11 ᠳ᠋ᠦ᠍ᠭᠡᠷ ᠰᠠᠷ᠎ᠠ ᠵᠢᠨ 21᠎ᠤ ᠡᠳᠤᠷ᠂ ᠲᠤᠮᠳᠠᠳᠤ ᠤᠯᠤᠰ᠎ᠤᠨ ᠦᠨᠳᠦᠰᠦᠳᠡᠨ ᠰᠤᠨᠢᠨ᠎ᠤ ᠬᠤᠷᠢᠶ᠎ᠠ᠎ᠠᠴᠠ ᠭᠤᠤᠯᠯᠠᠨ ᠡᠷᠬᠢᠯᠡᠵᠤ᠂ 《ᠲᠤᠮᠳᠠᠳᠤ ᠵᠢ ᠦᠬᠦᠯᠡᠬᠦᠢ》 ᠲᠠᠪᠴᠠᠩ ᠪᠤᠯᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠠᠴᠠ ᠬᠠᠮᠲᠤ᠎ᠪᠠᠷ ᠲᠠᠭ᠋ᠠᠭ᠋ᠠᠴᠢᠯᠠᠨ ᠡᠷᠬᠢᠯᠡᠭᠰᠡᠨ 《ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ ᠢ ᠪᠠᠳᠤᠳᠬᠠᠬᠤ ᠲᠤᠮᠳᠠᠳᠤ ᠵᠢ ᠦᠬᠦᠯᠡᠬᠦᠢ ᠬᠢᠯᠢ ᠬᠢᠵᠠᠭ᠋ᠠᠷ᠎ᠤᠨ ᠠᠶᠠᠯᠠᠯ · 2023》᠎ᠤᠨ ᠬᠦᠯᠤᠨ ᠪᠤᠢ᠌ᠷ ᠦᠷᠳᠡᠭᠡᠨ᠎ᠤ ᠠᠵᠢᠯᠯᠠᠭ᠎ᠠ ᠲᠡᠬᠦᠰ ᠠᠮᠵᠢᠯᠳᠡᠳᠡᠢ ᠦᠨᠳᠦᠷᠯᠡᠵᠠᠢ᠃
ᠲᠤᠰ ᠤᠳᠠᠭ᠋ᠠᠨ᠎ᠤ ᠠᠵᠢᠯᠯᠠᠭ᠎ᠠ᠎ᠨᠢ ᠠᠷᠠᠳ᠎ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠰᠢᠨᠵᠢᠯᠡᠬᠦ ᠮᠡᠷᠭᠡᠵᠢᠯ᠎ᠤᠨ ᠡᠳᠤᠷ᠎ᠤᠨ ᠰᠤᠨᠢᠨ ᠵᠡᠷᠭᠡ ᠵᠠᠭᠤᠴᠢᠯᠠᠭᠤᠷ᠎ᠤᠨ ᠬᠤᠷᠢ ᠰᠢᠬᠠᠮ ᠰᠤᠷᠪᠤᠯᠵᠢᠯᠠᠭᠴᠢ ᠪᠤᠯᠤᠨ ᠰᠦᠯᠵᠢᠶᠡᠨ ᠤᠳᠤᠨᠢ ᠵᠤᠬᠢᠶᠠᠨ ᠪᠠᠢ᠌ᠭᠤᠯᠵᠤ᠂ ᠬᠦᠯᠤᠨ ᠪᠤᠢ᠌ᠷ ᠬᠤᠳᠠ ᠵᠢᠨ ᠬᠠᠢ᠌ᠯᠠᠷ ᠲᠤᠭᠤᠷᠢᠭ᠂ ᠡᠸᠨᠩᠬᠢ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠮᠠᠨᠵᠤᠤᠷ ᠬᠤᠳᠠ᠎ᠳᠤ ᠬᠦᠷᠴᠤ᠂ 《ᠬᠠᠢ ᠳ᠋ᠦᠩ ᠴᠢᠩ》 ᠮᠤᠷᠢᠳᠤ ᠴᠠᠭᠳᠠᠭ᠋ᠠᠨ᠎ᠤ ᠠᠩᠬᠢ᠂ ᠮᠠᠯᠴᠢᠨ ᠬᠢᠯᠢ ᠬᠠᠮᠠᠭ᠋ᠠᠯᠠᠭᠴᠢ᠎ᠲᠠᠢ ᠬᠦᠨᠵᠡᠭᠡᠢ ᠶᠠᠷᠢᠯᠴᠠᠵᠤ᠂ ᠦᠪᠦᠷ ᠮᠤᠩᠭᠤᠯ᠎ᠤᠨ ᠮᠦᠰᠦᠨ ᠲᠡᠭᠡᠷᠡᠬᠢ ᠬᠦᠳᠡᠯᠭᠡᠭᠡᠨ᠎ᠤ ᠪᠤᠯᠪᠠᠰᠤᠷᠠᠯ᠎ᠤᠨ ᠲᠦᠪ᠂ ᠤᠯᠤᠰ᠎ᠤᠨ ᠡᠬᠦᠳᠡ ᠪᠤᠭᠤᠮᠳᠠ᠂ ᠬᠤᠪᠢᠰᠬᠠᠯ᠎ᠤᠨ ᠪᠠᠭᠤᠷᠢ᠂ ᠲᠡᠤᠭᠡᠨ ᠮᠦᠽᠸᠢ᠂ ᠮᠠᠯᠵᠢᠬᠤ ᠨᠡᠢ᠌ᠭᠡᠮ ᠲᠤᠭᠤᠷᠢᠭ ᠵᠡᠷᠭᠡ ᠭᠠᠵᠠᠷ᠎ᠲᠤ ᠠᠷᠠᠳ᠎ᠤᠨ ᠵᠠᠩ ᠤᠢ᠌ᠯᠠ ᠵᠢ ᠤᠢ᠌ᠯᠠᠭ᠋ᠠᠬᠤ ᠰᠤᠷᠪᠤᠯᠵᠢᠯᠠᠬᠤ ᠠᠵᠢᠯᠠᠯᠭ᠎ᠠ ᠦᠷᠨᠢᠬᠦᠯᠵᠠᠢ᠃
ᠲᠡᠤᠭᠡᠨ ᠤᠯᠠ ᠮᠦᠷ᠎ᠠᠴᠠ ᠬᠦᠯᠤᠨ ᠪᠤᠢ᠌ᠷᠢ ᠣᠢ᠌ᠯᠠᠭ᠋ᠠᠶ᠎ᠠ
ᠨᠢᠭᠡ ᠭᠠᠵᠠᠷ ᠤᠷᠤᠨ᠎ᠢ ᠤᠢ᠌ᠯᠠᠭ᠋ᠠᠶ᠎ᠠ ᠭᠡᠪᠡᠯ ᠬᠠᠮᠤᠭ᠎ᠤᠨ ᠰᠠᠢ᠌ᠨ᠎ᠨᠢ ᠲᠤᠬᠠᠢ ᠵᠢᠨ ᠭᠠᠵᠠᠷ᠎ᠤᠨ ᠮᠦᠽᠸᠢ᠎ᠳᠤ ᠤᠴᠢᠨ᠎ᠠ᠃ ᠬᠦᠯᠤᠨ ᠪᠤᠢ᠌ᠷ᠎ᠤᠨ ᠲᠡᠤᠭᠡᠨ ᠮᠦᠽᠸᠢ ᠵᠢᠨ ᠰᠤᠷᠪᠤᠯᠵᠢᠯᠯᠠᠭᠠ ᠵᠢᠨ ᠪᠦᠯᠬᠦᠮ᠎ᠨᠢ ᠬᠦᠯᠤᠨ ᠪᠤᠢ᠌ᠷ ᠪᠣᠯ ᠡᠷᠳᠡ ᠦᠶ᠎ᠡ᠎ᠠᠴᠠ᠎ᠪᠠᠨ ᠲᠠᠷᠤᠢ ᠤᠯᠠᠨ ᠦᠨᠳᠦᠰᠦᠳᠡᠨ᠎ᠤ ᠲᠦᠪᠯᠡᠷᠡᠨ ᠰᠠᠭᠤᠷᠢᠰᠢᠭᠰᠠᠨ ᠭᠠᠵᠠᠷ ᠪᠤᠯᠬᠤ ᠵᠢ ᠤᠢ᠌ᠯᠠᠭ᠋ᠠᠵᠠᠢ᠃ ᠲᠡᠤᠭᠡᠨ ᠤᠷᠳᠤ ᠬᠠᠭᠤᠳᠠᠰᠤ ᠵᠢ ᠰᠡᠬᠦᠬᠡᠶᠡ᠂ ᠶᠡᠭᠡ ᠬᠢᠩᠭ᠋ᠠᠨ ᠲᠠᠪᠠᠭ᠋ᠠᠨᠠᠴᠠ ᠡᠬᠢ ᠡᠬᠦᠰᠦᠯ᠎ᠲᠠᠢ ᠦᠨᠳᠦᠰᠦᠳᠡᠨ᠎ᠨᠦᠭᠦᠳ ᠤᠢ ᠵᠢᠨ ᠬᠦᠨ᠎ᠠᠴᠠ ᠭᠠᠷᠴᠤ ᠢᠷᠡᠵᠤ᠂ ᠶᠡᠭᠡ ᠬᠢᠩᠭ᠋ᠠᠨ ᠲᠠᠪᠠᠭ᠋ᠠᠨᠤ ᠵᠡᠬᠦᠨ ᠪᠠᠷᠠᠭᠤᠨ ᠬᠤᠷᠮᠤᠢ᠎ᠪᠠᠷ ᠡᠮᠤᠨᠡᠰᠢᠯᠡᠵᠤ᠂ ᠪᠠᠷᠠᠭᠤᠨᠰᠢ᠎ᠪᠠᠨ ᠲᠠᠯ᠎ᠠ ᠨᠤᠲᠤᠭᠰᠢᠭᠰᠠᠨ ᠪᠤᠶᠤ ᠡᠮᠤᠨᠡᠰᠢ᠎ᠪᠠᠨ ᠨᠡᠬᠦᠳᠡᠯᠯᠡᠨ ᠮᠠᠯᠵᠢᠵᠤ᠂ ᠡᠴᠤᠰ᠎ᠲᠤ᠎ᠪᠠᠨ ᠰᠢᠷᠠᠮᠦ᠋ᠷᠡᠨ ᠭᠤᠤᠯ᠂ ᠯᠤᠤᠬ᠎ᠠ ᠵᠢᠨ ᠭᠤᠤᠯ᠎ᠤᠨ ᠰᠠᠪᠠ ᠭᠠᠵᠠᠷ᠎ᠲᠤ ᠲᠠᠷᠢᠶᠠᠯᠬᠠᠤ ᠪᠤᠯᠪᠠᠰᠤᠨ᠎ᠲᠠᠢ ᠨᠡᠢ᠌ᠯᠡᠵᠠᠢ᠃ ᠪᠠᠯᠠᠷ ᠡᠷᠳᠡᠨ᠎ᠤ ᠦᠶ᠎ᠡ᠎ᠳᠤ ᠡᠷᠳᠡᠨ᠎ᠤ ᠬᠦᠮᠤᠨ ᠲᠦᠷᠦᠯᠬᠢᠳᠡᠨ ᠪᠣᠯᠬᠤ ᠵᠠᠯᠠᠢ᠌ᠨᠠᠭᠤᠷ ᠬᠦᠮᠤᠨ ᠬᠦᠯᠤᠨ ᠨᠠᠭᠤᠷ ᠳᠠᠭ᠋ᠠᠤ ᠠᠵᠤ ᠲᠦᠷᠦᠵᠤ ᠪᠠᠢ᠌ᠭᠰᠠᠨ ᠶᠤᠮ᠃ ᠲᠤᠮᠳᠠᠳᠤ ᠵᠢᠨ ᠲᠡᠤᠭᠡᠨ ᠳᠠᠬᠢ ᠠᠩᠬᠠᠨ᠎ᠤ ᠴᠦᠭᠡᠨ ᠲᠤᠭ᠋ᠠᠳᠤ ᠦᠨᠳᠦᠰᠦᠳᠡᠨ᠎ᠤ ᠵᠠᠰᠠᠭ᠎ᠤᠨ ᠡᠷᠭᠡ — ᠤᠮᠠᠷᠠᠳᠤ ᠸᠸᠢ ᠤᠯᠤᠰ᠎ᠢ ᠪᠠᠢ᠌ᠭᠤᠯᠤᠭᠰᠠᠨ ᠲᠦᠸᠸᠪᠠ ᠰᠢᠶᠠᠨᠪᠢ ᠬᠦᠮᠤᠨ ᠲᠠᠷᠤᠢ ᠬᠦᠯᠤᠨ ᠪᠤᠢ᠌ᠷ᠎ᠠᠴᠠ ᠡᠬᠦᠰᠦᠯᠳᠡᠢ᠃ ᠬᠦᠯᠤᠨ ᠪᠤᠢ᠌ᠷ ᠬᠤᠳᠠ ᠵᠢ 1732 ᠤᠨ᠎ᠳᠤ ᠠᠩᠬ᠎ᠠ ᠡᠬᠢᠯᠡᠨ ᠪᠠᠢ᠌ᠭᠤᠯᠵᠤ᠂ ᠴᠢᠩ ᠤᠯᠤᠰ᠎ᠤᠨ ᠵᠠᠰᠠᠭ᠎ᠤᠨ ᠤᠷᠳᠤᠨ ᠬᠢᠯᠢ ᠬᠢᠵᠠᠭ᠋ᠠᠷ᠎ᠢ ᠬᠠᠮᠠᠭ᠋ᠠᠯᠠᠬᠤ ᠵᠢᠨ ᠲᠦᠯᠦᠭᠡ ᠪᠦᠳᠡ ᠬᠠᠨ ᠵᠡᠷᠭᠡ ᠭᠠᠵᠠᠷ᠎ᠠᠴᠠ ᠮᠤᠩᠭᠤᠯ᠂ ᠡᠸᠡᠩᠬᠢ᠂ ᠤᠷᠴᠤᠨ᠂ ᠲᠠᠭᠤᠷ ᠵᠡᠷᠭᠡ ᠡᠯ᠎ᠡ ᠦᠨᠳᠦᠰᠦᠳᠡᠨ᠎ᠤ ᠴᠡᠷᠢᠭ ᠠᠷᠠᠳ᠎ᠢ ᠲᠠᠳᠠᠵᠤ ᠢᠷᠡᠭᠦᠯᠦᠭᠡᠳ᠂ ᠬᠦᠯᠤᠨ ᠪᠤᠢ᠌ᠷ᠎ᠤᠨ ᠲᠠᠯ᠎ᠠ ᠨᠤᠳᠤᠭ᠎ᠲᠤ ᠬᠣᠲᠠ᠎ᠵᠢᠨ ᠮᠠᠯ ᠬᠠᠷᠢᠭᠤᠯᠬᠤ᠂ ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠬᠤ᠂ ᠬᠢᠯᠢ ᠬᠢᠵᠠᠭ᠋ᠠᠷ᠎ᠢ ᠨᠡᠭᠡᠭᠡᠬᠦ ᠰᠢᠨ᠎ᠡ ᠠᠮᠢᠳᠤᠷᠠᠯ᠎ᠢ ᠡᠬᠢᠯᠡᠬᠦᠯᠵᠠᠢ᠃ ᠰᠡᠬᠦᠯᠡᠷ᠎ᠨᠢ ᠬᠢᠯᠢ ᠬᠢᠵᠠᠭ᠋ᠠᠷ᠎ᠢ ᠲᠡᠮᠵᠢᠬᠦ᠂ ᠬᠢᠯᠢ ᠬᠢᠵᠠᠭ᠋ᠠᠷ᠎ᠢ ᠶᠡᠬᠡ᠎ᠪᠠᠷ ᠨᠡᠭᠡᠭᠡᠬᠦ ᠵᠢ ᠦᠩᠭᠡᠷᠡᠭᠡᠵᠤ᠂ ᠪᠦᠬᠦ ᠤᠯᠤᠰ᠎ᠤᠨ ᠡᠯ᠎ᠡ ᠭᠠᠵᠠᠷ᠎ᠠᠴᠠ ᠡᠯ᠎ᠡ ᠦᠨᠳᠦᠰᠦᠳᠡᠨ᠎ᠤ ᠠᠷᠠᠳ ᠶᠡᠭᠡ ᠭᠡᠮᠵᠢᠶ᠎ᠡ᠎ᠪᠠᠷ ᠤᠷᠤᠵᠤ ᠢᠷᠡᠵᠤ᠂ ᠶᠡᠬᠡ ᠬᠢᠩᠭ᠋ᠠᠨ ᠲᠠᠪᠠᠭ᠎ᠠ ᠵᠢ ᠨᠡᠭᠡᠭᠡᠨ ᠬᠦᠭᠵᠢᠬᠦᠯᠬᠦ᠂ ᠠᠳᠠᠷ ᠬᠠᠭ᠋ᠠᠯᠪᠤᠷᠢᠯᠠᠨ ᠨᠡᠭᠡᠭᠡᠨ ᠬᠦᠭᠵᠢᠬᠦᠯᠬᠦ᠂ ᠨᠡᠬᠦᠷᠡᠰᠤᠨ ᠠᠭᠤᠷᠬᠠᠢ ᠵᠢ ᠨᠡᠭᠡᠭᠡᠨ ᠬᠦᠭᠵᠢᠬᠦᠯᠬᠦ ᠵᠡᠷᠭᠡ ᠤᠢ᠌ᠯᠠᠰᠲᠤ ᠤᠷᠤᠯᠴᠠᠵᠤ᠂ ᠬᠢᠯᠢ ᠬᠢᠵᠠᠭ᠋ᠠᠷ᠎ᠢ ᠬᠦᠭᠵᠢᠬᠦᠯᠤᠨ ᠮᠠᠨᠳᠤᠭᠤᠯᠵᠤ᠂ ᠤᠯᠤᠰ ᠤᠷᠤᠨ᠎ᠤ ᠪᠠᠢ᠌ᠭᠤᠯᠤᠯᠳᠡ ᠵᠢ ᠲᠡᠮᠵᠢᠵᠤ᠂ ᠬᠦᠯᠤᠨ ᠪᠤᠢ᠌ᠷ᠎ᠤᠨ ᠡᠯ᠎ᠡ ᠦᠨᠳᠦᠰᠦᠳᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠵᠢᠨ ᠲᠡᠤᠭᠡᠨ ᠠᠭᠤᠯᠬᠤᠨ ᠪᠤᠯᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠡ ᠵᠢᠨ ᠬᠦᠨ ᠵᠤᠵᠠᠭ᠋ᠠᠨ ᠲᠡᠪᠢᠰᠭᠡᠷ ᠦᠩᠭᠡ ᠵᠢ ᠰᠠᠭᠤᠷᠢᠯᠠᠭᠰᠠᠨ ᠪᠠᠢ᠌ᠨ᠎ᠠ᠃
ᠰᠤᠷᠪᠤᠯᠵᠢᠯᠠᠭ᠎ᠠ ᠵᠢᠨ ᠪᠦᠯᠬᠦᠮ᠎ᠨᠢ ᠲᠡᠤᠬᠡᠨ ᠮᠦᠽᠸᠢ᠎ᠳᠤ ᠡᠯ᠎ᠡ ᠦᠨᠳᠦᠰᠦᠳᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠵᠢᠨ ᠲᠡᠤᠭᠡᠨ ᠦᠯᠢᠭᠡᠷ᠎ᠢ ᠣᠢ᠌ᠯᠠᠭ᠋ᠠᠪᠠ
ᠠᠭᠤᠳᠡᠮᠴᠢ ᠪᠠᠭᠳᠠᠭ᠋ᠠᠮᠵᠢ᠎ᠳᠤ ᠬᠦᠯᠤᠨ ᠪᠤᠢ᠌ᠷᠢ ᠣᠢ᠌ᠯᠠᠭ᠋ᠠᠶ᠎ᠠ
1910 ᠤᠨ᠎ᠳᠤ ᠴᠢᠩ ᠤᠯᠤᠰ᠎ᠤᠨ ᠵᠠᠰᠠᠭ᠎ᠤᠨ ᠭᠠᠵᠠᠷ ᠮᠤᠩᠭᠤᠯ᠎ᠤᠨ ᠬᠤᠷᠢᠭ᠋ᠠᠳᠤ ᠲᠦᠷᠤ ᠵᠢᠨ ᠪᠤᠳᠤᠯᠭ᠎ᠠ ᠵᠢ ᠬᠦᠴᠤᠨ ᠦᠭᠡᠢ ᠪᠤᠯᠭ᠋ᠠᠵᠤ᠂ ᠠᠷᠠᠳ᠎ᠢ ᠨᠡᠬᠦᠯᠭᠡᠵᠤ ᠬᠢᠯᠢ ᠬᠢᠵᠠᠭ᠋ᠠᠷ᠎ᠢ ᠪᠡᠬᠢᠵᠢᠬᠦᠯᠦᠭᠰᠡᠨ᠂ ᠭᠤᠸᠠᠨ ᠳ᠋ᠦᠩ ᠭᠠᠵᠠᠷ ᠤᠴᠢᠭᠤᠯᠤᠭᠰᠠᠨ᠂ ᠵᠦᠩ ᠳ᠋ᠦᠩ ᠲᠡᠮᠤᠷ ᠵᠠᠮ ᠵᠠᠰᠠᠭᠰᠠᠨ᠂ ᠨᠡᠬᠦᠷᠡᠰᠤᠨ ᠠᠭᠤᠷᠬᠠᠢ ᠨᠡᠭᠡᠭᠡᠨ ᠮᠠᠯᠳᠠᠭᠰᠠᠨ ᠵᠡᠷᠭᠡ ᠲᠡᠤᠭᠡᠨ ᠭᠡᠷᠡᠭ ᠶᠠᠪᠤᠳᠡᠯ ᠵᠠᠯᠭ᠋ᠠᠭ᠎ᠠ᠎ᠪᠠᠷ ᠡᠬᠦᠰᠴᠤ᠂ ᠪᠦᠬᠦ ᠤᠯᠤᠰ᠎ᠤᠨ ᠡᠯ᠎ᠡ ᠭᠠᠵᠠᠷ᠎ᠠᠴᠠ ᠬᠦᠯᠤᠨ ᠪᠤᠢ᠌ᠷ᠎ᠲᠤ ᠨᠡᠬᠦᠭᠰᠡᠨ ᠡᠯ᠎ᠡ ᠦᠨᠳᠦᠰᠦᠳᠡᠨ᠎ᠤ ᠠᠷᠠᠳ᠂ ᠤᠤᠯ᠎ᠳᠤ᠎ᠪᠠᠨ ᠬᠦᠯᠤᠨ ᠪᠤᠢ᠌ᠷ᠎ᠲᠤ ᠰᠠᠬᠢᠨ ᠰᠠᠭᠤᠵᠤ ᠪᠠᠢ᠌ᠭᠰᠠᠨ ᠡᠯ᠎ᠡ ᠦᠨᠳᠦᠰᠦᠳᠡᠨ᠎ᠤ ᠠᠷᠠᠳ᠎ᠲᠠᠢ ᠬᠠᠮᠳᠤ ᠡᠭᠡ ᠤᠯᠤᠰ᠎ᠤᠨ ᠤᠮᠠᠷᠠᠳᠤ ᠬᠢᠯᠢ ᠵᠢ ᠰᠠᠬᠢᠨ ᠬᠠᠮᠠᠭ᠋ᠠᠯᠠᠬᠤ ᠲᠤᠯᠭ᠋ᠠᠭᠤᠷᠢ ᠬᠦᠴᠤᠨ ᠪᠤᠯᠵᠠᠢ᠃
ᠲᠦᠮᠠᠨ ᠭᠠᠵᠠᠷ᠎ᠤᠨ ᠴᠠᠢ ᠵᠢᠨ ᠵᠠᠮ᠎ᠳᠠᠬᠢ ᠠᠶᠠᠨ᠎ᠤ ᠴᠤᠪᠤᠭ᠎ᠠ᠂ ᠭᠤᠸᠠᠨ ᠳ᠋ᠦᠩ ᠭᠠᠵᠠᠷ ᠤᠴᠢᠭᠰᠠᠨ ᠲᠠᠷᠢᠶᠠᠴᠢᠨ᠂ ᠵᠦᠩ ᠳ᠋ᠦᠩ ᠲᠡᠮᠤᠷ ᠵᠠᠮ ᠵᠠᠰᠠᠭᠰᠠᠨ ᠠᠵᠢᠯᠴᠢᠨ ᠪᠦᠷ ᠬᠦᠯᠤᠨ ᠪᠤᠢ᠌ᠷ᠎ᠲᠤ ᠰᠡᠳᠬᠢᠯ᠎ᠤᠨ ᠪᠠᠭᠤᠴᠠ ᠪᠤᠯᠤᠨ ᠠᠮᠢᠳᠤᠷᠠᠯ᠎ᠤᠨ ᠬᠦᠰᠡᠯ ᠲᠡᠮᠤᠯᠤᠯ ᠵᠶ᠋ᠠᠨ ᠬᠠᠢ᠌ᠨ ᠤᠯᠵᠤ᠂ ᠬᠦᠯᠤᠨ ᠪᠤᠢ᠌ᠷ᠎ᠤᠨ ᠡᠭᠡ ᠭᠠᠵᠠᠷ ᠪᠤᠯᠤᠨ ᠬᠦᠯᠤᠨ ᠪᠤᠢ᠌ᠷ᠎ᠤᠨ ᠠᠮᠢᠳᠤᠷᠠᠯ᠎ᠳᠤ ᠠᠭᠤᠰᠴᠠᠢ᠃ ᠬᠦᠯᠤᠨ ᠪᠤᠢ᠌ᠷ᠎ᠤᠨ ᠡᠯ᠎ᠡ ᠦᠨᠳᠦᠰᠦᠳᠡᠨ᠎ᠤ ᠠᠷᠠᠳ ᠪᠦᠬᠦ ᠤᠯᠤᠰ᠎ᠤᠨ ᠡᠯ᠎ᠡ ᠭᠠᠵᠠᠷ᠎ᠤᠨ ᠬᠦᠮᠦᠨ᠎ᠢ ᠪᠠᠭᠳᠠᠭ᠋ᠠᠭᠰᠠᠭ᠋ᠠᠷ ᠢᠷᠡᠵᠤ᠂ ᠲᠡᠳᠡᠨᠤᠰ᠎ᠲᠠᠢ ᠬᠤᠪᠢ ᠵᠠᠶᠠᠭ᠎ᠠ᠎ᠪᠠᠨ ᠬᠠᠮᠳᠤᠳᠬᠠᠵᠤ᠂ ᠰᠡᠳᠬᠢᠯ ᠵᠢᠷᠤᠭᠡ᠎ᠪᠠᠨ ᠬᠤᠯᠪᠤᠵᠤ᠂ ᠰᠠᠯᠵᠤ ᠪᠤᠯᠤᠰᠢ ᠦᠭᠡᠢ ᠨᠢᠭᠡ ᠭᠡᠷ᠎ᠤᠨ ᠬᠦᠮᠦᠰ ᠪᠤᠯᠤᠭᠰᠠᠨ ᠶᠤᠮ᠃ ᠤᠳᠤ ᠬᠦᠯᠤᠨ ᠪᠤᠢ᠌ᠷ᠎ᠨᠢ ᠡᠯ᠎ᠡ ᠦᠨᠳᠦᠰᠦᠳᠡᠨ ᠠᠭᠤᠰᠤᠯᠴᠠᠨ ᠰᠠᠭᠤᠷᠢᠰᠢᠵᠤ᠂ ᠤᠶᠠᠯᠳᠤᠨ ᠬᠦᠭᠵᠢᠭᠰᠡᠨ ᠤᠬᠢ ᠰᠠᠢ᠌ᠨ ᠪᠠᠢ᠌ᠳᠡᠯᠲᠠᠢ ᠪᠤᠯᠵᠠᠢ᠃ 2020 ᠤᠨ᠎ᠤ ᠪᠦᠷᠢᠳᠭᠡᠯ᠎ᠢ ᠦᠨᠳᠦᠰᠦᠯᠡᠪᠡᠯ᠂ ᠪᠦᠬᠦ ᠬᠤᠳᠠ ᠵᠢᠨ 14581 ᠬᠣᠣᠰ᠎ᠤᠳ ᠤᠷᠤᠭ ᠳᠠᠩᠰᠠᠯᠠᠭᠤᠯᠪᠠ᠂ ᠡᠬᠦᠨ᠎ᠳᠤ ᠠᠳᠠᠯᠢ ᠪᠤᠰᠤ ᠦᠨᠳᠦᠰᠦᠳᠡᠨ᠎ᠤ ᠬᠤᠭᠤᠷᠤᠳᠤ ᠤᠷᠤᠭ ᠲᠠᠩᠰᠠᠯᠠᠭᠤᠯᠭᠰᠠᠨᠨᠢ 4113 ᠬᠤᠤᠰ ᠪᠠᠢ᠌ᠵᠤ᠂ ᠶᠡᠷᠤᠩᠭᠡᠢ ᠲᠤᠭ᠋ᠠᠨ᠎ᠤ 28.21% ᠵᠢ ᠡᠵᠡᠯᠡᠵᠠᠢ᠃
ᠰᠤᠷᠪᠤᠯᠵᠢᠯᠠᠭ᠎ᠠ ᠵᠢᠨ ᠪᠦᠯᠬᠦᠮ ᠬᠠᠢ᠌ᠯᠠᠷ ᠲᠤᠭᠤᠷᠢᠭ᠎ᠤᠨ ᠨᠡᠭᠡᠭᠡᠯᠳᠡ ᠵᠢᠨ ᠨᠡᠢ᠌ᠭᠡᠮ ᠲᠤᠭᠤᠷᠢᠭ᠎ᠠᠴᠠ ᠡᠯ᠎ᠡ ᠦᠨᠳᠦᠰᠦᠳᠡᠨ᠎ᠤ ᠠᠭᠤᠰᠤᠯᠴᠠᠨ ᠬᠦᠭᠵᠢᠭᠰᠡᠨ ᠪᠠᠢ᠌ᠳᠡᠯᠢ ᠣᠢ᠌ᠯᠠᠭ᠋ᠠᠪᠠ
ᠰᠤᠶᠤᠯ᠎ᠤᠨ ᠷᠢᠳᠢ ᠰᠢᠳᠢ᠎ᠠᠴᠠ ᠬᠦᠯᠤᠨ ᠪᠤᠢ᠌ᠷ ᠢ ᠪᠡᠶᠡᠴᠢᠯᠡᠨ ᠣᠢ᠌ᠯᠠᠭ᠋ᠠᠶ᠎ᠠ
ᠡᠯ᠎ᠡ ᠦᠨᠳᠦᠰᠦᠳᠡᠨ᠎ᠤ ᠰᠤᠶᠤᠯ ᠡᠨᠳᠡ ᠰᠤᠯᠢᠯᠴᠠᠨ ᠲᠤᠯᠢᠳᠡᠵᠤ᠂ ᠠᠭᠤᠰᠤᠯᠴᠠᠨ ᠬᠦᠭᠵᠢᠵᠤ᠂ ᠭᠡᠷᠡᠯ ᠰᠠᠴᠤᠷᠠᠩᠭᠤᠢ ᠲᠤᠮᠳᠠᠳᠤ ᠵᠢᠨ ᠰᠤᠶᠤᠯ᠎ᠲᠠᠢ ᠨᠡᠢ᠌ᠯᠡᠭᠡᠳ᠂ ᠡᠭᠡ ᠤᠯᠤᠰ᠎ᠤᠨ ᠤᠮᠠᠷᠠᠳᠤ ᠬᠢᠯᠢ ᠵᠢᠨ ᠡᠯ᠎ᠡ ᠦᠨᠳᠦᠰᠦᠳᠡᠨ᠎ᠤ ᠠᠷᠠᠳ ᠲᠦᠮᠠᠨ᠎ᠤ ᠤᠶᠤᠨ ᠰᠠᠨᠠᠭ᠋ᠠᠨ᠎ᠤ ᠭᠡᠷ ᠤᠷᠤᠨ᠎ᠢ ᠪᠠᠶᠠᠯᠢᠭᠵᠢᠭᠤᠯᠤᠭᠰᠠᠨᠢ ᠪᠡᠶᠡᠴᠢᠯᠡᠨ ᠣᠢ᠌ᠯᠠᠭ᠋ᠠᠪᠠ᠃ ᠬᠦᠯᠤᠨ ᠪᠦᠢ᠍ᠷ ᠬᠤᠳᠠ᠎ᠨᠢ 《ᠬᠤᠶᠠᠷ᠎ᠢ ᠡᠬᠦᠳᠬᠦ》 ᠰᠤᠳᠤᠨ ᠢᠨᠵᠸᠨ᠋ᠸᠷᠢᠩ᠂ 《ᠬᠤᠶᠠᠷ ᠹᠷᠤᠨᠲ》᠎ᠤᠨ ᠲᠠᠭ᠋ᠠᠭᠤᠯᠤᠭᠴᠢ ᠢᠨᠵᠸᠨ᠋ᠸᠷᠢᠩ᠂ ᠤᠯᠠᠨ ᠲᠦᠮᠡᠨᠴᠢ ᠰᠤᠶᠤᠯ᠎ᠤᠨ ᠰᠢᠮᠡᠳᠤ ᠢᠨᠵᠸᠨ᠋ᠸᠷᠢᠩ ᠵᠡᠷᠭᠡ ᠠᠷᠭ᠎ᠠ᠎ᠪᠠᠷ ᠡᠯ᠎ᠡ ᠦᠨᠳᠦᠰᠦᠳᠡᠨ᠎ᠤ ᠲᠤᠮᠳᠠᠳᠤ ᠵᠢᠨ ᠰᠤᠶᠤᠯ᠎ᠤᠨ ᠲᠤᠬᠠᠢ ᠣᠢ᠌ᠯᠠᠭ᠋ᠠᠯᠲᠠ ᠵᠢ ᠴᠢᠩᠭ᠋ᠠᠳᠬᠠᠵᠤ᠂ ᠡᠯ᠎ᠡ ᠦᠨᠳᠦᠰᠦᠳᠡᠨ᠎ᠤ ᠰᠤᠶᠤᠯ᠎ᠤᠨ ᠡᠬᠦᠳᠦᠯᠳᠡ ᠵᠢᠨ ᠴᠢᠨᠠᠷᠳᠡᠢ ᠤᠯᠠᠷᠢᠭᠤᠯᠤᠯᠳᠡ᠂ ᠰᠢᠨᠡᠴᠢᠯᠡᠯᠳᠡ ᠵᠢᠨ ᠴᠢᠨᠠᠷᠳᠡᠢ ᠬᠦᠭᠵᠢᠯᠳᠡ ᠵᠢ ᠠᠬᠢᠭᠤᠯᠵᠤ᠂ ᠮᠤᠩᠭᠤᠯ ᠦᠨᠳᠦᠰᠦᠳᠡᠨ᠎ᠤ ᠨᠠᠭ᠋ᠠᠳᠤᠮ᠂ ᠤᠷᠴᠤᠨ ᠦᠨᠳᠦᠰᠦᠳᠡᠨ᠎ᠤ ᠵᠠᠨᠳᠠᠷᠠᠨ᠂ ᠡᠸᠩᠭᠢ ᠦᠨᠳᠦᠰᠦᠳᠡᠨ᠎ᠤ ᠰᠸᠪᠵᠠᠨ ᠪᠠᠶᠠᠷ᠂ ᠲᠠᠭᠤᠷ ᠦᠨᠳᠦᠰᠦᠳᠡᠨ᠎ᠤ ᠷᠦᠭᠯᠡᠷ ᠵᠡᠷᠭᠡ ᠤᠯᠠᠮᠵᠢᠯᠠᠯᠳᠤ ᠰᠤᠶᠤᠯ᠎ᠨᠢ ᠡᠨᠳᠡ ᠪᠦᠷ ᠰᠢᠨ᠎ᠡ ᠠᠮᠢᠵᠢᠷᠠᠯ᠎ᠤᠨ ᠬᠦᠴᠤᠨ ᠵᠶ᠋ᠠᠨ ᠤᠯᠵᠤ᠂ ᠡᠭᠡ ᠤᠯᠤᠰ᠎ᠤᠨ ᠤᠮᠠᠷᠠᠳᠤ ᠬᠢᠯᠢ ᠵᠢᠨ ᠦᠵᠡᠰᠬᠦᠯᠡᠩ᠎ᠳᠤ ᠰᠠᠢ᠌ᠬᠠᠨ ᠦᠵᠡᠮᠵᠢᠳᠤ ᠴᠢᠮᠡᠭ ᠪᠤᠯᠤᠭᠰᠠᠨ ᠪᠠᠢ᠌ᠨ᠎ᠠ᠃ ᠰᠤᠷᠪᠤᠯᠵᠢᠯᠠᠭ᠎ᠠ ᠵᠢᠨ ᠪᠦᠯᠬᠦᠮ ᠬᠠᠭᠤᠴᠢᠨ ᠪᠠᠷᠭᠤ ᠬᠤᠰᠢᠭᠤ ᠪᠤᠯᠤᠨ ᠡᠸᠩᠬᠢ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠰᠢᠭᠤᠨ᠎ᠳᠤ ᠪᠤᠳᠠᠰ᠎ᠤᠨ ᠪᠤᠰᠤ ᠰᠤᠶᠤᠯ᠎ᠤᠨ ᠦᠪ᠎ᠢ ᠵᠤᠬᠢᠶᠠᠨ ᠤᠢ᠌ᠯᠡᠳᠬᠦ ᠶᠠᠪᠤᠴᠠ᠎ᠳᠤ ᠪᠡᠶᠡᠴᠢᠯᠠᠨ ᠤᠷᠤᠯᠴᠠᠵᠤ᠂ ᠦᠨᠳᠦᠰᠦᠳᠡᠨ᠎ᠤ ᠰᠤᠶᠤᠯ᠎ᠤᠨ ᠡᠬᠦᠳᠦᠯᠳᠡ ᠵᠢᠨ ᠪᠦᠳᠦᠭᠡᠭᠳᠡᠬᠦᠨ᠎ᠢ ᠲᠤᠭᠤᠷᠢᠨ ᠦᠵᠡᠵᠤ᠂ ᠲᠤᠬᠠᠢ ᠵᠢᠨ ᠭᠠᠵᠠᠷ᠎ᠤᠨ ᠨᠡᠪᠳᠡᠷᠡᠬᠦᠯᠦᠭᠴᠢ᠎ᠲᠠᠢ ᠬᠠᠮᠳᠤ ᠰᠢᠭᠤᠳ ᠨᠡᠪᠳᠡᠷᠡᠬᠦᠯᠵᠤ᠂ ᠨᠡᠩ ᠤᠯᠠᠨ ᠬᠦᠮᠤᠨ᠎ᠳᠤ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠨᠴᠠᠯᠢᠭᠳᠤ ᠷᠢᠳᠢ ᠰᠢᠳᠢ ᠵᠢ ᠮᠡᠳᠡᠷᠡᠬᠦᠯᠵᠤ᠂ ᠬᠦᠨ ᠨᠠᠷᠢᠨ ᠭᠠᠷ ᠤᠷᠠᠯᠠᠯ᠎ᠤᠨ ᠡᠷᠳᠡᠮᠳᠤ ᠦᠪᠯᠡᠭᠳᠡᠵᠤ ᠪᠠᠢ᠌ᠭ᠎ᠠ ᠤᠷᠠᠨ ᠲᠠᠷᠬᠠᠨ ᠰᠡᠳᠬᠢᠯᠭᠡ ᠵᠢ ᠤᠢ᠌ᠯᠠᠭ᠋ᠠᠵᠤ᠂ ᠲᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ᠎ᠢ ᠤᠯᠠᠮᠵᠢᠯᠠᠨ ᠳᠠᠮᠵᠢᠭᠤᠯᠪᠠ᠃
ᠪᠡᠭᠡᠵᠢᠩ᠎ᠤᠨ ᠵᠠᠯᠠᠭᠤᠴᠤᠳ ᠰᠤᠨᠢᠨ᠎ᠤ ᠰᠤᠷᠪᠤᠯᠵᠢᠯᠠᠭᠴᠢ ᠬᠤ᠌ ᠱᠠ 《ᠬᠠᠬᠢᠷ ᠡᠪᠤᠯ ᠬᠦᠳᠡᠭᠡ ᠢᠷᠡᠵᠤ᠂ ᠮᠠᠯᠴᠢᠳ᠎ᠤᠨ ᠬᠠᠯᠠᠭᠤᠨ ᠰᠡᠳᠬᠢᠯ᠎ᠢ ᠮᠡᠳᠡᠷᠡᠯ᠎ᠡ᠃ ᠨᠤᠮ ᠪᠢᠴᠢᠭ᠂ ᠪᠠᠷᠢᠮᠳᠠᠳᠤ ᠹᠢᠯᠢᠮ᠎ᠳᠠᠬᠢ ᠡᠯ᠎ᠡ ᠦᠨᠳᠦᠰᠦᠳᠡᠨ᠎ᠤ ᠲᠡᠤᠭᠡᠨ ᠶᠠᠪᠤᠴᠠ ᠵᠢᠨ ᠲᠦᠷᠰᠤᠯᠡᠯᠢ ᠰᠤᠨᠢᠷᠬᠠᠬᠤ᠎ᠨᠢ ᠲᠤᠬᠠᠢ ᠵᠢᠨ ᠭᠠᠵᠠᠷ᠎ᠲᠤᠨᠢ ᠢᠷᠡᠬᠦ᠎ᠲᠠᠢ ᠬᠠᠷᠢᠴᠠᠭᠤᠯᠬᠤ ᠵᠢᠨ ᠠᠷᠭ᠎ᠠ ᠦᠭᠡᠢ᠂ ᠲᠠ ᠪᠦᠬᠦᠨ᠎ᠢ ᠬᠦᠯᠤᠨ ᠪᠤᠢ᠌ᠷ᠎ᠲᠤ ᠤᠷᠢᠵᠤ᠂ ᠡᠨᠳᠡᠬᠢ ᠵᠢ ᠤᠢ᠌ᠯᠠᠭ᠋ᠠᠬᠤ ᠵᠢ ᠬᠦᠰᠡᠵᠤ ᠪᠠᠢ᠌ᠨ᠎ᠠ᠃ ᠪᠢ ᠵᠢᠷᠤᠭ ᠪᠢᠴᠢᠯᠭᠡ᠂ ᠤᠬᠤᠷ ᠪᠢᠴᠢᠯᠭᠡ ᠵᠡᠷᠭᠡ᠎ᠪᠠᠷ ᠬᠦᠯᠤᠨ ᠪᠤᠢ᠌ᠷᠢ ᠤᠬᠠᠭᠤᠯᠵᠤ᠂ ᠬᠦᠯᠤᠨ ᠪᠤᠢ᠌ᠷᠢ ᠲᠠᠮᠵᠢᠭᠤᠯᠤᠨ᠎ᠠ》 ᠭᠡᠵᠡᠢ᠃
ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠭᠰᠠᠨ ᠢᠷᠠᠭᠤ ᠠᠯᠳᠠᠷ᠎ᠤᠨ ᠲᠡᠦᠬᠡᠨ᠎ᠠᠴᠠ ᠬᠦᠯᠤᠨ ᠪᠤᠢ᠌ᠷᠢ ᠣᠢ᠌ᠯᠠᠭ᠋ᠠᠶ᠎ᠠ
ᠬᠦᠯᠤᠨ ᠪᠤᠢ᠌ᠷ ᠬᠤᠳᠠ᠎ᠨᠢ ᠰᠠᠬᠢᠨ ᠬᠠᠮᠠᠭ᠋ᠠᠯᠠᠬᠤ ᠲᠤᠮᠳᠠ ᠪᠠᠢ᠌ᠭᠤᠯᠤᠭᠳᠠᠵᠤ᠂ ᠬᠢᠯᠢ ᠬᠢᠵᠠᠭ᠋ᠠᠷ᠎ᠢ ᠪᠡᠬᠢᠵᠢᠬᠦᠯᠬᠦ ᠲᠤᠮᠳᠠ ᠬᠦᠭᠵᠢᠨ ᠮᠠᠨᠳᠤᠵᠠᠢ᠃
1733.32 ᠺᠢᠯᠤᠮᠸᠲᠷ᠎ᠤᠨ ᠬᠢᠯᠢ ᠵᠢᠨ ᠱᠤᠭᠤᠮ᠎ᠲᠠᠢ ᠬᠦᠯᠤᠨ ᠪᠤᠢ᠌ᠷ ᠪᠤᠯ ᠪᠦᠬᠦ ᠤᠯᠤᠰ᠎ᠤᠨ ᠴᠤᠷ᠎ᠤᠨ ᠭᠠᠭᠴᠠ ᠲᠤᠮᠳᠠᠳᠤ ᠤᠷᠤᠰ ᠮᠤᠩᠭᠤᠯ ᠭᠤᠷᠪᠠᠨ ᠤᠯᠤᠰ᠎ᠤᠨ ᠬᠢᠯᠢ ᠵᠢ ᠬᠣᠯᠪᠣᠭᠰᠠᠨ ᠣᠷᠣᠨ ᠪᠠᠢ᠌ᠵᠤ᠂ 《ᠲᠠᠬᠢᠶ᠎ᠠ ᠵᠢᠨ ᠲᠠᠭᠤᠨ ᠭᠤᠷᠪᠠᠨ ᠤᠯᠤᠰ᠎ᠲᠤ ᠰᠣᠨᠣᠰᠲᠠᠵᠤ᠂ ᠨᠤᠬᠠᠢ ᠵᠢᠨ ᠲᠠᠭᠤᠨ ᠭᠤᠷᠪᠠᠨ ᠬᠢᠯᠢ᠎ᠳᠤ ᠬᠦᠷᠬᠦ》 ᠭᠡᠳᠡᠭ᠎ᠨᠢ ᠲᠡᠬᠦᠨ᠎ᠤ ᠬᠠᠮᠤᠭ᠎ᠤᠨ ᠠᠮᠢᠳᠤᠯᠢᠭ ᠲᠦᠷᠰᠤᠯᠡᠯ ᠮᠦᠨ᠃ ᠨᠡᠢ᠌ᠭᠡᠮ ᠵᠢᠷᠤᠮᠲᠤ ᠪᠠᠢ᠌ᠭᠤᠯᠤᠯᠳᠡ ᠵᠢᠨ ᠦᠶ᠎ᠡ᠎ᠳᠤ᠂ ᠦᠢ ᠲᠦᠮᠠᠨ ᠴᠡᠷᠢᠭ᠎ᠠᠴᠠ ᠪᠠᠭᠤᠭᠰᠠᠳ᠂ ᠰᠡᠭᠡᠭᠡᠲᠡᠳ ᠪᠤᠯᠤᠨ ᠡᠯ᠎ᠡ ᠲᠦᠷᠤᠯ᠎ᠤᠨ ᠬᠦᠮᠦᠰ ᠨᠠᠮ ᠪᠤᠯᠤᠨ ᠲᠦᠷᠤ ᠵᠢᠨ ᠤᠷᠢᠶᠠᠯᠠᠭ᠎ᠠ ᠵᠢ ᠲᠠᠭ᠋ᠠᠵᠤ᠂ ᠡᠭᠡ ᠤᠯᠤᠰ᠎ᠤᠨ ᠡᠯ᠎ᠡ ᠭᠠᠵᠠᠷ᠎ᠠᠴᠠ ᠬᠦᠯᠤᠨ ᠪᠤᠢ᠌ᠷ᠎ᠲᠤ ᠢᠷᠡᠵᠤ᠂ᠶᠡᠬᠡ ᠬᠢᠩᠭ᠋ᠠᠨ ᠲᠠᠪᠠᠭ᠎ᠠ ᠵᠢ ᠨᠡᠭᠡᠭᠡᠨ ᠬᠦᠭᠵᠢᠬᠦᠯᠬᠦ᠂ ᠠᠳᠠᠷ ᠬᠠᠭ᠋ᠠᠯᠪᠤᠷᠢᠯᠠᠨ ᠨᠡᠭᠡᠭᠡᠨ ᠬᠦᠭᠵᠢᠬᠦᠯᠬᠦ᠂ ᠨᠡᠬᠦᠷᠡᠰᠤᠨ ᠠᠭᠤᠷᠬᠠᠢ ᠵᠢ ᠨᠡᠭᠡᠭᠡᠨ ᠬᠦᠭᠵᠢᠬᠦᠯᠬᠦ ᠤᠢ᠌ᠯᠠᠰᠲᠤ ᠤᠷᠤᠯᠴᠠᠵᠤ᠂ ᠬᠢᠯᠢ ᠬᠢᠵᠠᠭ᠋ᠠᠷ᠎ᠢ ᠬᠦᠭᠵᠢᠬᠦᠯᠤᠨ ᠮᠠᠨᠳᠤᠭᠤᠯᠵᠤ᠂ ᠤᠯᠤᠰ ᠤᠷᠤᠨ᠎ᠤ ᠪᠠᠢ᠌ᠭᠤᠯᠤᠯᠳᠡ ᠵᠢ ᠲᠡᠮᠵᠢᠵᠤ᠂ ᠬᠦᠯᠤᠨ ᠪᠤᠢ᠌ᠷᠢ ᠨᠡᠭᠡᠭᠡᠨ ᠬᠦᠭᠵᠢᠬᠦᠯᠵᠤ ᠪᠠᠢ᠌ᠭᠤᠯᠤᠭᠰᠠᠨ ᠭᠤᠤᠯ ᠬᠦᠴᠤᠨ ᠪᠤᠯᠵᠤ᠂ ᠬᠦᠯᠤᠨ ᠪᠤᠢ᠌ᠷ᠎ᠤᠨ ᠡᠯ᠎ᠡ ᠦᠨᠳᠦᠰᠦᠳᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠪᠠ ᠦᠨᠳᠦᠰᠦᠳᠡᠨ᠎ᠤ ᠪᠦᠯᠬᠦᠮᠳᠡᠯ ᠲᠠᠪᠰᠢᠯᠳᠡ ᠵᠢᠨ ᠬᠦᠨ ᠵᠤᠵᠠᠭ᠋ᠠᠨ ᠲᠡᠪᠢᠰᠭᠡᠷ ᠦᠩᠭᠡ ᠪᠤᠯᠤᠭᠰᠠᠨ ᠪᠠᠢ᠌ᠨ᠎ᠠ᠃ ᠤᠢ᠌ᠷ᠎ᠠ ᠵᠢᠨ ᠵᠢᠯ᠎ᠳᠤ᠂ ᠬᠦᠯᠤᠨ ᠪᠤᠢ᠌ᠷ ᠰᠤᠶᠤᠯ ᠵᠤᠭ᠋ᠠᠴᠠᠯ᠎ᠤᠨ ᠠᠵᠤ ᠤᠢ᠌ᠯᠠᠰᠤᠨ ᠪᠠᠷᠢᠮᠵᠢᠶ᠎ᠠ ᠪᠦᠳᠦᠮᠵᠢ ᠵᠢ ᠳᠡᠭᠡᠭᠰᠢᠯᠡᠭᠦᠯᠦᠨ ᠬᠦᠭᠵᠢᠬᠦᠯᠬᠦ ᠠᠵᠢᠯᠯᠠᠭ᠋ᠠᠨ᠎ᠤ ᠲᠦᠯᠦᠪᠯᠡᠭᠡ᠂ ᠲᠠᠷᠢᠶᠠᠯᠠᠩ ᠮᠠᠯ ᠠᠵᠤ ᠠᠬᠤᠢ ᠵᠢᠨ ᠤᠢ᠌ᠯᠠᠰᠤᠨ ᠤᠨᠠᠯᠳᠡ ᠭᠠᠷᠤᠯᠳᠡ ᠴᠢᠨᠠᠷ ᠴᠢᠨᠰᠠᠭ᠎ᠠ ᠵᠢ ᠨᠡᠮᠡᠭᠳᠡᠬᠦᠯᠤᠨ ᠬᠦᠭᠵᠢᠬᠦᠯᠬᠦ ᠠᠵᠢᠯᠯᠠᠭ᠋ᠠᠨ᠎ᠤ ᠲᠦᠯᠦᠪᠯᠡᠭᠡ᠂ ᠰᠢᠨ᠎ᠡ᠎ᠪᠠᠷ ᠮᠠᠨᠳᠤᠭᠰᠠᠨ ᠠᠵᠤ ᠤᠢ᠌ᠯᠠᠰᠢ ᠲᠦᠪᠯᠡᠷᠡᠩᠬᠦᠢ ᠬᠥᠭᠵᠢᠭᠦᠯᠬᠦ ᠠᠵᠢᠯᠯᠠᠭ᠋ᠠᠨ᠎ᠤ ᠲᠦᠯᠦᠪᠯᠡᠭᠡ᠂ ᠠᠮᠢ ᠠᠬᠤᠢ ᠵᠢᠨ ᠠᠵᠤ ᠤᠢ᠌ᠯᠠᠰᠢ ᠲᠤᠬᠢᠶᠠᠯ ᠬᠠᠨᠳᠤᠰᠢ᠎ᠲᠠᠢ ᠵᠠᠪᠳᠤᠨ ᠬᠥᠭᠵᠢᠭᠦᠯᠬᠦ ᠠᠵᠢᠯᠯᠠᠭ᠋ᠠᠨ᠎ᠤ ᠲᠦᠯᠦᠪᠯᠡᠭᠡ᠂ ᠤᠯᠠᠮᠵᠢᠯᠠᠯᠳᠤ ᠠᠵᠤ ᠤᠢ᠌ᠯᠠᠰᠲᠤ ᠰᠢᠨ᠎ᠡ ᠵᠢ ᠡᠭᠦᠳᠦᠨ ᠰᠢᠯᠢᠳᠡᠭ᠎ᠢ ᠡᠭᠦᠳᠦᠨ ᠬᠥᠭᠵᠢᠭᠦᠯᠬᠦ ᠠᠵᠢᠯᠯᠠᠭ᠋ᠠᠨ᠎ᠤ ᠲᠦᠯᠦᠪᠯᠡᠭᠡ ᠵᠡᠷᠭᠡ 《ᠲᠠᠪᠤᠨ ᠶᠡᠭᠡ ᠠᠵᠢᠯᠯᠠᠭ᠋ᠠᠨ᠎ᠤ ᠲᠦᠯᠦᠪᠯᠡᠭᠡ》 ᠵᠢ ᠭᠡᠷᠡᠭᠵᠢᠬᠦᠯᠬᠦ᠎ᠪᠠᠷ ᠳᠠᠮᠵᠢᠵᠤ᠂ ᠠᠵᠤ ᠠᠬᠤᠢ ᠨᠡᠢ᠌ᠭᠡᠮ᠎ᠤᠨ ᠤᠯᠠᠷᠢᠯ ᠬᠥᠭᠵᠢᠯᠲᠡ᠂ ᠪᠤᠬᠢᠷᠳᠤᠯ ᠦᠭᠡᠢ ᠬᠦᠭᠵᠢᠯᠳᠡ᠂ ᠴᠢᠨᠠᠷ ᠰᠠᠢ᠌ᠳᠡᠢ ᠬᠦᠭᠵᠢᠯᠳᠡ ᠵᠢ ᠲᠦᠷᠭᠡᠳᠬᠡᠨ ᠠᠬᠢᠭᠤᠯᠵᠠᠢ᠃ 2022 ᠤᠨ᠎ᠤ ᠪᠦᠬᠦ ᠬᠤᠳᠠ ᠵᠢᠨ ᠭᠠᠵᠠᠷ ᠤᠷᠤᠨ᠎ᠤ ᠤᠢ᠌ᠯᠡᠳᠪᠤᠷᠢᠯᠡᠯ᠎ᠤᠨ ᠶᠡᠷᠤᠩᠭᠡᠢ ᠦᠷᠳᠡᠭ ᠠᠩᠬ᠎ᠠ ᠤᠳᠠᠭ᠎ᠠ1500 ᠳ᠋ᠦᠩᠰᠢᠭᠤᠷ ᠲᠦᠬᠦᠷᠢᠭ᠎ᠤᠨ ᠶᠡᠭᠡ ᠪᠤᠭᠤᠮᠳᠡ ᠵᠢ ᠲᠠᠪᠠᠵᠤ᠂1536 ᠳ᠋ᠦᠩᠰᠢᠭᠤᠷ ᠲᠦᠬᠦᠷᠢᠭ ᠬᠦᠷᠴᠤ᠂ 4.6%᠎ᠪᠠᠷ ᠨᠡᠮᠡᠭᠳᠡᠵᠠᠢ᠃ ᠮᠤᠩᠭᠤᠯ ᠭᠡᠷ᠎ᠤᠨ ᠴᠠᠭᠳᠠᠭ᠋ᠠᠨ᠎ᠤ ᠶᠠᠪᠤᠳᠠᠯ᠎ᠤᠨ ᠦᠷᠦᠭᠡ᠂ ᠨᠡᠬᠦᠳᠡᠯ ᠴᠠᠭᠳᠠᠭ᠋ᠠᠨ᠎ᠤ ᠶᠠᠪᠤᠳᠠᠯ᠎ᠤᠨ ᠦᠷᠦᠭᠡ ᠪᠠᠢ᠌ᠭᠤᠯᠬᠤ᠎ᠪᠠᠷ ᠳᠠᠮᠵᠢᠵᠤ᠂ 《ᠤᠮᠠᠷᠠᠳᠤ ᠬᠢᠯᠢ ᠵᠢᠨ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠡ ᠵᠢᠨ ᠤᠷᠳᠤ ᠬᠤᠩᠬᠢᠯ》᠎ᠤᠨ ᠪᠠᠢ᠌ᠭᠤᠯᠤᠯᠳᠡ᠂ ᠬᠢᠯᠢ ᠬᠢᠵᠠᠭ᠋ᠠᠷ᠎ᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠡ ᠵᠢᠨ ᠵᠢᠱ᠌ᠢᠶᠡᠴᠢ ᠤᠷᠳᠤ ᠬᠤᠩᠬᠢᠯ᠎ᠤᠨ ᠪᠠᠢ᠌ᠭᠤᠯᠤᠯᠳᠡ ᠵᠡᠷᠭᠡ ᠠᠵᠢᠯ᠎ᠢ ᠦᠷᠨᠢᠬᠦᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠳᠤᠷᠠᠨ ᠬᠢᠯᠢ ᠬᠢᠵᠠᠭ᠋ᠠᠷ᠎ᠢ ᠭᠦᠨᠵᠡᠭᠡᠢ᠌ᠷᠡᠭᠦᠯᠵᠦ᠂ ᠬᠠᠮᠠᠭ᠋ᠠᠯᠠᠯᠳᠡ ᠵᠢ ᠪᠡᠬᠢᠵᠢᠬᠦᠯᠦᠭᠰᠡᠨ ᠰᠠᠢ᠌ᠨ ᠪᠠᠢ᠌ᠳᠡᠯᠢ ᠪᠦᠷᠢᠯᠳᠦᠬᠦᠯᠵᠤ᠂ ᠡᠭᠡ ᠤᠯᠤᠰ᠎ᠤᠨ ᠤᠮᠠᠷᠠᠳᠤ ᠬᠢᠯᠢ ᠵᠢᠨ ᠠᠮᠤᠷ ᠲᠤᠭᠳᠠᠭᠤᠨ ᠪᠤᠯᠤᠳ ᠬᠡᠷᠡᠮ᠎ᠢ ᠴᠤᠭᠴᠠᠯᠠᠵᠠᠢ᠃
ᠬᠠᠭᠤᠴᠢᠨ ᠪᠠᠷᠭᠤ ᠬᠤᠰᠢᠭᠤᠨ᠎ᠤ ᠬᠠᠢ ᠳ᠋ᠦᠩ ᠴᠢᠩ ᠮᠤᠷᠢᠳᠤ ᠴᠠᠭᠳᠠᠭ᠋ᠠᠨ ᠠᠩᠬᠢ ᠰᠤᠷᠪᠤᠯᠵᠢᠯᠠᠭᠴᠢ ᠵᠢᠨ ᠪᠦᠯᠬᠦᠮ᠎ᠲᠠᠢ ᠲᠤᠳᠤᠨᠤᠰᠤᠭ ᠬᠦᠳᠡᠯᠤᠯᠴᠡᠵᠤ᠂ ᠲᠦᠪ ᠴᠢᠩᠭ᠎ᠠ ᠤᠯᠤᠰ᠎ᠤᠨ ᠲᠤᠭ ᠮᠠᠨᠳᠤᠭᠤᠯᠬᠤ ᠶᠤᠰᠤᠯᠠᠯ ᠶᠠᠪᠤᠭᠤᠯᠪᠠ
ᠰᠤᠷᠪᠤᠯᠵᠢᠯᠠᠭᠴᠢ ᠵᠢᠨ ᠪᠦᠯᠬᠦᠮ ᠬᠢᠯᠢ ᠵᠢᠨ ᠬᠦᠰᠢᠶᠡᠨᠤ ᠤᠢ᠌ᠷᠠᠯᠴᠠᠭ᠎ᠠ ᠬᠢᠯᠢ ᠵᠢᠨ ᠬᠠᠮᠠᠭ᠋ᠠᠯᠠᠯᠳᠡ ᠵᠢᠨ ᠴᠡᠷᠢᠭ ᠴᠠᠭᠳᠠᠭ᠎ᠠ᠎ᠲᠠᠢ ᠬᠠᠮᠳᠤ ᠬᠢᠯᠢ ᠴᠠᠭᠳᠠᠵᠤ᠂ ᠬᠤᠶᠠᠷ ᠦᠶ᠎ᠡ ᠵᠢᠨ 《ᠤᠯᠤᠰ᠎ᠤᠨ ᠭᠡᠤᠭᠡᠳ》᠎ᠤᠨ ᠬᠢᠯᠢ ᠴᠠᠭᠳᠠᠵᠤ ᠬᠢᠯᠢ ᠰᠠᠬᠢᠨ ᠬᠠᠮᠠᠭ᠋ᠠᠯᠠᠭᠰᠠᠨ ᠰᠡᠳᠬᠢᠯ ᠲᠤᠭᠳᠤᠭᠤᠯᠤᠮᠠ ᠦᠯᠢᠭᠡᠷ᠎ᠢ ᠣᠢ᠌ᠯᠠᠭ᠋ᠠᠪᠠ
ᠮ᠊ ᠊ᠠᠨᠵᠤᠤᠷ ᠬᠤᠳᠠ᠎ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠵᠡᠬᠦᠯᠭᠡ ᠵᠢᠨ ᠲᠢᠩᠬᠢᠮ᠂ ᠬᠢᠯᠢ ᠵᠢᠨ ᠬᠠᠮᠠᠭ᠋ᠠᠯᠠᠯᠳᠡ ᠵᠢᠨ ᠪᠠᠢ᠌ᠴᠠᠭ᠋ᠠᠯᠳᠡ ᠵᠢᠨ ᠦᠷᠳᠡᠭᠡ᠂ ᠪᠤᠭᠤᠮᠳᠡ ᠵᠢᠨ ᠠᠯᠪᠠᠨ ᠭᠡᠷ᠂ ᠠᠷᠪᠠᠨ ᠨᠠᠢ᠍ᠮᠠᠨ ᠭᠠᠵᠠᠷ᠎ᠤᠨ ᠪᠠᠷᠠᠭ᠋ᠠᠨ᠎ᠤ ᠰᠢᠯᠭ᠋ᠠᠨ ᠪᠠᠢ᠌ᠴᠠᠭ᠋ᠠᠯᠳᠡ ᠵᠢᠨ ᠲᠤᠬᠠᠢ ᠵᠢᠨ ᠲᠠᠯᠠᠪᠤᠷ᠎ᠢ ᠲᠤᠭᠤᠷᠢᠨ ᠦᠵᠡᠪᠡ
ᠣᠷᠴᠢᠭᠤᠯᠤᠭᠴᠢ᠄ ᠨᠠᠷᠠᠩᠭᠣᠸᠠ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ