ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠲᠦᠮᠡᠨ ᠵᠢᠯ᠎ᠤᠨ ᠡᠮᠦᠨᠡᠬᠢ ᠳᠤᠮᠳᠠᠳᠤ ᠤᠯᠤᠰ᠎ᠤᠨ ᠡᠪᠦᠭᠡ ᠳᠡᠭᠡᠳᠦᠰ ᠬᠡᠷᠬᠢᠨ ᠲᠡᠨᠦᠭᠦᠴᠢᠯᠡᠯ ᠠᠮᠢᠳᠤᠷᠠᠯ ᠵᠶ᠋ᠠᠨ ᠡᠴᠦᠰᠯᠡᠭᠦᠯᠵᠦ ᠠᠮᠤᠷ ᠲᠠᠶ᠋ᠢᠪᠤᠩ ᠣᠷᠣᠰᠢᠨ ᠰᠠᠭᠤᠷᠢᠰᠢᠭᠰᠠᠨ ᠪᠤᠢ?
ᠨᠡᠶ᠋ᠢᠲᠡᠯᠡᠭᠰᠡᠨ ᠴᠠᠭ᠄ 2023-09-08

      ᠣᠶ᠋ᠢᠷ᠎ᠠ᠎ᠳᠤ᠂ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠠᠴᠠ ᠭᠣᠤᠯᠯᠠᠨ ᠡᠷᠭᠢᠯᠡᠭᠰᠡᠨ 《ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠶᠠᠷᠢᠶᠠᠨ᠎ᠤ ᠲᠠᠪᠴᠠᠩ · 2022 ᠣᠨ᠎ᠤ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠰᠢᠨ᠎ᠡ ᠢᠯᠡᠷᠡᠭᠦᠯᠦᠯᠲᠡ》᠎ᠳᠤ ᠰᠣᠩᠭᠣᠭᠳᠠᠭᠰᠠᠨ ᠬᠡᠭᠡᠷ᠎ᠡ ᠵᠢᠨ ᠬᠠᠭᠤᠴᠢ ᠰᠤᠳᠤᠯᠤᠯ᠎ᠤᠨ ᠠᠭᠤᠳᠠᠯᠤᠯᠲᠠ 6 ᠲᠥᠷᠥᠯ ᠵᠦᠢ᠍ᠯ᠎ᠢ ᠨᠡᠶ᠋ᠢᠲᠡᠯᠡᠵᠦ᠂ ᠡᠾᠸᠪᠸᠢ ᠵᠢᠨ ᠱᠠᠩ ᠢ ᠰᠢᠶᠠᠨ᠎ᠤ ᠰᠸ᠎ᠲᠠᠢ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠪᠠᠭᠤᠷᠢ ᠡᠭᠦᠨ᠎ᠳᠤ ᠵᠢᠭᠰᠠᠭ᠋ᠠᠭᠳᠠᠭᠰᠠᠨ ᠪᠠᠢ᠌ᠨ᠎ᠠ᠃ ᠲᠤᠰ ᠪᠠᠭᠤᠷᠢ ᠵᠢᠨ ᠰᠢᠪᠲᠤᠯᠤᠯᠲᠠ ᠵᠢᠨ ᠴᠢᠨᠠᠷᠲᠠᠶ ᠢᠯᠡᠷᠡᠭᠦᠯᠦᠯᠲᠡ᠎ᠨᠢ ᠤᠮᠠᠷᠠᠲᠤ ᠣᠷᠣᠨ᠎ᠤ ᠬᠠᠮᠤᠭ᠎ᠤᠨ ᠡᠷᠲᠡᠨ᠎ᠤ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠬᠠᠭᠤᠴᠢ ᠰᠤᠳᠤᠯᠤᠯ᠎ᠤᠨ ᠰᠣᠶᠣᠯ ᠵᠶ᠋ᠠᠷ ᠲᠤᠭᠲᠠᠭ᠋ᠠᠭᠳᠠᠵᠤ᠂ ᠤᠮᠠᠷᠠᠲᠤ ᠣᠷᠣᠨ᠎ᠤ ᠬᠠᠭᠤᠴᠢᠨ ᠰᠢᠨ᠎ᠡ ᠴᠢᠯᠠᠭᠤᠨ ᠵᠡᠪᠰᠡᠭ᠎ᠤᠨ ᠰᠢᠯᠵᠢᠯᠲᠡ ᠵᠢᠨ ᠦᠶ᠎ᠡ ᠵᠢ ᠵᠠᠶ ᠵᠠᠪᠰᠠᠷ ᠦᠭᠡᠶ ᠬᠡᠯᠬᠢᠨ ᠬᠤᠯᠪᠤᠭ᠋ᠠᠳ᠂ ᠶᠠᠨ ᠯᠢᠶᠣᠤ ᠵᠢᠨ ᠰᠣᠶᠣᠯ᠎ᠤᠨ ᠲᠣᠭᠣᠷᠢᠭ᠎ᠤᠨ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠡᠬᠢᠨ᠎ᠤ ᠦᠶ᠎ᠡ ᠵᠢᠨ ᠰᠣᠶᠣᠯ᠎ᠤᠨ ᠬᠣᠭᠣᠰᠣᠨ᠎ᠢ ᠨᠥᠬᠥᠪᠥᠷᠢᠯᠡᠵᠦ᠂ ᠬᠠᠭᠤᠴᠢᠨ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠰᠢᠯᠵᠢᠯᠲᠡ᠂ ᠬᠠᠭᠤᠷᠠᠶ ᠲᠠᠷᠢᠶᠠᠯᠠᠩ᠎ᠤᠨ ᠡᠭᠦᠰᠦᠯ᠂ ᠰᠠᠭᠤᠷᠢᠰᠢᠯ ᠪᠠ ᠠᠵᠤ ᠠᠮᠢᠳᠤᠷᠠᠯ᠎ᠤᠨ ᠬᠡᠯᠪᠡᠷᠢ ᠵᠢᠨ ᠬᠥᠭᠵᠢᠯᠲᠡ ᠬᠤᠪᠢᠰᠤᠯᠲᠠ ᠵᠡᠷᠭᠡ ᠠᠯᠢ ᠤᠯᠠᠨ ᠰᠤᠳᠤᠯᠭ᠋ᠠᠨ᠎ᠤ ᠰᠡᠳᠦᠪ᠎ᠢ ᠰᠤᠳᠤᠯᠬᠤ᠎ᠳᠤ ᠴᠢᠬᠤᠯᠠ ᠰᠤᠳᠤᠯᠭ᠋ᠠᠨ᠎ᠤ ᠮᠠᠲ᠋ᠧᠷᠢᠶᠠᠯ ᠬᠠᠩᠭ᠋ᠠᠵᠤ᠂ ᠳᠤᠮᠳᠠᠳᠤ ᠵᠢᠨ ᠪᠣᠯᠪᠠᠰᠤᠨ᠎ᠤ ᠡᠭᠦᠰᠦᠯ᠎ᠢ ᠬᠠᠶ᠋ᠢᠨ ᠰᠦᠪᠡᠭᠴᠢᠯᠡᠬᠦ ᠵᠡᠷᠭᠡ ᠠᠯᠢ ᠤᠯᠠᠨ ᠴᠢᠬᠤᠯᠠ ᠶᠡᠬᠡ ᠰᠡᠳᠦᠪ᠎ᠢ ᠰᠤᠳᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠤᠯᠤᠭᠰᠠᠨ ᠪᠠᠢ᠌ᠨ᠎ᠠ᠃
      ᠡᠭᠦᠨ᠎ᠤ ᠲᠤᠯᠠᠳᠠ᠂ 《ᠳᠤᠮᠳᠠᠳᠤ ᠵᠢ ᠦᠭᠦᠯᠡᠬᠦᠢ》 ᠵᠢᠨ᠎ᠬᠢᠨ ᠡᠾᠸᠪᠸᠢ ᠮᠤᠵᠢ ᠵᠢᠨ ᠲᠡᠦᠬᠡ ᠵᠢᠨ ᠳᠤᠷᠠᠰᠬᠠᠯᠲᠤ ᠵᠦᠢ᠍ᠯ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠵᠠᠩ ᠸᠧᠨ ᠷᠦᠢ ᠬᠦᠷᠢᠶᠡᠯᠡᠩ᠎ᠤᠨ ᠳᠠᠷᠤᠭ᠎ᠠ ᠵᠢ ᠤᠷᠢᠵᠤ᠂ ᠪᠢᠳᠡᠨ᠎ᠳᠤ ᠲᠦᠮᠡᠨ ᠵᠢᠯ᠎ᠤᠨ ᠡᠮᠦᠨ᠎ᠡ᠂ ᠣᠳᠣ ᠵᠢᠨ ᠡᠾᠸᠪᠸᠢ ᠮᠤᠵᠢ ᠵᠢᠨ ᠴᠢᠭᠤᠯᠤᠯᠳᠦ ᠬᠠᠭ᠋ᠠᠯᠭ᠎ᠠ ᠬᠤᠳᠠ ᠵᠢᠨ ᠱᠠᠩ ᠢ ᠰᠢᠶᠠᠨ᠎ᠤ ᠱ᠌ᠢ ᠵᠢᠩ ᠰᠢᠶᠠᠩ᠎ᠤᠨ ᠰᠸ᠎ᠲᠠᠢ ᠮᠣᠩᠭᠣᠯ ᠲᠣᠰᠬᠣᠨ᠎ᠳᠤ᠂ ᠲᠡᠦᠬᠡᠨ ᠳᠡᠭᠡᠷ᠎ᠡ ᠮᠣᠩᠭᠣᠯ᠎ᠤᠨ ᠥᠨᠳᠥᠷᠯᠢᠭ᠎ᠤᠨ ᠡᠮᠦᠨ᠎ᠡ ᠵᠠᠬ᠎ᠠ᠎ᠳᠠᠬᠢ ᠨᠢᠭᠡ ᠪᠦᠯᠦᠭ ᠡᠷᠲᠡᠨ᠎ᠤ ᠬᠥᠮᠦᠨ ᠬᠡᠷᠬᠢᠨ ᠭᠠᠵᠠᠷ ᠪᠣᠯᠭ᠋ᠠᠨ ᠵᠶ᠋ᠠᠷ ᠨᠡᠭᠦᠳᠡᠯᠯᠡᠵᠦ ᠪᠠᠶ᠋ᠢᠭᠰᠠᠨ᠎ᠠᠴᠠ᠎ᠪᠠᠨ ᠠᠮᠤᠷ ᠲᠠᠢ᠌ᠪᠤᠩ ᠣᠷᠣᠰᠢᠨ ᠰᠠᠭᠤᠷᠢᠰᠢᠭᠰᠠᠨ ᠦᠯᠢᠭᠡᠷ᠎ᠢ ᠶᠠᠷᠢᠭᠤᠯᠵᠠᠢ᠃

1.png     

      ᠰᠸ᠎ᠲᠠᠢ ᠪᠠᠭᠤᠷᠢ ᠵᠢ ᠠᠭᠤᠳᠠᠯᠯᠠᠵᠤ ᠪᠠᠢ᠌ᠭ᠎ᠠ ᠠᠬᠤᠢ ᠲᠠᠯᠠᠪᠠᠢ᠃
      ᠨᠡᠭᠦᠳᠡᠯ᠎ᠠᠴᠠ ᠰᠠᠭᠤᠷᠢᠰᠢᠭᠰᠠᠨ — ᠪᠣᠯᠪᠠᠰᠤᠨ ᠲᠡᠢ᠌ᠰᠢ ᠤᠷᠤᠭᠰᠢᠯᠠᠭᠰᠠᠨ ᠠᠩᠬᠠᠨ᠎ᠤ ᠠᠯᠬᠤᠮ
      ᠲᠠᠨᠢᠨ ᠮᠡᠳᠡᠷᠡᠬᠦᠢ ᠪᠠ ᠮᠡᠷᠭᠡᠵᠢᠯ᠎ᠤᠨ ᠴᠢᠳᠠᠪᠤᠷᠢ ᠵᠢᠨ ᠬᠢᠵᠠᠭ᠋ᠠᠷᠯᠠᠯ᠎ᠠᠴᠠ ᠪᠤᠯᠵᠤ᠂ ᠡᠷᠲᠡᠨ᠎ᠤ ᠬᠥᠮᠦᠨ ᠲᠥᠷᠥᠯᠬᠢᠲᠡᠨ ᠲᠣᠭᠲᠠᠪᠤᠷᠢᠲᠠᠶ ᠢᠳᠡᠭᠡᠨ ᠤᠮᠳᠠᠭ᠋ᠠᠨ ᠪᠠ ᠠᠮᠤᠷ ᠲᠠᠢ᠌ᠪᠤᠩ ᠣᠷᠣᠨ ᠰᠠᠭᠤᠴᠠ ᠤᠯᠬᠤ ᠵᠢᠨ ᠲᠤᠰᠠᠳᠠ᠂ ᠵᠥᠪᠬᠡᠨ ᠢᠳᠡᠭᠡᠨ ᠤᠮᠳᠠᠭ᠋ᠠᠨ᠎ᠤ ᠢᠷᠡᠯᠲᠠ ᠵᠢ᠎ᠲᠠᠭᠠᠨ ᠲᠠᠰᠤᠷᠠᠯᠲᠠ ᠦᠭᠡᠶ ᠨᠡᠭᠦᠳᠡᠯᠯᠡᠳᠡᠭ ᠪᠠᠶ᠋ᠢᠵᠠᠶ᠃ ᠭᠠᠭᠴᠠ ᠬᠦ᠌ ᠢᠳᠡᠭᠡᠨ ᠤᠮᠳᠠᠭ᠋ᠠᠨ᠎ᠤ ᠦᠢ᠍ᠯᠡᠳᠪᠦᠷᠢᠯᠡᠯ ᠪᠠ ᠭᠡᠷ ᠪᠠᠶ᠋ᠢᠰᠢᠩ ᠪᠠᠷᠢᠬᠤ ᠴᠢᠳᠠᠪᠤᠷᠢ ᠵᠢ ᠭᠦᠢ᠍ᠴᠡᠳ ᠬᠤᠷᠠᠮᠳᠤᠭᠤᠯᠤᠭᠰᠠᠨ᠎ᠤ ᠳᠠᠷᠠᠭ᠎ᠠ᠂ ᠬᠥᠮᠦᠨ ᠲᠥᠷᠥᠯᠬᠢᠲᠡᠨ ᠰᠠᠶᠢ ᠤᠷᠲᠤ ᠬᠤᠭᠤᠴᠠᠭ᠎ᠠ᠎ᠪᠠᠷ ᠨᠢᠭᠡ ᠭᠠᠵᠠᠷ᠎ᠲᠤ ᠰᠠᠭᠤᠷᠢᠰᠢᠨ ᠠᠮᠢᠳᠤᠷᠠᠬᠤ ᠪᠣᠯᠵᠠᠢ᠃ ᠬᠥᠮᠦᠰ ᠭᠠᠭᠴᠠ ᠬᠦ᠌ ᠰᠠᠭᠤᠷᠢᠰᠢᠪᠠᠯ ᠰᠠᠶᠢ ᠵᠣᠬᠢᠶᠠᠨ ᠪᠠᠶ᠋ᠢᠭᠤᠯᠤᠯᠲᠠ᠎ᠲᠠᠢ ᠲᠣᠭᠲᠠᠭᠤᠨ ᠨᠡᠶ᠋ᠢᠭᠡᠮ᠎ᠢ ᠪᠦᠷᠢᠯᠳᠦᠭᠦᠯᠵᠦ᠂ ᠬᠥᠮᠦᠨ ᠠᠮᠠ ᠵᠢᠨ ᠲᠤᠭ᠎ᠠ ᠰᠠᠶᠢ ᠲᠠᠰᠤᠷᠠᠯᠲᠠ ᠦᠭᠡᠢ ᠨᠡᠮᠡᠭᠳᠡᠵᠦ᠂ ᠡᠭᠦᠨ᠎ᠤ ᠳᠠᠭ᠋ᠠᠤ᠎ᠪᠠᠷ ᠰᠠᠶᠢ ᠡᠯ᠎ᠡ ᠲᠠᠯ᠎ᠠ ᠵᠢᠨ ᠬᠠᠷᠢᠴᠠᠭ᠎ᠠ ᠵᠢ ᠵᠣᠬᠢᠴᠠᠭᠤᠯᠬᠤ ᠰᠤᠶᠤᠯ᠎ᠤᠨ ᠰᠢᠰᠲ᠋ᠧᠮ ᠪᠠ ᠨᠡᠩ ᠪᠤᠳᠤᠯᠢᠶᠠᠨ᠎ᠲᠠᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠪᠦᠲᠦᠴᠡ ᠵᠢ ᠬᠥᠭᠵᠢᠭᠦᠯᠬᠦ ᠵᠠᠪᠰᠢᠶᠠᠨ᠎ᠲᠠᠢ ᠪᠤᠯᠵᠤ ᠴᠢᠳᠠᠨ᠎ᠠ᠃ ᠡᠶ᠋ᠢᠮᠦ᠎ᠠᠴᠠ ᠣᠷᠣᠰᠢᠨ ᠰᠠᠭᠤᠷᠢᠰᠢᠬᠤ ᠪᠣᠯ ᠬᠥᠮᠦᠨ ᠲᠥᠷᠥᠯᠬᠢᠲᠡᠨ᠎ᠤ ᠪᠣᠯᠪᠠᠰᠤᠨ ᠲᠡᠶ᠋ᠢᠰᠢ ᠰᠢᠯᠵᠢᠬᠦ ᠴᠢᠬᠤᠯᠠ ᠨᠥᠬᠥᠴᠡᠯ ᠪᠠ ᠰᠠᠭᠤᠷᠢ ᠪᠤᠯᠤᠨ᠎ᠠ᠃
      ᠱᠠᠩ ᠢ ᠵᠢᠨ ᠰᠸ᠎ᠲᠠᠢ ᠪᠠᠭᠤᠷᠢ ᠵᠢᠨ ᠨᠢᠭᠡᠳᠦᠭᠡᠷ ᠬᠣᠶᠠᠳᠤᠭ᠋ᠠᠷ ᠪᠦᠯᠦᠭ (ᠣᠳᠣ᠎ᠠᠴᠠ 10400 — 9000 ᠵᠢᠯ᠎ᠤᠨ ᠡᠮᠦᠨ᠎ᠡ)᠎ᠠᠴᠠ ᠢᠯᠡᠷᠡᠭᠦᠯᠦᠭᠰᠡᠨ ᠪᠦᠯᠦᠭᠯᠡᠯ᠎ᠤᠨ ᠬᠡᠯᠪᠡᠷᠢ᠎ᠲᠠᠢ ᠬᠠᠭ᠋ᠠᠰ ᠨᠦᠬᠡᠨ ᠭᠡᠷ ᠪᠣᠯ᠂ ᠣᠳᠣᠬᠠᠨ᠎ᠤ ᠳᠤᠮᠳᠠᠳᠤ ᠤᠯᠤᠰ᠎ᠤᠨ ᠤᠮᠠᠷᠠᠲᠤ ᠣᠷᠣᠨ᠎ᠤ ᠬᠠᠮᠤᠭ᠎ᠤᠨ ᠡᠷᠲᠡᠨ᠎ᠤ ᠰᠠᠭᠤᠷᠢᠰᠢᠭᠰᠠᠨ ᠠᠶ᠋ᠢᠯ ᠲᠣᠰᠬᠣᠨ᠎ᠤ ᠣᠷᠣᠮ ᠪᠣᠯᠤᠨ᠎ᠠ᠂ ᠡᠨᠡ᠎ᠨᠢ ᠬᠥᠮᠦᠨ ᠲᠥᠷᠥᠯᠬᠢᠲᠡᠨ ᠬᠠᠭᠤᠴᠢᠨ ᠴᠢᠯᠠᠭᠤᠨ ᠵᠡᠪᠰᠡᠭ᠎ᠤᠨ ᠦᠶ᠎ᠡ ᠵᠢᠨ ᠠᠩ ᠠᠩᠨᠠᠵᠤ ᠬᠡᠭᠡᠷ᠎ᠡ ᠵᠢᠨ ᠶᠠᠭᠤᠮ᠎ᠠ ᠵᠢ ᠲᠡᠭᠦᠵᠦ ᠢᠳᠡᠨ ᠨᠡᠭᠦᠳᠡᠯ ᠮᠠᠶᠢᠭ᠎ᠤᠨ ᠠᠮᠢᠳᠤᠷᠠᠯ᠎ᠠᠴᠠ᠎ᠪᠠᠨ ᠨᠤᠲᠤᠭᠰᠢᠨ ᠰᠠᠭᠤᠷᠢᠰᠢᠬᠤ ᠵᠦᠭ ᠬᠥᠭᠵᠢᠵᠦ ᠬᠤᠪᠢᠷᠠᠭᠰᠠᠨ᠎ᠢ ᠬᠠᠷᠠᠭᠤᠯᠬᠤ ᠵᠢᠨ ᠬᠠᠮᠲᠤ᠂ ᠪᠠᠰᠠ ᠴᠤ᠌ ᠳᠤᠮᠳᠠᠳᠤ ᠤᠯᠤᠰ᠎ᠤᠨ ᠤᠮᠠᠷᠠᠲᠤ ᠣᠷᠣᠨ᠎ᠤ ᠡᠪᠦᠭᠡ ᠳᠡᠭᠡᠳᠦᠰ᠎ᠤᠨ ᠪᠣᠯᠪᠠᠰᠤᠨ ᠵᠦᠭ ᠲᠦᠷᠭᠡᠨ ᠰᠢᠯᠵᠢᠭᠰᠡᠨ ᠡᠬᠢᠯᠡᠯᠲᠡ ᠵᠢᠨ ᠴᠡᠭ ᠪᠣᠯᠬᠤ ᠶᠤᠮ᠃ ᠭᠡᠷ᠎ᠤᠨ ᠪᠠᠭᠤᠷᠢ᠎ᠠᠴᠠ ᠣᠯᠳᠠᠭᠰᠠᠨ ᠴᠤᠬᠢᠵᠤ ᠦᠢ᠍ᠯᠡᠳᠦᠭᠰᠡᠨ ᠴᠢᠯᠠᠭᠤᠨ ᠵᠡᠪᠰᠡᠭ᠂ ᠪᠢᠯᠢᠭᠦᠳᠡᠵᠦ ᠦᠢ᠍ᠯᠡᠳᠦᠭᠰᠡᠨ ᠴᠢᠯᠠᠭᠤᠨ ᠵᠡᠪᠰᠡᠭ᠂ ᠸᠠᠭ᠋ᠠᠷ᠂ ᠶᠠᠰᠤ᠂ ᠡᠪᠡᠷ ᠡᠳ᠋ᠯᠡᠯ ᠵᠢᠴᠢ ᠠᠮᠢᠳᠠᠨ᠎ᠤ ᠠᠷᠤᠭ ᠶᠠᠰᠤ ᠵᠡᠷᠭᠡ ᠦᠯᠡᠳᠡᠭᠳᠡᠯ ᠪᠣᠳᠠᠰ᠎ᠨᠢ ᠮᠠᠨ᠎ᠤ ᠤᠯᠤᠰ᠎ᠤᠨ ᠤᠮᠠᠷᠠᠲᠤ ᠣᠷᠣᠨ᠎ᠤ ᠠᠩᠬᠠᠨ᠎ᠤ ᠨᠢᠭᠡ ᠪᠦᠯᠦᠭ ᠰᠠᠭᠤᠷᠢᠰᠢᠯ ᠢᠷᠭᠡᠳ᠎ᠤᠨ ᠡᠯᠪᠡᠭ ᠪᠠᠶᠠᠯᠢᠭ ᠪᠣᠳᠠᠰ᠎ᠤᠨ ᠰᠣᠶᠣᠯ᠎ᠤᠨ ᠠᠮᠢᠳᠤᠷᠠᠯ᠎ᠢ ᠮᠠᠨ᠎ᠳᠤ ᠳᠡᠯᠭᠡᠨ ᠦᠵᠡᠭᠦᠯᠦᠭᠰᠡᠨ ᠶᠤᠮ᠃

2.png     

      ᠰᠸ᠎ᠲᠠᠢ ᠪᠠᠭᠤᠷᠢ ᠵᠢᠨ ᠪᠦᠯᠦᠭᠯᠡᠭᠰᠡᠨ ᠭᠡᠷ ᠪᠠᠶ᠋ᠢᠰᠢᠩ᠂ ᠳᠤᠮᠳᠠᠳᠤ ᠤᠯᠤᠰ᠎ᠤᠨ ᠤᠮᠠᠷᠠᠲᠤ ᠣᠷᠣᠨ᠎ᠤ ᠬᠠᠮᠤᠭ᠎ᠤᠨ ᠡᠷᠲᠡᠨ᠎ᠤ ᠭᠡᠷ᠎ᠤᠨ ᠪᠠᠭᠤᠷᠢ ᠵᠢᠨ ᠪᠥᠯᠦᠭᠯᠡᠯ᠃
      ᠪᠢᠳᠠ ᠴᠢᠨᠠᠭᠰᠢᠯᠠᠪᠠᠯ ᠡᠢ᠌ᠮᠦᠷᠬᠦᠦ ᠨᠢᠭᠡ ᠦᠵᠡᠭᠳᠡᠯ᠎ᠢ ᠲᠥᠰᠦᠭᠡᠯᠡᠵᠦ ᠪᠣᠳᠣᠪᠠᠯ᠄ ᠵᠦᠰᠡᠷ ᠪᠤᠷᠤᠭ᠋ᠠᠨ ᠦᠷᠭᠦᠯᠵᠢᠯᠡᠭᠰᠡᠨ ᠨᠢᠭᠡ ᠤᠷᠤᠢ᠂ ᠮᠤᠩᠭᠤᠯ᠎ᠤᠨ ᠦᠨᠳᠦᠷᠯᠢᠭ᠎ᠤᠨ ᠡᠮᠦᠨ᠎ᠡ ᠵᠠᠬ᠎ᠠ᠎ᠳᠤ 6 ᠰᠠᠭᠤᠷᠢ ᠬᠠᠭ᠋ᠠᠰ ᠨᠦᠬᠡᠨ ᠭᠡᠷ᠎ᠤᠨ ᠬᠡᠯᠪᠡᠷᠢ᠎ᠲᠠᠢ ᠫᠸᠩ ᠭᠡᠷ ᠪᠠᠢ᠌ᠷᠢᠯᠠᠵᠤ᠂ ᠭᠡᠷ ᠪᠦᠷᠢ᠎ᠠᠴᠠ ᠳᠤᠯᠠᠭ᠋ᠠᠬᠠᠨ ᠭᠠᠯ᠎ᠤᠨ ᠭᠡᠷᠡᠯ ᠳᠤᠸᠠᠯᠠᠨ᠎ᠠ᠃ ᠭᠡᠷ᠎ᠤᠨ ᠡᠵᠡᠭᠲᠡᠶ ᠪᠤᠯᠤᠭᠰᠠᠨ ᠡᠮᠡᠭᠲᠡᠢ᠎ᠨᠢ ᠵᠤᠤᠬᠠᠨ᠎ᠤ᠎ᠪᠠᠨ ᠬᠠᠵᠠᠭᠤ᠎ᠳᠤ ᠡᠷ᠎ᠡ ᠨᠥᠬᠥᠷ᠎ᠤᠨ ᠵᠶ᠋ᠠᠨ ᠠᠪᠴᠢᠷᠠᠭᠰᠠᠨ ᠮᠢᠬ᠎ᠠ ᠵᠢ ᠰᠢᠷᠠᠵᠤ ᠰᠠᠭᠤᠬᠤ ᠵᠢᠨ ᠳᠠᠭ᠋ᠠᠤ᠂ ᠬᠠᠵᠠᠭᠤ ᠲᠠᠯ᠎ᠠ᠎ᠳᠠᠬᠢ ᠰᠠᠭᠤᠯᠠᠭ᠋ᠠᠨ ᠰᠠᠪᠠ᠎ᠳᠤ ᠬᠡᠭᠡᠷ᠎ᠡ ᠵᠢᠨ ᠨᠣᠭᠣᠭ᠋ᠠᠨ᠎ᠤ ᠱᠥᠯᠥ ᠴᠢᠨᠠᠵᠤ ᠪᠠᠢ᠌ᠨ᠎ᠠ; ᠬᠠᠵᠠᠭᠤ᠎ᠳᠤ᠎ᠨᠢ ᠰᠠᠭᠤᠭᠰᠠᠨ ᠡᠷ᠎ᠡ ᠨᠥᠬᠦᠷ᠎ᠨᠢ ᠳᠡᠭᠡᠷ᠎ᠡ ᠤᠳᠠᠭ᠎ᠠ ᠠᠩ᠎ᠳᠤ ᠭᠠᠷᠬᠤ᠎ᠳᠤ ᠬᠤᠭᠤᠷᠠᠵᠤ ᠮᠤᠷᠤᠢ᠌ᠭᠰᠠᠨ ᠵᠢᠳᠠ ᠵᠢᠨ ᠪᠠᠷᠢᠭᠤᠯ ᠵᠶ᠋ᠠᠨ ᠠᠷᠠᠭ᠋ᠠᠨ ᠢᠷ᠎ᠲᠠᠢ ᠬᠤᠰᠤᠭᠤᠷ ᠵᠶ᠋ᠠᠷ ᠵᠠᠰᠠᠵᠤ ᠰᠠᠭᠤᠨ᠎ᠠ; ᠬᠡᠦᠬᠡᠳ᠎ᠤᠳ᠎ᠨᠢ ᠬᠠᠷᠢᠨ ᠨᠠᠰᠤᠲᠠᠢ᠌ᠴᠤᠳ᠎ᠲᠠᠢ᠎ᠪᠠᠨ ᠬᠠᠮᠲᠤ ᠭᠡᠷ᠎ᠤᠨ ᠨᠢᠭᠡ ᠥᠨᠴᠥᠭ᠎ᠲᠤ ᠬᠥᠭᠡᠷᠦᠯᠳᠦᠨ ᠨᠠᠭ᠋ᠠᠳᠴᠤ᠂ ᠬᠠᠵᠠᠭᠤ᠎ᠳᠠᠬᠢ ᠴᠢᠯᠠᠭᠤᠨ ᠫᠢᠯᠠ ᠪᠣᠯᠤᠨ ᠴᠢᠯᠠᠭᠤᠨ ᠰᠢᠳᠠᠮ᠎ᠠᠴᠠ᠎ᠨᠢ ᠪᠠᠰᠠ ᠤᠷᠭᠤᠮᠠᠯ᠎ᠤᠨ ᠴᠠᠷᠳᠠᠭᠤᠯ᠎ᠤᠨ ᠦᠨᠦᠷ ᠬᠠᠩᠬᠤᠯᠵᠤ ᠪᠠᠢ᠌ᠪᠠ᠃

3.png     

      ᠵᠡᠭᠦᠨ ᠲᠠᠯ᠎ᠠ᠎ᠤᠨ ᠵᠢᠷᠤᠭ᠄ ᠠᠷᠠᠭ᠋ᠠᠨ ᠢᠷ᠎ᠲᠠᠢ ᠬᠤᠰᠤᠭᠤᠷ (ᠠᠷᠠᠰᠦ ᠡᠯᠳᠡᠬᠦ᠎ᠳᠤ ᠬᠡᠷᠡᠭᠯᠡᠨ᠎ᠡ)᠃ ᠳᠤᠮᠳᠠ ᠵᠢᠷᠤᠭ᠄ ᠵᠢᠳᠠᠨ ᠬᠡᠯᠪᠡᠷᠢ᠎ᠲᠠᠢ ᠴᠢᠯᠠᠭᠤᠨ ᠪᠠᠭ᠋ᠠᠵᠢ (ᠠᠩ ᠠᠩᠨᠠᠬᠤ᠎ᠳᠤ ᠬᠡᠷᠡᠭᠯᠡᠨ᠎ᠡ)᠃ ᠪᠠᠷᠠᠭᠤᠨ ᠲᠠᠯ᠎ᠠ ᠵᠢᠨ ᠵᠢᠷᠤᠭ᠄ ᠰᠢᠪᠦᠭᠡᠨ ᠬᠡᠯᠪᠡᠷᠢ᠎ᠲᠠᠢ ᠴᠢᠯᠠᠭᠤᠨ ᠪᠠᠭ᠋ᠠᠵᠢ (ᠴᠢᠯᠠᠭᠤᠨ ᠦᠷᠡᠳᠡᠰᠦ ᠤᠯᠬᠤ᠎ᠳᠤ ᠬᠡᠷᠡᠭᠯᠡᠨ᠎ᠡ)᠃

4.jpg     

      ᠰᠠᠭᠤᠯᠠᠭ᠋ᠠᠨ ᠰᠠᠪᠠ ᠵᠢᠨ ᠬᠡᠯᠲᠡᠷᠬᠡᠶ᠃

图片1.png      

      ᠴᠢᠯᠠᠭᠤᠨ ᠰᠢᠳᠠᠮ ᠪᠠ ᠴᠢᠯᠠᠭᠤᠨ ᠫᠢᠯᠠ (ᠤᠷᠭᠤᠮᠠᠯ᠎ᠤᠨ ᠢᠳᠡᠭᠡᠨ᠎ᠢ ᠪᠣᠯᠪᠠᠰᠤᠷᠠᠭᠤᠯᠬᠤ᠎ᠳᠤ ᠬᠡᠷᠡᠭᠯᠡᠨ᠎ᠡ)
      ᠲᠡᠭᠦᠵᠦ ᠴᠤᠭᠯᠠᠭᠤᠯᠬᠤ᠎ᠠᠴᠠ ᠦᠢ᠍ᠯᠡᠳᠪᠦᠷᠢᠯᠡᠯ᠎ᠳᠤ ᠬᠦᠷᠬᠦ — ᠬᠠᠭᠤᠷᠠᠶ ᠲᠠᠷᠢᠶᠠᠯᠠᠩ᠎ᠤᠨ ᠡᠭᠦᠰᠦᠯ ᠭᠠᠷᠤᠯ᠎ᠤᠨ ᠴᠢᠬᠤᠯᠠ ᠪᠣᠳᠠᠲᠤ ᠭᠡᠷᠡᠴᠢ
      ᠲᠠᠷᠢᠶᠠᠯᠠᠩ᠎ᠤᠨ ᠦᠢ᠍ᠯᠡᠳᠪᠦᠷᠢᠯᠡᠯ᠎ᠨᠢ ᠬᠥᠮᠦᠨ ᠲᠥᠷᠥᠯᠬᠢᠲᠡᠨ᠎ᠤ ᠰᠠᠭᠤᠷᠢᠰᠢᠯ᠎ᠳᠤ ᠪᠠᠲᠤᠯᠠᠭ᠎ᠠ ᠬᠠᠩᠭ᠋ᠠᠵᠤ᠂ ᠨᠡᠶ᠋ᠢᠭᠡᠮ᠎ᠤᠨ ᠪᠤᠳᠤᠯᠢᠶᠠᠨᠲᠠᠶ ᠪᠠᠶ᠋ᠢᠳᠠᠯ᠎ᠳᠤ ᠤᠷᠤᠬᠤ᠎ᠳᠤ ᠠᠵᠤ ᠠᠬᠤᠶ ᠵᠢᠨ ᠰᠠᠭᠤᠷᠢ ᠵᠢ᠎ᠨᠢ ᠲᠠᠯᠪᠢᠭᠰᠠᠨ ᠶᠤᠮ᠃ ᠳᠤᠮᠳᠠᠳᠤ ᠤᠯᠤᠰ ᠪᠣᠯ ᠳᠡᠯᠡᠬᠡᠶ ᠵᠢᠨ ᠲᠠᠷᠢᠶᠠᠯᠠᠩ᠎ᠤᠨ ᠡᠭᠦᠰᠦᠯ᠎ᠤᠨ ᠲᠥᠪ᠎ᠤᠨ ᠨᠢᠭᠡ᠎ᠨᠢ ᠪᠠᠶ᠋ᠢᠵᠤ᠂ ᠤᠰᠤᠨ ᠲᠤᠲᠤᠷᠭ᠎ᠠ᠎ᠨᠢ ᠪᠦᠬᠦ ᠯᠠ ᠵᠡᠭᠦᠨ ᠠᠽᠢᠶ᠎ᠠ ᠪᠤᠯᠤᠨ ᠵᠡᠭᠦᠨ ᠡᠮᠦᠨᠡᠲᠦ ᠠᠽᠢᠶ᠎ᠠ ᠵᠢ ᠨᠥᠯᠥᠭᠡᠯᠡᠭᠰᠡᠨ᠎ᠲᠠᠢ ᠠᠳᠠᠯᠢ᠎ᠪᠠᠷ᠂ ᠨᠠᠷᠢᠮᠤ ᠵᠢᠨ ᠲᠥᠷᠥᠯ ᠵᠶ᠋ᠠᠷ ᠲᠥᠯᠥᠭᠡᠯᠡᠭᠦᠯᠦᠭᠰᠡᠨ ᠤᠮᠠᠷᠠᠲᠤ ᠣᠷᠣᠨ᠎ᠤ ᠬᠠᠭᠤᠷᠠᠶ ᠲᠠᠷᠢᠶᠠᠯᠠᠩ᠎ᠨᠢ ᠪᠦᠬᠦ ᠯᠠ ᠠᠽᠢᠶ᠎ᠠ ᠧᠦ᠋ᠷᠣᠫᠠ ᠵᠢᠨ ᠲᠠᠯ᠎ᠠ ᠨᠤᠲᠤᠭ᠎ᠢ ᠨᠥᠯᠦᠭᠡᠯᠡᠵᠡᠢ᠃
      ᠰᠸ᠎ᠲᠠᠢ ᠵᠢᠨ ᠪᠠᠭᠤᠷᠢᠨ᠎ᠳᠤ ᠶᠡᠬᠡ ᠬᠡᠮᠵᠢᠶᠡᠨ᠎ᠤ ᠴᠢᠯᠠᠭᠤᠨ ᠰᠠᠮᠪᠠᠷ᠎ᠠ᠂ ᠴᠢᠯᠠᠭᠤᠨ ᠰᠢᠳᠠᠮ ᠵᠡᠷᠭᠡ ᠪᠤᠳᠠᠭ᠎ᠠ ᠴᠠᠢ᠌ᠯᠭ᠋ᠠᠬᠤ ᠪᠠᠭ᠋ᠠᠵᠢ ᠪᠠ ᠴᠢᠯᠠᠭᠤᠨ ᠬᠤᠰᠤᠭᠤᠷ ᠵᠡᠷᠭᠡ ᠭᠠᠵᠠᠷ ᠬᠠᠭ᠋ᠠᠯᠪᠤᠷᠢᠯᠠᠬᠤ ᠪᠠᠭ᠋ᠠᠵᠢ᠂ ᠨᠡᠭᠦᠷᠡᠰᠦᠲᠥ᠋ᠷᠥᠭᠴᠢᠲᠦ ᠨᠠᠷᠢᠮᠦ ᠪᠠ ᠰᠢᠰᠢ ᠵᠢᠨ ᠢᠯᠡᠷᠡᠭᠦᠯᠦᠯᠲᠡ ᠵᠢᠴᠢ ᠵᠢᠵᠢᠭ ᠦᠯᠡᠳᠡᠭᠳᠡᠯ᠎ᠤᠳ᠎ᠤᠨ ᠵᠠᠳᠠᠯᠤᠯᠲᠠ᠎ᠨᠢ ᠪᠦᠷ ᠨᠠᠷᠢᠮᠤ᠂ ᠰᠢᠰᠢ ᠵᠡᠷᠭᠡ ᠵᠢ ᠭᠠᠷᠰᠢᠭᠤᠯᠤᠭᠰᠠᠨ ᠶᠠᠪᠤᠳᠠᠯ᠎ᠢ ᠲᠣᠳᠣᠷᠬᠠᠶ᠋ᠢᠯᠠᠵᠤ᠂ ᠣᠳᠣ᠎ᠠᠴᠠ 7600 ᠵᠢᠯ᠎ᠤᠨ ᠡᠮᠦᠨ᠎ᠡ᠂ ᠲᠤᠰ ᠭᠠᠵᠠᠷ᠎ᠤᠨ ᠡᠷᠲᠡᠨ᠎ᠤ ᠬᠥᠮᠦᠰ ᠨᠢᠭᠡᠨᠲᠡ ᠲᠠᠷᠢᠶᠠᠯᠠᠩ᠎ᠢ ᠡᠬᠢᠯᠡᠵᠦ ᠭᠠᠷᠰᠢᠭᠤᠯᠵᠤ ᠪᠠᠢ᠌ᠵᠠᠢ᠂ ᠡᠨᠡ᠎ᠨᠢ ᠤᠮᠠᠷᠠᠲᠤ ᠣᠷᠣᠨ᠎ᠤ ᠬᠠᠭᠤᠷᠠᠶ ᠲᠠᠷᠢᠶᠠᠯᠠᠩ᠎ᠤᠨ ᠡᠭᠦᠰᠦᠯ᠎ᠤᠨ ᠪᠣᠳᠠᠲᠤ ᠭᠡᠷᠡᠴᠢ ᠪᠣᠯᠬᠤ ᠶᠤᠮ᠃      ᠡᠭᠦᠨ᠎ᠠᠴᠠ ᠭᠠᠳᠠᠨ᠎ᠠ᠂ ᠬᠥᠭᠵᠢᠯᠲᠡ ᠵᠢᠨ ᠶᠠᠪᠤᠴᠠ᠎ᠠᠴᠠ᠎ᠨᠢ ᠠᠪᠴᠤ ᠦᠵᠡᠪᠡᠯ᠂ ᠰᠸ᠎ᠲᠠᠢ ᠪᠠᠭᠤᠷᠢ ᠵᠢᠨ ᠨᠢᠭᠡᠳᠦᠭᠡᠷ᠂ ᠬᠣᠶᠠᠳᠤᠭ᠋ᠠᠷ ᠪᠦᠯᠦᠭ ᠰᠣᠶᠣᠯ᠎ᠤᠨ ᠦᠯᠡᠳᠡᠭᠳᠡᠯ (ᠣᠲᠣ᠎ᠠᠴᠠ 10400 — 9000 ᠣᠨ᠎ᠤ ᠬᠤᠭᠤᠷᠤᠨᠳᠤ)᠎ᠨᠢ ᠠᠩᠨᠠᠵᠦ ᠲᠡᠭᠦᠬᠦ ᠠᠵᠤ ᠠᠬᠤᠶ ᠪᠠᠢ᠌ᠵᠤ᠂ ᠭᠤᠷᠪᠠᠳᠤᠭ᠋ᠠᠷ᠂ ᠳᠥᠷᠪᠡᠳᠦᠭᠡᠷ ᠪᠦᠯᠦᠭ (ᠣᠲᠣ᠎ᠠᠴᠠ 7700 — 7100 ᠣᠨ᠎ᠤ ᠬᠤᠭᠤᠷᠤᠨᠳᠤ)᠎ᠨᠢ ᠠᠩᠨᠠᠵᠤ ᠲᠡᠭᠦᠬᠦ ᠠᠵᠤ ᠠᠬᠤᠶ ᠵᠢᠨ ᠬᠠᠮᠲᠤ᠂ ᠨᠠᠷᠢᠮᠤ ᠰᠢᠰᠢ ᠠᠰᠢᠭᠯᠠᠭᠰᠠᠨ ᠬᠤᠪᠢ ᠵᠢᠨ ᠵᠢᠩ᠎ᠨᠢ ᠤᠯᠠᠮ᠎ᠠᠴᠠ ᠤᠯᠠᠮ ᠨᠡᠮᠡᠭᠳᠡᠵᠡᠢ᠂ ᠲᠠᠪᠤᠳᠤᠭ᠋ᠠᠷ ᠪᠦᠯᠦᠭ᠎ᠤᠨ ᠰᠣᠶᠣᠯ᠎ᠤᠨ ᠦᠯᠡᠳᠡᠭᠳᠡᠯ (ᠣᠲᠣ᠎ᠠᠴᠠ 6800 — 6400 ᠣᠨ᠎ᠤ ᠬᠤᠭᠤᠷᠤᠨᠳᠤ) ᠳᠤᠲᠤᠷ᠎ᠠ ᠨᠡᠭᠦᠷᠡᠰᠦᠲᠥ᠋ᠷᠥᠭᠴᠢ ᠵᠢᠨ ᠢᠵᠢᠯ ᠪᠠᠢ᠍ᠢ᠍ᠷᠢᠳᠦ ᠡᠯᠧᠮᠧᠨ᠋ᠲ᠎ᠤᠨ ᠢᠯᠡᠷᠡᠭᠦᠯᠦᠭᠰᠡᠨ ᠵᠶ᠋ᠠᠷ C4 ᠲᠥᠷᠥᠯ᠎ᠤᠨ ᠤᠷᠭᠤᠮᠠᠯ ᠦᠨᠡᠨ᠎ᠳᠤ᠎ᠪᠠᠨ (ᠵᠢᠱ᠌ᠢᠶᠡᠯᠡᠪᠡᠯ᠂ ᠨᠠᠷᠢᠮᠤ ᠪᠠ ᠰᠢᠰᠢ) ᠬᠠᠷᠢᠴᠠᠯ ᠵᠶ᠋ᠠᠷ ᠨᠡᠯᠢᠶᠡᠳ ᠥᠨᠳᠥᠷ ᠬᠤᠪᠢ ᠵᠢ ᠡᠵᠡᠯᠡᠵᠦ ᠪᠠᠢ᠌ᠨ᠎ᠠ᠃ ᠡᠳᠡᠭᠡᠷ ᠬᠤᠪᠢᠷᠠᠯᠲᠠ᠎ᠨᠢ ᠰᠸ᠎ᠲᠠᠢ ᠵᠢᠨ ᠡᠪᠦᠭᠡ ᠳᠡᠭᠡᠳᠦᠰ 《ᠴᠦᠯᠪᠡᠭᠦ ᠠᠬᠤᠶ》᠎ᠠᠴᠠ᠎ᠪᠠᠨ 《ᠦᠢ᠍ᠯᠡᠳᠪᠦᠷᠢᠯᠡᠬᠦ ᠠᠵᠤ ᠠᠬᠤᠶ》 ᠤᠷᠤᠭᠤ ᠰᠢᠯᠵᠢᠭᠰᠡᠨ ᠬᠤᠪᠢᠷᠠᠯᠲᠠ ᠵᠢᠨ ᠶᠠᠪᠤᠴᠠ ᠵᠢ ᠪᠦᠷᠢᠨ ᠭᠦᠢ᠍ᠴᠡᠳ ᠢᠯᠡᠷᠡᠭᠦᠯᠵᠦ᠂ ᠳᠤᠮᠳᠠᠳᠤ ᠤᠯᠤᠰ᠎ᠤᠨ ᠤᠮᠠᠷᠠᠲᠤ ᠵᠢᠨ ᠨᠡᠶ᠋ᠢᠭᠡᠮ᠎ᠤᠨ ᠪᠣᠳᠣᠯᠢᠶᠠᠨᠲᠤ ᠪᠠᠢ᠌ᠳᠠᠯ ᠪᠠ ᠳᠤᠮᠳᠠᠳᠤ ᠵᠢᠨ ᠪᠣᠯᠪᠠᠰᠤᠨ᠎ᠤ ᠡᠭᠦᠰᠦᠯ᠎ᠤᠨ ᠵᠠᠭᠪᠤᠷ᠎ᠢ ᠬᠠᠶ᠋ᠢᠨ ᠰᠢᠨᠵᠢᠯᠡᠬᠦ᠎ᠳᠤ ᠠᠮᠢᠳᠤ ᠦᠯᠢᠭᠡᠷ ᠵᠢᠱ᠌ᠢᠶ᠎ᠡ ᠵᠢ ᠬᠠᠩᠭ᠋ᠠᠵᠤ ᠥᠭᠭᠦᠭᠰᠡᠨ ᠪᠠᠢ᠌ᠳᠠᠭ᠃

5.png     

      ᠴᠢᠯᠠᠭᠤᠨ ᠬᠤᠰᠤᠭᠤᠷ᠂ ᠭᠠᠵᠠᠷ ᠬᠠᠭ᠋ᠠᠯᠪᠤᠷᠢᠯᠠᠬᠤ ᠴᠢᠬᠤᠯᠠ ᠲᠠᠷᠢᠶᠠᠯᠠᠩ᠎ᠤᠨ ᠪᠠᠭ᠋ᠠᠵᠢ᠃

6.png     

      ᠨᠡᠭᠦᠷᠡᠰᠦᠲᠥ᠋ᠷᠥᠭᠴᠢᠲᠦ ᠨᠠᠷᠢᠮᠤ᠂ ᠰᠢᠰᠢ ᠵᠢᠨ ᠦᠯᠡᠳᠡᠭᠳᠡᠯ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠮᠤᠭ᠎ᠤᠨ ᠴᠢᠬᠤᠯᠠ ᠪᠣᠳᠠᠰ᠎ᠤᠨ ᠭᠡᠷᠡᠴᠢ᠃

7.png     

      ᠰᠠᠭᠤᠯᠠᠭ᠋ᠠᠨ ᠸᠠᠭ᠋ᠠᠷ ᠰᠠᠪᠠ᠂ ᠢᠳᠡᠭᠡᠨ᠎ᠢ ᠬᠠᠳᠠᠭ᠋ᠠᠯᠠᠬᠤ ᠪᠤᠶᠤ ᠴᠢᠨᠠᠬᠤ ᠪᠤᠯᠭᠤᠬᠤ᠎ᠳᠤ ᠬᠡᠷᠡᠭᠯᠡᠳᠡᠭ ᠸᠠᠭ᠋ᠠᠷ ᠰᠠᠪᠠ᠃
      ᠤᠯᠠᠮᠵᠢᠯᠠᠯ᠎ᠠᠴᠠ ᠠᠭᠤᠰᠤᠯᠴᠠᠯ᠎ᠳᠤ ᠬᠦᠷᠲᠡᠯ᠎ᠡ — ᠳᠤᠮᠳᠠᠳᠤ ᠵᠢᠨ ᠪᠣᠯᠪᠠᠰᠤᠨ᠎ᠤ ᠠᠭᠤᠰᠤᠯᠴᠠᠵᠤ ᠬᠥᠭᠵᠢᠭᠰᠡᠨ ᠭᠡᠷᠡᠴᠢ

      ᠳᠤᠮᠳᠠᠳᠤ ᠵᠢᠨ ᠪᠣᠯᠪᠠᠰᠤᠨ᠎ᠨᠢ ᠳᠡᠯᠡᠬᠡᠶ ᠳᠡᠭᠡᠷᠡᠬᠢ ᠴᠤᠷ᠎ᠤᠨ ᠭᠠᠭᠴᠠ ᠲᠠᠰᠤᠯᠳᠠᠭ᠎ᠠ ᠦᠭᠡᠢ ᠪᠣᠯᠪᠠᠰᠤᠨ ᠪᠣᠯᠣᠭᠰᠠᠨ᠎ᠤ ᠬᠤᠪᠢ᠎ᠳᠤ᠂ ᠲᠡᠷᠡ᠎ᠨᠢ ᠬᠣᠶᠠᠷ ᠲᠤᠶ᠋ᠢᠯ᠎ᠤᠨ ᠴᠢᠬᠤᠯᠠ ᠰᠢᠯᠲᠠᠭ᠋ᠠᠨ᠎ᠲᠠᠢ ᠶᠤᠮ᠄ ᠨᠢᠭᠡ᠎ᠳᠤ ᠤᠯᠠᠮᠵᠢᠯᠠᠯ᠎ᠢ ᠬᠦᠨᠳᠦᠳᠬᠡᠬᠦ ᠪᠠ ᠵᠠᠯᠭ᠋ᠠᠮᠵᠢᠯᠠᠬᠤ; ᠬᠣᠶᠠᠷ᠎ᠲᠤ ᠰᠣᠶᠣᠯ᠎ᠤᠨ ᠲᠤᠰ ᠪᠡᠶ᠎ᠡ᠎ᠳᠤ᠎ᠨᠢ ᠮᠠᠰᠢ ᠶᠡᠬᠡ ᠵᠣᠬᠢᠴᠠᠬᠤ ᠴᠢᠨᠠᠷ ᠪᠠ ᠪᠠᠭᠲᠠᠭ᠋ᠠᠮᠵᠢᠲᠤ ᠴᠢᠨᠠᠷ᠎ᠲᠠᠢ ᠪᠠᠶ᠋ᠢᠳᠠᠭ᠎ᠠᠴᠠ ᠪᠣᠯᠤᠭᠰᠠᠨ ᠶᠤᠮ᠃ ᠡᠮᠦᠨᠡᠬᠢ᠎ᠨᠢ ᠮᠠᠨ᠎ᠤ ᠰᠣᠶᠣᠯ᠎ᠤᠨ ᠤᠳᠤᠮᠰᠢᠯ᠎ᠢ ᠦᠷᠭᠦᠯᠵᠢᠯᠡᠭᠦᠯᠳᠡᠭ ᠲᠠᠯ᠎ᠠ᠎ᠲᠠᠢ; ᠬᠣᠶ᠋ᠢᠨᠠᠬᠢ᠎ᠨᠢ ᠭᠠᠳᠠᠨ᠎ᠠ᠎ᠠᠴᠠ ᠢᠷᠡᠭᠰᠡᠨ ᠰᠣᠶᠣᠯ᠎ᠢ ᠰᠢᠩᠭᠡᠭᠡᠨ ᠠᠪᠬᠤ ᠪᠠ ᠠᠭᠤᠰᠤᠯᠴᠠᠭᠤᠯᠬᠤ ᠵᠢᠨ ᠬᠠᠮᠲᠤ ᠪᠠᠰᠠ ᠲᠡᠭᠦᠨ᠎ᠢ ᠥᠪᠡᠷ᠎ᠤᠨ ᠵᠶ᠋ᠠᠨ ᠰᠣᠶᠣᠯ᠎ᠤᠨ ᠡᠯᠧᠮᠧᠨ᠋ᠲ ᠪᠣᠯᠭ᠋ᠠᠨ ᠬᠤᠪᠢᠷᠠᠭᠤᠯᠵᠤ᠂ ᠡᠭᠦᠨ᠎ᠤ ᠤᠯᠠᠮ᠎ᠠᠴᠠ ᠥᠪᠡᠷ᠎ᠤᠨ ᠵᠶ᠋ᠠᠨ ᠰᠣᠶᠣᠯ᠎ᠤᠨ ᠠᠭᠤᠯᠤᠭᠳᠠᠬᠤᠨ᠎ᠢ ᠳᠠᠰᠤᠷᠠᠯᠳᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠬᠦ ᠲᠠᠯ᠎ᠠ᠎ᠲᠠᠢ᠃ ᠰᠸ᠎ᠲᠠᠢ ᠪᠠᠭᠤᠷᠢ ᠵᠢᠨ ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠨᠢ ᠳᠤᠮᠳᠠᠳᠤ ᠵᠢᠨ ᠪᠣᠯᠪᠠᠰᠤᠨ᠎ᠤ ᠡᠨᠡ ᠬᠣᠶᠠᠷ ᠲᠠᠯ᠎ᠠ ᠵᠢᠨ ᠣᠨᠴᠠᠯᠢᠭ᠎ᠢ ᠭᠦᠢ᠍ᠴᠡᠳ ᠰᠠᠶ᠋ᠢᠬᠠᠨ ᠢᠯᠡᠷᠡᠭᠦᠯᠦᠭᠰᠡᠨ ᠭᠡᠯᠲᠡᠢ᠃
      ᠰᠣᠶᠣᠯ᠎ᠤᠨ ᠤᠳᠤᠮᠰᠢᠯ᠎ᠤᠨ ᠦᠷᠭᠦᠯᠵᠢᠯᠡᠯ᠃ ᠭᠡᠷ᠎ᠤᠨ ᠪᠠᠭᠤᠷᠢ᠎ᠠᠴᠠ ᠢᠯᠡᠷᠡᠭᠦᠯᠦᠭᠰᠡᠨ ᠬᠡᠯᠡᠨ᠎ᠤ ᠬᠡᠯᠪᠡᠷᠢᠲᠦ ᠬᠣᠶᠠᠷ ᠲᠠᠯᠠᠲᠤ ᠪᠠᠭ᠋ᠠᠵᠢ᠂ ᠱᠠᠭ᠋ᠠᠨᠲᠠᠭ ᠬᠡᠯᠪᠡᠷᠢᠲᠦ ᠴᠢᠯᠠᠭᠤᠨ ᠵᠠᠭ᠋ᠠᠳᠠᠰᠤ᠂ ᠱᠣᠪᠣᠭᠣᠷ ᠬᠡᠯᠪᠡᠷᠢᠲᠦ ᠴᠢᠯᠠᠭᠤᠨ ᠵᠠᠭ᠋ᠠᠳᠠᠰᠤ ᠵᠢᠴᠢ ᠶᠡᠬᠡ ᠬᠡᠮᠵᠢᠶᠡᠨ᠎ᠤ ᠨᠠᠷᠢᠨ ᠴᠢᠯᠠᠭᠤᠨ ᠵᠠᠭ᠋ᠠᠳᠠᠰᠤ ᠪᠠ ᠪᠠᠭ᠋ᠠᠵᠢ ᠬᠡᠷᠡᠭᠰᠡᠯ ᠪᠣᠯ᠎ᠨᠢ ᠾᠧ ᠸᠠᠨ᠎ᠤ ᠬᠣᠲᠣᠭᠣᠷ᠎ᠤᠨ ᠲᠦᠮᠡ ᠭᠠᠷᠤᠶ ᠵᠢᠯ᠎ᠤᠨ ᠱᠠᠭ᠋ᠠᠨᠲᠠᠭ ᠬᠡᠯᠪᠡᠷᠢᠲᠦ ᠴᠢᠯᠠᠭᠤᠨ ᠵᠠᠭ᠋ᠠᠳᠠᠰᠤ ᠵᠢ ᠦᠢ᠍ᠯᠡᠳᠬᠦ ᠤᠷ᠎ᠠ ᠮᠡᠷᠭᠡᠵᠢᠯ᠎ᠤᠨ ᠤᠯᠠᠮᠵᠢᠯᠠᠯ᠎ᠢ ᠵᠠᠯᠭ᠋ᠠᠮᠵᠢᠯᠠᠨ ᠬᠥᠭᠵᠢᠭᠦᠯᠵᠦ᠂ ᠰᠣᠶᠣᠯ ᠪᠤᠯᠤᠨ ᠬᠥᠮᠦᠰ᠎ᠤᠨ ᠦᠷᠭᠦᠯᠵᠢᠯᠡᠬᠦᠢ ᠴᠢᠨᠠᠷ᠎ᠢ ᠢᠯᠡᠷᠡᠭᠦᠯᠦᠭᠰᠡᠨ ᠶᠤᠮ᠂ ᠶᠠᠭ ᠡᠶ᠋ᠢᠮᠦᠷᠬᠦᠦ ᠦᠷᠭᠦᠯᠵᠢᠯᠡᠬᠦᠢ ᠴᠢᠨᠠᠷ᠎ᠨᠢ ᠳᠤᠮᠳᠠᠳᠤ ᠤᠯᠤᠰ᠎ᠤᠨ ᠤᠮᠠᠷᠠᠲᠤ ᠤᠷᠤᠨ᠎ᠤ ᠬᠠᠭᠤᠴᠢᠨ ᠴᠢᠯᠠᠭᠤᠨ ᠵᠡᠪᠰᠡᠭ᠎ᠤᠨ ᠦᠶ᠎ᠡ᠎ᠠᠴᠠ ᠰᠢᠨ᠎ᠡ ᠴᠢᠯᠠᠭᠤᠨ ᠵᠡᠪᠰᠡᠭ᠎ᠤᠨ ᠦᠶ᠎ᠡ ᠲᠡᠶ᠋ᠢᠰᠢ ᠰᠢᠯᠵᠢᠬᠦ ᠰᠤᠳᠤᠯᠭ᠋ᠠᠨ᠎ᠳᠤ ᠰᠢᠭᠤᠳ ᠭᠡᠷᠡᠴᠢ ᠪᠠᠷᠢᠮᠲᠠ ᠬᠠᠩᠭ᠋ᠠᠭᠰᠠᠨ ᠠᠵᠢ᠃

8.png     

      ᠴᠢᠯᠠᠭᠤᠨ ᠵᠠᠭ᠋ᠠᠳᠠᠰᠤ ᠪᠣᠯ᠎ᠨᠢ ᠾᠧ ᠸᠠᠨ᠎ᠤ ᠬᠣᠲᠣᠭᠣᠷ᠎ᠤᠨ ᠬᠠᠭᠤᠴᠢᠨ ᠴᠢᠯᠠᠭᠤᠨ ᠵᠡᠪᠰᠡᠭ᠎ᠤᠨ ᠦᠶ᠎ᠡ ᠵᠢᠨ ᠰᠡᠭᠦᠯᠴᠢ ᠵᠢᠨ ᠦᠶ᠎ᠡ ᠵᠢᠨ ᠱᠠᠭ᠋ᠠᠨᠲᠠᠭ ᠬᠡᠯᠪᠡᠷᠢᠲᠦ ᠴᠢᠯᠠᠭᠤᠨ ᠵᠠᠭ᠋ᠠᠳᠠᠰᠤ ᠵᠢᠨ ᠮᠡᠷᠭᠡᠵᠢᠯ᠎ᠤᠨ ᠤᠯᠠᠮᠵᠢᠯᠠᠯ᠎ᠢ ᠵᠠᠯᠭ᠋ᠠᠮᠵᠢᠯᠠᠭᠰᠠᠨ ᠶᠤᠮ᠃
      ᠸᠠᠭ᠋ᠠᠷ ᠰᠠᠪᠠ ᠵᠢᠨ ᠳᠠᠷᠤᠮᠠᠯ ᠬᠡ ᠵᠢᠨ ᠳᠣᠲᠣᠷᠠᠬᠢ 《ᡁᠢ (之)》 ᠦᠰᠦᠭ᠎ᠤᠨ ᠬᠡ᠂ ᠲᠣᠣᠷᠯᠢᠭ ᠬᠡ᠂ ᠳᠠᠷᠦᠮᠠᠯ ᠥᠨᠳᠡᠭᠡᠨ ᠬᠡ ᠵᠡᠷᠭᠡ ᠰᠣᠶᠣᠯ᠎ᠤᠨ ᠡᠯᠧᠮᠧᠨ᠋ᠲ᠎ᠨᠢ ᠨᠡᠯᠢᠶᠡᠳ ᠣᠷᠣᠶ ᠵᠢᠨ ᠪᠠᠷᠠᠭᠤᠨ ᠯᠢᠶᠣᠤ ᠡᠾᠸ ᠭᠣᠣᠯ᠎ᠤᠨ ᠰᠠᠪᠠ ᠭᠠᠵᠠᠷ ᠤᠷᠤᠨ᠎ᠤ ᠰᠢᠩ ᠯᠦᠩ ᠸᠠ ᠵᠢᠨ ᠰᠣᠶᠣᠯ᠂᠎ᠲᠠᠢ ᠬᠠᠩ ᠱᠠᠨ ᠠᠭᠤᠯᠠ ᠵᠢᠨ ᠵᠡᠭᠦᠨ ᠬᠣᠷᠮᠣᠶ ᠵᠢᠨ ᠢ ᠱᠦᠶ ᠭᠣᠣᠯ᠎ᠤᠨ ᠰᠠᠪᠠ ᠭᠠᠵᠠᠷ ᠤᠷᠤᠨ᠎ᠤ ᠪᠸᠢ ᠹᠦ᠋ ᠳ᠋ᠢ ᠵᠢᠨ ᠨᠢᠭᠡᠳᠦᠭᠡᠷ ᠬᠤᠭᠤᠴᠠᠭ᠋ᠠᠨ᠎ᠤ ᠰᠣᠶᠣᠯ᠎ᠳᠤ ᠪᠦᠷ ᠵᠠᠯᠭ᠋ᠠᠮᠵᠢᠯ ᠬᠥᠭᠵᠢᠯ ᠵᠶ᠋ᠠᠨ ᠤᠯᠤᠭᠰᠠᠨ ᠪᠥᠭᠡᠳ ᠪᠦᠷ ᠠᠳᠠᠯᠢᠪᠲᠤᠷ ᠰᠣᠶᠣᠯ᠎ᠤᠨ ᠡᠯᠧᠮᠧᠨ᠋ᠲ᠎ᠲᠠᠢ ᠪᠠᠶ᠋ᠢᠵᠤ᠂ 《ᡁᠢ》 ᠦᠰᠦᠭ᠎ᠤᠨ ᠬᠡ ᠵᠡᠷᠭᠡ ᠬᠡ ᠤᠭ᠋ᠠᠯᠵᠠ ᠵᠢᠨ ᠰᠤᠷᠪᠤᠯᠵᠢ ᠵᠢᠨ ᠨᠢᠭᠡ᠎ᠨᠢ ᠪᠠᠶ᠋ᠢᠵᠤ ᠮᠡᠳᠡᠨ᠎ᠡ᠃ ᠡᠨᠡ ᠬᠦ᠌ ᠢᠯᠡᠷᠡᠭᠦᠯᠦᠯᠲᠡ᠎ᠨᠢ ᠮᠠᠨ᠎ᠤ ᠤᠯᠤᠰ᠎ᠤᠨ ᠤᠮᠠᠷᠠᠲᠤ ᠣᠷᠣᠨ᠎ᠤ ᠬᠠᠭᠤᠴᠢ ᠰᠤᠳᠤᠯᠤᠯ᠎ᠤᠨ ᠰᠣᠶᠣᠯ᠎ᠤᠨ ᠲᠤᠬᠠᠶ ᠥᠩᠭᠡᠷᠡᠭᠰᠡᠨ᠎ᠤ ᠲᠠᠨᠢᠯᠲᠠ ᠵᠢ ᠥᠭᠡᠷᠡᠲᠡᠭᠦᠯᠵᠦ᠂ ᠶᠠᠨᠱ᠌ᠠᠨ᠎ᠤ ᠡᠮᠦᠨ᠎ᠡ ᠤᠮᠠᠷ᠎ᠠ ᠪᠠ ᠪᠠᠷᠠᠭᠤᠨ ᠯᠢᠶᠣᠤ ᠡᠾᠸ ᠭᠣᠣᠯ᠎ᠤᠨ ᠰᠠᠪᠠ ᠭᠠᠵᠠᠷ ᠤᠷᠤᠨ᠎ᠳᠤ ᠬᠠᠮᠲᠤ ᠵᠢᠨ ᠰᠣᠶᠣᠯ᠎ᠤᠨ ᠡᠬᠢ ᠰᠤᠷᠪᠤᠯᠵᠢ ᠵᠢ ᠡᠷᠢᠨ ᠣᠯᠵᠤ᠂ ᠬᠣᠶᠠᠷ ᠶᠡᠬᠡ ᠭᠠᠵᠠᠷ ᠣᠷᠣᠨ᠎ᠢ ᠨᠡᠩ ᠨᠢᠭᠲᠠ ᠬᠤᠯᠪᠤᠭ᠋ᠠᠳ᠂ ᠨᠢᠭᠡᠨ ᠶᠡᠬᠡ ᠬᠠᠭᠤᠴᠢ ᠰᠤᠳᠤᠯᠤᠯ᠎ᠤᠨ ᠰᠣᠶᠣᠯ᠎ᠤᠨ ᠣᠷᠣᠨ— ᠶᠠᠨ ᠯᠢᠶᠣᠤ ᠵᠢᠨ ᠰᠣᠶᠣᠯ᠎ᠤᠨ ᠣᠷᠣᠨ᠎ᠢ ᠪᠦᠷᠢᠯᠳᠦᠭᠦᠯᠵᠡᠶ᠃ ᠡᠨᠡ᠎ᠨᠢ ᠳᠤᠮᠳᠠᠳᠤ ᠤᠯᠤᠰ᠎ᠤᠨ ᠤᠮᠠᠷᠠᠲᠤ ᠵᠢᠨ ᠲᠡᠦᠬᠡ ᠵᠢᠨ ᠡᠮᠦᠨᠡᠬᠢ ᠰᠣᠶᠣᠯ᠎ᠤᠨ ᠳᠠᠰᠤᠷᠠᠯᠳᠠ ᠦᠬᠡᠢ ᠬᠥᠭᠵᠢᠯ᠂ ᠵᠠᠳᠠᠷᠠᠯ᠂ ᠤᠯᠠᠮᠵᠢᠯᠠᠯ᠎ᠢ ᠨᠡᠩ ᠪᠦᠬᠦ ᠲᠠᠯ᠎ᠠ᠎ᠪᠠᠷ ᠭᠦᠨᠵᠡᠭᠡᠢ ᠣᠶ᠋ᠢᠯᠠᠭ᠋ᠠᠬᠤ᠎ᠳᠤ ᠵᠠᠩᠭᠢᠯᠠᠭ᠎ᠠ ᠵᠢᠨ ᠲᠤᠯᠭ᠋ᠠᠭᠤᠷᠢᠯᠠᠯ᠎ᠢ ᠬᠠᠩᠭ᠋ᠠᠭᠰᠠᠨ ᠪᠥᠭᠡᠳ ᠳᠤᠮᠳᠠᠳᠤ ᠵᠢᠨ ᠪᠣᠯᠪᠠᠰᠤᠨ᠎ᠤ ᠠᠬᠢᠴᠠ ᠵᠢ ᠰᠤᠳᠤᠯᠬᠤ᠎ᠳᠤ ᠲᠡᠦᠬᠡ ᠵᠢᠨ ᠰᠢᠨ᠎ᠡ ᠵᠢᠷᠤᠭ᠎ᠢ ᠳᠦᠷᠰᠦᠯᠡᠨ ᠭᠠᠷᠭ᠋ᠠᠪᠠ᠃

9.png     

      ᠳᠠᠷᠤᠮᠠᠯ ᠥᠨᠳᠡᠭᠡᠨ ᠬᠡ ᠪᠠ 《ᡁᠢ》 ᠦᠰᠦᠭ᠎ᠤᠨ ᠬᠡ᠎ᠲᠠᠢ ᠸᠠᠭ᠋ᠠᠷᠦᠨ ᠢᠯᠲᠠᠰᠤ ᠵᠢᠨ ᠥᠷᠭᠡᠨ ᠲᠠᠷᠬᠠᠯᠲᠠ᠎ᠨᠢ ᠰᠣᠶᠣᠯ᠎ᠤᠨ ᠡᠯᠧᠮᠧᠨ᠋ᠲ᠎ᠤᠨ ᠲᠠᠷᠬᠠᠯᠲᠠ ᠵᠢ ᠬᠠᠷᠠᠭᠤᠯᠵᠤ ᠪᠠᠶ᠋ᠢᠨ᠎ᠠ᠃
      ᠰᠢᠨ᠎ᠡ ᠵᠢ ᠡᠭᠦᠳᠬᠦ ᠪᠠ ᠣᠯᠠᠨ ᠡᠰᠢᠲᠦ ᠰᠣᠶᠣᠯ᠎ᠤᠨ ᠬᠠᠷᠢᠯᠴᠠᠨ ᠦᠢ᠍ᠯᠡᠳᠦᠯᠴᠡᠯ᠃ ᠰᠸ᠎ᠲᠠᠢ ᠪᠠᠭᠤᠷᠢ ᠵᠢᠨ ᠨᠢᠭᠡᠳᠦᠭᠡᠷ᠂ ᠬᠣᠶᠠᠳᠤᠭ᠋ᠠᠷ ᠪᠦᠯᠦᠭ᠎ᠤᠨ ᠦᠯᠡᠳᠡᠭᠳᠡᠯ (ᠣᠳᠣ᠎ᠠᠴᠠ 10400 — 9000 ᠤᠨ᠎ᠤ ᠬᠤᠭᠤᠷᠤᠨᠳᠤ)᠎ᠨᠢ ᠳᠠᠷᠤᠮᠠᠯ ᠬᠡ᠎ᠲᠠᠢ ᠰᠠᠭᠤᠯᠭ᠋ᠠᠨ ᠸᠠᠭ᠋ᠠᠷ ᠰᠠᠪᠠ᠂ ᠸᠠᠭ᠋ᠠᠷ ᠬᠠᠪᠲᠠᠰᠤ᠂ ᠴᠢᠯᠠᠭᠤᠨ ᠵᠠᠭ᠋ᠠᠳᠠᠰᠤ᠂ ᠦᠷᠡᠮᠳᠡᠭᠦᠷ ᠵᠡᠷᠭᠡ ᠨᠡᠢ᠌ᠲᠡᠯᠢᠭ ᠪᠠᠭ᠋ᠠᠵᠢ ᠬᠡᠷᠡᠭᠰᠡᠯ ᠬᠢᠭᠡᠳ ᠬᠠᠭ᠋ᠠᠰ ᠨᠦᠬᠡᠨ ᠭᠡᠷ᠎ᠤᠨ ᠬᠡᠯᠪᠡᠷᠢ᠎ᠲᠠᠢ ᠭᠡᠷ ᠪᠠᠶ᠋ᠢᠰᠢᠩ ᠵᠶ᠋ᠠᠷ ᠲᠥᠯᠥᠭᠡᠯᠡᠭᠴᠢ ᠪᠣᠯᠭ᠋ᠠᠵᠤ᠂ ᠰᠣᠶᠣᠯ᠎ᠤᠨ ᠣᠨᠴᠠᠯᠢᠭ᠎ᠨᠢ ᠢᠯᠡ ᠲᠣᠳᠣ᠂ ᠬᠠᠭᠤᠴᠢ ᠰᠤᠳᠤᠯᠤᠭᠴᠢᠳ᠎ᠠᠴᠠ ᠡᠭᠦᠨ᠎ᠢ ᠨᠢᠭᠡ ᠵᠦᠢ᠍ᠯ᠎ᠤᠨ ᠰᠢᠨ᠎ᠡ ᠬᠠᠭᠤᠴᠢ ᠰᠤᠳᠤᠯᠤᠯ᠎ᠤᠨ

ᠰᠣᠶᠣᠯ — 《ᠰᠸ᠎ᠲᠠᠢ ᠰᠣᠶᠣᠯ》 ᠬᠡᠮᠡᠨ ᠨᠡᠷᠡᠯᠡᠵᠡᠢ᠃ ᠡᠲᠡᠭᠡᠷ ᠪᠠᠭ᠋ᠠᠵᠢ ᠬᠡᠷᠡᠭᠰᠡᠯ᠎ᠤᠳ᠎ᠤᠨ ᠪᠤᠢ ᠪᠣᠯᠤᠭᠰᠠᠨ᠎ᠨᠢ ᠰᠸ᠎ᠲᠠᠢ ᠵᠢᠨ ᠡᠪᠦᠭᠡ ᠳᠡᠭᠡᠳᠦᠰ ᠤᠮᠠᠷᠠᠲᠤ ᠵᠢᠨ ᠲᠠᠯ᠎ᠠ ᠨᠤᠲᠤᠭ ᠪᠣᠯᠤᠨ ᠬᠤᠸᠠᠪᠸᠢ ᠵᠢᠨ ᠲᠠᠯ᠎ᠠ ᠭᠠᠵᠠᠷ᠎ᠤᠨ ᠠᠭᠤᠯᠵᠠᠷ᠎ᠤᠨ ᠪᠠᠶ᠋ᠢᠭ᠋ᠠᠯᠢ ᠵᠢᠨ ᠣᠷᠴᠢᠨ ᠲᠣᠭᠣᠷᠢᠨ᠎ᠳᠤ ᠵᠤᠬᠢᠴᠠᠬᠤ ᠵᠢᠨ ᠲᠥᠯᠥᠭᠡ᠂ ᠤᠯᠠᠮᠵᠢᠯᠠᠨ ᠵᠠᠯᠭ᠋ᠠᠮᠵᠢᠯᠠᠵᠤ ᠰᠢᠩᠭᠡᠭᠡᠨ ᠠᠪᠤᠭᠰᠠᠨ᠎ᠤ ᠰᠠᠭᠤᠷᠢᠨ ᠳᠡᠭᠡᠷ᠎ᠡ ᠬᠢᠭᠰᠡᠨ ᠡᠷᠡᠯᠬᠡᠭ ᠪᠠᠭ᠋ᠠᠲᠤᠷᠯᠢᠭ ᠬᠠᠶ᠋ᠢᠨ ᠰᠥᠪᠡᠭᠴᠢᠯᠡᠯᠲᠡ ᠪᠣᠯᠤᠨ᠎ᠠ᠃
      ᠤᠯᠠᠨ ᠣᠷᠣᠨ᠎ᠳᠤ ᠬᠠᠷᠢᠯᠴᠠᠨ ᠬᠠᠷᠠᠭᠳᠠᠬᠤ ᠰᠣᠶᠣᠯ᠎ᠤᠨ ᠡᠯᠧᠮᠧᠨ᠋ᠲ᠎ᠨᠢ ᠪᠢᠳᠡᠨ᠎ᠳᠤ ᠳᠤᠮᠳᠠᠳᠤ ᠤᠯᠤᠰ᠎ᠤᠨ ᠤᠮᠠᠷᠠᠲᠤ ᠵᠢᠨ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠡᠬᠢᠨ᠎ᠤ ᠪᠠ ᠳᠤᠮᠳᠠᠳᠤ ᠬᠤᠭᠤᠴᠠᠭ᠋ᠠᠨ᠎ᠤ ᠨᠠᠷᠢᠨ ᠪᠤᠳᠤᠯᠢᠶᠠᠨᠲᠠᠢ ᠰᠣᠶᠣᠯ᠎ᠤᠨ ᠬᠠᠷᠢᠯᠴᠠᠨ ᠦᠢ᠍ᠯᠡᠳᠦᠯᠴᠡᠬᠦ ᠰᠦᠯᠵᠢᠶ᠎ᠡ ᠵᠢ ᠵᠢᠷᠤᠭᠯᠠᠵᠤ ᠥᠭᠴᠡᠢ᠃ ᠭᠤᠷᠪᠠᠳᠤᠭ᠋ᠠᠷ ᠪᠦᠯᠦᠭ᠎ᠤᠨ ᠦᠯᠡᠳᠡᠭᠳᠡᠯ (ᠣᠲᠣ᠎ᠠᠴᠠ 7700 — 7400 ᠤᠨ᠎ᠤ ᠬᠤᠭᠤᠷᠤᠨᠳᠤ)᠎ᠤᠨ ᠪᠠᠭᠤᠷᠢ ᠵᠢᠨ ᠬᠡᠯᠪᠡᠷᠢ ᠪᠦᠲᠦᠴᠡ᠂ ᠪᠠᠭ᠋ᠠᠨ᠎ᠠ ᠵᠢᠨ ᠰᠠᠭᠤᠷᠢ ᠨᠦᠬᠡᠨ᠎ᠤ ᠵᠢᠭᠰᠠᠭ᠋ᠠᠯᠲᠠ᠂ ᠭᠦᠢ᠍ᠬᠡᠨ ᠵᠤᠤᠬ᠎ᠠ ᠵᠡᠷᠭᠡ ᠣᠨᠴᠠᠯᠢᠭ᠎ᠨᠢ ᠠᠤᠬᠠᠨ ᠬᠣᠰᠢᠭᠤᠨ᠎ᠤ ᠰᠢᠩ ᠯᠦᠩ ᠸᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠬᠡᠷ᠎ᠤᠨ ᠪᠠᠭᠤᠷᠢ᠎ᠲᠠᠢ ᠠᠳᠠᠯᠢᠪᠲᠤᠷ ᠪᠠᠶ᠋ᠢᠵᠤ᠂ ᠰᠢᠷᠭᠤᠯᠵᠢᠨ ᠬᠡᠯᠪᠡᠷᠢᠲᠦ ᠴᠢᠯᠠᠭᠤᠨ ᠬᠤᠰᠤᠭᠤᠷ᠎ᠨᠢ ᠪᠠᠶᠠᠨᠴᠠᠭ᠋ᠠᠨ ᠰᠤᠶᠤᠯ᠎ᠤᠨ ᠬᠣᠶᠠᠳᠤᠭ᠋ᠠᠷ ᠬᠤᠭᠤᠴᠠᠭ᠋ᠠᠨ᠎ᠤ B ᠲᠥᠷᠥᠯ᠎ᠤᠨ ᠴᠢᠯᠠᠭᠤᠨ ᠬᠤᠰᠤᠭᠤᠷ᠎ᠠᠴᠠ ᠳᠠᠪᠰᠢᠩᠭᠤᠶ ᠲᠠᠯ᠎ᠠ᠎ᠲᠠᠢ ᠪᠠᠢ᠌ᠵᠤ᠂ ᠨᠦᠬᠡᠯᠡᠭᠰᠡᠨ ᠴᠢᠯᠠᠭᠤᠨ ᠬᠤᠰᠤᠭᠤᠷ᠎ᠢ ᠹᠦᠰᠢᠨ᠎ᠤ ᠴᠠ ᠬᠠᠢ ᠵᠢᠨ ᠰᠢᠩ ᠯᠦᠩ ᠸᠠ ᠰᠣᠶᠣᠯ᠎ᠤᠨ ᠦᠯᠡᠳᠡᠭᠳᠡᠯ᠎ᠠᠴᠠ ᠢᠯᠡᠷᠡᠭᠦᠯᠵᠡᠢ᠃ ᠵᠢᠵᠢᠭ ᠲᠡᠭᠰᠢ ᠢᠷᠤᠭ᠋ᠠᠷ᠎ᠲᠠᠢ ᠰᠠᠭᠤᠯᠭ᠋ᠠᠨ ᠸᠠᠭ᠋ᠠᠷ ᠰᠠᠪᠠ ᠵᠢᠨ ᠬᠢᠬᠦ ᠠᠷᠭ᠎ᠠ ᠪᠠ ᠬᠡᠯᠪᠡᠷᠢ ᠪᠦᠲᠦᠴᠡ᠎ᠨᠢ ᠺᠠᠩ ᠪᠦᠦ ᠵᠢᠨ ᠰᠢᠩ ᠯᠦᠩ᠎ᠤᠨ ᠬᠣᠶᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠦᠯᠡᠳᠡᠭᠳᠡᠯ ᠪᠣᠯᠬᠤ ᠵᠢᠵᠢᠭ ᠲᠡᠭᠰᠢ ᠢᠷᠤᠭ᠋ᠠᠷ᠎ᠲᠠᠢ ᠰᠠᠭᠤᠯᠠᠭ᠋ᠠᠨ ᠸᠠᠭ᠋ᠠᠷ ᠰᠠᠪᠠ᠎ᠲᠠᠢ ᠮᠠᠰᠢ ᠣᠶ᠋ᠢᠷᠠᠯᠴᠠᠭ᠎ᠠ ᠪᠠᠶ᠋ᠢᠵᠤ᠂ ᠪᠦᠷ ᠪᠥᠭᠡᠷᠡᠩᠭᠬᠡᠢ ᠲᠤᠲᠤᠷ ᠢᠷᠤᠭ᠋ᠠᠷ᠎ᠲᠠᠢ ᠪᠠᠶ᠋ᠢᠵᠤ᠂ ᠢᠷᠣᠭ᠋ᠠᠷ᠎ᠤᠨ ᠭᠠᠳᠠᠷ ᠬᠡᠰᠡᠭ᠎ᠢ ᠰᠢᠪᠠᠷ ᠵᠶ᠋ᠠᠷ ᠪᠦᠷᠢᠵᠦ ᠲᠠᠭᠯᠠᠭ᠋ᠠᠳ ᠵᠢᠵᠢᠭ ᠲᠡᠭᠰᠢ ᠢᠷᠣᠭ᠋ᠠᠷ᠎ᠲᠠᠢ ᠪᠣᠯᠭ᠋ᠠᠭᠰᠠᠨ᠎ᠨᠢ ᠰᠢᠩ ᠯᠦᠩ᠎ᠤᠨ ᠬᠣᠶᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠡᠯᠧᠮᠧᠨ᠋ᠲ᠎ᠤᠨ ᠨᠥᠯᠥᠭᠡ ᠵᠢ ᠬᠦᠷᠲᠡᠭᠰᠡᠨ᠎ᠠᠴᠠ ᠪᠣᠯᠤᠭᠰᠠᠨ ᠶᠤᠮ᠃
      ᠡᠭᠦᠨ᠎ᠠᠴᠠ ᠭᠠᠳᠠᠨ᠎ᠠ᠂ ᠲᠠᠪᠤᠳᠤᠭ᠋ᠠᠷ ᠪᠦᠯᠦᠭ᠎ᠤᠨ ᠦᠯᠡᠳᠡᠭᠳᠡᠯ (ᠣᠲᠣ᠎ᠠᠴᠠ 6800 — — 6400 ᠣᠨ᠎ᠤ ᠬᠣᠭᠣᠷᠣᠨᠳᠣ)᠎ᠠᠴᠠ ᠣᠯᠳᠠᠭᠰᠠᠨ ᠤᠯᠤᠰ᠎ᠤᠨ ᠲᠣᠳᠣᠭ᠋ᠠᠳᠤ᠎ᠳᠤ ᠨᠢᠭᠡᠨᠲᠡ ᠮᠡᠳᠡᠭᠳᠡᠭᠰᠡᠨ ᠴᠣᠷ᠎ᠤᠨ ᠭᠠᠭᠴᠠ ᠱᠤᠪᠤᠭᠤᠷ ᠪᠥᠭᠡᠷᠡᠩᠭᠬᠡᠢ ᠰᠠᠭᠤᠷᠢ᠎ᠲᠠᠢ ᠸᠠᠭ᠋ᠠᠷ ᠰᠠᠪᠠ᠎ᠨᠢ ᠣᠷᠣᠰ᠎ᠤᠨ ᠪᠠᠶ᠋ᠢᠭ᠋ᠠᠯ ᠨᠠᠭᠤᠷ᠎ᠤᠨ ᠺᠠᠯᠢᠩᠭ᠎ᠠ ᠭᠣᠤᠯ᠎ᠤᠨ ᠠᠮᠠ᠂ ᠶᠤᠨᠢᠰᠸᠢ ᠵᠢᠨ ᠰᠠᠪᠠ ᠭᠠᠵᠠᠷ᠎ᠤᠨ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠪᠠᠭᠤᠷᠢ᠎ᠠᠴᠠ ᠣᠯᠳᠠᠭᠰᠠᠨ ᠲᠣᠮᠣ ᠠᠮᠠᠰᠠᠷᠲᠤ ᠪᠥᠭᠡᠷᠡᠩᠬᠡᠢ ᠰᠠᠭᠤᠷᠢ᠎ᠲᠠᠢ ᠸᠠᠭ᠋ᠠᠷ ᠰᠠᠪᠠ ᠵᠢᠨ ᠬᠢᠴᠡ᠂ ᠬᠡ ᠤᠭ᠋ᠠᠯᠵᠠ᠂ ᠬᠢᠬᠦ ᠠᠷᠭ᠎ᠠ ᠮᠠᠶᠢᠭ᠎ᠲᠠᠢ ᠮᠠᠰᠢ ᠠᠳᠠᠯᠢᠪᠲᠤᠷ ᠪᠠᠢ᠌ᠵᠤ᠂ ᠰᠸ᠎ᠲᠠᠢ ᠵᠢᠨ ᠡᠪᠦᠭᠡ ᠳᠡᠭᠡᠳᠦᠰ ᠪᠤᠯᠤᠨ ᠣᠷᠣᠰ᠎ᠤᠨ ᠪᠠᠢ᠌ᠭ᠋ᠠᠯ ᠨᠠᠭᠤᠷ ᠳᠠᠭ᠋ᠠᠤ ᠤᠷᠤᠨ᠎ᠤ ᠰᠤᠶᠤᠯ᠎ᠤᠨ ᠰᠤᠯᠢᠯᠴᠠᠭ᠎ᠠ ᠪᠠ ᠲᠡᠳᠡᠨ᠎ᠤ ᠬᠤᠭᠤᠷᠤᠨᠳᠤᠬᠢ ᠶᠠᠪᠤᠯᠴᠠᠭ᠎ᠠ ᠵᠢ ᠳᠤᠰᠬᠠᠭᠰᠠᠨ ᠪᠠᠢ᠌ᠳᠠᠭ᠃

10.png     

      ᠰᠸ᠎ᠲᠠᠢ ᠪᠠᠭᠤᠷᠢ ᠵᠢᠨ ᠰᠣᠶᠣᠯ᠎ᠤᠨ ᠦᠢ᠍ᠯᠡᠳᠦᠯᠴᠡᠯ᠎ᠤᠨ ᠲᠠᠶ᠋ᠢᠯᠪᠤᠷᠢ ᠵᠢᠷᠤᠭ᠃
      ᠰᠸ᠎ᠲᠠᠢ ᠵᠢᠨ ᠪᠠᠭᠤᠷᠢ᠎ᠳᠤ ᠲᠦᠮᠡᠨ ᠵᠢᠯ᠎ᠤᠨ ᠡᠮᠦᠨ᠎ᠡ ᠡᠭᠦᠰᠦᠭᠰᠡᠨ ᠦᠯᠢᠭᠡᠷ ᠪᠣᠯ ᠳᠤᠮᠳᠠᠳᠤ ᠵᠢᠨ ᠪᠣᠯᠪᠠᠰᠤᠨ᠎ᠤ ᠬᠥᠭᠵᠢᠯᠲᠡ ᠵᠢᠨ ᠶᠠᠪᠤᠴᠠ᠎ᠳᠠᠬᠢ ᠨᠢᠭᠡ ᠬᠡᠰᠡᠭ᠎ᠨᠢ ᠪᠣᠯᠤᠨ᠎ᠠ᠂ ᠭᠡᠪᠡᠴᠦ ᠲᠡᠷᠡ᠎ᠨᠢ ᠥᠨᠥ ᠬᠦᠷᠲᠡᠯ᠎ᠠ ᠳᠤᠮᠳᠠᠳᠤᠴᠤᠳ᠎ᠢ ᠨᠥᠯᠦᠭᠡᠯᠡᠭᠰᠡᠨ ᠪᠣᠯᠪᠠᠰᠤᠨ᠎ᠤ ᠦᠨᠳᠦᠰᠦᠨ ᠴᠢᠨᠠᠷ — ᠤᠳᠤᠮᠰᠢᠯ᠎ᠢ ᠬᠦᠨᠳᠦᠳᠬᠡᠬᠦ᠂ ᠰᠢᠨ᠎ᠡ ᠵᠢ ᠡᠭᠦᠳᠬᠦ᠂ ᠵᠣᠬᠢᠴᠠᠬᠤ ᠪᠠ ᠪᠠᠭᠲᠠᠭ᠋ᠠᠬᠤ ᠵᠢ ᠮᠠᠰᠢ ᠰᠠᠢ᠍ᠢ᠍ᠨ ᠢᠯᠡᠷᠡᠭᠦᠯᠦᠭᠰᠡᠨ ᠶᠤᠮ᠃
      ᠵᠣᠬᠢᠶᠠᠭᠴᠢ ᠵᠢᠨ ᠲᠣᠪᠴᠢ ᠲᠠᠨᠢᠯᠴᠠᠭᠤᠯᠭ᠎ᠠ᠄

11.png     

      ᠵᠠᠩ ᠸᠧᠨ ᠷᠦᠢ᠂ ᠥᠨᠥ ᠵᠢᠨ ᠡᠾᠸᠪᠸᠢ ᠮᠤᠵᠢ ᠵᠢᠨ ᠲᠡᠦᠬᠡ ᠵᠢᠨ ᠳᠤᠷᠠᠰᠬᠠᠯᠲᠤ ᠵᠦᠢ᠍ᠯ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠡᠭᠦᠷ᠎ᠤᠨ ᠱᠦᠵᠢ᠂ ᠬᠦᠷᠢᠶᠡᠯᠡᠩ᠎ᠤᠨ ᠳᠠᠷᠤᠭ᠎ᠠ᠂ ᠰᠤᠳᠤᠯᠭ᠋ᠠᠨ᠎ᠤ ᠰᠠᠩᠴᠢ᠂ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠨᠡᠶ᠋ᠢᠭᠡᠮᠯᠢᠭ᠎ᠤᠨ ᠬᠡᠷᠡᠭ ᠡᠷᠬᠢᠯᠡᠭᠴᠢ᠂ ᠡᠾᠸᠪᠸᠢ ᠮᠤᠵᠢ ᠵᠢᠨ ᠬᠠᠭᠤᠴᠢ ᠰᠤᠳᠤᠯᠤᠯ᠎ᠤᠨ ᠨᠡᠢ᠍ᠭᠡᠮᠯᠢᠭ᠎ᠤᠨ ᠳᠠᠷᠤᠭ᠎ᠠ ᠵᠡᠷᠭᠡ ᠲᠤᠰᠢᠶᠠᠯ᠎ᠢ ᠬᠠᠷᠢᠭᠤᠴᠠᠵᠤ ᠪᠤᠢ᠃ ᠯᠤᠸᠠᠨ ᠰᠢᠶᠠᠨ᠎ᠤ ᠾᠧᠦ ᠴᠢᠶᠠᠨ ᠢ ᠵᠢᠨ ᠪᠠᠭᠤᠷᠢ ᠵᠢᠨ ᠬᠠᠭᠤᠴᠢ ᠰᠤᠳᠤᠯᠤᠯ᠎ᠤᠨ ᠮᠠᠯᠲᠠᠯᠲᠠ ᠵᠢᠨ ᠠᠵᠢᠯ᠎ᠢ ᠡᠷᠬᠢᠯᠡᠨ ᠶᠠᠪᠤᠭᠤᠯᠵᠤ᠂ 《ᠲᠠᠩᠱ᠌ᠠᠨ᠎ᠤ ᠾᠧᠦ ᠴᠢᠶᠠᠨ ᠢ ᠵᠢᠨ ᠪᠠᠭᠤᠷᠢ ᠵᠢᠨ ᠬᠠᠭᠤᠴᠢ ᠰᠤᠳᠤᠯᠤᠯ᠎ᠤᠨ ᠠᠭᠤᠳᠠᠯᠤᠯᠲᠠ ᠵᠢᠨ ᠠᠵᠢᠯ᠎ᠤᠨ ᠮᠡᠳᠡᠭᠦᠯᠦᠯᠲᠡ ᠵᠢᠴᠢ ᠡᠾᠸᠪᠸᠢ ᠵᠢᠨ ᠵᠡᠭᠦᠨ ᠬᠡᠰᠡᠭ᠎ᠤᠨ ᠭᠠᠵᠠᠷ ᠣᠷᠣᠨ᠎ᠤ ᠬᠠᠭᠤᠴᠢ ᠰᠤᠳᠤᠯᠤᠯ᠎ᠤᠨ ᠰᠣᠶᠣᠯ᠎ᠤᠨ ᠰᠤᠳᠤᠯᠤᠯ》 (ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠡᠾᠸᠪᠸᠢ ᠮᠤᠵᠢ ᠵᠢᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ᠎ᠤᠨ ᠬᠣᠶᠠᠳᠤᠭ᠋ᠠᠷ ᠳᠡᠰ᠎ᠤᠨ ᠱᠠᠩᠨᠠᠯ)᠂ 《ᠱ᠌ᠢ ᠵᠢᠶᠠ ᠵᠤᠸᠠᠩ᠎ᠤᠨ ᠯᠦ᠍ ᠴᠢᠤᠸᠠᠨ᠂ ᠶᠤᠸᠠᠨ ᠣᠪᠣᠭᠲᠤ ᠵᠢᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠬᠠᠭᠤᠴᠢ ᠰᠤᠳᠤᠯᠤᠯ᠎ᠤᠨ ᠮᠠᠯᠲᠠᠯᠲᠠ ᠵᠢᠨ ᠮᠡᠳᠡᠭᠦᠯᠦᠯᠲᠡ》 ᠵᠡᠷᠭᠡ ᠡᠷᠳᠡᠮ ᠰᠢᠨᠵᠢᠯᠡᠭᠡᠨ᠎ᠤ ᠵᠣᠬᠢᠶᠠᠯ᠎ᠢ ᠲᠤᠭᠤᠷᠪᠢᠨ ᠪᠢᠴᠢᠵᠡᠶ᠃ 《ᠡᠾᠸᠪᠸᠢ ᠮᠤᠵᠢ ᠵᠢᠨ ᠭᠤᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠨᠡᠶ᠋ᠢᠳᠡᠮ᠎ᠤᠨ ᠪᠠᠶ᠋ᠢᠴᠠᠭ᠋ᠠᠯᠲᠠ》 (ᠪᠠᠯᠠᠷ ᠡᠷᠲᠡᠨ᠎ᠤ ᠬᠡᠰᠡᠭ) ᠵᠢᠨ ᠭᠦᠢ᠍ᠴᠡᠳᠬᠡᠬᠦ ᠭᠣᠤᠯ ᠨᠠᠶ᠋ᠢᠷᠠᠭᠤᠯᠤᠭᠴᠢ ᠵᠢᠨ ᠲᠤᠰᠢᠶᠠᠯ᠎ᠢ ᠬᠠᠷᠢᠭᠤᠴᠠᠵᠤ ᠪᠤᠢ᠃



            ᠣᠷᠴᠢᠭᠤᠯᠤᠭᠴᠢ᠄ ᠴᠢ᠊· ᠰᠡᠴᠡᠨ
            ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
            ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ




 

ᠢᠷᠡᠯᠲᠡ᠄ ᠲᠤᠮᠳᠠᠳᠤ ᠵᠢ ᠥᠭᠦᠯᠡᠬᠦᠢ