ᠳᠤᠮᠳᠠᠳᠤ ᠵᠢ ᠦᠬᠦᠯᠡᠬᠦᠢ (ᠰᠤᠷᠪᠤᠯᠵᠢᠯᠠᠭᠴᠢ)᠄ ᠳᠤᠮᠳᠠᠳᠤ ᠵᠢᠨ ᠪᠣᠯᠪᠠᠰᠤᠨ᠎ᠨᠢ ᠲᠡᠭᠦᠨ᠎ᠤ ᠦᠷᠭᠦᠯᠵᠢᠯᠡᠭᠰᠡᠨ ᠰᠢᠨᠵᠢ᠎ᠪᠠᠨ ᠪᠠᠳᠤᠯᠠᠬᠤ ᠵᠢᠨ ᠲᠠᠭ᠋ᠠᠤ ᠶᠠᠪᠤᠬᠤ ᠳᠤᠳᠤᠮ ᠰᠢᠨᠡᠳᠴᠦ ᠴᠢᠳᠠᠳᠠᠭ᠎ᠤᠨ ᠰᠢᠯᠲᠠᠭ᠋ᠠᠨ᠎ᠨᠢ ᠶᠠᠭᠤ ᠪᠤᠢ?
ᠵᠧᠩ ᠳ᠋ᠡ ᠬᠤᠸᠠ᠄ ᠡᠩ ᠲᠡᠷᠢᠭᠦᠨ᠎ᠳᠤ᠂ ᠳᠤᠮᠳᠠᠳᠤ ᠵᠢᠨ ᠦᠨᠳᠦᠰᠦᠲᠡᠨ᠎ᠤ 《ᠣᠯᠠᠨ ᠡᠰᠢᠲᠦ ᠨᠢᠭᠡ ᠴᠤᠭᠴᠨ》 ᠵᠢᠨ ᠪᠠᠢ᠌ᠷᠢᠰᠢᠯ᠎ᠲᠠᠢ ᠬᠣᠯᠪᠣᠭ᠎ᠠ᠎ᠲᠠᠢ ᠶᠤᠮ᠃ ᠳᠤᠮᠳᠠᠳᠤ ᠤᠯᠤᠰ ᠪᠣᠯ ᠡᠷᠲᠡᠨ᠎ᠠᠴᠠ᠎ᠪᠠᠨ ᠠᠪᠤᠭ᠋ᠠᠳ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ ᠪᠤᠯᠤᠨ᠎ᠠ᠃ ᠬᠡᠳᠦᠢ᠌ᠪᠡᠷ 20 ᠳ᠋ᠤᠭ᠋ᠠᠷ ᠵᠠᠭᠤᠨ᠎ᠠᠴᠠ ᠡᠮᠦᠨ᠎ᠡ᠂ ᠳᠤᠮᠳᠠᠳᠤ ᠵᠢᠨ ᠦᠨᠳᠦᠰᠦᠲᠡᠨ᠎ᠨᠢ ᠨᠢᠭᠡᠨ 《ᠡᠷᠬᠡ ᠴᠢᠯᠦᠭᠡᠲᠡᠢ》 ᠦᠨᠳᠦᠰᠦᠲᠡᠨ ᠪᠠᠢ᠌ᠵᠤ᠂ 《ᠳᠤᠮᠳᠠᠳᠤ ᠵᠢᠨ ᠦᠨᠳᠦᠰᠦᠲᠡᠨ》 ᠭᠡᠬᠦ ᠤᠬᠠᠭᠳᠠᠬᠤᠨ᠎ᠢ ᠪᠦᠷᠢᠯᠳᠦᠭᠦᠯᠦᠭᠰᠡᠨ ᠦᠭᠡᠢ ᠪᠣᠯᠪᠠᠴᠤ ᠡᠷᠲᠡᠨ᠎ᠠᠴᠠ ᠠᠪᠤᠭ᠋ᠠᠳ ᠬᠢᠲᠠᠳ ᠦᠨᠳᠦᠰᠦᠲᠡᠨ ᠭᠡᠰᠡᠨ ᠦᠭᠡᠢ᠂ ᠴᠥᠭᠡᠨ ᠲᠣᠭ᠋ᠠᠲᠤ ᠦᠨᠳᠦᠰᠦᠲᠡᠨ ᠭᠡᠰᠡᠨ ᠦᠭᠡᠢ ᠴᠥᠮ ᠥᠪᠡᠷ᠎ᠢ᠎ᠪᠠᠨ ᠳᠤᠮᠳᠠᠳᠤ ᠤᠯᠤᠰ᠎ᠤᠨ ᠬᠥᠮᠥᠨ ᠭᠡᠵᠦ ᠦᠵᠡᠵᠦ᠂ ᠲᠡᠳᠡᠭᠡᠷ᠎ᠤᠨ ᠪᠠᠢ᠌ᠭᠤᠯᠤᠭᠰᠠᠨ ᠲᠦᠷᠦ ᠪᠠ ᠲᠦᠷᠦ ᠵᠢᠨ ᠡᠷᠬᠡ᠎ᠨᠢ ᠴᠥᠮ ᠳᠤᠮᠳᠠᠳᠤ ᠤᠯᠤᠰ᠎ᠤᠨ ᠲᠦᠷᠦ ᠪᠠ ᠲᠦᠷᠦ ᠵᠢᠨ ᠡᠷᠬᠡ ᠪᠣᠯᠬᠤ ᠶᠤᠮ᠃
ᠡᠮᠦᠨᠡᠲᠦ ᠤᠮᠠᠷᠠᠲᠤ ᠲᠥᠷᠥ ᠵᠢᠨ ᠦᠶ᠎ᠡ᠎ᠳᠤ ᠨᠢᠭᠡᠨ ᠰᠣᠨᠢᠷᠬᠠᠯᠲᠠᠢ ᠦᠵᠡᠭᠳᠡᠯ ᠭᠠᠷᠴᠤ ᠥᠩᠭᠡᠷᠡᠵᠡᠢ᠄ ᠤᠮᠠᠷᠠᠲᠤ ᠲᠥᠷᠥ ᠵᠢᠨ ᠴᠥᠭᠡᠨ ᠲᠣᠭ᠋ᠠᠲᠤ ᠦᠨᠳᠦᠰᠦᠲᠡᠨ᠎ᠤ ᠲᠥᠷᠥ᠎ᠨᠢ ᠥᠪᠡᠷ᠎ᠢ᠎ᠪᠠᠨ 《ᠳᠤᠮᠳᠠᠳᠤ ᠤᠯᠤᠰ》 ᠭᠡᠮᠡᠨ ᠨᠡᠷᠡᠯᠡᠵᠦ᠂ ᠡᠮᠦᠨᠡᠲᠦ ᠲᠥᠷᠥ ᠵᠢᠨ ᠬᠢᠲᠠᠳ ᠦᠨᠳᠦᠰᠦᠲᠡᠨ᠎ᠤ ᠲᠥᠷᠥ᠎ᠨᠢ ᠥᠪᠡᠷ᠎ᠢ᠎ᠪᠠᠨ 《ᠳ᠋ᠣᠣ ᠢ》 ᠭᠡᠵᠦ ᠨᠡᠷᠡᠯᠡᠵᠦ᠂ ᠡᠮᠦᠨᠡᠲᠦ ᠲᠥᠷᠥ ᠵᠢᠨ ᠬᠢᠲᠠᠳ ᠦᠨᠳᠦᠰᠦᠲᠡᠨ᠎ᠤ ᠲᠥᠷᠥ᠎ᠨᠢ ᠥᠪᠡᠷ᠎ᠢ᠎ᠪᠠᠨ ᠪᠠᠰᠠ ᠠᠳᠠᠯᠢᠬᠠᠨ 《ᠳᠤᠮᠳᠠᠳᠤ ᠤᠯᠤᠰ》 ᠭᠡᠵᠦ᠂ ᠤᠮᠠᠷᠠᠲᠤ ᠲᠥᠷᠥ ᠵᠢᠨ ᠴᠥᠭᠡᠨ ᠲᠣᠭ᠋ᠠᠲᠤ ᠦᠨᠳᠦᠰᠦᠲᠡᠨ᠎ᠤ ᠲᠦᠷᠦ ᠥᠪᠡᠷ᠎ᠢ᠎ᠪᠠᠨ 《ᠰᠦᠸᠸ ᠯᠤ᠌》 ᠭᠡᠵᠦ ᠪᠠᠢ᠌ᠪᠠ᠃ ᠬᠢᠲᠠᠳ ᠦᠨᠳᠦᠰᠦᠲᠡᠨ ᠪᠠ ᠴᠥᠭᠡᠨ ᠲᠣᠭ᠋ᠠᠲᠤ ᠦᠨᠳᠦᠰᠦᠲᠡᠨ ᠴᠥᠮ ᠥᠪᠡᠷ᠎ᠢ᠎ᠪᠠᠨ ᠳᠤᠮᠳᠠᠳᠤ ᠤᠯᠤᠰ᠎ᠤᠨ ᠬᠥᠮᠥᠨ ᠭᠡᠵᠦ ᠦᠵᠡᠳᠡᠭ ᠤᠴᠢᠷ᠎ᠠᠴᠠ ᠲᠡᠳᠡ ᠲᠦᠷᠦ ᠪᠠ ᠲᠥᠷᠥ ᠵᠢᠨ ᠡᠷᠬᠡ ᠵᠢ ᠪᠠᠶ᠋ᠢᠭᠤᠯᠬᠤ ᠶᠠᠪᠤᠴᠠ᠎ᠳᠤ᠎ᠪᠠᠨ ᠠᠰᠲᠠᠭ᠋ᠠᠨ ᠲᠤᠯᠭ᠎ᠠ ᠪᠣᠰᠬᠠᠵᠤ᠂ ᠥᠭᠡᠷ᠎ᠡ ᠨᠢᠭᠡ ᠵᠦᠢ᠍ᠯ᠎ᠤᠨ ᠶᠠᠭᠤᠮ᠎ᠠ ᠵᠢ ᠬᠢᠬᠦ ᠪᠢᠰᠢ᠂ ᠬᠠᠷᠢᠨ ᠡᠮᠦᠨᠡᠬᠢ ᠲᠦᠷᠦ ᠵᠢᠨ ᠪᠠᠢ᠌ᠭᠤᠯᠤᠯ᠎ᠢ ᠵᠠᠯᠭ᠋ᠠᠮᠵᠢᠯᠠᠭᠰᠠᠨ ᠰᠠᠭᠤᠷᠢᠨ ᠳᠡᠭᠡᠷ᠎ᠡ ᠰᠢᠨᠡᠴᠢᠯᠡᠯᠲᠡ ᠬᠢᠳᠡᠭ ᠪᠠᠢ᠌ᠨ᠎ᠠ᠃ ᠡᠨᠡ᠎ᠨᠢ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠲᠠᠢ ᠬᠥᠭᠵᠢᠯᠲᠡ᠎ᠳᠤ ᠪᠠᠲᠤᠯᠠᠭ᠎ᠠ ᠬᠠᠩᠭ᠋ᠠᠭᠰᠠᠨ ᠶᠤᠮ᠃
ᠲᠠᠷᠠᠭ᠋ᠠᠯᠠᠪᠠᠯ᠂ 《ᠶᠡᠬᠡ ᠨᠢᠭᠡᠳᠦᠯ》᠎ᠤᠨ ᠤᠯᠤᠰ ᠲᠦᠷᠦ ᠵᠢᠨ ᠣᠢ᠌ᠯᠠᠭ᠋ᠠᠭᠳᠠᠬᠤᠨ ᠵᠢᠴᠢ ᠲᠡᠭᠦᠨ᠎ᠤ ᠦᠢ᠍ᠯᠡᠳᠦᠯᠭᠡ᠎ᠲᠠᠢ ᠬᠣᠯᠪᠣᠭ᠎ᠠ᠎ᠲᠠᠢ ᠶᠤᠮ᠃ ᠳᠤᠮᠳᠠᠳᠤ ᠵᠢᠨ ᠪᠣᠯᠪᠠᠰᠤᠨ ᠲᠡᠭᠦᠨ᠎ᠤ ᠦᠷᠭᠦᠯᠵᠢᠯᠡᠭᠰᠡᠨ ᠰᠢᠨᠵᠢ᠎ᠪᠠᠨ ᠪᠠᠳᠤᠯᠠᠬᠤ ᠵᠢᠨ ᠲᠠᠭ᠋ᠠᠤ ᠶᠠᠪᠤᠬᠤ ᠲᠤᠳᠤᠮ ᠰᠢᠨᠡᠳᠴᠦ ᠴᠢᠳᠠᠭᠰᠠᠨ᠎ᠤ ᠤᠴᠢᠷ᠎ᠨᠢ 《ᠶᠡᠬᠡ ᠨᠢᠭᠡᠳᠦᠯ》᠎ᠤᠨ ᠤᠯᠤᠰ ᠲᠦᠷᠦ ᠵᠢᠨ ᠣᠢ᠌ᠯᠠᠭ᠋ᠠᠭᠳᠠᠬᠤᠨ ᠵᠢᠴᠢ ᠲᠡᠭᠦᠨ᠎ᠤ ᠦᠢ᠍ᠯᠡᠳᠦᠯᠭᠡ᠎ᠨᠢ ᠲᠤᠢ᠌ᠯ᠎ᠤᠨ ᠴᠢᠬᠤᠯᠠ ᠦᠢ᠍ᠯᠡᠳᠦᠯ ᠦᠵᠡᠭᠦᠯᠦᠭᠰᠡᠨ ᠶᠤᠮ᠃
ᠠᠯᠢ ᠡᠷᠲᠡ ᠡᠮᠦᠨᠡᠲᠦ ᠴᠢᠨᠤ ᠦᠶ᠎ᠡ᠎ᠳᠤ 《ᠶᠡᠬᠡ ᠨᠢᠭᠡᠳᠦᠯ》᠎ᠤᠨ ᠦᠵᠡᠯ ᠰᠠᠨᠠᠭ᠎ᠠ ᠨᠢᠭᠡᠨᠲᠡ ᠪᠤᠶ ᠪᠣᠯᠵᠠᠢ᠃ ᠴᠢᠨ ᠤᠯᠤᠰ ᠬᠠᠨ ᠤᠯᠤᠰ᠎ᠤᠨ ᠦᠶ᠎ᠡ᠎ᠳᠤ 《ᠶᠡᠬᠡ ᠨᠢᠭᠡᠳᠦᠯ》᠎ᠤᠨ ᠦᠵᠡᠯ ᠰᠠᠨᠠᠭ᠎ᠠ᠎ᠨᠢ ᠤᠯᠤᠰ ᠲᠦᠷᠦ ᠵᠢᠨ ᠣᠢ᠌ᠯᠠᠭ᠋ᠠᠭᠳᠠᠬᠤᠨᠠᠴᠠᠪᠠᠨ ᠤᠯᠤᠰ ᠲᠦᠷᠦ ᠵᠢᠨ ᠦᠢ᠍ᠯᠡᠳᠦᠯᠭᠡ ᠪᠣᠯᠣᠨ ᠬᠤᠪᠢᠷᠠᠪᠠ᠃ ᠴᠢᠨ ᠱ᠌ᠢ ᠬᠤᠸᠠᠩ ᠬᠤᠪᠢᠶᠠᠨ ᠡᠷᠭᠦᠮᠵᠢᠯᠡᠬᠦ᠎ᠪᠠᠨ ᠪᠣᠯᠢᠵᠤ ᠵᠢᠶᠦ᠋ᠨ ᠰᠢᠶᠠᠨ᠎ᠤ ᠲᠦᠷᠢᠮ᠎ᠢ ᠭᠡᠷᠡᠭᠵᠢᠬᠦᠯᠵᠦ᠂ 《ᠵᠠᠮ᠎ᠢ ᠨᠢᠭᠡᠳᠬᠡᠬᠦ᠂ ᠦᠰᠦᠭ ᠪᠢᠴᠢᠭ᠎ᠢ ᠨᠢᠭᠡᠳᠬᠡᠬᠦ᠂ ᠬᠡᠮ ᠬᠡᠮᠵᠢᠶ᠎ᠡ ᠵᠢ ᠨᠢᠭᠡᠳᠬᠡᠬᠦ᠂ ᠰᠤᠷᠭ᠋ᠠᠯ᠎ᠢ ᠨᠢᠭᠡᠳᠬᠡᠬᠦ》 ᠭᠡᠬᠦ 《ᠶᠡᠬᠡ ᠨᠢᠭᠡᠳᠦᠯ》᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠡᠢ᠃ ᠬᠠᠨ ᠦ᠋ ᠳ᠋ᠢ ᠬᠠᠭ᠋ᠠᠨ ᠳ᠋ᠦᠩ ᠵᠥᠩ ᠱᠤ᠌ ᠵᠢᠨ ᠰᠠᠨᠠᠭᠤᠯᠭ᠎ᠠ ᠵᠢ ᠬᠦᠯᠢᠶᠡᠨ ᠠᠪᠴᠤ᠂ 《ᠵᠠᠭᠤᠨ ᠮᠡᠷᠭᠡᠳ᠎ᠢ ᠭᠠᠳᠠᠭᠤᠷᠬᠠᠨ ᠲᠡᠪᠴᠢᠵᠦ᠂ ᠵᠦᠪᠭᠡᠨ ᠺᠦᠩᠽᠢ ᠵᠢᠨ ᠰᠤᠷᠭ᠋ᠠᠯᠳᠤᠷ ᠰᠢᠳᠦᠬᠦ》 ᠦᠵᠡᠯ ᠰᠠᠨᠠᠭ᠎ᠠ ᠵᠢ ᠨᠢᠭᠡᠳᠬᠡᠵᠡᠢ᠃ ᠲᠡᠭᠦᠨ᠎ᠠᠴᠠ ᠬᠣᠢ᠌ᠰᠢ᠂ 《ᠶᠡᠬᠡ ᠨᠢᠭᠡᠳᠦᠯ》᠎ᠤᠨ ᠦᠵᠡᠯ ᠰᠠᠨᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠭᠴᠨ ᠵᠢᠨ ᠪᠠᠢ᠌ᠷᠢᠰᠢᠯ᠎ᠤᠨ ᠠᠬᠢᠴᠠ ᠵᠢᠨ ᠲᠤᠮᠳᠠ ᠦᠷᠭᠦᠯᠵᠢᠯᠡᠨ ᠬᠦᠭᠵᠢᠭᠰᠡᠨ ᠪᠠᠢ᠌ᠨ᠎ᠠ᠃
《ᠶᠡᠬᠡ ᠨᠢᠭᠡᠳᠦᠯ》᠎ᠤᠨ ᠣᠢ᠌ᠯᠠᠭ᠋ᠠᠭᠳᠠᠬᠤᠨ᠎ᠤ ᠠᠭᠤᠯᠤᠭᠳᠠᠬᠤᠨ ᠪᠣᠯ 《ᠲᠦᠷᠦ ᠵᠢᠨ ᠲᠠᠯᠪᠠᠭ᠎ᠠ ᠬᠠᠮᠢᠭ᠋ᠠᠰᠢ᠎ᠪᠠᠨ ᠪᠤᠯ᠂ ᠲᠦᠮᠡᠨ᠎ᠤ ᠰᠡᠳᠬᠢᠯ ᠲᠡᠢ᠌ᠰᠢ᠎ᠪᠠᠨ》 ᠭᠡᠬᠦ ᠨᠢᠭᠡᠳᠦᠭᠰᠡᠨ ᠵᠠᠰᠠᠭ᠎ᠤᠨ ᠡᠷᠬᠡ ᠵᠢ ᠪᠠᠢ᠌ᠭᠤᠯᠵᠤ᠂ ᠡᠴᠦᠰ᠎ᠲᠤ᠎ᠪᠠᠨ 《ᠳᠡᠯᠡᠬᠡᠢ ᠳ᠋ᠠᠬᠢᠨ᠎ᠤ ᠶᠡᠬᠡ ᠨᠢᠭᠡᠳᠦᠯ》᠎ᠤᠨ ᠬᠥᠮᠥᠨ ᠲᠥᠷᠥᠯᠬᠢᠲᠡᠨ᠎ᠤ ᠬᠦᠰᠡᠯᠡᠩ᠎ᠢ ᠪᠡᠶᠡᠯᠡᠭᠦᠯᠬᠦ ᠶᠠᠪᠤᠳᠠᠯ ᠪᠣᠯᠣᠨ᠎ᠠ᠃ ᠪᠣᠳᠠᠲᠠᠢ᠎ᠪᠠᠷ ᠬᠡᠯᠡᠪᠡᠯ ᠡᠷᠬᠡ ᠵᠢ ᠲᠥᠪᠯᠡᠷᠡᠭᠦᠯᠬᠦ ᠲᠥᠷᠥ ᠵᠢᠨ ᠡᠷᠬᠡ᠎ᠪᠠᠷ ᠭᠣᠣᠯ ᠪᠣᠯᠭ᠋ᠠᠭᠰᠠᠨ ᠤᠯᠤᠰ ᠲᠥᠷᠥ ᠵᠢᠨ ᠨᠢᠭᠡᠳᠦᠯ᠂ 《ᠲᠡᠭᠷᠢ ᠵᠢᠨ ᠳᠣᠣᠷᠠᠬᠢ ᠪᠣᠯ ᠬᠠᠭ᠋ᠠᠨ᠎ᠤ ᠨᠤᠲᠤᠭ ᠳᠡᠪᠢᠰᠬᠡᠷ》 ᠵᠶ᠋ᠠᠷ ᠬᠠᠷᠠᠯᠲᠠ ᠪᠣᠯᠭ᠋ᠠᠭᠰᠠᠨ ᠬᠢᠯᠢ ᠬᠢᠵᠠᠭ᠋ᠠᠷ᠎ᠤᠨ ᠨᠢᠭᠡᠲᠦᠯ᠂ 《ᠳᠤᠮᠳᠠᠳᠤ ᠪᠠ ᠬᠠᠷᠢ ᠵᠢᠨ᠎ᠬᠢᠨ ᠨᠢᠭᠡ ᠭᠡᠷ ᠪᠦᠯᠢ》 ᠭᠡᠬᠦ ᠬᠦᠭᠡᠭᠡᠴᠡᠯᠳᠦᠯ᠎ᠲᠠᠢ ᠦᠨᠳᠦᠰᠦᠲᠡᠨ᠎ᠤ ᠨᠢᠭᠡᠳᠦᠯ᠂ 《ᠭᠠᠭᠴᠠ ᠬᠦ᠌ ᠺᠦᠩᠽᠢ ᠵᠢᠨ ᠰᠤᠷᠭ᠋ᠠᠯ᠎ᠢ ᠰᠢᠳᠦᠬᠦ》᠎ᠪᠠᠷ ᠵᠣᠷᠢᠯᠲᠠ ᠪᠣᠯᠭ᠋ᠠᠵᠤ ᠦᠵᠡᠯ ᠰᠠᠨᠠᠭ᠋ᠠᠨ᠎ᠤ ᠨᠢᠭᠡᠲᠦᠯᠢ ᠪᠠᠭᠲᠠᠭ᠋ᠠᠵᠠᠢ᠃ ᠡᠳᠡᠭᠡᠷ ᠪᠠᠷᠢᠮᠲᠠᠯᠠᠯ᠎ᠨᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠳᠤᠷᠠᠰᠤᠮᠵᠢ᠎ᠳᠤ ᠭᠦᠨ ᠰᠠᠭᠤᠭᠳᠠᠭᠰᠠᠨ ᠵᠶ᠋ᠠᠷ ᠪᠠᠷᠠᠬᠤ ᠦᠭᠡᠢ ᠪᠠᠰᠠ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠴᠢᠨᠠᠷᠲᠠᠢ ᠬᠥᠭᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠵᠢ ᠬᠠᠩᠭ᠋ᠠᠭᠰᠠᠨ ᠪᠠᠢ᠌ᠨ᠎ᠠ᠃
ᠬᠠᠮᠤᠭ᠎ᠤᠨ ᠰᠡᠭᠦᠯ᠎ᠳᠤ᠎ᠨᠢ᠂ ᠳᠤᠮᠳᠠᠳᠤ ᠵᠢᠨ ᠪᠣᠯᠪᠠᠰᠤᠨ᠎ᠤ ᠰᠢᠨ᠎ᠡ ᠵᠢ ᠡᠭᠦᠳᠬᠦ ᠰᠢᠨᠵᠢ᠂ ᠪᠠᠭᠲᠠᠭ᠋ᠠᠮᠵᠢᠲᠤ ᠰᠢᠨᠵᠢ ᠪᠠ ᠡᠩᠬᠡ ᠲᠠᠢ᠌ᠪᠤᠩ ᠰᠢᠨᠵᠢ᠎ᠲᠠᠢ ᠬᠣᠯᠪᠣᠭ᠎ᠠ᠎ᠲᠠᠢ ᠶᠤᠮ᠃ ᠳᠤᠮᠳᠠᠳᠤ ᠵᠢᠨ ᠪᠣᠯᠪᠠᠰᠤᠨ ᠪᠣᠯ ᠥᠨᠢ ᠤᠳᠠᠭ᠋ᠠᠨ ᠲᠡᠦᠬᠡ᠎ᠲᠠᠢ ᠪᠥᠭᠡᠳ ᠡᠬᠦᠷᠢᠳᠡ ᠰᠢᠨ᠎ᠡ ᠵᠢ ᠡᠬᠦᠳᠳᠡᠭ᠂ ᠰᠢᠨ᠎ᠡ ᠵᠢ ᠡᠭᠦᠳᠬᠦ᠎ᠨᠢ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠬᠥᠭᠵᠢᠯᠲᠡ᠎ᠳᠤ ᠳᠠᠭᠤᠰᠤᠰᠢ ᠦᠭᠡᠢ ᠬᠥᠳᠡᠯᠭᠡᠬᠦ ᠬᠦᠴᠦᠨ᠎ᠢ ᠬᠠᠩᠭ᠋ᠠᠵᠠᠢ᠃ ᠴᠢᠨ ᠤᠯᠤᠰ᠎ᠤᠨ ᠳᠤᠮᠳᠠᠳᠤ ᠤᠯᠤᠰ᠎ᠢ ᠨᠢᠭᠡᠳᠬᠡᠭᠰᠡᠨᠤ ᠳᠠᠷᠠᠭ᠋ᠠᠬᠢ ᠤᠯᠤᠰ᠎ᠤᠨ ᠵᠠᠰᠠᠯᠲᠠ ᠵᠢᠨ ᠰᠢᠰᠲ᠋ᠧᠮ᠎ᠤᠨ ᠬᠤᠪᠢᠷᠠᠯᠲᠠ᠎ᠪᠠᠷ ᠵᠢᠱ᠌ᠢᠶᠡᠯᠡᠪᠡᠯ᠂ ᠨᠣᠶᠠᠨ ᠰᠣᠩᠭᠣᠬᠤ ᠳᠦᠷᠢᠮ᠎ᠨᠢ ᠬᠣᠶᠠᠷ ᠬᠠᠨ ᠤᠯᠤᠰ᠎ᠤᠨ ᠪᠠᠢ᠌ᠴᠠᠭ᠋ᠠᠨ ᠳᠡᠪᠰᠢᠭᠦᠯᠬᠦ ᠳᠦᠷᠢᠮ᠎ᠠᠴᠠ ᠸᠧᠢ ᠤᠯᠤᠰ ᠵᠢᠨ ᠤᠯᠤᠰ᠎ᠤᠨ ᠶᠢᠰᠦᠨ ᠳᠡᠰ ᠵᠶ᠋ᠠᠷ ᠲᠥᠪ ᠪᠣᠯᠭ᠋ᠠᠬᠤ ᠳᠦᠷᠢᠮ᠂ ᠳᠠᠬᠢᠭ᠋ᠠᠳ ᠰᠦᠢ ᠤᠯᠤᠰ ᠲᠠᠩ ᠤᠯᠤᠰ᠎ᠠᠴᠠ ᠰᠡᠭᠦᠯᠡᠷᠬᠢ ᠰᠢᠯᠭ᠋ᠠᠭᠤᠯᠢ ᠵᠢᠨ ᠳᠦᠷᠢᠮ᠎ᠤᠨ ᠬᠤᠪᠢᠷᠠᠯᠲᠠ ᠵᠢ ᠥᠩᠭᠡᠷᠡᠭᠡᠭᠰᠡᠨ ᠪᠠᠢ᠌ᠨ᠎ᠠ᠂ ᠲᠥᠪ᠎ᠤᠨ ᠨᠣᠶᠠᠳ᠎ᠤᠨ ᠳᠦᠷᠢᠮ᠎ᠨᠢ ᠪᠠᠰᠠ ᠴᠢᠨ ᠤᠯᠤᠰ ᠬᠠᠨ ᠤᠯᠤᠰ᠎ᠤᠨ ᠭᠤᠷᠪᠠᠨ ᠭᠦᠩ ᠶᠢᠰᠦᠨ ᠰᠠᠢ᠌ᠳ᠎ᠤᠨ ᠳᠦᠷᠢᠮ᠎ᠠᠴᠠ ᠲᠠᠩ ᠤᠯᠤᠰ ᠰᠦᠩ ᠤᠯᠤᠰ᠎ᠤᠨ ᠭᠤᠷᠪᠠᠨ ᠮᠤᠵᠢ ᠵᠢᠷᠭᠤᠭ᠋ᠠᠨ ᠶᠠᠮᠤᠨ᠎ᠤ ᠳᠦᠷᠢᠮ ᠬᠦᠷᠲᠡᠯ᠎ᠡ᠂ ᠳᠠᠬᠢᠭ᠋ᠠᠳ ᠮᠢᠩ ᠤᠯᠤᠰ ᠴᠢᠩ ᠤᠯᠤᠰ᠎ᠤᠨ ᠰᠠᠢ᠌ᠳ ᠨᠠᠷ᠎ᠤᠨ ᠵᠥᠪᠯᠡᠯ᠎ᠤᠨ ᠳᠦᠷᠢᠮ ᠪᠣᠯᠣᠨ ᠴᠡᠷᠢᠭ᠎ᠤᠨ ᠶᠠᠪᠤᠳᠠᠯ᠎ᠤᠨ ᠭᠠᠵᠠᠷ᠎ᠤᠨ ᠬᠤᠪᠢᠷᠠᠯᠲᠠ ᠬᠦᠷᠲᠡᠯ᠎ᠡ ᠁ᠡᠳᠡᠭᠡᠷ ᠬᠤᠪᠢᠷᠠᠯᠲᠠ᠎ᠨᠢ ᠴᠥᠮ ᠤᠯᠤᠰ᠎ᠤᠨ ᠵᠠᠰᠠᠯᠲᠠ ᠵᠢᠨ ᠰᠢᠰᠲ᠋ᠧᠮ᠎ᠤᠨ ᠴᠢᠬᠤᠯᠠ ᠶᠡᠬᠡ ᠰᠢᠨ᠎ᠡ ᠡᠭᠦᠳᠦᠯᠲᠡ ᠪᠠᠢ᠌ᠵᠤ᠂ ᠳᠤᠮᠳᠠᠳᠤ ᠵᠢᠨ ᠪᠣᠯᠪᠠᠰᠤᠨ᠎ᠤ 《ᠬᠤᠪᠢᠷᠠᠭᠤᠯᠤᠨ ᠨᠡᠪᠲᠡᠷᠡᠭᠦᠯᠬᠦ》 ᠰᠢᠨ᠎ᠡ ᠵᠢ ᠡᠭᠦᠳᠬᠦ ᠦᠵᠡᠯ ᠰᠠᠨᠠᠭ᠎ᠠ ᠵᠢ ᠠᠳᠠᠯᠢ ᠪᠤᠰᠤ ᠬᠡᠮᠵᠢᠶ᠎ᠡ᠎ᠪᠠᠷ ᠢᠯᠡᠷᠡᠭᠦᠯᠦᠭᠰᠡᠨ ᠪᠠᠢ᠌ᠨ᠎ᠠ᠃
ᠳᠤᠮᠳᠠᠳᠤ ᠵᠢᠨ ᠪᠣᠯᠪᠠᠰᠤᠨ᠎ᠨᠢ ᠡᠷᠲᠡᠨ᠎ᠠᠴᠠ᠎ᠪᠠᠨ ᠠᠪᠤᠭ᠋ᠠᠳ ᠨᠡᠭᠡᠭᠡᠯᠲᠡᠲᠡᠢ ᠪᠠᠭᠲᠠᠭ᠋ᠠᠮᠵᠢᠲᠠᠢ ᠪᠠᠢ᠌ᠳᠠᠭ ᠵᠶ᠋ᠠᠷ ᠵᠶ᠋ᠠᠨ ᠳᠡᠯᠡᠬᠡᠢ᠎ᠳᠤ ᠠᠯᠳᠠᠷᠰᠢᠭᠰᠠᠨ ᠶᠤᠮ᠂ ᠶᠠᠭ ᠡᠢ᠌ᠮᠦᠷᠬᠦᠦ ᠪᠠᠭᠲᠠᠭ᠋ᠠᠮᠵᠢᠲᠤ ᠰᠢᠨᠵᠢ᠎ᠠᠴᠠ ᠪᠣᠯᠵᠤ᠂ ᠳᠤᠮᠳᠠᠳᠤ ᠵᠢᠨ ᠪᠣᠯᠪᠠᠰᠤᠨ᠎ᠨᠢ ᠭᠠᠳᠠᠭ᠋ᠠᠳᠤ ᠲᠡᠢ᠌ᠰᠢ ᠨᠡᠭᠡᠭᠡᠯᠲᠡ ᠬᠢᠬᠦ᠂ ᠤᠯᠠᠨ᠎ᠤ ᠰᠠᠢ᠌ᠨᠲᠠᠢ ᠲᠠᠯ᠎ᠠ ᠵᠢ ᠥᠷᠭᠡᠨ ᠵᠶ᠋ᠡᠷ ᠰᠢᠩᠭᠡᠬᠡᠨ ᠠᠪᠬᠤ᠂ ᠪᠤᠰᠤᠳ ᠪᠣᠯᠪᠠᠰᠤᠨ᠎ᠤ ᠦᠷ᠎ᠡ ᠪᠦᠲᠦᠭᠡᠯ᠎ᠤᠨ ᠠᠰᠢᠭᠲᠠᠢ ᠪᠦᠬᠦᠨ᠎ᠢ ᠰᠢᠩᠭᠡᠬᠡᠨ ᠠᠪᠬᠤ ᠵᠢ ᠪᠠᠷᠢᠮᠲᠠᠯᠠᠭᠰᠠᠨ ᠶᠤᠮ᠃ ᠵᠢᠱ᠌ᠢᠶᠡᠯᠡᠪᠡᠯ ᠬᠠᠨ ᠤᠯᠤᠰ᠎ᠤᠨ ᠦᠶ᠎ᠡ ᠵᠢᠨ ᠲᠣᠷᠭ᠋ᠠᠨ ᠵᠠᠮ᠎ᠢ ᠨᠡᠭᠡᠭᠡᠭᠰᠡᠨ᠂ ᠲᠠᠩ ᠤᠯᠤᠰ᠎ᠤᠨ ᠦᠶ᠎ᠡ ᠵᠢᠨ ᠭᠠᠳᠠᠭ᠋ᠠᠳᠤ᠎ᠲᠠᠢ ᠶᠠᠪᠤᠯᠴᠠᠭᠰᠠᠨ᠂ ᠰᠦᠩ ᠤᠯᠤᠰ᠎ᠤᠨ ᠦᠶ᠎ᠡ ᠵᠢᠨ ᠳᠠᠯᠠᠢ ᠳᠡᠭᠡᠷᠡᠬᠢ ᠲᠣᠷᠭ᠋ᠠᠨ ᠵᠠᠮ᠎ᠢ ᠬᠥᠭᠵᠢᠭᠦᠯᠦᠨ ᠮᠠᠨᠳᠤᠭᠤᠯᠤᠭᠰᠠᠨ᠂ ᠮᠢᠩ ᠤᠯᠤᠰ᠎ᠤᠨ ᠦᠶ᠎ᠡ ᠵᠢᠨ ᠵᠧᠩ ᠾᠧ ᠪᠠᠷᠠᠭᠤᠨ ᠳᠠᠯᠠᠢ᠎ᠪᠠᠷ ᠠᠶᠠᠯᠠᠭᠰᠠᠨ ᠵᠡᠷᠭᠡ ᠪᠤᠢ᠃ ᠡᠳᠡᠭᠡᠷ᠎ᠨᠢ ᠴᠥᠮ ᠡᠷᠲᠡᠨ᠎ᠤ ᠳᠤᠮᠳᠠᠳᠤ ᠤᠯᠤᠰ᠎ᠤᠨ ᠨᠡᠭᠡᠭᠡᠯᠲᠡᠲᠡᠢ ᠪᠠᠭᠲᠠᠭ᠋ᠠᠮᠵᠢᠲᠠᠢ ᠪᠠᠢ᠌ᠭ᠎ᠠ ᠬᠡᠪ ᠳᠠᠭᠤᠷᠢᠶᠠᠯ ᠪᠠᠢ᠌ᠵᠤ᠂ ᠳᠤᠮᠳᠠᠳᠤ ᠵᠢᠨ ᠰᠣᠶᠣᠯ᠎ᠢ ᠬᠢᠯᠢ᠎ᠠᠴᠠ ᠭᠠᠳᠠᠭᠰᠢ ᠤᠯᠠᠮᠵᠢᠯᠠᠭᠰᠠᠨ ᠵᠶ᠋ᠠᠷ ᠪᠠᠷᠠᠬᠤ ᠦᠭᠡᠢ ᠪᠠᠰᠠ ᠬᠢᠯᠢ ᠵᠢᠨ ᠭᠠᠳᠠᠨᠠᠬᠢ ᠰᠣᠶᠣᠯ᠎ᠢ ᠳᠤᠮᠳᠠᠳᠤ ᠤᠯᠤᠰ᠎ᠲᠤ ᠠᠪᠴᠢᠷᠠᠵᠤ᠂ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠬᠥᠭᠵᠢᠯᠲᠡ᠎ᠳᠤ ᠰᠢᠨ᠎ᠡ ᠠᠭᠤᠯᠭ᠎ᠠ ᠨᠡᠮᠡᠷᠢᠯᠡᠭᠰᠡᠨ ᠪᠠᠢ᠌ᠨ᠎ᠠ᠃
ᠳᠤᠮᠳᠠᠳᠤ ᠵᠢᠨ ᠦᠨᠳᠦᠰᠦᠲᠡᠨ ᠡᠩᠬᠡ ᠲᠠᠢ᠌ᠪᠤᠩ᠎ᠢ ᠡᠷᠬᠢᠮᠯᠡᠳᠡᠭ᠂ 《ᠡᠩᠬᠡ ᠲᠠᠢ᠌ᠪᠤᠩ ᠰᠢᠨᠵᠢ》 ᠪᠣᠯ ᠳᠤᠮᠳᠠᠳᠤ ᠵᠢᠨ ᠪᠣᠯᠪᠠᠰᠤᠨ᠎ᠤ ᠪᠠᠰᠠ ᠨᠢᠭᠡᠨ ᠣᠨᠴᠠᠯᠢᠭ ᠶᠤᠮ᠃ ᠳᠤᠮᠳᠠᠳᠤ ᠤᠯᠤᠰ᠎ᠲᠤ ᠡᠷᠲᠡᠨ᠎ᠠᠴᠠ᠎ᠪᠠᠨ ᠠᠪᠤᠭ᠋ᠠᠳ 《ᠤᠯᠤᠰ ᠶᠡᠬᠡ ᠪᠣᠯᠪᠠᠴᠤ ᠳᠠᠢ᠌ᠲᠤᠬᠤᠪᠠᠷ ᠵᠠᠪᠠᠯ ᠮᠥᠬᠥᠮᠦᠢ》 ᠭᠡᠰᠡᠨ ᠰᠤᠷᠭ᠋ᠠᠯ ᠦᠭᠡ ᠪᠠᠢ᠌ᠳᠠᠭ᠂ ᠲᠡᠦᠬᠡᠨ᠎ᠳᠤ ᠳᠤᠮᠳᠠᠳᠤ ᠤᠯᠤᠰ᠎ᠨᠢ ᠳᠡᠯᠡᠬᠡᠢ ᠳᠡᠭᠡᠷᠡᠬᠢ ᠬᠠᠮᠤᠭ᠎ᠤᠨ ᠤᠷᠲᠤ ᠬᠤᠭᠤᠴᠠᠭ᠎ᠠ᠎ᠲᠠᠢ ᠬᠦᠴᠦᠷᠬᠡᠭ ᠤᠯᠤᠰ᠎ᠤᠨ ᠨᠢᠭᠡ ᠪᠠᠢ᠌ᠵᠠᠢ᠂ ᠭᠡᠪᠡᠴᠦ ᠪᠤᠰᠤᠳ ᠤᠯᠤᠰ᠎ᠢ ᠺᠣᠯᠣᠨᠢᠴᠢᠯᠠᠵᠤ ᠲᠦᠷᠢᠮᠡᠬᠡᠢ᠌ᠯᠡᠭᠰᠡᠨ ᠲᠡᠮᠳᠡᠭᠯᠡᠯ᠎ᠢ ᠦᠯᠡᠳᠡᠭᠡᠭᠰᠡᠨ ᠦᠭᠡᠢ ᠶᠤᠮ᠃ ᠳᠤᠮᠳᠠᠳᠤ ᠵᠢᠨ ᠦᠨᠳᠦᠰᠦᠲᠡᠨ ᠡᠩᠬᠡ ᠲᠠᠢ᠌ᠪᠤᠩ᠎ᠢ ᠡᠷᠬᠢᠮᠯᠡᠵᠦ᠂ ᠲᠡᠢ᠍ᠢ᠍ᠠᠳᠤ ᠳᠤᠷ᠎ᠠ ᠦᠭᠡᠢ ᠪᠠᠢ᠌ᠳᠠᠭ ᠤᠴᠢᠷ᠎ᠠᠴᠠ ᠳᠤᠮᠳᠠᠳᠤ ᠵᠢᠨ ᠪᠣᠯᠪᠠᠰᠤᠨ᠎ᠨᠢ ᠡᠩᠬᠡ ᠲᠠᠢ᠌ᠪᠤᠩ ᠣᠷᠴᠢᠨ ᠲᠣᠭᠣᠷᠢᠨ᠎ᠳᠤ ᠦᠷᠭᠦᠯᠵᠢᠯᠡᠭᠰᠡᠨ ᠬᠥᠭᠵᠢᠯᠲᠡ ᠵᠢ ᠣᠯᠪᠠ᠂ ᠬᠠᠷᠢᠨ ᠵᠠᠷᠢᠮ ᠤᠯᠤᠰ ᠰᠢᠭ᠋ ᠳᠠᠢ᠌ᠳᠤᠬᠤ᠎ᠠᠴᠠ ᠪᠣᠯᠵᠤ ᠤᠯᠤᠰ ᠵᠶ᠋ᠠᠨ ᠮᠥᠬᠥᠭᠡᠵᠦ ᠪᠣᠯᠪᠠᠰᠤᠨ ᠵᠶ᠋ᠠᠨ ᠲᠠᠰᠤᠯᠳᠠᠭᠤᠯᠤᠭᠠ ᠦᠭᠡᠢ ᠶᠤᠮ᠃

▲ ᠳᠤᠮᠳᠠᠳᠤ ᠵᠢᠨ ᠪᠣᠯᠪᠠᠰᠤᠨ᠎ᠤ ᠭᠦᠨ ᠵᠤᠵᠠᠭ᠋ᠠᠨ ᠬᠤᠷᠠᠮᠳᠤᠭᠤᠯᠤᠯ᠎ᠨᠢ ᠳᠤᠮᠳᠠᠳᠤ ᠵᠢᠨ ᠦᠨᠳᠦᠰᠦᠲᠡᠨ᠎ᠳᠤ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ᠂ ᠡᠷᠡᠯᠬᠡᠭ ᠪᠠᠭ᠋ᠠᠲᠤᠷᠯᠢᠭ ᠵᠶ᠋ᠠᠷ ᠰᠦᠨᠳᠡᠷᠯᠡᠨ ᠵᠣᠭᠰᠣᠬᠤ ᠣᠶᠤᠨ ᠰᠠᠨᠠᠭ᠋ᠠᠨ᠎ᠤ ᠴᠣᠭ ᠰᠦᠯᠳᠡ ᠵᠢ ᠤᠯᠭᠤᠭᠰᠠᠨ ᠪᠥᠭᠡᠳ ᠪᠠᠰᠠ ᠳᠤᠮᠳᠠᠳᠤ ᠵᠢᠨ ᠦᠨᠳᠦᠰᠦᠲᠡᠨ᠎ᠤ ᠠᠶᠤᠯ ᠲᠦᠭᠰᠢᠬᠦᠷᠢᠳᠦ ᠪᠠᠢ᠌ᠳᠠᠯ᠎ᠤᠨ ᠳᠣᠣᠷ᠎ᠠ ᠲᠠᠰᠤᠷᠠᠯᠲᠠ ᠦᠭᠡᠢ ᠲᠡᠮᠡᠴᠡᠨ ᠪᠣᠰᠴᠤ ᠡᠷᠡᠯᠬᠡᠭᠯᠡᠨ ᠤᠷᠤᠭᠰᠢᠯᠠᠬᠤ ᠰᠣᠶᠣᠯ᠎ᠤᠨ ᠦᠨᠳᠦᠰᠦ ᠰᠤᠷᠪᠤᠯᠵᠢ ᠵᠢ ᠣᠯᠭᠣᠭᠰᠠᠨ ᠶᠤᠮ᠃ ᠵᠢᠷᠤᠭ ᠪᠣᠯ ᠲᠠᠢ᠌ᠱ᠌ᠠᠨ ᠠᠭᠤᠯᠠ ᠵᠢᠨ 《ᠲᠠᠪᠤᠨ ᠬᠠᠢ᠌ᠷᠬᠠᠨᠤ ᠭᠠᠭᠴᠠ ᠰᠢᠲᠦᠭᠡᠨ》᠎ᠤ ᠭᠠᠵᠠᠷ᠎ᠤᠨ ᠲᠡᠮᠳᠡᠭ ᠴᠢᠯᠠᠭᠤ ᠪᠣᠯᠣᠨ᠎ᠠ᠃
ᠲᠤᠮᠳᠠᠳᠤ ᠵᠢ ᠦᠬᠦᠯᠡᠬᠦᠢ (ᠰᠤᠷᠪᠤᠯᠵᠢᠯᠠᠭᠴᠢ)᠄ ᠡᠷᠲᠡᠨ᠎ᠤ ᠪᠤᠰᠤᠳ ᠪᠣᠯᠪᠠᠰᠤᠨ᠎ᠤ ᠲᠠᠰᠤᠯᠤᠭᠳᠠᠯᠲᠠᠢ ᠬᠠᠷᠢᠴᠠᠭᠤᠯᠪᠠᠯ᠂ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠬᠥᠭᠵᠢᠯᠲᠡ᠎ᠨᠢ ᠪᠢᠳᠡᠨ᠎ᠳᠤ ᠶᠠᠮᠠᠷ ᠶᠠᠮᠠᠷ ᠡᠷᠬᠢᠮ ᠨᠠᠨᠳᠢᠨ ᠥᠪ ᠬᠥᠷᠥᠩᠭᠡ ᠦᠯᠡᠳᠡᠭᠡᠭᠰᠡᠨ ᠪᠣᠶ?
ᠵᠧᠩ ᠳ᠋ᠡ ᠬᠤᠸᠠ᠄ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠲᠠᠢ ᠬᠥᠭᠵᠢᠯᠲᠡ᠎ᠨᠢ ᠪᠢᠳᠡᠨ᠎ᠳᠤ ᠲᠣᠭᠲᠠᠪᠤᠷᠢᠲᠠᠢ ᠰᠣᠶᠣᠯ᠎ᠤᠨ ᠤᠳᠤᠮᠰᠢᠯ᠎ᠢ ᠦᠯᠡᠳᠡᠭᠡᠵᠡᠢ᠃ ᠳᠤᠮᠳᠠᠳᠤ ᠵᠢᠨ ᠰᠣᠶᠣᠯ ᠪᠣᠯ ᠳᠤᠮᠳᠠᠳᠤ ᠵᠢᠨ ᠦᠨᠳᠦᠰᠦᠲᠡᠨ᠎ᠤ ᠦᠶ᠎ᠡ ᠵᠢᠨ ᠦᠶ᠎ᠡ ᠵᠢᠨ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠ ᠪᠦᠷᠢᠯᠳᠦᠵᠦ ᠤᠯᠠᠮᠵᠢᠯᠠᠭᠳᠠᠭᠰᠠᠨ ᠶᠢᠷᠲᠢᠨᠴᠦ ᠵᠢᠨ ᠦᠵᠡᠯᠲᠡ᠂ ᠠᠮᠢᠳᠤᠷᠠᠬᠤᠢ ᠵᠢᠨ ᠦᠵᠡᠯᠲᠡ᠂ ᠦᠷᠳᠡᠭ᠎ᠤᠨ ᠦᠵᠡᠯᠲᠡ᠂ ᠭᠤᠸ᠎ᠠ ᠲᠠᠭ᠋ᠠᠰᠢᠶᠠᠯ᠎ᠤᠨ ᠦᠵᠡᠯᠲᠡ ᠵᠡᠷᠭᠡ ᠪᠣᠯᠣᠨ᠎ᠠ᠂ ᠲᠡᠭᠦᠨ᠎ᠤ ᠭᠣᠣᠯ ᠠᠭᠤᠯᠭ᠎ᠠ᠎ᠨᠢ ᠨᠢᠭᠡᠨᠲᠡ ᠳᠤᠮᠳᠠᠳᠤ ᠵᠢᠨ ᠦᠨᠳᠦᠰᠦᠲᠡᠨ᠎ᠤ ᠬᠠᠮᠤᠭ᠎ᠤᠨ ᠦᠨᠳᠦᠰᠦᠨ ᠰᠣᠶᠣᠯ᠎ᠤᠨ ᠤᠳᠤᠮᠰᠢᠯ ᠪᠣᠯᠤᠭᠰᠠᠨ ᠪᠠᠢ᠌ᠨ᠎ᠠ᠃ ᠤᠷᠳᠤ ᠤᠳᠠᠭ᠋ᠠᠨ ᠬᠤᠭᠤᠴᠠᠭ᠋ᠠᠨ᠎ᠤ ᠪᠣᠯᠪᠠᠰᠤᠨ᠎ᠤ ᠬᠤᠪᠢᠰᠤᠯᠲᠠ ᠵᠢᠨ ᠳᠤᠮᠳᠠ ᠬᠤᠷᠠᠮᠳᠤᠭᠤᠯᠤᠭᠰᠠᠨ ᠦᠵᠡᠯ ᠰᠠᠨᠠᠭ᠎ᠠ ᠰᠣᠶᠣᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠤᠭ᠎ᠤᠨ ᠥᠪᠡᠷᠮᠢᠴᠡ ᠤᠶᠤᠨ ᠰᠠᠨᠠᠭ᠋ᠠᠨ᠎ᠤ ᠲᠡᠮᠳᠡᠭ ᠶᠤᠮ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ ᠪᠠ ᠪᠦᠲᠦᠭᠡᠯᠴᠢ ᠬᠦᠴᠦᠨ᠎ᠤ ᠡᠬᠢ ᠪᠤᠯᠠᠭ ᠪᠣᠯᠬᠤ ᠶᠤᠮ᠂ ᠪᠠᠰᠠ ᠴᠤ᠌ ᠤᠯᠤᠰ ᠣᠷᠣᠨ᠎ᠤ ᠬᠥᠭᠵᠢᠯᠲᠡ᠂ ᠦᠨᠳᠦᠰᠦᠲᠡᠨ᠎ᠤ ᠥᠪᠡᠷ᠎ᠢ᠎ᠪᠠᠨ ᠬᠦᠴᠦᠷᠬᠡᠭᠵᠢᠭᠦᠯᠬᠦ ᠵᠢᠨ ᠴᠢᠬᠤᠯᠠ ᠲᠦᠰᠢᠭ ᠲᠤᠯᠭ᠋ᠠᠭᠤᠷᠢ ᠪᠣᠯᠵᠤ᠂ ᠳᠤᠮᠳᠠᠳᠤ ᠵᠢᠨ ᠦᠨᠳᠦᠰᠦᠲᠡᠨ᠎ᠢ ᠦᠨᠡᠨ ᠬᠦ᠌ ᠨᠢᠭᠡ ᠣᠷᠭ᠋ᠠᠨᠢᠭ ᠨᠢᠭᠡᠳᠦᠮᠡᠯ ᠰᠣᠶᠣᠯ᠎ᠤᠨ ᠠᠮᠢ ᠨᠠᠰᠤᠨ᠎ᠤ ᠴᠣᠭᠴᠠ ᠪᠣᠯᠭ᠋ᠠᠭᠰᠠᠨ ᠪᠠᠢ᠌ᠨ᠎ᠠ᠃
ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠲᠠᠢ ᠬᠥᠭᠵᠢᠯᠲᠡ᠎ᠨᠢ ᠪᠢᠳᠡᠨ᠎ᠳᠤ ᠭᠠᠷᠮᠠᠭ᠋ᠠᠢ ᠦᠨᠳᠦᠰᠦᠲᠡᠨ᠎ᠤ ᠵᠣᠷᠢᠭ ᠰᠠᠨᠠᠭ᠎ᠠ ᠪᠠ ᠪᠣᠯᠪᠠᠰᠤᠨ᠎ᠤ ᠬᠠᠷᠠᠭ᠎ᠠ ᠵᠢ ᠦᠯᠡᠳᠡᠭᠡᠵᠦ ᠥᠭᠴᠡᠢ᠃ ᠳᠤᠮᠳᠠᠳᠤ ᠵᠢᠨ ᠦᠨᠳᠦᠰᠦᠲᠡᠨ ᠬᠡᠳᠦᠨ ᠮᠢᠩᠭ᠋ᠠᠨ ᠵᠢᠯ᠎ᠤᠨ ᠰᠠᠯᠬᠢ ᠪᠣᠷᠣᠭ᠋ᠠᠨ᠎ᠤ ᠳᠤᠮᠳᠠ ᠤᠷᠤᠭᠰᠢᠯᠠᠬᠤ᠎ᠳᠤ᠂ ᠦᠨᠳᠦᠰᠦᠲᠡᠨ᠎ᠤ ᠭᠠᠷᠮᠠᠭ᠋ᠠᠢ ᠵᠣᠷᠢᠭ ᠰᠠᠨᠠᠭ᠎ᠠ ᠪᠠ ᠥᠷᠭᠡᠨ ᠳᠡᠯᠭᠡᠷ ᠪᠣᠯᠪᠠᠰᠤᠨ᠎ᠤ ᠬᠠᠷᠠᠭ᠋ᠠᠰᠤ ᠵᠢ ᠬᠤᠷᠠᠮᠳᠤᠭᠤᠯᠤᠭᠰᠠᠨ ᠪᠠᠢ᠌ᠨ᠎ᠠ᠂ ᠶᠠᠭ ᠡᠨᠡ ᠬᠦ᠌ ᠵᠣᠷᠢᠭ ᠰᠠᠨᠠᠭ᠎ᠠ ᠪᠠ ᠬᠠᠷᠠᠭ᠋ᠠᠰᠤ᠎ᠨᠢ ᠳᠤᠮᠳᠠᠳᠤ ᠵᠢᠨ ᠦᠨᠳᠦᠰᠦᠲᠡᠨ᠎ᠢ ᠮᠢᠩᠭ᠋ᠠᠨ ᠲᠦᠮᠡᠨ ᠠᠭᠤᠯᠠ ᠭᠠᠩᠭ᠎ᠠ ᠵᠢᠨ ᠪᠡᠷᠬᠡ ᠪᠠᠷᠲᠠᠭ᠎ᠠ ᠵᠢ ᠳᠠᠪᠠᠵᠤ᠂ ᠪᠣᠯᠪᠠᠰᠤᠨ᠎ᠤ ᠲᠦᠷᠦᠭᠦᠨ᠎ᠳᠤ ᠰᠦᠨᠳᠡᠷᠯᠡᠵᠦ᠂ ᠪᠠᠢ᠌ᠩᠭᠤ ᠵᠢᠨ ᠪᠠᠷᠢᠮᠳᠠᠯᠠᠯ᠎ᠠᠴᠠ ᠬᠤᠪᠢᠷᠠᠯᠲᠠ ᠵᠢ ᠪᠣᠢ ᠪᠣᠯᠭ᠋ᠠᠵᠤ᠂ ᠲᠥᠪ ᠶᠣᠰᠣ ᠵᠢ ᠪᠠᠷᠢᠮᠲᠠᠯᠠᠨ ᠡᠳᠦᠷ ᠢᠷᠡᠬᠦᠶ᠎ᠡ ᠰᠢᠨᠡᠳᠦᠭᠰᠡᠨ ᠶᠤᠮ᠃
ᠥᠨᠥᠳᠥᠷ᠂ ᠰᠦᠷ ᠳᠠᠯᠠᠢ᠌ᠴᠠᠲᠠᠢ ᠳᠡᠯᠡᠬᠡᠢ ᠵᠢᠨ ᠤᠷᠤᠰᠬᠠᠯ᠎ᠤᠨ ᠡᠮᠦᠨ᠎ᠡ᠂ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠬᠥᠭᠵᠢᠯᠲᠡ᠎ᠠᠴᠠ ᠪᠢᠳᠡᠨ᠎ᠳᠤ ᠦᠯᠡᠳᠡᠭᠡᠵᠦ ᠥᠭᠭᠦᠭᠰᠡᠨ ᠪᠣᠯᠪᠠᠰᠤᠨ᠎ᠤ ᠣᠨᠴᠠᠯᠢᠭᠲᠤ ᠰᠠᠭᠤᠷᠢᠯᠠᠵᠤ᠂ ᠪᠢᠳᠡᠨ᠎ᠢ ᠤᠷᠤᠭ᠎ᠠ ᠪᠤᠰᠬᠠᠭ᠎ᠠ ᠳᠡᠯᠡᠬᠡᠢ ᠵᠢᠨ ᠲᠠᠪᠴᠠᠩ᠎ᠳᠤ ᠯᠠᠪᠳᠠᠭᠤᠨ ᠵᠤᠭᠰᠤᠬᠤ ᠪᠤᠯᠭ᠋ᠠᠵᠤ᠂ ᠳᠤᠮᠳᠠᠳᠤ ᠤᠯᠤᠰ᠎ᠤᠨ ᠬᠥᠭᠵᠢᠯᠲᠡ ᠵᠢᠨ ᠠᠬᠤᠢ ᠪᠠᠢ᠌ᠳᠠᠯ ᠪᠣᠯᠣᠨ ᠰᠢᠨ᠎ᠡ ᠲᠡᠦᠬᠡ ᠵᠢᠨ ᠣᠷᠣᠨ ᠪᠠᠢ᠌ᠷᠢ ᠵᠢ ᠲᠣᠳᠣᠷᠬᠠᠢ᠌ᠯᠠᠵᠤ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠤᠯᠤᠰ ᠲᠦᠷᠦ ᠵᠢᠨ ᠦᠷᠳᠡᠭ᠎ᠢ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠪᠠᠲᠤ ᠪᠡᠬᠢ ᠦᠵᠡᠯ ᠰᠠᠨᠠᠭ᠋ᠠᠨ᠎ᠤ ᠰᠠᠭᠤᠷᠢ ᠵᠢ ᠲᠠᠯᠪᠢᠵᠤ ᠥᠭᠴᠡᠢ᠃
ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠰᠢᠨᠵᠢ᠎ᠲᠠᠢ ᠬᠥᠭᠵᠢᠯᠲᠡ᠎ᠨᠢ ᠪᠢᠳᠡᠨ᠎ᠳᠤ ᠭᠦᠨ ᠵᠤᠵᠠᠭ᠋ᠠᠨ ᠰᠣᠶᠣᠯ᠎ᠤᠨ ᠠᠭᠤᠯᠤᠭᠳᠠᠬᠤᠨ ᠪᠠ ᠰᠣᠶᠣᠯ᠎ᠤᠨ ᠥᠩ ᠰᠢᠮᠡᠯᠢᠭ ᠬᠥᠷᠥᠰᠥ ᠰᠢᠷᠣᠢ ᠵᠢ ᠦᠯᠡᠳᠡᠭᠡᠵᠦ ᠥᠭᠴᠡᠢ᠃ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠪᠠ ᠲᠣᠳᠣᠷᠬᠠᠢ ᠦᠷᠳᠡᠭ᠎ᠤᠨ ᠬᠦᠰᠡᠯ ᠱᠠᠭ᠋ᠠᠷᠳᠠᠯᠭ᠎ᠠ᠎ᠪᠠᠨ ᠠᠯᠳᠠᠭᠰᠠᠨ ᠤᠯᠤᠰ ᠭᠦᠷᠦᠨ ᠪᠣᠯ ᠶᠡᠷᠦ᠎ᠨᠢ 《ᠠᠷᠭ᠎ᠠ᠎ᠪᠠᠨ ᠣᠯᠬᠤ ᠦᠭᠡᠢ ᠤᠯᠤᠰ ᠭᠦᠷᠦᠨ》 ᠪᠣᠯᠵᠤ᠂ ᠡᠭᠦᠨ᠎ᠤ ᠤᠯᠠᠮ᠎ᠠᠴᠠ ᠳᠡᠯᠡᠬᠡᠢ ᠲᠡᠭᠡᠷᠡᠬᠢ ᠪᠠᠢ᠌ᠷᠢ ᠰᠠᠭᠤᠷᠢ ᠪᠠ ᠲᠣᠮᠣ ᠤᠯᠤᠰ᠎ᠤᠨ ᠬᠦᠰᠡᠯ ᠵᠣᠷᠢᠯᠲᠠ᠎ᠪᠠᠨ ᠠᠯᠳᠠᠳᠠᠭ᠃ ᠳᠡᠯᠡᠬᠡᠢ ᠳᠡᠭᠡᠷᠡᠬᠢ ᠴᠤᠷ᠎ᠤᠨ ᠭᠠᠭᠴᠠ ᠲᠠᠰᠤᠯᠤᠭᠳᠠᠭᠠ ᠦᠭᠡᠢ ᠤᠤᠭ᠋ᠠᠯ ᠬᠡᠯᠪᠡᠷᠢ ᠵᠢᠨ ᠪᠣᠯᠪᠠᠰᠤᠨ ᠴᠣᠭᠴᠠ ᠪᠣᠯᠤᠭᠰᠠᠨ᠎ᠤ ᠬᠤᠪᠢ᠎ᠳᠤ᠂ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠭᠰᠡᠨ ᠬᠥᠭᠵᠢᠯᠲᠡ ᠵᠢᠨ ᠪᠢᠳᠡᠨ᠎ᠳᠤ ᠦᠯᠡᠳᠡᠭᠡᠵᠦ ᠥᠭᠭᠦᠭᠰᠡᠨ ᠰᠣᠶᠣᠯ᠎ᠤᠨ ᠡᠬᠢ ᠪᠠᠶᠠᠯᠢᠭ᠎ᠨᠢ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠷᠡᠯᠬᠡᠭᠯᠡᠨ ᠤᠷᠤᠭᠰᠢᠯᠠᠬᠤ ᠵᠢ ᠤᠷᠮᠠᠰᠢᠭᠤᠯᠤᠨ ᠵᠣᠷᠢᠭᠵᠢᠭᠤᠯᠬᠤ᠎ᠳᠤ ᠬᠦᠴᠦᠷᠬᠡᠭ ᠶᠡᠬᠡ ᠰᠣᠶᠣᠯ᠎ᠤᠨ ᠬᠦᠴᠦᠨ᠎ᠢ ᠬᠠᠩᠭ᠋ᠠᠭᠰᠠᠨ ᠶᠤᠮ᠃

ᠳᠤᠮᠳᠠᠳᠤ ᠵᠢᠨ ᠰᠣᠶᠣᠯ᠎ᠤᠨ ᠮᠢᠩᠭ᠋ᠠᠨ ᠵᠢᠯ᠎ᠤᠨ ᠤᠯᠠᠮᠵᠢᠯᠠᠯᠳᠤ᠂ ᠡᠯᠪᠡᠭ ᠪᠠᠶᠠᠯᠢᠭ ᠠᠷᠠᠳ᠎ᠤᠨ ᠵᠠᠩ ᠦᠢ᠍ᠯᠡ ᠵᠢᠨ ᠤᠯᠠᠮᠵᠢᠯᠠᠯ᠎ᠢ ᠬᠤᠷᠠᠮᠳᠤᠭᠤᠯᠵᠤ᠂ ᠭᠦᠨ ᠭᠦᠨᠵᠡᠭᠡᠢ ᠰᠣᠶᠣᠯ ᠢᠷᠭᠡᠨᠰᠢᠯ᠎ᠤᠨ ᠦᠨ᠎ᠡ ᠦᠷᠳᠡᠭ᠎ᠢ ᠤᠯᠠᠮᠵᠢᠯᠠᠭᠰᠠᠭ᠋ᠠᠷ ᠢᠷᠡᠵᠠᠢ᠃ ᠡᠳᠡᠭᠡᠷ ᠰᠣᠶᠣᠯ᠎ᠤᠨ ᠤᠯᠠᠮᠵᠢᠯᠠᠯ᠎ᠨᠢ ᠲᠤᠮᠳᠠᠳᠤ ᠤᠯᠤᠰ᠎ᠤᠨ ᠬᠦᠮᠦᠨ᠎ᠤ ᠠᠮᠢᠳᠤᠷᠠᠯ᠎ᠤᠨ ᠤᠷᠮ᠎ᠠ ᠰᠣᠨᠢᠷᠬᠠᠯ ᠪᠠ ᠠᠮᠢ ᠨᠠᠰᠤᠨ᠎ᠤ ᠬᠠᠢ᠌ᠷ᠎ᠠ ᠰᠡᠳᠬᠢᠯᠭᠡ ᠵᠢ ᠠᠴᠢᠶᠠᠯᠠᠵᠤ ᠪᠠᠢ᠌ᠳᠠᠭ᠂ ᠲᠡᠷᠡ᠎ᠨᠢ ᠮᠥᠨ ᠳᠤᠮᠳᠠᠳᠤ ᠵᠢᠨ ᠦᠨᠳᠦᠰᠦᠲᠡᠨ᠎ᠤ ᠲᠠᠨᠢᠨ ᠮᠡᠳᠡᠷᠡᠬᠦᠢ ᠪᠠ ᠨᠢᠭᠲᠠᠷᠠᠯ᠎ᠤᠨ ᠰᠣᠶᠣᠯ᠎ᠤᠨ ᠦᠨᠳᠦᠰᠦ ᠰᠠᠭᠤᠷᠢ ᠪᠣᠯᠬᠤ ᠶᠤᠮ᠃
ᠳᠤᠮᠳᠠᠳᠤ ᠵᠢ ᠦᠬᠦᠯᠡᠬᠦᠢ (ᠰᠤᠷᠪᠤᠯᠵᠢᠯᠠᠭᠴᠢ)᠄ ᠳᠤᠮᠳᠠᠳᠤ ᠵᠢᠨ ᠪᠣᠯᠪᠠᠰᠤᠨ᠎ᠳᠤ ᠲᠣᠪᠣᠢ᠌ᠮ᠎ᠠ ᠦᠷᠭᠦᠯᠵᠢᠯᠡᠭᠰᠡᠨ ᠰᠢᠨᠵᠢ᠎ᠲᠠᠢ ᠪᠠᠢ᠌ᠵᠦ᠂ ᠦᠨᠳᠦᠰᠦᠨ᠎ᠠᠴᠠ᠎ᠨᠢ ᠳᠤᠮᠳᠠᠳᠤ ᠵᠢᠨ ᠦᠨᠳᠦᠰᠦᠲᠡᠨ ᠵᠠᠢ᠌ᠯᠠᠰᠢ ᠦᠭᠡᠢ ᠥᠪᠡᠷ᠎ᠤᠨ ᠵᠠᠮ ᠵᠶ᠋ᠠᠷ ᠵᠶ᠋ᠠᠨ ᠶᠠᠪᠤᠬᠤ ᠵᠢ ᠲᠣᠭᠲᠠᠭ᠋ᠠᠭᠰᠠᠨ ᠶᠤᠮ᠃ ᠡᠨᠡ ᠬᠦ᠌ ᠵᠠᠮ᠎ᠨᠢ ᠳᠤᠮᠳᠠᠳᠤ ᠵᠢᠨ ᠪᠣᠯᠪᠠᠰᠤᠨ᠎ᠤ ᠲᠣᠰ ᠪᠡᠶ᠎ᠡ ᠪᠠ ᠬᠥᠮᠥᠨ ᠲᠥᠷᠥᠯᠬᠢᠲᠡᠨ᠎ᠤ ᠪᠣᠯᠪᠠᠰᠤᠨ᠎ᠳᠤ ᠠᠪᠴᠤ ᠬᠡᠯᠡᠪᠡᠯ ᠶᠠᠮᠠᠷ ᠤᠳᠬ᠎ᠠ ᠠᠭᠤᠯᠭ᠎ᠠ᠎ᠲᠠᠢ ᠪᠣᠶ?
ᠵᠧᠩ ᠳ᠋ᠡ ᠬᠤᠸᠠ᠄ ᠭᠠᠭᠴᠠ ᠬᠦ᠌ ᠰᠦᠷ ᠳᠠᠯᠠᠢ᠌ᠴᠠᠲᠠᠢ ᠳᠤᠮᠳᠠᠳᠤ ᠵᠢᠨ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ᠎ᠤ ᠲᠡᠦᠬᠡᠨ᠎ᠳᠤ ᠰᠠᠭᠤᠷᠢᠯᠠᠪᠠᠯ ᠰᠠᠶᠢ ᠳᠤᠮᠳᠠᠳᠤ ᠤᠯᠤᠰ᠎ᠤᠨ ᠵᠠᠢ᠌ᠯᠠᠰᠢ ᠦᠭᠡᠢ ᠶᠠᠪᠤᠬᠤ ᠲᠡᠦᠬᠡ ᠵᠢᠨ ᠵᠠᠮ᠂ ᠰᠣᠶᠣᠯ᠎ᠤᠨ᠎ᠬᠢᠨ ᠠᠭᠤᠯᠤᠭᠳᠠᠬᠤᠨ ᠪᠣᠯᠣᠨ ᠥᠪᠡᠷᠮᠢᠴᠡ ᠳᠠᠪᠠᠭᠤᠯᠢᠭ᠎ᠢ ᠦᠨᠡᠨ ᠬᠦ᠌ ᠣᠢ᠌ᠯᠠᠭ᠋ᠠᠵᠤ ᠴᠢᠳᠠᠬᠤ ᠶᠤᠮ᠃ ᠬᠡᠳᠦᠨ ᠮᠢᠩᠭ᠋ᠠᠨ ᠵᠢᠯ᠎ᠤᠨ ᠲᠤᠷᠰᠢ᠂ ᠳᠤᠮᠳᠠᠳᠤ ᠵᠢᠨ ᠦᠨᠳᠦᠰᠦᠲᠡᠨ ᠪᠤᠰᠤᠳ ᠪᠣᠯᠪᠠᠰᠤᠨ᠎ᠲᠠᠢ ᠠᠳᠠᠯᠢ ᠪᠤᠰᠤ ᠬᠥᠭᠵᠢᠯᠲᠡ ᠵᠢᠨ ᠵᠠᠮ᠎ᠢ ᠨᠡᠭᠡᠭᠡᠭᠰᠡᠨ ᠪᠠᠢ᠌ᠨ᠎ᠠ᠂ ᠡᠨᠡ᠎ᠨᠢ ᠳᠤᠮᠳᠠᠳᠤ ᠤᠯᠤᠰ᠎ᠲᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠬᠢᠬᠦ᠎ᠳᠤ ᠪᠤᠰᠤᠳ᠎ᠤᠨ ᠲᠤᠷᠰᠢᠯᠭ᠎ᠠ ᠵᠢ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠵᠦ ᠪᠣᠯᠬᠤ ᠦᠭᠡᠢ᠂ ᠡᠷᠬᠡᠪᠰᠢ ᠳᠤᠮᠳᠠᠳᠤ ᠵᠢᠨ ᠪᠣᠯᠪᠠᠰᠤᠨ᠎ᠤ ᠥᠨᠢ ᠤᠳᠠᠭ᠋ᠠᠨ ᠲᠡᠦᠬᠡ ᠵᠢᠨ ᠦᠷᠭᠦᠯᠵᠢᠯᠡᠭᠰᠡᠨ ᠰᠢᠨᠵᠢ᠎ᠠᠴᠠ ᠦᠨᠳᠦᠰᠦᠯᠡᠵᠦ᠂ ᠥᠪᠡᠷ᠎ᠤᠨ ᠲᠡᠦᠬᠡ ᠪᠠ ᠤᠯᠤᠰ ᠭᠦᠷᠦᠨ᠎ᠤ᠎ᠪᠠᠨ ᠪᠠᠢ᠌ᠳᠠᠯ ᠵᠶ᠋ᠡᠷ᠂ ᠥᠪᠡᠷ᠎ᠤᠨ ᠭᠡᠬᠦ ᠵᠠᠮ ᠵᠶ᠋ᠠᠷ ᠵᠶ᠋ᠠᠨ ᠵᠠᠮᠨᠠᠬᠤ ᠬᠡᠷᠡᠭᠲᠡᠢ ᠭᠡᠳᠡᠭ᠎ᠢ ᠲᠣᠭᠲᠠᠭ᠋ᠠᠭᠰᠠᠨ ᠶᠤᠮ᠃
ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠵᠠᠮ᠎ᠤᠨ ᠠᠮᠵᠢᠯᠲᠠ ᠣᠯᠣᠭᠰᠠᠨ᠎ᠤ ᠵᠠᠩᠬᠢᠯᠠᠭ᠎ᠠ᠎ᠨᠢ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ᠎ᠤᠨ ᠦᠵᠡᠯ᠎ᠤᠨ ᠭᠣᠣᠯ ᠦᠨᠳᠦᠰᠦᠯᠡᠯ᠎ᠢ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠣᠳᠣᠬᠢᠴᠢᠯᠠᠯᠲᠠ ᠵᠢ ᠪᠡᠶᠡᠯᠡᠭᠦᠯᠦᠭᠰᠡᠨ᠎ᠳᠤ ᠪᠠᠢ᠌ᠭ᠎ᠠ ᠶᠤᠮ᠃
ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠨᠢ ᠥᠷᠥᠨᠡᠳᠠᠬᠢᠨ᠎ᠤ ᠤᠯᠤᠰ᠎ᠤᠳ᠎ᠤᠨ ᠡᠭᠦᠳᠦᠨ ᠪᠦᠲᠦᠭᠡᠭᠰᠡᠨ ᠬᠥᠷᠥᠩᠭᠡᠲᠦ ᠶᠣᠰᠣᠨ᠎ᠤ ᠪᠣᠯᠪᠠᠰᠤᠨ᠎ᠤ ᠬᠡᠯᠪᠡᠷᠢ ᠪᠠᠢ᠌ᠳᠠᠯ᠎ᠲᠠᠢ ᠢᠯᠡᠳᠲᠡ ᠵᠥᠷᠢᠶ᠎ᠡ᠎ᠲᠠᠢ ᠪᠠᠢ᠌ᠵᠤ᠂ ᠮᠠᠰᠢ ᠤᠯᠠᠨ ᠬᠥᠷᠥᠩᠭᠡᠲᠦ ᠶᠣᠰᠣᠨ᠎ᠤ ᠪᠣᠯᠪᠠᠰᠤᠨ᠎ᠤ ᠬᠡᠯᠪᠡᠷᠢ ᠪᠠᠢ᠌ᠳᠠᠯ᠎ᠳᠤ ᠪᠠᠢ᠌ᠳᠠᠭ ᠦᠭᠡᠢ ᠦᠪᠡᠷᠮᠢᠴᠨ ᠰᠢᠨᠵᠢ ᠪᠠ ᠳᠠᠪᠠᠭᠤᠯᠢᠭ᠎ᠲᠠᠢ ᠪᠠᠢ᠌ᠵᠤ᠂ ᠳᠡᠯᠡᠬᠡᠢ ᠵᠢᠨ ᠪᠤᠰᠤᠳ ᠦᠨᠳᠦᠰᠦᠲᠡᠨ᠎ᠤ ᠬᠥᠭᠵᠢᠯᠲᠡ ᠵᠢᠴᠢ ᠲᠡᠭᠦᠨ᠎ᠤ ᠪᠣᠯᠪᠠᠰᠤᠨ᠎ᠢ ᠡᠭᠦᠳᠦᠨ ᠪᠦᠳᠦᠭᠡᠬᠦ᠎ᠳᠤ ᠡᠷᠬᠢᠮ ᠨᠠᠨᠳᠢᠨ ᠲᠤᠷᠰᠢᠯᠭ᠎ᠠ ᠪᠠ ᠠᠰᠢᠭᠲᠠᠢ ᠰᠡᠩᠬᠡᠷᠡᠭᠦᠯᠦᠯ ᠬᠠᠩᠭ᠋ᠠᠭᠰᠠᠨ ᠪᠠᠢ᠌ᠨ᠎ᠠ᠃
ᠠᠩᠭ᠍ᠯᠢ ᠵᠢᠨ ᠲᠡᠦᠬᠡᠴᠢᠨ ᠲᠤᠢ᠍ᠢ᠍ᠨᠪᠢ᠄ 《ᠰᠣᠶᠣᠯ ᠪᠠ ᠪᠣᠯᠪᠠᠰᠤᠨ᠎ᠤ ᠬᠦᠴᠦᠨ᠎ᠳᠤ ᠲᠦᠰᠢᠭᠯᠡᠵᠦ᠂ ᠲᠦᠭ ᠲᠦᠮᠡᠨ ᠠᠷᠠᠳ ᠲᠦᠮᠡᠨ᠎ᠤ ᠰᠣᠶᠣᠯ ᠬᠠᠢ᠌ᠷ᠎ᠠ ᠰᠡᠳᠬᠢᠯᠭᠡ ᠵᠢᠨ ᠬᠣᠯᠪᠣᠭ᠋ᠠᠰᠤ ᠵᠢᠨ ᠬᠠᠷᠢᠯᠴᠠᠭ᠎ᠠ᠎ᠳᠤ ᠦᠨᠳᠦᠰᠦᠯᠡᠵᠦ᠂ ᠲᠡᠯᠡᠭᠡᠢ ᠳ᠋ᠠᠬᠢᠨ᠎ᠤ ᠦᠵᠡᠯ ᠪᠠ ᠲᠡᠯᠡᠭᠡᠢ ᠵᠢᠨ ᠦᠵᠡᠯ ᠵᠶ᠋ᠡᠷ ᠪᠣᠯᠪᠠᠰᠤᠨ᠎ᠤ ᠦᠨᠳᠦᠰᠦᠨ ᠪᠠᠷᠢᠮᠵᠢᠶ᠎ᠠ ᠪᠣᠯᠭ᠋ᠠᠭᠰᠠᠨ ᠤᠯᠤᠰ᠎ᠢ ᠵᠤᠬᠢᠶᠠᠨ ᠪᠠᠢ᠌ᠭᠤᠯᠵᠤ ᠪᠣᠯᠣᠨ᠎ᠠ ᠭᠡᠳᠡᠭ᠎ᠢ ᠳᠤᠮᠳᠠᠳᠤᠴᠤᠳ ᠤᠷᠳᠤ ᠤᠳᠠᠭ᠋ᠠᠨ ᠲᠡᠦᠬᠡ ᠵᠢᠨ ᠶᠠᠪᠤᠴᠠ᠎ᠳᠤ ᠨᠢᠭᠡᠨᠲᠡ ᠭᠡᠷᠡᠴᠢᠯᠡᠪᠡ》 ᠭᠡᠵᠦ ᠵᠣᠷᠢᠭᠲᠠᠢ᠎ᠪᠠᠷ ᠲᠥᠰᠥᠭᠡᠯᠡᠭᠰᠡᠨ ᠶᠤᠮ᠃ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠨᠢ ᠦᠨᠡᠨ ᠶᠣᠰᠣ ᠪᠠ ᠶᠣᠰᠣ ᠵᠢᠷᠤᠮ᠎ᠤᠨ ᠠᠰᠢᠭᠲᠠᠢ ᠪᠠᠢ᠌ᠷᠢᠨ᠎ᠳᠤ ᠵᠣᠭᠰᠣᠵᠤ᠂ ᠥᠷᠥᠨᠡᠳᠠᠬᠢᠨ᠎ᠤ ᠪᠣᠯᠪᠠᠰᠤᠨ᠎ᠢ ᠰᠢᠭᠰᠢᠵᠦ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠲᠠᠪᠰᠢᠯᠳᠠ ᠪᠠ ᠳᠡᠯᠡᠬᠡᠢ ᠨᠡᠶ᠋ᠢᠲᠡ ᠵᠢᠨ ᠬᠥᠭᠵᠢᠯᠲᠡ ᠵᠢᠨ ᠶᠡᠬᠡ ᠬᠠᠨᠳᠤᠰᠢ᠂ ᠶᠡᠷᠦᠩᠬᠡᠢ ᠱᠠᠭ᠋ᠠᠷᠳᠠᠯᠭ᠎ᠠ ᠵᠢ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠲᠤᠰᠬᠠᠵᠤ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠪᠦᠬᠦᠯᠢ ᠴᠣᠭᠴᠠ ᠵᠢᠨ ᠲᠠᠪᠰᠢᠯᠳᠠ ᠵᠢ ᠵᠢᠯᠣᠭᠣᠳᠤᠨ ᠠᠬᠢᠭᠤᠯᠵᠤ ᠪᠠᠢ᠌ᠨ᠎ᠠ ᠭᠡᠵᠦ ᠬᠡᠯᠡᠵᠦ ᠪᠣᠯᠣᠨ᠎ᠠ᠃
ᠣᠷᠴᠢᠭᠤᠯᠤᠭᠴᠢ᠄ ᠤᠷᠢᠬᠠᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ