ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠵᠢᠷᠭᠤᠳᠤᠭ᠋ᠠᠷ ᠤᠳᠠᠭ᠎ᠠ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-08-01

    ᠰᠢᠨᠬᠤᠸᠠ ᠬᠣᠷᠢᠶᠠᠨ᠎ᠤ ᠪᠡᠭᠡᠵᠢᠩ᠎ᠤᠨ 7 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠡᠷᠬᠢᠯᠡᠭᠴᠢ ᠰᠢ ᠵᠢᠨ ᠫᠢᠩ 7 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠵᠢᠷᠭᠤᠳᠤᠭ᠋ᠠᠷ ᠤᠳᠠᠭ᠎ᠠ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠂ ᠲᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ ᠵᠡᠷᠭᠡ ᠠᠰᠠᠭᠤᠳᠠᠯ᠎ᠤᠳ᠎ᠢ ᠰᠤᠳᠤᠯᠪᠠ᠃ ᠰᠢ ᠵᠢᠨ ᠫᠢᠩ ᠬᠤᠷᠠᠯᠳᠤᠭ᠋ᠠᠨ ᠳᠡᠭᠡᠷ᠎ᠡ ᠴᠢᠬᠤᠯᠠ ᠶᠠᠷᠢᠶ᠎ᠠ ᠲᠠᠯᠪᠢᠨ ᠴᠢᠬᠤᠯᠠᠴᠢᠯᠠᠬᠤ᠎ᠳᠤ᠎ᠪᠠᠨ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠰᠢᠨ᠎ᠡ ᠬᠥᠭᠵᠢᠯᠲᠡ ᠵᠢᠨ ᠲᠥᠯᠥᠪ ᠪᠠᠢ᠌ᠳᠠᠯ᠎ᠢ ᠪᠠᠶ᠋ᠢᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠴᠡᠭᠡ ᠮᠥᠨ᠂ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠠᠬᠢᠭᠤᠯᠬᠤ ᠨᠡᠢ᠌ᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠳᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠳᠠᠯᠠᠢ ᠲᠠᠩᠭᠢᠰ᠎ᠤᠨ ᠲᠠᠯ᠎ᠠ᠎ᠪᠠᠷ ᠬᠦᠴᠦᠷᠬᠡᠭᠵᠢᠬᠦ ᠵᠠᠮ ᠵᠶ᠋ᠠᠷ ᠵᠠᠮᠨᠠᠬᠤ ᠬᠡᠷᠡᠭᠲᠡᠢ ᠭᠡᠵᠡᠢ᠃

   ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠳᠡᠳ᠋ ᠡᠷᠬᠢᠯᠡᠭᠴᠢ ᠯᠢ ᠴᠢᠶᠠᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠭᠡᠰᠢᠭᠦᠨ ᠼᠠᠢ ᠴᠢ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ ᠲᠣᠰ ᠬᠤᠷᠠᠯᠳᠤᠭ᠋ᠠᠨ᠎ᠳᠤ ᠣᠷᠣᠯᠴᠠᠪᠠ᠃

   ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠠᠬᠢᠭᠤᠯᠬᠤ ᠵᠢᠨ ᠦᠨᠳᠦᠰᠦᠨ ᠱᠠᠭ᠋ᠠᠷᠳᠠᠯᠭ᠎ᠠ ᠪᠣᠯ 《ᠲᠠᠪᠤ ᠵᠢ ᠨᠢᠭᠡᠳᠬᠡᠵᠦ᠂ ᠨᠢᠭᠡ ᠵᠢ ᠨᠡᠭᠡᠭᠡᠯᠲᠡ ᠬᠢᠬᠦ》 ᠶᠠᠪᠤᠳᠠᠯ ᠪᠣᠯᠣᠨ᠎ᠠ᠂ ᠲᠤᠬᠠᠢ᠌ᠯᠠᠪᠠᠯ ᠵᠠᠬ᠎ᠠ ᠳᠡᠯᠭᠡᠭᠦᠷ᠎ᠤᠨ ᠰᠠᠭᠤᠷᠢ ᠳᠦᠷᠢᠮ᠎ᠢ ᠨᠢᠭᠡᠳᠬᠡᠬᠦ᠂ ᠵᠠᠬ᠎ᠠ ᠳᠡᠯᠭᠡᠭᠦᠷ᠎ᠤᠨ ᠰᠠᠭᠤᠷᠢ ᠪᠡᠯᠡᠳᠬᠡᠮᠵᠢ ᠵᠢ ᠨᠢᠭᠡᠳᠬᠡᠬᠦ᠂ ᠵᠠᠰᠠᠭ᠎ᠤᠨ ᠣᠷᠳᠣᠨ᠎ᠤ ᠠᠵᠢᠯᠯᠠᠭ᠋ᠠᠨ᠎ᠤ ᠪᠠᠷᠢᠮᠵᠢᠶ᠎ᠠ ᠵᠢ ᠨᠢᠭᠡᠳᠬᠡᠬᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠵᠢ ᠨᠢᠭᠡᠳᠬᠡᠬᠦ᠂ ᠴᠢᠬᠤᠯᠠ ᠬᠦᠴᠦᠨ ᠵᠦᠢ᠍ᠯ᠎ᠤᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠨᠢᠭᠡᠳᠬᠡᠬᠦ᠂ ᠳᠣᠲᠣᠭ᠋ᠠᠳᠤ ᠪᠠ ᠭᠠᠳᠠᠭ᠋ᠠᠳᠤ ᠨᠡᠭᠡᠭᠡᠯᠲᠡ ᠵᠢ ᠦᠷᠭᠦᠯᠵᠢᠯᠡᠨ ᠥᠷᠭᠡᠳᠬᠡᠬᠦ ᠶᠠᠪᠤᠳᠠᠯ ᠪᠣᠯᠣᠨ᠎ᠠ ᠭᠡᠵᠡᠢ᠃

   ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠬᠤ᠎ᠳᠤ᠂ ᠭᠣᠣᠯᠳᠠᠯᠭ᠎ᠠ ᠪᠣᠯᠬᠤ ᠬᠦᠴᠢᠷ ᠠᠰᠠᠭᠤᠳᠠᠯ᠎ᠳᠤ ᠠᠩᠬᠠᠷᠤᠯ ᠲᠥᠪᠯᠡᠷᠡᠭᠦᠯᠵᠦ᠂ ᠠᠵᠤ ᠠᠬᠤᠢ᠌ᠯᠠᠯ᠎ᠤᠨ ᠬᠢᠮᠳᠠ ᠦᠨ᠎ᠡ᠎ᠪᠠᠷ ᠡᠮᠬᠢ ᠵᠠᠮᠪᠠᠷᠠᠭ᠎ᠠ ᠦᠭᠡᠢ ᠥᠷᠢᠰᠦᠯᠳᠦᠬᠦ ᠵᠢ ᠬᠠᠤᠯᠢ ᠲᠣᠭᠲᠠᠭ᠋ᠠᠯ ᠶᠣᠰᠣᠭ᠋ᠠᠷ ᠵᠠᠰᠠᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠦᠢ᠍ᠯᠡᠳᠬᠦᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠬᠣᠴᠣᠷᠤᠩᠭᠤᠢ ᠦᠢ᠍ᠯᠡᠳᠪᠦᠷᠢᠯᠡᠬᠦ ᠴᠢᠳᠠᠮᠵᠢ ᠵᠢᠨ ᠡᠮᠬᠢ ᠵᠢᠷᠤᠮ᠎ᠲᠠᠢ᠎ᠪᠠᠷ ᠪᠤᠴᠠᠵᠤ ᠭᠠᠷᠬᠤ ᠵᠢ ᠠᠬᠢᠭᠤᠯᠤᠨ᠎ᠠ; ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠵᠤ᠂ ᠳᠠᠭ᠋ᠠᠭ᠋ᠠᠴᠢᠯᠠᠯᠲᠠ ᠣᠯᠣᠭᠰᠠᠨ ᠦᠷ᠎ᠡ ᠳ᠋ᠦᠩ᠎ᠳᠤ ᠭᠣᠣᠯᠴᠢ ᠴᠢᠨᠠᠷ᠎ᠤᠨ ᠬᠢᠨᠠᠨ ᠪᠠᠢ᠌ᠴᠠᠭ᠋ᠠᠯᠲᠠ ᠵᠢ ᠴᠢᠩᠭ᠋ᠠᠳᠬᠠᠨ᠎ᠠ; ᠣᠷᠣᠨ ᠨᠤᠲᠤᠭ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠵᠢᠷᠤᠮᠵᠢᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠠᠯ᠎ᠠ᠎ᠪᠠᠷ᠎ᠬᠢ ᠮᠡᠳᠡᠭᠡ ᠵᠠᠩᠭᠢ ᠨᠡᠢ᠌ᠲᠡᠯᠡᠬᠦ ᠵᠢ ᠴᠢᠩᠭ᠋ᠠᠳᠬᠠᠨ᠎ᠠ; ᠳᠣᠲᠣᠭ᠋ᠠᠳᠤ ᠠᠷᠠᠯᠵᠢᠶ᠎ᠠ ᠪᠠ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠬᠦᠴᠦᠯᠡᠨ ᠠᠬᠢᠭᠤᠯᠵᠤ᠂ ᠭᠠᠳᠠᠭ᠋ᠠᠳᠤ᠎ᠳᠤ ᠭᠠᠷᠭ᠋ᠠᠵᠤ ᠪᠠᠢ᠌ᠭᠰᠠᠨ᠎ᠢ ᠳᠣᠲᠣᠭ᠋ᠠᠳᠤ᠎ᠳᠤ᠎ᠪᠠᠨ ᠪᠣᠷᠣᠯᠠᠭᠤᠯᠬᠤ ᠲᠡᠢ᠌ᠰᠢ ᠰᠢᠯᠵᠢᠭᠦᠯᠬᠦ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠳᠣᠲᠣᠭ᠋ᠠᠳᠤ ᠠᠷᠠᠯᠵᠢᠶ᠎ᠠ ᠪᠠ ᠭᠠᠳᠠᠭ᠋ᠠᠳᠤ ᠠᠷᠠᠯᠵᠢᠶᠠᠨ᠎ᠤ ᠨᠢᠭᠡ ᠪᠦᠯᠦᠭ ᠰᠢᠯᠢᠳᠡᠭ ᠠᠵᠤ ᠠᠬᠤᠢ᠌ᠯᠠᠯ᠎ᠢ ᠪᠣᠢ᠌ᠵᠢᠭᠤᠯᠤᠨ᠎ᠠ; ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ᠎ᠤᠨ ᠨᠢᠭᠡᠳᠦᠯᠲᠡᠢ ᠪᠠᠢ᠌ᠬᠤ᠎ᠳᠤ ᠠᠰᠢᠭᠲᠠᠢ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠯ᠂ ᠲᠣᠭ᠎ᠠ ᠪᠦᠷᠢᠳᠬᠡᠯ᠎ᠤᠨ ᠲᠣᠭ᠋ᠠᠴᠠᠭ᠎ᠠ ᠬᠢᠬᠦ ᠳᠦᠷᠢᠮ ᠪᠠ ᠢᠲᠡᠭᠡᠮᠵᠢ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ; ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠣᠢ ᠪᠣᠯᠭ᠋ᠠᠬᠤ ᠪᠥᠭᠡᠳ ᠲᠡᠭᠦᠨ᠎ᠢ ᠦᠢ᠍ᠯᠡᠳᠦᠯᠭᠡᠵᠢᠭᠦᠯᠵᠦ᠂ ᠴᠢᠨᠠᠷ ᠰᠠᠢ᠌ᠲᠠᠢ ᠬᠥᠭᠵᠢᠯᠲᠡ ᠵᠢᠨ ᠰᠢᠯᠭ᠋ᠠᠨ ᠬᠢᠨᠠᠬᠤ ᠲᠣᠭᠲᠠᠯᠴᠠᠭ᠎ᠠ ᠪᠠ ᠺᠠᠳ᠋ᠷᠴᠤᠳ᠎ᠤᠨ ᠠᠵᠢᠯ᠎ᠤᠨ ᠪᠦᠲᠦᠮᠵᠢ ᠵᠢ ᠰᠢᠯᠭ᠋ᠠᠨ ᠬᠢᠨᠠᠵᠤ ᠦᠨᠡᠯᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠭᠡᠵᠡᠢ᠃

   ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠲᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ᠂ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭ᠋ᠠᠬᠤ᠂ ᠥᠨᠳᠥᠷ ᠪᠦᠲᠦᠮᠵᠢᠲᠡᠢ ᠬᠠᠮᠵᠢᠯᠴᠠᠬᠤ᠂ ᠠᠵᠤ ᠦᠢ᠍ᠯᠡᠰ᠎ᠤᠨ ᠰᠢᠨᠡᠴᠢᠯᠡᠯᠲᠡ᠂ ᠬᠥᠮᠥᠨ ᠪᠠ ᠳᠠᠯᠠᠢ ᠲᠠᠩᠭᠢᠰ᠎ᠤᠨ ᠡᠶ᠎ᠡ ᠵᠣᠬᠢᠴᠠᠯ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠳᠡᠬᠦ ᠵᠡᠷᠭᠡ ᠵᠢ ᠨᠡᠩ ᠴᠢᠬᠤᠯᠠᠴᠢᠯᠠᠨ᠎ᠠ ᠭᠡᠵᠡᠢ᠃

   ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠲᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ᠂ ᠦᠵᠦ ᠲᠥᠯᠥᠪᠯᠡᠭᠡ ᠵᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠠᠯᠠᠢ ᠲᠠᠩᠭᠢᠰ᠎ᠤᠨ ᠠᠵᠤ ᠠᠬᠤᠢ ᠵᠢᠨ ᠬᠥᠭᠵᠢᠯᠲᠡ᠎ᠳᠤ ᠨᠡᠢ᠌ᠭᠡᠮ᠎ᠤᠨ ᠬᠥᠭᠵᠢᠯᠲᠡ ᠵᠢᠨ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ ᠬᠥᠲᠥᠯᠥᠨ ᠵᠢᠯᠣᠭᠣᠳᠤᠨ᠎ᠠ᠃ ᠲᠠᠯᠠᠢ ᠲᠠᠩᠭᠢᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠠᠬᠢ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ ᠲᠠᠯᠠᠢ ᠲᠠᠩᠭᠢᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠷᠠᠭᠤᠯᠵᠤ᠂ ᠲᠠᠯᠠᠢ ᠲᠠᠩᠭᠢᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠪᠦᠬᠦᠢ ᠳᠤᠮᠳᠠ ᠵᠢᠵᠢᠭ ᠠᠵᠤ ᠠᠬᠤᠢ᠌ᠯᠠᠯ᠎ᠢ ᠪᠣᠢ᠌ᠵᠢᠭᠤᠯᠤᠨ ᠬᠥᠭᠵᠢᠭᠦᠯᠦᠨ᠎ᠡ᠃ ᠳᠠᠯᠠᠢ ᠲᠠᠩᠭᠢᠰ᠎ᠤᠨ ᠠᠵᠤ ᠦᠢ᠍ᠯᠡᠰ᠎ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ ᠪᠤᠵᠠᠭ᠋ᠠᠢ᠌ᠷᠠᠭᠤᠯᠵᠤ᠂ ᠳᠠᠯᠠᠢ ᠳᠡᠭᠡᠷᠡᠬᠢ ᠰᠠᠯᠬᠢᠨ ᠬᠦᠴᠦᠨ᠎ᠤ ᠴᠠᠬᠢᠯᠭ᠋ᠠᠨ᠎ᠤ ᠵᠢᠷᠤᠮᠵᠢᠭᠤᠨ ᠡᠮᠬᠢ ᠳᠢᠭᠯᠢᠮ᠎ᠲᠠᠢ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠠᠯᠤᠰ ᠳᠠᠯᠠᠢ᠎ᠳᠤ ᠣᠳᠣᠬᠢᠴᠢᠯᠠᠭᠰᠠᠨ ᠠᠩᠨᠠᠨ ᠱᠦᠭᠦᠬᠦ ᠵᠢ ᠬᠥᠭᠵᠢᠭᠦᠯᠵᠦ᠂ ᠳᠠᠯᠠᠢ ᠲᠠᠩᠭᠢᠰ᠎ᠤᠨ ᠠᠮᠢᠳᠤ ᠪᠣᠳᠠᠰ᠎ᠤᠨ ᠡᠮ ᠡᠮᠨᠡᠯᠭᠡ᠂ ᠠᠮᠢᠳᠤ ᠪᠣᠳᠠᠰ᠎ᠤᠨ ᠪᠦᠲᠦᠭᠡᠭᠳᠡᠬᠦᠨ᠎ᠢ ᠬᠥᠭᠵᠢᠭᠦᠯᠵᠦ᠂ ᠳᠠᠯᠠᠢ ᠲᠠᠩᠭᠢᠰ᠎ᠤᠨ ᠣᠨᠴᠠᠯᠢᠭᠲᠤ ᠰᠣᠶᠣᠯ ᠪᠠ ᠵᠢᠭᠤᠯᠴᠢᠯᠠᠯ᠎ᠤᠨ ᠬᠠᠷᠠᠯᠲᠠ ᠪᠣᠯᠬᠤ ᠣᠷᠣᠨ᠎ᠢ ᠴᠣᠭᠴᠠᠯᠠᠵᠤ᠂ ᠳᠠᠯᠠᠢ ᠵᠢᠨ ᠲᠡᠭᠡᠭᠡᠪᠦᠷᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃ ᠲᠠᠯᠠᠢ ᠵᠢᠨ ᠪᠤᠯᠤᠩ᠎ᠤᠨ ᠠᠵᠤ ᠠᠬᠤᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢᠨ ᠰᠤᠳᠤᠯᠤᠯ᠎ᠢ ᠴᠢᠩᠭ᠋ᠠᠳᠬᠠᠵᠤ᠂ ᠲᠠᠯᠠᠢ ᠳᠠᠭ᠋ᠠᠤ ᠭᠠᠷᠠᠮ᠎ᠤᠨ ᠪᠥᠭᠡᠮᠨᠡᠷᠡᠯ᠎ᠢ ᠰᠢᠯᠢᠳᠡᠭᠵᠢᠭᠦᠯᠦᠨ ᠨᠡᠢ᠌ᠳᠬᠡᠬᠦ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠳᠠᠯᠠᠢ ᠲᠠᠩᠭᠢᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠣᠣᠯᠳᠠᠯᠭ᠎ᠠ ᠪᠣᠯᠬᠤ ᠳᠠᠯᠠᠢ ᠵᠢᠨ ᠣᠷᠣᠨ᠎ᠳᠠᠬᠢ ᠶᠡᠷᠦᠩᠬᠡᠢ᠌ᠯᠡᠭᠰᠡᠨ ᠵᠠᠰᠠᠯᠲᠠ ᠵᠢ ᠦᠷᠭᠦᠯᠵᠢᠯᠡᠨ ᠬᠡᠷᠡᠭᠵᠢᠭᠦᠯᠵᠦ᠂ ᠳᠠᠯᠠᠢ ᠵᠢᠨ ᠣᠷᠣᠨ᠎ᠢ ᠳᠠᠪᠬᠤᠷᠭ᠎ᠠ ᠬᠤᠪᠢᠶᠠᠨ ᠪᠣᠰᠣᠭ᠎ᠠ ᠴᠣᠭᠴᠠ᠎ᠪᠠᠷ ᠠᠰᠢᠭᠯᠠᠬᠤ ᠵᠢ ᠢᠳᠡᠪᠬᠢᠲᠡᠢ ᠠᠬᠢᠭᠤᠯᠵᠤ᠂ ᠳᠠᠯᠠᠢ ᠲᠠᠩᠭᠢᠰ᠎ᠤᠨ ᠨᠡᠭᠦᠷᠡᠰᠦᠲᠥ᠋ᠷᠥᠭᠴᠢ ᠵᠢᠨ ᠬᠤᠷᠠᠮᠳᠤᠯ᠎ᠳᠤ ᠲᠣᠭ᠋ᠠᠴᠠᠭ᠎ᠠ ᠬᠢᠬᠦ ᠵᠢ ᠰᠦᠪᠡᠭᠴᠢᠯᠡᠨ ᠥᠷᠨᠢᠭᠦᠯᠦᠨ᠎ᠡ᠃ ᠪᠦᠬᠦ ᠪᠥᠮᠪᠥᠷᠴᠡᠭ᠎ᠤᠨ ᠳᠠᠯᠠᠢ ᠲᠠᠩᠭᠢᠰ᠎ᠤᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠪᠦᠬᠦ ᠪᠥᠮᠪᠥᠷᠴᠡᠭ᠎ᠤᠨ ᠳᠠᠯᠠᠢ ᠲᠠᠩᠭᠢᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠴᠠᠭ᠋ᠠᠯᠲᠠ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ᠂ ᠬᠥᠬᠡ ᠠᠵᠤ ᠠᠬᠤᠢ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ ᠭᠡᠵᠡᠢ᠃

   ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠭᠡᠰᠢᠭᠦᠳ ᠲᠣᠰ ᠬᠤᠷᠠᠯᠳᠤᠭ᠋ᠠᠨ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯᠳᠤᠭ᠋ᠠᠨ᠎ᠳᠤ ᠰᠤᠯᠠ ᠣᠷᠣᠯᠴᠠᠪᠠ᠃

ᠢᠷᠡᠯᠲᠡ᠄ ᠰᠢᠨᠬᠤᠸᠠ ᠬᠣᠷᠢᠶ᠎ᠠ