ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ
ᠨᠡᠶ᠋ᠢᠲᠡᠯᠡᠭᠰᠡᠨ ᠴᠠᠭ᠄ 2023-10-11

           ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠠ᠋ᠷᠬᠢᠯᠡᠭᠴᠢ ᠫᠠᠨ ᠶᠤᠸᠠᠢ
   

      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠲᠤᠬᠠᠢ ᠠ᠋ᠭᠦᠳᠦᠯᠲᠡ ᠵᠢᠨ ᠴᠢᠨᠠᠷᠲᠠᠢ ᠴᠢᠬᠤᠯᠠ ᠶᠡᠬᠡ ᠨᠤᠲᠠᠯᠠᠯᠲᠠ ᠵᠢ ᠳᠤᠷᠠᠳᠴᠤ᠂ ᠲᠡᠬᠦᠨ᠎ᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠶ ᠱᠦᠵᠢ ᠰᠢ ᠵᠢᠨ ᠫᠢᠩ ᠣᠷᠴᠢᠮᠬᠠᠨ ᠭᠤᠸᠠᠩᠳᠦ᠋ᠩ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠤ᠎ᠪᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠥᠷᠥᠨᠡᠳᠠᠬᠢᠨ᠎ᠤ ᠣᠳᠣᠬᠢᠴᠢᠯᠠᠯᠲᠠ᠎ᠲᠠᠢ ᠮᠥᠨ ᠴᠢᠨᠠᠷ᠎ᠤᠨ ᠢᠯᠭ᠋ᠠᠭ᠎ᠠ᠎ᠲᠠᠢ᠂ ᠥᠷᠥᠨᠡᠳᠠᠬᠢᠨ᠎ᠤ ᠣᠳᠣᠬᠢᠴᠢᠯᠠᠯᠲᠠ ᠮᠡᠲᠦ ᠬᠣᠶᠠᠷ ᠲᠤᠶ᠋ᠢᠯ ᠲᠡᠶ᠋ᠢᠰᠢ ᠵᠠᠳᠠᠷᠠᠬᠤ᠂ ᠪᠤᠰᠤᠳ ᠤᠯᠤᠰ᠎ᠢ ᠳᠡᠭᠡᠷᠡᠮᠳᠡᠬᠦ ᠵᠠᠮ ᠵᠶ᠋ᠠᠷ ᠪᠢᠳᠡ ᠶᠠᠪᠤᠰᠢ ᠦᠭᠡᠶ ᠮᠦᠷᠳᠡᠭᠡᠨ ᠶᠠᠪᠤᠵᠤ ᠴᠤ᠌ ᠪᠤᠯᠤᠰᠢ ᠦᠭᠡᠶ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ᠎ᠲᠠᠢ ᠨᠡᠶ᠋ᠢᠴᠡᠵᠦ᠂ ᠬᠠᠷᠠᠯᠲᠠ᠎ᠲᠠᠢ᠂ ᠲᠥᠯᠥᠪᠵᠢᠭᠦᠯᠭᠡ᠎ᠲᠠᠢ᠂ ᠪᠠᠶ᠋ᠢᠯᠳᠤᠬᠤ ᠪᠤᠳᠤᠯᠭ᠎ᠠ᠎ᠲᠠᠢ ᠪᠠᠢ᠍ᠢ᠍ᠳᠠᠭ᠎ᠠᠴᠠ᠂ ᠪᠢᠳᠡ ᠠᠯᠬᠤᠮ ᠠᠯᠬᠤᠮ ᠵᠶ᠋ᠠᠷ ᠯᠠᠪᠳᠠᠭᠤᠨ ᠪᠠᠳᠤᠳᠠᠢ᠎ᠪᠠᠷ ᠤᠷᠤᠠᠠᠰᠢ ᠠᠬᠢᠭᠤᠯᠬᠤ ᠭᠡᠷᠡᠭᠳᠡᠢ ᠭᠡᠵᠦ ᠵᠢᠭ᠋ᠠᠵᠤ ᠭᠠᠷᠭ᠋ᠠᠭᠰᠠᠨ ᠶᠤᠮ᠃ 
      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠬᠢᠭᠡᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠪᠣᠯ᠂ ᠮᠠᠷᠺᠰ᠎ᠤᠨ ᠦᠵᠡᠯ᠎ᠤᠨ ᠦᠡᠳᠦᠰᠦᠨ ᠤᠭ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠭᠰᠠᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠤᠭᠰᠠᠨ᠎ᠤ ᠠᠮᠢᠳᠤᠯᠢᠭ ᠢᠯᠡᠷᠡᠯ ᠮᠥᠨ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ᠎ᠤ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠃ ᠠ᠋ᠨᠡ ᠬᠣᠶᠠᠷ᠎ᠨᠢ ᠤᠳᠤᠬᠢ ᠳᠤᠮᠳᠠᠳᠤ ᠤᠯᠤᠰ᠎ᠲᠤ ᠰᠠᠭᠤᠷᠢᠯᠠᠭᠰᠠᠨ ᠵᠶ᠋ᠠᠷ ᠪᠠᠷᠠᠬᠤ ᠦᠭᠡᠢ᠂ ᠪᠠᠰᠠ ᠲᠡᠦᠭᠡ ᠵᠢᠨ ᠳᠤᠮᠳᠠᠳᠤ ᠤᠯᠤᠰ᠎ᠲᠤ ᠦᠨᠳᠦᠰᠦᠯᠡᠭᠰᠡᠨ ᠶᠤᠮ᠂ ᠲᠡᠳᠡᠭᠡᠷ᠎ᠨᠢ ᠴᠥᠮ ᠳᠤᠮᠳᠠᠳᠤ ᠵᠢᠨ ᠪᠣᠯᠪᠠᠰᠤᠨ ᠵᠶ᠋ᠠᠷ ᠠ᠋ᠬᠢ ᠠ᠋ᠭᠦᠰᠦᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠡᠳᠦᠨ ᠮᠢᠩᠭ᠋ᠠᠨ ᠵᠢᠯ᠎ᠤᠨ ᠭᠢᠯᠠᠯᠵᠠᠭᠰᠠᠨ ᠪᠣᠯᠪᠠᠰᠤᠨ᠎ᠠᠴᠠ ᠤᠬᠢ ᠰᠢᠮ᠎ᠡ ᠬᠦᠷᠲᠡᠵᠦ᠂ ᠮᠠᠷᠺᠰ᠎ᠤᠨ ᠦᠵᠡᠯ᠎ᠤᠨ ᠦᠵᠡᠯ ᠰᠠᠨᠠᠭ᠋ᠠᠨ᠎ᠤ ᠤᠬᠢ ᠰᠣᠳᠣ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠬᠢ ᠰᠣᠳᠣ᠎ᠲᠠᠢ ᠤᠶᠠᠯᠳᠤᠭᠤᠯᠵᠤ᠂ ᠠᠷᠠᠳ ᠤᠯᠠᠨ᠎ᠤ ᠠ᠋ᠳᠦᠷ ᠲᠤᠳᠤᠮ ᠬᠡᠷᠡᠭᠯᠡᠵᠦ ᠪᠠᠢ᠍ᠢ᠍ᠭ᠎ᠠ ᠮᠦᠷᠳᠡᠭᠡᠨ ᠤᠬᠠᠮᠰᠠᠷᠠᠭ᠎ᠠ ᠦᠭᠡᠢ ᠬᠠᠮᠲᠤ ᠵᠢᠨ ᠦᠷᠳᠡᠭ᠎ᠤᠨ ᠦᠵᠡᠯᠲᠡ᠎ᠲᠠᠢ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ 《ᠬᠠᠮᠢᠭ᠎ᠠ᠎ᠠᠴᠠ ᠢᠷᠡᠭᠰᠡᠨ᠂ ᠬᠠᠮᠢᠭ᠎ᠠ ᠤᠴᠢᠬᠤ》 ᠭᠡᠳᠡᠭ ᠴᠠᠭ ᠦᠶ᠎ᠡ ᠵᠢᠨ ᠠᠰᠠᠭᠤᠯᠲᠠ ᠵᠢ ᠭᠦᠨᠵᠡᠭᠡᠢ ᠬᠠᠷᠢᠭᠤᠯᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠳᠣᠬᠢᠴᠢᠯᠠᠯᠲᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠪᠡᠯ᠂ ᠯᠠᠪᠳᠠᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠢᠨᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠳᠤᠤᠡᠠᠬᠬᠤ ᠵᠢ ᠤᠯᠠᠮ ᠨᠢᠭᠡ ᠠᠯᠬᠤᠮ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠠᠤᠭ᠎ᠠ ᠶᠡᠬᠡ ᠬᠦᠴᠦᠨ ᠴᠢᠳᠠᠯ᠎ᠢ ᠬᠤᠷᠠᠮᠳᠤᠭᠤᠯᠵᠤ ᠥᠭᠬᠦ ᠶᠤᠮ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠠᠪᠤᠨ ᠶᠡᠬᠡ ᠣᠨᠴᠠᠯᠢᠭ᠎ᠢ ᠲᠣᠳᠣᠷᠬᠠᠢ ᠳᠤᠷᠠᠳᠤᠨ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠲᠡᠦᠬᠡ ᠵᠢᠨ ᠯᠣᠭᠢᠭ᠂ ᠤᠨᠤᠯ᠎ᠤᠨ ᠯᠣᠭᠢᠭ ᠪᠠ ᠦᠢ᠍ᠯᠡᠳᠦᠯᠭᠡ ᠵᠢᠨ ᠯᠣᠭᠢᠭ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃ 
      ᠨᠢᠭᠡ᠂ ᠬᠥᠮᠦᠨ ᠠᠮᠠ ᠵᠢᠨ ᠬᠡᠪᠴᠢᠶ᠎ᠡ᠎ᠪᠠᠷ ᠯᠤᠲᠤ ᠶᠡᠬᠡ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠦᠴᠦᠷᠬᠡᠭ ᠶᠡᠬᠡ ᠰᠠᠭᠤᠷᠢ ᠪᠠ ᠮᠤᠨᠳᠠᠭ ᠶᠡᠬᠡ ᠬᠥᠳᠡᠯᠭᠡᠭᠴᠢ ᠠ᠋ᠨᠧᠷᠭᠢ ᠮᠥᠨ
      ᠮᠠᠨ᠎ᠤ ᠤᠯᠤᠰ ᠪᠣᠯ 14 ᠳ᠋ᠦᠩᠰᠢᠭᠤᠷ ᠭᠠᠷᠤᠢ ᠬᠥᠮᠦᠨ ᠠᠮᠠ᠎ᠲᠠᠢ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ ᠶᠤᠮ᠂ ᠠ᠋ᠬᠦᠨ᠎ᠳᠤ ᠵᠥᠪᠬᠡᠨ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠵᠢᠨ ᠬᠡᠪᠴᠢᠶ᠎ᠡ᠎ᠨᠢ ᠴᠤ᠌ 1.25 ᠳ᠋ᠦᠩᠰᠢᠭᠤᠷ᠎ᠲᠤ ᠬᠦᠷᠴᠤ ᠪᠠᠢ᠍ᠢ᠍ᠳᠠᠭ᠂ ᠬᠡᠷᠪᠡ 14 ᠳ᠋ᠦᠩᠰᠢᠭᠤᠷ ᠭᠠᠷᠤᠢ ᠬᠥᠮᠦᠨ ᠴᠥᠮ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠬᠦᠷᠪᠡᠯ ᠬᠡᠪᠴᠢᠶ᠎ᠡ᠎ᠨᠢ ᠪᠦᠬᠦ ᠬᠥᠭᠵᠢᠭᠰᠡᠨ ᠤᠯᠤᠰ᠎ᠤᠨ ᠬᠥᠮᠦᠨ ᠠᠮᠠ ᠵᠢᠨ ᠨᠡᠶ᠋ᠢᠯᠡᠪᠦᠷᠢ᠎ᠠᠴᠠ ᠳᠠᠪᠠᠬᠤ ᠪᠣᠯᠤᠨ᠎ᠠ᠃ ᠬᠥᠮᠦᠨ ᠠᠮᠠ ᠵᠢᠨ ᠬᠡᠪᠴᠢᠶ᠎ᠡ᠎ᠨᠢ ᠣᠳᠣᠬᠢᠴᠢᠯᠠᠯᠲᠠ᠎ᠳᠤ ᠶᠠᠮᠠᠷ ᠠᠴᠢ ᠬᠣᠯᠪᠣᠭᠳᠠᠯ᠎ᠲᠠᠢ ᠪᠤᠢ? ᠣᠳᠣᠬᠢᠴᠢᠯᠠᠯᠲᠠ ᠵᠢᠨ ᠭᠤᠤᠯ ᠬᠦᠢ᠍ᠴᠡᠳᠭᠡᠯ ᠲᠣᠭ᠎ᠠ ᠪᠤᠯᠬᠤ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠠ᠋ᠬᠦᠤᠡᠬᠦ》 ᠪᠤᠯ ᠬᠠᠮᠤᠭ᠎ᠤᠨ ᠰᠠᠶ᠋ᠢᠨ ᠭᠡᠷᠡᠴᠢ ᠪᠤᠯᠤᠨ᠎ᠠ᠃ ᠥᠨᠥᠳᠦᠷ᠎ᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠠ᠋ᠬᠦᠤᠡᠬᠦ ᠥᠷᠢᠰᠥᠯᠳᠦᠬᠦ ᠬᠦᠴᠦᠨ᠎ᠨᠢ ᠠ᠋ᠩ ᠲᠡᠷᠢᠭᠦᠨ᠎ᠳᠤ᠂ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠠᠴᠠ ᠢᠷᠡᠯᠳᠡ᠎ᠲᠠᠢ ᠶᠤᠮ᠃ ᠵᠦᠪᠭᠡᠨ ᠮᠡᠷᠭᠡᠵᠢᠯ᠎ᠤᠨ ᠰᠢᠨᠡᠴᠢᠯᠡᠯᠳᠡ ᠵᠢᠨ ᠥᠪᠡᠷ᠎ᠤᠨ ᠦᠨᠳᠦᠷ ᠦᠷᠲᠡᠭ᠎ᠢ ᠨᠢᠭᠡᠳᠦᠯᠲᠡᠢ ᠲᠤᠮᠤ ᠵᠠᠬ᠎ᠠ ᠳᠡᠯᠭᠡᠭᠦᠷ ᠵᠢᠨᠷ ᠲᠠᠮᠵᠢᠭᠤᠯᠤᠨ ᠪᠠᠭᠤᠷᠠᠭᠤᠯᠪᠠᠯ ᠳᠤᠮᠳᠠᠳᠤ ᠤᠯᠤᠰ᠎ᠤᠨ ᠠᠵᠤ ᠠᠬᠤᠶ᠋ᠢᠯᠠᠯᠲᠠᠤᠨ ᠰᠠᠶᠢ ᠬᠠᠮᠤᠭ᠎ᠤᠨ ᠳᠣᠣᠷ᠎ᠠ ᠥᠪᠡᠷ᠎ᠤᠨ ᠦᠷᠲᠡᠭ ᠵᠶ᠋ᠠᠷ ᠰᠢᠨ᠎ᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠢ ᠠᠵᠤ ᠦᠢ᠍ᠯᠡᠰᠵᠢᠭᠦᠯᠵᠦ᠂ ᠰᠤᠳᠤᠯᠤᠨ ᠨᠡᠭᠡᠭᠡᠬᠦ ᠠᠵᠢᠯ᠎ᠳᠤ ᠪᠡᠯᠡ ᠮᠥᠩᠭᠥ ᠬᠤᠷᠠᠮᠳᠤᠭᠤᠯᠵᠤ ᠣᠷᠣᠭᠤᠯᠤᠯᠲᠠ ᠬᠢᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠢᠡᠷ ᠬᠡᠳᠦᠨ ᠵᠠᠭᠤᠨ ᠵᠢᠯ᠎ᠤᠨ ᠳᠠᠪᠠᠭᠤᠯᠢᠭ ᠪᠦᠬᠦᠢ ᠥᠷᠥᠨᠡᠳᠠᠬᠢᠨ᠎ᠤ ᠠᠵᠤ ᠠᠬᠤᠶ᠋ᠢᠯᠠᠯ᠎ᠲᠠᠢ ᠦᠷᠢᠰᠦᠯᠳᠦᠵᠤ ᠴᠢᠳᠠᠨ᠎ᠠ᠃ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠤ ᠨᠠᠭ᠋ᠠᠳᠤ ᠵᠠᠬ᠎ᠠ᠎ᠳᠤ᠎ᠪᠠᠨ ᠬᠣᠶᠠᠷ ᠰᠠᠭᠤᠷᠢ᠎ᠲᠠᠢ ᠪᠠᠶ᠋ᠢᠬᠤ ᠬᠡᠷᠡᠭᠲᠡᠢ᠄ ᠨᠢᠭᠡ᠎ᠳᠤ ᠬᠡᠪᠴᠢᠶ᠎ᠡ᠎ᠪᠠᠷ ᠯᠤᠲᠤ ᠶᠡᠬᠡ ᠬᠥᠮᠦᠨ ᠠᠮᠠ᠎ᠲᠠᠢ ᠪᠠᠶ᠋ᠢᠬᠤ ᠭᠡᠷᠡᠭᠳᠡᠢ; ᠬᠣᠶᠠᠷ᠎ᠲᠤ ᠠᠵᠤ ᠠᠬᠤᠢ᠂ ᠬᠠᠤᠯᠢ ᠴᠠᠭ᠋ᠠᠵᠠ᠂ ᠤᠯᠤᠰ ᠲᠦᠷᠦ ᠵᠢᠨ ᠨᠢᠭᠡᠳᠦᠯᠲᠡᠢ ᠪᠠᠶ᠋ᠢᠭᠤᠯᠤᠯ᠎ᠲᠠᠢ ᠪᠠᠶ᠋ᠢᠬᠤ ᠭᠡᠷᠡᠭᠳᠡᠢ᠃ ᠠ᠋ᠶ᠋ᠢᠮᠦᠷᠬᠦᠦ ᠬᠡᠪᠴᠢᠶ᠎ᠡ᠎ᠪᠠᠷ ᠯᠤᠲᠤ ᠶᠡᠬᠡ ᠬᠥᠮᠦᠨ ᠠᠮᠠ ᠪᠠ ᠨᠢᠭᠡᠳᠦᠯᠲᠡᠢ ᠪᠠᠶ᠋ᠢᠭᠤᠯᠤᠯ᠎ᠨᠢ ᠲᠩᠷᠢ᠎ᠠᠴᠠ ᠤᠨᠠᠵᠤ ᠢᠷᠡᠳᠡᠭ ᠪᠢᠰᠢ᠂ ᠬᠠᠷᠢᠨ ᠳᠤᠮᠳᠠᠳᠤ ᠤᠯᠤᠰ᠎ᠤᠨ ᠲᠡᠦᠬᠡ ᠰᠣᠶᠣᠯ᠎ᠤᠨ ᠤᠯᠠᠮᠵᠢᠯᠠᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠲᠠᠢ ᠨᠢᠭᠲᠠ ᠬᠣᠯᠪᠣᠭ᠎ᠠ᠎ᠲᠠᠢ ᠶᠤᠮ᠃ 
      ᠮᠠᠰᠢ ᠤᠯᠠᠨ ᠬᠦᠮᠤᠨ ᠳᠤᠮᠳᠠᠳᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠥᠮᠦᠨ ᠠᠮᠠ ᠤᠯᠠᠨ᠎ᠲᠠᠢ ᠪᠠᠢ᠍ᠢ᠍ᠳᠠᠭ᠎ᠨᠢ 《ᠤᠤᠯ᠎ᠠᠴᠠ᠎ᠪᠠᠨ ᠪᠠᠢ᠍ᠢ᠍ᠠᠠᠰᠠᠨ ᠤᠴᠢᠷ》 ᠭᠡᠵᠦ ᠦᠵᠡᠵᠦ ᠪᠤᠢ᠃ ᠠ᠋ᠶ᠋ᠢᠮᠦ ᠮᠤᠨᠳᠠᠭ ᠶᠡᠬᠡ ᠬᠡᠪᠴᠢᠶᠡᠨ᠎ᠤ ᠬᠠᠮᠲᠤ ᠵᠢᠨ ᠴᠣᠭᠴᠠ ᠵᠢ ᠬᠡᠪ ᠵᠶ᠋ᠠᠷ ᠪᠠᠢ᠍ᠢ᠍ᠯᠭ᠋ᠠᠭᠰᠠᠭ᠋ᠠᠷ ᠪᠠᠢ᠍ᠢ᠍ᠭ᠎ᠠ᠎ᠨᠢ ᠦᠨᠡᠨ᠎ᠳᠤ᠎ᠪᠠᠨ ᠲᠤᠶ᠋ᠢᠯ᠎ᠤᠨ ᠬᠢᠯᠪᠠᠷ ᠪᠤᠰᠤ ᠶᠤᠮ᠃ ᠥᠷᠥᠨᠡᠳᠠᠬᠢᠨ᠎ᠤ ᠬᠢᠲᠠᠳ ᠰᠤᠳᠤᠯᠤᠯ᠎ᠤᠨ ᠠ᠋ᠷᠳᠡᠮᠲᠡᠤᠨ ᠳᠤᠮᠳᠠᠳᠤ ᠤᠯᠤᠰ ᠲᠡᠶ᠋ᠢᠮᠦ ᠤᠯᠠᠨ ᠦᠨᠳᠦᠰᠦᠲᠡᠨ᠎ᠲᠠᠢ ᠮᠦᠷᠳᠡᠭᠡᠨ ᠳᠡᠭᠡᠳᠦ ᠬᠡᠮᠵᠢᠶᠡᠨ᠎ᠤ ᠨᠢᠭᠡᠳᠦᠯᠲᠡᠢ ᠰᠣᠶᠣᠯ᠎ᠤᠨ ᠮᠡᠳᠡᠷᠡᠬᠦᠢ᠎ᠲᠠᠢ ᠭᠡᠵᠦ ᠱᠠᠬᠰᠢᠨ ᠭᠡᠯᠡᠵᠡᠭᠡᠳᠡᠭ᠃ ᠠ᠋ᠨᠡ᠎ᠨᠢ ᠶᠠᠭ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠣᠯᠠᠨ ᠤᠳᠠᠭ᠋ᠠᠨ᠎ᠤ ᠦᠨᠳᠦᠰᠦᠲᠡᠨ᠎ᠤ ᠶᠡᠬᠡ ᠠᠭᠤᠰᠤᠯᠴᠠᠯ᠂ ᠰᠣᠶᠣᠯ᠎ᠤᠨ ᠶᠡᠬᠡ ᠠᠭᠤᠰᠤᠯᠴᠠᠯ᠎ᠤᠨ ᠦᠷ᠎ᠡ ᠳ᠋ᠦᠩ ᠮᠥᠨ᠃ ᠳᠤᠮᠳᠠᠳᠤ ᠵᠢᠨ ᠪᠣᠯᠪᠠᠰᠤᠨ᠎ᠤ ᠠ᠋ᠭᠢ ᠠ᠋ᠭᠦᠰᠦᠯ᠎ᠨᠢ 《ᠣᠭᠲᠠᠷᠭᠤᠢ᠎ᠳᠤ ᠲᠦᠭᠡᠭᠰᠡᠨ ᠤᠳᠦᠠ ᠮᠡᠴᠢᠳ》 ᠰᠢᠭ ᠪᠠᠢ᠍ᠢ᠍ᠳᠠᠭ᠂ ᠠ᠋ᠷᠳᠡ ᠳᠡᠭᠡᠳᠦ ᠵᠢᠨ ᠦᠶ᠎ᠡ᠎ᠠᠴᠠ ᠭᠡᠳᠤᠢ᠍ᠢ᠍ᠪᠡᠷ ᠤᠯᠠᠨ ᠠᠷᠪᠢᠨ ᠬᠦᠷᠰᠢ ᠤᠯᠤᠰ ᠬᠦᠷᠦᠨ᠎ᠨᠦᠭᠦᠳ ᠰᠡᠬᠦᠢ᠍ᠢ᠍ᠨ ᠤᠷᠤᠰᠢᠵᠤ ᠪᠠᠢ᠍ᠢ᠍ᠠᠠᠰᠠᠨ ᠴᠤ᠌᠂ ᠥᠪᠡᠷᠮᠢᠴᠡ 《ᠶᠡᠬᠡ ᠨᠢᠭᠡᠳᠦᠯ》᠎ᠤᠨ ᠲᠡᠦᠬᠡ ᠰᠣᠶᠣᠯ᠎ᠤᠨ ᠠᠬᠤᠢ ᠪᠠᠶ᠋ᠢᠳᠠᠯ ᠳᠣᠣᠷ᠎ᠠ ᠲᠡᠳᠡᠭᠡᠷ᠎ᠨᠢ ᠠᠭ᠋ᠠᠵᠢᠮ ᠵᠶ᠋ᠠᠷ ᠤᠯᠡᠠ ᠠ᠋ᠰᠢᠲᠦ ᠨᠢᠭᠡ ᠴᠣᠭᠴᠠᠵᠢᠭᠰᠠᠨ ᠳᠤᠮᠳᠠᠳᠤ ᠵᠢᠨ ᠦᠨᠳᠦᠰᠦᠲᠡᠨ ᠪᠤᠯᠵᠦ ᠪᠦᠷᠢᠯᠳᠦᠭᠰᠡᠨ ᠶᠤᠮ᠃ ᠠ᠋ᠨᠡ᠎ᠨᠢ ᠶᠠᠭ ᠳᠤᠮᠳᠠᠳᠤ ᠵᠢᠨ ᠦᠨᠳᠦᠰᠦᠲᠡᠨ᠎ᠤ 《ᠪᠦᠬᠦᠨ᠎ᠢ ᠪᠠᠭᠳᠠᠭ᠋ᠠᠬᠤ》 ᠬᠡᠬᠦᠳᠡᠭ ᠴᠡᠭᠡᠵᠢ ᠪᠣᠯᠤᠨ ᠲᠤᠰ ᠪᠡᠶ᠎ᠡ ᠵᠢᠨ ᠬᠢᠨᠢ ᠳᠠᠪᠠᠭᠤᠯᠢᠭ᠎ᠠᠴᠠ ᠪᠣᠯᠤᠭᠰᠠᠨ ᠶᠤᠮ᠃ ᠵᠠᠭᠤ ᠭᠠᠷᠤᠢ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠠ᠋ᠳ᠋ᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠤᠭ ᠰᠠᠨᠠᠭ᠎ᠠ ᠠ᠋ᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠢᠮᠠᠭᠲᠠ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠎ᠪᠠᠷ ᠬᠦᠴᠦᠯᠡᠨ ᠴᠢᠷᠮᠠᠶ᠋ᠢᠵᠤ᠂ ᠢᠮᠠᠭᠲᠠ ᠮᠠᠷᠺᠰ᠎ᠤᠨ ᠦᠵᠡᠯ᠎ᠤᠨ ᠤᠭ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠲᠠᠰᠤᠷᠠᠯᠳᠠ ᠦᠭᠡᠢ ᠠᠬᠢᠭᠤᠯᠪᠠ᠂ ᠤᠳᠤ ᠶᠠᠭ ᠳᠤᠮᠳᠠᠳᠤ ᠵᠢᠨ ᠦᠨᠳᠦᠰᠦᠲᠡᠨ᠎ᠤ ᠪᠣᠰᠴᠤ ᠵᠣᠭᠰᠣᠭᠰᠠᠨ᠂ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠠᠬᠢᠭᠤᠯᠵᠤ ᠪᠠᠶ᠋ᠢᠬᠤ ᠪᠦᠭᠡᠳ ᠳᠤᠮᠳᠠᠳᠤ ᠵᠢᠨ ᠦᠨᠳᠦᠰᠦᠲᠡᠨ᠎ᠤ ᠤᠬᠠᠮᠰᠠᠷᠠᠬᠰᠠᠨ᠎ᠠᠴᠠ᠎ᠪᠠᠨ ᠥᠪᠡᠷ᠎ᠢ᠎ᠪᠠᠨ ᠬᠦᠴᠦᠷᠬᠡᠭᠵᠢᠭᠦᠯᠬᠦ ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠬᠦᠯᠵᠦ ᠪᠠᠶ᠋ᠢᠨ᠎ᠠ᠃ ᠠ᠋ᠶ᠋ᠢᠮᠦᠷᠬᠦᠦ ᠶᠡᠬᠡ ᠬᠡᠪᠴᠢᠶᠡᠨ᠎ᠤ ᠬᠥᠮᠦᠨ ᠠᠮᠠ ᠪᠠ ᠤᠯᠠᠨ ᠦᠨᠳᠦᠰᠦᠲᠡᠨ᠎ᠲᠠᠢ ᠪᠠᠶ᠋ᠢᠬᠤ ᠪᠠᠶ᠋ᠢᠳᠠᠯ ᠳᠣᠣᠷ᠎ᠠ᠂ ᠤᠯᠤᠰ ᠣᠷᠣᠨ᠎ᠤ ᠰᠠᠢ᠍ᠢ᠍ᠨ ᠵᠠᠰᠠᠯᠲᠠ ᠰᠠᠢ᠍ᠢ᠍ᠨ ᠵᠠᠰᠠᠭ᠎ᠢ ᠪᠡᠶᠡᠯᠡᠭᠦᠯᠬᠦ᠎ᠨᠢ ᠦᠨᠡᠨ᠎ᠳᠤ᠎ᠪᠠᠨ ᠲᠦᠷᠦ ᠵᠢ ᠵᠠᠰᠠᠵᠤ ᠵᠠᠰᠠᠭ᠎ᠢ ᠠ᠋ᠷᠬᠢᠯᠡᠬᠦ ᠲᠠᠯ᠎ᠠ᠎ᠪᠠᠷ᠎ᠬᠢ ᠨᠢᠭᠡ ᠵᠦᠢ᠍ᠯ᠎ᠤᠨ ᠬᠡᠲᠦᠶ᠋ᠢᠳᠦᠭᠰᠡᠨ ᠤᠶᠤᠨ ᠤᠬᠠᠭ᠋ᠠᠨ ᠮᠥᠨ᠂ ᠮᠦᠨ ᠴᠤ᠌ ᠳᠤᠮᠳᠠᠳᠤ ᠤᠯᠤᠰ᠎ᠤᠨ ᠤᠯᠤᠰ ᠲᠦᠷᠦ ᠵᠢᠨ ᠪᠣᠯᠪᠠᠰᠤᠨ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠷ᠎ᠡ ᠪᠦᠲᠦᠭᠡᠯ ᠮᠥᠨ᠃ ᠠ᠋ᠶ᠋ᠢᠮᠦ᠎ᠠᠴᠠ ᠳᠤᠮᠳᠠᠳᠤ ᠵᠢᠨ ᠪᠣᠯᠪᠠᠰᠤᠨ᠎ᠨᠢ ᠨᠤᠲᠤᠭ ᠳᠡᠪᠢᠰᠬᠡᠷ ᠵᠢᠡᠷ ᠥᠷᠭᠡᠨ ᠠᠭᠤᠳᠠᠮ᠂ ᠬᠥᠮᠦᠨ ᠠᠮᠠ᠎ᠪᠠᠷ ᠣᠯᠠᠨ᠎ᠲᠠᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠎ᠨᠢ ᠪᠠᠰᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠦᠡᠳᠤᠰᠤ ᠰᠠᠭᠤᠷᠢ ᠪᠠ ᠮᠤᠨᠳᠠᠭ ᠶᠡᠬᠡ ᠬᠥᠳᠡᠯᠭᠡᠭᠴᠢ ᠬᠦᠴᠦᠨ᠎ᠢ ᠬᠠᠩᠭ᠋ᠠᠵᠠᠢ᠃ 
      ᠬᠣᠶᠠᠷ᠂ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠠᠵᠤ ᠠᠬᠤᠢ ᠵᠢᠨ ᠰᠠᠭᠤᠷᠢ ᠪᠠ ᠮᠥᠨ ᠴᠢᠨᠠᠷ᠎ᠤᠨ ᠱᠠᠭ᠋ᠠᠷᠳᠠᠯᠭ᠎ᠠ ᠮᠥᠨ
      ᠬᠠᠮᠲᠤ᠎ᠪᠠᠷ ᠪᠠᠶᠠᠵᠢᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠷᠥᠨᠡᠳᠠᠬᠢᠨ᠎ᠤ ᠣᠳᠣᠬᠢᠴᠢᠯᠠᠯᠲᠠ᠎ᠠᠴᠠ ᠢᠯᠭ᠋ᠠᠭᠳᠠᠬᠤ ᠢᠯᠡᠷᠬᠡᠶ ᠰᠢᠡᠵᠢ ᠲᠡᠮᠳᠡᠭ ᠮᠥᠨ᠃ ᠥᠷᠥᠨᠡᠳᠠᠬᠢᠨ᠎ᠤ ᠣᠳᠣᠬᠢᠴᠢᠯᠠᠯᠲᠠ ᠵᠢᠨ ᠬᠥᠭᠵᠢᠯᠲᠡ ᠵᠢᠨ ᠶᠠᠪᠤᠴᠠ᠎ᠳᠠᠬᠢ ᠶᠠᠳᠠᠭᠤ ᠪᠠᠶᠠᠨ᠎ᠤ ᠵᠠᠳᠠᠷᠠᠯ᠂ ᠴᠢᠨᠠᠭᠰᠢᠯᠠᠪᠠᠯ ᠳᠠᠪᠬᠤᠷᠭ᠎ᠠ ᠵᠢᠨ ᠬᠤᠭᠤᠷᠤᠡᠳᠤ ᠵᠢᠨ ᠠ᠋ᠰᠡᠷᠭᠦᠴᠡᠯᠳᠦᠯ ᠪᠣᠯ ᠬᠡᠪ᠎ᠤᠨ ᠦᠵᠡᠭᠳᠡᠯ ᠪᠤᠯᠬᠤ ᠶᠤᠮ᠂ ᠵᠠᠷᠢᠮ ᠤᠯᠤᠰ᠎ᠲᠤ ᠴᠢᠨᠠᠭᠰᠢᠯᠠᠪᠠᠯ ᠠᠷᠠᠰᠤᠲᠠᠨ᠎ᠤ ᠠ᠋ᠯᠸᠮᠸᠨ᠋ᠲ ᠪᠠ ᠳᠠᠪᠬᠤᠷᠭ᠎ᠠ ᠵᠢᠨ ᠠ᠋ᠯᠸᠮᠸᠨ᠋ᠲ ᠳᠠᠪᠬᠤᠴᠠᠨ ᠪᠦᠷᠢᠯᠳᠦᠭᠰᠡᠨ 《ᠠᠷᠠᠰᠤᠲᠠᠨᠴᠢᠯᠠᠭᠰᠠᠨ ᠶᠠᠳᠠᠭᠤ ᠬᠣᠭᠣᠰᠣᠨ》᠎ᠤ ᠠᠰᠠᠭᠤᠳᠠᠯ ᠢᠯᠡᠷᠡᠵᠤ ᠪᠠᠶ᠋ᠢᠨ᠎ᠠ᠃ ᠬᠠᠮᠲᠤ᠎ᠪᠠᠷ ᠪᠠᠶᠠᠵᠢᠬᠤ ᠪᠣᠯ ᠨᠡᠶ᠋ᠢᠭᠡᠮ ᠵᠢᠷᠤᠮ᠎ᠤᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠮᠥᠨ᠂ ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠣᠳᠣᠬᠢᠴᠢᠯᠠᠯᠲᠠ ᠮᠥᠨ᠃ ᠳᠤᠮᠳᠠᠳᠤ ᠵᠢᠨ ᠪᠣᠯᠪᠠᠰᠤᠨ᠎ᠨᠢ ᠠᠷᠠᠳ ᠵᠶ᠋ᠠᠷ ᠦᠨᠳᠦᠰᠦ ᠪᠣᠯᠭ᠋ᠠᠬᠤ ᠲᠩᠷᠢ ᠵᠢᠨ ᠶᠣᠰᠣ ᠵᠢ ᠴᠢᠬᠤᠯᠠᠴᠢᠯᠠᠵᠤ᠂ 《ᠠᠷᠠᠳ ᠢᠷᠭᠡᠳ ᠵᠢᠨᠷ ᠤᠯᠤᠰ᠎ᠤᠨ ᠦᠨᠳᠦᠰᠦ ᠪᠤᠯᠭ᠋ᠠᠭᠰᠠᠨ》᠂ 《ᠶᠡᠭᠡ ᠨᠢᠭᠡᠳᠦᠯᠲᠦ ᠨᠡᠶ᠋ᠢᠭᠡᠮ》᠎ᠢ ᠴᠢᠬᠤᠯᠠᠴᠢᠯᠠᠳᠠᠭ᠃ ᠨᠡᠶ᠋ᠢᠭᠡᠮ ᠵᠢᠷᠤᠮ᠎ᠤᠨ ᠮᠥᠨ ᠴᠢᠨᠠᠷ ᠪᠠ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠳᠤ ᠬᠠᠮᠲᠤ᠎ᠪᠠᠷ ᠪᠠᠶᠠᠵᠢᠬᠤ᠎ᠳᠤ 《ᠨᠢᠭᠡ ᠦᠨᠳᠦᠰᠦᠲᠡᠨ᠎ᠢ ᠴᠤ᠌ ᠣᠷᠬᠢᠭᠳᠠᠭᠤᠯᠵᠤ ᠪᠣᠯᠬᠤ

ᠦᠭᠡᠢ》᠂ 《ᠨᠢᠭᠡ ᠭᠡᠷ᠎ᠤᠨ ᠬᠥᠮᠦᠰ᠎ᠢ ᠴᠦᠮ ᠰᠠᠢ᠍ᠢ᠍ᠨ ᠰᠠᠶ᠋ᠢᠬᠠᠨ ᠠᠮᠢᠳᠤᠷᠠᠭᠤᠯᠬᠤ ᠬᠡᠷᠡᠭᠲᠡᠢ》᠂ ᠠᠬ᠎ᠠ ᠳᠡᠭᠦᠦ ᠦᠨᠳᠦᠰᠦᠲᠡᠨ᠎ᠤ ᠨᠢᠭᠡ ᠵᠢ ᠴᠤ᠌ ᠶᠠᠭ᠋ᠠᠬᠢᠭᠰᠠᠨ ᠴᠤ᠌ ᠠ᠋ᠩᠨᠡᠭᠡ᠎ᠠᠴᠠ ᠬᠣᠴᠣᠷᠤᠭᠤᠯᠵᠦ ᠪᠤᠯᠬᠤ ᠦᠭᠡᠢ᠂ ᠠᠯᠢ ᠨᠢᠭᠡ ᠦᠨᠳᠦᠰᠦᠲᠡᠨ᠎ᠤ ᠭᠠᠵᠠᠷ ᠣᠷᠣᠨ᠎ᠢ ᠶᠠᠭ᠋ᠠᠬᠢᠠᠠᠰᠠᠨ ᠴᠤ᠌ ᠠ᠋ᠩᠨᠡᠭᠡ᠎ᠠᠴᠠ ᠬᠣᠴᠣᠷᠤᠭᠤᠯᠵᠦ ᠪᠤᠯᠬᠤ ᠦᠭᠡᠢ ᠭᠡᠵᠦ ᠱᠠᠭ᠋ᠠᠷᠳᠠᠳᠠᠭ᠃ 30 ᠭᠠᠷᠤᠶ ᠵᠢᠯ ᠪᠠᠷᠢᠮᠲᠠᠯᠠᠭᠰᠠᠭ᠋ᠠᠷ ᠢᠷᠡᠭᠰᠡᠨ ᠪᠦᠬᠦ ᠤᠯᠤᠰ᠎ᠤᠨ ᠲᠥᠪᠡᠳ ᠪᠤᠯᠤᠨ ᠰᠢᠨᠵᠢᠶᠠᠩ᠎ᠢ ᠠᠵᠢᠯ ᠲᠦᠷᠤᠯ ᠵᠢᠡᠷ ᠬᠠᠷᠠᠭ᠋ᠠᠯᠵᠠᠭᠰᠠᠨ ᠲᠤᠰᠠᠯᠠᠯᠳᠠ ᠴᠤ᠌ ᠲᠡᠷᠡ᠂ ᠹᠦᠵᠢᠶᠠᠨ ᠨᠢᠩᠰᠢᠶᠠ ᠵᠢᠨ ᠲᠤᠷᠰᠢᠯᠭ᠎ᠠ ᠵᠢ ᠠ᠋ᠭᠦᠳᠴᠦ ᠠᠵᠢᠯ ᠲᠥᠷᠥᠯ ᠵᠶ᠋ᠠᠷ ᠶᠠᠳᠠᠭᠤ ᠵᠢ ᠲᠡᠳᠬᠦᠬᠦ ᠵᠢ ᠦᠷᠨᠢᠬᠦᠯᠤᠭ᠌ᠰᠡᠨ ᠬᠠᠮᠵᠢᠯᠴᠠᠭ᠎ᠠ ᠴᠤ᠌ ᠭᠡᠰᠡᠨ᠂ ᠳ᠋ᠠ ᠯᠢᠶᠠᠩ ᠱᠠᠨ ᠠᠭᠤᠯᠠᠨ᠎ᠤ ᠭᠦᠨ᠎ᠳᠠᠬᠢ ᠢ ᠦᠨᠳᠦᠰᠦᠲᠡᠨ᠎ᠤ ᠬᠡᠳᠦᠨ ᠠᠷᠪᠠᠨ ᠬᠡᠦᠬᠡᠳ᠎ᠲᠤ ᠲᠤᠰᠬᠠᠶ᠋ᠢᠯᠠᠨ ᠰᠤᠷᠭ᠋ᠠᠭᠤᠯᠢ᠎ᠳᠤ ᠤᠴᠢᠬᠤ ᠵᠠᠮ ᠳᠡᠪᠢᠰᠴᠦ ᠦᠭᠭᠦᠭᠰᠡᠨ᠂ ᠶᠦᠨᠨᠠᠨ᠎ᠤ ᠨᠦᠵᠢᠶᠠᠩ᠎ᠤᠨ 7000 ᠭᠠᠷᠤᠢ ᠳ᠋ᠦᠯᠦᠢ᠍ᠩ ᠦᠨᠳᠦᠰᠦᠲᠡᠨ᠎ᠤ ᠤᠯᠠᠨ ᠲᠦᠮᠡᠨ᠎ᠳᠤ ᠳ᠋ᠦᠯᠦᠢ᠍ᠩ ᠮᠥᠷᠡᠨ᠎ᠳᠤ ᠵᠠᠰᠠᠮᠠᠯ ᠵᠠᠮ ᠳᠡᠪᠢᠰᠴᠦ ᠦᠭᠭᠦᠭᠰᠡᠨ ᠵᠡᠷᠭᠡ ᠪᠤᠯ ᠴᠦᠮ ᠠ᠋ᠨᠡ ᠬᠦ᠌ ᠤᠢ᠍ᠢ᠍ᠯᠠᠭ᠋ᠠᠭᠳᠠᠬᠤᠨ᠎ᠤ ᠠᠮᠢᠳᠤᠯᠢᠭ ᠵᠢᠷᠤᠭᠯᠠᠯ ᠪᠣᠯᠬᠤ ᠶᠤᠮ᠃ 
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠤᠨᠤᠪᠴᠢᠳᠠᠢ᠎ᠪᠠᠷ ᠶᠠᠳᠠᠭᠤ ᠵᠢ ᠲᠡᠳᠭᠦᠭᠰᠡᠨ ᠭᠠᠵᠠᠷ ᠣᠷᠣᠨ᠎ᠤ ᠣᠯᠠᠩᠬᠢ ᠭᠠᠵᠠᠷ ᠤᠷᠤᠨ᠎ᠨᠢ ᠴᠦᠮ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠤᠨ᠎ᠠ᠃ ᠪᠦᠬᠦ ᠤᠯᠤᠰ᠎ᠤᠨ 832 ᠶᠠᠳᠠᠭᠤ ᠬᠦᠴᠢᠷᠳᠡᠯ᠎ᠲᠠᠢ ᠰᠢᠶᠠᠨ᠎ᠤ ᠲᠤᠳᠤᠷᠠᠬᠢ 420᠎ᠨᠢ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠳᠤ ᠪᠤᠢ᠂ ᠦᠨᠳᠦᠰᠦᠲᠡᠨ᠎ᠤ ᠭᠠᠵᠠᠷ ᠣᠷᠣᠨ ᠪᠣᠯ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠬᠤ ᠵᠢᠨ ᠭᠣᠣᠯ ᠵᠢᠭᠰᠠᠭ᠋ᠠᠯ᠎ᠤᠨ ᠭᠠᠵᠠᠷ ᠪᠣᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠡᠶᠡᠯᠡᠭᠦᠯᠬᠦ ᠵᠠᠮ᠎ᠳᠤ ᠪᠢᠳᠡ ᠶᠡᠬᠡ ᠬᠡᠮᠵᠢᠶᠡᠨ᠎ᠤ ᠣᠷᠣᠨ ᠪᠦᠰᠡᠴᠢᠯᠡᠭᠰᠡᠨ ᠪᠦᠳᠦᠮᠵᠢᠳᠡᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ᠎ᠪᠠᠷ ᠳᠠᠮᠵᠢᠭᠤᠯᠤᠨ ᠦᠨᠳᠦᠰᠦᠲᠡᠨ᠎ᠤ ᠭᠠᠵᠠᠷ ᠣᠷᠣᠨ ᠪᠥᠬᠥ ᠤᠯᠤᠰ᠎ᠯᠤᠭ᠎ᠠ ᠢᠵᠢᠯ ᠠᠯᠬᠤᠮ ᠵᠢᠨᠷ ᠬᠠᠮᠲᠤ᠎ᠪᠠᠷ ᠣᠳᠣᠬᠢᠴᠢᠯᠠᠯᠲᠠ᠎ᠳᠤ ᠠᠯᠬᠤᠨ ᠣᠷᠣᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠠ᠋ᠷᠡᠮᠡᠯᠵᠡᠯ᠎ᠢ᠎ᠨᠢ ᠲᠠᠰᠤᠷᠠᠯᠲᠠ ᠥᠬᠡᠶ ᠬᠠᠩᠭ᠋ᠠᠵᠤ᠂ ᠦᠨᠳᠦᠰᠦᠲᠡᠨ᠎ᠨᠦᠭᠦᠳ᠎ᠲᠤ ᠰᠠᠶ᠋ᠢᠨ ᠰᠠᠶ᠋ᠢᠬᠠᠨ ᠢᠷᠡᠭᠡᠳᠦᠶ ᠵᠢ ᠬᠠᠮᠲᠤ᠎ᠪᠠᠷ ᠴᠣᠭᠴᠠᠯᠠᠵᠤ᠂ ᠰᠡᠷᠭᠦᠨ ᠮᠠᠨᠳᠤᠯᠲᠠ ᠵᠢᠨ ᠢᠷᠠᠭᠤ ᠠᠯᠳᠠᠷ᠎ᠢ ᠬᠠᠮᠲᠤ᠎ᠪᠠᠷ ᠠ᠋ᠳ᠋ᠯᠡᠭᠦᠯᠪᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ᠎ᠳᠤ ᠪᠠᠲᠤ ᠪᠡᠬᠢ ᠠᠵᠤ ᠠᠬᠤᠶ ᠵᠢᠨ ᠰᠠᠭᠤᠷᠢ ᠵᠢ ᠲᠠᠯᠪᠢᠵᠤ᠂ ᠯᠠᠪᠳᠠᠢ ᠳᠤᠮᠳᠠᠳᠤ ᠵᠢᠨ ᠦᠨᠳᠦᠰᠦᠲᠡᠨ᠎ᠨᠦᠭᠦᠳ᠎ᠢ ᠨᠡᠩ ᠥᠨᠳᠥᠷ ᠮᠡᠳᠡᠷᠡᠭᠦᠢ᠎ᠲᠠᠢ᠂ ᠨᠡᠩ ᠴᠢᠩᠭ᠎ᠠ ᠨᠢᠭᠲᠠᠷᠠᠭᠤᠯᠬᠤ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠤᠯᠭ᠋ᠠᠬᠤ ᠵᠢ ᠠᠬᠢᠭᠤᠯᠬᠤ ᠶᠤᠮ᠃ 
      ᠭᠤᠷᠪᠠ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠵᠤᠬᠢᠴᠠᠭᠤᠯᠤᠠᠠᠰᠠᠨ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠦᠳᠦᠭᠡᠨ ᠪᠠᠢ᠍ᠢ᠍ᠭᠤᠯᠬᠤ ᠢᠯᠡ ᠲᠣᠳᠣ ᠣᠨᠴᠠᠯᠢᠭ ᠪᠠ ᠴᠢᠬᠤᠯᠠ ᠪᠠᠲᠤᠯᠠᠭ᠎ᠠ ᠮᠥᠨ
      ᠥᠷᠥᠨᠡᠳᠠᠬᠢᠨ᠎ᠤ ᠣᠳᠣᠬᠢᠴᠢᠯᠠᠯᠲᠠ ᠵᠢᠨ ᠶᠠᠪᠤᠴᠠ᠎ᠳᠤ ᠨᠢᠭᠡ ᠦᠶ᠎ᠡ 《ᠠ᠋ᠳ᠋ ᠪᠣᠳᠠᠰ᠎ᠢ ᠴᠢᠬᠤᠯᠠᠴᠢᠯᠠᠵᠤ᠂ ᠤᠶᠤᠨ ᠰᠠᠨᠠᠭ᠎ᠠ ᠵᠢ ᠬᠥᠩᠭᠡᠪᠴᠢᠯᠡᠬᠦ》 ᠪᠠ 《ᠬᠤᠪᠢ ᠬᠥᠮᠦᠨ᠎ᠢ ᠬᠦᠨᠳᠦᠳᠬᠡᠵᠦ᠂ ᠬᠠᠮᠲᠤ ᠨᠡᠶ᠋ᠢᠲᠡ ᠵᠢ ᠬᠥᠩᠭᠡᠪᠴᠢᠯᠡᠬᠦ》 ᠬᠦᠨᠳᠦ ᠨᠣᠴᠢᠲᠠᠢ ᠨᠠᠵᠠᠭ᠋ᠠᠢ ᠬᠡᠯᠪᠡᠷᠢᠯ ᠭᠠᠷᠴᠠᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ 《ᠬᠣᠶᠠᠷ᠎ᠢ ᠤᠶᠠᠯᠳᠤᠭᠤᠯᠬᠤ》 ᠵᠢᠯᠤᠭᠤᠳᠤᠮᠵᠢ ᠵᠢᠨ ᠳᠣᠣᠷ᠎ᠠ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠵᠤᠬᠢᠴᠠᠭᠤᠯᠬᠤ ᠵᠢ ᠴᠢᠬᠤᠯᠠᠴᠢᠯᠠᠳᠠᠭ᠃ ᠨᠡᠶ᠋ᠢᠭᠡᠮ ᠵᠢᠷᠤᠮ᠎ᠨᠢ 《ᠪᠣᠳᠠᠰ᠎ᠢ ᠪᠦᠬᠦ ᠲᠠᠯ᠎ᠠ᠎ᠪᠠᠷ ᠪᠠᠶᠠᠯᠢᠬ᠍ᠵᠢᠭᠤᠯᠬᠤ》 ᠵᠢ ᠱᠠᠭ᠋ᠠᠷᠳᠠᠳᠠᠭ ᠵᠢᠨᠷ ᠪᠠᠷᠠᠬᠤ ᠦᠭᠡᠢ᠂ ᠨᠡᠩ ᠴᠤ᠌ 《ᠬᠥᠮᠦᠨ᠎ᠤ ᠪᠦᠬᠦ ᠲᠠᠯ᠎ᠠ ᠵᠢᠨ ᠬᠥᠭᠵᠢᠯᠲᠡ》 ᠵᠢ ᠪᠡᠶᠡᠯᠡᠭᠦᠯᠬᠦ ᠵᠢ ᠱᠠᠭ᠋ᠠᠷᠳᠠᠳᠠᠭ; ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠨᠢ 《ᠭᠡᠪ ᠲᠤᠮᠳᠠ ᠵᠢᠨ ᠲᠡᠩᠴᠡᠭᠦᠷᠢ》 ᠵᠢᠨ ᠤᠶᠤᠨ ᠤᠬᠠᠭ᠋ᠠᠨ᠎ᠲᠠᠢ ᠪᠠᠶ᠋ᠢᠬᠤ ᠵᠢ ᠱᠠᠭ᠋ᠠᠷᠳᠠᠳᠠᠭ᠃ ᠠ᠋ᠨᠡ᠎ᠨᠢ ᠨᠢᠭᠡ ᠲᠠᠯ᠎ᠠ᠎ᠪᠠᠷ 《ᠰᠠᠡᠭ ᠬᠥᠮᠥᠷᠭᠡ ᠳᠦᠭᠦᠷᠡᠩ ᠪᠤᠯᠪᠠᠰᠤ ᠶᠣᠰᠣ ᠵᠢᠷᠤᠮ᠎ᠢ ᠮᠡᠳᠡᠮᠦᠢ》 ᠭᠡᠰᠡᠡᠴᠢᠯᠡᠨ ᠪᠣᠳᠠᠰ᠎ᠤᠨ ᠬᠡᠷᠡᠭᠴᠡᠭᠡ ᠵᠢ ᠮᠡᠳᠡᠷᠡᠳᠡᠭ ᠪᠦᠭᠡᠳ ᠨᠦᠬᠦᠭᠡ ᠲᠠᠯ᠎ᠠ᠎ᠪᠠᠷ ᠪᠠᠰᠠ ᠰᠤᠶᠤᠯ ᠢᠷᠭᠡᠨᠰᠢᠯ᠎ᠤᠨ ᠵᠣᠷᠢᠭ ᠰᠠᠨᠠᠭ᠎ᠠ ᠵᠢ ᠪᠣᠶ᠋ᠢᠵᠢᠭᠤᠯᠤᠨ ᠨᠢᠭᠲᠠᠷᠠᠭᠤᠯᠬᠤ ᠨᠡᠶ᠋ᠢᠭᠡᠮ᠎ᠤᠨ ᠦᠢ᠍ᠯᠡᠳᠦᠯ᠎ᠢ ᠳᠡᠭᠡᠳᠦ ᠭᠡᠮᠵᠢᠶ᠎ᠡ᠎ᠪᠠᠷ ᠴᠢᠬᠤᠯᠠᠴᠢᠯᠠᠵᠤ ᠪᠠᠢ᠍ᠢ᠍ᠭ᠎ᠠ ᠶᠠᠪᠤᠳᠠᠯ ᠪᠤᠯᠤᠨ᠎ᠠ᠃ ᠭᠦᠨ ᠵᠤᠵᠠᠭ᠋ᠠᠨ ᠰᠣᠶᠣᠯ ᠢᠷᠭᠡᠨᠰᠢᠯ᠎ᠤᠨ ᠤᠯᠠᠮᠵᠢᠯᠠᠯ ᠪᠣᠯᠤᠨ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠨᠢ ᠳᠤᠮᠳᠠᠳᠤ ᠤᠯᠤᠰ᠎ᠤᠨ ᠣᠳᠣᠬᠢᠴᠢᠯᠠᠯᠲᠠ ᠵᠢᠨ ᠠᠬᠢᠴᠠ᠎ᠳᠤ ᠬᠡᠳᠦᠶ᠋ᠢᠪᠡᠷ ᠪᠣᠳᠠᠰ᠎ᠤᠨ ᠦᠵᠡᠯ ᠪᠣᠯᠤᠨ ᠬᠤᠪᠢᠨᠴᠢᠷ ᠦᠵᠡᠯ᠎ᠢ ᠪᠤᠢ ᠪᠤᠯᠭ᠋ᠠᠬᠰᠠᠨ ᠪᠣᠯᠪᠠᠴᠤ ᠲᠤᠶ᠋ᠢᠯ᠎ᠳᠤ᠎ᠨᠢ ᠬᠦᠷᠭᠡᠭᠰᠡᠨ ᠦᠭᠡᠢ᠂ ᠥᠷᠥᠨᠡᠳᠠᠬᠢᠨ᠎ᠤ ᠣᠳᠣᠬᠢᠴᠢᠯᠠᠯᠲᠠ᠎ᠳᠤ ᠦᠷᠭᠦᠯᠵᠢ ᠲᠤᠬᠢᠶᠠᠯᠳᠤᠳᠠᠭ ᠤᠶᠤᠨ ᠰᠠᠨᠠᠭ᠋ᠠᠨ᠎ᠤ ᠬᠤᠭᠤᠰᠤᠷᠠᠯ᠂ ᠨᠡᠶ᠋ᠢᠭᠡᠮ᠎ᠤᠨ ᠵᠠᠳᠠᠷᠠᠯ ᠪᠣᠯᠤᠨ ᠬᠠᠭ᠋ᠠᠴᠠᠯ᠎ᠢ ᠵᠦᠪᠰᠢᠶᠡᠷᠡᠬᠦ ᠦᠵᠡᠭᠳᠡᠯ ᠭᠠᠷᠤᠭ᠎ᠠ ᠦᠭᠡᠢ᠃ 
      ᠰᠣᠶᠣᠯ ᠢᠷᠭᠡᠨᠰᠢᠯ᠎ᠤᠨ ᠵᠣᠷᠢᠭ ᠰᠠᠨᠠᠭ᠎ᠠ ᠪᠠ ᠬᠠᠮᠲᠤ ᠵᠢᠨ ᠴᠣᠭᠴᠠ ᠵᠢᠨ ᠦᠵᠡᠯᠲᠡ ᠵᠢᠨ ᠲᠤᠬᠠᠢ ᠬᠥᠭᠡᠭᠡᠴᠡᠯᠳᠦᠯ ᠪᠣᠯ ᠳᠤᠮᠳᠠᠳᠤ ᠵᠢᠨ ᠦᠨᠳᠦᠰᠦᠲᠡᠨ᠎ᠤ ᠦᠷᠲᠡᠭ᠎ᠤᠨ ᠦᠵᠡᠯᠲᠡ ᠮᠥᠨ᠃ ᠵᠢᠱ᠌ᠢᠶᠡᠯᠡᠪᠡᠯ᠂ ᠥᠨᠳᠥᠷᠯᠢᠭ ᠪᠠ ᠠᠭᠤᠯᠠᠷᠬᠠᠭ ᠭᠠᠵᠠᠷ᠂ ᠠ᠋ᠯᠡᠰᠦᠨ ᠴᠥᠯ ᠪᠠ ᠲᠠᠯ᠎ᠠ ᠨᠤᠲᠤᠭ᠎ᠲᠤ ᠠᠮᠢᠳᠤᠷᠠᠵᠤ ᠪᠠᠶ᠋ᠢᠭ᠎ᠠ ᠮᠠᠰᠢ ᠣᠯᠠᠨ ᠴᠥᠭᠡᠨ ᠲᠣᠭ᠋ᠠᠲᠤ ᠦᠨᠳᠦᠰᠦᠲᠡᠨ᠎ᠨᠦᠭᠦᠳ ᠬᠠᠲᠠᠭᠤ ᠪᠡᠷᠬᠡ ᠪᠠᠶ᠋ᠢᠭ᠋ᠠᠯᠢ ᠵᠢᠨ ᠣᠷᠴᠢᠨ ᠲᠣᠭᠣᠷᠢᠨ᠎ᠳᠤ ᠤᠷᠤᠰᠢᠵᠦ ᠪᠠᠶ᠋ᠢᠪᠠᠴᠤ ᠴᠥᠮ ᠠᠮᠢᠳᠤᠷᠠᠯ᠎ᠤᠨ ᠭᠣᠸ᠎ᠠ ᠰᠠᠶ᠋ᠢᠬᠠᠨ ᠪᠠ ᠤᠷᠠᠯᠢᠭ᠎ᠤᠨ ᠭᠤᠸ᠎ᠠ ᠰᠠᠶ᠋ᠢᠬᠠᠨ᠎ᠤ ᠲᠤᠬᠠᠢ ᠣᠶᠤᠨ ᠰᠠᠨᠠᠭ᠋ᠠᠨ᠎ᠤ ᠲᠠᠯ᠎ᠠ᠎ᠪᠠᠷ ᠴᠢᠡᠭᠭ᠎ᠠ ᠬᠥᠭᠡᠭᠡᠴᠡᠯᠳᠦᠯ᠎ᠲᠠᠢ ᠪᠠᠶ᠋ᠢᠳᠠᠭ᠃ ᠠ᠋ᠨᠡ᠎ᠨᠢ ᠪᠢᠴᠢᠭ᠎ᠤᠨ ᠰᠤᠷᠭ᠋ᠠᠯᠲᠠᠨ᠎ᠤ 《ᠨᠠᠷᠢᠨ ᠭᠤᠳᠤᠮᠵᠢᠨ᠎ᠳᠤ ᠰᠠᠭᠤᠬᠰᠠᠨ ᠴᠤ᠌ ᠪᠠᠶᠠᠰᠤᠡᠭᠭᠤᠢ ᠦᠭᠡᠳᠡᠯᠡᠬᠦ ᠰᠡᠳᠬᠢᠯ ᠵᠢᠨᠨ ᠬᠤᠪᠢᠷᠠᠭᠤᠯᠬᠤ ᠥᠬᠡᠶ》 ᠭᠡᠳᠡᠭ ᠣᠶᠤᠨ ᠰᠠᠨᠠᠭ᠋ᠠᠨ᠎ᠤ ᠤᠯᠠᠮᠵᠢᠯᠠᠯ᠎ᠲᠠᠢ ᠨᠢᠭᠡᠳᠦᠯᠲᠡᠶ ᠶᠤᠮ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠴᠥᠮ ᠠᠬᠠᠮᠠᠳ ᠨᠢᠯᠬᠠᠰ ᠵᠶ᠋ᠠᠨ ᠬᠦᠨᠳᠦᠯᠡᠵᠦ ᠶᠤᠰᠤ ᠵᠢᠷᠤᠮ᠎ᠲᠠᠢ ᠪᠠᠶ᠋ᠢᠬᠤ᠂ ᠡᠴᠢᠭᠡ ᠠ᠋ᠬᠡ᠎ᠪᠠᠨ ᠠᠴᠢᠯᠠᠬᠤ᠂ ᠠᠬ᠎ᠠ ᠳᠡᠭᠦᠦ᠎ᠪᠠᠨ ᠬᠦᠨᠳᠦᠯᠡᠬᠦ᠂ ᠬᠥᠷᠰᠢ ᠰᠠᠭ᠋ᠠᠬᠠᠯᠳᠠ᠎ᠲᠠᠢ᠎ᠪᠠᠨ ᠠ᠋ᠶ᠎ᠡ ᠨᠠᠶ᠋ᠢᠷ᠎ᠲᠠᠢ ᠪᠠᠶ᠋ᠢᠬᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠵᠡᠯᠲᠡ ᠵᠢ ᠬᠦᠨᠳᠦᠳᠬᠡᠳᠡᠭ ᠪᠦᠭᠡᠳ ᠦᠨᠳᠦᠰᠦᠲᠡᠨ᠎ᠨᠦᠭᠦᠳ᠎ᠤᠨ ᠰᠣᠶᠣᠯ᠎ᠳᠤ ᠴᠤ᠌ ᠴᠥᠮ ᠪᠦᠯᠬᠦᠮᠳᠡᠯ ᠪᠣᠯ ᠬᠦᠴᠦᠨ ᠮᠥᠨ ᠭᠡᠬᠦ ᠦᠵᠡᠯ ᠰᠠᠨᠠᠭ᠎ᠠ ᠵᠢ ᠢᠯᠡᠷᠡᠭᠦᠯᠵᠤ ᠪᠠᠢ᠍ᠢ᠍ᠳᠠᠭ᠃ ᠵᠢᠱ᠌ᠢᠶᠡᠯᠡᠪᠡᠯ᠂ ᠲᠦᠵᠢᠶᠠ ᠦᠨᠳᠦᠰᠦᠲᠡᠨ 《ᠰᠢᠷᠬᠡᠭ ᠮᠢᠨᠳᠠᠰᠤ ᠤᠳᠠᠰᠤ ᠪᠤᠯᠳᠠᠭ ᠦᠭᠡᠢ᠂ ᠭᠠᠬ᠍ᠴᠠ ᠬᠤᠯᠤᠰᠤ ᠤᠢ ᠪᠤᠯᠳᠠᠭ ᠦᠭᠡᠢ》 ᠭᠡᠳᠡᠭ; ᠮᠠᠨᠵᠤ ᠦᠨᠳᠦᠰᠦᠲᠡᠨ 《ᠨᠢᠭᠡ ᠵᠠᠪᠠ ᠵᠢ ᠬᠤᠭᠤᠯᠬᠤ᠎ᠳᠤ ᠬᠢᠯᠪᠠᠷ᠂ ᠠᠷᠪᠠᠨ ᠵᠠᠪᠠ ᠵᠢ ᠬᠤᠭᠤᠯᠬᠤ᠎ᠳᠤ ᠪᠡᠷᠬᠡ》 ᠭᠡᠳᠡᠭ; ᠾᠧᠵᠧ ᠦᠨᠳᠦᠰᠦᠲᠡᠨ 《ᠠᠭᠤᠯᠠ ᠳᠠᠪᠠᠭ᠎ᠠ ᠵᠢ ᠳᠠᠪᠠᠬᠤ᠎ᠳᠤ ᠬᠠᠷᠢᠯᠴᠠᠨ ᠬᠠᠪᠰᠤᠷᠤᠯᠴᠠᠬᠤ ᠬᠡᠷᠡᠭᠲᠡᠢ᠂ ᠭᠣᠣᠯ ᠮᠦᠷᠡᠨ᠎ᠢ ᠭᠡᠲᠦᠯᠬᠦ᠎ᠳᠤ ᠰᠡᠳᠬᠢᠯ ᠨᠢᠭᠡᠳᠬᠦ ᠬᠡᠷᠡᠭᠲᠡᠢ》 ᠭᠡᠵᠦ ᠦᠵᠡᠳᠡᠭ; ᠳ᠋ᠦᠩ ᠦᠨᠳᠦᠰᠦᠲᠡᠨ 《ᠨᠢᠭᠡ ᠰᠠᠪᠬ᠎ᠠ ᠬᠤᠭᠤᠷᠠᠬᠤ᠎ᠳᠤ ᠬᠢᠯᠪᠠᠷ᠂ ᠪᠠᠬ᠍ᠴᠠ ᠰᠠᠪᠬ᠎ᠠ ᠬᠤᠭᠤᠷᠠᠬᠤ᠎ᠳᠤ ᠬᠦᠴᠢᠷ》 ᠭᠡᠳᠡᠭ; ᠬᠠᠰᠠᠭ ᠦᠨᠳᠦᠰᠦᠲᠡᠨ 《ᠬᠦᠴᠦ ᠴᠢᠳᠠᠯ᠎ᠨᠢ ᠭᠠᠷ᠎ᠲᠤ ᠪᠠᠶ᠋ᠢᠳᠠᠭ ᠪᠢᠰᠢ ᠪᠦᠯᠬᠦᠮᠳᠡᠯ᠎ᠳᠤ ᠪᠠᠶ᠋ᠢᠳᠠᠭ》 ᠭᠡᠳᠡᠭ᠃ ᠠ᠋ᠨᠡ ᠪᠦᠬᠦᠨ᠎ᠨᠢ ᠴᠦᠮ ᠪᠢᠴᠢᠭ᠎ᠤᠨ ᠰᠤᠷᠭ᠋ᠠᠯᠲᠠᠨ᠎ᠤ ᠰᠣᠶᠣᠯ᠎ᠲᠠᠢ ᠨᠡᠪᠲᠡᠷᠡᠯᠴᠡᠭᠰᠡᠨ 《ᠬᠠᠮᠲᠤ᠎ᠪᠠᠷ ᠠ᠋ᠳ᠋ᠯᠡᠬᠦ》 ᠤᠯᠠᠮᠵᠢᠯᠠᠯ ᠪᠤᠯᠬᠤ ᠵᠢ ᠬᠠᠷᠠᠭᠤᠯᠵᠤ ᠪᠠᠶ᠋ᠢᠨ᠎ᠠ᠃ ᠠ᠋ᠳᠡᠭᠡᠷ ᠦᠨᠳᠦᠰᠦᠲᠡᠨ᠎ᠨᠦᠭᠦᠳ᠎ᠤᠨ ᠬᠠᠮᠲᠤ᠎ᠪᠠᠷ ᠠ᠋ᠳ᠋ᠯᠡᠬᠦ ᠰᠣᠶᠣᠯ ᠢᠷᠭᠡᠨᠰᠢᠯ᠎ᠤᠨ ᠵᠣᠷᠢᠭ ᠰᠠᠨᠠᠭ᠎ᠠ᠎ᠨᠢ ᠪᠢᠳᠡᠨ᠎ᠤ ᠣᠳᠣᠬᠢᠴᠢᠯᠠᠯᠲᠠ ᠵᠢᠨ ᠶᠠᠪᠤᠴᠠ᠎ᠳᠤ ᠲᠤᠬᠢᠶᠠᠯᠳᠤᠬᠰᠠᠨ ᠮᠠᠰᠢ ᠤᠯᠠᠨ ᠤᠶᠤᠨ ᠰᠠᠨᠠᠭ᠋ᠠᠨ᠎ᠤ ᠬᠦᠴᠢᠷᠳᠡᠯ᠎ᠢ ᠠᠷᠭ᠋ᠠᠴᠠᠭ᠋ᠠᠬᠤ᠎ᠳᠤ ᠲᠤᠰᠠᠯᠠᠮᠵᠢ ᠪᠤᠯᠵᠤ᠂ ᠨᠡᠶ᠋ᠢᠭᠡᠮ ᠵᠢᠷᠤᠮ᠎ᠤᠨ 《ᠬᠥᠮᠦᠨ᠎ᠤ ᠪᠦᠬᠦ ᠲᠠᠯ᠎ᠠ ᠵᠢᠨ ᠬᠥᠭᠵᠢᠯᠲᠡ》 ᠵᠢ ᠪᠡᠶᠡᠯᠡᠭᠦᠯᠬᠦ᠎ᠳᠤ ᠪᠠᠲᠤ ᠪᠡᠬᠢ ᠰᠣᠶᠣᠯ᠎ᠤᠨ ᠰᠠᠭᠤᠷᠢ ᠵᠢ ᠲᠠᠯᠪᠢᠵᠤ ᠥᠭᠭᠦᠭᠰᠡᠨ ᠪᠠᠢ᠍ᠢ᠍ᠳᠠᠭ᠃ 
      ᠲᠦᠷᠪᠡ᠂ ᠬᠥᠮᠦᠨ ᠪᠠ ᠪᠠᠶ᠋ᠢᠭ᠋ᠠᠯᠢ ᠠ᠋ᠶ᠎ᠡ ᠵᠤᠬᠢᠴᠠᠡᠭᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠪᠡᠶᠡᠯᠡᠯ᠎ᠤᠨ ᠠᠷᠭ᠎ᠠ ᠵᠠᠮ ᠪᠠ ᠵᠠᠶ᠋ᠢᠯᠠᠰᠢ ᠦᠭᠡᠢ ᠶᠠᠪᠤᠬᠤ ᠵᠠᠮ ᠮᠥᠨ
      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠮᠠᠷᠺᠰ᠎ᠤᠨ ᠦᠵᠡᠯ᠎ᠤᠨ ᠬᠥᠮᠦᠨ ᠪᠠ ᠪᠠᠶ᠋ᠢᠭ᠋ᠠᠯᠢ᠂ ᠦᠢ᠍ᠯᠡᠳᠪᠦᠷᠢᠯᠡᠯ ᠪᠠ ᠠᠮᠢ ᠠᠬᠤᠶ ᠵᠢᠨ ᠬᠤᠪᠢᠰᠤᠩᠭᠤᠶ ᠨᠢᠭᠡᠳᠦᠯ᠎ᠤᠨ ᠲᠤᠬᠠᠶ ᠲᠠᠨᠢᠯᠲᠠ ᠵᠢ ᠭᠦᠨᠵᠡᠭᠡᠶ᠋ᠢᠷᠡᠭᠦᠯᠵᠦ᠂ ᠥᠷᠥᠨᠡᠳᠠᠬᠢᠨ᠎ᠤ ᠬᠥᠷᠥᠩᠭᠡ᠎ᠪᠠᠷ ᠭᠣᠣᠯ ᠪᠤᠯᠭ᠋ᠠᠬᠤ᠂ ᠤᠷᠢᠤᠨ ᠵᠢᠡᠷ ᠪᠣᠬᠢᠷᠲᠤᠭᠤᠯᠵᠤ ᠰᠡᠭᠦᠯᠡᠷ᠎ᠨᠢ ᠵᠠᠰᠠᠬᠤ ᠵᠠᠮ ᠵᠶ᠋ᠠᠷ ᠵᠠᠮᠨᠠᠬᠤ ᠦᠭᠡᠶ ᠪᠦᠭᠡᠳ ᠬᠥᠮᠦᠨ ᠪᠠ ᠪᠠᠶ᠋ᠢᠭ᠋ᠠᠯᠢ ᠠ᠋ᠶ᠎ᠡ ᠵᠤᠬᠢᠴᠠᠡᠭᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠬᠤ ᠪᠤᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠪᠠᠰᠠ ᠳᠤᠮᠳᠠᠳᠤ ᠵᠢᠨ ᠠᠮᠢ ᠠᠬᠤᠶ ᠵᠢᠨ ᠣᠶᠤᠨ ᠤᠬᠠᠭ᠋ᠠᠨ᠎ᠳᠤ ᠦᠨᠳᠦᠰᠦᠯᠡᠵᠦ᠂ 《ᠠ᠋ᠶ᠎ᠡ ᠨᠠᠶ᠋ᠢᠷᠠᠮᠳᠠᠭᠤ》᠎ᠪᠠᠷ ᠬᠠᠷᠠᠯᠲᠠ ᠪᠣᠯᠭ᠋ᠠᠵᠤ᠂ ᠲᠩᠷᠢ᠂ ᠭᠠᠵᠠᠷ᠂ ᠬᠥᠮᠦᠨ᠎ᠢ ᠨᠢᠭᠡᠳᠦᠯᠲᠡᠶ ᠠ᠋ᠶ᠎ᠡ ᠵᠣᠬᠢᠴᠠᠡᠭᠭᠤᠢ ᠪᠦᠬᠦᠯᠢ ᠴᠣᠭᠴᠠ ᠪᠣᠯᠭ᠋ᠠᠨ ᠪᠣᠳᠣᠯᠬᠢᠯᠠᠬᠤ ᠵᠢᠨ ᠬᠠᠮᠲᠤ ᠠ᠋ᠨᠡ ᠬᠦ᠌ ᠰᠡᠳᠬᠢᠬᠦᠶ ᠵᠢᠨ ᠠᠷᠭ᠎ᠠ ᠮᠠᠶᠢᠭ᠎ᠢ ᠨᠡᠶ᠋ᠢᠭᠡᠮ᠎ᠤᠨ ᠡᠯ᠎ᠡ ᠲᠠᠯ᠎ᠠ᠎ᠳᠤ ᠭᠡᠷᠡᠭᠵᠢᠬᠦᠯᠵᠦ᠂ ᠬᠥᠮᠦᠨ ᠪᠠ ᠪᠠᠶ᠋ᠢᠭ᠋ᠠᠯᠢ᠂ ᠬᠥᠮᠦᠨ ᠪᠠ ᠨᠡᠶ᠋ᠢᠭᠡᠮ᠎ᠤᠨ ᠬᠣᠭᠣᠷᠣᠨᠳᠣᠬᠢ 《ᠬᠢᠵᠠᠭ᠋ᠠᠷ ᠦᠭᠡᠶ ᠬᠠᠷᠢᠭᠤᠴᠠᠯᠭ᠎ᠠ ᠵᠢᠨ ᠠ᠋ᠰᠢ ᠶᠣᠰᠣ》 ᠵᠢ ᠪᠦᠷᠢᠯᠳᠦᠭᠦᠯᠬᠦ ᠵᠢ ᠴᠢᠬᠤᠯᠠᠴᠢᠯᠠᠳᠠᠭ᠃ ᠪᠢᠴᠢᠭ᠎ᠤᠨ ᠰᠤᠷᠭ᠋ᠠᠯᠲᠠᠨ᠎ᠤ ᠨᠤᠮᠯᠠᠯ᠎ᠳᠤ ᠴᠦᠮ 《ᠲᠡᠭᠷᠢ ᠪᠡ ᠬᠥᠮᠦᠨ᠎ᠤ ᠨᠢᠭᠡᠳᠦᠯ》᠂ 《ᠬᠡᠮᠵᠢᠶ᠎ᠡ᠎ᠲᠠᠢ ᠬᠡᠷᠡᠭᠯᠡᠬᠦ》᠂ 《ᠶᠣᠰᠣ ᠠᠨᠤ ᠠᠶᠠᠠᠳᠠᠭ᠋ᠠᠨ ᠬᠦᠭᠵᠢᠬᠦ》᠂ 《ᠬᠥᠮᠦᠨ ᠪᠦᠬᠦᠨ ᠠ᠋ᠷᠬᠡ ᠲᠡᠭᠰᠢ ᠪᠠᠶ᠋ᠢᠬᠤ》 ᠵᠡᠷᠭᠡ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠢᠯᠡᠷᠡᠭᠦᠯᠵᠠᠢ᠃ ᠠ᠋ᠳᠡᠭᠡᠷ ᠦᠵᠡᠯ ᠰᠠᠨᠠᠭ᠎ᠠ᠎ᠨᠢ ᠮᠦᠨ ᠴᠤ᠌ ᠦᠨᠳᠦᠰᠦᠲᠡᠨ᠎ᠨᠦᠭᠦᠳ᠎ᠤᠨ ᠬᠠᠮᠲᠤ᠎ᠪᠠᠷ ᠠ᠋ᠳ᠋ᠯᠡᠬᠦ ᠤᠯᠠᠮᠵᠢᠯᠠᠯ ᠪᠣᠯᠤᠨ᠎ᠠ᠃ ᠵᠢᠱ᠌ᠢᠶᠡᠯᠡᠪᠡᠯ᠂ ᠮᠣᠩᠭᠣᠯ ᠦᠨᠳᠦᠰᠦᠲᠡᠨ ᠲᠠᠯ᠎ᠠ ᠨᠤᠲᠤᠭ᠎ᠢ ᠠᠮᠢ ᠨᠠᠰᠤ᠎ᠪᠠᠨ ᠰᠢᠭ᠋ ᠨᠠᠨᠳᠢᠡᠭᠨᠡᠨ ᠬᠠᠶ᠋ᠢᠷᠠᠯᠠᠳᠠᠭ; ᠲᠥᠪᠡᠳ ᠦᠨᠳᠦᠰᠦᠲᠡᠨ 《ᠡᠪᠡᠰᠦ ᠮᠣᠳᠣ ᠪᠤᠯᠭ᠋ᠠᠨ ᠠᠮᠢ ᠨᠠᠰᠤ᠎ᠲᠠᠢ᠂ ᠳᠡᠯᠡᠬᠡᠶ ᠳ᠋ᠠᠬᠢᠨ᠎ᠤ ᠲᠦᠮᠡᠨ ᠪᠣᠳᠠᠰ ᠬᠠᠷᠢᠯᠴᠠᠨ ᠬᠣᠯᠪᠣᠯᠳᠤᠵᠤ ᠪᠠᠶ᠋ᠢᠳᠠᠭ》 ᠭᠡᠵᠦ ᠦᠵᠡᠳᠡᠭ; ᠵᠤᠸᠠᠩ ᠦᠨᠳᠦᠰᠦᠲᠡᠨ 《ᠬᠥᠷᠥᠰᠥ ᠰᠢᠷᠣᠢ ᠵᠢ ᠬᠠᠮᠠᠭ᠋ᠠᠯᠠᠬᠤ᠎ᠨᠢ ᠠᠮᠢ ᠨᠠᠰᠤ᠎ᠪᠠᠨ ᠬᠠᠮᠠᠭ᠋ᠠᠯᠠᠬᠤ᠎ᠲᠠᠢ ᠠᠳᠠᠯᠢ᠂ ᠬᠥᠷᠥᠰᠥ ᠰᠢᠷᠣᠢ ᠵᠢ ᠵᠠᠰᠠᠬᠤ᠎ᠨᠢ ᠭᠡᠷ ᠵᠶ᠋ᠠᠨ ᠵᠠᠰᠠᠬᠤ᠎ᠲᠠᠢ ᠠᠳᠠᠯᠢ》 ᠭᠡᠵᠦ ᠦᠵᠡᠳᠡᠭ; ᠮᠢᠶᠣᠣ ᠦᠨᠳᠦᠰᠦᠲᠡᠨ 《ᠭᠡᠷ᠎ᠲᠤ᠎ᠪᠠᠨ ᠮᠢᠡᠭᠭ᠋ᠠᠨ ᠰᠠᠭᠤᠷᠢ ᠤᠶᠠᠩᠭ᠋ᠠᠲᠤ ᠮᠣᠳᠣ᠎ᠲᠠᠢ ᠪᠤᠯ ᠨᠢᠭᠡ ᠨᠠᠰᠤᠨ᠎ᠳᠤ᠎ᠪᠠᠨ ᠶᠠᠳᠠᠭᠤᠷᠠᠬᠤ ᠦᠭᠡᠢ》 ᠭᠡᠵᠦ ᠦᠵᠡᠳᠡᠭ; ᠨᠠᠰᠢ ᠦᠨᠳᠦᠰᠦᠲᠡᠨ 《ᠬᠥᠮᠦᠨ ᠪᠠ ᠪᠠᠶ᠋ᠢᠭ᠋ᠠᠯᠢ ᠪᠣᠯ ᠠᠬ᠎ᠠ ᠳᠡᠭᠦᠦ ᠬᠤᠶᠠᠷ ᠮᠥᠨ》 ᠭᠡᠵᠦ ᠦᠵᠡᠳᠡᠭ; ᠳ᠋ᠠᠢ ᠦᠨᠳᠦᠰᠦᠲᠡᠨ 《ᠣᠢ ᠪᠠᠶ᠋ᠢᠪᠠᠯ ᠤᠰᠤ ᠪᠠᠶ᠋ᠢᠵᠤ᠂ ᠤᠰᠤ ᠪᠠᠶ᠋ᠢᠪᠠᠯ ᠲᠠᠷᠢᠶ᠎ᠠ ᠪᠠᠶ᠋ᠢᠵᠤ᠂ ᠲᠠᠷᠢᠶ᠎ᠠ ᠪᠠᠶ᠋ᠢᠪᠠᠯ ᠠᠮᠤ ᠪᠤᠳᠠᠭ᠎ᠠ ᠪᠠᠶ᠋ᠢᠵᠤ᠂ ᠠᠮᠤ ᠪᠤᠳᠠᠭ᠎ᠠ ᠪᠠᠶ᠋ᠢᠪᠠᠯ ᠬᠥᠮᠦᠨ ᠪᠠᠶ᠋ᠢᠨ᠎ᠠ》 ᠭᠡᠳᠡᠭ; ᠤᠶ᠋ᠢᠭᠤᠷ ᠦᠨᠳᠦᠰᠦᠲᠡᠨ᠎ᠤ ᠠᠶ᠋ᠢᠯ ᠠ᠋ᠷᠦᠬᠡ ᠪᠣᠯᠭ᠋ᠠᠨ ᠴᠡᠴᠡᠭ ᠵᠢᠮᠢᠰ ᠡᠪᠡᠰᠦ ᠮᠣᠳᠣ ᠲᠠᠷᠢᠬᠤ ᠳᠤᠷᠠᠲᠠᠶ ᠪᠠᠶ᠋ᠢᠳᠠᠭ᠃ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠠᠮᠢ ᠠᠬᠤᠢ ᠵᠢᠨ ᠣᠶ᠋ᠢᠯᠠᠭ᠋ᠠᠭᠳᠠᠬᠤᠨ ᠪᠣᠯ ᠴᠥᠮ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠡᠶᠡᠯᠡᠭᠦᠯᠬᠦ ᠶᠠᠪᠤᠴᠠ᠎ᠳᠠᠬᠢ ᠬᠥᠮᠦᠨ ᠪᠠ ᠪᠠᠶ᠋ᠢᠭ᠋ᠠᠯᠢ ᠠ᠋ᠶ᠎ᠡ ᠵᠤᠬᠢᠴᠠᠡᠭᠭᠤᠢ ᠬᠠᠮᠲᠤ᠎ᠪᠠᠷ ᠣᠷᠣᠰᠢᠬᠤ ᠤᠶᠤᠨ ᠰᠠᠨᠠᠭ᠋ᠠᠨ᠎ᠤ ᠦᠪ ᠬᠦᠷᠦᠡᠭᠭᠡ ᠪᠤᠯᠤᠨ᠎ᠠ᠃ 
      ᠳᠤᠮᠳᠠᠳᠤ ᠤᠯᠤᠰ᠎ᠤᠨ 2.2 ᠲᠦᠮᠡᠨ ᠺᠢᠯᠣᠮᠧᠲᠷ ᠠ᠋ᠬᠡ ᠬᠠᠭᠤᠷᠠᠶ ᠵᠢᠨ ᠬᠢᠯᠢ ᠵᠢᠨ ᠱᠤᠭᠤᠮ᠎ᠤᠨ 1.9 ᠲᠦᠮᠡᠨ ᠺᠢᠯᠣᠮᠧᠲᠷ᠎ᠨᠢ ᠦᠨᠳᠦᠰᠦᠲᠡᠨ᠎ᠤ ᠭᠠᠵᠠᠷ ᠣᠷᠣᠨ᠎ᠳᠤ ᠪᠣᠶ᠃ ᠠ᠋ᠬᠢ ᠪᠠᠶᠠᠯᠢᠭ ᠬᠤᠷᠠᠬᠰᠠᠨ ᠣᠷᠣᠨ᠂ ᠤᠰᠤᠨ ᠰᠢᠰᠲ᠋ᠧᠮ᠎ᠤᠨ ᠠ᠋ᠬᠢ ᠰᠤᠷᠪᠤᠯᠵᠢ ᠵᠢᠨ ᠣᠷᠣᠨ᠂ ᠠᠮᠢ ᠠᠬᠤᠢ ᠵᠢᠨ ᠬᠠᠯᠬᠠᠪᠴᠢ ᠣᠷᠣᠨ᠂ ᠰᠣᠶᠣᠯ᠎ᠤᠨ ᠤᠨᠴᠠᠯᠢᠭᠲᠤ ᠣᠷᠣᠨ᠂ ᠬᠢᠯᠢ ᠬᠢᠵᠠᠭ᠋ᠠᠷ ᠣᠷᠣᠨ᠎ᠨᠢ ᠴᠦᠮ ᠦᠨᠳᠦᠰᠦᠲᠡᠨ᠎ᠤ ᠭᠠᠵᠠᠷ ᠣᠷᠣᠨ᠎ᠳᠤ ᠲᠦᠪᠯᠡᠷᠡᠵᠦ ᠪᠠᠶ᠋ᠢᠭ᠎ᠠ ᠪᠤᠯᠬᠤᠷ ᠬᠥᠮᠦᠨ ᠪᠠ ᠪᠠᠶ᠋ᠢᠭ᠋ᠠᠯᠢ ᠠ᠋ᠶ᠎ᠡ ᠵᠤᠬᠢᠴᠠᠡᠭᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠪᠤᠴᠠ᠎ᠳᠤ ᠨᠡᠩ ᠬᠦᠨᠳᠦ ᠴᠢᠬᠤᠯᠠ ᠠ᠋ᠭᠦᠷᠭᠡ᠎ᠲᠠᠢ ᠶᠤᠮ᠃ ᠠ᠋ᠨᠡ᠎ᠨᠢ ᠪᠢᠳᠡᠨ᠎ᠢ ᠪᠣᠬᠢᠷᠲᠤᠯ ᠦᠭᠡᠢ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠬᠠᠮᠵᠢᠯᠴᠠᠨ ᠬᠦᠭᠵᠢᠬᠦᠯᠵᠦ ᠬᠠᠮᠠᠭ᠋ᠠᠯᠠᠬᠤ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ 《ᠠᠮᠢ ᠠᠬᠤᠢ ᠵᠢᠨ ᠪᠣᠯᠪᠠᠰᠤᠨ》᠎ᠤ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠵᠢ ᠱᠠᠭ᠋ᠠᠷᠳᠠᠵᠤ ᠪᠠᠶ᠋ᠢᠨ᠎ᠠ᠃ 
      ᠲᠠᠪᠤ᠂ ᠠ᠋ᠩᠬᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠳᠠ ᠵᠢᠨ ᠳᠡᠯᠡᠬᠡᠢ ᠵᠢᠨ ᠬᠦᠰᠡᠯ ᠠ᠋ᠷᠡᠮᠡᠯᠵᠡᠯ ᠪᠠ ᠪᠠᠶ᠋ᠢᠷᠢᠰᠢᠯ᠎ᠤᠨ ᠠ᠋ᠭᠦᠷᠭᠡᠯᠡᠯ ᠮᠥᠨ
      ᠥᠷᠥᠨᠡᠳᠠᠬᠢᠨ᠎ᠤ ᠣᠳᠣᠬᠢᠴᠢᠯᠠᠯᠲᠠ ᠵᠢᠨ ᠲᠡᠦᠬᠡᠨ᠎ᠳᠤ ᠰᠢᠨᠵᠢᠯᠡᠬᠦ ᠤᠬᠠᠭ᠋ᠠᠨᠴᠢ ᠲᠠᠪᠰᠢᠯᠳᠠ ᠵᠢ ᠬᠥᠭᠡᠭᠡᠴᠡᠯᠳᠦᠵᠦ᠂ ᠬᠥᠮᠦᠨᠴᠢ ᠴᠢᠨᠠᠷ᠎ᠢ ᠴᠢᠯᠥᠭᠡᠯᠡᠭᠰᠡᠨ ᠭᠡᠷᠡᠯ ᠰᠠᠴᠤᠷᠠᠩᠭᠤᠢ ᠲᠠᠯ᠎ᠠ᠎ᠲᠠᠢ ᠪᠠᠢ᠍ᠢ᠍ᠳᠠᠭ ᠪᠤᠯᠪᠠᠴᠤ ᠪᠠᠰᠠ ᠺᠣᠯᠣᠨᠢᠴᠢᠯᠠᠬᠤ ᠦᠵᠡᠯ᠂ ᠡᠵᠡᠷᠬᠡᠭ ᠲᠦᠷᠢᠮᠡᠬᠡᠢ ᠶᠣᠰᠣᠨ᠎ᠤ ᠬᠠᠷᠠᠩᠭᠤᠢ ᠲᠠᠯ᠎ᠠ᠎ᠲᠠᠢ ᠪᠠᠶ᠋ᠢᠳᠠᠭ᠃ ᠳᠠᠯᠠᠢ ᠵᠢᠨ ᠶᠡᠭᠡ ᠬᠠᠢ᠍ᠢ᠍ᠯᠳᠠ ᠵᠢᠨ ᠴᠠᠭ ᠦᠶ᠎ᠡ᠎ᠠᠴᠠ ᠨᠠᠭ᠋ᠠᠰᠢ᠂ ᠥᠷᠥᠨᠡᠳᠠᠬᠢᠨ᠎ᠤ ᠬᠦᠴᠦᠷᠬᠡᠭ ᠤᠯᠤᠰ᠎ᠤᠳ ᠠᠩᠬᠠᠨ᠎ᠤ ᠬᠥᠷᠥᠩᠭᠡ ᠵᠢ ᠬᠤᠷᠠᠮᠳᠤᠭᠤᠯᠬᠤ ᠲᠠᠯ᠎ᠠ᠎ᠪᠠᠷ ᠮᠠᠰᠢ ᠣᠯᠠᠨ ᠠᠷᠢᠯᠤᠰᠢ ᠦᠭᠡᠢ ᠶᠠᠯ᠎ᠠ ᠭᠡᠮ ᠭᠢᠭᠰᠡᠨ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠭᠤᠤ ᠶᠡᠬᠡ ᠪᠠᠶ᠋ᠢᠳᠠᠭ᠎ᠤᠨ ᠤᠴᠢᠷ᠎ᠨᠢ ᠥᠷᠥᠨᠡᠳᠠᠬᠢᠨ᠎ᠤ ᠬᠠᠭᠤᠴᠢᠨ ᠵᠠᠮ ᠵᠶ᠋ᠠᠷ ᠵᠠᠮᠨᠠᠬᠤ ᠦᠭᠡᠢ ᠮᠥᠷᠲᠡᠭᠡᠨ ᠬᠥᠭᠵᠢᠭᠰᠡᠨ ᠤᠯᠤᠰ᠎ᠤᠨ ᠬᠥᠭᠵᠢᠯᠲᠡ ᠵᠢᠨ ᠬᠢᠷᠢ ᠬᠡᠮᠵᠢᠶᠡᠨ᠎ᠳᠤ ᠬᠦᠷᠴᠦ ᠴᠢᠳᠠᠬᠤ᠎ᠳᠤ ᠣᠷᠣᠰᠢᠨ᠎ᠠ᠃ ᠳᠤᠮᠳᠠᠳᠤ ᠤᠯᠤᠰ ᠠ᠋ᠩᠬᠡ ᠲᠠᠶ᠋ᠢᠪᠤᠩ ᠵᠢᠨᠷ ᠬᠦᠭᠵᠢᠨ ᠮᠠᠨᠳᠤᠬᠤ᠎ᠳᠤ ᠭᠠᠳᠠᠭᠰᠢ ᠺᠤᠯᠤᠨᠢᠴᠢᠯᠠᠵᠤ ᠲᠡᠭᠡᠷᠡᠮᠳᠡᠬᠦ ᠵᠢ ᠲᠦᠰᠢᠭᠯᠡᠬᠦ ᠦᠭᠡᠢ᠂ ᠳᠣᠲᠣᠭ᠋ᠠᠳᠤ ᠵᠢᠨ ᠵᠢᠡᠨ ᠬᠦᠴᠦᠯᠡᠨ ᠴᠢᠷᠮᠠᠶ᠋ᠢᠵᠤ ᠰᠢᠷᠭ᠋ᠠᠭᠤ ᠠᠵᠢᠯᠯᠠᠬᠤ ᠪᠣᠳᠠᠲᠠᠢ ᠠᠵᠢᠯᠯᠠᠬᠤ᠎ᠳᠤ ᠲᠦᠰᠢᠭᠯᠡᠵᠦ᠂ ᠮᠤᠨᠳᠠᠭ ᠶᠡᠬᠡ ᠬᠡᠪᠴᠢᠶᠡᠨ᠎ᠤ ᠬᠠᠮᠲᠤ ᠵᠢᠨ ᠴᠣᠭᠴᠠ ᠵᠢ ᠬᠠᠮᠠᠭ᠋ᠠᠯᠠᠨ ᠪᠡᠬᠢᠵᠢᠭᠦᠯᠬᠦ ᠴᠢᠳᠠᠪᠤᠷᠢ᠎ᠳᠤ ᠲᠦᠰᠢᠭᠯᠡᠵᠦ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠢᠲᠡᠭᠡᠯ ᠵᠣᠷᠢᠭ᠎ᠲᠤ᠎ᠪᠠᠨ ᠲᠦᠰᠢᠭᠯᠡᠨ᠎ᠡ᠃ 
      ᠳᠤᠮᠳᠠᠳᠤ ᠵᠢᠨ ᠦᠨᠳᠦᠰᠦᠲᠡᠨ ᠲᠡᠦᠬᠡᠨ ᠳᠡᠭᠡᠷ᠎ᠡ ᠴᠡᠷᠢᠭ ᠵᠡᠪᠰᠡᠭ᠎ᠢ ᠠ᠋ᠷᠬᠢᠮᠯᠡᠬᠦ ᠵᠣᠷᠢᠭ ᠰᠠᠨᠠᠭ᠎ᠠ᠎ᠲᠠᠢ ᠪᠠᠶ᠋ᠢᠬᠰᠠᠨ ᠪᠤᠯᠪᠠᠴᠤ ᠠ᠋ᠩᠬᠡ ᠲᠠᠶ᠋ᠢᠪᠤᠩ᠎ᠢ ᠪᠢᠳᠡ ᠠ᠋ᠭᠦᠷᠢᠳᠡ ᠵᠢᠨ ᠨᠢᠭᠡᠳᠦᠭᠡᠷ ᠵᠠᠷᠴᠢᠮ ᠪᠤᠯᠭ᠋ᠠᠳᠠᠭ᠃ ᠪᠦᠯᠬᠦᠮᠳᠡᠯ᠎ᠲᠠᠢ ᠪᠠᠭᠲᠠᠭ᠋ᠠᠮᠵᠢᠲᠠᠢ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠎ᠳᠠᠬᠢ ᠦᠨᠳᠦᠰᠦᠲᠡᠨ᠎ᠨᠦᠭᠦᠳ᠎ᠤᠨ ᠬᠠᠮᠲᠤ ᠵᠢᠨ ᠰᠣᠶᠣᠯ᠎ᠤᠨ ᠤᠳᠤᠮᠰᠢᠯ ᠪᠤᠯᠤᠨ᠎ᠠ᠃ ᠳᠤᠮᠳᠠᠳᠤ ᠤᠯᠤᠰ᠎ᠤᠨ ᠲᠡᠦᠬᠡᠨ ᠳᠡᠭᠡᠷ᠎ᠡ ᠵᠡᠪᠰᠡᠭᠲᠦ ᠬᠦᠴᠦᠨ ᠵᠶ᠋ᠠᠷ ᠬᠢᠯᠢ ᠬᠢᠵᠠᠭ᠋ᠠᠷ ᠨᠤᠲᠤᠭ ᠳᠡᠪᠢᠰᠬᠡᠷ ᠵᠶ᠋ᠠᠨ ᠥᠷᠭᠡᠳᠬᠡᠭᠰᠡᠨ ᠠ᠋ᠳᠦᠢ ᠲᠡᠳᠦᠢ ᠦᠨᠳᠦᠰᠦᠲᠡᠨ ᠪᠠᠶ᠋ᠢᠬᠰᠠᠨ ᠪᠤᠯᠪᠠᠴᠤ ᠳᠤᠮᠳᠠᠳᠤ ᠵᠢᠨ ᠪᠣᠯᠪᠠᠰᠤᠨ᠎ᠤ ᠤᠮᠳᠠᠯᠠᠯ ᠵᠢᠡᠷ ᠴᠥᠮ ᠵᠠᠷ ᠵᠡᠪᠰᠡᠭ ᠵᠢᠨᠨ ᠤᠷᠬᠢᠵᠦ ᠰᠣᠶᠣᠯ᠎ᠢ ᠠ᠋ᠷᠬᠢᠮᠯᠡᠬᠦ ᠵᠠᠮ ᠵᠶ᠋ᠠᠷ ᠵᠠᠮᠨᠠᠭᠰᠠᠨ ᠶᠤᠮ᠃ ᠤᠯᠤᠰ᠎ᠤᠨ ᠬᠦᠴᠦᠨ ᠤᠷᠬᠢᠯ᠎ᠳᠤ᠎ᠪᠠᠨ ᠲᠤᠯᠤᠠᠠᠰᠠᠨ ᠴᠠᠭ ᠦᠶ᠎ᠡ᠎ᠳᠤ ᠴᠤ᠌ ᠳᠤᠮᠳᠠᠳᠤ ᠤᠯᠤᠰ ᠶᠡᠷᠦ᠎ᠠᠴᠠ ᠭᠠᠳᠠᠭᠰᠢ ᠳᠠᠶ᠋ᠢᠯᠠᠵᠤ ᠥᠷᠭᠡᠳᠬᠡᠯ ᠬᠢᠭᠰᠡᠨ ᠦᠭᠡᠢ᠂ ᠬᠠᠷᠢᠨ ᠲᠣᠷᠭ᠋ᠠᠨ᠎ᠤ ᠵᠠᠮ᠎ᠳᠤ ᠲᠦᠰᠢᠭᠯᠡᠨ ᠬᠤᠯᠠ ᠵᠢᠨ ᠬᠥᠮᠦᠰ᠎ᠢ ᠪᠢᠰᠢᠷᠡᠭᠦᠯᠵᠦ ᠶᠠᠪᠤᠪᠠ; ᠳᠤᠮᠳᠠᠳᠤ ᠤᠯᠤᠰ ᠶᠡᠷᠦ᠎ᠠᠴᠠ ᠭᠠᠳᠠᠭ᠋ᠠᠳᠤ᠎ᠳᠤ ᠱᠠᠰᠢᠨ ᠳᠡᠯᠭᠡᠷᠡᠭᠦᠯᠬᠦ ᠰᠣᠶᠣᠯ᠎ᠤᠨ ᠡᠵᠡᠷᠬᠡᠭᠯᠡᠯ ᠶᠠᠪᠤᠭᠤᠯᠤᠬᠰᠠᠨ ᠦᠭᠡᠢ᠂ ᠬᠠᠷᠢᠨ 《ᠰᠤᠷᠠᠭ ᠵᠢᠡᠷ ᠢᠷᠡᠵᠦ ᠰᠤᠷᠤᠯᠴᠠᠭᠤᠯᠬᠤ》᠎ᠪᠠᠷ ᠬᠥᠮᠦᠨ᠎ᠤ ᠰᠡᠳᠬᠢᠯ᠎ᠢ ᠤᠯᠵᠤ ᠪᠠᠶ᠋ᠢᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠪᠣᠯ ᠥᠷᠥᠨᠡᠳᠠᠬᠢᠨ᠎ᠤ ᠮᠠᠶᠢᠭ᠎ᠤᠨ ᠬᠠᠭ᠋ᠠᠨᠲᠤ ᠤᠯᠤᠰ ᠪᠢᠰᠢ ᠪᠦᠭᠡᠳ ᠪᠠᠰᠠ ᠥᠷᠥᠨᠡᠳᠠᠬᠢᠨ᠎ᠤ ᠮᠠᠶᠢᠭ᠎ᠤᠨ ᠦᠨᠳᠦᠰᠦᠲᠡᠨ᠎ᠤ ᠤᠯᠤᠰ ᠪᠢᠰᠢ ᠶᠤᠮ᠂ ᠳᠤᠮᠳᠠᠳᠤ ᠤᠯᠤᠰ᠎ᠲᠤ ᠺᠣᠯᠣᠨᠢᠴᠢᠯᠠᠯ᠎ᠤᠨ ᠲᠦᠷᠢᠯᠲᠡ᠂ ᠪᠣᠯᠪᠠᠰᠤᠨ᠎ᠤ ᠮᠥᠷᠭᠥᠯᠳᠦᠭᠡᠨ᠂ ᠱᠠᠰᠢᠨ ᠰᠤᠷᠲᠠᠬᠤᠨ᠎ᠤ ᠲᠠᠢ᠍ᠢ᠍ᠨ ᠭᠡᠵᠦ ᠪᠠᠶ᠋ᠢᠬᠤ ᠦᠭᠡᠢ ᠶᠤᠮ᠃ ᠳᠤᠮᠳᠠᠳᠤᠴᠤᠳ ᠠ᠋ᠷᠲᠡᠨ᠎ᠠᠴᠠ᠎ᠪᠠᠨ ᠠᠪᠤᠭ᠋ᠠᠳ 《ᠡᠪ ᠨᠠᠶ᠋ᠢᠷᠠᠮᠳᠠᠭᠤ ᠪᠠᠶ᠋ᠢᠬᠤ ᠠᠲᠠᠯ᠎ᠠ ᠠᠳᠠᠯᠢ ᠪᠤᠰᠤ ᠪᠠᠶ᠋ᠢᠬᠤ》 ᠵᠢ ᠣᠶ᠋ᠢᠯᠠᠭ᠋ᠠᠵᠤ᠂ ᠶᠡᠷᠦ᠎ᠠᠴᠠ ᠠᠳᠠᠯᠢ ᠲᠠᠯ᠎ᠠ᠎ᠪᠠᠨ ᠠ᠋ᠷᠢᠵᠦ ᠵᠦᠷᠢᠶ᠎ᠡ᠎ᠪᠠᠨ ᠦᠯᠡᠳᠡᠭᠡᠬᠦ᠂ ᠪᠠᠭᠲᠠᠭ᠋ᠠᠮᠵᠢᠲᠠᠢ᠎ᠪᠠᠷ ᠬᠠᠮᠲᠤ ᠣᠷᠣᠰᠢᠬᠤ᠂ ᠬᠠᠷᠢᠯᠴᠠᠨ ᠲᠤᠯᠢᠯᠠᠵᠤ ᠬᠠᠷᠢᠯᠴᠠᠨ ᠠᠭᠤᠰᠤᠯᠴᠠᠬᠤ ᠵᠢ ᠵᠣᠷᠢᠵᠤ᠂ 《ᠤᠯᠤᠰ ᠬᠦᠷᠦᠨ ᠨᠦᠬᠦᠷᠰᠡᠭ ᠵᠢᠨᠷ ᠶᠠᠪᠤᠯᠴᠠᠬᠤ》᠂ 《ᠠᠶ᠋ᠢᠯ ᠰᠠᠭ᠋ᠠᠬᠠᠯᠳᠠ ᠠ᠋ᠶᠡᠯᠰᠡᠭ ᠵᠶ᠋ᠠᠷ ᠶᠠᠪᠤᠯᠴᠠᠬᠤ》 ᠵᠢ ᠬᠥᠭᠡᠭᠡᠴᠡᠯᠳᠦᠳᠡᠭ᠃ ᠳᠤᠮᠳᠠᠳᠤ ᠤᠯᠤᠰ ᠢᠮᠠᠭᠲᠠ ᠬᠡᠬᠦᠳᠡᠭ ᠴᠡᠭᠡᠵᠢᠨ᠎ᠳᠤ᠎ᠪᠠᠨ ᠳᠡᠯᠡᠬᠡᠢ ᠳ᠋ᠠᠬᠢᠨ᠎ᠢ ᠪᠠᠭᠲᠠᠭ᠋ᠠᠵᠤ᠂ ᠳᠤᠮᠳᠠᠳᠤ ᠵᠢᠨ ᠪᠣᠯᠪᠠᠰᠤᠨ᠎ᠤ ᠦᠨᠳᠦᠰᠦᠨ ᠴᠢᠨᠠᠷ᠎ᠢ ᠵᠠᠯᠭ᠋ᠠᠮᠵᠢᠯᠠᠵᠤ᠂ ᠳᠤᠮᠳᠠᠳᠤ ᠭᠠᠳᠠᠭ᠋ᠠᠳᠤ ᠵᠢᠨ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠠᠬᠢᠭᠤᠯᠵᠤ᠂ ᠪᠣᠯᠪᠠᠰᠤᠨ᠎ᠤ ᠵᠠᠪᠰᠠᠷᠳᠠᠯ᠎ᠢ ᠪᠣᠯᠪᠠᠰᠤᠨ᠎ᠤ ᠰᠣᠯᠢᠯᠴᠠᠭ᠎ᠠ᠎ᠪᠠᠷ ᠳᠠᠪᠠᠵᠤ᠂ ᠪᠣᠯᠪᠠᠰᠤᠨ ᠵᠶ᠋ᠠᠨ ᠬᠠᠷᠢᠯᠴᠠᠨ ᠲᠤᠯᠢᠳᠠᠬᠤ᠎ᠪᠠᠷ ᠪᠣᠯᠪᠠᠰᠤᠨ᠎ᠤ ᠮᠥᠷᠭᠥᠯᠳᠦᠭᠡᠨ᠎ᠢ ᠳᠠᠪᠠᠵᠤ᠂ ᠪᠣᠯᠪᠠᠰᠤᠨ ᠵᠢᠨᠷ ᠬᠠᠮᠲᠤ᠎ᠪᠠᠷ ᠣᠷᠣᠰᠢᠬᠤ᠎ᠪᠠᠷ ᠪᠣᠯᠪᠠᠰᠤᠨ᠎ᠤ ᠳᠠᠪᠠᠭᠤᠯᠢᠭ᠎ᠢ ᠳᠠᠪᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠥᠮᠦᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠬᠡᠯᠪᠡᠷᠢ ᠪᠠᠶ᠋ᠢᠳᠠᠯ᠎ᠢ ᠠ᠋ᠬᠦᠤᠡᠳᠡᠭ᠃ 
      ᠰᠢᠨ᠎ᠡ ᠠᠶᠠᠨ ᠵᠠᠮ᠎ᠳᠤ᠂ ᠪᠢᠳᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠤᠬᠳᠠᠭ᠋ᠠᠬᠰᠠᠨ》᠎ᠤ ᠰᠢᠢ᠍ᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠠᠤᠭ᠎ᠠ ᠶᠡᠬᠡ ᠬᠦᠴᠦᠨ᠎ᠢ ᠨᠢᠭᠲᠠᠷᠠᠭᠤᠯᠬᠤ ᠬᠡᠷᠡᠭᠲᠡᠢ᠃

ᠢᠷᠡᠯᠲᠡ᠄ ᠲᠤᠮᠳᠠᠳᠤ ᠵᠢ ᠥᠭᠦᠯᠡᠬᠦᠢ