ᠠᠯᠢ ᠡᠷᠲᠡ ᠨᠠᠮ ᠪᠠᠢ᠌ᠭᠤᠯᠤᠭᠳᠠᠭᠰᠠᠨ ᠡᠬᠢᠨ᠎ᠤ ᠦᠶ᠎ᠡ᠎ᠳᠤ᠂ ᠮᠠᠨ᠎ᠤ ᠨᠠᠮ ᠦᠨᠳᠦᠰᠦᠲᠡᠨ᠎ᠤ ᠠᠰᠠᠭᠤᠳᠠᠯ᠎ᠢ ᠮᠠᠰᠢ ᠠᠩᠬᠠᠷᠴᠤ ᠢᠷᠡᠵᠡᠢ᠃ ᠯᠢ ᠳ᠋ᠡ ᠵᠤᠤ ᠨᠥᠬᠥᠷ ᠮᠣᠩᠭᠣᠯ ᠦᠨᠳᠦᠰᠦᠲᠡᠨ᠎ᠤ ᠤᠯᠠᠨ ᠲᠦᠮᠡᠨ᠎ᠤ ᠳᠤᠮᠳᠠ ᠮᠠᠷᠺᠰ᠎ᠤᠨ ᠦᠵᠡᠯ᠎ᠢ ᠤᠯᠠᠮᠵᠢᠯᠠᠵᠤ᠂ ᠡᠪ ᠬᠠᠮᠲᠤ ᠶᠣᠰᠣᠨ᠎ᠤ ᠲᠡᠷᠢᠭᠦᠨ᠎ᠤ ᠬᠥᠮᠦᠰ᠎ᠢ ᠬᠥᠮᠦᠵᠢᠭᠦᠯᠬᠦ ᠠᠵᠢᠯ᠎ᠳᠤ ᠣᠷᠣᠯᠴᠠᠨ ᠰᠢᠭᠤᠳ ᠤᠳᠤᠷᠢᠳᠪᠠ᠃ 1923 ᠣᠨ᠎ᠳᠤ᠂ ᠥᠪᠥᠷ ᠮᠣᠩᠭᠣᠯ᠎ᠳᠤ ᠤᠯᠠᠭ᠋ᠠᠨᠬᠦᠦ ᠵᠢ ᠪᠠᠭᠲᠠᠭ᠋ᠠᠭᠰᠠᠨ ᠠᠩᠬᠠᠳᠠᠭᠴᠢ ᠪᠦᠯᠦᠭ᠎ᠤᠨ ᠡᠪ ᠬᠠᠮᠲᠤᠴᠤᠳ ᠮᠠᠨᠳᠤᠯᠠᠵᠡᠢ᠃
— ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠤ᠎ᠪᠠᠨ ᠴᠢᠬᠤᠯᠠᠴᠢᠯᠠᠪᠠ

ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠰᠤᠷᠤᠭᠴᠢᠳ᠎ᠤᠨ ᠬᠠᠮᠲᠤ ᠵᠢᠨ ᠰᠡᠭᠦᠳᠡᠷ (ᠬᠡᠰᠡᠭ)
ᠪᠡᠭᠡᠵᠢᠩ᠎ᠤᠨ ᠬᠦᠯ ᠬᠥᠭᠵᠢᠶᠡᠨ᠎ᠲᠠᠢ ᠰᠢ ᠳ᠋ᠠᠨ ᠬᠤᠳᠠᠯᠳᠤᠭ᠋ᠠᠨ᠎ᠤ ᠲᠣᠭᠣᠷᠢᠭ᠎ᠲᠠᠬᠢ ᠦᠨᠳᠦᠷ ᠰᠦᠷᠯᠢᠭ ᠠᠰᠠᠷᠤᠳᠤᠨ ᠬᠤᠭᠤᠷᠤᠨᠳᠤ ᠨᠢᠭᠡᠨ ᠪᠣᠷᠣ ᠸᠠᠭ᠋ᠠᠷ ᠬᠥᠬᠡ ᠲᠣᠭᠣᠰᠬ᠎ᠠ᠎ᠪᠠᠷ ᠪᠠᠷᠢᠭᠰᠠᠨ ᠡᠷᠲᠡᠨ᠎ᠤ ᠪᠠᠷᠢᠯᠭ᠎ᠠ ᠬᠦᠷᠢᠶ᠎ᠠ ᠪᠠᠢ᠌ᠳᠠᠭ᠂ ᠲᠡᠷᠡ ᠪᠤᠯ ᠳᠠᠷᠤᠶ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠤᠤᠯ᠎ᠤᠨ ᠪᠠᠭᠤᠷᠢ — ᠤᠯᠤᠰ᠎ᠠᠴᠠ ᠪᠠᠢ᠌ᠭᠤᠯᠤᠭᠰᠠᠨ ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠬᠠᠭᠤᠴᠢᠨ ᠪᠠᠭᠤᠷᠢ ᠪᠣᠯᠤᠨ᠎ᠠ᠃ ᠡᠨᠳᠡ ᠥᠪᠥᠷ ᠮᠣᠩᠭᠣᠯ᠎ᠤᠨ ᠠᠩᠬᠠᠳᠠᠭᠴᠢ ᠪᠦᠯᠦᠭ᠎ᠤᠨ ᠡᠪ ᠬᠠᠮᠳᠤᠴᠤᠳᠢ ᠬᠥᠮᠦᠵᠢᠭᠦᠯᠦᠭᠰᠡᠨ ᠪᠣᠯᠬᠣᠷ 《ᠥᠪᠥᠷ ᠮᠣᠩᠭᠣᠯ᠎ᠤᠨ ᠬᠤᠪᠢᠰᠬᠠᠯ᠎ᠤᠨ ᠥᠯᠥᠭᠡᠢ》 ᠬᠡᠮᠡᠨ ᠠᠯᠳᠠᠷᠰᠢᠵᠠᠢ᠃
ᠮᠣᠩᠭᠣᠯ ᠲᠥᠪᠡᠳ᠎ᠤᠨ ᠰᠤᠷᠭ᠋ᠠᠭᠤᠯᠢ 1913 ᠣᠨ᠎ᠳᠤ ᠪᠠᠢ᠌ᠭᠤᠯᠤᠭᠳᠠᠵᠤ᠂ ᠲᠡᠷᠡ᠎ᠨᠢ ᠤᠮᠠᠷᠠᠲᠤ ᠵᠢᠨ ᠵᠠᠰᠠᠭ᠎ᠤᠨ ᠣᠷᠳᠣᠨ᠎ᠠᠴᠠ ᠮᠣᠩᠭᠣᠯ ᠦᠨᠳᠦᠰᠦᠲᠡᠨ᠂ ᠲᠥᠪᠡᠳ ᠦᠨᠳᠦᠰᠦᠲᠡᠨ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠦᠷ᠎ᠡ ᠬᠡᠦᠬᠡᠳ᠎ᠤᠳ᠎ᠲᠤ ᠪᠠᠢ᠌ᠭᠤᠯᠵᠤ ᠥᠭᠭᠦᠭᠰᠡᠨ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠪᠣᠯᠤᠨ᠎ᠠ᠂ 1918 ᠣᠨ᠎ᠠᠴᠠ ᠡᠬᠢᠯᠡᠨ ᠲᠤᠰᠬᠠᠢ ᠮᠡᠷᠭᠡᠵᠢᠯ᠎ᠤᠨ ᠰᠤᠷᠤᠭᠴᠢ ᠡᠯᠰᠡᠵᠦ᠂ ᠪᠡᠭᠡᠵᠢᠩ᠎ᠤᠨ ᠮᠣᠩᠭᠣᠯ ᠲᠥᠪᠡᠳ᠎ᠤᠨ ᠰᠤᠷᠭ᠋ᠠᠭᠤᠯᠢ ᠭᠡᠵᠦ ᠥᠭᠡᠷᠡᠴᠢᠯᠡᠪᠡ᠃ ᠲᠠᠪᠤᠨ ᠰᠠᠷ᠎ᠠ ᠵᠢᠨ ᠳᠥᠷᠪᠡᠨ᠎ᠤ ᠬᠥᠳᠡᠯᠭᠡᠭᠡᠨ᠎ᠤ ᠳᠠᠷᠠᠭ᠎ᠠ᠂ ᠰᠤᠷᠭ᠋ᠠᠭᠤᠯᠢ ᠨᠢᠭᠡ ᠦᠶ᠎ᠡ ᠵᠠᠷᠤᠳᠠᠯ ᠮᠦᠩᠬᠦ ᠵᠢᠨ ᠬᠦᠴᠢᠷᠳᠡᠯ᠎ᠠᠴᠠ ᠪᠣᠯᠵᠤ ᠰᠤᠷᠤᠭᠴᠢ ᠡᠯᠰᠡᠬᠦ᠎ᠪᠠᠨ ᠵᠣᠭᠰᠣᠪᠠ᠃
1923 ᠣᠨ᠎ᠠᠴᠠ ᠮᠣᠩᠭᠣᠯ ᠲᠥᠪᠡᠳ᠎ᠤᠨ ᠰᠤᠷᠭ᠋ᠠᠭᠤᠯᠢ ᠳᠠᠬᠢᠨᠲᠠ ᠰᠤᠷᠤᠭᠴᠢ ᠡᠯᠰᠡᠵᠦ ᠡᠬᠢᠯᠡᠪᠡ᠃ ᠮᠣᠩᠭᠣᠯ ᠦᠨᠳᠦᠰᠦᠲᠡᠨ᠎ᠤ ᠠᠩᠬᠠᠳᠠᠭᠴᠢ ᠡᠪ ᠬᠠᠮᠲᠤ ᠨᠠᠮ᠎ᠤᠨ ᠭᠡᠰᠢᠭᠦᠨ ᠷᠦᠩ ᠶᠣᠣ ᠰᠢᠶᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠨᠠᠮ᠎ᠤᠨ ᠬᠣᠷᠢᠶᠠᠨ᠎ᠤ ᠵᠢᠭ᠋ᠠᠪᠤᠷᠢ ᠵᠢᠴᠢ ᠰᠤᠷᠭ᠋ᠠᠭᠤᠯᠢ ᠵᠢᠨ ᠲᠠᠯ᠎ᠠ ᠵᠢᠨ ᠨᠠᠢ᠌ᠳᠠᠯᠭ᠎ᠠ᠎ᠪᠠᠷ᠂ ᠲᠤᠰ ᠰᠤᠷᠭ᠋ᠠᠭᠤᠯᠢ᠎ᠳᠤ ᠰᠤᠷᠤᠯᠴᠠᠵᠤ ᠪᠠᠢ᠌ᠭᠰᠠᠨ ᠬᠠᠭᠤᠴᠢᠨ ᠰᠤᠷᠤᠭᠴᠢ ᠵᠢᠨ ᠬᠤᠪᠢ᠎ᠪᠠᠷ ᠬᠦᠢ᠍ᠰᠦ᠋ᠢ ᠣᠷᠣᠨ᠎ᠳᠠᠬᠢ ᠬᠦᠰᠡᠯ ᠵᠣᠷᠢᠯᠲᠠ᠎ᠲᠠᠢ ᠮᠣᠩᠭᠣᠯ ᠦᠨᠳᠦᠰᠦᠲᠡᠨ᠎ᠤ ᠵᠠᠯᠠᠭᠤᠴᠤᠳ᠎ᠢ ᠳᠠᠢ᠍ᠢ᠍ᠴᠢᠯᠠᠨ ᠮᠣᠩᠭᠣᠯ ᠲᠥᠪᠡᠳ᠎ᠤᠨ ᠰᠤᠷᠭ᠋ᠠᠭᠤᠯᠢ᠎ᠳᠤ ᠣᠴᠢᠭᠤᠯᠵᠤ ᠰᠤᠷᠤᠯᠴᠠᠭᠤᠯᠪᠠ᠃ ᠲᠡᠭᠦᠨ᠎ᠤ ᠲᠠᠢ᠍ᠢ᠍ᠴᠢᠯᠠᠯ ᠳᠣᠣᠷ᠎ᠠ᠂ ᠵᠠᠶᠠᠭ᠋ᠠᠲᠠᠢ᠂ ᠯᠢ ᠢᠤᠢ ᡁᠢ᠂ ᠮᠸᠩ ᠴᠦᠨ᠂ ᠳ᠋ᠦᠸᠸ ᠰᠦᠩ ᠨᠢᠶᠠᠨ᠂ ᠤᠯᠠᠭ᠋ᠠᠨᠬᠦᠦ᠂ ᠺᠦᠢ ᠪᠢ᠂ ᠹᠦᠸᠸ ᠳ᠋ᠢᠩ᠂ ᠵᠠᠯᠭ᠋ᠠᠨ ᠵᠡᠷᠭᠡ ᠦᠨᠳᠦᠰᠦᠲᠡᠨ᠎ᠤ ᠬᠥᠭᠵᠢᠯ ᠮᠠᠨᠳᠤᠯ᠎ᠢ ᠬᠥᠭᠡᠭᠡᠴᠡᠯᠳᠦᠭᠰᠡᠨ 30 ᠭᠠᠷᠤᠢ ᠬᠠᠯᠠᠭᠤᠨ ᠰᠡᠳᠬᠢᠯᠲᠦ ᠵᠠᠯᠠᠭᠤᠴᠤᠳ ᠠᠯᠤᠰ ᠬᠤᠯᠠ ᠵᠢᠨ ᠥᠪᠥᠷ ᠮᠣᠩᠭᠣᠯ᠎ᠠᠴᠠ ᠪᠡᠭᠡᠵᠢᠩ᠎ᠳᠤ ᠬᠦᠷᠴᠦ ᠢᠷᠡᠪᠡ᠃
ᠮᠣᠩᠭᠣᠯ ᠲᠥᠪᠡᠳ᠎ᠤᠨ ᠰᠤᠷᠭ᠋ᠠᠭᠤᠯᠢ᠎ᠳᠤ ᠢᠷᠡᠭᠰᠡᠨ ᠡᠳᠡᠭᠡᠷ ᠮᠣᠩᠭᠣᠯ ᠵᠠᠯᠠᠭᠤ ᠰᠤᠷᠤᠭᠴᠢᠳ ᠰᠤᠷᠤᠯᠴᠠᠬᠤ ᠲᠣᠬᠢᠶᠠᠯ ᠵᠶ᠋ᠠᠨ ᠮᠠᠰᠢ ᠨᠠᠨᠳᠢᠩᠨᠠᠵᠤ᠂ ᠨᠠᠷᠢᠨ ᠬᠢᠨᠠᠮᠠᠭ᠋ᠠᠶ ᠬᠠᠲᠠᠭᠤᠵᠢᠯᠲᠠᠶ ᠰᠤᠷᠤᠯᠴᠠᠳᠠᠭ᠃ ᠤᠮᠠᠷᠠᠲᠤ ᠵᠢᠨ ᠵᠠᠰᠠᠭ᠎ᠤᠨ ᠣᠷᠳᠣᠨ ᠪᠠ ᠰᠤᠷᠭ᠋ᠠᠭᠤᠯᠢ ᠵᠢᠨ ᠲᠠᠯ᠎ᠠ᠎ᠠᠴᠠ ᠳᠠᠪᠰᠢᠩᠭᠤᠢ ᠰᠤᠷᠤᠭᠴᠢᠳ᠎ᠢ ᠬᠢᠵᠠᠭ᠋ᠠᠷᠯᠠᠭᠰᠠᠨ ᠶᠠᠪᠤᠳᠠᠯ᠎ᠳᠤ ᠳᠤᠷ᠎ᠠ ᠦᠭᠡᠢ᠌ᠴᠡᠭᠰᠡᠨᠠᠴᠠ ᠪᠤᠯᠵᠦ᠂ ᠳᠡᠳᠡ ᠵᠠᠯᠭ᠋ᠠᠭ᠎ᠠ᠎ᠪᠠᠷ ᠬᠡᠳᠦᠨ ᠤᠳᠠᠭ᠋ᠠᠨ᠎ᠤ ᠰᠤᠷᠤᠭᠴᠢᠳ᠎ᠤᠨ ᠬᠥᠳᠡᠯᠭᠡᠭᠡᠨ᠎ᠢ ᠡᠭᠦᠰᠬᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠮᠠᠭᠴᠠᠪᠠᠨ ᠦᠨᠳᠦᠰᠦᠲᠡᠨ᠎ᠤ ᠭᠠᠵᠠᠷ ᠣᠷᠣᠨ᠎ᠳᠤ ᠬᠤᠪᠢᠰᠬᠠᠯ᠎ᠤᠨ ᠠᠵᠢᠯ᠎ᠢ ᠥᠷᠨᠢᠭᠦᠯᠬᠦ ᠵᠢ ᠮᠠᠰᠢ ᠴᠢᠬᠤᠯᠠᠴᠢᠯᠠᠭᠰᠠᠭ᠋ᠠᠷ ᠢᠷᠡᠵᠡᠢ᠃ ᠲᠤᠬᠠᠢ ᠵᠢᠨ ᠦᠶ᠎ᠡ᠎ᠳᠤ᠂ ᠥᠪᠥᠷ ᠮᠣᠩᠭᠣᠯ᠎ᠤᠨ ᠥᠷᠭᠡᠨ ᠠᠭᠤᠳᠠᠮ ᠮᠠᠯᠵᠢᠬᠤ ᠳᠠᠷᠢᠶᠠᠯᠠᠬᠤ ᠣᠷᠣᠨ᠎ᠳᠤ ᠮᠠᠯᠴᠢᠨ ᠲᠠᠷᠢᠶᠠᠴᠢᠨ᠎ᠤ ᠡᠰᠡᠷᠭᠦᠴᠡᠯ ᠲᠡᠮᠡᠴᠡᠯ ᠲᠠᠰᠤᠷᠠᠯᠳᠠ ᠦᠭᠡᠢ ᠡᠭᠦᠰᠴᠦ ᠪᠠᠢ᠌ᠪᠠ᠃ ᠥᠪᠥᠷ ᠮᠣᠩᠭᠣᠯ ᠣᠷᠣᠨ᠎ᠤ ᠦᠨᠳᠦᠰᠦᠲᠡᠨ᠎ᠤ ᠴᠢᠯᠥᠭᠡᠯᠡᠯᠲᠡ ᠵᠢᠨ ᠬᠥᠳᠡᠯᠭᠡᠭᠡᠨ᠎ᠢ ᠵᠥᠪ ᠵᠠᠮ᠎ᠳᠤ ᠬᠦᠳᠦᠯᠤᠨ ᠣᠷᠣᠭᠤᠯᠬᠤ᠎ᠳᠤ ᠡᠷᠬᠡᠪᠰᠢ ᠡᠪ ᠬᠠᠮᠲᠤ ᠶᠣᠰᠣ ᠵᠢ ᠪᠠᠷᠢᠮᠲᠠᠯᠠᠳᠠᠭ ᠨᠢᠭᠡ ᠪᠦᠯᠦᠭ ᠺᠠᠳ᠋ᠷ ᠪᠠᠢ᠌ᠬᠤ ᠬᠡᠷᠡᠭᠲᠡᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠨᠠᠮ᠎ᠤᠨ ᠬᠣᠷᠢᠶᠠᠨ᠎ᠤ ᠬᠠᠷᠢᠭᠤᠴᠠᠯᠭ᠋ᠠᠲᠠᠨ ᠯᠢ ᠳ᠋ᠡ ᠵᠤᠤ ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠰᠤᠷᠤᠭᠴᠢᠳ ᠪᠣᠯ ᠬᠥᠮᠦᠵᠢᠭᠦᠯᠵᠦ ᠪᠣᠯᠬᠤ ᠬᠦᠴᠦᠨ ᠪᠣᠯᠬᠤ ᠭᠡᠳᠡᠭ᠎ᠢ ᠰᠡᠷᠭᠡᠭ ᠵᠶ᠋ᠡᠷ ᠣᠯᠵᠤ ᠮᠡᠳᠡᠪᠠ᠃ ᠲᠡᠷᠡ ᠪᠡᠶ᠎ᠡ᠎ᠪᠠᠷ ᠵᠶ᠋ᠡᠨ ᠮᠣᠩᠭᠣᠯ ᠲᠥᠪᠡᠳ᠎ᠤᠨ ᠰᠤᠷᠭ᠋ᠠᠭᠤᠯᠢ᠎ᠳᠤ ᠬᠦᠷᠴᠦ ᠰᠤᠷᠤᠭᠴᠢᠳ᠎ᠲᠠᠢ ᠰᠡᠳᠬᠢᠯ ᠰᠠᠨᠠᠭ᠎ᠠ᠎ᠪᠠᠨ ᠰᠤᠯᠢᠯᠴᠠᠵᠤ᠂ ᠤᠮᠠᠷᠠᠲᠤ ᠵᠢᠨ ᠵᠠᠰᠠᠭ᠎ᠤᠨ ᠣᠷᠳᠣᠨ᠎ᠤ ᠤᠯᠠᠨ ᠲᠦᠮᠡᠨ᠎ᠢ ᠬᠢᠬᠠᠨ ᠳᠠᠷᠤᠯᠠᠵᠤ ᠪᠠᠢ᠌ᠭ᠎ᠠ ᠪᠠᠢ᠌ᠳᠠᠯ᠎ᠢ ᠣᠢ᠌ᠯᠠᠭ᠋ᠠᠵᠤ᠂ ᠰᠤᠷᠤᠭᠴᠢᠳ᠎ᠲᠤ ᠬᠤᠪᠢᠰᠬᠠᠯᠲᠤ ᠰᠡᠬᠡᠭᠡᠷᠡᠭᠦᠯᠬᠦ ᠬᠥᠮᠦᠵᠢᠯ ᠬᠢᠵᠦ᠂ ᠰᠤᠷᠤᠭᠴᠢᠳ᠎ᠢ ᠤᠯᠤᠰ ᠵᠶ᠋ᠠᠨ ᠠᠪᠤᠷᠠᠬᠤ ᠪᠠ ᠦᠨᠳᠦᠰᠦᠲᠡᠨ᠎ᠤ ᠴᠢᠯᠥᠭᠡᠯᠡᠯᠲᠡ ᠵᠢᠨ ᠵᠦᠪ ᠵᠠᠮ᠎ᠢ ᠡᠷᠢᠬᠦ ᠵᠢ ᠵᠣᠷᠢᠭᠵᠢᠭᠤᠯᠪᠠ᠃ ᠲᠡᠷᠡ ᠪᠠᠰᠠ ᠳ᠋ᠧᠩ ᠵᠦᠩ ᠰᠢᠶᠠ᠂ ᠵᠤᠤ ᠱ᠌ᠢ ᠶᠠᠨ᠂ ᠵᠤ᠌ ᠡᠦ ᠱᠠᠨ ᠵᠡᠷᠭᠡ ᠬᠥᠮᠦᠰ᠎ᠢ ᠲᠣᠮᠢᠯᠠᠨ ᠮᠣᠩᠭᠣᠯ ᠲᠥᠪᠡᠳ᠎ᠤᠨ ᠰᠤᠷᠭ᠋ᠠᠭᠤᠯᠢ᠎ᠳᠤ ᠣᠴᠢᠭᠤᠯᠵᠤ᠂ ᠨᠣᠮ ᠤᠩᠰᠢᠬᠤ ᠬᠤᠷᠠᠯ᠂ ᠶᠠᠷᠢᠯᠴᠠᠬᠤ ᠬᠤᠷᠠᠯ ᠵᠡᠷᠭᠡ ᠬᠡᠯᠪᠡᠷᠢ᠎ᠪᠠᠷ ᠵᠠᠯᠠᠭᠤ ᠰᠤᠷᠤᠭᠴᠢᠳ᠎ᠢ ᠵᠣᠬᠢᠶᠠᠨ ᠪᠠᠢ᠌ᠭᠤᠯᠤᠨ ᠮᠠᠷᠺᠰ᠎ᠤᠨ ᠦᠵᠡᠯ᠎ᠢ ᠰᠤᠷᠤᠯᠴᠠᠭᠤᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠨᠠᠮ᠎ᠤᠨ ᠬᠣᠷᠢᠢ᠎ᠠ ᠵᠢᠨ ᠬᠥᠮᠦᠵᠢᠭᠦᠯᠦᠯ ᠪᠠ ᠵᠣᠬᠢᠶᠠᠨ ᠪᠠᠢ᠌ᠭᠤᠯᠤᠯᠲᠠ ᠵᠢᠨ ᠳᠣᠣᠷ᠎ᠠ᠂ ᠳ᠋ᠦᠸᠸ ᠰᠦᠩ ᠨᠢᠶᠠᠨ᠂ ᠤᠯᠠᠭ᠋ᠠᠨᠬᠦᠦ᠂ ᠺᠦᠢ ᠪᠢ ᠵᠡᠷᠭᠡ ᠮᠣᠩᠭᠣᠯ ᠦᠨᠳᠦᠰᠦᠲᠡᠨ᠎ᠤ ᠳᠠᠪᠰᠢᠩᠭᠤᠢ ᠰᠤᠷᠤᠭᠴᠢᠳ ᠳᠤᠮᠳᠠᠳᠤ ᠤᠯᠤᠰ᠎ᠤᠨ ᠨᠡᠢ᠌ᠭᠡᠮ ᠵᠢᠷᠤᠮᠲᠤ ᠵᠠᠯᠠᠭᠤᠴᠤᠳ᠎ᠤᠨ ᠡᠪᠯᠡᠯ (ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠤᠤᠯ᠎ᠤᠨ ᠨᠡᠷᠡᠢ᠌ᠳᠦᠯ)᠎ᠳᠤ ᠣᠷᠣᠬᠤ᠎ᠪᠠᠷ ᠭᠤᠶᠤᠴᠢᠯᠠᠵᠤ᠂ ᠮᠣᠩᠭᠣᠯ ᠦᠨᠳᠦᠰᠦᠲᠡᠨ᠎ᠤ ᠠᠩᠬᠠᠳᠠᠭᠴᠢ ᠡᠪᠯᠡᠯ᠎ᠤᠨ ᠡᠭᠦᠷ᠎ᠢ ᠪᠠᠢ᠌ᠭᠤᠯᠪᠠ᠃ ᠡᠪᠯᠡᠯ᠎ᠤᠨ ᠭᠡᠰᠢᠭᠦᠳ ᠮᠠᠷᠺᠰ ᠯᠧᠨᠢᠨ᠎ᠤ ᠦᠵᠡᠯ᠎ᠢ ᠰᠤᠳᠤᠯᠬᠤ ᠳᠤᠭᠤᠢ᠌ᠯᠠᠩ᠎ᠳᠤ ᠣᠷᠣᠵᠤ᠂ 《ᠡᠪ ᠬᠠᠮᠲᠤ ᠨᠠᠮ᠎ᠤᠨ ᠲᠤᠩᠬᠠᠭ》᠂ 《ᠯᠧᠨᠢᠨ᠎ᠤ ᠦᠵᠡᠯ᠎ᠤᠨ ᠰᠠᠭᠤᠷᠢ》 ᠵᠡᠷᠭᠡ ᠵᠣᠬᠢᠶᠠᠯ᠎ᠢ ᠰᠤᠷᠤᠯᠴᠠᠵᠤ᠂ ᠬᠤᠪᠢᠰᠬᠠᠯ᠎ᠤᠨ ᠢᠲᠡᠭᠡᠯ ᠪᠢᠰᠢᠷᠡᠯ ᠵᠶ᠋ᠡᠨ ᠪᠠᠲᠤᠳᠬᠠᠪᠠ᠃
1924 ᠣᠨ᠎ᠤ ᠳᠣᠣᠷ᠎ᠠ ᠬᠠᠭ᠋ᠠᠰ ᠵᠢᠯ᠎ᠠᠴᠠ ᠡᠬᠢᠯᠡᠵᠦ᠂ ᠳ᠋ᠥ᠋ᠸᠧ ᠰᠦᠩ ᠨᠢᠶᠠᠨ᠂ ᠤᠯᠠᠭ᠋ᠠᠨᠬᠦᠦ᠂ ᠯᠢ ᠢᠤᠢ ᡁᠢ᠂ ᠺᠦᠢ ᠪᠢ᠂ ᠵᠠᠶᠠᠭ᠋᠎ᠠ᠎ᠲᠠᠶ᠂ ᠹᠦᠸᠧ ᠳ᠋ᠢᠩ᠂ ᠵᠣᠣ ᠴᠧᠩ᠂ ᠮᠧᠩ ᠴᠦᠨ᠂ ᠵᠦ᠍ ᠱ᠌ᠢ ᠹᠦ᠋᠂ ᠶᠦᠨ ᠷᠦᠨ᠂ ᠶᠦᠨ ᠯᠢᠨ᠂ ᠭᠣᠮᠪᠣᠵᠠᠪ ᠵᠡᠷᠭᠡ ᠬᠥᠮᠦᠰ ᠵᠠᠯᠭ᠋ᠠᠭ᠎ᠠ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠡᠯᠰᠡᠭᠳᠡᠭᠰᠡᠨ ᠪᠥᠭᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠨᠠᠮ᠎ᠤᠨ ᠡᠭᠦᠷ᠎ᠢ ᠪᠠᠢ᠌ᠭᠤᠯᠪᠠ᠃
ᠡᠪ ᠬᠠᠮᠲᠤ ᠨᠠᠮ᠎ᠤᠨ ᠭᠡᠰᠢᠭᠦᠨ ᠪᠣᠯᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠰᠢᠭᠦᠨ ᠲᠠᠰᠤᠷᠠᠯᠲᠠ ᠦᠭᠡᠢ ᠣᠷᠣᠯᠴᠠᠬᠤ ᠵᠢ ᠳᠠᠭ᠋ᠠᠯᠳᠤᠵᠤ᠂ ᠮᠣᠩᠭᠣᠯ ᠦᠨᠳᠦᠰᠦᠲᠡᠨ᠎ᠤ ᠦᠨᠳᠦᠰᠦᠲᠡᠨ᠎ᠤ ᠳᠠᠷᠤᠯᠠᠯ᠎ᠢ ᠡᠰᠡᠷᠭᠦᠴᠡᠬᠦ ᠲᠡᠮᠡᠴᠡᠯ ᠠᠶᠠᠨᠳᠠᠭ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠵᠣᠬᠢᠶᠠᠨ ᠪᠠᠢ᠌ᠭᠤᠯᠤᠯᠲᠠ᠎ᠲᠠᠢ ᠦᠨᠳᠦᠰᠦᠲᠡᠨ᠎ᠤ ᠴᠢᠯᠥᠭᠡᠯᠡᠯᠲᠡ ᠵᠢᠨ ᠵᠠᠮ ᠵᠶ᠋ᠠᠷ ᠵᠠᠮᠨᠠᠪᠠ᠃ ᠨᠠᠮ᠎ᠤᠨ ᠦᠨᠳᠦᠰᠦᠲᠡᠨ᠎ᠤ ᠨᠢᠭᠡ ᠪᠦᠯᠦᠭ ᠰᠢᠯᠢᠳᠡᠭ ᠺᠠᠳ᠋ᠷ ᠦᠳᠲᠡᠷ ᠲᠦᠷᠭᠡᠨ ᠦᠰᠦᠨ ᠬᠦᠮᠦᠵᠢᠭᠳᠡᠪᠠ᠃
ᠨᠠᠮ᠎ᠤᠨ ᠤᠳᠤᠷᠢᠳᠤᠯᠭ᠎ᠠ ᠳᠣᠣᠷ᠎ᠠ᠂ ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠰᠤᠷᠤᠭᠴᠢᠳ ᠪᠡᠭᠡᠵᠢᠩ᠎ᠤᠨ ᠬᠤᠪᠢᠰᠬᠠᠯᠲᠤ ᠲᠡᠮᠡᠴᠡᠯ ᠳᠤᠮᠳᠠᠬᠢ ᠨᠢᠭᠡᠨ ᠰᠠᠯᠠᠭ᠎ᠠ ᠴᠢᠬᠤᠯᠠ ᠬᠦᠴᠦᠨ ᠪᠤᠯᠵᠠᠢ᠃ ᠰᠤᠷᠤᠭᠴᠢᠳ 《ᠵᠢᠨ ᠬᠠᠨ》 ᠲᠡᠮᠤᠷ ᠵᠠᠮ᠎ᠤᠨ ᠶᠡᠬᠡ ᠠᠵᠢᠯ ᠬᠠᠶᠠᠯᠲᠠ ᠵᠢᠨ ᠨᠢᠭᠡ ᠵᠢᠯ᠎ᠤᠨ ᠤᠢ ᠵᠢ ᠳᠤᠷᠠᠰᠬᠠᠬᠤ᠂ ᠯᠧᠨᠢᠨ᠎ᠤ ᠨᠠᠰᠤ ᠪᠠᠷᠠᠭᠰᠠᠨ ᠨᠢᠭᠡ ᠵᠢᠯ᠎ᠤᠨ ᠤᠢ ᠵᠢ ᠳᠤᠷᠠᠰᠬᠠᠬᠤ᠂ ᠯᠢ ᠳ᠋ᠡ ᠵᠤᠤ ᠵᠦᠪᠯᠡᠯ᠎ᠳᠤ ᠬᠣᠯᠪᠣᠭ᠋ᠠᠲᠤ ᠤᠯᠤᠰ᠎ᠠᠴᠠ ᠪᠤᠴᠠᠵᠤ ᠢᠷᠡᠭᠰᠡᠨ᠎ᠤ ᠳᠠᠷᠠᠭ᠋ᠠᠬᠢ ᠮᠡᠳᠡᠭᠦᠯᠦᠯᠲᠡ ᠵᠢᠨ ᠬᠤᠷᠠᠯ ᠵᠡᠷᠭᠡ ᠬᠤᠪᠢᠰᠬᠠᠯᠲᠤ ᠠᠵᠢᠯᠯᠠᠭ᠎ᠠ᠎ᠳᠤ ᠣᠷᠣᠯᠴᠠᠪᠠ᠃ 1925 ᠣᠨ᠎ᠤ 3 ᠳ᠋ᠤᠭ᠋ᠠᠷ ᠰᠠᠷ᠎ᠠ᠎ᠳᠤ ᠺᠦᠢ ᠪᠢ᠂ ᠵᠠᠶᠠᠭ᠋᠎ᠠ᠎ᠲᠠᠶ ᠨᠠᠷ ᠰᠦᠢ᠍ᠶᠤᠸᠠᠨᠤ ᠢᠷᠭᠡᠨ᠎ᠤ ᠬᠤᠷᠠᠯ᠎ᠢ ᠠᠬᠢᠭᠤᠯᠬᠤ ᠬᠤᠷᠠᠯ᠎ᠤᠨ ᠲᠥᠯᠥᠭᠡᠯᠡᠭᠴᠢ ᠵᠢᠨ ᠬᠤᠪᠢ᠎ᠪᠠᠷ ᠪᠡᠭᠡᠵᠢᠩ᠎ᠳᠤ ᠬᠤᠷᠠᠯᠳᠤᠭᠤᠯᠤᠭᠰᠠᠨ ᠢᠷᠭᠡᠨ᠎ᠤ ᠬᠤᠷᠠᠯ᠎ᠢ ᠠᠬᠢᠭᠤᠯᠬᠤ ᠬᠤᠷᠠᠯ᠎ᠤᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠣᠷᠣᠯᠴᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠨᠠᠮ᠎ᠤᠨ ᠬᠣᠷᠢᠶᠠᠨ᠎ᠤ ᠤᠳᠤᠷᠢᠳᠤᠯᠭ᠎ᠠ ᠪᠣᠯᠤᠨ ᠯᠢ ᠳ᠋ᠡ ᠵᠤᠤ ᠵᠢᠨ ᠵᠢᠯᠤᠭᠤᠳᠤᠯᠭ᠎ᠠ ᠳᠣᠣᠷ᠎ᠠ᠂ 1925 ᠣᠨ᠎ᠳᠤ ᠳ᠋ᠦᠸᠸ ᠰᠦᠩ ᠨᠢᠶᠠᠨ᠂ ᠤᠯᠠᠭ᠋ᠠᠨᠬᠦᠦ᠂ ᠺᠦᠢ ᠪᠢ ᠨᠡᠷ ᠥᠪᠥᠷ ᠮᠣᠩᠭᠣᠯ᠎ᠤᠨ ᠬᠠᠮᠤᠭ᠎ᠤᠨ ᠡᠷᠲᠡᠨ᠎ᠤ ᠬᠤᠪᠢᠰᠬᠠᠯᠲᠤ ᠰᠡᠳᠬᠦᠯ 《ᠮᠣᠩᠭᠣᠯ ᠲᠠᠷᠢᠶᠠᠴᠢᠨ》᠎ᠢ ᠡᠬᠦᠰᠬᠡᠨ ᠨᠠᠢ᠌ᠷᠠᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠷᠬᠡᠭ ᠲᠦᠷᠢᠮᠡᠭᠡᠢ᠍ᠢ᠍ᠳᠡᠨᠢ ᠡᠰᠡᠷᠭᠦᠴᠡᠬᠦ ᠹᠸᠤᠳᠠᠯᠢ ᠡᠰᠡᠷᠭᠦᠴᠡᠬᠦ ᠠᠷᠠᠳᠴᠢᠯᠠᠭᠰᠠᠨ ᠬᠤᠪᠢᠰᠬᠠᠯ᠎ᠤᠨ ᠬᠥᠲᠥᠯᠪᠦᠷᠢ ᠵᠢ ᠤᠬᠠᠭᠤᠯᠪᠠ᠃
ᠰᠢᠷᠭ᠋ᠠᠭᠤ ᠬᠠᠲᠠᠭᠤᠵᠢᠯᠲᠠᠢ ᠬᠤᠪᠢᠰᠬᠠᠯᠲᠤ ᠲᠡᠮᠡᠴᠡᠯ᠎ᠤᠨ ᠳᠤᠮᠳᠠ᠂ ᠥᠪᠥᠷ ᠮᠣᠩᠭᠣᠯ᠎ᠤᠨ ᠵᠠᠷᠢᠮ ᠡᠷᠲᠡ ᠦᠶ᠎ᠡ ᠵᠢᠨ ᠡᠪ ᠬᠠᠮᠲᠤ ᠨᠠᠮ᠎ᠤᠨ ᠭᠡᠰᠢᠭᠦᠳ ᠠᠭ᠋ᠠᠵᠢᠮ ᠵᠶ᠋ᠠᠷ ᠬᠤᠪᠢᠰᠬᠠᠯ᠎ᠤᠨ ᠲᠤᠯᠭ᠋ᠠᠭᠤᠷᠢ ᠬᠦᠴᠦᠨ ᠪᠤᠯᠵᠤ ᠬᠦᠮᠦᠵᠢᠭᠳᠡᠪᠠ᠃ ᠲᠡᠳᠡ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠦᠷᠡᠭᠳᠡᠬᠦ᠎ᠠᠴᠠ ᠠᠶᠤᠬᠤ ᠦᠭᠡᠢ᠎ᠪᠠᠷ ᠵᠠᠯᠠᠭᠤ ᠨᠠᠰᠤ ᠪᠠ ᠬᠠᠯᠠᠭᠤᠨ ᠴᠢᠰᠤ᠎ᠪᠠᠷ ᠵᠶ᠋ᠠᠨ ᠲᠦᠭ ᠲᠦᠮᠡᠨ ᠠᠷᠠᠳ ᠤᠯᠠᠨ᠎ᠢ ᠰᠡᠬᠡᠭᠡᠷᠡᠭᠦᠯᠦᠭᠰᠡᠨ ᠶᠤᠮ᠃ 1924 ᠣᠨ᠎ᠳᠤ᠂ ᠨᠠᠮ᠎ᠤᠨ ᠵᠢᠭ᠋ᠠᠪᠤᠷᠢ᠎ᠪᠠᠷ᠂ ᠷᠦᠩ ᠶᠣᠣ ᠰᠢᠶᠠᠨ ᠬᠤᠸᠠᠩᠫᠦ᠋ ᠵᠢᠨ ᠴᠡᠷᠢᠭ᠎ᠤᠨ ᠰᠤᠷᠭ᠋ᠠᠭᠤᠯᠢ᠎ᠳᠤ ᠰᠤᠷᠤᠯᠴᠠᠵᠤ᠂ ᠰᠡᠭᠦᠯᠡᠷ᠎ᠨᠢ ᠤᠮᠠᠷᠠᠰᠢ ᠳᠠᠢ᠌ᠯᠠᠬᠤ᠎ᠳᠤ ᠣᠷᠣᠯᠴᠠᠵᠤ᠂ ᠪᠠᠢ᠌ᠯᠳᠤᠭ᠋ᠠᠨ᠎ᠤ ᠳᠤᠮᠳᠠ ᠪᠠᠭ᠋ᠠᠲᠤᠷᠯᠢᠭ ᠵᠶ᠋ᠠᠷ ᠪᠡᠶ᠎ᠡ ᠦᠷᠡᠭᠳᠡᠪᠡ᠂ ᠲᠤᠬᠠᠢ ᠵᠢᠨ ᠦᠶ᠎ᠠ᠎ᠳᠤ ᠲᠡᠷᠡ ᠰᠠᠶᠢ 32 ᠨᠠᠰᠤᠲᠠᠢ ᠪᠠᠢ᠌ᠯ᠎ᠠ᠃ 1925 ᠣᠨ᠎ᠳᠤ᠂ ᠳ᠋ᠦᠸᠸ ᠰᠦᠩ ᠨᠢᠶᠠᠨ᠂ ᠤᠯᠠᠭ᠋ᠠᠨᠬᠦᠦ ᠨᠡᠷ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠣᠮᠢᠯᠠᠯᠲᠠ᠎ᠪᠠᠷ ᠮᠣᠰᠺᠸᠠ ᠵᠢᠨ ᠵᠦᠩᠱ᠌ᠠᠨ ᠶᠡᠬᠡ ᠰᠤᠷᠭ᠋ᠠᠭᠤᠯᠢ᠎ᠳᠤ ᠰᠤᠷᠤᠯᠴᠠᠪᠠ᠃ ᠳ᠋ᠦᠸᠸ ᠰᠦᠩ ᠨᠢᠶᠠᠨ ᠤᠯᠤᠰ᠎ᠲᠤ᠎ᠪᠠᠨ ᠪᠤᠴᠠᠭᠰᠠᠨ᠎ᠤ ᠲᠠᠷᠠᠭ᠎ᠠ ᠴᠠᠬᠠᠷ ᠣᠷᠣᠨ᠎ᠤ ᠬᠤᠪᠢᠰᠬᠠᠯᠲᠤ ᠲᠡᠮᠡᠴᠡᠯ᠎ᠢ ᠤᠳᠤᠷᠢᠳᠴᠤ᠂ 1927 ᠣᠨ᠎ᠤ 8 ᠳ᠋ᠤᠭ᠋ᠠᠷ ᠰᠠᠷ᠎ᠠ᠎ᠳᠤ ᠮᠦᠭᠳᠡᠨ᠎ᠤ ᠴᠡᠷᠢᠭ᠎ᠤᠨ ᠡᠷᠬᠡᠲᠡᠨ᠎ᠳᠤ ᠪᠠᠷᠢᠪᠴᠢᠯᠠᠭᠳᠠᠵᠤ᠂ ᠪᠠᠭ᠋ᠠᠲᠤᠷᠯᠢᠭ ᠵᠶ᠋ᠠᠷ ᠪᠡᠶ᠎ᠡ ᠦᠷᠡᠭᠳᠡᠪᠡ᠃ 1929 ᠣᠨ᠎ᠳᠤ᠂ ᠤᠯᠠᠭ᠋ᠠᠨᠬᠦᠦ ᠨᠢᠭᠤᠴᠠ᠎ᠪᠠᠷ ᠤᠯᠤᠰ᠎ᠲᠤ᠎ᠪᠠᠨ ᠪᠤᠴᠠᠭᠰᠠᠨ᠎ᠤ ᠲᠠᠷᠠᠭ᠎ᠠ᠂ ᠥᠪᠥᠷ ᠮᠣᠩᠭᠣᠯ᠎ᠤᠨ ᠪᠠᠷᠠᠭᠤᠨ ᠭᠡᠰᠡᠭ᠎ᠤᠨ ᠭᠠᠵᠠᠷ ᠣᠷᠣᠨ᠎ᠳᠤ ᠤᠷᠳᠤ ᠬᠤᠭᠤᠴᠠᠭ᠎ᠠ᠎ᠪᠠᠷ ᠨᠢᠭᠤᠴᠠ ᠠᠵᠢᠯ ᠥᠷᠨᠢᠭᠦᠯᠵᠦ᠂ ᠥᠪᠥᠷ ᠮᠣᠩᠭᠣᠯ᠎ᠤᠨ ᠠᠷᠠᠳ᠎ᠤᠨ ᠵᠡᠪᠰᠡᠭᠲᠦ ᠬᠦᠴᠦᠨ᠎ᠤ ᠶᠠᠫᠣᠨ᠎ᠢ ᠡᠰᠡᠷᠭᠦᠴᠡᠬᠦ ᠠᠩᠬᠠᠨ᠎ᠤ ᠫᠤᠤ ᠵᠢ ᠫᠤᠤᠳᠠᠪᠠ᠃ ᠶᠠᠫᠣᠨ᠎ᠢ ᠡᠰᠡᠷᠭᠦᠴᠡᠬᠦ ᠲᠠᠢ᠍ᠢ᠍ᠨ ᠢᠯᠠᠯᠲᠠ ᠣᠯᠤᠭᠰᠠᠨ᠎ᠤ ᠲᠠᠷᠠᠭ᠎ᠠ᠂ ᠨᠠᠮ᠎ᠤᠨ ᠤᠳᠤᠷᠢᠳᠤᠯᠭ᠎ᠠ ᠳᠣᠣᠷ᠎ᠠ᠂ ᠲᠡᠷᠡ ᠠᠷᠭ᠎ᠠ ᠪᠦᠬᠦᠨ᠎ᠢ ᠰᠦᠪᠡᠭᠴᠢᠯᠡᠨ ᠥᠪᠥᠷ ᠮᠣᠩᠭᠣᠯ᠎ᠤᠨ ᠵᠡᠭᠦᠨ ᠪᠠᠷᠠᠭᠤᠨ ᠤᠷᠤᠨ᠎ᠤ ᠤᠷᠳᠤ ᠬᠤᠭᠤᠴᠠᠭ᠋ᠠᠨ᠎ᠤ ᠲᠤᠷᠰᠢᠳᠡ ᠰᠠᠯᠤᠩᠬᠢ ᠪᠠᠢ᠌ᠭᠰᠠᠨ ᠠᠰᠠᠭᠤᠳᠠᠯ᠎ᠢ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠢ᠌ᠭᠤᠯᠬᠤ ᠠᠩᠬ᠎ᠠ ᠠᠯᠬᠤᠮ᠎ᠤᠨ ᠰᠠᠨᠠᠭ᠋ᠠᠴᠢᠯᠠᠭ᠎ᠠ᠎ᠪᠠᠨ ᠳᠤᠷᠠᠳᠴᠤ᠂ ᠥᠪᠥᠷ ᠮᠣᠩᠭᠣᠯ᠎ᠳᠤ ᠮᠠᠨ᠎ᠤ ᠤᠯᠤᠰ᠎ᠤᠨ ᠠᠩᠬᠠᠳᠠᠭᠴᠢ ᠮᠤᠵᠢ ᠵᠢᠨ ᠲᠡᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠢ ᠪᠠᠢ᠌ᠭᠤᠯᠪᠠ᠃
ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠤ ᠳᠠᠷᠠᠭ᠎ᠠ᠂ ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠨᠡᠷ᠎ᠡ ᠵᠢ ᠲᠥᠪ᠎ᠤᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ (ᠤᠳᠤ ᠵᠢᠨ ᠲᠦᠪ᠎ᠤᠨ ᠦᠨᠳᠦᠰᠦᠳᠡᠨ᠎ᠤ ᠶᠡᠬᠡ ᠰᠤᠷᠭ᠋ᠠᠭᠤᠯᠢ ᠵᠢᠨ ᠬᠠᠷᠢᠶᠠᠳᠤ ᠲᠤᠮᠳᠠᠳᠤ ᠰᠤᠷᠭ᠋ᠠᠭᠤᠯᠢ) ᠭᠡᠵᠦ ᠬᠠᠯᠠᠪᠠ᠃ 1984 ᠣᠨ᠎ᠤ 3 ᠳ᠋ᠤᠭ᠋ᠠᠷ ᠰᠠᠷ᠎ᠠ ᠵᠢᠨ 6᠎ᠤ ᠡᠳᠦᠷ᠂ ᠤᠯᠠᠭ᠋ᠠᠨᠬᠦᠦ ᠡᠭᠡ ᠰᠤᠷᠭ᠋ᠠᠭᠤᠯᠢ᠎ᠳᠤ᠎ᠪᠠᠨ ᠪᠤᠴᠠᠵᠤ᠂ ᠬᠢᠴᠢᠶᠡᠯ᠎ᠤᠨ ᠭᠡᠷ᠎ᠤᠨ ᠵᠡᠬᠦᠨᠳᠡᠬᠢ ᠪᠠᠢ᠌ᠷᠢ ᠵᠢᠨ ᠡᠭᠦᠳᠡᠨ᠎ᠳᠤ ᠵᠤᠭᠰᠤᠭ᠋ᠠᠳ ᠲᠤᠬᠠᠢ ᠵᠢᠨ ᠵᠢᠯ᠎ᠤᠨ ᠨᠠᠮ᠎ᠳᠤ ᠣᠷᠣᠬᠤ ᠶᠣᠰᠣᠯᠠᠯ ᠵᠶ᠋ᠠᠨ ᠡᠷᠭᠢᠴᠡᠭᠦᠯᠪᠡ᠃ ᠲᠡᠷᠡ᠂ ᠲᠡᠷᠡ ᠬᠦ᠌ ᠣᠨ ᠵᠢᠯ᠎ᠢ ᠡᠯᠡᠭᠡᠭᠰᠡᠨ ᠴᠢᠪᠠᠭ᠎ᠠ ᠵᠢᠨ ᠮᠤᠳᠤ ᠵᠢ ᠲᠡᠮᠳᠡᠷᠢᠭᠰᠡᠭᠡᠷ᠂ ᠲᠤᠬᠠᠢ ᠵᠢᠨ ᠵᠢᠯ᠎ᠤᠨ ᠬᠠᠮᠲᠤ ᠰᠤᠷᠤᠯᠭ᠋ᠠᠲᠠᠨᠲᠠᠢᠪᠠᠨ ᠰᠡᠳᠬᠢᠯ᠎ᠤᠨ ᠦᠭᠡ᠎ᠪᠠᠨ ᠶᠠᠷᠢᠯᠴᠠᠵᠤ ᠪᠠᠢ᠌ᠭᠰᠠᠨ ᠪᠠᠢ᠌ᠳᠠᠯ ᠵᠢᠡᠨ ᠶᠠᠷᠢᠪᠠ᠃ ᠡᠪ ᠬᠠᠮᠲᠤ ᠶᠣᠰᠣ ᠴᠥᠭᠡᠨ ᠲᠣᠭ᠋ᠠᠲᠤ ᠦᠨᠳᠦᠰᠦᠲᠡᠨ᠎ᠤ ᠳᠤᠮᠳᠠ ᠤᠯᠠᠮᠵᠢᠯᠠᠭᠳᠠᠭᠰᠠᠨ ᠪᠣᠯ ᠡᠨᠡ ᠬᠦ᠌ ᠰᠤᠷᠭ᠋ᠠᠭᠤᠯᠢ᠎ᠠᠴᠠ ᠡᠬᠢᠯᠡᠭᠰᠡᠨ ᠶᠤᠮ ᠭᠡᠵᠦ ᠲᠡᠷᠡ ᠭᠦᠨ ᠰᠡᠳᠬᠢᠯᠭᠡ᠎ᠲᠠᠢ᠎ᠪᠠᠷ ᠶᠠᠷᠢᠵᠤ ᠪᠢᠯᠡ᠃
ᠮᠣᠩᠭᠣᠯ ᠲᠥᠪᠡᠳ᠎ᠤᠨ ᠰᠤᠷᠭ᠋ᠠᠭᠤᠯᠢ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠴᠥᠭᠡᠨ ᠲᠣᠭ᠋ᠠᠲᠤ ᠦᠨᠳᠦᠰᠦᠲᠡᠨ᠎ᠤ ᠮᠠᠰᠢ ᠤᠯᠠᠨ ᠰᠢᠯᠢᠳᠡᠭ ᠴᠢᠳᠠᠪᠤᠷᠢᠲᠠᠨ᠎ᠢ ᠬᠦᠮᠦᠵᠢᠬᠦᠯᠪᠠ᠂ ᠳᠡᠳᠡ ᠡᠯ᠎ᠡ ᠹᠷᠣᠨᠲ ᠳᠡᠭᠡᠷ᠎ᠡ ᠠᠷᠠᠳ ᠲᠦᠮᠡᠨ᠎ᠤ ᠴᠢᠯᠥᠭᠡᠯᠡᠯᠲᠡ᠂ ᠤᠯᠤᠰ᠎ᠤᠨ ᠬᠥᠭᠵᠢᠯᠲᠡ᠂ ᠦᠨᠳᠦᠰᠦᠲᠡᠨ᠎ᠤ ᠪᠦᠯᠬᠦᠮᠳᠡᠯ᠂ ᠠᠷᠠᠳ ᠲᠦᠮᠡᠨ᠎ᠤ ᠵᠣᠯ ᠵᠢᠷᠭ᠋ᠠᠯᠳᠤ ᠴᠢᠬᠤᠯᠠ ᠬᠤᠪᠢ ᠨᠡᠮᠡᠷᠢ ᠦᠵᠡᠭᠦᠯᠵᠡᠢ᠃ 2013 ᠣᠨ᠎ᠳᠤ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ 100 ᠵᠢᠯ᠎ᠤᠨ ᠣᠶ ᠵᠢᠨ ᠪᠠᠶᠠᠷ᠎ᠠᠴᠠ ᠡᠮᠦᠨᠡᠬᠡᠨ᠂ ᠪᠥᠬᠥ ᠤᠯᠤᠰ᠎ᠤᠨ 24 ᠮᠤᠵᠢ (ᠣᠷᠣᠨ᠂ ᠬᠣᠲᠠ)᠎ᠠᠴᠠ ᠢᠷᠡᠭᠰᠡᠨ ᠦᠨᠳᠦᠰᠦᠲᠡᠨ᠎ᠨᠦᠭᠦᠳ᠎ᠤᠨ 1800 ᠲᠣᠰ ᠰᠤᠷᠭ᠋ᠠᠭᠤᠯᠢ ᠵᠢᠨ ᠰᠣᠷᠣᠭᠴᠢ ᠶᠡᠷᠦᠩᠬᠡᠶ ᠱᠦᠵᠢ ᠰᠢ ᠵᠢᠨ ᠫᠢᠩ᠎ᠳᠤ ᠵᠠᠬᠢᠳᠠᠯ ᠪᠢᠴᠢᠵᠦ᠂ ᠲᠡᠳᠡᠨ᠎ᠤ ᠨᠡᠢ᠌ᠰᠯᠡᠯ ᠪᠡᠭᠡᠵᠢᠩ᠎ᠳᠤ ᠰᠤᠷᠤᠯᠴᠠᠵᠤ ᠠᠮᠢᠳᠤᠷᠠᠵᠤ ᠪᠠᠢ᠌ᠭ᠎ᠠ ᠪᠠᠢ᠌ᠳᠠᠯ ᠵᠶ᠋ᠡᠨ ᠬᠠᠷᠢᠭᠤ ᠮᠡᠳᠡᠭᠦᠯᠪᠡ᠃ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠪᠦᠬᠦ ᠰᠤᠷᠤᠭᠴᠢᠳ᠎ᠲᠤ ᠬᠠᠷᠢᠭᠤ ᠵᠠᠬᠢᠳᠠᠯ ᠢᠯᠡᠭᠡᠵᠦ᠂ ᠰᠤᠷᠭ᠋ᠠᠭᠤᠯᠢ ᠵᠢᠨ ᠵᠠᠭᠤᠨ ᠵᠢᠯ᠎ᠤᠨ ᠤᠢ᠎ᠪᠠᠨ ᠤᠭᠲᠤᠬᠤ ᠲᠤᠬᠠᠢ ᠰᠤᠷᠤᠭᠴᠢᠳ ᠪᠣᠯᠤᠨ ᠰᠤᠷᠭ᠋ᠠᠭᠤᠯᠢ ᠵᠢᠨ ᠪᠦᠬᠦ ᠪᠠᠭᠰᠢ ᠠᠵᠢᠯᠳᠠᠨ᠎ᠳᠤ ᠬᠠᠯᠠᠭᠤᠨ ᠪᠠᠶᠠᠷ ᠬᠦᠷᠭᠡᠪᠡ᠃ ᠶᠡᠷᠦᠩᠬᠡᠢ ᠱᠦᠵᠢ ᠰᠢ ᠵᠢᠨ ᠫᠢᠡᠭ ᠰᠤᠷᠭ᠋ᠠᠭᠤᠯᠢ ᠵᠢᠨ᠎ᠬᠢᠨ ᠢᠷᠠᠭᠤ ᠠᠯᠳᠠᠷᠲᠤ ᠤᠳᠤᠮᠰᠢᠯ ᠵᠶ᠋ᠠᠨ ᠵᠠᠯᠭ᠋ᠠᠮᠵᠢᠯᠠᠵᠤ᠂ ᠦᠨᠳᠦᠰᠦᠲᠡᠨ᠎ᠨᠦᠭᠦᠳ᠎ᠤᠨ ᠰᠢᠯᠢᠳᠡᠭ ᠰᠣᠶᠣᠯ᠎ᠢ ᠵᠠᠯᠭ᠋ᠠᠮᠵᠢᠯᠠᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ᠂ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠡᠭᠦᠷᠭᠡᠯᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠢ᠍ᠯᠡᠰ᠎ᠤᠨ ᠬᠢᠷᠢ ᠲᠡᠩᠴᠡᠭᠰᠡᠨ ᠪᠦᠳᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ ᠬᠦᠴᠦᠯᠡᠨ ᠬᠥᠮᠦᠵᠢᠭᠦᠯᠬᠦ ᠵᠢ ᠬᠦᠰᠡᠵᠦ ᠪᠠᠢ᠌ᠨ᠎ᠠ᠃ ᠨᠥᠬᠥᠳ ᠨᠡᠷ ᠰᠠᠢ᠍ᠢ᠍ᠨ ᠰᠠᠢ᠌ᠬᠠᠨ ᠴᠠᠭ ᠮᠥᠴᠡ᠎ᠪᠠᠨ ᠨᠠᠨᠳᠢᠩᠨᠠᠵᠤ᠂ ᠶᠣᠰᠣ ᠰᠤᠷᠲᠠᠬᠤᠨ ᠵᠶ᠋ᠠᠨ ᠳᠠᠪᠲᠠᠨ ᠪᠣᠯᠪᠠᠰᠤᠷᠠᠭᠤᠯᠵᠤ᠂ ᠦᠵᠡᠯ ᠰᠡᠳᠬᠢᠯᠭᠡ᠎ᠪᠠᠨ ᠪᠣᠯᠪᠠᠰᠤᠷᠠᠭᠤᠯᠵᠤ᠂ ᠰᠢᠷᠭ᠋ᠠᠭᠤ ᠰᠤᠷᠤᠯᠴᠠᠵᠤ᠂ ᠪᠦᠬᠦ ᠲᠠᠯ᠎ᠠ᠎ᠪᠠᠷ ᠬᠥᠭᠵᠢᠵᠦ᠂ ᠵᠢᠩᠬᠢᠨᠢ ᠡᠷᠳᠡᠮ ᠴᠢᠳᠠᠪᠤᠷᠢ ᠵᠢ ᠡᠵᠡᠮᠰᠢᠵᠦ᠂ ᠠᠭᠤᠤ ᠶᠡᠬᠡ ᠡᠬᠡ ᠤᠯᠤᠰ ᠵᠶ᠋ᠠᠨ ᠪᠦᠳᠦᠭᠡᠨ ᠪᠠᠢ᠌ᠭᠤᠯᠬᠤ᠂ ᠦᠵᠡᠰᠬᠦᠯᠡᠩᠲᠦ ᠰᠠᠢ᠌ᠬᠠᠨ ᠨᠤᠲᠤᠭ ᠤᠰᠤ᠎ᠪᠠᠨ ᠪᠦᠳᠦᠭᠡᠨ ᠪᠠᠢ᠌ᠭᠤᠯᠬᠤ᠎ᠳᠤ ᠬᠡᠷᠡᠭᠴᠡᠭᠡ᠎ᠲᠠᠢ ᠴᠢᠳᠠᠪᠤᠷᠢᠲᠠᠨ᠂ ᠲᠤᠯᠭ᠋ᠠᠭᠤᠷᠢ ᠬᠦᠴᠦᠨ ᠪᠣᠯᠬᠤ᠎ᠪᠠᠷ ᠴᠢᠷᠮᠠᠢ᠌ᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ᠂ ᠬᠠᠮᠲᠤ ᠵᠢᠨ ᠬᠥᠭᠵᠢᠯ ᠴᠡᠴᠡᠭᠯᠡᠯ᠎ᠢ ᠪᠡᠶᠡᠯᠡᠭᠦᠯᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠵᠢ ᠬᠦᠰᠡᠵᠦ ᠪᠠᠢ᠌ᠨ᠎ᠠ ᠬᠡᠵᠡᠢ᠃
ᠶᠡᠷᠦᠩᠬᠡᠶ ᠱᠦᠵᠢ ᠵᠢᠨ ᠬᠠᠷᠢᠭᠤ ᠵᠠᠬᠢᠳᠠᠯ᠎ᠨᠢ ᠥᠷᠭᠡᠨ ᠣᠯᠠᠨ ᠰᠤᠷᠤᠭᠴᠢᠳ᠎ᠤᠨ ᠥᠪᠡᠷ᠎ᠢ᠎ᠪᠠᠨ ᠦᠷᠡᠭᠳᠡᠭᠦᠯᠬᠦ ᠲᠡᠮᠡᠴᠡᠯ᠎ᠤᠨ ᠵᠣᠷᠢᠭ ᠰᠠᠨᠠᠭ᠎ᠠ᠎ᠪᠠᠷ ᠡᠬᠡ ᠤᠯᠤᠰ᠎ᠤᠨ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠵᠢ ᠲᠤᠢ᠌ᠯ᠎ᠤᠨ ᠶᠡᠬᠡ᠎ᠪᠠᠷ ᠵᠣᠷᠢᠭᠵᠢᠭᠤᠯᠪᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠳᠤᠮᠳᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠳᠤᠮᠳᠠ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠨᠢᠭᠡ ᠪᠦᠯᠦᠭ ᠨᠥᠬᠥᠳ ᠡᠮᠦᠨ᠎ᠡ ᠹᠷᠣᠨᠲ᠎ᠲᠤ ᠡᠷᠡᠯᠬᠡᠭᠯᠡᠨ ᠲᠡᠮᠡᠴᠡᠵᠦ᠂ ᠦᠨᠳᠦᠰᠦᠨ ᠱᠠᠲᠤᠨ᠎ᠳᠤ ᠬᠦᠨᠵᠡᠬᠡᠢ᠌ᠷᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠠᠭᠤᠤ ᠶᠡᠬᠡ ᠡᠬᠡ ᠤᠯᠤᠰ ᠵᠶ᠋ᠠᠨ ᠪᠥᠲᠥᠭᠡᠨ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠬᠡᠷ ᠣᠷᠣᠨ ᠵᠶ᠋ᠠᠨ ᠪᠥᠲᠥᠭᠡᠨ ᠪᠠᠢ᠌ᠭᠤᠯᠬᠤ》 ᠬᠦᠰᠡᠯ ᠨᠠᠢ᠌ᠳᠠᠯᠭ᠎ᠠ ᠵᠢ ᠦᠢᠯᠡᠳᠦᠯᠭᠡᠵᠢᠭᠦᠯᠵᠦ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠬᠤᠪᠢ ᠨᠡᠮᠡᠷᠢ ᠦᠵᠡᠭᠦᠯᠪᠡ᠃
(ᠲᠤᠰ ᠵᠣᠬᠢᠶᠠᠯ᠎ᠢ 《ᠳᠤᠮᠳᠠᠳᠤ ᠵᠢᠨ ᠦᠨᠳᠦᠰᠦᠲᠡᠨ ᠰᠣᠨᠢᠨ》 2021 ᠣᠨ᠎ᠤ 6 ᠳ᠋ᠤᠭ᠋ᠠᠷ ᠰᠠᠷ᠎ᠠ ᠵᠢᠨ 29᠎ᠤ ᠡᠳᠦᠷ᠎ᠤᠨ 05 ᠳ᠋ᠤᠭ᠋ᠠᠷ ᠨᠢᠭᠤᠷ᠎ᠲᠤ ᠨᠡᠢ᠌ᠲᠡᠯᠡᠪᠡ᠂ ᠸᠠᠩ ᠵᠧᠨ ᠪᠢᠴᠢᠪᠠ)
ᠣᠷᠴᠢᠭᠤᠯᠤᠭᠴᠢ᠄ ᠣᠶᠤᠨᠰᠡᠴᠡᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ