ᠡᠬᠢ ᠪᠠᠶᠠᠯᠢᠭ ᠲᠥᠪᠯᠡᠷᠡᠭᠰᠡᠨ ᠣᠷᠣᠨ᠂ ᠤᠰᠤᠨ ᠰᠢᠰᠲ᠋ᠧᠮ᠎ᠤᠨ ᠡᠬᠢ ᠡᠬᠦᠰᠪᠤᠷᠢ ᠵᠢᠨ ᠣᠷᠣᠨ᠂ ᠠᠮᠢ ᠠᠬᠤᠢ ᠵᠢᠨ ᠬᠠᠯᠬᠠᠪᠴᠢ ᠣᠷᠣᠨ᠂ ᠰᠣᠶᠣᠯ᠎ᠤᠨ ᠤᠨᠴᠠᠯᠢᠭᠲᠤ ᠣᠷᠣᠨ᠂ ᠬᠢᠯᠢ ᠬᠢᠵᠠᠭ᠋ᠠᠷ ᠣᠷᠣᠨ ᠬᠡᠬᠦ ᠵᠡᠷᠬᠡ ᠰᠠᠢ᠌ᠬᠠᠨ ᠠᠯᠳᠠᠷ᠎ᠢ ᠨᠢᠬᠡ ᠪᠡᠶ᠎ᠠ᠎ᠳᠤ᠎ᠪᠠᠨ ᠲᠦᠪᠯᠡᠷᠡᠬᠦᠯᠦᠭᠰᠡᠨ ᠦᠨᠳᠦᠰᠦᠲᠡᠨ᠎ᠤ ᠭᠠᠵᠠᠷ ᠣᠷᠣᠨ᠎ᠨᠢ ᠬᠥᠮᠦᠨ ᠪᠤᠯᠤᠨ ᠪᠠᠢ᠌ᠭ᠋ᠠᠯᠢ ᠡᠶ᠎ᠡ ᠵᠤᠬᠢᠴᠠᠩᠭᠤᠢ᠎ᠪᠠᠷ ᠬᠠᠮᠲᠤ ᠣᠷᠣᠰᠢᠬᠤ ᠤᠳᠤᠬᠢᠴᠢᠯᠠᠭᠰᠠᠨ ᠪᠦᠲᠦᠭᠡᠨ ᠪᠠᠢ᠌ᠭᠤᠯᠤᠯᠲᠠ ᠵᠢᠨ ᠶᠠᠪᠤᠴᠠ᠎ᠳᠤ ᠨᠡᠡᠭ ᠴᠦ᠍ ᠬᠦᠨᠳᠦ ᠴᠢᠬᠤᠯᠨ ᠡᠭᠦᠷᠭᠡ ᠬᠠᠷᠢᠭᠤᠴᠠᠯᠭ᠎ᠠ᠎ᠲᠠᠢ ᠶᠤᠮ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ 《ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠪᠣᠯ ᠬᠥᠮᠦᠨ ᠪᠤᠯᠤᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ》 ᠭᠡᠵᠦ ᠵᠢᠭ᠋ᠠᠵᠤ ᠭᠠᠷᠭ᠋ᠠᠪᠠ᠃ ᠬᠥᠮᠦᠨ ᠪᠤᠯᠤᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠢ᠌ᠯᠠᠭ᠋ᠠᠭᠳᠠᠬᠤᠨ ᠪᠠ ᠦᠢ᠍ᠯᠡᠳᠦᠯᠭᠡ᠎ᠨᠢ ᠳᠤᠮᠳᠠᠳᠤ ᠵᠢᠨ ᠠᠮᠢ ᠠᠬᠤᠢ ᠵᠢᠨ ᠤᠶᠤᠨ ᠤᠬᠠᠭ᠋ᠠᠨ᠎ᠳᠤ ᠦᠨᠳᠦᠰᠦᠯᠡᠭᠰᠡᠨ ᠪᠥᠭᠡᠳ ᠪᠠᠰᠠ ᠴᠤ᠌ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠰᠣᠶᠣᠯ᠎ᠤᠨ ᠤᠳᠤᠮᠰᠢᠯ ᠮᠥᠨ᠃
ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠮᠦᠨ ᠪᠣᠯᠣᠨ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠠᠬᠢᠭᠤᠯᠬᠤ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠳᠤ ᠶᠠᠮᠠᠷ ᠠᠴᠢ ᠬᠣᠯᠪᠣᠭᠳᠠᠯ᠎ᠲᠠᠢ ᠪᠤᠢ? ᠣᠢ᠌ᠷ᠎ᠠ᠎ᠳᠤ᠂ 《ᠲᠤᠮᠳᠠᠳᠤ ᠵᠢ ᠦᠬᠦᠯᠡᠬᠦᠢ》 ᠳᠠᠪᠴᠠᠡᠭ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠸᠠᠩ ᠵᠢᠨ ᠯᠸᠢ ᠫᠷᠤᠹᠸᠰᠰᠤᠷ᠎ᠠᠴᠠ ᠳᠤᠰᠬᠠᠢ ᠰᠤᠷᠪᠤᠯᠵᠢᠯᠠᠭ᠎ᠠ ᠠᠪᠤᠪᠠ᠃
ᠰᠤᠷᠪᠤᠯᠵᠢᠯᠠᠭᠴᠢ᠄ ᠣᠳᠣᠬᠢᠴᠢᠯᠠᠯᠲᠠ ᠵᠢᠨ ᠶᠠᠪᠤᠴᠠ᠎ᠳᠤ᠂ ᠳᠤᠮᠳᠠᠳᠤ ᠤᠯᠤᠰ ᠪᠣᠯᠤᠨ ᠥᠷᠥᠨᠡᠳᠠᠬᠢᠨ᠎ᠤ ᠤᠯᠤᠰ᠎ᠤᠳ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ ᠠᠳᠠᠯᠢ ᠪᠤᠰᠤ ᠵᠠᠮ ᠵᠶ᠋ᠠᠷ ᠵᠠᠮᠨᠠᠵᠠᠢ᠃ ᠳᠤᠮᠳᠠᠳᠤ ᠪᠤᠯᠤᠨ ᠥᠷᠥᠨᠡᠳᠠᠬᠢᠨ᠎ᠤ ᠣᠳᠣᠬᠢᠴᠢᠯᠠᠯᠲᠠ ᠵᠢᠨ ᠠᠳᠠᠯᠢ ᠪᠤᠰᠤ ᠠᠷᠭ᠎ᠠ ᠵᠠᠮ᠎ᠢ ᠬᠡᠷᠬᠢᠨ ᠦᠵᠡᠬᠦ ᠪᠤᠢ? ᠶᠠᠭᠤᠨ᠎ᠳᠤ ᠬᠥᠮᠦᠨ ᠪᠣᠯᠤᠨ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤᠬᠢᠴᠢᠯᠠᠯᠳᠠ ᠵᠢᠨ ᠦᠨᠳᠦᠰᠦᠨ ᠣᠨᠴᠠᠯᠢᠭ ᠭᠡᠬᠦ ᠪᠤᠢ?
ᠸᠠᠩ ᠵᠢᠨ ᠯᠧᠢ᠄ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠥᠷᠭᠡᠨ ᠣᠯᠠᠨ ᠠᠷᠠᠳ ᠲᠦᠮᠡᠨ᠎ᠤ ᠠᠰᠢᠭ ᠲᠤᠰᠠ ᠵᠢ ᠬᠠᠮᠤᠭ᠎ᠠᠴᠠ ᠢᠯᠡᠬᠦᠦ ᠪᠣᠳᠣᠯᠬᠢᠯᠠᠭᠰᠠᠨ ᠣᠳᠣᠬᠢᠴᠢᠯᠠᠯᠲᠠ ᠮᠥᠨ᠂ ᠠᠷᠠᠳ ᠲᠦᠮᠡᠨ ᠵᠶ᠋ᠡᠷ ᠭᠣᠤᠯ ᠪᠣᠯᠭ᠋ᠠᠵᠤ᠂ 《ᠬᠥᠮᠦᠨ᠎ᠤ ᠪᠥᠬᠥ ᠲᠠᠯ᠎ᠠ ᠵᠢᠨ ᠬᠥᠭᠵᠢᠯᠲᠡ》 ᠵᠢᠨ ᠣᠳᠣᠬᠢᠴᠢᠯᠠᠯᠲᠠ ᠵᠢ ᠪᠡᠶᠡᠯᠡᠭᠦᠯᠬᠦ ᠶᠠᠪᠤᠳᠠᠯ ᠮᠥᠨ᠃ ᠥᠷᠥᠨᠡᠳᠠᠬᠢᠨ᠎ᠤ᠎ᠬᠢᠨ ᠬᠦᠷᠦᠩᠭᠡ᠎ᠪᠠᠷ ᠭᠣᠣᠯ ᠪᠣᠯᠭ᠋ᠠᠭᠰᠠᠨ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠵᠠᠢ᠂ ᠡᠨ᠋ᠨ᠎ᠨᠢ ᠡᠴᠦᠰ᠎ᠤᠨ ᠡᠴᠦᠰ᠎ᠲᠤ᠎ᠪᠠᠨ ᠬᠥᠷᠥᠩᠭᠡᠲᠡᠨ ᠠᠡᠭᠬᠢ ᠵᠢᠨ ᠴᠥᠭᠡᠨ ᠲᠣᠭ᠋ᠠᠨ᠎ᠤ ᠬᠥᠮᠦᠰ᠎ᠤᠨ ᠠᠰᠢᠭ ᠲᠤᠰᠠ ᠵᠢ ᠬᠠᠮᠤᠭ᠎ᠤᠨ ᠶᠡᠬᠡ᠎ᠪᠠᠷ ᠬᠦᠭᠡᠭᠡᠴᠡᠯᠳᠦᠭᠰᠡᠨ ᠶᠠᠪᠤᠴᠠ ᠮᠥᠨ᠃ ᠡᠨᠡ ᠬᠣᠶᠠᠷ᠎ᠨᠢ ᠤᠭ ᠰᠠᠨᠠᠭ᠎ᠠ᠂ ᠬᠠᠷᠠᠯᠲᠠ ᠪᠠ ᠪᠤᠰᠤᠳᠴᠢ ᠦᠷ᠎ᠡ ᠪᠦᠲᠦᠮᠵᠢ ᠵᠢᠨ ᠲᠠᠯ᠎ᠠ᠎ᠪᠠᠷ ᠡᠷᠡᠰ ᠣᠨᠳᠣᠣ ᠪᠠᠢ᠌ᠳᠠᠭ᠃ ᠠᠩᠭ᠍ᠯᠢ ᠬᠠᠮᠤᠭ᠎ᠤᠨ ᠲᠦᠷᠦᠭᠦᠨ᠎ᠳᠤ ᠠᠵᠤ ᠦᠢ᠍ᠯᠡᠳᠪᠦᠷᠢ ᠵᠢᠨ ᠬᠤᠪᠢᠰᠬᠠᠯ᠎ᠢ ᠪᠡᠶᠡᠯᠡᠭᠦᠯᠵᠦ᠂ ᠬᠠᠮᠤᠭ᠎ᠤᠨ ᠡᠷᠲᠡ ᠣᠳᠣᠬᠢᠴᠢᠯᠠᠯᠲᠠ ᠵᠢᠨ ᠡᠭᠦᠳᠡ ᠵᠢ ᠨᠡᠭᠡᠭᠡᠵᠡᠢ᠃ ᠠᠵᠤ ᠦᠢ᠍ᠯᠡᠳᠪᠦᠷᠢ ᠵᠢᠨ ᠬᠤᠪᠢᠰᠬᠠᠯ᠎ᠨᠢ ᠬᠡᠳᠦᠢ᠌ᠪᠡᠷ ᠨᠡᠢ᠌ᠭᠡᠮ᠎ᠤᠨ ᠤᠯᠠᠨ ᠲᠠᠯ᠎ᠠ ᠵᠢᠨ ᠲᠠᠪᠰᠢᠯᠳᠠ ᠵᠢ ᠠᠪᠴᠢᠷᠠᠭᠰᠠᠨ ᠪᠣᠯᠪᠠᠴᠤ ᠠᠮᠢ ᠠᠬᠤᠢ ᠵᠢᠨ ᠪᠣᠯᠪᠠᠰᠤᠨ᠎ᠤ ᠲᠠᠯ᠎ᠠ᠎ᠠᠴᠠ ᠠᠪᠴᠤ ᠦᠵᠡᠪᠡᠯ᠂ ᠠᠵᠤ ᠦᠢ᠍ᠯᠡᠳᠪᠦᠷᠢ ᠵᠢᠨ ᠬᠤᠪᠢᠰᠬᠠᠯ᠎ᠨᠢ ᠣᠷᠴᠢᠨ ᠳᠤᠭᠤᠷᠢᠨ᠎ᠢ ᠳᠤᠡᠭ ᠶᠡᠬᠡ᠎ᠪᠠᠷ ᠪᠤᠬᠢᠷᠳᠤᠭᠤᠯᠵᠠᠢ᠃ 1831 ᠣᠨ᠎ᠠᠴᠠ ᠡᠬᠢᠯᠡᠵᠦ᠂ ᠣᠬᠣᠷᠬᠠᠨ ᠭᠤᠴᠢᠨ ᠵᠢᠯ᠎ᠤᠨ ᠬᠣᠭᠣᠷᠣᠨᠳᠣ᠂ ᠠᠨᠭ᠌ᠭ᠍ᠯᠢ᠎ᠳᠤ ᠳᠥᠷᠪᠡᠨ ᠤᠳᠠᠭ᠎ᠠ ᠬᠣᠯᠢᠷ᠎ᠠ ᠡᠭᠦᠰᠴᠦ᠂ ᠪᠠᠰᠠ ᠡᠯ᠎ᠡ ᠵᠦᠢᠯ᠎ᠤᠨ ᠬᠠᠯᠳᠠᠪᠤᠷᠢᠲᠤ ᠡᠪᠡᠳᠴᠢᠨ ᠳᠡᠯᠭᠡᠷᠡᠵᠡᠶ᠂ ᠡᠢ᠌ᠮᠦ᠎ᠠᠴᠠ ᠲᠡᠭᠦᠨ᠎ᠤ ᠣᠳᠣᠬᠢᠴᠢᠯᠠᠯᠲᠠ ᠵᠢᠨ ᠡᠬᠢᠯᠡᠯᠲᠡ ᠵᠢᠨ ᠱᠠᠲᠤᠨ᠎ᠠᠴᠠ ᠡᠬᠢᠯᠡᠵᠦ ᠳᠠᠷᠤᠶ ᠠᠮᠢ ᠠᠬᠤᠶ ᠵᠢᠨ ᠶᠡᠬᠡ ᠦᠷᠡᠭᠳᠡᠯ ᠳᠠᠭ᠋ᠠᠯᠳᠤᠵᠤ ᠪᠠᠢ᠌ᠪᠠ᠃ ᠤᠳᠤ ᠦᠶ᠎ᠡ ᠵᠢᠨ ᠥᠷᠥᠨᠡᠳᠠᠬᠢᠨ᠎ᠤ ᠬᠥᠭᠵᠢᠭᠰᠡᠨ ᠤᠯᠤᠰ᠎ᠤᠳ᠎ᠤᠨ ᠠᠵᠤ ᠠᠬᠤᠢ ᠵᠢᠨ ᠬᠥᠭᠵᠢᠯᠲᠡ᠎ᠨᠢ ᠬᠡᠳᠦ ᠤᠳᠠᠭ᠋ᠠᠨ᠎ᠤ ᠠᠵᠤ ᠦᠢ᠍ᠯᠡᠰ᠎ᠤᠨ ᠬᠤᠪᠢᠰᠬᠠᠯ ᠪᠠ ᠠᠵᠤ ᠦᠢ᠍ᠯᠡᠰ᠎ᠤᠨ ᠰᠢᠯᠵᠢᠯᠲᠡ ᠵᠢ ᠦᠩᠬᠡᠷᠡᠬᠡᠵᠦ᠂ ᠬᠦᠨᠳᠦ ᠨᠣᠴᠢᠲᠠᠢ ᠪᠣᠬᠢᠷᠲᠤᠯ᠎ᠲᠠᠢ ᠠᠵᠤ ᠠᠬᠤᠢ᠌ᠯᠠᠯ᠎ᠢ ᠬᠥᠭᠵᠢᠵᠦ ᠪᠠᠢ᠌ᠭ᠎ᠠ ᠤᠯᠤᠰ᠎ᠲᠤ ᠰᠢᠯᠵᠢᠭᠦᠯᠦᠨ ᠥᠭᠴᠡᠢ᠃ ᠪᠦᠬᠦᠢ ᠯᠠ ᠬᠥᠮᠦᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠪᠠ ᠪᠦᠬᠦ ᠪᠥᠮᠪᠥᠷᠴᠡᠭ᠎ᠤᠨ ᠬᠦᠷᠢᠢ᠎ᠡ ᠴᠠᠷᠠᠭ᠋ᠠᠨ᠎ᠠᠴᠠ ᠠᠪᠴᠤ ᠬᠡᠯᠡᠪᠡᠯ᠂ ᠥᠷᠥᠨᠡᠳᠠᠬᠢᠨ᠎ᠤ ᠤᠯᠤᠰ᠎ᠤᠳ ᠥᠪᠡᠷ᠎ᠤᠨ ᠤᠯᠤᠰ᠎ᠤᠨ ᠵᠶ᠋ᠠᠨ ᠠᠰᠢᠭ ᠲᠤᠰᠠ᠎ᠳᠤ ᠰᠠᠭᠤᠷᠢᠯᠠᠨ ᠠᠮᠢ ᠠᠬᠤᠢ ᠵᠢᠨ ᠣᠷᠴᠢᠨ ᠲᠣᠭᠣᠷᠢᠨ᠎ᠳᠤ ᠵᠠᠰᠠᠯᠲᠠ ᠬᠢᠵᠦ᠂ ᠠᠰᠢᠭ ᠬᠥᠷᠳᠡᠬᠥ ᠪᠡᠶᠡᠴᠢ ᠴᠣᠭᠴᠠ᠎ᠨᠢ ᠵᠥᠪᠬᠡᠨ ᠲᠤᠰ ᠤᠯᠤᠰ ᠯᠡ ᠪᠠᠢ᠌ᠵᠤ᠂ ᠡᠨᠡ᠎ᠨᠢ ᠥᠷᠥᠨᠡᠳᠠᠬᠢᠨ᠎ᠤ ᠤᠯᠤᠰ᠎ᠤᠳ᠎ᠤᠨ ᠠᠮᠢ ᠠᠬᠤᠢ ᠵᠢᠨ ᠵᠠᠰᠠᠯᠲᠠ᠎ᠨᠢ ᠦᠷᠭᠦᠯᠵᠢᠯᠡᠬᠦ ᠴᠢᠨᠠᠷ ᠦᠭᠡᠢ ᠭᠡᠳᠡᠭ᠎ᠨᠢ ᠳᠤᠭᠳᠠᠭ᠋ᠠᠭᠳᠠᠵᠠᠢ᠃ ᠬᠠᠷᠢᠨ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤᠬᠢᠴᠢᠯᠠᠯᠳᠠ᠎ᠨᠢ 《ᠬᠥᠮᠦᠨ ᠪᠤᠯᠤᠨ ᠪᠠᠢ᠌ᠭ᠋ᠠᠯᠢ ᠡᠶ᠎ᠡ ᠵᠤᠬᠢᠴᠠᠩᠭᠤᠢ᠎ᠪᠠᠷ ᠬᠠᠮᠲᠤ ᠣᠷᠣᠰᠢᠬᠤ》᠎ᠪᠠᠷ ᠬᠠᠷᠠᠯᠲᠠ᠎ᠪᠠᠨ ᠪᠣᠯᠭ᠋ᠠᠪᠠ᠃ 2005 ᠣᠨ᠎ᠳᠤ᠂ ᠵᠧᠵᠢᠶᠠᠩ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠪᠠᠢ᠌ᠭᠰᠠᠨ ᠰᠢ ᠵᠢᠨ ᠫᠢᠩ ᠨᠥᠬᠥᠷ ᠬᠤ᠌ ᠵᠸᠤ ᠵᠢᠨ ᠠᠨ ᠵᠢᠢ ᠰᠢᠶᠠᠨ᠎ᠤ ᠢᠤᠢ ᠼᠦᠨ ᠲᠣᠰᠬᠣᠨ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠠᠩᠬ᠎ᠠ ᠤᠳᠠᠭ᠎ᠠ 《ᠬᠥᠬᠡᠮᠳᠦᠭ ᠠᠭᠤᠯᠠ ᠬᠦᠬᠡ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠴᠢᠬᠤᠯᠠ ᠤᠢ᠍ᠢ᠍ᠯᠠᠭ᠋ᠠᠭᠳᠠᠬᠤᠨ᠎ᠢ ᠳᠤᠷᠠᠳᠴᠠᠢ᠃ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠠᠬᠢ 《ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠪᠣᠯ ᠬᠥᠮᠦᠨ ᠪᠤᠯᠤᠨ ᠪᠠᠢ᠌ᠭ᠋ᠠᠯᠢ ᠵᠢᠨ ᠡᠶ᠎ᠡ ᠵᠤᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ》 ᠭᠡᠬᠦ ᠥᠭᠦᠯᠡᠯᠲᠡ᠎ᠨᠢ ᠬᠥᠮᠦᠨ ᠪᠤᠯᠤᠨ ᠪᠠᠢ᠌ᠭ᠋ᠠᠯᠢ ᠵᠢᠨ ᠬᠠᠷᠢᠴᠠᠭ᠋ᠠᠨ᠎ᠤ ᠲᠠᠯ᠎ᠠ᠎ᠠᠴᠠ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠵᠢᠨ ᠦᠨᠳᠦᠰᠦᠨ ᠣᠨᠴᠠᠯᠢᠭ᠎ᠢ ᠵᠠᠭ᠋ᠠᠭᠯᠠᠨ ᠲᠣᠭᠲᠠᠭ᠋ᠠᠭᠰᠠᠨ ᠪᠥᠭᠡᠳ ᠨᠠᠮ ᠪᠠ ᠤᠯᠤᠰ᠎ᠤᠨ ᠬᠥᠮᠦᠨ ᠪᠤᠯᠤᠨ ᠪᠠᠢ᠌ᠭ᠋ᠠᠯᠢ ᠵᠢᠨ ᠬᠠᠷᠢᠴᠠᠭ᠋ᠠᠨ᠎ᠤ ᠲᠤᠬᠠᠢ ᠲᠠᠨᠢᠯᠲᠠ ᠳᠡᠭᠡᠳᠦ ᠬᠡᠮᠵᠢᠶᠡᠨ᠎ᠳᠤ ᠬᠦᠷᠦᠭᠰᠡᠨ᠎ᠢ ᠬᠠᠷᠠᠭᠤᠯᠵᠠᠢ᠃
ᠮᠠᠨ᠎ᠤ ᠤᠯᠤᠰ ᠥᠷᠥᠨᠡᠳᠠᠬᠢᠨ᠎ᠤ ᠤᠷᠢᠳ ᠵᠶ᠋ᠠᠷ ᠪᠣᠬᠢᠷᠲᠤᠭᠤᠯᠵᠤ ᠲᠠᠷᠠᠭ᠎ᠠ᠎ᠨᠢ ᠵᠠᠰᠠᠬᠤ ᠪᠤᠶᠤ ᠪᠣᠬᠢᠷᠲᠤᠯ᠎ᠢ ᠰᠢᠯᠵᠢᠭᠦᠯᠬᠦ᠂ ᠵᠥᠷᠢᠴᠡᠯ᠎ᠢ ᠰᠢᠯᠵᠢᠭᠦᠯᠬᠦ ᠬᠥᠭᠵᠢᠯᠲᠡ ᠵᠢᠨ ᠬᠠᠭᠤᠴᠢᠨ ᠵᠠᠮ ᠵᠢᠡᠷ ᠵᠠᠮᠨᠠᠭᠰᠠᠨ ᠦᠭᠡᠢ᠂ ᠬᠠᠷᠢᠨ ᠳᠣᠲᠣᠭ᠋ᠠᠳᠤ᠎ᠳᠤ᠎ᠪᠠᠨ ᠨᠢᠭᠡᠳᠦᠯᠲᠡᠢ ᠲᠥᠯᠥᠪᠵᠢᠭᠦᠯᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠳᠠᠮᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠵᠤ᠂ ᠬᠣᠴᠣᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠭᠡᠭᠡᠭᠳᠡᠭᠦᠯᠵᠦ᠂ ᠨᠡᠭᠡᠭᠡᠨ ᠬᠥᠭᠵᠢᠭᠦᠯᠬᠦ ᠬᠡᠪᠴᠢᠢ᠎ᠡ ᠵᠢ ᠬᠢᠵᠠᠭ᠋ᠠᠷᠯᠠᠵᠤ᠂ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢ ᠣᠷᠭ᠋ᠠᠨᠢᠭ ᠵᠶ᠋ᠠᠷ ᠨᠢᠭᠡᠳᠦᠭᠦᠯᠵᠦ᠂ ᠰᠠᠢ᠍ᠢ᠍ᠨ ᠣᠷᠴᠢᠯ᠎ᠢ ᠪᠤᠢ ᠪᠣᠯᠭ᠋ᠠᠭᠰᠠᠨ ᠪᠠᠢ᠌ᠨ᠎ᠠ᠂ ᠭᠠᠳᠠᠭᠰᠢ ᠨᠡᠭᠡᠭᠡᠯᠳᠡ᠎ᠲᠠᠢ ᠬᠠᠮᠲᠤ᠎ᠪᠠᠷ ᠡᠳ᠋ᠯᠡᠬᠦ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠂ ᠳᠡᠯᠡᠬᠡᠢ ᠵᠢᠨ ᠡᠯ᠎ᠡ ᠤᠯᠤᠰ᠎ᠲᠠᠢ ᠭᠠᠷ ᠬᠣᠯᠪᠣᠨ ᠬᠠᠮᠲᠤ᠎ᠪᠠᠷ ᠤᠷᠤᠭᠰᠢᠯᠠᠬᠤ᠂ ᠡᠭᠦᠷᠢᠳᠡ ᠦᠷᠭᠦᠯᠵᠢᠯᠡᠨ ᠬᠥᠭᠵᠢᠬᠦ ᠵᠠᠷᠴᠢᠮ᠎ᠢ ᠪᠠᠷᠢᠮᠲᠠᠯᠠᠵᠤ᠂ ᠳᠡᠯᠡᠬᠡᠢ ᠵᠢᠨ ᠡᠯ᠎ᠡ ᠤᠯᠤᠰ᠎ᠢ ᠴᠥᠮ ᠠᠰᠢᠭ ᠬᠥᠷᠳᠡᠬᠥ ᠪᠡᠶᠡᠴᠢ ᠴᠣᠭᠴᠠ ᠪᠤᠯᠭ᠋ᠠᠪᠠ᠃
ᠮᠠᠨ᠎ᠤ ᠤᠯᠤᠰ᠎ᠤᠨ ᠬᠥᠬᠡᠨᠠᠭᠤᠷ ᠮᠤᠵᠢ ᠵᠢᠨ ᠡᠮᠦᠨᠡᠲᠦ ᠬᠡᠰᠡᠭ᠎ᠲᠤ ᠣᠷᠣᠰᠢᠵᠤ ᠪᠠᠢ᠌ᠭ᠎ᠠ ᠭᠤᠷᠪᠠᠨ ᠮᠥᠷᠡᠨ᠎ᠤ ᠡᠬᠢ ᠵᠢᠨ ᠣᠷᠣᠨ ᠪᠣᠯ ᠳᠡᠯᠡᠬᠡᠶ ᠵᠢᠨ ᠰᠡᠭᠡᠷ ᠨᠢᠷᠤᠭᠤ ᠪᠤᠯᠤᠭᠰᠠᠨ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠥᠷᠥᠴᠡ ᠭᠠᠵᠠᠷ ᠪᠠᠢ᠌ᠵᠤ᠂ ᠬᠥᠬᠡ ᠮᠥᠷᠡᠨ᠂ ᠬᠠᠲᠤᠨ ᠭᠣᠣᠯ ᠪᠠ ᠯᠠᠨᠼᠠᠩᠵᠢᠶᠠᠩ ᠮᠥᠷᠡᠨ (ᠭᠠᠳᠠᠭ᠋ᠠᠳᠤ᠎ᠳᠤ ᠮᠸᠢᠢ᠍ᠭᠦᠢ᠍ᠡᠭ ᠮᠥᠷᠡᠨ ᠭᠡᠳᠡᠭ)᠎ᠤ ᠤᠰᠤᠨ᠎ᠤ ᠡᠬᠢ ᠪᠠᠢ᠌ᠵᠤ᠂ 《ᠳᠤᠮᠳᠠᠳᠤ ᠵᠢᠨ ᠤᠰᠤᠨ ᠰᠤᠪᠤᠷᠭ᠎ᠠ》 ᠭᠡᠰᠡᠨ ᠠᠯᠳᠠᠷᠲᠠᠶ ᠶᠤᠮ᠃ (ᠵᠢᠷᠤᠭ᠎ᠤᠨ ᠢᠷᠡᠯᠲᠡ᠄ᠲᠤ ᠼᠦᠩ ᠪᠦᠲᠦᠭᠡᠯᠴᠢ ᠰᠡᠳᠬᠢᠮᠵᠢ)
ᠰᠤᠷᠪᠤᠯᠵᠢᠯᠠᠭᠴᠢ᠄ ᠲᠠᠨ᠎ᠤ ᠦᠵᠡᠬᠦ᠎ᠪᠠᠷ ᠳᠤᠮᠳᠠᠳᠤ ᠵᠢᠨ ᠪᠣᠯᠪᠠᠰᠤᠨ᠎ᠳᠤ ᠶᠠᠮᠠᠷ ᠶᠠᠮᠠᠷ ᠠᠮᠢ ᠠᠬᠤᠶ ᠵᠢᠨ ᠣᠶᠤᠨ ᠤᠬᠠᠭ᠋ᠠᠨ ᠠᠭᠤᠯᠤᠭᠳᠠᠵᠤ ᠪᠠᠢ᠌ᠬᠤ ᠪᠣᠶ? ᠮᠠᠨ᠎ᠤ ᠤᠯᠤᠰ᠎ᠤᠨ ᠤᠯᠠᠨ ᠦᠨᠳᠦᠰᠦᠲᠡᠨ᠎ᠤ ᠰᠣᠶᠣᠯ᠎ᠤᠨ ᠤᠳᠤᠮᠰᠢᠯ᠎ᠳᠠᠬᠢ ᠠᠮᠢ ᠠᠬᠤᠢ ᠵᠢᠨ ᠣᠢ᠌ᠯᠠᠭ᠋ᠠᠭᠳᠠᠬᠤᠨ᠎ᠨᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠶᠠᠮᠠᠷ ᠰᠢᠤ ᠰᠡᠩᠬᠡᠷᠡᠭᠦᠯᠦᠯ ᠪᠣᠯᠬᠤ ᠪᠤᠢ?
ᠸᠠᠩ ᠵᠢᠨ ᠯᠸᠢ᠄ 5000 ᠢᠯᠡᠬᠦᠦ ᠵᠢᠯ᠎ᠤᠨ ᠳᠡᠦᠬᠡ᠎ᠲᠠᠢ ᠳᠤᠮᠳᠠᠳᠤ ᠵᠢᠨ ᠪᠣᠯᠪᠠᠰᠤᠨ᠎ᠨᠢ ᠡᠯᠪᠡᠭ ᠪᠠᠶᠠᠯᠢᠭ ᠠᠮᠢ ᠠᠬᠤᠶ ᠵᠢᠨ ᠣᠶᠤᠨ ᠤᠬᠠᠭ᠋ᠠᠨ᠎ᠢ ᠪᠤᠢ ᠪᠤᠯᠭ᠋ᠠᠵᠠᠢ᠂ ᠡᠭᠦᠨ᠎ᠤ ᠳᠣᠲᠣᠷᠠᠬᠢ ᠬᠠᠮᠤᠭ᠎ᠤᠨ ᠨᠡᠢ᠌ᠲᠡᠯᠢᠭ ᠣᠢ᠌ᠯᠠᠭ᠋ᠠᠭᠳᠠᠬᠤᠨ ᠪᠣᠯ ᠳᠠᠷᠤᠶ 《ᠬᠥᠮᠦᠨ ᠪᠠᠢ᠌ᠭ᠋ᠠᠯᠢ ᠨᠢᠭᠡᠳᠬᠦ》 ᠪᠠ 《ᠪᠠᠢ᠌ᠭ᠋ᠠᠯᠢ ᠵᠢ ᠶᠣᠰᠣᠴᠢᠯᠠᠨ ᠳᠠᠭ᠋ᠠᠬᠤ》 ᠶᠠᠪᠤᠳᠠᠯ ᠪᠣᠯᠤᠨ᠎ᠠ᠃ 《ᠬᠥᠮᠦᠨ ᠪᠠᠢ᠌ᠭ᠋ᠠᠯᠢ ᠨᠢᠭᠡᠳᠬᠦ》 ᠦᠵᠡᠯ ᠰᠠᠨᠠᠭ᠎ᠠ᠎ᠳᠤ ᠭᠣᠣᠯᠳᠠᠭᠤ ᠭᠤᠷᠪᠠᠨ ᠲᠠᠯ᠎ᠠ ᠵᠢᠨ ᠠᠭᠤᠯᠭ᠎ᠠ ᠪᠠᠭᠲᠠᠨ᠎ᠠ᠄ ᠨᠢᠭᠡ᠎ᠳᠤ᠂ ᠬᠥᠮᠦᠨ ᠲᠥᠷᠥᠯᠬᠢᠲᠡᠨ ᠪᠣᠯ ᠪᠠᠢ᠌ᠭ᠋ᠠᠯᠢ ᠵᠢᠨ ᠪᠦᠲᠦᠭᠡᠭᠳᠡᠬᠦᠨ ᠮᠥᠨ᠂ ᠪᠠᠢ᠌ᠭ᠋ᠠᠯᠢ ᠶᠢᠷᠲᠢᠨᠴᠦ ᠵᠢᠨ ᠨᠢᠭᠡ ᠬᠡᠰᠡᠭ ᠮᠥᠨ᠂ ᠬᠥᠮᠦᠨ ᠲᠥᠷᠥᠯᠬᠢᠲᠡᠨ ᠪᠠᠢ᠌ᠭ᠋ᠠᠯᠢ᠎ᠲᠠᠢ ᠬᠠᠮᠳᠤ ᠣᠷᠣᠰᠢᠨ ᠲᠣᠭᠲᠠᠨᠢᠬᠤ ᠵᠢᠨ ᠳᠠᠭ᠋ᠠᠤ ᠪᠠᠢ᠌ᠭ᠋ᠠᠯᠢ ᠵᠢ ᠳᠡᠭᠡᠳᠦ ᠬᠡᠮᠵᠢᠶ᠎ᠡ᠎ᠪᠠᠷ ᠲᠦᠰᠢᠭᠯᠡᠵᠦ᠂ ᠬᠥᠮᠦᠨ ᠲᠥᠷᠥᠯᠬᠢᠲᠡᠨ ᠪᠣᠯᠤᠨ ᠲᠩᠷᠢ ᠭᠠᠵᠠᠷ ᠲᠦᠮᠡᠨ ᠪᠣᠳᠠᠰ ᠬᠠᠮᠲᠤ᠎ᠪᠠᠷ ᠣᠷᠣᠰᠢᠵᠤ᠂ ᠲᠩᠷᠢ ᠬᠥᠮᠦᠨ ᠨᠢᠭᠡ ᠴᠣᠭᠴᠠ ᠪᠣᠯᠳᠠᠭ; ᠬᠣᠶᠠᠷ᠎ᠲᠤ᠂ ᠬᠥᠮᠦᠨ ᠲᠥᠷᠥᠯᠬᠢᠲᠡᠨ᠎ᠤ ᠦᠢ᠍ᠯᠡᠳᠪᠦᠷᠢᠯᠡᠯ ᠠᠮᠢᠳᠤᠷᠠᠯ ᠵᠡᠷᠭᠡ ᠦᠢ᠍ᠯᠡᠳᠦᠯᠭᠡ ᠵᠢᠨ ᠠᠵᠢᠯᠯᠠᠭ᠎ᠠ ᠬᠢᠬᠦ ᠵᠢᠮ᠎ᠡ ᠶᠣᠰᠣᠨᠢ ᠪᠠᠢ᠌ᠭ᠋ᠠᠯᠢ ᠶᠢᠷᠲᠢᠨᠴᠦ ᠵᠢᠨ ᠲᠦᠭᠡᠮᠡᠯ ᠵᠢᠮ᠎ᠡ ᠶᠣᠰᠣᠲᠠᠢ ᠳᠣᠲᠣᠭ᠋ᠠᠳᠤ ᠨᠢᠭᠡᠳᠦᠮᠡᠯ ᠴᠢᠨᠠᠷᠲᠠᠢ ᠪᠠᠢ᠌ᠳᠠᠭ᠂ ᠬᠥᠮᠦᠨ ᠲᠥᠷᠥᠯᠬᠢᠲᠡᠨ ᠪᠠᠢ᠌ᠭ᠋ᠠᠯᠢ ᠵᠢᠨ ᠵᠢᠮ᠎ᠡ ᠶᠣᠰᠣ ᠵᠢ ᠵᠢᠷᠤᠮᠯᠠᠵᠤ᠂ ᠪᠠᠢ᠌ᠭ᠋ᠠᠯᠢ᠎ᠲᠠᠢ ᠨᠢᠭᠡᠳᠬᠦ ᠬᠡᠷᠡᠭᠲᠡᠢ; ᠭᠤᠷᠪᠠ᠎ᠳᠤ᠂ ᠬᠥᠮᠦᠨ ᠲᠥᠷᠥᠯᠬᠢᠲᠡᠨ ᠪᠠᠢ᠌ᠭ᠋ᠠᠯᠢᠯᠤᠭᠠ ᠲᠡᠩᠴᠡᠭᠦᠷᠢᠲᠡᠢ ᠪᠠᠢ᠌ᠳᠠᠯ ᠵᠶ᠋ᠠᠨ ᠪᠠᠲᠤᠯᠠᠵᠤ᠂ ᠬᠣᠶᠠᠷ ᠲᠠᠯ᠎ᠠ᠎ᠪᠠᠷ ᠵᠶ᠋ᠠᠨ ᠡᠶ᠎ᠡ ᠵᠤᠬᠢᠴᠠᠩᠭᠤᠢ᠎ᠪᠠᠷ ᠬᠠᠮᠲᠤ ᠣᠷᠣᠰᠢᠬᠤ ᠬᠡᠷᠡᠭᠲᠡᠢ᠃ 《ᠪᠠᠢ᠌ᠭ᠋ᠠᠯᠢ ᠵᠢ ᠶᠣᠰᠣᠴᠢᠯᠠᠨ ᠳᠠᠭ᠋ᠠᠬᠤ》 ᠭᠡᠳᠡᠭ ᠪᠣᠯ ᠪᠣᠮᠪᠣ ᠵᠢᠨ ᠰᠤᠷᠭ᠋ᠠᠯᠲᠠᠨ᠎ᠤ ᠦᠵᠡᠯ ᠰᠠᠨᠠᠭ᠋ᠠᠨ᠎ᠤ ᠨᠠᠷᠢᠨ ᠤᠳᠬ᠎ᠠ ᠮᠥᠨ᠃ 《ᠬᠥᠮᠦᠨ᠎ᠤ ᠶᠣᠰᠣ ᠭᠠᠵᠠᠷ᠂ ᠭᠠᠵᠠᠷ᠎ᠤᠨ ᠶᠣᠰᠣ ᠲᠩᠷᠢ᠂ ᠲᠩᠷᠢ ᠵᠢᠨ ᠶᠣᠰᠣ ᠪᠤᠯ ᠠᠶᠠᠨᠳᠠᠭ᠋ᠠᠨ᠂ ᠪᠠᠢ᠌ᠭ᠋ᠠᠯᠢ ᠵᠢ ᠶᠣᠰᠣᠴᠢᠯᠠᠨ ᠳᠠᠭ᠋ᠠᠬᠤ》 ᠭᠡᠳᠡᠭᠴᠢᠯᠡᠨ ᠬᠥᠮᠦᠨ ᠪᠣᠯ ᠪᠠᠢ᠌ᠭ᠋ᠠᠯᠢ ᠵᠢᠨ ᠨᠢᠭᠡ ᠬᠡᠰᠡᠭ ᠮᠥᠨ᠂ ᠲᠩᠷᠢ ᠭᠠᠵᠠᠷ ᠪᠠᠢ᠌ᠭ᠋ᠠᠯᠢ᠎ᠪᠠᠷ ᠬᠠᠤᠯᠢ ᠪᠣᠯᠭ᠋ᠠᠵᠤ᠂ ᠪᠠᠢ᠌ᠭ᠋ᠠᠯᠢ ᠵᠢ ᠳᠠᠬᠢᠨ ᠰᠡᠷᠭᠦᠭᠡᠬᠦ ᠬᠡᠷᠡᠭᠲᠡᠢ᠃ ᠲᠦᠮᠡᠨ ᠬᠡᠷᠡᠭ ᠲᠦᠮᠡᠨ ᠪᠣᠳᠠᠰ ᠴᠥᠮ ᠬᠠᠷᠢᠯᠴᠠᠨ ᠬᠣᠯᠪᠣᠯᠳᠤᠭᠰᠠᠨ ᠣᠷᠴᠢᠯ᠎ᠤᠨ ᠨᠢᠭᠡᠳᠦᠮᠡᠯ ᠴᠣᠭᠴᠠ᠎ᠳᠤ ᠣᠷᠣᠰᠢᠵᠤ ᠪᠠᠢ᠌ᠳᠠᠭ᠂ ᠬᠥᠮᠦᠨ ᠬᠢᠭᠡᠳ ᠪᠠᠢ᠌ᠭ᠋ᠠᠯᠢ ᠪᠣᠯ ᠡᠷᠬᠡ ᠲᠡᠭᠰᠢ ᠬᠠᠷᠢᠴᠠᠭ᠎ᠠ᠎ᠲᠠᠢ᠂ ᠬᠥᠮᠦᠨ ᠪᠠᠢ᠌ᠭ᠋ᠠᠯᠢ ᠵᠢ ᠳᠡᠭᠡᠷᠡᠯᠬᠡᠵᠦ ᠪᠣᠯᠬᠤ ᠦᠭᠡᠢ᠂ ᠬᠠᠷᠢᠨ ᠪᠠᠢ᠌ᠭ᠋ᠠᠯᠢ ᠵᠢ ᠭᠦᠢ᠍ᠴᠡᠳ ᠲᠠᠨᠢᠵᠤ᠂ ᠪᠠᠢ᠌ᠭ᠋ᠠᠯᠢ ᠵᠢ ᠬᠦᠨᠳᠦᠳᠬᠡᠵᠦ᠂ ᠬᠥᠮᠦᠨ ᠪᠣᠯᠣᠨ ᠪᠠᠢ᠌ᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠪᠡᠶᠡᠯᠡᠭᠦᠯᠬᠦ ᠬᠡᠷᠡᠭᠲᠡᠢ᠃ ᠳᠤᠮᠳᠠᠳᠤ ᠵᠢᠨ ᠡᠬᠡ ᠭᠠᠵᠠᠷ᠎ᠨᠢ ᠮᠠᠰᠢ ᠡᠯᠪᠡᠭ ᠪᠠᠶᠠᠯᠢᠭ ᠠᠮᠢ ᠠᠬᠤᠶ ᠵᠢᠨ ᠣᠶᠤᠨ ᠤᠬᠠᠭ᠋ᠠᠨ᠎ᠢ ᠬᠤᠷᠠᠮᠳᠤᠭᠤᠯᠵᠠᠢ᠃ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠳᠠᠬᠢ ᠪᠠᠢ᠌ᠭ᠋ᠠᠯᠢ ᠳᠡᠯᠡᠬᠡᠢ ᠵᠢᠨ ᠰᠢᠳᠦᠬᠡᠨ᠎ᠨᠢ ᠠᠳᠠᠯᠢ ᠪᠤᠰᠤ ᠪᠠᠢ᠌ᠵᠤ ᠮᠡᠳᠡᠨ᠎ᠡ᠂ ᠭᠡᠪᠡᠴᠦ ᠬᠥᠮᠦᠨ ᠪᠠ ᠪᠠᠢ᠌ᠭ᠋ᠠᠯᠢ ᠵᠢᠨ ᠬᠣᠭᠣᠷᠣᠨᠳᠣ ᠨᠢᠭᠡ ᠵᠦᠢ᠍ᠯ᠎ᠤᠨ 《ᠲᠦᠷᠦᠯ ᠰᠠᠳᠤᠨ᠎ᠤ ᠬᠠᠷᠢᠴᠠᠭ᠎ᠠ》᠎ᠠᠴᠠ ᠳᠠᠪᠠᠭᠰᠠᠨ 《ᠣᠨᠴᠠᠭ᠋ᠠᠢ ᠬᠠᠷᠢᠴᠠᠭ᠎ᠠ》 ᠣᠷᠣᠰᠢᠵᠤ ᠪᠠᠢ᠌ᠨ᠎ᠠ ᠬᠡᠬᠦ ᠠᠳᠠᠯᠢ ᠦᠵᠡᠯᠳᠡ᠎ᠲᠠᠢ ᠪᠠᠢ᠌ᠳᠠᠭ ᠮᠦᠷᠳᠡᠬᠡᠨ ᠡᠬᠡ ᠪᠠᠢ᠌ᠭ᠋ᠠᠯᠢ ᠵᠢ ᠪᠢᠰᠢᠷᠡᠨ ᠵᠢᠷᠦᠬᠡᠰᠢᠶᠡᠬᠦ ᠰᠡᠳᠬᠢᠯᠭᠡ᠎ᠲᠠᠢ ᠪᠠᠢ᠌ᠳᠠᠭ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠤᠳᠤᠮᠰᠢᠯᠳᠤ ᠴᠥᠮ ᠲᠦᠮᠡᠨ ᠪᠣᠳᠠᠰ᠎ᠲᠤ ᠰᠦᠨᠡᠰᠦ᠎ᠲᠠᠢ᠂ ᠪᠠᠢ᠌ᠭ᠋ᠠᠯᠢ ᠵᠢ ᠬᠦᠨᠳᠦᠳᠬᠡᠬᠦ ᠦᠵᠡᠯᠲᠡ᠎ᠲᠠᠢ ᠪᠠᠢ᠌ᠳᠠᠭ᠃ ᠲᠦᠮᠡᠨ ᠪᠣᠳᠠᠰ ᠰᠦᠨᠡᠰᠦ᠎ᠲᠠᠢ ᠭᠡᠳᠡᠭ᠎ᠨᠢ ᠶᠢᠷᠲᠢᠨᠴᠦ ᠵᠢᠨ ᠲᠦᠮᠡᠨ ᠪᠣᠳᠠᠰ ᠴᠥᠮ ᠷᠢᠳᠢ ᠰᠢᠳᠢ᠎ᠲᠠᠢ ᠭᠡᠳᠡᠭ᠎ᠢ ᠢᠲᠡᠭᠡᠳᠡᠭ᠂ ᠵᠢᠱ᠌ᠢᠶᠡᠯᠡᠪᠡᠯ ᠨᠠᠷᠠ ᠰᠠᠷ᠎ᠠ ᠣᠳᠣᠨ ᠮᠡᠴᠢᠳ᠂ ᠠᠭᠤᠯᠠ ᠤᠰᠤ ᠨᠠᠭᠤᠷ ᠴᠥᠭᠥᠷᠥᠮ᠂ ᠵᠢᠭᠦᠷᠲᠡᠨ ᠠᠷᠢᠶᠠᠲᠠᠨ ᠵᠡᠷᠭᠡ᠎ᠨᠢ ᠴᠥᠮ ᠷᠢᠳᠢ ᠰᠢᠳᠢ᠎ᠲᠠᠢ ᠪᠠᠢ᠌ᠳᠠᠭ᠃ ᠡᠳᠡᠭᠡᠷ ᠷᠢᠳᠢ ᠰᠢᠳᠢ᠎ᠪᠠᠷ ᠳᠦᠭᠦᠷᠦᠭᠰᠡᠨ ᠪᠠᠢ᠌ᠭ᠋ᠠᠯᠢ ᠵᠢᠨ ᠪᠣᠳᠠᠰ ᠪᠣᠯ ᠡᠷᠬᠢᠮ ᠳᠡᠭᠡᠳᠦ ᠬᠠᠷᠢᠴᠠᠯᠠᠰᠢ ᠦᠭᠡᠢ ᠣᠷᠣᠰᠢᠬᠤᠢ ᠪᠢᠰᠢ᠂ ᠬᠠᠷᠢᠨ ᠪᠠᠢ᠌ᠭ᠋ᠠᠯᠢ ᠵᠢᠨ ᠬᠣᠭᠣᠷᠣᠨᠳᠣᠬᠢ᠂ ᠬᠥᠮᠦᠨ ᠲᠥᠷᠥᠯᠬᠢᠲᠡᠨ᠎ᠢ ᠪᠠᠭᠲᠠᠭ᠋ᠠᠭᠰᠠᠨ ᠪᠠᠢ᠌ᠭ᠋ᠠᠯᠢ ᠵᠢᠨ ᠲᠦᠮᠡᠨ ᠪᠣᠳᠠᠰᠯᠤᠭᠠ ᠤᠰᠤ ᠰᠦ ᠵᠢᠨ ᠠᠭᠤᠰᠤᠯᠴᠠᠭᠰᠠᠨ ᠳᠣᠲᠣᠨᠣ ᠬᠠᠷᠢᠴᠠᠭ᠎ᠠ᠎ᠲᠠᠢ ᠪᠠᠢ᠌ᠳᠠᠭ᠃ ᠵᠢᠱ᠌ᠢᠶᠡᠯᠡᠪᠡᠯ᠂ ᠮᠣᠩᠭᠣᠯᠴᠤᠳ ᠲᠩᠷᠢ ᠵᠢ ᠰᠦᠰᠦᠭ ᠪᠢᠰᠢᠷᠡᠯ ᠵᠶ᠋ᠡᠷ ᠦᠵᠡᠵᠦ᠂ 《ᠮᠥᠩᠬᠡ ᠲᠩᠷᠢ》 (ᠮᠣᠩᠭᠣᠯ ᠵᠶ᠋ᠠᠷ 《ᠲᠩᠷᠢ》 ᠭᠡᠳᠡᠭ) ᠲᠦᠮᠡᠨ ᠪᠣᠳᠠᠰ᠎ᠢ ᠪᠦᠲᠦᠭᠡᠭᠰᠡᠨ ᠵᠶ᠋ᠡᠷ ᠪᠠᠷᠠᠬᠤ ᠥᠭᠡᠢ᠂ ᠪᠦᠷᠢᠨ ᠴᠢᠳᠠᠪᠤᠷᠢ᠎ᠲᠠᠢ ᠬᠠᠮᠤᠭ ᠳᠡᠭᠡᠳᠦ ᠰᠠᠬᠢᠭᠤᠯᠰᠤᠨ ᠭᠡᠵᠦ ᠦᠵᠡᠳᠡᠭ; ᠲᠥᠪᠡᠳ ᠦᠨᠳᠦᠰᠦᠲᠡᠨ ᠪᠣᠯ ᠠᠭᠤᠯᠠ ᠬᠠᠢ᠌ᠷᠬᠠᠨᠢ ᠪᠢᠰᠢᠷᠡᠨ ᠳᠡᠬᠡᠳᠦᠯᠡᠳᠡᠭ᠂ ᠬᠥᠬᠡᠨᠠᠭᠤᠷ ᠲᠥᠪᠡᠳ᠎ᠤᠨ ᠥᠨᠳᠥᠷᠯᠢᠭᠲᠠᠬᠢ ᠮᠠᠰᠢ ᠣᠯᠠᠨ ᠥᠨᠳᠥᠷ ᠠᠭᠤᠯᠠ ᠵᠢ ᠲᠥᠪᠡᠳᠴᠦᠳ ᠠᠭᠤᠯᠠ ᠬᠠᠢ᠌ᠷᠬᠠᠨᠤ ᠠᠷᠢᠭᠤᠨ ᠳᠠᠷᠬᠠᠨ ᠣᠷᠣᠨ ᠵᠶ᠋ᠠᠷ ᠦᠵᠡᠵᠦ᠂ ᠪᠢᠰᠢᠷᠡᠯ ᠬᠦᠨᠳᠦᠳᠬᠡᠯ᠎ᠤᠨ ᠰᠡᠳᠬᠢᠯᠭᠡ᠎ᠪᠠᠷ ᠮᠥᠷᠭᠥᠨ ᠵᠠᠯᠪᠠᠷᠢᠳᠠᠭ᠃
ᠳᠤᠮᠳᠠᠳᠤ ᠵᠢᠨ ᠦᠨᠳᠦᠰᠦᠲᠡᠨ᠎ᠤ ᠠᠯᠤᠰ ᠭᠡᠳᠤ ᠵᠢᠨ ᠬᠥᠭᠵᠢᠯᠲᠡ᠎ᠨᠢ ᠰᠠᠢ᠍ᠢ᠍ᠨ ᠰᠠᠢ᠌ᠬᠠᠨ ᠠᠮᠢ ᠠᠬᠤᠢ ᠵᠢᠨ ᠣᠷᠴᠢᠨ ᠨᠥᠬᠥᠴᠡᠯ᠎ᠠᠴᠠ ᠰᠠᠯᠵᠤ ᠴᠢᠳᠠᠬᠤ ᠦᠭᠡᠢ᠂ ᠪᠠᠲᠤ ᠪᠡᠬᠢ ᠠᠮᠢ ᠠᠬᠤᠢ ᠵᠢᠨ ᠰᠠᠭᠤᠷᠢ ᠪᠠᠢ᠌ᠬᠤ ᠦᠭᠡᠢ ᠪᠣᠯ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ ᠵᠢ ᠶᠠᠷᠢᠬᠤ ᠵᠢᠨ ᠠᠷᠭ᠎ᠠ ᠦᠭᠡᠢ ᠶᠤᠮ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠯᠬᠢᠨ ᠠᠬᠢᠭᠤᠯᠬᠤ᠎ᠳᠤ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠰᠣᠶᠣᠯ᠎ᠳᠠᠬᠢ ᠠᠮᠢ ᠠᠬᠤᠢ ᠵᠢᠨ ᠳᠡᠬᠡᠳᠦᠯᠡᠬᠦ ᠦᠵᠡᠯ ᠰᠠᠨᠠᠭ᠎ᠠ ᠵᠢ ᠥᠷᠭᠡᠨ ᠵᠶ᠋ᠡᠷ ᠰᠢᠩᠭᠡᠭᠡᠨ ᠠᠪᠴᠤ ᠲᠡᠭᠦᠨ ᠵᠶ᠋ᠡᠷ ᠯᠠᠪᠯᠠᠯᠲᠠ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠳᠣᠲᠣᠷᠠᠬᠢ ᠠᠮᠢ ᠠᠬᠤᠢ ᠵᠢᠨ ᠤᠶᠤᠨ ᠤᠬᠠᠭ᠋ᠠᠨ᠎ᠢ ᠭᠦᠨᠵᠡᠭᠡᠢ ᠠᠭᠤᠳᠠᠯᠤᠨ ᠰᠢᠩᠭᠡᠭᠡᠵᠦ᠂ ᠬᠥᠮᠦᠰ᠎ᠢ ᠪᠠᠢ᠌ᠭ᠋ᠠᠯᠢᠯᠤᠭᠠ ᠨᠡᠩ ᠡᠶ᠎ᠡ ᠵᠤᠬᠢᠴᠠᠩᠭᠤᠢ᠎ᠪᠠᠷ ᠬᠠᠮᠲᠤ ᠣᠷᠣᠰᠢᠬᠤ ᠪᠣᠯᠭ᠋ᠠᠬᠤ ᠬᠡᠷᠡᠭᠲᠡᠢ᠃
ᠰᠢᠷ᠎ᠠ ᠡᠯᠡᠰᠦ ᠨᠡᠯᠦᠢ᠌ᠭᠰᠡᠨᠠᠴᠠ ᠡᠪᠡᠰᠦ ᠮᠣᠳᠣ ᠴᠡᠯᠭᠡᠷᠡᠨ ᠨᠣᠭᠣᠭ᠋ᠠᠷᠠᠬᠤ ᠬᠦᠷᠲᠡᠯ᠎ᠡ᠂ 《ᠦᠬᠦᠯ᠎ᠤᠨ ᠳᠠᠯᠠᠢ》᠎ᠠᠴᠠ 《ᠠᠵᠤ ᠠᠬᠤᠢ ᠵᠢᠨ ᠨᠣᠭᠣᠭ᠋ᠠᠨ ᠪᠦᠷᠢᠳᠦ》 ᠬᠦᠷᠲᠡᠯ᠎ᠡ᠂ ᠳᠤᠮᠳᠠᠳᠤ ᠤᠯᠤᠰ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦᠷᠬᠡᠭᠵᠢᠯ᠎ᠢ ᠵᠠᠰᠠᠬᠤ ᠦᠢ᠍ᠯᠡᠰ᠎ᠢ ᠴᠥᠬᠥᠷᠡᠰᠢ ᠦᠭᠡᠢ ᠠᠬᠢᠭᠤᠯᠵᠤ᠂ ᠴᠦᠯᠡᠷᠬᠡᠭᠵᠢᠭᠰᠡᠨ ᠭᠠᠵᠠᠷ ᠰᠢᠷᠣᠢ ᠵᠢᠨ ᠲᠠᠯᠠᠪᠠᠢ ᠵᠢ ᠲᠤᠭᠳᠠᠪᠤᠷᠢᠵᠢᠭᠤᠯᠬᠤ ᠵᠢ ᠤᠷᠢᠳ ᠵᠶ᠋ᠠᠷ ᠪᠡᠶᠡᠯᠡᠭᠦᠯᠵᠦ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠳᠤᠷᠠᠳᠤᠭᠰᠠᠨ 2030 ᠣᠨ ᠪᠣᠯᠲᠠᠯᠠᠬᠢ ᠪᠦᠬᠦ ᠪᠥᠮᠪᠥᠷᠴᠡᠭ᠎ᠤᠨ ᠡᠯᠡᠰᠦᠷᠬᠡᠭᠵᠢᠭᠰᠡᠨ ᠭᠠᠵᠠᠷ᠎ᠤᠨ 《ᠲᠢᠭ》 ᠨᠡᠮᠡᠭᠳᠡᠯ᠎ᠤᠨ ᠬᠠᠷᠠᠯᠲᠠ ᠵᠢ ᠪᠡᠶᠡᠯᠡᠭᠦᠯᠬᠦ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠵᠢᠷᠤᠭ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠳᠤᠰ ᠬᠤᠳᠠ ᠵᠢᠨ ᠬᠣᠢ᠌ᠲᠤ ᠬᠡᠰᠡᠭ᠎ᠤᠨ ᠬᠥᠪᠴᠢ ᠵᠢᠨ ᠡᠯᠡᠰᠦᠨ ᠴᠦᠯ᠂ ᠤᠳᠤ ᠨᠢᠭᠡᠨᠲᠡ ᠨᠣᠭᠣᠭ᠋ᠠᠨ ᠪᠦᠷᠢᠳᠦ ᠪᠤᠯᠵᠤ᠂ ᠳᠤᠮᠳᠠᠳᠤ ᠤᠯᠤᠰ ᠴᠢᠨᠠᠭᠰᠢᠯᠠᠪᠠᠯ ᠳᠡᠯᠡᠬᠡᠢ ᠵᠢᠨ ᠴᠦᠯᠡᠷᠭᠡᠭᠵᠢᠯᠢ ᠵᠠᠰᠠᠭᠰᠠᠨ ᠨᠡᠢ᠌ᠲᠡᠯᠢᠭ ᠵᠢᠱ᠌ᠢᠢ᠎ᠡ ᠪᠣᠯᠵᠠᠢ᠃ (ᠵᠢᠷᠤᠭ᠎ᠤᠨ ᠢᠷᠡᠯᠲᠡ᠄ ᠠᠷᠠᠳ᠎ᠤᠨ ᠰᠦᠯᠵᠢᠶ᠎ᠡ)
ᠰᠤᠷᠪᠤᠯᠵᠢᠯᠠᠭᠴᠢ᠄ ᠮᠠᠨ᠎ᠤ ᠤᠯᠤᠰ᠎ᠤᠨ ᠦᠨᠳᠦᠰᠦᠲᠡᠨ᠎ᠤ ᠭᠠᠵᠠᠷ ᠣᠷᠣᠨ ᠦᠷᠬᠡᠨ ᠠᠭᠤᠳᠠᠮ ᠪᠠᠢ᠌ᠳᠠᠭ᠃ ᠬᠥᠮᠦᠨ ᠪᠣᠯᠣᠨ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠶᠠᠪᠤᠴᠠ᠎ᠳᠤ ᠦᠨᠳᠦᠰᠦᠲᠡᠨ᠎ᠤ ᠭᠠᠵᠠᠷ ᠣᠷᠣᠨ᠎ᠤ ᠴᠢᠬᠤᠯᠠ ᠠᠴᠢ ᠬᠣᠯᠪᠣᠭᠳᠠᠯ᠎ᠢ ᠬᠡᠷᠬᠢᠨ ᠣᠢ᠌ᠯᠠᠭ᠋ᠠᠬᠤ ᠪᠤᠢ? ᠦᠨᠳᠦᠰᠦᠲᠡᠨ᠎ᠨᠦᠭᠦᠳ ᠪᠠᠰᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠶᠠᠮᠠᠷ ᠡᠭᠦᠷᠭᠡ ᠡᠭᠦᠷᠭᠡᠯᠡᠵᠦ ᠪᠠᠢ᠌ᠬᠤ ᠪᠤᠢ?
ᠸᠠᠩ ᠵᠢᠨ ᠯᠸᠢ᠄ ᠦᠨᠳᠦᠰᠦᠲᠡᠨ᠎ᠤ ᠭᠠᠵᠠᠷ ᠣᠷᠣᠨ ᠪᠣᠯ ᠮᠠᠨ᠎ᠤ ᠤᠯᠤᠰ᠎ᠤᠨ ᠴᠢᠬᠤᠯᠠ ᠪᠠᠢ᠌ᠭ᠋ᠠᠯᠢ ᠵᠢᠨ ᠠᠮᠢ ᠠᠬᠤᠶ ᠵᠢᠨ ᠬᠠᠯᠬᠠᠪᠴᠢ ᠮᠥᠨ᠂ ᠲᠡᠷᠡ᠎ᠨᠢ ᠬᠡᠮᠵᠢᠶᠡᠯᠡᠰᠢ ᠥᠬᠡᠶ ᠠᠮᠢ ᠠᠬᠤᠶ ᠵᠢᠨ ᠪᠠᠢ᠌ᠯᠳᠤᠬᠤ ᠪᠣᠳᠣᠯᠭ᠎ᠠ ᠵᠢᠨ ᠴᠢᠬᠤᠯᠠ ᠴᠢᠨᠠᠷᠲᠠᠢ ᠶᠤᠮ᠃ ᠤᠮᠠᠷᠠᠲᠤ ᠣᠷᠣᠨ᠎ᠤ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠪᠦᠰᠡ ᠪᠣᠯ ᠮᠠᠨ᠎ᠤ ᠤᠯᠤᠰ᠎ᠤᠨ ᠰᠠᠯᠬᠢ ᠡᠯᠡᠰᠦ ᠵᠢ ᠰᠡᠷᠭᠡᠢ᠌ᠯᠡᠬᠦ ᠴᠢᠬᠤᠯᠠ ᠬᠠᠮᠠᠭ᠋ᠠᠯᠠᠯᠲᠠ ᠵᠢᠨ ᠪᠦᠰᠡ ᠪᠣᠯᠤᠨ᠎ᠠ; ᠬᠥᠬᠡᠨᠠᠭᠤᠷ ᠲᠥᠪᠡᠳ᠎ᠤᠨ ᠥᠨᠳᠥᠷᠯᠢᠭ ᠪᠣᠯ ᠭᠤᠷᠪᠠᠨ ᠮᠥᠷᠡᠨ᠎ᠤ ᠡᠬᠢ ᠪᠠᠢ᠌ᠵᠤ᠂ ᠭᠣᠣᠯ ᠮᠥᠷᠡᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠪᠠ ᠠᠭᠤᠷ ᠠᠮᠢᠰᠬᠤᠯ᠎ᠢ ᠲᠣᠬᠢᠷᠠᠭᠤᠯᠬᠤ ᠴᠢᠬᠤᠯᠠ ᠦᠢ᠍ᠯᠡᠳᠦᠯ᠎ᠲᠠᠢ᠂ ᠪᠦᠬᠦ ᠤᠯᠤᠰ ᠴᠢᠨᠠᠭᠰᠢᠯᠠᠪᠠᠯ ᠪᠦᠬᠦ ᠠᠽᠢᠶ᠎ᠠ ᠲᠢᠪ᠎ᠤᠨ ᠠᠭᠤᠷ ᠠᠮᠢᠰᠬᠤᠯ᠎ᠤᠨ 《ᠰᠡᠷᠡᠯᠵᠢᠭᠦᠯᠦᠭᠴᠢ》 ᠪᠣᠯᠤᠨ᠎ᠠ; ᠰᠢᠷ᠎ᠠ ᠬᠥᠷᠥᠰᠥᠲᠦ ᠥᠨᠳᠥᠷᠯᠢᠭ ᠰᠧᠴᠤᠸᠠᠨ ᠶᠦᠨᠨᠠᠨ᠎ᠤ ᠠᠮᠢ ᠠᠬᠤᠶ ᠵᠢᠨ ᠬᠠᠯᠬᠠᠪᠴᠢ᠎ᠨᠢ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠪᠠ ᠪᠠᠢ᠌ᠭ᠋ᠠᠯᠢ ᠵᠢᠨ ᠤᠷᠭᠤᠮᠠᠯ᠎ᠤᠨ ᠬᠤᠴᠢᠯᠭ᠎ᠠ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠥᠬᠡ ᠮᠥᠷᠡᠨ᠂ ᠬᠠᠲᠤᠨ ᠭᠣᠣᠯ᠎ᠤᠨ ᠳᠤᠮᠳᠠᠳᠤ ᠳᠣᠣᠷᠠᠳᠤ ᠤᠷᠤᠰᠬᠠᠯ᠎ᠤᠨ ᠭᠠᠵᠠᠷ ᠣᠷᠣᠨ᠎ᠤ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠬᠤ ᠴᠢᠬᠤᠯᠠ ᠦᠢ᠍ᠯᠡᠳᠦᠯ᠎ᠲᠠᠢ ᠶᠤᠮ᠃ ᠦᠨᠳᠦᠰᠦᠲᠡᠨ᠎ᠤ ᠭᠠᠵᠠᠷ ᠣᠷᠣᠨ ᠪᠣᠯ ᠪᠠᠰᠠ ᠴᠤ᠌ ᠮᠠᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠂ ᠬᠣᠪᠣᠷ ᠴᠤᠬᠠᠭ ᠠᠮᠢᠲᠠᠨ ᠤᠷᠭᠤᠮᠠᠯ᠎ᠤᠨ ᠡᠬᠢ ᠪᠠᠶᠠᠯᠢᠭ᠂ ᠡᠨᠧᠷᠭᠢ ᠵᠢᠨ ᠰᠤᠷᠪᠤᠯᠵᠢ ᠵᠢᠴᠢ ᠲᠦᠭᠦᠬᠡᠢ ᠮᠠᠲ᠋ᠧᠷᠢᠶᠠᠯ᠎ᠤᠨ ᠴᠢᠬᠤᠯᠠ ᠰᠠᠭᠤᠷᠢᠨ ᠭᠠᠵᠠᠷ ᠮᠥᠨ᠃ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠠᠳᠠᠭ᠋ᠠᠯᠠᠭᠳᠠᠴᠠ ᠳᠡᠯᠡᠬᠡᠶ᠎ᠳᠤ ᠨᠢᠭᠡᠳᠦᠭᠡᠷ᠎ᠲᠤ ᠣᠷᠣᠵᠤ᠂ 70%᠎ᠨᠢ ᠪᠠᠷᠠᠭᠤᠨ ᠡᠮᠦᠨᠡᠲᠦ ᠭᠤᠷᠪᠠᠨ ᠮᠤᠵᠢ ᠪᠠ ᠲᠥᠪᠡᠳ ᠣᠷᠣᠨ ᠵᠶ᠋ᠠᠷ ᠲᠠᠷᠬᠠᠵᠤ ᠪᠠᠢ᠌ᠨ᠎ᠠ᠂ ᠡᠭᠦᠨ᠎ᠳᠤ ᠬᠥᠬᠡ ᠮᠥᠷᠡᠨ᠎ᠤ ᠤᠰᠤᠨ ᠰᠢᠰᠲ᠋ᠧᠮ ᠬᠠᠮᠤᠭ ᠣᠯᠠᠨ᠂ ᠳᠠᠷᠠᠭ᠋ᠠᠯᠠᠪᠠᠯ ᠶᠠᠯᠦᠰᠠᠩᠪᠦ ᠮᠥᠷᠡᠨ᠎ᠤ ᠤᠰᠤᠨ ᠰᠢᠰᠲ᠋ᠧᠮ ᠪᠠ ᠵᠦᠵᠢᠶᠠᠩ ᠮᠥᠷᠡᠨ᠎ᠤ ᠤᠰᠤᠨ ᠰᠢᠰᠲ᠋ᠧᠮ ᠪᠣᠯᠤᠨ᠎ᠠ᠃ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠨᠧᠷᠭᠢ ᠵᠢᠨ ᠰᠤᠷᠪᠤᠯᠵᠢ ᠵᠢᠨ ᠲᠠᠷᠬᠠᠯᠲᠠ ᠥᠷᠭᠡᠨ᠂ ᠬᠠᠷᠢᠴᠠᠩᠭᠤᠢ ᠲᠥᠪᠯᠡᠷᠡᠭᠰᠡᠨ ᠪᠠᠢ᠌ᠳᠠᠭ᠃ ᠥᠪᠥᠷ ᠮᠣᠩᠭᠣᠯ᠎ᠳᠤ ᠨᠡᠭᠦᠷᠡᠰᠦ᠂ ᠲᠡᠮᠦᠷ᠎ᠤᠨ ᠠᠭᠤᠷᠬᠠᠶ᠂ ᠬᠣᠪᠣᠷ ᠰᠢᠷᠣᠶ ᠵᠢᠨ ᠡᠬᠢ ᠪᠠᠶᠠᠯᠢᠭ ᠡᠯᠪᠡᠭ ᠳᠡᠯᠪᠡᠭ ᠪᠠᠢ᠌ᠵᠤ᠂ ᠴᠠᠬᠢᠯᠭ᠋ᠠᠨ ᠭᠠᠷᠭ᠋ᠠᠬᠤ ᠴᠢᠳᠠᠪᠤᠷᠢ᠎ᠨᠢ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠪᠣᠶ; ᠰᠢᠨᠵᠢᠶᠠᠩ᠎ᠤᠨ ᠴᠢᠯᠠᠭᠤᠨ ᠲᠣᠰᠣ᠂ ᠪᠠᠢ᠌ᠭ᠋ᠠᠯᠢ ᠵᠢᠨ ᠰᠢᠲᠠᠮᠠᠬᠠᠶ ᠬᠡᠢ ᠵᠢᠨ ᠬᠠᠳᠠᠭ᠋ᠠᠯᠠᠭᠳᠠᠴᠠ ᠯᠤᠲᠤ ᠶᠡᠬᠡ᠂ ᠠᠯᠳᠠᠷᠲᠤ ᠪᠠᠷᠠᠭᠤᠨ᠎ᠤ ᠬᠡᠢ ᠵᠢ ᠵᠡᠭᠦᠨᠰᠢ ᠳᠠᠮᠵᠢᠭᠤᠯᠬᠤ᠎ᠨᠢ ᠡᠨᠳᠡ᠎ᠠᠴᠠ ᠡᠬᠢᠯᠡᠳᠡᠭ; ᠭᠠᠨᠰᠦ ᠵᠢᠨ ᠨᠢᠺᠸᠯ᠂ ᠶᠦᠨᠨᠠᠨ᠎ᠤ ᠴᠠᠭ᠋ᠠᠨ ᠲᠤᠭᠤᠯᠭ᠎ᠠ ᠴᠤ᠌ ᠠᠵᠤ ᠦᠢ᠍ᠯᠡᠳᠪᠦᠷᠢ ᠵᠢᠨ ᠴᠢᠬᠤᠯᠠ ᠲᠦᠭᠦᠬᠡᠢ ᠡᠳ᠋ ᠪᠤᠯᠵᠤ ᠪᠠᠢ᠌ᠨ᠎ᠠ᠂ ᠶᠦᠨᠨᠠᠨ᠂ ᠭᠦᠢ᠍ᠵᠧᠦ ᠵᠢᠨ ᠴᠠᠬᠢᠯᠭ᠋ᠠᠨ ᠭᠠᠷᠭ᠋ᠠᠬᠤ ᠬᠡᠮᠵᠢᠢ᠎ᠡ ᠴᠦ᠍ ᠨᠡᠯᠢᠶᠡᠳ ᠠᠷᠪᠢᠨ ᠪᠠᠢ᠌ᠨ᠎ᠠ᠃
ᠨᠠᠮ᠎ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠬᠦ᠎ᠳᠤ ᠲᠦᠰᠢᠭᠯᠡᠨ ᠭᠡᠷᠡᠯ ᠰᠠᠴᠤᠷᠠᠩᠭᠤᠢ ᠲᠡᠦᠬᠡ ᠵᠢ ᠡᠭᠦᠳᠦᠨ ᠪᠦᠲᠦᠭᠡᠭᠰᠡᠨ ᠪᠥᠭᠡᠳ ᠪᠠᠰᠠ ᠪᠦᠯᠬᠦᠮᠳᠡᠨ ᠲᠡᠮᠡᠴᠡᠬᠦ᠎ᠳᠤ ᠲᠦᠰᠢᠭᠯᠡᠨ ᠰᠠᠢ᠍ᠢ᠍ᠨ ᠰᠠᠢ᠌ᠬᠠᠨ ᠢᠷᠡᠭᠡᠳᠦᠢ᠎ᠪᠠᠨ ᠨᠡᠭᠡᠭᠡᠬᠦ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠵᠤ᠂ ᠤᠯᠠᠨ᠎ᠤ ᠤᠬᠠᠭ᠋ᠠᠨ ᠬᠠᠮᠲᠤ ᠵᠢᠨ ᠬᠦᠴᠦᠨ ᠵᠶ᠋ᠡᠷ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠥᠰᠥ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠪᠠᠷᠢᠮᠲᠠᠯᠠᠵᠤ᠂ ᠬᠦᠭᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠢ᠌ᠭᠤᠯᠵᠤ᠂ ᠠᠮᠢ ᠠᠬᠤᠢ ᠵᠢᠨ ᠠᠵᠤ ᠦᠢ᠍ᠯᠡᠰᠵᠢᠯᠲᠡ᠂ ᠠᠵᠤ ᠦᠢ᠍ᠯᠡᠰ᠎ᠤᠨ ᠠᠮᠢ ᠠᠬᠤᠢ᠍ᠢ᠍ᠵᠢᠯᠳᠠ ᠵᠢ ᠠᠬᠢᠭᠤᠯᠬᠤ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ᠎ᠬᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠵᠦ᠂ ᠬᠥᠭᠵᠢᠯᠲᠡ ᠵᠢᠨ ᠠᠮᠢ ᠠᠬᠤᠢ ᠵᠢᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠢ᠃ ᠠᠵᠤ ᠠᠬᠤᠢ ᠵᠢᠨ ᠳᠠᠪᠬᠤᠷᠭ᠎ᠠ᠎ᠠᠴᠠ᠂ ᠠᠮᠢ ᠠᠬᠤᠢ ᠵᠢᠨ ᠳᠠᠪᠠᠭᠤᠯᠢᠭ᠎ᠢ ᠵᠤᠵᠠᠭ᠋ᠠᠳᠬᠠᠵᠤ᠂ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠤᠭᠳᠠᠯᠴᠠᠭ᠎ᠠ ᠵᠢ ᠪᠠᠢ᠌ᠭᠤᠯᠤᠨ ᠪᠦᠷᠢᠨᠰᠢᠬᠦᠯᠵᠤ᠂ ᠠᠮᠢ ᠠᠬᠤᠢ ᠵᠢᠨ ᠨᠥᠬᠥᠪᠥᠷᠢ ᠵᠢᠨ ᠲᠤᠭᠳᠠᠯᠴᠠᠭ᠎ᠠ ᠵᠢ ᠲᠡᠭᠦᠯᠳᠡᠷᠵᠢᠭᠦᠯᠵᠦ᠂ ᠬᠥᠬᠡᠮᠳᠦᠭ ᠠᠭᠤᠯᠠ ᠬᠦᠬᠡ ᠤᠰᠤ ᠵᠢ ᠨᠡᠩ ᠰᠠᠢ᠍ᠢ᠍ᠨ ᠵᠶ᠋ᠠᠷ ᠠᠯᠳᠠ ᠮᠥᠩᠭᠥᠨ ᠠᠭᠤᠯᠠ ᠤᠰᠤ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ᠎ᠳᠤ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯ 《ᠤᠳᠤ ᠭᠠᠪᠢᠶ᠎ᠠ ᠪᠠᠢ᠌ᠭᠤᠯᠵᠤ ᠠᠰᠢᠭ᠎ᠢ᠎ᠨᠢ ᠡᠭᠦᠷᠢᠳᠡ ᠬᠦᠷᠲᠡᠭᠡᠬᠦ》 ᠲᠤᠮᠤ ᠶᠠᠪᠤᠳᠠᠯ ᠪᠣᠯᠤᠨ᠎ᠠ᠃
ᠬᠥᠬᠡᠮᠳᠦᠭ ᠠᠭᠤᠯᠠ ᠬᠦᠬᠡ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ ᠬᠥᠮᠦᠰ᠎ᠤᠨ ᠰᠡᠳᠬᠢᠯ᠎ᠳᠤ ᠭᠦᠨ ᠬᠠᠳᠠᠩᠰᠢᠵᠤ᠂ ᠪᠣᠬᠢᠷᠲᠤᠯ ᠦᠭᠡᠢ ᠪᠠᠢ᠌ᠬᠤ᠎ᠨᠢ ᠤᠯᠠᠮ᠎ᠠᠴᠠ ᠤᠯᠠᠮ ᠴᠢᠨᠠᠷ ᠰᠠᠢ᠌ᠲᠠᠢ ᠬᠥᠭᠵᠢᠯᠲᠡ ᠵᠢᠨ ᠰᠠᠭᠤᠷᠢ ᠦᠩᠭᠡ ᠪᠣᠯᠪᠠ᠃
ᠵᠢᠷᠤᠭ ᠪᠣᠯ ᠶᠦᠨᠨᠠᠨ᠎ᠤ ᠳ᠋ᠠ ᠯᠢ ᠼᠠᠡᠭ ᠠᠭᠤᠯᠠᠨ᠎ᠳᠠᠬᠢ ᠪᠠᠶ ᠦᠨᠳᠦᠰᠦᠲᠡᠨ᠎ᠤ ᠡᠷᠲᠡᠨ᠎ᠤ ᠲᠣᠰᠬᠣᠨ ᠪᠣᠯᠤᠨ᠎ᠠ᠃ (ᠵᠢᠷᠤᠭ᠎ᠤᠨ ᠢᠷᠡᠯᠲᠡ᠄ᠲᠤ ᠼᠦᠩ ᠪᠦᠲᠦᠭᠡᠯᠴᠢ ᠰᠡᠳᠬᠢᠮᠵᠢ)
ᠰᠤᠷᠪᠤᠯᠵᠢᠯᠠᠭᠴᠢ᠄ ᠶᠡᠷᠦᠩᠬᠡᠢ ᠱᠦᠵᠢ ᠰᠢ ᠵᠢᠨ ᠫᠢᠩ᠂ 《ᠬᠥᠮᠦᠨ ᠪᠣᠯᠣᠨ ᠪᠠᠢ᠌ᠭ᠋ᠠᠯᠢ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠥᠨ》 ᠭᠡᠵᠦ ᠵᠢᠭ᠋ᠠᠵᠤ ᠭᠠᠷᠭ᠋ᠠᠪᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠲᠡᠦᠬᠡᠨ ᠠᠬᠢᠴᠠ ᠳᠤᠮᠳᠠ᠂ 《ᠠᠮᠢ ᠨᠠᠰᠤᠨ᠎ᠤ ᠬᠠᠮᠲᠤ ᠵᠢᠨ ᠴᠣᠭᠴᠠ》 ᠵᠢᠨ ᠣᠢ᠌ᠯᠠᠭ᠋ᠠᠭᠳᠠᠬᠤᠨ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠳᠤ ᠶᠠᠮᠠᠷ ᠠᠴᠢ ᠬᠣᠯᠪᠣᠭᠳᠠᠯ᠎ᠲᠠᠢ ᠪᠤᠢ?
ᠸᠠᠩ ᠵᠢᠨ ᠯᠸᠢ᠄ 《ᠬᠥᠮᠦᠨ ᠪᠣᠯᠣᠨ ᠪᠠᠢ᠌ᠭ᠋ᠠᠯᠢ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠥᠨ》 ᠭᠡᠳᠡᠭ ᠪᠣᠯ ᠨᠡᠢ᠌ᠭᠡᠮ ᠵᠢᠷᠤᠮ᠎ᠤᠨ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠣᠨᠣᠯ᠎ᠤᠨ ᠦᠨᠳᠦᠰᠦ ᠪᠠᠷᠢᠮᠲᠠ ᠮᠥᠨ᠃ ᠡᠨᠡ ᠬᠦ᠌ ᠤᠨᠤᠯ ᠳᠤ ᠦᠨᠡᠨ᠎ᠳᠤ᠎ᠪᠠᠨ ᠪᠠᠢ᠌ᠭ᠋ᠠᠯᠢ ᠵᠢᠨ ᠳᠣᠲᠣᠭ᠋ᠠᠳᠤ᠂ ᠬᠥᠮᠦᠨ ᠬᠢᠭᠡᠳ ᠪᠠᠢ᠌ᠭ᠋ᠠᠯᠢ᠂ ᠬᠥᠮᠦᠨ ᠬᠢᠭᠡᠳ ᠬᠥᠮᠦᠨ᠎ᠤ ᠬᠠᠷᠢᠯᠴᠠᠨ ᠲᠦᠰᠢᠭᠯᠡᠯᠴᠡᠨ ᠣᠷᠣᠰᠢᠬᠤ ᠰᠠᠯᠤᠰᠢ ᠦᠭᠡᠢ ᠭᠤᠷᠪᠠᠨ ᠳᠠᠪᠬᠤᠷ ᠬᠠᠷᠢᠴᠠᠭ᠎ᠠ ᠠᠭᠤᠯᠤᠭᠳᠠᠵᠤ ᠪᠠᠢ᠌ᠳᠠᠭ᠃ ᠪᠠᠢ᠌ᠭ᠋ᠠᠯᠢ ᠵᠢᠨ ᠳᠣᠲᠣᠭ᠋ᠠᠳᠤ᠎ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠬᠠᠮᠲᠤ᠎ᠪᠠᠷ ᠨᠢᠭᠡᠨ ᠪᠦᠷᠢᠨ ᠲᠡᠭᠦᠯᠳᠡᠷ ᠠᠮᠢ ᠠᠬᠤᠢ ᠵᠢᠨ ᠰᠢᠰᠲ᠋ᠧᠮ᠎ᠢ ᠪᠦᠷᠢᠯᠳᠦᠭᠦᠯᠵᠦ᠂ ᠬᠠᠷᠢᠯᠴᠠᠨ ᠬᠣᠯᠪᠣᠯᠳᠤᠵᠤ᠂ ᠬᠠᠷᠢᠯᠴᠠᠨ ᠨᠥᠯᠥᠭᠡᠯᠡᠵᠦ᠂ ᠠᠮᠢ ᠨᠠᠰᠤᠨ᠎ᠤ ᠣᠷᠣᠰᠢᠨ ᠲᠣᠭᠲᠠᠨᠢᠬᠤ ᠪᠣᠳᠠᠰ᠎ᠤᠨ ᠰᠠᠭᠤᠷᠢ ᠵᠢ ᠬᠠᠮᠠᠭ᠋ᠠᠯᠠᠵᠤ ᠪᠠᠢ᠌ᠳᠠᠭ᠃ ᠬᠥᠮᠦᠨ᠎ᠤ ᠤᠷᠤᠯᠴᠠᠯᠭ᠎ᠠ᠎ᠨᠢ ᠨᠢᠭᠡ ᠲᠠᠯ᠎ᠠ᠎ᠪᠠᠷ ᠪᠠᠢ᠌ᠭ᠋ᠠᠯᠢ᠎ᠠᠴᠠ ᠳᠡᠭᠡᠭᠰᠢᠬᠢ ᠪᠣᠯᠪᠠᠰᠤᠨ ᠡᠭᠦᠰᠬᠦ ᠪᠣᠯᠤᠮᠵᠢ ᠵᠢ ᠪᠤᠢ ᠪᠣᠯᠭ᠋ᠠᠵᠤ᠂ ᠨᠦᠬᠦᠭᠡ ᠲᠠᠯ᠎ᠠ᠎ᠪᠠᠷ ᠪᠠᠰᠠ ᠪᠠᠢ᠌ᠭ᠋ᠠᠯᠢ᠎ᠳᠤ ᠤᠷᠢᠳ ᠡᠮᠦᠨ᠎ᠡ ᠪᠠᠢ᠌ᠭ᠎ᠠ ᠦᠭᠡᠢ ᠥᠷᠢᠰᠥᠯᠳᠦᠭᠡᠨ᠎ᠢ ᠠᠪᠴᠢᠷᠠᠬᠤ ᠪᠣᠯᠤᠨ᠎ᠠ᠂ ᠬᠡᠷᠪᠡ ᠵᠣᠬᠢᠰᠲᠠᠢ ᠰᠢᠢ᠍ᠳᠪᠦᠷᠢᠯᠡᠬᠦ ᠦᠭᠡᠢ ᠪᠣᠯ ᠬᠦᠨᠳᠦ ᠨᠣᠴᠢᠲᠠᠢ ᠠᠮᠢ ᠠᠬᠤᠢ ᠵᠢᠨ ᠬᠢᠮᠤᠷᠠᠯ᠎ᠢ ᠡᠭᠦᠰᠭᠡᠵᠦ ᠮᠡᠳᠡᠨ᠎ᠠ᠃ ᠶᠠᠭ ᠡᠨᠡ ᠬᠦ᠌ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ 《ᠠᠮᠢ ᠨᠠᠰᠤᠨ᠎ᠤ ᠬᠠᠮᠲᠤ ᠵᠢᠨ ᠴᠣᠭᠴᠠ》 ᠵᠢᠨ ᠣᠢ᠌ᠯᠠᠭ᠋ᠠᠭᠳᠠᠬᠤᠨ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠭᠠᠭᠴᠠ ᠬᠦ᠌ ᠠᠮᠢ ᠠᠬᠤᠶ ᠵᠢᠨ ᠣᠶᠤᠨ ᠤᠬᠠᠭ᠋ᠠᠨ᠎ᠢ ᠭᠦᠢᠴᠡᠳ ᠢᠯᠡᠷᠡᠭᠦᠯᠵᠦ᠂ ᠪᠣᠬᠢᠷᠲᠤᠯ ᠥᠬᠡᠶ ᠬᠥᠭᠵᠢᠯᠲᠡ ᠵᠢᠨ ᠵᠠᠮ ᠵᠶ᠋ᠠᠷ ᠵᠠᠮᠨᠠᠪᠠᠯ ᠰᠠᠶᠢ ᠬᠥᠮᠦᠨ ᠬᠢᠭᠡᠳ ᠪᠠᠢ᠌ᠭ᠋ᠠᠯᠢ ᠵᠢᠨ ᠬᠣᠭᠣᠷᠣᠨᠳᠣᠬᠢ ᠲᠡᠩᠴᠡᠭᠦᠷᠢᠲᠦ ᠪᠠᠢ᠌ᠳᠠᠯ᠎ᠢ ᠢᠮᠠᠭᠲᠠ ᠪᠠᠲᠤᠯᠠᠵᠤ᠂ ᠬᠥᠮᠦᠨ ᠲᠥᠷᠥᠯᠬᠢᠲᠡᠨ ᠪᠣᠯᠤᠨ ᠪᠠᠢ᠌ᠭ᠋ᠠᠯᠢ ᠵᠢᠨ ᠦᠷᠭᠦᠯᠵᠢᠯᠡᠬᠦ ᠬᠥᠭᠵᠢᠯᠲᠡ ᠰᠠᠶᠢ ᠣᠷᠳᠣ ᠬᠤᠭᠤᠴᠠᠭ᠎ᠠ᠎ᠪᠠᠷ ᠦᠷᠭᠦᠯᠵᠢᠯᠡᠵᠦ ᠴᠢᠳᠠᠨ᠎ᠠ᠃ 《ᠠᠮᠢ ᠨᠠᠰᠤᠨ᠎ᠤ ᠬᠠᠮᠲᠤ ᠵᠢᠨ ᠴᠣᠭᠴᠠ》 ᠵᠢᠨ ᠣᠢ᠌ᠯᠠᠭ᠋ᠠᠭᠳᠠᠬᠤᠨ᠎ᠨᠢ ᠪᠠᠰᠠ ᠬᠥᠮᠦᠨ ᠬᠥᠮᠦᠨ᠎ᠤ ᠬᠣᠭᠣᠷᠣᠨᠳᠣᠬᠢ ᠬᠠᠷᠢᠴᠠᠭ᠎ᠠ ᠰᠡᠩᠬᠡᠷᠡᠬᠦᠯᠵᠦ ᠪᠠᠢ᠌ᠨ᠎ᠠ᠃ ᠬᠥᠮᠦᠨ ᠲᠥᠷᠥᠯᠬᠢᠲᠡᠨ᠎ᠤ ᠨᠡᠢ᠌ᠭᠡᠮ᠎ᠤᠨ ᠬᠤᠪᠢ ᠵᠠᠶᠠᠭ᠎ᠠ ᠪᠣᠯ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ᠃ ᠶᠡᠷᠦᠩᠬᠡᠶ ᠱᠦᠵᠢ ᠰᠢ ᠵᠢᠨ ᠫᠢᠩ 2021 ᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠳᠠᠷᠤᠶ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠢᠡᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠪᠣᠶ ᠪᠣᠯᠭ᠋ᠠᠬᠤ ᠶᠠᠪᠤᠳᠠᠯ ᠪᠣᠯᠤᠨ᠎ᠠ ᠭᠡᠵᠦ ᠴᠢᠬᠤᠯᠠᠴᠢᠯᠠᠪᠠ᠃ ᠡᠨᠡ ᠲᠦᠷᠪᠡᠨ 《ᠬᠠᠮᠳᠤᠳᠬᠠᠬᠤ》᠎ᠨᠢ ᠡᠯ᠎ᠡ ᠦᠨᠳᠦᠰᠦᠲᠡᠨ᠎ᠤ ᠰᠣᠶᠣᠯ᠎ᠤᠨ ᠲᠠᠯ᠎ᠠ᠎ᠪᠠᠷ ᠤᠯᠠᠨ ᠵᠤᠢ᠌ᠯ᠎ᠢ ᠰᠢᠩᠬᠡᠬᠡᠨ ᠠᠪᠴᠦ᠂ ᠠᠵᠤ ᠠᠬᠤᠶ ᠵᠢᠨ ᠲᠠᠯ᠎ᠠ᠎ᠪᠠᠷ ᠬᠠᠷᠢᠯᠴᠠᠨ ᠲᠦᠰᠢᠭᠯᠡᠯᠴᠡᠨ ᠣᠷᠣᠰᠢᠬᠤ᠂ ᠰᠡᠳᠬᠢᠯᠭᠡ ᠵᠢᠨ ᠲᠠᠯ᠎ᠠ᠎ᠪᠠᠷ ᠬᠠᠷᠢᠯᠴᠠᠨ ᠳᠣᠲᠣᠨᠣ ᠪᠠᠢ᠌ᠬᠤ ᠵᠢ ᠲᠤᠰᠬᠠᠭᠰᠠᠨ ᠪᠥᠭᠡᠳ ᠬᠥᠮᠦᠨ ᠬᠥᠮᠦᠨ᠎ᠤ ᠬᠠᠷᠢᠴᠠᠭ᠋ᠠᠨ᠎ᠤ ᠲᠠᠯ᠎ᠠ᠎ᠠᠴᠠ 《ᠬᠠᠮᠲᠤ ᠵᠢᠨ ᠴᠣᠭᠴᠠ》 ᠵᠢᠨ ᠤᠳᠬ᠎ᠠ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠭᠰᠠᠨ ᠪᠠᠢ᠌ᠨ᠎ᠠ᠃
ᠰᠤᠷᠪᠤᠯᠵᠢᠯᠠᠭ᠎ᠠ ᠬᠦᠯᠢᠶᠡᠭᠴᠢ ᠵᠢᠨ ᠲᠣᠪᠴᠢ ᠲᠠᠨᠢᠯᠴᠠᠭᠤᠯᠭ᠎ᠠ᠄
ᠸᠠᠩ ᠵᠢᠨ ᠯᠸᠢ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠫᠷᠦᠹᠸᠰᠰᠤᠷ᠂ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠤᠨ ᠭᠦᠨ ᠤᠬᠠᠭ᠋ᠠᠨ᠎ᠤ ᠲᠡᠦᠬᠡ ᠵᠢᠨ ᠰᠤᠳᠤᠯᠭ᠋ᠠᠨ᠎ᠤ ᠨᠡᠢ᠌ᠭᠡᠮᠯᠢᠭ᠎ᠤᠨ ᠬᠡᠷᠡᠭ ᠡᠷᠬᠢᠯᠡᠭᠴᠢ᠃
ᠣᠷᠴᠢᠭᠤᠯᠤᠭᠴᠢ᠄ ᠣᠶᠤᠨᠰᠡᠴᠡᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ