ᠨᠠᠮ᠎ᠤᠨ ᠲᠥᠪ ᠬᠣᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠣᠳᠠᠲᠠᠶ ᠲᠦᠷᠦᠭᠳᠡᠯ᠎ᠲᠠᠢ ᠪᠦᠲᠦᠮᠵᠢᠲᠡᠶ᠎ᠪᠠᠷ ᠥᠷᠨᠢᠭᠦᠯᠬᠦ ᠵᠢᠨ ᠲᠤᠰᠠᠳᠠ᠂ ᠡᠳᠦᠭᠡ 《ᠲᠤᠮᠳᠠᠳᠤ ᠵᠢ ᠥᠭᠦᠯᠡᠬᠦᠢ》 ᠪᠤᠯᠤᠩ᠎ᠢ ᠰᠤᠷᠤᠯᠴᠠᠨ ᠤᠬᠠᠭᠤᠯᠵᠤ ᠳᠡᠯᠭᠡᠷᠡᠭᠦᠯᠬᠦ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠶ ᠳᠤᠤᠷᠠᠬᠢ ᠮᠡᠲᠦ ᠰᠠᠨᠠᠭ᠋ᠠᠴᠢᠯᠠᠭ᠎ᠠ ᠭᠠᠷᠭ᠋ᠠᠪᠠ᠃
ᠨᠢᠭᠡ᠂ ᠲᠠᠨᠢᠯᠲᠠ᠎ᠪᠠᠨ ᠳᠡᠭᠡᠭᠰᠢᠯᠡᠭᠦᠯᠵᠦ᠂ ᠠᠵᠢᠯ᠎ᠤᠨ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠦᠨ᠎ᠡ
《ᠲᠤᠮᠳᠠᠳᠤ ᠵᠢ ᠥᠭᠦᠯᠡᠬᠦᠢ》 ᠪᠤᠯᠤᠩ ᠪᠣᠯ ᠤᠯᠤᠰ᠎ᠤᠨ ᠦᠨᠳᠦᠰᠦᠲᠡᠨ᠎ᠤ ᠵᠥᠪᠯᠡᠯ᠎ᠠᠴᠠ ᠭᠠᠷᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠮᠤ ᠬᠡᠯᠪᠡᠷᠢ ᠵᠢᠨ ᠬᠠᠮ ᠵᠠᠭᠤᠴᠢᠯᠠᠭᠤᠷ᠎ᠤᠨ ᠤᠬᠠᠭᠤᠯᠭ᠎ᠠ ᠵᠢᠨ ᠲᠤᠰᠬᠠᠢ ᠪᠤᠯᠤᠩ ᠪᠣᠯᠤᠨ᠎ᠠ᠃ ᠲᠣᠰ ᠪᠤᠯᠤᠩ᠎ᠨᠢ ᠲᠡᠦᠬᠡ᠂ ᠰᠣᠶᠣᠯ ᠢᠷᠭᠡᠨᠰᠢᠯ᠂ ᠬᠠᠭᠤᠴᠢ ᠰᠤᠳᠤᠯᠤᠯ᠂ ᠤᠷᠠᠯᠢᠭ ᠵᠡᠷᠭᠡ ᠬᠦᠷᠢᠶ᠎ᠡ ᠴᠠᠷᠠᠭ᠎ᠠ᠎ᠠᠴᠠ ᠭᠠᠷᠳᠠᠵᠤ᠂ ᠭᠤᠤᠯᠳᠠᠭᠤ 《ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ》᠎ᠢ ᠢᠯᠡᠷᠡᠭᠦᠯᠦᠭᠰᠡᠨ ᠰᠢᠷᠢᠰ ᠵᠣᠬᠢᠶᠠᠯ᠎ᠢ ᠨᠡᠶ᠋ᠢᠲᠡᠯᠡᠬᠦ ᠵᠢᠨ ᠬᠠᠮᠲᠤ᠂ ᠣᠬᠣᠷ ᠸᠢᠳᠢᠣ᠋ (ᠹᠢᠯᠢᠮ) ᠵᠡᠷᠭᠡ ᠣᠯᠠᠨ ᠲᠥᠷᠥᠯ᠎ᠤᠨ ᠤᠬᠠᠭᠤᠯᠭ᠎ᠠ ᠵᠢᠨ ᠪᠦᠲᠦᠭᠡᠭᠳᠡᠬᠦᠨ᠎ᠢ ᠦᠢ᠍ᠯᠡᠳᠴᠦ ᠲᠥᠬᠥᠮ ᠣᠶ᠋ᠢᠯᠠᠭ᠋ᠠᠮᠵᠢᠲᠠᠶ᠎ᠪᠠᠷ ᠣᠯᠠᠨ ᠲᠦᠮᠡᠨ᠎ᠳᠤ ᠳᠠᠮᠵᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠤᠯᠴᠠᠨ ᠤᠬᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠵᠥᠪ ᠣᠨᠣᠪᠴᠢᠲᠠᠢ ᠲᠡᠦᠬᠡ ᠵᠢᠨ ᠦᠵᠡᠯᠲᠡ ᠵᠢ ᠪᠣᠶ ᠪᠣᠯᠭ᠋ᠠᠬᠤ᠂ 《ᠲᠠᠪᠤᠨ ᠮᠡᠳᠡᠷᠡᠭᠦᠢ》 ᠵᠢ ᠴᠢᠩᠭ᠋ᠠᠳᠬᠠᠬᠤ᠎ᠳᠤ ᠪᠣᠳᠠᠲᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠲᠤᠬᠠᠢ ᠵᠢᠨ ᠭᠠᠵᠠᠷ᠎ᠤᠨ ᠨᠢᠭᠡᠳᠦᠮᠡᠯ ᠹᠷᠣᠨᠲ᠂ ᠰᠣᠨᠢᠨ ᠮᠡᠳᠡᠭᠡᠨ᠎ᠤ ᠤᠬᠠᠭᠤᠯᠭ᠎ᠠ ᠵᠢᠴᠢ ᠦᠨᠳᠦᠰᠦᠲᠡᠨ᠎ᠤ ᠵᠥᠪᠯᠡᠯ᠎ᠤᠨ ᠭᠡᠰᠢᠭᠦᠨ ᠨᠢᠭᠡᠴᠢ᠎ᠯᠦᠭᠡ ᠵᠢᠨ ᠬᠠᠷᠢᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠠᠵᠢᠯ᠎ᠤᠨ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ 《ᠲᠤᠮᠳᠠᠳᠤ ᠵᠢ ᠥᠭᠦᠯᠡᠬᠦᠢ》 ᠪᠤᠯᠤᠩ᠎ᠢ ᠰᠤᠷᠤᠯᠴᠠᠨ ᠤᠬᠠᠭᠤᠯᠵᠤ ᠳᠡᠯᠭᠡᠷᠡᠭᠦᠯᠬᠦ ᠠᠵᠢᠯ᠎ᠢ ᠬᠠᠮᠲᠤ᠎ᠪᠠᠷ ᠰᠠᠶ᠋ᠢᠲᠤᠷ ᠠᠳᠬᠤᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠨᠡᠩ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠪᠣᠯᠣᠨ᠎ᠠ᠃
ᠬᠣᠶᠠᠷ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ᠂ ᠤᠬᠠᠭᠤᠯᠤᠨ ᠳᠡᠯᠭᠡᠷᠡᠭᠦᠯᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠦᠨ᠎ᠡ
ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠲᠡᠷᠢᠭᠦᠨ ᠨᠢᠭᠤᠷ᠎ᠤᠨ ᠢᠯᠡ ᠪᠠᠶ᠋ᠢᠷᠢᠨ᠎ᠳᠤ 《ᠲᠤᠮᠳᠠᠳᠤ ᠵᠢ ᠥᠭᠦᠯᠡᠬᠦᠢ》 ᠲᠤᠰᠬᠠᠶ ᠪᠤᠯᠤᠩ ᠲᠣᠬᠢᠷᠠᠭᠤᠯᠵᠤ᠂ ᠬᠠᠮᠢᠶ᠎ᠠ ᠪᠥᠬᠥᠶ ᠠᠭᠤᠯᠭ᠎ᠠ ᠵᠢ ᠴᠠᠭ ᠳᠠᠷᠤᠶᠳᠤᠨᠢ ᠳᠠᠮᠵᠢᠭᠤᠯᠤᠨ ᠨᠡᠢ᠌ᠲᠡᠯᠡᠨ᠎ᠡ; ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠸᠢᠳᠢᠤ᠋ ᠳ᠋ᠤᠭ᠋ᠠᠷ ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠤᠬᠠᠭᠤᠯᠭ᠎ᠠ ᠵᠢᠨ ᠲᠠᠪᠴᠠᠩ᠎ᠤᠨ ᠳᠠᠪᠠᠭᠤᠯᠢᠭ᠎ᠢ ᠬᠦᠢ᠍ᠴᠡᠳ ᠪᠠᠳᠠᠷᠠᠭᠤᠯᠵᠤ᠂ ᠲᠡᠷᠢᠭᠦᠨ ᠨᠢᠭᠤᠷ᠎ᠲᠤ ᠲᠠᠨᠢᠯᠴᠠᠭᠤᠯᠭ᠎ᠠ ᠬᠢᠬᠦ᠂ ᠲᠤᠰᠬᠠᠶ ᠰᠡᠳᠦᠪ ᠲᠣᠬᠢᠷᠠᠭᠤᠯᠬᠤ᠂ ᠵᠣᠬᠢᠶᠠᠯ ᠳᠠᠮᠵᠢᠭᠤᠯᠤᠨ ᠨᠡᠢ᠌ᠲᠡᠯᠡᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠪᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠢᠳᠡᠪᠬᠢᠲᠡᠶ᠎ᠪᠠᠷ ᠠᠩᠬᠠᠷᠤᠯ ᠲᠠᠯᠪᠢᠵᠤ᠂ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠬᠤ ᠵᠢ ᠬᠥᠲᠥᠯᠥᠨ ᠵᠢᠯᠣᠭᠣᠳᠤᠨ᠎ᠠ᠃ 《ᠨᠢᠭᠡ ᠭᠠᠷᠠᠭ ᠬᠣᠶᠠᠷ ᠰᠠᠷ᠎ᠠ》 ᠵᠢ ᠭᠦᠢ᠍ᠴᠡᠳ ᠠᠰᠢᠭᠯᠠᠵᠤ᠂ ᠨᠢᠭᠡᠳᠦᠯᠳᠡᠢ ᠤᠬᠠᠭᠤᠯᠬᠤ ᠠᠵᠢᠯᠯᠠᠭ᠎ᠠ ᠥᠷᠨᠢᠭᠦᠯᠵᠦ᠂ ᠤᠯᠠᠨ ᠨᠡᠢ᠍ᠢ᠍ᠳᠡ ᠵᠢᠨ ᠳ᠋ᠤᠭ᠋ᠠᠷ᠎ᠲᠤ ᠳᠡᠯᠭᠡᠨ ᠦᠵᠡᠭᠦᠯᠬᠦ᠂ ᠸᠢᠳᠢᠤ᠋᠎ᠪᠠᠷ ᠳᠡᠯᠭᠡᠨ ᠦᠵᠡᠭᠦᠯᠵᠦ ᠨᠡᠪᠲᠡᠷᠡᠭᠦᠯᠬᠦ᠂ ᠤᠬᠠᠭᠤᠯᠭ᠎ᠠ ᠵᠢᠨ ᠮᠠᠲᠸᠷᠢᠶᠠᠯ ᠳᠠᠷᠤᠮᠠᠯᠯᠠᠨ ᠦᠢ᠍ᠯᠡᠳᠬᠦ ᠵᠡᠷᠭᠡ ᠤᠯᠠᠨ ᠵᠦᠢ᠍ᠯ᠎ᠤᠨ ᠬᠡᠯᠪᠡᠷᠢ ᠮᠠᠶᠢᠭ ᠵᠢᠨᠷ ᠳᠠᠮᠵᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ 《ᠲᠤᠮᠳᠠᠳᠤ ᠵᠢ ᠥᠭᠦᠯᠡᠬᠦᠢ》 ᠪᠤᠯᠤᠩ᠎ᠢ ᠥᠷᠭᠡᠨ ᠵᠶ᠋ᠠᠷ ᠲᠠᠨᠢᠯᠴᠠᠭᠤᠯᠤᠨ ᠤᠬᠠᠭᠤᠯᠵᠤ᠂ ᠪᠤᠯᠤᠩ᠎ᠢ ᠣᠢ᠌ᠯᠠᠭ᠋ᠠᠵᠤ ᠮᠡᠳᠡᠬᠦ ᠨᠤᠷᠮ᠎ᠠ ᠪᠠ ᠨᠥᠯᠥᠭᠡᠯᠡᠬᠦ ᠬᠦᠴᠦᠨ᠎ᠢ ᠥᠷᠭᠡᠳᠬᠡᠨ᠎ᠡ᠃ ᠲᠤᠬᠠᠶ ᠵᠢᠨ ᠭᠠᠵᠠᠷ᠎ᠤᠨ ᠰᠣᠨᠢᠨ ᠮᠡᠳᠡᠭᠡ ᠤᠬᠠᠭᠤᠯᠭ᠎ᠠ ᠵᠢᠨ ᠰᠠᠯᠠᠭ᠎ᠠ ᠮᠥᠴᠢᠷ᠎ᠤᠨ ᠳᠡᠮᠵᠢᠯᠭᠡ ᠵᠢ ᠤᠯᠬᠤ᠎ᠪᠠᠷ ᠢᠳᠡᠪᠬᠢᠲᠡᠶ ᠴᠢᠷᠮᠠᠶ᠋ᠢᠵᠤ᠂ ᠬᠠᠮ ᠵᠠᠭᠤᠴᠢᠯᠠᠭᠤᠷ᠂ ᠰᠣᠨᠢᠨ᠂ ᠰᠢᠯᠵᠢᠶ᠎ᠡ᠂ ᠰᠢᠨ᠎ᠡ ᠵᠠᠭᠤᠴᠢᠯᠠᠭᠤᠷ᠎ᠤᠨ ᠲᠠᠩᠰᠠᠨ ᠨᠣᠮᠧᠷ ᠵᠡᠷᠭᠡ ᠡᠯ᠎ᠡ ᠲᠥᠷᠥᠯ᠎ᠤᠨ ᠵᠠᠭᠤᠴᠢᠯᠠᠭᠤᠷ᠂ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠤᠬᠠᠭᠤᠯᠤᠨ ᠳᠡᠯᠭᠡᠷᠡᠭᠦᠯᠵᠦ᠂ ᠪᠥᠬᠥ ᠨᠡᠶ᠋ᠢᠭᠡᠮ᠎ᠳᠤ ᠰᠠᠶ᠋ᠢᠨ ᠰᠠᠶ᠋ᠢᠬᠠᠨ ᠰᠤᠷᠤᠯᠴᠠᠯᠭ᠎ᠠ ᠤᠬᠠᠭᠤᠯᠭ᠎ᠠ ᠵᠢᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃
ᠭᠤᠷᠪᠠ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠤᠬᠠᠭᠤᠯᠭ᠎ᠠ ᠵᠢᠨ ᠪᠣᠷᠣ ᠮᠠᠲ᠋ᠧᠷᠢᠶᠠᠯ᠎ᠢ ᠢᠳᠡᠪᠬᠢᠲᠡᠶ᠎ᠪᠠᠷ ᠬᠠᠩᠭ᠋ᠠᠨ᠎ᠠ
ᠡᠯ᠎ᠡ ᠭᠠᠵᠠᠷ᠎ᠤᠨ ᠦᠨᠳᠦᠰᠦᠲᠡᠨ᠎ᠤ ᠵᠥᠪᠯᠡᠯ᠎ᠨᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰ ᠭᠠᠵᠠᠷ ᠣᠷᠣᠨ᠎ᠤ᠎ᠪᠠᠨ ᠬᠤᠪᠢᠰᠬᠠᠯᠳᠤ ᠰᠣᠶᠣᠯ᠎ᠤᠨ ᠡᠬᠢ ᠪᠠᠶᠠᠯᠢᠭ᠂ ᠲᠡᠦᠬᠡ ᠵᠢᠨ ᠳᠤᠷᠠᠰᠬᠠᠯᠲᠤ ᠵᠦᠢ᠍ᠯ᠂ ᠠᠯᠳᠠᠷᠲᠤ ᠦᠵᠡᠮᠵᠢ ᠵᠢᠨ ᠣᠷᠣᠨ ᠡᠷᠳᠡᠨ᠎ᠤ ᠬᠠᠭᠤᠴᠢ ᠰᠤᠳᠤᠯᠤᠯ᠎ᠳᠤ ᠠᠭᠤᠯᠤᠭᠳᠠᠵᠤ ᠪᠠᠶ᠋ᠢᠭ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠭᠦᠨᠵᠡᠭᠡᠶ ᠠᠭᠤᠳᠠᠯᠵᠦ᠂ ᠲᠤᠰᠬᠠᠶ ᠮᠡᠷᠭᠡᠵᠢᠯᠲᠡᠨ ᠡᠷᠳᠡᠮᠲᠡᠨ᠂ ᠶᠡᠬᠡ ᠰᠤᠷᠭ᠋ᠠᠭᠤᠯᠢ ᠵᠢᠨ ᠫᠷᠣᠫᠧᠰᠰᠤᠷ ᠵᠡᠷᠭᠡ ᠬᠦᠮᠦᠰ᠎ᠲᠠᠢ ᠥᠷᠭᠡᠨ ᠵᠶ᠋ᠠᠷ ᠬᠠᠷᠢᠯᠴᠠᠨ ᠲᠡᠳᠡᠨ᠎ᠢ ᠳᠠᠶ᠋ᠢᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠂ 《ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ》᠎ᠢ ᠠᠬᠢᠭᠤᠯᠬᠤ ᠵᠡᠷᠭᠡ᠎ᠪᠠᠷ ᠭᠠᠷᠳᠠᠴᠠ ᠪᠣᠯᠭ᠋ᠠᠵᠤ᠂ ᠰᠢᠷᠢᠰ ᠣᠨᠣᠯ ᠵᠢᠴᠢ ᠰᠢᠭᠦᠮᠵᠢ ᠵᠣᠬᠢᠶᠠᠯ ᠲᠤᠭᠤᠷᠪᠢᠨ ᠪᠢᠴᠢᠭᠦᠯᠵᠦ᠂ ᠣᠬᠣᠷ ᠹᠢᠯᠢᠮ ᠵᠡᠷᠭᠡ ᠬᠠᠮ ᠵᠠᠭᠤᠴᠢᠯᠠᠭᠤᠷ᠎ᠤᠨ ᠦᠢ᠍ᠯᠡᠳᠭᠦᠨ ᠦᠢ᠍ᠯᠡᠳᠬᠦ ᠵᠢᠨ ᠬᠠᠮᠳᠤ᠂ 《ᠲᠤᠮᠳᠠᠳᠤ ᠵᠢ ᠥᠭᠦᠯᠡᠬᠦᠢ》 ᠪᠤᠯᠤᠩ᠎ᠳᠤ ᠢᠳᠡᠪᠬᠢᠲᠡᠢ᠎ᠪᠠᠷ ᠡᠬᠡ ᠪᠢᠴᠢᠭ ᠳᠡᠪᠰᠢᠭᠦᠯᠦᠨ ᠨᠡᠢ᠌ᠳᠡᠯᠡᠬᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠤᠬᠠᠶ ᠣᠶᠤᠨᠴᠢ ᠮᠡᠳᠡᠷᠡᠭᠦᠢ ᠪᠠ ᠬᠠᠶ᠋ᠢᠷ᠎ᠠ ᠰᠡᠳᠬᠢᠯᠭᠡ ᠵᠢᠨ ᠮᠡᠳᠡᠷᠡᠭᠦᠢ ᠵᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠶ᠃
ᠣᠷᠴᠢᠭᠤᠯᠤᠭᠴᠢ᠄ ᠣᠶᠤᠨᠴᠡᠴᠡᠭ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ