ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠦᠶ᠎ᠡ ᠳᠠᠮᠵᠢᠨ ᠤᠯᠠᠮᠵᠢᠯᠠᠭᠰᠠᠨ ᠥᠨᠢ ᠤᠳᠠᠭ᠋ᠠᠨ ᠲᠡᠦᠬᠡ᠎ᠲᠠᠢ ᠳᠤᠮᠳᠠᠳᠤ ᠵᠢᠨ ᠪᠣᠯᠪᠠᠰᠤᠨ ᠶᠠᠭ᠋ᠠᠬᠢᠭ᠋ᠠᠳ ᠤᠯᠠᠮᠵᠢᠯᠠᠯ ᠨᠢᠭᠡᠲᠡᠢ ᠪᠠᠢ᠌ᠳᠠᠭ ᠪᠤᠢ? (ᠳᠡᠭᠡᠳᠦ)
ᠨᠡᠶ᠋ᠢᠲᠡᠯᠡᠭᠰᠡᠨ ᠴᠠᠭ᠄ 2023-10-31

      ᠳᠤᠮᠳᠠᠳᠤ ᠵᠢᠨ ᠪᠣᠯᠪᠠᠰᠤᠨ ᠦᠷᠭᠦᠯᠵᠢᠯᠡᠭᠰᠡᠨ ᠰᠢᠨᠵᠢ᠎ᠪᠠᠷ ᠳᠣᠪᠤᠢ᠌ᠮ᠎ᠠ ᠪᠠᠢ᠌ᠳᠠᠭ᠎ᠨᠢ ᠳᠤᠮᠳᠠᠳᠤ ᠵᠢᠨ ᠦᠨᠳᠦᠰᠦᠲᠡᠨ ᠵᠠᠢ᠌ᠯᠠᠰᠢ ᠦᠭᠡᠢ ᠥᠪᠡᠷ᠎ᠤᠨ ᠵᠠᠮ ᠵᠶ᠋ᠠᠷ ᠵᠶ᠋ᠠᠨ ᠵᠠᠮᠨᠠᠬᠤ ᠵᠢ ᠦᠨᠳᠦᠰᠦᠨ᠎ᠠᠴᠠ᠎ᠪᠠᠨ ᠲᠣᠭᠲᠠᠭ᠋ᠠᠭᠰᠠᠨ ᠶᠤᠮ᠃ ᠬᠡᠷᠪᠡ ᠥᠨᠢ ᠤᠷᠲᠤ ᠤᠳᠠᠭ᠋ᠠᠨ ᠲᠡᠥᠬᠡ ᠵᠢᠨ ᠦᠷᠭᠦᠯᠵᠢᠯᠡᠯᠲᠦ ᠰᠢᠨᠵᠢ᠎ᠠᠴᠠ᠎ᠨᠢ ᠳᠤᠮᠳᠠᠳᠤ ᠤᠯᠤᠰ᠎ᠢ ᠣᠢ᠌ᠯᠠᠭ᠋ᠠᠬᠤ ᠦᠭᠡᠢ ᠪᠣᠯ ᠡᠷᠲᠡᠨ᠎ᠤ ᠳᠤᠮᠳᠠᠳᠤ ᠤᠯᠤᠰ᠎ᠢ ᠣᠢ᠌ᠯᠠᠭ᠋ᠠᠵᠤ ᠳᠡᠢ᠌ᠯᠬᠦ ᠦᠭᠡᠢ᠂ ᠪᠠᠰᠠ ᠤᠷᠴᠢᠨ ᠦᠶ᠎ᠡ ᠵᠢᠨ ᠳᠤᠮᠳᠠᠳᠤ ᠤᠯᠤᠰ᠎ᠢ ᠴᠤ᠌ ᠣᠢ᠌ᠯᠠᠭ᠋ᠠᠬᠤ ᠪᠣᠯᠤᠮᠵᠢ ᠦᠭᠡᠢ᠂  ᠢᠷᠡᠭᠡᠳᠦᠢ ᠵᠢᠨ ᠳᠤᠮᠳᠠᠳᠤ ᠤᠯᠤᠰ᠎ᠢ ᠨᠡᠩ ᠴᠤ᠌ ᠣᠢ᠌ᠯᠠᠭ᠋ᠠᠵᠤ ᠳᠡᠢ᠌ᠯᠬᠦ ᠦᠭᠡᠢ ᠶᠤᠮ᠃
      ᠣᠢ᠌ᠷ᠎ᠠ ᠵᠢᠨ ᠡᠳᠦᠷ᠂ 《ᠲᠤᠮᠳᠠᠳᠤ ᠵᠢ ᠦᠬᠦᠯᠡᠬᠦᠢ》 ᠳᠠᠪᠴᠠᠡᠭ ᠲᠤᠰ ᠰᠡᠳᠦᠪ ᠵᠢᠡᠷ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠵᠧᠩ ᠳ᠋ᠡ ᠬᠤᠸᠠ ᠫᠷᠤᠹᠧᠰᠰᠤᠷ᠎ᠢ ᠲᠤᠰᠬᠠᠢ᠌ᠯᠠᠨ ᠰᠤᠷᠪᠤᠯᠵᠢᠯᠠᠪᠠ᠃

W020230818361492969807.png

     

      ᠳᠤᠮᠳᠠᠳᠤ ᠵᠢᠨ ᠪᠣᠯᠪᠠᠰᠤᠨ ᠪᠣᠯ ᠥᠨᠢ ᠤᠳᠠᠭ᠋ᠠᠨ ᠲᠡᠦᠬᠡ᠎ᠲᠠᠢ ᠶᠠᠭ ᠯᠨ ᠬᠠᠳᠤᠨ ᠭᠤᠤᠯ᠂ ᠬᠦᠬᠡᠮᠦᠢ᠍ᠷᠡᠨ᠎ᠤ ᠤᠷᠤᠰᠬᠠᠯ ᠮᠡᠲᠦ ᠡᠷᠡᠰ ᠬᠠᠲᠠᠭᠤ ᠠᠮᠢᠵᠢᠷᠠᠯ᠎ᠤᠨ ᠬᠦᠴᠦᠨ ᠵᠶ᠋ᠠᠨ ᠢᠯᠡᠷᠡᠭᠦᠯᠦᠭᠰᠡᠭᠡᠷ ᠪᠠᠢ᠌ᠳᠠᠭ᠃ ᠵᠢᠷᠤᠭ 4 ᠪᠣᠯ ᠰᠧᠴᠤᠸᠠᠨ᠎ᠤ ᠵᠣᠷᠭ᠋ᠠᠶ ᠲᠠᠯ᠎ᠠ ᠨᠤᠲᠤᠭ᠎ᠤᠨ ᠬᠠᠲᠤᠨ ᠭᠣᠣᠯ᠎ᠤᠨ ᠶᠢᠰᠤ ᠲᠣᠬᠤᠢ᠌ᠷᠠᠭᠰᠠᠨ ᠤᠷᠤᠰᠬᠠᠯ᠎ᠤᠨ ᠨᠢᠭᠡᠳᠦᠭᠡᠷ ᠲᠣᠬᠣᠢ᠎ᠨᠢ  ᠪᠤᠯᠤᠨ᠎ᠠ᠃

      ᠳᠤᠮᠳᠠᠳᠤ ᠵᠢ ᠦᠭᠦᠯᠡᠬᠦᠢ᠄ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠴᠠᠭ᠎ᠨᠢ ᠬᠠᠮᠤᠭ᠎ᠤᠨ ᠤᠷᠲᠤ ᠪᠥᠭᠡᠳ ᠶᠡᠷᠦ᠎ᠠᠴᠠ ᠲᠠᠰᠤᠯᠳᠠᠵᠤ ᠦᠩᠭᠡᠷᠡᠭᠰᠡᠨ ᠦᠭᠡᠢ ᠴᠣᠷ᠎ᠤᠨ ᠭᠠᠭᠴᠠ ᠡᠷᠲᠡᠨ᠎ᠤ ᠪᠣᠯᠪᠠᠰᠤᠨ ᠭᠡᠳᠡᠭ᠂ ᠶᠠᠭ᠋ᠠᠬᠢᠭ᠋ᠠᠳ ᠢᠩᠭᠢᠵᠦ ᠬᠡᠯᠡᠳᠡᠭ ᠪᠣᠶ?
      ᠵᠧᠩ ᠳ᠋ᠡ ᠬᠤᠸᠠ᠄ ᠠᠯᠢ ᠡᠷᠲᠡ 1900 ᠣᠨ᠎ᠳᠤ᠂ ᠯᠢᠶᠠᠩ ᠴᠢ ᠴᠤᠤ ᠲᠡᠭᠦᠨ᠎ᠤ 《ᠬᠣᠷᠢᠳᠤᠭ᠋ᠠᠷ ᠵᠠᠭᠤᠨ᠎ᠤ ᠨᠣᠮᠣᠬᠠᠨ ᠳᠠᠯᠠᠶ ᠵᠢᠨ ᠳᠠᠭᠤᠯᠠᠯ》᠎ᠳᠤ᠎ᠪᠠᠨ᠄ 《ᠳᠡᠯᠡᠬᠡᠶ ᠵᠢᠨ ᠪᠥᠮᠪᠥᠷᠴᠡᠭ ᠳᠡᠭᠡᠷ᠎ᠡ ᠳᠤᠮᠳᠠᠳᠤ ᠤᠯᠤᠰ᠂ ᠡᠨᠡᠳᠬᠡᠭ᠂ ᠶᠧᠵᠢᠫᠲ᠂ ᠪᠠᠭ᠎ᠠ ᠠᠽᠢᠶ᠎ᠠ ᠭᠡᠬᠦ ᠡᠷᠳᠡᠨ᠎ᠤ ᠳᠥᠷᠪᠡᠨ ᠪᠤᠯᠪᠠᠰᠤᠨ ᠤᠯᠤᠰ ᠪᠤᠢ》 ᠭᠡᠵᠦ ᠪᠢᠴᠢᠵᠡᠢ᠃ ᠭᠡᠲᠡᠯ᠎ᠡ ᠡᠷᠲᠡᠨ᠎ᠤ ᠶᠧᠵᠢᠫᠲ᠂ ᠡᠷᠲᠡᠨ᠎ᠤ ᠪᠠᠪᠢᠯᠤᠨ ᠪᠣᠯᠤᠨ ᠡᠷᠲᠡᠨ᠎ᠤ ᠡᠨᠡᠳᠬᠡᠭ᠎ᠤᠨ ᠪᠣᠯᠪᠠᠰᠤᠨ ᠴᠦᠮ ᠲᠠᠰᠤᠯᠳᠠᠭᠰᠠᠨ ᠶᠤᠮ᠂ ᠣᠳᠣ᠎ᠳᠤ ᠬᠦᠷᠳᠡᠯ᠎ᠡ ᠦᠷᠬᠦᠯᠵᠢᠯᠡᠵᠦ ᠪᠠᠢ᠌ᠭ᠎ᠠ ᠴᠣᠷ᠎ᠤᠨ ᠭᠠᠭᠴᠠ ᠪᠤᠯᠪᠠᠰᠤᠨ ᠪᠣᠯ ᠵᠥᠪᠬᠡᠨ ᠳᠤᠮᠳᠠᠳᠤ ᠵᠢᠨ ᠪᠣᠯᠪᠠᠰᠤᠨ ᠪᠣᠯᠣᠨ᠎ᠠ᠃
      ᠪᠣᠯᠪᠠᠰᠤᠨ᠎ᠢ ᠡᠭᠦᠳᠦᠨ ᠪᠦᠲᠦᠭᠡᠭᠰᠡᠨ ᠭᠣᠣᠯ ᠴᠣᠭᠴᠠ᠎ᠠᠴᠠ ᠠᠪᠴᠤ ᠦᠵᠡᠪᠡᠯ᠂ ᠳᠤᠮᠳᠠᠳᠤ ᠤᠯᠤᠰ᠎ᠤᠨ ᠡᠷᠲᠡᠨ᠎ᠤ ᠪᠣᠯᠪᠠᠰᠤᠨ᠎ᠢ ᠡᠭᠦᠳᠦᠨ ᠪᠦᠲᠦᠭᠡᠭᠰᠡᠨ ᠭᠣᠣᠯ ᠴᠣᠭᠴᠠ ᠪᠣᠯ ᠮᠠᠨ᠎ᠤ ᠤᠷᠴᠢᠨ ᠦᠶ᠎ᠡ ᠵᠢᠨ ᠳᠤᠮᠳᠠᠳᠤ ᠵᠢᠨ ᠦᠨᠳᠦᠰᠦᠲᠡᠨ᠎ᠤ ᠡᠪᠦᠭᠡ ᠳᠡᠭᠡᠳᠦᠰ ᠪᠤᠯᠤᠨ᠎ᠠ᠂ ᠣᠷᠴᠢᠨ ᠦᠶ᠎ᠡ ᠵᠢᠨ ᠳᠤᠮᠳᠠᠳᠤ ᠵᠢᠨ ᠦᠨᠳᠦᠰᠦᠲᠡᠨ᠎ᠤ ᠲᠤᠮᠦ ᠭᠡᠷ ᠪᠦᠯᠢ ᠵᠢ ᠪᠦᠷᠢᠯᠳᠦᠭᠦᠯᠦᠭᠰᠡᠨ ᠦᠨᠳᠦᠰᠦᠲᠡᠨ᠎ᠨᠦᠭᠦᠳ ᠴᠥᠮ ᠳᠤᠮᠳᠠᠳᠤ ᠤᠯᠤᠰ᠎ᠤᠨ ᠡᠷᠲᠡᠨ᠎ᠤ ᠦᠨᠳᠦᠰᠦᠲᠡᠨ᠎ᠨᠦᠭᠦᠳ᠎ᠤᠨ ᠲᠡᠦᠬᠡᠨ᠎ᠠᠴᠠ ᠡᠪᠦᠭᠡ ᠳᠡᠭᠡᠳᠦᠰ᠎ᠤᠨ ᠤᠯᠠ ᠮᠥᠷ᠎ᠢ ᠣᠯᠵᠤ ᠮᠥᠷᠳᠡᠵᠦ ᠳᠡᠢ᠌ᠯᠦᠨ᠎ᠡ᠃ ᠭᠡᠲᠡᠯ᠎ᠡ ᠤᠳᠤ ᠵᠢᠨ ᠶᠧᠵᠢᠫᠲᠴᠦᠳ᠂ ᠢᠷᠠᠺᠴᠤᠳ ᠪᠠ ᠡᠨᠡᠳᠬᠡᠭᠴᠦᠳ ᠲᠡᠳᠡᠭᠡᠷ ᠡᠷᠲᠡᠨ᠎ᠤ ᠪᠣᠯᠪᠠᠰᠤᠨ᠎ᠢ ᠡᠭᠦᠳᠦᠨ ᠪᠦᠲᠦᠭᠡᠭᠴᠢᠳ᠎ᠤᠨ ᠰᠢᠭᠤᠳ ᠤᠳᠤᠮ᠎ᠤᠨ ᠬᠣᠢ᠌ᠴᠢ ᠦᠶ᠎ᠡ ᠨᠢᠭᠡᠨᠲᠡ ᠪᠢᠰᠢ ᠪᠤᠯᠤᠭᠰᠠᠨ᠂ ᠡᠳᠡᠭᠡᠷ ᠡᠷᠲᠡᠨ᠎ᠤ ᠪᠣᠯᠪᠠᠰᠤᠨ᠎ᠢ ᠡᠭᠦᠳᠦᠨ ᠪᠦᠲᠦᠭᠡᠭᠰᠡᠨ ᠭᠣᠣᠯ ᠴᠣᠭᠴᠠ ᠠᠯᠢ ᠬᠡᠳᠦᠢ᠌ᠨ ᠲᠡᠦᠬᠡ ᠵᠢᠨ ᠤᠷᠤᠰᠬᠠᠯ᠎ᠳᠤ ᠠᠯᠠᠭ᠎ᠠ ᠪᠣᠯᠵᠠᠢ᠃
      ᠪᠣᠯᠪᠠᠰᠤᠨ᠎ᠤ ᠦᠨᠳᠦᠰᠦ ᠰᠠᠭᠤᠷᠢ ᠪᠣᠯᠤᠭᠰᠠᠨ ᠰᠣᠶᠣᠯ᠎ᠠᠴᠠ ᠠᠪᠴᠤ ᠦᠵᠡᠪᠡᠯ᠂ ᠺᠦᠩᠽᠢ ᠵᠢᠨ ᠰᠤᠷᠭ᠋ᠠᠯᠲᠠᠨ᠎ᠤ ᠰᠣᠶᠣᠯ ᠵᠶ᠋ᠠᠷ ᠭᠣᠣᠯᠯᠠᠭᠴᠢ ᠪᠤᠶᠤ ᠭᠣᠣᠯ ᠴᠣᠭᠴᠠ ᠪᠣᠯᠭ᠋ᠠᠭᠰᠠᠨ ᠳᠤᠮᠳᠠᠳᠤ ᠵᠢᠨ ᠰᠣᠶᠣᠯ ᠶᠡᠷᠦ᠎ᠠᠴᠠ ᠲᠠᠰᠤᠯᠳᠠᠭ᠎ᠠ ᠦᠭᠡᠢ ᠶᠤᠮ᠂ ᠡᠷᠲᠡᠨ᠎ᠤ ᠳᠤᠮᠳᠠᠳᠤ ᠵᠢᠨ ᠰᠣᠶᠣᠯ᠎ᠤᠨ ᠦᠭᠡ ᠬᠡᠯᠡ ᠦᠰᠦᠭ ᠪᠢᠴᠢᠭ᠂ ᠵᠠᠩ ᠵᠠᠩᠰᠢᠯ ᠢᠲᠡᠭᠡᠯ ᠪᠢᠰᠢᠷᠡᠯ᠂ ᠦᠷᠳᠡᠭ᠎ᠤᠨ ᠦᠵᠡᠯᠲᠡ ᠵᠡᠷᠭᠡ᠎ᠨᠢ ᠤᠳᠤ ᠪᠣᠯᠲᠠᠯ᠎ᠠ ᠮᠥᠨ ᠯᠡ ᠬᠥᠮᠦᠰ᠎ᠤᠨ ᠨᠡᠢ᠌ᠭᠡᠮ᠎ᠤᠨ ᠠᠮᠢᠳᠤᠷᠠᠯ ᠪᠠ ᠦᠵᠡᠯ ᠰᠠᠨᠠᠭ᠎ᠠ ᠣᠢ᠌ᠯᠠᠭ᠋ᠠᠭᠳᠠᠬᠤᠨ᠎ᠳᠤ᠎ᠨᠢ ᠴᠢᠬᠤᠯᠠ ᠨᠥᠯᠥᠭᠡ ᠦᠵᠡᠭᠦᠯᠦᠭᠰᠡᠭᠡᠷ ᠪᠠᠢ᠌ᠨ᠎ᠠ᠃ ᠭᠡᠲᠡᠯ᠎ᠡ ᠥᠨᠥ ᠵᠢᠨ ᠶᠧᠵᠢᠫᠲ᠎ᠤᠨ ᠰᠣᠶᠣᠯ᠂ ᠢᠷᠠᠺ᠎ᠤᠨ ᠰᠣᠶᠣᠯ ᠪᠠ ᠡᠨᠡᠳᠬᠡᠭ᠎ᠤᠨ ᠰᠣᠶᠣᠯ᠎ᠨᠢ ᠤᠤᠯ᠎ᠤᠨ ᠣᠷᠤᠰᠢᠵᠤ ᠥᠩᠭᠡᠷᠡᠭᠰᠡᠨ ᠡᠷᠲᠡᠨ᠎ᠤ ᠪᠣᠯᠪᠠᠰᠤᠨ᠎ᠲᠠᠢ ᠬᠠᠷᠢᠴᠠᠭ᠎ᠠ ᠦᠭᠡᠢ ᠪᠣᠯᠣᠭᠰᠠᠨ ᠪᠠᠢ᠌ᠨ᠎ᠠ᠂ ᠡᠳᠡᠭᠡᠷ ᠪᠣᠯᠪᠠᠰᠤᠨ᠎ᠢ ᠡᠬᠦᠳᠦᠨ ᠪᠥᠳᠦᠭᠡᠭᠰᠡᠨ ᠦᠨᠳᠦᠰᠦᠲᠡᠨ ᠵᠢᠴᠢ ᠳᠡᠳᠡᠨ᠎ᠤ ᠦᠭᠡ ᠬᠡᠯᠡ ᠦᠰᠦᠭ ᠪᠢᠴᠢᠭ᠎ᠨᠢ ᠴᠤ᠌ ᠤᠰᠠᠳᠤᠭ᠋ᠠᠳ᠂ ᠲᠡᠳᠡᠨ᠎ᠤ ᠵᠠᠩ ᠵᠠᠩᠰᠢᠯ ᠢᠲᠡᠭᠡᠯ ᠪᠢᠰᠢᠷᠡᠯ ᠪᠠ ᠦᠷᠳᠡᠭ᠎ᠤᠨ ᠦᠵᠡᠯᠲᠡ ᠵᠢᠨ ᠵᠠᠷᠢᠮ᠎ᠨᠢ ᠲᠠᠶᠠᠭᠳᠠᠭᠳᠠᠵᠤ᠂ ᠵᠠᠷᠢᠮ᠎ᠨᠢ ᠪᠤᠰᠤᠳ ᠰᠤᠶᠤᠯ ᠵᠶ᠋ᠠᠷ ᠤᠷᠤᠯᠠᠭᠳᠠᠵᠠᠢ᠃ ᠲᠡᠷᠡ ᠬᠦ᠌ ᠨᠤᠲᠤᠭ᠎ᠲᠤ ᠣᠷᠤᠰᠢᠵᠤ ᠪᠠᠢ᠌ᠭ᠎ᠠ ᠥᠨᠥᠳᠦᠷ᠎ᠤᠨ ᠰᠣᠶᠣᠯ ᠪᠣᠯ ᠤᠭᠳᠤ ᠥᠭᠡᠷ᠎ᠡ ᠨᠢᠭᠡ ᠲᠦᠷᠦᠯ᠎ᠤᠨ ᠰᠣᠶᠣᠯ ᠪᠤᠯᠬᠤ ᠶᠤᠮ᠃
      ᠪᠣᠯᠪᠠᠰᠤᠨ᠎ᠤ ᠠᠴᠢᠶᠠᠯᠠᠭᠴᠢ᠎ᠠᠴᠠ ᠠᠪᠴᠤ ᠦᠵᠡᠪᠡᠯ᠂ ᠬᠡᠳᠦᠨ ᠮᠢᠩᠭ᠋ᠠᠨ ᠵᠢᠯ᠎ᠤᠨ ᠳᠤᠮᠳᠠᠳᠤ ᠤᠯᠤᠰ ᠲᠦᠷᠦ ᠬᠦᠷᠦᠨ᠎ᠤ ᠦᠬᠡᠷᠳᠡᠯ ᠰᠣᠯᠢᠭᠳᠠᠯ ᠭᠠᠷᠤᠭᠰᠠᠨ᠎ᠨᠢ ᠳᠠᠮᠵᠢᠭ ᠦᠬᠡᠢ᠂ ᠬᠡᠳᠡᠯ᠎ᠡ ᠬᠢᠲᠠᠳ ᠦᠨᠳᠦᠰᠦᠲᠡᠨ᠎ᠤ ᠪᠠᠢ᠌ᠭᠤᠯᠤᠭᠰᠠᠨ ᠲᠦᠷᠦ ᠵᠠᠰᠠᠭ ᠴᠤ᠌ ᠪᠤᠯᠤᠭ᠂ ᠴᠥᠭᠡᠨ ᠲᠣᠭ᠋ᠠᠲᠤ ᠦᠨᠳᠦᠰᠦᠲᠡᠨ᠎ᠤ ᠪᠠᠢ᠌ᠭᠤᠯᠤᠭᠰᠠᠨ ᠲᠦᠷᠦ ᠵᠠᠰᠠᠭ ᠴᠦ᠍ ᠪᠤᠯᠤᠭ᠂ ᠴᠥᠮ ᠳᠤᠮᠳᠠᠳᠤ ᠵᠢᠨ ᠪᠣᠯᠪᠠᠰᠤᠨ᠎ᠢ ᠠᠴᠢᠶᠠᠯᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠪᠦᠷᠢᠯᠳᠦᠬᠦᠨ ᠬᠡᠰᠡᠭ  ᠪᠣᠯᠬᠤ ᠶᠤᠮ᠃ ᠺᠠᠩ ᠶᠸᠦ ᠸᠧᠢ᠂ ᠯᠢᠶᠠᠩ ᠴᠢ ᠴᠤᠤ ᠨᠠᠷ᠂ ᠳᠤᠮᠳᠠᠳᠤ ᠤᠯᠤᠰ ᠡᠷᠲᠡᠨ᠎ᠠᠴᠠ ᠠᠪᠤᠭ᠋ᠠᠳ ᠵᠥᠪᠬᠡᠨ ᠲᠤᠢ᠍ᠷᠦ ᠵᠠᠰᠠᠭ ᠰᠤᠯᠢᠭᠳᠠᠵᠤ ᠪᠠᠢ᠌ᠭᠰᠠᠨ᠎ᠠᠴᠠ ᠪᠢᠰᠢ᠂ ᠬᠠᠷᠢᠨ ᠲᠤᠢ᠍ᠷᠦ ᠮᠦᠬᠦᠵᠦ ᠥᠩᠭᠡᠷᠡᠭᠰᠡᠨ ᠦᠭᠡᠢ ᠶᠤᠮ᠂ ᠳᠥᠷᠦ ᠪᠤᠯ ᠢᠮᠠᠭᠲᠠ ᠳᠤᠮᠳᠠᠳᠤ ᠵᠢᠨ ᠦᠨᠳᠦᠰᠦᠲᠡᠨ᠎ᠤ ᠲᠤᠢ᠍ᠷᠦ ᠶᠤᠮ ᠭᠡᠵᠦ ᠬᠡᠯᠡᠭᠰᠡᠨ ᠶᠤᠮ᠃
      ᠳᠤᠮᠳᠠᠳᠤ ᠤᠯᠤᠰ᠎ᠲᠠᠢ ᠬᠠᠷᠢᠴᠠᠭᠤᠯᠪᠠᠯ᠂ ᠡᠷᠲᠡᠨ᠎ᠤ ᠶᠧᠵᠢᠫᠲ᠂ ᠡᠷᠲᠡᠨ᠎ᠤ ᠪᠠᠪᠢᠯᠤᠨ᠂ ᠡᠷᠲᠡᠨ᠎ᠤ ᠡᠨᠡᠳᠬᠡᠭ ᠴᠦᠮ ᠲᠥᠷᠥ᠎ᠨᠢ ᠮᠦᠬᠦᠵᠦ ᠥᠩᠭᠡᠷᠡᠭᠰᠡᠨ ᠪᠥᠭᠡᠳ ᠨᠢᠭᠡ ᠤᠳᠠᠭ᠎ᠠ᠎ᠲᠠᠢ᠎ᠪᠠᠷ ᠪᠠᠷᠠᠬᠤ ᠦᠭᠡᠢ᠂ ᠵᠢᠱ᠌ᠢᠶᠡᠯᠡᠪᠡᠯ ᠨᠡᠢ᠌ᠲᠡ ᠵᠢᠨ ᠣᠨ ᠲᠣᠭ᠋ᠠᠯᠠᠯ᠎ᠠᠴᠠ ᠡᠮᠦᠨ᠎ᠡ 6 ᠳ᠋ᠤᠭ᠋ᠠᠷ ᠵᠠᠭᠤᠨ᠎ᠠᠴᠠ ᠡᠬᠢᠯᠡᠨ ᠫᠸᠷᠰᠴᠤᠳ᠂ ᠭ᠋ᠷᠸᠭ᠌ᠴᠤᠳ᠂  ᠷᠤᠮᠠᠴᠤᠳ ᠤᠷᠢᠳ ᠬᠣᠵᠢᠳ ᠶᠧᠵᠢᠫᠲ᠎ᠢ ᠳᠠᠢ᠌ᠯᠠᠨ ᠳᠠᠭ᠋ᠠᠭᠤᠯᠵᠤ᠂ ᠶᠧᠵᠢᠫᠲ᠎ᠨᠢ ᠫᠸᠷᠢᠰ ᠬᠠᠭ᠋ᠠᠨᠲᠤ ᠤᠯᠤᠰ᠂ ᠮᠠᠺᠸᠳᠤᠨᠢᠶ᠎ᠠ ᠬᠠᠭ᠋ᠠᠨᠲᠤ ᠤᠯᠤᠰ ᠪᠤᠶᠤ ᠷᠣᠮᠠ ᠬᠠᠭ᠋ᠠᠨᠲᠤ ᠤᠯᠤᠰ᠎ᠤᠨ ᠨᠢᠭᠡ ᠬᠡᠰᠡᠭ ᠪᠣᠯᠤᠭᠰᠠᠨ ᠶᠤᠮ᠃ ᠨᠡᠢ᠌ᠲᠡ ᠵᠢᠨ ᠣᠨ ᠲᠣᠭ᠋ᠠᠯᠠᠯ᠎ᠤᠨ 7 ᠳ᠋ᠤᠭ᠋ᠠᠷ ᠵᠠᠭᠤᠨ᠎ᠤ ᠦᠶ᠎ᠡ᠎ᠳᠤ᠂ ᠠᠷᠠᠪ ᠬᠠᠭ᠋ᠠᠨᠲᠤ ᠤᠯᠤᠰ᠎ᠤᠨ ᠬᠥᠭᠵᠢᠨ ᠮᠠᠨᠳᠤᠬᠤ ᠵᠢ ᠳᠠᠭ᠋ᠠᠯᠳᠤᠵᠤ᠂ ᠶᠧᠵᠢᠫᠲ᠎ᠨᠢ ᠪᠠᠰᠠ ᠠᠷᠠᠪ ᠬᠠᠭ᠋ᠠᠨᠲᠤ ᠤᠯᠤᠰ᠎ᠤᠨ ᠪᠦᠷᠢᠯᠳᠦᠬᠦᠨ ᠬᠡᠰᠡᠭ ᠪᠣᠯᠪᠠ᠂ ᠡᠢ᠌ᠮᠦ᠎ᠠᠴᠠ ᠣᠲᠣ ᠵᠢᠨ ᠶᠸᠵᠢᠫᠲᠴᠤᠳ ᠦᠨᠡᠨ᠎ᠳᠤ᠎ᠪᠠᠨ ᠠᠷᠠᠪ ᠬᠥᠮᠦᠨ ᠶᠤᠮ᠂ ᠣᠲᠣ ᠵᠢᠨ ᠶᠧᠵᠢᠫᠲ᠎ᠤᠨ ᠰᠣᠶᠣᠯ᠎ᠨᠢ ᠮᠥᠨ ᠴᠢᠨᠠᠷ ᠳᠡᠭᠡᠷ᠎ᠡ᠎ᠪᠠᠨ  ᠠᠷᠠᠪ᠎ᠤᠨ ᠰᠣᠶᠣᠯ ᠪᠤᠯᠬᠤ ᠶᠤᠮ᠃

W020230818361492980853.png

     

      ᠳᠤᠮᠳᠠᠳᠤ ᠵᠢᠨ ᠰᠣᠶᠣᠯ ᠦᠨᠢᠳᠡ ᠦᠷᠭᠦᠯᠵᠢᠯᠡᠵᠦ᠂ ᠳᠤᠮᠳᠠᠳᠤ ᠵᠢᠨ ᠪᠣᠯᠪᠠᠰᠤᠨ᠎ᠤ ᠡᠷᠲᠡᠨ᠎ᠤ ᠭᠦᠨ ᠤᠬᠠᠭ᠋ᠠᠨ᠎ᠨᠢ ᠮᠥᠨ ᠯᠡ ᠬᠥᠮᠦᠨ᠎ᠤ ᠡᠰᠢ ᠶᠣᠰᠤ ᠡᠳᠦᠷ ᠲᠤᠳᠤᠮ᠎ᠤᠨ ᠬᠡᠷᠡᠭᠯᠡᠭᠡᠨ᠎ᠳᠤ ᠳᠤᠮᠳᠠᠳᠤ ᠵᠢᠨ ᠬᠥᠮᠦᠨ᠎ᠤ ᠠᠮᠢᠳᠤᠷᠠᠯ ᠪᠠ ᠬᠠᠢ᠌ᠷ᠎ᠠ ᠰᠡᠳᠬᠢᠯᠭᠡ ᠵᠢ ᠨᠥᠯᠥᠭᠡᠯᠡᠭᠰᠡᠭᠡᠷ ᠪᠠᠢ᠌ᠨ᠎ᠠ᠃ ᠵᠢᠷᠤᠭ ᠪᠣᠯ ᠱᠠᠩᠬᠠᠶ ᠵᠢᠨ ᠭᠣᠣᠯ᠎ᠤᠨ ᠲᠠᠨᠩ᠎ᠳᠤ ᠨᠡᠷᠡᠭᠦᠶ ᠨᠢᠳᠤᠷᠭ᠎ᠠ ᠪᠣᠯᠪᠠᠰᠤᠷᠠᠵᠤ ᠪᠠᠢ᠌ᠭ᠎ᠠ ᠬᠣᠲᠠ ᠵᠢᠨ ᠠᠷᠠᠳ᠃

      ᠲᠤᠮᠳᠠᠳᠤ ᠵᠢ ᠦᠬᠦᠯᠡᠬᠦᠢ᠄ ᠲᠤᠮᠳᠠᠳᠤ ᠵᠢᠨ ᠪᠤᠯᠪᠠᠰᠤᠨ᠎ᠤ ᠦᠷᠭᠦᠯᠵᠢᠯᠡᠭᠰᠡᠨ ᠰᠢᠨᠵᠢ᠎ᠨᠢ ᠠᠯᠢ ᠠᠯᠢ ᠳᠠᠯ᠎ᠠ᠎ᠪᠠᠷ ᠢᠯᠡᠷᠡᠵᠦ ᠪᠠᠢ᠌ᠬᠤ ᠪᠤᠢ?
      ᠵᠸᠩ ᠳ᠋ᠠ ᠬᠤᠸᠠ᠄ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠨᠢ ᠨᠡᠢ᠌ᠬᠡᠮ᠎ᠤᠨ ᠬᠦᠭᠵᠢᠯᠳᠡ ᠵᠢᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠬᠦᠮᠦᠨ ᠲᠦᠷᠦᠯᠬᠢᠳᠡᠨ᠎ᠤ ᠨᠡᠢ᠌ᠬᠡᠮ ᠪᠠᠢ᠌ᠮᠠᠨᠵᠢᠨ ᠬᠦᠮᠦᠨ ᠲᠦᠷᠦᠯᠬᠢᠳᠡᠨ᠎ᠤ ᠪᠣᠯᠪᠠᠰᠤᠨ ᠪᠠᠢ᠌ᠳᠠᠭ᠃ ᠲᠤᠮᠳᠠᠳᠤ ᠤᠯᠤᠰ᠎ᠤᠨ ᠨᠡᠢ᠌ᠬᠡᠮ ᠪᠣᠯ ᠪᠠᠯᠠᠷ ᠡᠷᠳᠡᠨ᠎ᠤ ᠨᠡᠢ᠌ᠬᠡᠮ᠂ ᠪᠤᠭᠤᠯᠳᠤ ᠨᠡᠢ᠌ᠬᠡᠮ᠂ ᠹᠸᠤᠳᠠᠯ᠎ᠤᠨ ᠨᠡᠢ᠌ᠬᠡᠮ᠂ ᠬᠠᠭ᠋ᠠᠰ ᠺᠤᠯᠤᠨᠢ ᠬᠠᠭ᠋ᠠᠰ ᠹᠸᠤᠳᠠᠯ᠎ᠤᠨ ᠨᠡᠢ᠌ᠬᠡᠮ ᠪᠤᠯᠤᠨ ᠨᠡᠢ᠌ᠬᠡᠮ ᠵᠢᠷᠤᠮᠳᠤ ᠨᠡᠢ᠌ᠬᠡᠮ᠎ᠤᠨ ᠬᠦᠭᠵᠢᠯᠳᠡ ᠵᠢ  ᠥᠩᠭᠡᠷᠡᠭᠡᠭᠡᠳ᠂ ᠮᠠᠷᠺᠰ ᠡᠩᠭᠧᠯᠰ᠎ᠤᠨ ᠪᠣᠢ ᠪᠣᠯᠭ᠋ᠠᠭᠰᠠᠨ ᠬᠥᠮᠦᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠵᠢᠨ ᠲᠠᠪᠤᠨ ᠲᠦᠷᠦᠯ᠎ᠤᠨ ᠬᠡᠯᠪᠡᠷᠢ ᠵᠢ ᠶᠡᠷᠦ᠎ᠠᠴᠠ ᠲᠠᠰᠤᠯᠳᠠᠭᠤᠯᠤᠭᠰᠠᠨ ᠦᠭᠡᠢ ᠶᠤᠮ᠃

      ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠨᠢ ᠤᠯᠤᠰ ᠲᠥᠷᠥ ᠵᠢᠨ ᠤᠳᠤᠮᠰᠢᠯ᠎ᠤᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠡᠷᠲᠡᠨ᠎ᠠᠴᠠ ᠠᠪᠤᠭ᠋ᠠᠳ ᠳᠤᠮᠳᠠᠳᠤ ᠤᠯᠤᠰ᠎ᠤᠨ ᠠᠯᠢ ᠨᠢᠭᠡᠨ ᠰᠢᠨ᠎ᠡ ᠲᠥᠷᠥ ᠪᠠᠢ᠌ᠭᠤᠯᠤᠭᠳᠠᠬᠤ᠎ᠳᠤ᠎ᠪᠠᠨ ᠪᠦᠷ ᠡᠮᠦᠨᠡᠬᠢ ᠲᠥᠷᠥ᠎ᠪᠠᠨ ᠦᠪᠯᠡᠨ ᠵᠠᠯᠭ᠋ᠠᠮᠵᠢᠯᠠᠬᠤ ᠪᠠ ᠦᠬᠡᠷᠡᠴᠢᠯᠡᠨ ᠰᠢᠨᠡᠴᠢᠯᠡᠬᠦ ᠵᠢ ᠴᠢᠬᠤᠯᠠᠴᠢᠯᠠᠵᠤ᠂ ᠤᠳᠤᠮᠰᠢᠯᠲᠤ ᠸᠠᠩᠲᠤ ᠲᠦᠷᠦ ᠵᠢᠨ ᠬᠠᠤᠯᠢ ᠶᠣᠰᠣᠨ᠎ᠤ ᠴᠢᠨᠠᠷ ᠪᠠ ᠡᠷᠬᠡ ᠰᠦᠷᠲᠦ ᠴᠢᠨᠠᠷ᠎ᠢ ᠴᠢᠬᠤᠯᠠᠴᠢᠯᠠᠳᠠᠭ᠎ᠨᠢ ᠲᠡᠭᠷᠢ ᠵᠢᠨ ᠵᠥᠢ ᠪᠠᠢ᠌ᠪᠠ᠂ ᠡᠨ᠋ᠨ ᠪᠤᠯ ᠬᠤᠪᠢ ᠵᠠᠶᠠᠭ᠎ᠠ ᠬᠡᠯᠳᠡᠢ᠃ ᠳᠤᠮᠳᠠᠳᠤ ᠤᠯᠤᠰ᠎ᠤᠨ ᠡᠷᠲᠡᠨ᠎ᠤ ᠦᠶ᠎ᠡ ᠵᠢᠨ ᠨᠢᠭᠡ ᠵᠦᠢ᠍ᠯ᠎ᠤᠨ ᠲᠦᠷᠦ ᠵᠢᠨ ᠡᠷᠬᠡ ᠵᠢᠨ ᠤᠨᠤᠯ᠎ᠢ 《ᠤᠳᠤᠮᠰᠢᠯᠲᠤ ᠤᠨᠤᠯ》 ᠭᠡᠳᠡᠭ᠂  ᠲᠤᠬᠠᠢ᠌ᠯᠠᠪᠠᠯ 《ᠨᠢᠭᠡᠲᠦᠯ》᠂ 《ᠪᠢᠯᠢᠭ᠎ᠤᠨ ᠲᠤᠭ᠋ᠠᠯᠠᠯ᠎ᠢ ᠬᠡᠷᠡᠭᠵᠢᠬᠦᠯᠬᠦ》᠂ 《ᠳᠤᠮᠳᠠᠳᠤ ᠤᠯᠤᠰ᠎ᠲᠤ ᠨᠤᠳᠤᠭᠰᠢᠬᠤ》᠎ᠪᠠᠷ ᠳᠠᠮᠵᠢᠭᠤᠯᠤᠨ ᠥᠪᠡᠷ᠎ᠤᠨ ᠪᠠᠢ᠌ᠭᠤᠯᠤᠭᠰᠠᠨ ᠲᠦᠷᠦ ᠵᠢᠨ ᠡᠷᠬᠡ ᠵᠢᠨ ᠲᠡᠦᠬᠡ ᠵᠢᠨ ᠲᠡᠰ ᠳᠠᠷᠠᠭ᠋ᠠᠯᠠᠯ ᠪᠣᠯᠤᠨ ᠪᠤᠳᠠᠳᠠᠢ ᠤᠯᠤᠰ ᠲᠦᠷᠦ ᠵᠢᠨ ᠪᠦᠳᠦᠴᠠ᠎ᠳᠠᠬᠢ ᠤᠳᠤᠮᠰᠢᠯᠲᠤ ᠴᠢᠨᠠᠷ ᠵᠶ᠋ᠡᠨ ᠨᠤᠲᠠᠯᠠᠳᠠᠭ᠃ ᠡᠨᠡ᠎ᠨᠢ ᠶᠠᠭ ᠤᠯᠤᠰ ᠲᠥᠷᠥ ᠵᠢᠨ ᠤᠯᠠᠮᠵᠢᠯᠠᠯ᠎ᠳᠠᠬᠢ ᠤᠯᠠᠮᠵᠢᠯᠠᠯ ᠪᠠ ᠦᠷᠭᠦᠯᠵᠢᠯᠡᠯ ᠵᠢᠡᠨ ᠲᠤᠰᠬᠠᠵᠤ ᠪᠣᠢ᠃

      ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠨᠢ ᠰᠣᠶᠣᠯ᠎ᠤᠨ ᠤᠳᠤᠮᠰᠢᠯ᠎ᠤᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠳᠤᠮᠳᠠᠳᠤ ᠤᠯᠤᠰ᠎ᠤᠨ ᠰᠣᠶᠣᠯ᠎ᠤᠨ ᠤᠳᠤᠮᠰᠢᠯ᠎ᠢ ᠳᠡᠭᠡᠭᠰᠢ᠎ᠪᠠᠨ ᠭᠤᠷᠪᠠᠨ ᠦᠶ᠎ᠡ ᠮᠥᠷᠳᠡᠵᠦ ᠪᠣᠯᠤᠨ᠎ᠠ᠂ ᠴᠦᠨ ᠴᠢᠦ ᠪᠠᠢ᠌ᠯᠳᠤᠭ᠋ᠠᠨᠲᠤ ᠤᠯᠤᠰ᠎ᠤᠨ ᠦᠶ᠎ᠡ ᠵᠢᠨ ᠰᠣᠶᠣᠯ᠎ᠤᠨ ᠳᠡᠭᠡᠳᠦ ᠬᠡᠮᠵᠢᠶᠡᠨ᠎ᠤ ᠬᠥᠭᠵᠢᠯᠲᠡ᠎ᠨᠢ ᠳᠤᠮᠳᠠᠳᠤ ᠵᠢᠨ ᠪᠣᠯᠪᠠᠰᠤᠨ᠎ᠤ ᠰᠠᠭᠤᠷᠢ ᠵᠢ ᠤᠯᠠᠮ ᠨᠢᠭᠡ ᠠᠯᠬᠤᠮ ᠪᠡᠬᠢᠵᠢᠬᠦᠯᠪᠠ᠃ ᠳᠡᠷᠨ ᠴᠠᠭ ᠦᠶ᠎ᠡ ᠵᠢᠨ ᠡᠷᠳᠡᠮᠳᠡᠳ᠂ ᠢᠯᠠᠩᠭᠤᠶ᠎ᠠ ᠯᠣᠣᠽᠢ᠂ ᠺᠦᠩᠽᠢ᠂ ᠵᠤᠸᠠᠩᠽᠢ᠂ ᠮᠧᠩᠽᠢ᠂ ᠮᠥᠸᠸᠽᠢ᠂ ᠰᠢᠤᠸᠠᠨᠽᠢ᠂ ᠬᠠᠨᠹᠸᠽᠢ ᠵᠡᠷᠭᠡ ᠪᠣᠳᠣᠯᠭ᠋ᠠᠲᠠᠨ᠎ᠤ ᠳᠤᠷᠠᠳᠤᠭᠰᠠᠨ ᠦᠵᠡᠯ ᠰᠠᠨᠠᠭ᠋ᠠᠨ᠎ᠤ ᠵᠣᠷᠢᠯᠲᠠ ᠪᠠ ᠥᠷᠲᠡᠭ᠎ᠤᠨ ᠦᠵᠡᠯᠲᠡ᠎ᠨᠢ ᠬᠣᠢ᠌ᠴᠢ ᠦᠶ᠎ᠡ ᠵᠢᠨ ᠤᠯᠤᠰ ᠲᠥᠷᠥ ᠵᠢᠨ ᠣᠢ᠌ᠯᠠᠭ᠋ᠠᠭᠳᠠᠬᠤᠨ᠂ ᠨᠡᠢ᠌ᠭᠡᠮ᠎ᠤᠨ ᠶᠣᠰᠣ ᠰᠤᠷᠲᠠᠬᠤᠨ᠂ ᠬᠥᠮᠦᠨ᠎ᠤ ᠠᠮᠢᠳᠤᠷᠠᠯ᠎ᠤᠨ ᠭᠦᠨ ᠤᠬᠠᠭ᠋ᠠᠨ ᠵᠡᠷᠭᠡ᠎ᠳᠤ ᠴᠥᠮ ᠴᠢᠬᠤᠯᠠ ᠶᠡᠬᠡ ᠨᠥᠯᠥᠭᠡ ᠦᠵᠡᠭᠦᠯᠵᠦ᠂ ᠬᠣᠢ᠌ᠴᠢ ᠦᠶ᠎ᠡ ᠵᠢᠨ ᠪᠣᠳᠣᠯᠭ᠋ᠠᠲᠠᠳ᠎ᠤᠨ ᠳᠤᠷᠠᠳᠤᠭᠰᠠᠨ ᠦᠵᠡᠯ ᠰᠠᠨᠠᠭ᠋ᠠᠨ᠎ᠤ ᠵᠣᠷᠢᠯᠲᠠ ᠪᠠ ᠥᠷᠲᠡᠭ᠎ᠤᠨ ᠦᠵᠡᠯᠲᠡ᠎ᠨᠢ ᠪᠦᠷ ᠲᠡᠳᠡᠨ᠎ᠤ ᠦᠵᠡᠯ ᠰᠠᠨᠠᠭ᠋ᠠᠨ᠎ᠤ ᠵᠠᠯᠭ᠋ᠠᠮᠵᠢᠯᠠᠯ ᠪᠠ ᠬᠦᠭᠵᠢᠭᠦᠯᠦᠯ ᠪᠠᠢ᠌ᠵᠤ᠂ ᠦᠷᠭᠦᠯᠵᠢᠯᠡᠭᠰᠡᠨ ᠰᠢᠨᠵᠢ᠎ᠪᠠᠷ ᠢᠯᠡᠷᠬᠡᠢ ᠪᠠᠢ᠌ᠳᠠᠭ᠃

      ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠨᠢ ᠲᠡᠦᠬᠡ ᠰᠤᠳᠤᠷ ᠵᠶ᠋ᠠᠨ ᠦᠷᠭᠦᠯᠵᠢᠯᠡᠭᠦᠯᠦᠨ ᠪᠢᠴᠢᠭᠰᠡᠨ ᠳᠡᠬᠡᠷ᠎ᠠ ᠢᠯᠡᠷᠡᠳᠡᠭ᠃ ᠡᠷᠲᠡᠨ᠎ᠤ ᠪᠣᠯᠪᠠᠰᠤᠨ᠎ᠤ ᠲᠡᠮᠳᠡᠭᠯᠡᠯ᠂ ᠤᠯᠠᠮᠵᠢᠯᠡᠨ ᠳᠠᠮᠵᠢᠭᠤᠯᠬᠤ ᠪᠠ ᠤᠯᠠᠮᠵᠢᠯᠡᠨ  ᠵᠠᠯᠭ᠋ᠠᠮᠵᠢᠯᠠᠭᠰᠠᠨ᠎ᠨᠢ ᠲᠡᠦᠬᠡ ᠵᠢᠨ ᠳᠡᠮᠲᠡᠭᠯᠡᠯ᠎ᠠᠴᠠ ᠰᠠᠯᠵᠤ ᠴᠢᠳᠠᠬᠤ ᠦᠭᠡᠢ ᠶᠤᠮ᠂ ᠳᠤᠮᠳᠠᠳᠤ ᠵᠢᠨ ᠦᠨᠳᠦᠰᠦᠲᠡᠨ ᠡᠷᠲᠡᠨ᠎ᠠᠴᠠ ᠠᠪᠤᠭ᠋ᠠᠳ ᠲᠡᠦᠬᠡ᠎ᠪᠠᠨ ᠲᠡᠮᠳᠡᠭᠯᠡᠬᠦ ᠵᠢ ᠴᠢᠬᠤᠯᠠᠴᠢᠯᠠᠳᠠᠭ ᠤᠳᠤᠮᠰᠢᠯ᠎ᠲᠠᠢ ᠶᠤᠮ᠂ ᠤᠯᠠᠨ ᠠᠷᠪᠢᠨ ᠳᠡᠦᠬᠡ ᠵᠢᠨ ᠨᠤᠮ᠎ᠲᠠᠢ᠂ ᠲᠦᠷᠦᠯ ᠵᠤᠢ᠌ᠯ ᠵᠢᠡᠷ ᠴᠦ᠍ ᠪᠦᠷᠢᠨ ᠳᠡᠬᠦᠯᠳᠡᠷ᠂ ᠬᠦᠦᠷᠨᠢᠯ ᠵᠶ᠋ᠠᠷ ᠤᠷᠠᠨ ᠨᠠᠷᠢᠯᠢᠭ ᠪᠠᠢ᠌ᠳᠠᠭ ᠵᠶ᠋ᠠᠷ ᠵᠶ᠋ᠠᠨ ᠳᠡᠯᠡᠬᠡᠢ᠎ᠳᠤ ᠬᠤᠪᠤᠷᠬᠠᠨ ᠶᠤᠮ᠃ ᠳᠤᠮᠳᠠᠳᠤ ᠵᠢᠨ ᠦᠨᠳᠦᠰᠦᠲᠡᠨ᠎ᠤ ᠲᠡᠦᠬᠡ᠎ᠪᠠᠨ ᠳᠡᠮᠲᠡᠭᠯᠡᠬᠦ ᠵᠢᠨ ᠵᠣᠷᠢᠯᠭ᠎ᠠ ᠪᠣᠯ ᠡᠷᠲᠡᠨ᠎ᠤ᠎ᠬᠢ᠎ᠪᠠᠷ ᠡᠳᠦᠭᠡ ᠵᠢ ᠳᠤᠯᠢᠳᠠᠬᠤ ᠵᠢᠨ ᠲᠥᠯᠥᠭᠡ ᠶᠤᠮ᠃ ᠤᠮᠠᠷᠠᠲᠤ ᠰᠦᠩ ᠤᠯᠤᠰ᠎ᠤᠨ ᠰᠧ ᠮᠠ ᠭᠤᠸᠠᠩ᠎ᠤᠨ 《ᠵᠠᠰᠠᠭ᠎ᠲᠤᠷ ᠲᠤᠰᠠᠯᠠᠬᠤ ᠨᠡᠪᠲᠡᠷᠬᠡᠶ ᠪᠢᠴᠢᠭ》᠎ᠲᠤ ᠪᠠᠢ᠌ᠯᠳᠤᠭ᠋ᠠᠨᠲᠤ ᠤᠯᠤᠰ᠎ᠠᠴᠠ ᠡᠬᠢᠯᠡᠬᠡᠳ ᠲᠠᠪᠤᠨ ᠲᠥᠷᠥ ᠵᠢᠨ ᠦᠶ᠎ᠡ ᠬᠦᠷᠲᠡᠯᠡᠬᠢ ᠨᠡᠢ᠌ᠲᠡ 1362 ᠣᠨ᠎ᠤ ᠬᠣᠭᠣᠷᠣᠨᠳᠣᠬᠢ ᠲᠥᠷᠥ ᠭᠦᠷᠦᠨ᠎ᠢ ᠵᠠᠰᠠᠭᠰᠠᠨ ᠣᠯᠤᠯᠲᠠ ᠪᠠ ᠠᠯᠳᠠᠭᠳᠠᠯ᠎ᠢ ᠪᠢᠴᠢᠵᠦ᠂ ᠲᠤᠬᠠᠶ ᠵᠢᠨ ᠦᠶ᠎ᠡ ᠪᠠ ᠬᠣᠵᠢᠮ᠎ᠤᠨ ᠨᠣᠶᠠᠷᠬᠠᠭᠴᠢᠳ᠎ᠲᠤ ᠡᠷᠬᠢᠮ ᠨᠠᠨᠳᠢᠨ ᠲᠣᠯᠢᠯᠡᠯᠲᠠ ᠬᠠᠩᠭ᠋ᠠᠭᠰᠠᠨ ᠪᠠᠢ᠌ᠳᠠᠭ᠃ ᠲᠡᠦᠬᠡ᠎ᠪᠠᠨ ᠳᠡᠮᠲᠡᠭᠯᠡᠬᠦ ᠵᠢᠨ ᠦᠷᠭᠦᠯᠵᠢᠯᠡᠭᠰᠡᠨ ᠰᠢᠨᠵᠢ ᠪᠣᠯ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ ᠵᠢᠨ ᠬᠠᠮᠤᠭ᠎ᠤᠨ ᠰᠢᠭᠤᠳ ᠪᠥᠭᠡᠳ ᠪᠦᠲᠦᠮᠵᠢᠲᠡᠶ ᠲᠣᠳᠣᠷᠬᠠᠢ᠌ᠯᠠᠯᠲᠠ ᠮᠥᠨ᠃

      ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠨᠢ ᠦᠭᠡ ᠬᠡᠯᠡ ᠦᠰᠦᠭ ᠪᠢᠴᠢᠭ᠎ᠤᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠦᠭᠡ ᠬᠡᠯᠡ ᠦᠰᠦᠭ ᠪᠢᠴᠢᠭ ᠪᠣᠯ ᠪᠣᠯᠪᠠᠰᠤᠨ᠎ᠢ ᠠᠴᠢᠶᠠᠯᠠᠬᠤ ᠪᠠ ᠤᠯᠠᠮᠵᠢᠯᠠᠬᠤ ᠭᠣᠣᠯ ᠵᠠᠭᠤᠴᠢ ᠮᠥᠨ᠂ ᠳᠤᠮᠳᠠᠳᠤ ᠤᠯᠤᠰ᠎ᠤᠨ ᠦᠭᠡ ᠬᠡᠯᠡ ᠦᠰᠦᠭ ᠪᠢᠴᠢᠭ ᠬᠡᠳᠦᠢ᠌ᠪᠡᠷ ᠲᠠᠰᠤᠷᠠᠯᠲᠠ ᠦᠭᠡᠢ ᠬᠥᠭᠵᠢᠨ ᠬᠤᠪᠢᠰᠴᠤ ᠪᠠᠢ᠌ᠭ᠎ᠠ ᠪᠣᠯᠪᠠᠴᠤ ᠴᠢᠨ ᠱ᠌ᠢ ᠬᠤᠸᠠᠩ ᠳᠤᠮᠳᠠᠳᠤ ᠤᠯᠤᠰ᠎ᠢ ᠨᠢᠭᠡᠳᠬᠡᠵᠦ᠂ 《ᠪᠢᠴᠢᠭ ᠦᠰᠦᠭ ᠨᠢᠬᠡᠳᠦᠯᠳᠠᠢ᠂ ᠳᠡᠷᠬᠡᠨ᠎ᠤ ᠵᠠᠮ ᠨᠢᠬᠡᠳᠦᠯᠳᠠᠢ᠂ ᠬᠡᠮ ᠬᠡᠮᠵᠢᠬᠦᠷ ᠨᠢᠬᠡᠳᠦᠯᠳᠠᠢ᠂ ᠦᠢ᠍ᠯᠡ ᠠᠵᠢᠯᠯᠠᠭ᠎ᠠ ᠨᠢᠬᠡᠳᠦᠯᠳᠠᠢ》 ᠭᠡᠬᠦ ᠶᠡᠬᠡ ᠨᠢᠭᠡᠳᠦᠯ᠎ᠤᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠪᠦᠬᠦ ᠤᠯᠤᠰ᠎ᠤᠨ ᠬᠡᠪᠴᠢᠶᠡᠨ᠎ᠳᠤ ᠳᠤᠮᠳᠠᠳᠤ ᠣᠷᠣᠨ ᠵᠶ᠋ᠠᠷ ᠭᠣᠣᠯ ᠪᠣᠯᠭ᠋ᠠᠭᠰᠠᠨ ᠦᠭᠡ ᠬᠡᠯᠡ ᠦᠰᠦᠭ ᠪᠢᠴᠢᠭ᠎ᠤᠨ ᠰᠢᠰᠲ᠋ᠧᠮ ᠪᠠᠢ᠌ᠭᠤᠯᠤᠭᠳᠠᠨ ᠦᠷᠭᠦᠯᠵᠢᠯᠡᠭᠡᠳ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠤᠯᠵᠤ ᠥᠨᠥᠳᠦᠷ ᠪᠣᠯᠲᠠᠯ᠎ᠠ ᠬᠡᠷᠡᠭᠯᠡᠭᠳᠡᠭᠰᠡᠬᠡᠷ ᠪᠠᠢ᠌ᠨ᠎ᠠ᠃ ᠲᠡᠦᠬᠡ᠎ᠪᠠᠨ ᠲᠡᠮᠳᠡᠭᠯᠡᠬᠦ ᠵᠢ ᠦᠷᠭᠦᠯᠵᠢᠯᠡᠭᠦᠯᠦᠭᠰᠡᠨ ᠰᠢᠨᠵᠢ᠎ᠲᠠᠢ ᠠᠳᠠᠯᠢ᠎ᠪᠠᠷ ᠦᠭᠡ ᠬᠡᠯᠡ ᠦᠰᠦᠭ ᠪᠢᠴᠢᠭ᠎ᠤᠨ ᠦᠷᠭᠦᠯᠵᠢᠯᠡᠭᠰᠡᠨ ᠰᠢᠨᠵᠢ᠎ᠨᠢ ᠴᠦ᠍ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ ᠵᠢᠨ ᠠᠮᠢᠳᠤᠯᠢᠭ ᠢᠯᠡᠷᠡᠯ ᠮᠥᠨ᠃

W020230818361493008334.png     

      ᠬᠢᠲᠠᠳ ᠤᠢ᠍ᠰᠦᠭ᠎ᠲᠤ ᠳᠤᠮᠳᠠᠳᠤ ᠵᠢᠨ ᠦᠨᠳᠦᠰᠦᠲᠡᠨ᠎ᠤ ᠤᠶᠦᠠ ᠰᠠᠨᠠᠭ᠋ᠠᠨ᠎ᠤ ᠴᠤᠬ ᠵᠢᠪᠬᠤᠭ᠎ᠠ ᠬᠠᠳᠠᠭ᠋ᠠᠯᠠᠭᠳᠠᠵᠤ᠂ ᠳᠤᠮᠳᠠᠳᠤ ᠵᠢᠨ ᠬᠥᠮᠦᠨ᠎ᠳᠤ ᠯᠠ ᠣᠨᠴᠠᠭ᠋ᠠᠢ ᠪᠠᠢ᠌ᠳᠠᠭ ᠬᠦᠮᠦᠨᠴᠢ ᠴᠢᠨᠠᠷ᠎ᠤᠨ ᠬᠡᠪ ᠨᠠᠮᠪᠠ ᠪᠠ ᠵᠠᠩ ᠠᠭ᠋ᠠᠯᠢ ᠳᠤᠷ᠎ᠠ ᠰᠣᠨᠢᠷᠬᠠᠯ᠎ᠢ ᠢᠯᠡᠳᠬᠡᠳᠡᠭ᠃ ᠦᠭᠡ ᠬᠡᠯᠡ ᠦᠰᠦᠭ ᠪᠢᠴᠢᠭ᠎ᠤᠨ ᠨᠢᠭᠡᠳᠦᠯ ᠪᠠ ᠤᠯᠠᠮᠵᠢᠯᠠᠯ ᠪᠣᠯ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ ᠵᠢᠨ ᠴᠢᠬᠤᠯᠠ ᠪᠠᠲᠤᠯᠠᠭ᠎ᠠ ᠮᠥᠨ᠃



              ᠣᠷᠴᠢᠭᠤᠯᠤᠭᠴᠢ᠄ ᠣᠶᠤᠨᠰᠡᠴᠡᠨ
              ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
              ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ 

ᠢᠷᠡᠯᠲᠡ᠄ ᠲᠤᠮᠳᠠᠳᠤ ᠵᠢ ᠥᠭᠦᠯᠡᠬᠦᠢ