠᠳ 《ᠬᠤᠢ ᠵᠢᠢ ᠱᠠᠨ ᠠᠭᠤᠯᠠ ᠲᠠᠢ ᠵᠠᠯᠭᠠᠯᠳᠤᠨ᠂ ᠡᠣ ᠵᠸᠦ ᠶᠤᠸᠠᠢ ᠵᠸᠦ᠎ᠶᠢ ᠬᠤᠯᠪᠤᠵᠤ ᠲᠦᠷᠪᠡᠨ ᠵᠦᠭ ᠨᠠᠶ᠋ᠮᠠᠨ ᠵᠦᠭ᠎ᠲᠦ ᠨᠠᠪᠳᠠᠷᠡᠬᠦ》 ᠭᠡᠮᠡᠭᠳᠡᠳᠡᠭ᠃

ᠹᠧᠩ ᠰᠢ ᠵᠢᠶᠠᠩ ᠮᠥᠷᠡᠨ᠎ᠦ ᠤᠷᠤᠰᠬᠠᠯ ᠳᠠᠭᠠᠵᠤ᠂ 60 ᠭᠠᠷᠤᠢ ᠵᠢᠯ᠎ᠦᠨ ᠲᠤᠷᠰᠢ 《ᠹᠧᠩᠴᠢᠶᠣᠤ᠎ᠶᠢᠨ ᠲᠤᠷᠰᠢᠯᠭ᠎ᠠ》 ᠲᠠᠰᠤᠷᠠᠯᠲᠠ ᠦᠭᠡᠢ ᠤᠯᠠᠮᠵᠢᠯᠠᠭᠳᠠᠨ ᠬᠥᠭᠵᠢᠵᠦ᠂ 《ᠨᠢᠭᠡ ᠪᠠᠯᠭᠠᠰᠤᠨ᠎ᠤ ᠠᠷᠭ᠎ᠠ ᠪᠣᠳᠣᠯᠭ᠎ᠠ》᠎ᠶᠢ 《ᠨᠢᠭᠡ ᠤᠯᠤᠰ᠎ᠤᠨ ᠠᠷᠭ᠎ᠠ ᠪᠣᠳᠣᠯᠭ᠎ᠠ》 ᠪᠣᠯᠭᠠᠨ ᠳᠡᠭᠡᠭᠰᠢᠯᠡᠭᠦᠯᠵᠡᠢ — ᠪᠠᠭ᠎ᠠ ᠶᠠᠪᠤᠳᠠᠯ᠎ᠢ ᠲᠣᠰᠬᠣᠨ᠎ᠡᠴᠡ᠎ᠪᠠᠨ ᠭᠠᠷᠭᠠᠬᠤ ᠦᠭᠡᠢ᠂ ᠶᠡᠬᠡ ᠶᠠᠪᠤᠳᠠᠯ᠎ᠢ ᠪᠠᠯᠭᠠᠰᠤᠨ᠎ᠡᠴᠡ ᠪᠡᠨ ᠭᠠᠷᠭᠠᠬᠤ ᠦᠭᠡᠢ᠂ ᠵᠥᠷᠢᠴᠡᠯ᠎ᠢ ᠳᠡᠭᠡᠭᠰᠢ ᠲᠤᠰᠢᠶᠠᠬᠤ ᠦᠭᠡᠢ ᠨᠢ ᠠᠷᠠᠳ᠎ᠤᠨ ᠳᠤᠮᠳᠠᠬᠢ 《ᠨᠤᠲᠤᠭ᠎ᠤᠨ ᠵᠣᠷ》᠎ᠡᠴᠡ ᠢᠷᠡᠯᠲᠡ ᠲᠠᠢ᠂ ᠣᠳᠣ᠌ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶᠢᠨ ᠳᠤᠮᠳᠠᠳᠤ ᠤᠯᠤᠰ᠎ᠤᠨ ᠲᠥᠰᠥᠯ ᠪᠣᠯᠵᠤ ᠬᠥᠭᠵᠢᠭᠰᠡᠨ ᠪᠠᠢᠨ᠎ᠠ᠃

2023 ᠣᠨ᠎ᠤ 9 ᠰᠠᠷ᠎ᠠ᠎ᠶᠢᠨ 20᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠹᠧᠩᠴᠢᠶᠣᠤ᠎ᠳᠤ ᠢᠷᠡᠵᠦ᠂ 《ᠡᠣ ᠵᠸᠦ ᠶᠤᠸᠠᠢ ᠵᠸᠦ᠎ᠶᠢ ᠬᠤᠯᠪᠤᠵᠤ ᠲᠦᠷᠪᠡᠨ ᠵᠦᠭ ᠨᠠᠶ᠋ᠮᠠᠨ ᠵᠦᠭ᠎ᠲᠦ ᠨᠠᠪᠳᠠᠷᠡᠬᠦ》 ᠭᠡᠮᠡᠬᠦ ᠴᠠᠮᠬᠠᠭ᠎ᠤᠨ ᠡᠮᠦᠨ᠎ᠡ ᠵᠣᠭᠰᠣᠭᠠᠳ᠄ 《ᠬᠥᠮᠥᠨ ᠪᠤᠯᠭᠠᠨ ᠬᠣᠭᠣᠷᠣᠨᠳᠤ᠎ᠪᠠᠨ ᠴᠥᠮ ᠪᠦᠯᠬᠦᠮᠳᠡᠨ ᠬᠠᠪᠰᠤᠷᠤᠯᠴᠠᠵᠤ᠂ ᠡᠶ᠎ᠡ ᠵᠣᠬᠢᠴᠠᠨᠭᠭᠤᠢ᠎ᠪᠡᠷ ᠬᠠᠷᠢᠯᠴᠠᠪᠡᠯ ᠵᠤᠬᠢᠨ᠎ᠠ᠃ ᠡᠭᠦᠨ᠎ᠳᠦ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠠᠢᠬᠤ ᠪᠦᠭᠡᠳ ᠪᠠᠰᠠ ᠮᠠᠷᠺᠰ᠎ᠤᠨ ᠦᠵᠡᠯ ᠴᠦ᠍ ᠪᠠᠢᠨ᠎ᠠ》 ᠭᠡᠵᠤ ᠵᠢᠭᠠᠵᠤ ᠭᠠᠷᠭᠠᠪᠠ᠃

ᠹᠸᠩᠴᠢᠶᠤᠤ᠎ᠶᠢᠨ ᠲᠤᠷᠱᠢᠯᠭ᠎ᠠ᠎ᠵᠢ ᠳᠡᠯᠭᠡᠨ ᠦᠵᠡᠭᠦᠯᠬᠦ᠌ ᠣᠷᠳᠣᠨ᠎ᠳᠤ᠂ ᠶᠡᠷᠦᠩᠬᠡᠢ ᠱᠦᠵᠢ ᠰᠢ ᠵᠢᠨ ᠫᠢᠩ ᠲᠤᠭᠤᠷᠢᠨ ᠦᠵᠡᠬᠦ᠌᠎ᠶ᠋ᠢᠨ ᠳᠠᠭᠠᠤ 《ᠹᠸᠩᠴᠢᠶᠤᠤ᠎ᠶᠢᠨ ᠲᠤᠷᠱᠢᠯᠭ᠎ᠠ》 ᠵᠢᠨ ᠮᠡᠨᠳᠦᠯᠡᠭ᠌ᠰᠡᠨ᠂ ᠤᠯᠠᠷᠢᠨ ᠤᠷᠤᠭ᠍ᠰᠢᠯᠠᠭ᠍ᠰᠠᠨ᠂ ᠬᠥᠭ᠌ᠵᠢᠭ᠌ᠰᠡᠨ ᠶᠠᠪᠤᠴᠠ᠎ᠵᠢ ᠡᠷᠭᠢᠴᠡᠭᠦᠯᠵᠦ᠍᠄ 《ᠡᠭᠦᠨ᠎ᠤ ᠲᠤᠳᠤᠷ᠎ᠠ ᠮᠠᠨ᠎ᠤ ᠨᠠᠮ᠎ᠤᠨ ᠠᠰᠠᠭᠤᠳᠠᠯ᠎ᠢ ᠱᠢᠢᠳᠪᠦᠷᠢᠯᠡᠬᠦ᠌᠂ ᠵᠥᠷᠢᠴᠡᠯ᠎ᠢ ᠱᠢᠢᠳᠪᠦᠷᠢᠯᠡᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠪᠤᠳᠤᠯᠭ᠎ᠠ ᠪᠤᠢ ᠁》 ᠭᠡᠵᠡᠢ᠃

ᠪᠦᠯᠬᠦᠮᠳᠡᠨ ᠬᠠᠪᠰᠤᠷᠤᠯᠴᠠᠵᠤ᠂ ᠡᠶ᠎ᠡ ᠨᠠᠢᠷᠰᠠᠭ ᠶᠠᠪᠤᠯᠴᠠᠨ᠎ᠠ᠂ ᠪᠢᠳᠡ ᠡᠨᠳᠡᠬᠢ ᠨᠢᠭᠡ ᠰᠦᠮ᠎ᠡ ᠨᠢᠭᠡ ᠬᠥᠱᠢᠶ᠎ᠡ ᠳᠣᠲᠣᠷ᠎ᠠ᠎ᠡᠴᠡ ᠴᠦᠮ ᠲᠡᠦᠬᠡ᠎ᠶ᠋ᠢᠨ ᠤᠯᠠ ᠮᠥᠷ᠎ᠢ ᠡᠷᠢᠵᠦ᠍ ᠣᠯᠵᠦ ᠪᠤᠯᠤᠨ᠎ᠠ —

ᠹᠧᠩᠴᠢᠶᠣᠤ ᠶᠡᠬᠡ ᠰᠦᠮ᠎ᠡ᠎ᠶᠢᠨ ᠲᠠᠬᠢᠳᠠᠭ᠎ᠨᠢ ᠰᠠᠬᠢᠭᠤᠯᠰᠤᠨ ᠪᠤᠷᠬᠠᠨ ᠪᠢᠰᠢ᠂ ᠨᠡᠷᠡᠲᠦ ᠬᠥᠮᠦᠨ ᠴᠦ᠍ ᠪᠢᠰᠢ᠂ ᠬᠠᠷᠢᠨ ᠭᠤᠷᠪᠠᠨ ᠡᠭᠡᠯ ᠠᠷᠠᠳ᠄ ᠣᠩᠭᠣᠴᠠᠴᠢᠨ ᠶᠠᠩ ᠭᠦᠩ᠂ ᠦᠯᠵᠡᠢᠲᠦ ᠪᠤᠭᠤᠷᠰᠤᠭ ᠬᠤᠳᠠᠯᠳᠤᠳᠠᠭ ᠫᠠᠨ ᠭᠦᠩ ᠪᠣᠯᠤᠨ ᠠᠪᠠ ᠠᠨᠭᠨᠠᠨ ᠨᠡᠭᠦᠷᠡᠰᠦ ᠱᠢᠲᠠᠭᠠᠭ᠍ᠴᠢ ᠴᠠᠢ ᠭᠦᠩ ᠪᠣᠯᠤᠨ᠎ᠠ᠃ ᠲᠡᠳᠡ ᠪᠤᠰᠤᠳ᠎ᠲᠦ ᠡᠶ᠎ᠡ ᠨᠠᠢᠷᠲᠠᠶ ᠪᠤᠶᠠᠨᠰᠠᠭ ᠴᠠᠢᠯᠭᠠᠨ᠂ ᠦᠨᠡᠨᠴᠢ ᠱᠢᠳᠤᠷᠭᠤ ᠦᠨᠡᠨᠴᠢ ᠢᠲᠡᠭᠡᠮᠵᠢᠲᠡᠶ ᠵᠠᠩ ᠰᠤᠷᠲᠠᠯ᠎ᠢᠶᠠᠷ᠎ᠢᠶᠠᠨ ᠲᠤᠬᠠᠶ᠎ᠶ᠋ᠢᠨ ᠭᠠᠵᠠᠷ᠎ᠤᠨ ᠬᠥᠮᠦᠰ᠎ᠲᠦ ᠬᠦᠨᠳᠦᠳᠭᠡᠭ᠌ᠳᠡᠨ ᠪᠢᠱᠢᠷᠡᠭ᠌ᠳᠡᠵᠦ᠍᠂ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠭ᠍ᠳᠠᠵᠠᠶ᠃

ᠲᠤᠬᠠᠢ᠎ᠶ᠋ᠢᠨ ᠭᠠᠵᠠᠷ᠎ᠤᠨ ᠴᠢᠩ ᠤᠯᠤᠰ᠎ᠤᠨ ᠦᠶ᠎ᠡ᠎ᠶ᠋ᠢᠨ ᠨᠢᠭᠡᠨ ᠬᠡᠰᠡᠭ ᠡᠷᠳᠡᠨ᠎ᠤ ᠬᠥᠱᠢᠢ᠎ᠡ᠎ᠳᠦ ᠵᠥᠷᠢᠴᠡᠯ᠎ᠢ ᠡᠶᠡᠳᠡᠭᠦᠯᠦᠭ᠌ᠰᠡᠨ ᠨᠢᠭᠡᠨ ᠦᠯᠢᠭᠡᠷ᠎ᠢ ᠲᠡᠮᠳᠡᠭ᠌ᠯᠡᠵᠡᠢ᠄ ᠲᠤᠬᠠᠢ᠎ᠶ᠋ᠢᠨ ᠦᠶ᠎ᠡ᠎ᠳᠦ ᠹᠸᠩᠴᠢᠶᠤᠤ᠎ᠶ᠋ᠢᠨ ᠬᠤᠳᠠᠯᠳᠤᠭ᠎ᠠ ᠴᠡᠴᠡᠭ᠌ᠯᠡᠨ ᠬᠥᠭ᠌ᠵᠢᠵᠦ᠍᠂ ᠭᠠᠳᠠᠷ ᠣᠷᠣᠨ᠎ᠤ ᠪᠠᠷᠠᠭ᠎ᠠ ᠣᠩᠭᠣᠴᠠ᠎ᠪᠠᠷ ᠲᠠᠮᠵᠢᠨ ᠡᠨᠳᠡ ᠢᠷᠡᠵᠦ᠍ ᠴᠤᠭ᠍ᠯᠠᠷᠠᠨ ᠲᠠᠷᠬᠠᠭ᠍ᠰᠠᠨ᠎ᠡᠴᠡ ᠡᠳᠦᠷ᠎ᠦᠨ ᠤᠳᠠᠭᠠᠨ᠎ᠳᠠᠭᠠᠨ ᠳᠠᠮᠨᠠᠭᠤᠷᠴᠢᠨ ᠬᠣᠭᠣᠷᠣᠨᠳᠣ᠎ᠪᠠᠨ ᠵᠥᠷᠢᠴᠡᠯ ᠵᠠᠭᠤᠷᠠᠯᠳᠤᠭᠠᠨ ᠡᠭᠦᠰᠴᠡᠢ᠃ ᠱᠢᠶᠠᠨ᠎ᠡᠴᠡ ᠲᠤᠰ ᠭᠠᠵᠠᠷ᠎ᠤᠨ ᠵᠠᠷᠢᠮ ᠨᠡᠷ᠎ᠡ ᠠᠯᠳᠠᠷ᠎ᠲᠠᠶ ᠲᠣᠰᠭᠣᠨ᠎ᠤ ᠠᠷᠠᠳ᠎ᠢ ᠵᠠᠯᠠᠵᠤ ᠡᠶᠡᠳᠡᠭᠦᠯᠭᠡ ᠬᠢᠯᠭᠡᠵᠦ᠍᠂ ᠬᠠᠮᠤᠭ ᠰᠡᠭᠦᠯ᠎ᠳᠦ ᠬᠣᠶᠠᠷ ᠲᠠᠯ᠎ᠠ᠎ᠪᠠᠷ᠎ᠢᠶᠠᠨ ᠭᠠᠷ ᠠᠳᠭᠤᠨ ᠡᠶᠡᠳᠡᠪᠡ᠃

ᠪᠦᠯᠬᠦᠮᠳᠡᠨ ᠬᠠᠪᠰᠤᠷᠤᠯᠴᠠᠵᠤ᠂ ᠡᠶ᠎ᠡ ᠨᠠᠢᠷᠰᠠᠭ ᠶᠠᠪᠤᠯᠴᠠᠨ᠎ᠠ — ᠡᠨᠡ ᠪᠣᠯ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠤᠨ ᠤᠶᠤᠨ ᠤᠬᠠᠭᠠᠨ᠎ᠤ ᠲᠠᠯᠠᠰᠲᠦ ᠮᠥᠨ; ᠤᠯᠠᠨ ᠲᠦᠮᠡᠨ᠎ᠤ ᠳᠤᠮᠳᠠ᠎ᠡᠴᠡ ᠢᠷᠡᠵᠦ᠂ ᠤᠯᠠᠨ ᠲᠦᠮᠡᠨ᠎ᠤ ᠳᠤᠮᠳᠠ ᠤᠴᠢᠨ᠎ᠠ — ᠡᠨᠡ ᠪᠣᠯ ᠮᠠᠷᠺᠰ᠎ᠤᠨ ᠦᠵᠡᠯ᠎ᠦᠨ ᠤᠯᠡᠠ ᠲᠦᠮᠡᠨᠴᠢ ᠦᠵᠡᠯᠲᠡ ᠮᠥᠨ᠃ 《ᠹᠸᠩᠴᠢᠶᠤᠤ᠎ᠶᠢᠨ ᠲᠤᠷᠱᠢᠯᠭ᠎ᠠ》 ᠪᠣᠯ ᠳᠠᠷᠤᠢ ᠡᠢᠮᠦᠷᠬᠦᠦ ᠤᠶᠠᠯᠳᠤᠯ᠎ᠤᠨ ᠳᠤᠮᠳᠠ ᠬᠥᠭ᠌ᠵᠢᠵᠦ᠍ ᠢᠷᠡᠭ᠌ᠰᠡᠨ ᠶᠤᠮ᠃

ᠵᠧᠵᠢᠶᠠᠩ᠎ᠳᠤ ᠠᠵᠢᠯᠯᠠᠵᠤ ᠪᠠᠢᠬᠰᠠᠨ ᠬᠤᠭᠤᠴᠠᠭᠠᠨ᠎ᠳᠠᠭᠠᠨ᠂ ᠰᠢ ᠵᠢᠨ ᠫᠢᠩ 《ᠹᠸᠩᠴᠢᠶᠣᠤ᠎ᠶ᠋ᠢᠨ ᠲᠤᠷᠱᠢᠯᠭ᠎ᠠ》᠎ᠶᠢ ᠱᠢᠨ᠎ᠡ᠎ᠶ᠋ᠢ ᠡᠭᠦᠳᠦᠨ ᠬᠦᠭᠵᠢᠭᠦᠯᠵᠦ᠂ ᠠᠷᠠᠳ ᠤᠯᠠᠨ᠎ᠳᠤ ᠲᠦᠱᠢᠭ᠌ᠯᠡᠨ ᠱᠢᠨ᠎ᠡ ᠪᠠᠢᠳᠠᠯ ᠳᠣᠣᠷᠠᠬᠢ ᠠᠷᠠᠳ᠎ᠤᠨ ᠳᠣᠲᠣᠭᠠᠳᠤ᠎ᠶ᠋ᠢᠨ ᠵᠥᠷᠢᠴᠡᠯ᠎ᠢ ᠵᠥᠪ᠎ᠢᠶᠡᠷ ᠱᠢᠢᠳᠪᠦᠷᠢᠯᠡᠬᠦ᠌ ᠠᠷᠭ᠎ᠠ᠎ᠶ᠋ᠢ ᠰᠦᠪᠡᠭ᠌ᠴᠢᠯᠡᠪᠡ᠃ ᠲᠡᠭᠦᠨ᠎ᠦ ᠪᠡᠶ᠎ᠡ᠎ᠪᠡᠷ᠎ᠢᠶᠡᠨ ᠠᠬᠢᠭᠤᠯᠵᠤ ᠤᠬᠠᠭᠠᠯᠠᠨ ᠲᠥᠯᠥᠪᠯᠡᠭ᠌ᠰᠡᠨ᠎ᠢᠶᠡᠷ᠂ ᠱᠢᠨ᠎ᠡ᠎ᠶ᠋ᠢ ᠡᠭᠦᠳᠦᠨ ᠬᠥᠭ᠌ᠵᠢᠭᠦᠯᠦᠭ᠌ᠰᠡᠨ 《ᠹᠸᠩᠴᠢᠶᠣᠤ᠎ᠶ᠋ᠢᠨ ᠲᠤᠷᠱᠢᠯᠭ᠎ᠠ》᠎ᠶᠢ 《ᠠᠮᠤᠭᠤᠯᠠᠩᠲᠦ ᠵᠧᠵᠢᠶᠠᠩ》᠂ 《ᠬᠠᠤᠯᠢ᠎ᠪᠡᠷ ᠵᠠᠰᠠᠬᠤ ᠵᠧᠵᠢᠶᠠᠩ》᠎ᠤᠨ ᠪᠦᠳᠦᠭᠡᠨ ᠪᠠᠢᠭᠤᠯᠤᠯᠲᠠ᠎ᠳᠤ ᠬᠦᠨᠵᠡᠬᠡᠢ ᠰᠢᠬᠢᠳᠬᠡᠨ ᠣᠷᠣᠭᠤᠯᠵᠤ᠂ ᠵᠧᠵᠢᠶᠠᠩ᠎ᠤᠨ ᠨᠡᠢᠭᠡᠮ᠎ᠦᠨ ᠵᠠᠰᠠᠯᠲᠠ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠠᠭᠤᠰᠭᠠᠨ ᠣᠷᠣᠭᠤᠯᠪᠠ᠃

ᠥᠨᠥᠳᠦᠷ᠂ ᠶᠡᠷᠦᠩᠬᠡᠶ ᠱᠦᠵᠢ ᠰᠢ ᠵᠢᠨ ᠫᠢᠩ 《ᠹᠸᠩᠴᠢᠶᠤᠤ᠎ᠶ᠋ᠢᠨ ᠲᠤᠷᠱᠢᠯᠭ᠎ᠠ》᠎ᠶᠢ ᠲᠠᠨᠢᠵᠦ ᠬᠦᠭᠵᠢᠭᠦᠯᠬᠦ᠎ᠳᠤ ᠲᠠᠬᠢᠨᠲᠠ ᠴᠢᠭ᠌ᠯᠡᠯ᠎ᠢ ᠵᠢᠭᠠᠵᠦ ᠥᠭᠪᠡ — ᠱᠢᠨ᠎ᠡ ᠴᠠᠭ ᠦᠶ᠎ᠡ᠎ᠶ᠋ᠢᠨ 《ᠹᠸᠩᠴᠢᠶᠤᠤ᠎ᠶ᠋ᠢᠨ ᠲᠤᠷᠱᠢᠯᠭ᠎ᠠ》᠎ᠶᠢ ᠰᠠᠢᠲᠤᠷ ᠪᠠᠷᠢᠮᠲᠠᠯᠠᠨ ᠰᠠᠢᠲᠤᠷ ᠬᠥᠭ᠌ᠵᠢᠭᠦᠯᠵᠦ᠍᠂ ᠨᠠᠮ᠎ᠤᠨ ᠣᠯᠠᠨ ᠲᠦᠮᠡᠨᠴᠢ ᠱᠤᠭᠤᠮ᠎ᠢ ᠪᠠᠷᠢᠮᠲᠠᠯᠠᠨ᠂ ᠠᠷᠠᠳ᠎ᠤᠨ ᠳᠣᠲᠣᠭᠠᠳᠤ᠎ᠶ᠋ᠢᠨ ᠵᠥᠷᠢᠴᠡᠯ᠎ᠢ ᠵᠥᠪ᠎ᠢᠶᠡᠷ ᠱᠢᠶ᠋ᠳᠪᠦᠷᠢᠯᠡᠵᠦ᠍᠂ ᠠᠷᠠᠳ ᠣᠯᠠᠨ᠎ᠳᠤ ᠴᠢᠩᠭ᠎ᠠ ᠲᠦᠱᠢᠭ᠌ᠯᠡᠨ᠂ ᠠᠰᠠᠭᠤᠳᠠᠯ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠵᠦ᠍᠂ ᠴᠤᠬᠤᠢᠵᠤ ᠪᠠᠢᠭ᠎ᠠ ᠦᠶ᠎ᠡ᠎ᠳᠦᠨᠢ ᠱᠢᠶ᠋ᠳᠪᠦᠷᠢᠯᠡᠬᠦ᠌᠎ᠬᠡᠷᠡᠭᠲᠡᠢ᠃

ᠵᠧᠵᠢᠶᠠᠩ᠎ᠤᠨ ᠬᠢᠨ ᠱᠢᠨ᠎ᠡ ᠴᠠᠭ ᠦᠶ᠎ᠡ᠎ᠶ᠋ᠢᠨ 《ᠹᠸᠩᠴᠢᠶᠤᠤ᠎ᠶᠢᠨ ᠲᠤᠷᠱᠢᠯᠭ᠎ᠠ》᠎ᠶᠢ ᠭᠦᠨᠵᠡᠭᠡᠢ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠤᠰᠤ ᠰᠤᠷᠳᠠᠬᠤᠨ᠎ᠢᠶᠠᠷ ᠵᠠᠰᠠᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠬᠤ᠎ᠶ᠋ᠢ ᠠᠬᠢᠭᠤᠯᠵᠤ᠂ ᠪᠣᠭᠣᠮᠲᠠ ᠬᠣᠷᠢᠭ᠎ᠠ᠎ᠶ᠋ᠢ ᠤᠷᠤᠭ᠍ᠰᠢ ᠱᠢᠯᠵᠢᠭᠦᠯᠬᠦ᠌᠂ ᠭᠣᠣᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠂ ᠡᠬᠢ ᠡᠭᠦᠰᠦᠯ᠎ᠡᠴᠡ ᠨᠢ ᠵᠠᠰᠠᠬᠤ᠎ᠶ᠋ᠢ ᠪᠠᠷᠢᠮᠲᠠᠯᠠᠵᠤ᠂ ᠲᠣᠣᠷᠵᠢᠭᠤᠯᠤᠭ᠍ᠰᠠᠨ ᠬᠠᠮᠢᠶᠠᠷᠤᠯᠲᠠ᠂ ᠨᠠᠷᠢᠯᠢᠭᠵᠢᠭᠤᠯᠤᠬᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠎ᠪᠠᠷ ᠲᠤᠯᠭᠠᠭᠤᠷᠢᠯᠠᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠠᠪᠴᠠᠩ᠎ᠢ ᠪᠠᠶᠠᠯᠢᠭ᠍ᠵᠢᠭᠤᠯᠤᠨ ᠲᠡᠭᠦᠯᠳᠡᠷᠵᠢᠭᠦᠯᠵᠦ᠍᠂ ᠱᠢᠨ᠎ᠡ 《ᠹᠸᠩᠴᠢᠶᠤᠤ》᠎ᠶᠢᠨ ᠳᠦᠷᠰᠦ ᠪᠠᠢᠳᠠᠯ᠎ᠤᠳ ᠲᠠᠰᠤᠷᠠᠯᠳᠠ ᠦᠬᠡᠢ ᠢᠯᠡᠷᠠᠨ ᠭᠠᠷᠪᠠ᠄ ᠲᠦᠩ ᠱᠢᠶᠠᠩ᠎ᠤᠨ 《ᠭᠤᠷᠪᠠ᠎ᠶ᠋ᠢ ᠵᠠᠰᠠᠬᠤ ᠠᠵᠢᠯ᠎ᠢ ᠠᠭᠤᠰᠤᠯᠴᠠᠭᠤᠯᠬᠤ》᠂ ᠵᠧᠦ ᠱᠠᠨ᠎ᠤ 《ᠳᠠᠯᠠᠢ ᠳᠡᠭᠡᠷᠡᠬᠢ ᠹᠸᠩᠴᠢᠶᠤᠤ᠎ᠶᠢᠨ ᠲᠤᠷᠱᠢᠯᠭ᠎ᠠ》᠂ ᠢ ᠦ᠋᠎ᠶ᠋ᠢᠨ 《ᠤᠯᠠᠨ ᠤᠯᠤᠰ᠎ᠤᠨ ᠨᠠᠭᠠᠴᠤ᠌ ᠠᠪᠤ》 ᠁

ᠹᠧᠩᠴᠢᠶᠣᠤ᠎ᠶ᠋ᠢᠨ ᠡᠷᠲᠡᠨ᠎ᠦ ᠪᠠᠯᠭᠠᠰᠤᠨ᠎ᠳᠤ᠂ ᠵᠢᠭᠤᠯᠴᠢᠯᠠᠭᠰᠠᠳ ᠲᠠᠰᠤᠷᠠᠯᠲᠠ ᠦᠭᠡᠢ ᠨᠠᠭᠠᠰᠢ ᠴᠠᠭᠠᠰᠢ ᠴᠤᠪᠤᠷᠠᠯᠳᠤᠨ᠎ᠠ᠃ ᠬᠥᠮᠦᠰ ᠡᠨᠳᠡ ᠢᠷᠡᠵᠥ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠬᠦᠴᠦᠨ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠷᠠᠳ ᠲᠦᠮᠡᠨᠴᠢ ᠬᠠᠢᠷ᠎ᠠ ᠰᠡᠳᠭᠢᠯᠭᠡ᠂ 《ᠬᠣᠶᠠᠳᠤᠭᠠᠷ ᠤᠶᠠᠯᠳᠤᠭᠤᠯᠬᠤ》᠎ᠢ᠋ᠢᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ᠎ᠶᠢ ᠡᠷᠬᠡ ᠦᠬᠡᠢ ᠤᠯᠵᠤ ᠮᠡᠳᠡᠷᠡᠨ᠎ᠠ ᠁

ᠴᠠᠭ ᠦᠶ᠎ᠡ᠎ᠶ᠋ᠢᠨ ᠬᠥᠭ᠌ᠵᠢᠯᠲᠡ ᠥᠨᠢᠳᠡ ᠵᠤᠬ᠍ᠰᠤᠰᠢ ᠦᠭᠡᠢ᠂ ᠦᠵᠡᠯ ᠰᠠᠨᠠᠭᠠᠨ᠎ᠤ ᠠᠯᠬᠤᠭ᠎ᠠ ᠶᠡᠷᠦ᠍᠎ᠡᠴᠡ ᠵᠤᠬ᠍ᠰᠤᠰᠢ ᠦᠭᠡᠢ ᠶᠤᠮ᠃

2023 ᠣᠨ᠎ᠤ ᠬᠠᠪᠤᠷ᠎ᠤᠨ ᠰᠡᠭᠦᠯᠴᠢ ᠵᠤᠨ᠎ᠤ ᠡᠬᠢ᠎ᠪᠡᠷ᠃ ᠶᠡᠷᠦᠩᠬᠡᠢ ᠱᠦᠵᠢ ᠰᠢ ᠵᠢᠨ ᠫᠢᠩ ᠤᠷᠢᠳ ᠬᠣᠵᠢᠳ ᠳᠤᠮᠳᠠᠳᠤ ᠤᠯᠤᠰ᠎ᠤᠨ ᠤᠯᠤᠰ᠎ᠤᠨ ᠬᠡᠪᠯᠡᠯ᠎ᠦᠨ ᠣᠷᠳᠣᠨ᠂ ᠳᠤᠮᠳᠠᠳᠤ ᠤᠯᠤᠰ᠎ᠤᠨ ᠲᠡᠦᠬᠡ᠎ᠶ᠋ᠢᠨ ᠰᠤᠳᠤᠯᠭᠠᠨ᠎ᠤ ᠬᠦᠷᠢᠶᠡᠯᠡᠩ᠎ᠢᠶᠡᠷ ᠲᠣᠭᠣᠷᠢᠨ ᠦᠵᠡᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠶᠡᠬᠡ ᠠᠰᠠᠭᠤᠳᠠᠯ᠎ᠢ ᠭᠦᠨᠵᠡᠭᠡᠢ ᠪᠣᠳᠣᠯᠬᠢᠯᠠᠪᠠ᠃

6 ᠰᠠᠷ᠎ᠠ᠎ᠶ᠋ᠢᠨ 2 ᠎ᠤ᠋ᠨ ᠡᠳᠦᠷ᠂ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠄ 《ᠲᠠᠪᠤᠨ ᠮᠢᠩᠭ᠎ᠠ ᠭᠠᠷᠤᠢ ᠵᠢᠯ᠎ᠦᠨ ᠳᠤᠮᠳᠠᠳᠤ᠎ᠶ᠋ᠢᠨ ᠪᠣᠯᠪᠠᠰᠤᠨ᠎ᠤ ᠭᠦᠨ ᠵᠤᠵᠠᠭᠠᠨ ᠰᠠᠭᠤᠷᠢᠨ ᠳᠡᠭᠡᠷ᠎ᠡ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠢ ᠨᠡᠭᠡᠭᠡᠨ ᠬᠥᠭ᠌ᠵᠢᠭᠦᠯᠵᠦ᠍᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠬᠤ ᠪᠣᠯ ᠵᠠᠢᠯᠠᠰᠢ ᠦᠭᠡᠢ ᠶᠠᠪᠤᠬᠤ ᠵᠠᠮ ᠮᠥᠨ᠃ ᠡᠨᠡ ᠪᠣᠯ ᠮᠠᠨ᠎ᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢ ᠬᠠᠢᠨ ᠰᠦᠪᠡᠭ᠌ᠴᠢᠯᠡᠬᠦ᠌ ᠶᠠᠪᠤᠴᠠ᠎ᠳᠤ ᠣᠯᠤᠭ᠍ᠰᠠᠨ ᠵᠢᠮ᠎ᠡ ᠶᠣᠰᠣᠴᠢ ᠴᠢᠨᠠᠷᠲᠠᠶ ᠲᠠᠨᠢᠯᠲᠠ ᠮᠥᠨ᠂ ᠮᠠᠨ᠎ᠤ ᠠᠮᠵᠢᠯᠲᠠ ᠤᠯᠬᠤ᠎ᠶ᠋ᠢᠨ ᠬᠠᠮᠤᠭ᠎ᠤᠨ ᠶᠡᠬᠡ ᠡᠷᠳᠡᠨᠢ ᠮᠥᠨ》 ᠭᠡᠵᠦ ᠵᠢᠭᠠᠵᠤ ᠭᠠᠷᠭᠠᠪᠠ᠃

2024 ᠣᠨ᠎ᠤ 10 ᠰᠠᠷ᠎ᠠ᠎ᠶ᠋ᠢᠨ 28᠎ᠤ ᠡᠳᠦᠷ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶᠠᠨ᠎ᠤ ᠠᠷᠪᠠᠨ ᠳᠣᠯᠣᠳᠤᠭᠠᠷ ᠤᠳᠠᠭ᠎ᠠ᠎ᠶ᠋ᠢᠨ ᠬᠠᠮᠲᠤ᠎ᠶᠢᠨ ᠰᠤᠷᠤᠯᠴᠠᠯᠭ᠎ᠠ ᠲᠤᠮᠳᠠ᠂ ᠶᠡᠷᠦᠩᠬᠡᠶ ᠱᠦᠵᠢ ᠰᠢ ᠵᠢᠨ ᠫᠢᠩ 《ᠮᠠᠷᠺᠰ᠎ᠤᠨ ᠦᠵᠡᠯ ᠭᠡᠬᠦ᠌ ᠡᠨᠡ ᠬᠦ᠌ ᠦᠨᠳᠦᠰᠦᠨ ᠵᠢᠯᠣᠭᠣᠳᠭᠤ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠦᠷᠬᠡᠨ ᠲᠡᠯᠬᠡᠷ ᠬᠦᠨ ᠬᠦᠨᠵᠡᠬᠡᠢ ᠳᠤᠮᠳᠠᠳᠤ᠎ᠶᠢᠨ ᠪᠣᠯᠪᠠᠰᠤᠨ᠎ᠳᠤ ᠦᠨᠳᠦᠰᠦᠯᠡᠬᠦ᠌ ᠬᠡᠷᠡᠭ᠌ᠲᠡᠶ》 ᠭᠡᠵᠦ᠍ ᠳᠠᠬᠢᠨᠲᠠ ᠴᠢᠬᠤᠯᠠᠴᠢᠯᠠᠭ᠍ᠰᠠᠨ ᠪᠥᠭᠡᠳ ᠰᠣᠶᠣᠯ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠥᠲᠥᠭᠡᠨ ᠪᠠᠢᠭᠤᠯᠬᠤ ᠲᠤᠬᠠᠶ ᠤᠯᠠᠮ ᠨᠢᠭᠡ ᠠᠯᠬᠤᠮ ᠪᠠᠢᠷᠢᠯᠠᠭᠤᠯᠤᠯᠲᠠ ᠬᠢᠪᠠ᠃

ᠨᠢᠬᠡ ᠭᠠᠵᠠᠷ ᠤᠷᠤᠨ᠎ᠤ ᠨᠠᠮ ᠵᠠᠰᠠᠭ᠎ᠤᠨ ᠭᠤᠤᠯ ᠤᠳᠤᠷᠢᠳᠤᠯᠭ᠎ᠠ ᠪᠠᠢᠬᠰᠠᠨ᠎ᠡᠴᠡ᠎ᠪᠡᠨ 14 ᠳ᠋ᠦᠩᠱᠢᠭᠤᠷ ᠭᠠᠷᠤᠶ ᠬᠥᠮᠦᠨ ᠠᠮᠠ᠎ᠲᠠᠶ ᠨᠢᠬᠡᠨ ᠲᠣᠮᠣ ᠤᠯᠤᠰ᠎ᠤᠨ ᠤᠷᠤᠬᠰᠢᠯᠠᠯᠳᠠ᠎ᠶᠢᠨ ᠠᠶᠠᠯᠠᠯ᠎ᠢ ᠵᠢᠯᠤᠭᠤᠳᠤᠬᠰᠠᠨ ᠬᠦᠷᠳᠡᠯ᠎ᠡ ᠶᠡᠷᠦᠩᠬᠡᠢ ᠱᠦᠵᠢ ᠰᠢ ᠵᠢᠨ ᠫᠢᠩ ᠨᠢᠬᠡ ᠵᠠᠮ ᠲᠤᠷᠰᠢ ᠮᠠᠷᠺᠰ᠎ᠤᠨ ᠦᠵᠡᠯ᠎ᠦᠨ ᠰᠦᠭ ᠰᠦᠨᠡᠰᠦ᠎ᠶᠢ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠦᠨᠳᠦᠰᠦ ᠭᠤᠯᠤᠮᠲᠠ ᠎ᠲᠠᠶ ᠤᠶᠠᠯᠳᠤᠭᠤᠯᠵᠤ᠂ ᠣᠨᠣᠯ᠎ᠤᠨ ᠪᠠ ᠦᠶ᠋ᠯᠡᠳᠦᠯᠭᠡ᠎ᠶ᠋ᠢᠨ ᠱᠢᠨ᠎ᠡ᠎ᠶᠢ ᠡᠭᠦᠳᠬᠦ᠌ ᠥᠷᠭᠡᠨ ᠠᠭᠤᠳᠠᠮ ᠣᠷᠣᠨ ᠵᠠᠶ᠎ᠶ᠋ᠢ ᠨᠡᠭᠡᠭᠡᠭ᠌ᠰᠡᠨ ᠶᠤᠮ᠃

ᠶᠡᠷᠦᠩᠬᠡᠢ ᠱᠦᠵᠢ ᠰᠢ ᠵᠢᠨ ᠫᠢᠩ᠄ 《ᠬᠡᠷᠪᠡ ᠳᠤᠮᠳᠠᠳᠤ᠎ᠶ᠋ᠢᠨ ᠲᠠᠪᠤᠨ ᠮᠢᠩᠭᠠᠨ ᠵᠢᠯ᠎ᠦᠨ ᠪᠣᠯᠪᠠᠰᠤᠨ ᠪᠠᠢᠬᠤ ᠦᠭᠡᠢ ᠪᠣᠯ ᠬᠠᠮᠢᠭ᠎ᠠ᠎ᠡᠴᠡ ᠳᠤᠮᠳᠠᠳᠤ ᠤᠯᠤᠰ᠎ᠤᠨ ᠣᠨᠴᠠᠯᠢᠭ ᠭᠡᠵᠦ᠍ ᠪᠠᠢᠬᠤ ᠪᠤᠢ? ᠬᠡᠷᠪᠡ ᠳᠤᠮᠳᠠᠳᠤ ᠤᠯᠤᠰ᠎ᠤᠨ ᠣᠨᠴᠠᠯᠢᠭ ᠬᠡᠵᠤ ᠦᠭᠡᠢ ᠶᠤᠮ ᠪᠣᠯ ᠬᠠᠮᠢᠭ᠎ᠠ᠎ᠡᠴᠡ ᠮᠠᠨ᠎ᠤ ᠥᠨᠥᠳᠦᠷ᠎ᠦᠨ ᠡᠢᠮᠦ᠍ ᠠᠮᠵᠢᠯᠲᠠ᠎ᠲᠠᠶ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ ᠪᠠᠢᠬᠤ ᠪᠤᠢ?》 ᠭᠡᠵᠦ ᠵᠢᠭᠠᠵᠤ ᠭᠠᠷᠭᠠᠪᠠ᠃

ᠱᠢᠨᠵᠢᠯᠡᠬᠦ᠌ ᠤᠬᠠᠭᠠᠨᠴᠢ ᠦᠨᠡᠨ ᠶᠣᠰᠣ᠎ᠶ᠋ᠢ ᠡᠵᠡᠮᠳᠡᠵᠤ᠂ ᠪᠣᠯᠪᠠᠰᠤᠨ᠎ᠤ ᠬᠡᠷᠡᠯ ᠬᠢᠯᠪᠠᠭ᠎ᠠ᠎ᠳᠦ ᠤᠮᠳᠠᠯᠠᠬᠳᠠᠨ᠎ᠠ᠃ ᠰᠣᠶᠣᠯ᠎ᠤᠨ ᠭᠠᠯ᠎ᠢᠶᠠᠷ ᠰᠡᠷᠭᠦᠨ ᠮᠠᠨᠳᠤᠯᠲᠠ᠎ᠶ᠋ᠢᠨ ᠵᠠᠮ᠎ᠢ ᠭᠡᠷᠡᠯᠲᠦᠭᠦᠯᠵᠦ᠍᠂ ᠥᠨᠥᠳᠦᠷ᠎ᠦᠨ ᠳᠤᠮᠳᠠᠳᠤ ᠤᠯᠤᠰ᠎ᠢ ᠢᠷᠡᠭᠡᠳᠦᠶ᠎ᠳᠦ ᠬᠠᠨᠳᠤᠭᠤᠯᠤᠨ᠂ ᠢᠲᠡᠭᠡᠯ ᠲᠡᠭᠦᠯᠳᠡᠷ ᠤᠷᠤᠭ᠍ᠰᠢᠯᠠᠭᠤᠯᠤᠨ᠎ᠠ᠃

ᠵᠧᠵᠢᠶᠠᠩ᠎ᠤᠨ ᠡᠳᠦᠷ᠎ᠦᠨ ᠰᠣᠨᠢᠨ᠎ᠤ ᠰᠤᠷᠪᠤᠯᠵᠢᠯᠠᠬᠤ ᠳᠤᠭᠤᠢᠯᠠᠩ᠄ ᠵᠧᠦ ᠲᠢᠶᠠᠨ ᠱᠢᠶᠤᠤ   ᠴᠢᠦ ᠢ ᠵᠢᠶᠤᠤ   ᠱᠸᠨ ᠵᠢᠩ ᠵᠢᠩ   ᠯᠢᠨ ᠱᠢᠶᠤᠤ ᠬᠤᠢ

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ