ᠣᠢ᠌ᠷ᠎ᠠ᠎ᠳᠤ᠂ ᠥᠪᠥᠷ ᠮᠣᠩᠭᠣᠯ᠎ᠤᠨ ᠮᠦᠽᠧᠢ᠎ᠳᠤ ᠳᠡᠯᠭᠡᠨ ᠦᠵᠡᠭᠦᠯᠵᠦ ᠪᠠᠢ᠌ᠭ᠎ᠠ ᠤᠳᠤ᠎ᠠᠴᠠ 2000 ᠭᠠᠷᠤᠢ ᠵᠢᠯ᠎ᠤᠨ ᠡᠮᠦᠨᠡᠬᠢ ᠬᠦᠷᠡᠯ ᠵᠡᠪᠰᠡᠭ᠎ᠨᠢ ᠮᠠᠰᠢ ᠤᠯᠠᠨ ᠵᠢᠭᠤᠯᠴᠢᠳ᠎ᠤᠨ ᠰᠣᠨᠢᠷᠬᠠᠯ᠎ᠢ ᠲᠠᠳᠠᠵᠠᠢ᠃ ᠬᠦᠷᠡᠯ ᠵᠡᠪᠰᠡᠭ ᠳᠡᠭᠡᠷ᠎ᠡ᠂ ᠬᠡᠦᠴᠦᠳ ᠬᠢᠲᠠᠳᠴᠤᠳ ᠲᠦᠳᠡᠭ ᠭᠠᠯ᠎ᠤᠨ ᠲᠣᠭᠣᠷᠢᠨ᠎ᠳᠤ ᠤᠶᠠᠬᠠᠨ ᠪᠦᠵᠢᠭᠯᠡᠵᠦ ᠨᠠᠢ᠌ᠷᠠᠯᠳᠤᠨ ᠪᠠᠶᠠᠷᠯᠠᠯᠳᠤᠨ᠎ᠠ᠃ ᠡᠨᠡ ᠬᠦ᠌ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠷ᠎ᠡ᠎ᠨᠢ ᠪᠥᠵᠢᠭᠴᠢᠨ ᠪᠣᠯᠣᠨ ᠠᠷᠢᠶᠠᠲᠠᠨ᠎ᠤ ᠬᠡ᠎ᠲᠠᠢ ᠭᠠᠷᠠᠬᠠᠨ ᠴᠢᠬᠢᠲᠦ ᠬᠦᠷᠡᠯ ᠳᠡᠪᠦᠷ᠎ᠡ ᠭᠡᠳᠡᠭ᠂ ᠡᠨᠡ᠎ᠨᠢ ᠴᠦᠨ ᠴᠢᠦ ᠪᠠᠢ᠌ᠯᠳᠤᠭ᠋ᠠᠨᠲᠤ ᠤᠯᠤᠰ᠎ᠤᠨ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ ᠪᠠᠢ᠌ᠵᠤ᠂ ᠣᠷᠳᠣ ᠴᠠᠭ᠋ᠠᠨ ᠬᠡᠷᠡᠮ ᠳᠠᠭ᠋ᠠᠤ ᠵᠢᠨ ᠥᠪᠥᠷ ᠮᠣᠩᠭᠣᠯ᠎ᠤᠨ ᠯᠢᠶᠡᠩᠴᠧᠩ ᠰᠢᠶᠠᠨ᠎ᠠᠴᠠ ᠮᠠᠯᠲᠠᠵᠤ ᠢᠯᠡᠷᠡᠭᠦᠯᠦᠭᠰᠡᠨ ᠶᠤᠮ᠃
ᠪᠦᠵᠢᠭᠴᠢᠨ ᠪᠠ ᠠᠷᠢᠶᠠᠲᠠᠨ᠎ᠤ ᠬᠡ᠎ᠲᠠᠢ ᠭᠠᠷᠠᠬᠠᠨ ᠴᠢᠬᠢᠲᠦ ᠬᠦᠷᠡᠯ ᠳᠡᠪᠦᠷ᠎ᠡ᠃ ᠰᠢᠨᠬᠤᠸᠠ ᠬᠣᠷᠢᠶ᠎ᠠ ᠲᠠᠷᠬᠠᠭ᠋ᠠᠪᠠ
118.3 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠡᠢ᠌ᠮᠦᠷᠬᠦᠦ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠮᠠᠰᠢ ᠤᠯᠠᠨ ᠮᠠᠯᠲᠠᠵᠤ ᠭᠠᠷᠭ᠋ᠠᠭᠰᠠᠨ ᠪᠠᠢ᠌ᠨ᠎ᠠ᠃ ᠥᠪᠥᠷ ᠮᠣᠩᠭᠣᠯ᠎ᠳᠤ ᠴᠢᠨ ᠤᠯᠤᠰ᠂ ᠬᠠᠨ ᠤᠯᠤᠰ᠂ ᠠᠯᠲᠠᠨ ᠤᠯᠤᠰ᠂ ᠮᠢᠩ ᠤᠯᠤᠰ ᠵᠡᠷᠭᠡ ᠲᠡᠦᠬᠡᠨ ᠴᠠᠭ ᠦᠶ᠎ᠡ ᠵᠢᠨ 11 ᠣᠷᠳᠣ ᠴᠠᠭ᠋ᠠᠨ ᠬᠡᠷᠡᠮ ᠬᠥᠨᠳᠡᠯᠢᠰᠴᠦ᠂ ᠪᠥᠬᠥ ᠣᠷᠳᠣᠨ᠎ᠢ 7570 ᠺᠢᠯᠣᠮᠧᠲᠷ᠎ᠲᠤ ᠬᠦᠷᠴᠡᠢ᠃ ᠡᠨᠡ ᠭᠡᠰᠡᠭ ᠣᠷᠳᠣ ᠴᠠᠭ᠋ᠠᠨ ᠬᠡᠷᠡᠮ᠎ᠤᠨ ᠣᠷᠣᠨ ᠪᠦᠰᠡ᠎ᠨᠢ ᠲᠠᠷᠢᠶᠠᠯᠠᠬᠤ ᠪᠠ ᠨᠡᠭᠦᠳᠡᠯ ᠮᠠᠯᠵᠢᠯ᠎ᠤᠨ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠵᠢᠨ ᠠᠭᠤᠯᠵᠠᠷ ᠣᠷᠣᠨ ᠪᠣᠯᠬᠤ᠎ᠪᠠᠷ ᠪᠠᠷᠠᠬᠤ ᠦᠭᠡᠢ᠂ ᠪᠠᠰᠠ ᠣᠯᠠᠨ ᠦᠨᠳᠦᠰᠦᠲᠡᠨ᠎ᠤ ᠰᠣᠶᠣᠯ᠎ᠤᠨ ᠬᠠᠷᠭᠤᠯᠳᠤᠯᠤᠨ ᠰᠣᠶᠣᠯ᠎ᠤᠨ ᠣᠨᠴᠠᠭ᠋ᠠᠶ ᠣᠷᠣᠨ ᠪᠦᠰᠡ ᠪᠣᠯᠬᠤ ᠶᠤᠮ᠃
ᠥᠪᠥᠷ ᠮᠣᠩᠭᠣᠯ᠎ᠤᠨ ᠮᠦᠽᠧᠢ ᠵᠢᠨ ᠳᠡᠳ᠋ ᠳᠠᠷᠤᠭ᠎ᠠ ᠵᠠᠩ ᠸᠸᠨ ᠫᠢᠩ ᠬᠡᠯᠡᠬᠦ᠎ᠳᠤ᠎ᠪᠠᠨ᠂ ᠣᠷᠳᠣ ᠴᠠᠭ᠋ᠠᠨ ᠬᠡᠷᠡᠮ᠎ᠨᠢ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠤᠨ ᠪᠦᠷᠢᠯᠳᠦᠯ ᠪᠠ ᠬᠥᠭᠵᠢᠯᠲᠡ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠣᠯᠠᠨ ᠵᠠᠭᠤᠨ ᠵᠢᠯ᠎ᠤᠨ ᠲᠤᠷᠰᠢ᠂ ᠣᠷᠳᠣ ᠴᠠᠭ᠋ᠠᠨ ᠬᠡᠷᠡᠮ᠎ᠤᠨ ᠭᠠᠵᠠᠷ ᠣᠷᠣᠨ ᠵᠶ᠋ᠠᠷ 《ᠦᠯᠡᠳᠡᠭᠳᠡᠵᠦ ᠬᠣᠴᠣᠷᠤᠭᠰᠠᠨ》 ᠶᠡᠬᠡ ᠬᠡᠮᠵᠢᠶᠡᠨ᠎ᠤ ᠨᠠᠷᠢᠯᠢᠭ ᠰᠠᠢ᠌ᠬᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠨᠢ ᠦᠨᠳᠦᠰᠦᠲᠡᠨ᠎ᠤ ᠰᠣᠯᠢᠯᠴᠠᠭ᠎ᠠ᠂ ᠰᠣᠶᠣᠯ᠎ᠤᠨ ᠲᠣᠯᠢᠯᠠᠯ᠂ ᠠᠷᠠᠯᠵᠢᠶ᠎ᠠ ᠶᠠᠪᠤᠯᠴᠠᠭ᠎ᠠ ᠵᠢᠨ ᠢᠮ ᠲᠠᠮᠠᠭᠠᠨᠤᠭᠤᠳᠢ ᠮᠦᠬᠦᠯᠢᠭ ᠮᠦᠬᠦᠯᠢᠭ ᠰᠤᠪᠤᠳ ᠵᠶ᠋ᠠᠷ ᠭᠡᠯᠬᠢᠭᠰᠡᠨ ᠮᠡᠲᠦ ᠪᠠᠢ᠌ᠵᠤ᠂ ᠣᠷᠳᠣ ᠴᠠᠭ᠋ᠠᠨ ᠬᠡᠷᠡᠮ ᠳᠠᠭ᠋ᠠᠤ᠎ᠠᠴᠠ ᠮᠠᠯᠲᠠᠵᠤ ᠭᠠᠷᠭ᠋ᠠᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠴᠢᠬᠤᠯᠠ ᠭᠡᠷᠡᠴᠢ ᠮᠥᠨ ᠬᠡᠵᠠᠢ᠃
ᠥᠪᠥᠷ ᠮᠣᠩᠭᠣᠯ᠎ᠠᠴᠠ ᠠᠭᠤᠳᠠᠯᠵᠤ ᠢᠯᠡᠷᠡᠭᠦᠯᠦᠭᠰᠡᠨ 1500 ᠭᠠᠷᠤᠢ ᠵᠢᠯ᠎ᠤᠨ ᠡᠮᠦᠨᠡᠬᠢ ᠤᠮᠠᠷᠠᠲᠤ ᠸᠧᠢ ᠤᠯᠤᠰ᠎ᠤᠨ ᠬᠠᠭ᠋ᠠᠨ᠎ᠤ ᠲᠡᠭᠷᠢ ᠲᠠᠬᠢᠯᠭ᠎ᠠ ᠵᠢᠨ ᠪᠠᠭᠤᠷᠢ᠃ 2020 ᠣᠨ᠎ᠤ 10 ᠳ᠋ᠤᠭ᠋ᠠᠷ ᠰᠠᠷ᠎ᠠ᠎ᠳᠤ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠫᠸᠩ ᠶᠤᠸᠠᠨ ᠰᠡᠭᠦᠳᠡᠷᠯᠡᠪᠡ᠃
ᠥᠪᠥᠷ ᠮᠣᠩᠭᠣᠯ᠎ᠤᠨ ᠬᠥᠬᠡᠬᠣᠲᠠ ᠵᠢᠨ ᠳᠠᠯᠠᠨ ᠬᠠᠷ᠎ᠠ ᠠᠭᠤᠯᠠᠨ᠎ᠳᠤ ᠪᠠᠢ᠌ᠭ᠎ᠠ ᠤᠮᠠᠷᠠᠲᠤ ᠸᠧᠢ ᠤᠯᠤᠰ᠎ᠤᠨ ᠬᠠᠭ᠋ᠠᠨ᠎ᠤ ᠲᠡᠭᠷᠢ ᠲᠠᠬᠢᠯᠭ᠎ᠠ ᠵᠢᠨ ᠪᠠᠭᠤᠷᠢ᠎ᠨᠢ ᠨᠢᠭᠡᠨᠲᠡ ᠮᠢᠩᠭ᠎ᠠ ᠭᠠᠷᠤᠢ ᠵᠢᠯ ᠪᠣᠯᠵᠤ ᠪᠠᠢ᠌ᠨ᠎ᠠ᠃ 2019 ᠣᠨ᠎ᠠᠴᠠ 2022 ᠣᠨ ᠪᠣᠯᠲᠠᠯᠠᠬᠢ ᠬᠠᠭᠤᠴᠢ ᠰᠤᠳᠤᠯᠤᠯ᠎ᠤᠨ ᠠᠭᠤᠳᠠᠯᠵᠤ ᠢᠯᠡᠷᠡᠭᠦᠯᠬᠦ ᠶᠠᠪᠤᠴᠠ᠎ᠳᠤ᠂ ᠬᠠᠭᠤᠴᠢ ᠰᠤᠳᠤᠯᠤᠭᠴᠢᠳ ᠲᠡᠭᠦᠨ᠎ᠳᠤ ᠠᠭᠤᠯᠤᠭᠳᠠᠵᠤ ᠪᠠᠢ᠌ᠭ᠎ᠠ ᠲᠡᠦᠬᠡ ᠰᠣᠶᠣᠯ᠎ᠤᠨ ᠮᠡᠳᠡᠭᠡ ᠵᠠᠩᠭᠢ ᠵᠢ ᠲᠠᠰᠤᠷᠠᠯᠲᠠ ᠦᠭᠡᠢ ᠰᠤᠳᠤᠯᠤᠨ ᠢᠯᠡᠷᠡᠭᠦᠯᠵᠦ ᠪᠠᠢ᠌ᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠤᠨ ᠰᠤᠳᠤᠯᠤᠭᠴᠢ ᠳ᠋ᠠᠨᠳᠠᠷ ᠲᠠᠨᠢᠯᠴᠠᠭᠤᠯᠬᠤ᠎ᠳᠤ᠎ᠪᠠᠨ᠂ ᠡᠨᠡ ᠪᠣᠯ 1500 ᠭᠠᠷᠤᠢ ᠵᠢᠯ᠎ᠤᠨ ᠡᠮᠦᠨ᠎ᠡ᠂ ᠤᠮᠠᠷᠠᠲᠤ ᠸᠧᠢ ᠤᠯᠤᠰ᠎ᠤᠨ ᠰᠢᠶᠣᠣ ᠸᠸᠨ ᠳ᠋ᠢ ᠬᠠᠭ᠋ᠠᠨ ᠨᠡᠢ᠌ᠰᠯᠡᠯ ᠵᠶ᠋ᠡᠨ ᠯᠦᠸᠸᠶᠠᠩᠳᠤ ᠨᠡᠭᠦᠯᠭᠡᠬᠦ᠎ᠠᠴᠠ ᠡᠮᠦᠨ᠎ᠡ ᠮᠤᠨᠢ ᠠᠭᠤᠯᠠᠨ᠎ᠳᠤ ᠬᠦᠷᠴᠦ ᠲᠡᠭᠷᠢ ᠵᠢ ᠳᠠᠭᠢᠵᠤ ᠲᠡᠭᠷᠢ ᠵᠢᠨ ᠦᠵᠡᠭᠳᠡᠯ᠎ᠢ ᠬᠠᠢ᠌ᠨ ᠠᠵᠢᠭᠰᠠᠨ ᠭᠠᠵᠠᠷ ᠶᠤᠮ᠂ ᠳᠠᠷᠤᠢ ᠤᠮᠠᠷᠠᠲᠤ ᠸᠧᠢ ᠤᠯᠤᠰ᠎ᠤᠨ ᠬᠠᠭ᠋ᠠᠨ᠎ᠤ ᠲᠡᠭᠷᠢ ᠲᠠᠬᠢᠯᠭ᠎ᠠ ᠵᠢᠨ ᠪᠠᠭᠤᠷᠢ ᠪᠣᠯᠣᠨ᠎ᠠ᠂ ᠲᠡᠭᠦᠨ᠎ᠤ ᠬᠡᠯᠪᠡᠷᠢ᠎ᠨᠢ ᠪᠡᠭᠡᠵᠢᠩᠲᠠᠬᠢ ᠮᠢᠩ ᠤᠯᠤᠰ᠂ ᠴᠢᠩ ᠤᠯᠤᠰ᠎ᠤᠨ ᠦᠶ᠎ᠡ ᠵᠢᠨ ᠲᠡᠭᠷᠢ ᠵᠢᠨ ᠮᠠᠨᠳᠠᠯ᠎ᠲᠠᠢ ᠠᠳᠠᠯᠢᠪᠲᠤᠷ ᠪᠠᠢ᠌ᠳᠠᠭ᠂ ᠭᠡᠪᠡᠴᠦ ᠢᠯᠭ᠋ᠠᠭ᠎ᠠ᠎ᠨᠢ ᠭᠡᠪᠡᠯ ᠲᠡᠭᠷᠢ ᠵᠢᠨ ᠮᠠᠨᠳᠠᠯ ᠪᠤᠯ ᠵᠠᠳᠠᠭ᠋ᠠᠢ ᠲᠠᠪᠴᠠᠩ᠂ ᠬᠠᠷᠢᠨ ᠤᠮᠠᠷᠠᠲᠤ ᠸᠧᠢ ᠤᠯᠤᠰ᠎ᠤᠨ ᠬᠠᠭ᠋ᠠᠨ᠎ᠤ ᠲᠡᠭᠷᠢ ᠲᠠᠬᠢᠯᠭ᠎ᠠ ᠵᠢᠨ ᠪᠠᠭᠤᠷᠢ ᠪᠣᠯ ᠨᠢᠭᠡᠨ ᠲᠣᠭᠣᠷᠢᠭ ᠬᠡᠯᠪᠡᠷᠢ᠎ᠲᠠᠢ ᠪᠠᠢ᠌ᠰᠢᠩ ᠪᠣᠯᠣᠨ᠎ᠠ᠃
《ᠮᠠᠨ᠎ᠤ ᠤᠯᠤᠰ᠎ᠤᠨ ᠲᠡᠦᠬᠡᠨ ᠳᠡᠭᠡᠷᠡᠬᠢ ᠨᠢᠭᠡ ᠤᠳᠠᠭ᠋ᠠᠨ᠎ᠤ ᠦᠨᠳᠦᠰᠦᠲᠡᠨ᠎ᠤ ᠴᠢᠬᠤᠯᠠ ᠶᠡᠬᠡ ᠠᠭᠤᠰᠤᠯᠴᠠᠯ᠎ᠨᠢ ᠤᠮᠠᠷᠠᠲᠤ ᠵᠢᠨ ᠨᠡᠭᠦᠳᠡᠯᠴᠢᠨ ᠦᠨᠳᠦᠰᠦᠲᠡᠨ᠎ᠤ ᠲᠤᠪᠠ ᠰᠢᠶᠡᠨᠪᠢ ᠵᠢᠨ ᠪᠠᠢ᠌ᠭᠤᠯᠤᠭᠰᠠᠨ ᠤᠮᠠᠷᠠᠲᠤ ᠸᠧᠢ ᠤᠯᠤᠰ᠎ᠤᠨ ᠦᠶ᠎ᠡ᠎ᠳᠤ ᠪᠤᠢ ᠪᠣᠯᠣᠭᠰᠠᠨ ᠶᠤᠮ᠂ ᠢᠯᠠᠩᠭᠤᠶ᠎ᠠ ᠰᠢᠶᠣᠣ ᠸᠸᠨ ᠳ᠋ᠢ ᠲᠣᠪᠠ ᠬᠣᠩ ᠬᠢᠲᠠᠳᠴᠢᠯᠠᠬᠤ ᠥᠭᠡᠷᠡᠴᠢᠯᠡᠯᠲᠡ ᠬᠢᠵᠦ᠂ ᠨᠡᠢ᠌ᠰᠯᠡᠯ ᠵᠶ᠋ᠡᠨ ᠵᠦᠩᠶᠤᠸᠠᠨ ᠣᠷᠣᠨ᠎ᠳᠤ ᠨᠡᠭᠦᠯᠭᠡᠭᠰᠡᠨ ᠵᠶ᠋ᠡᠷ ᠪᠠᠷᠠᠬᠤ ᠦᠭᠡᠢ᠂ ᠪᠠᠰᠠ ᠵᠦᠩᠶᠤᠸᠠᠨ ᠣᠷᠣᠨ᠎ᠤ ᠰᠣᠶᠣᠯ ᠪᠠ ᠪᠠᠢ᠌ᠭᠤᠯᠤᠯ᠎ᠢ ᠢᠳᠡᠪᠬᠢᠲᠡᠢ᠎ᠪᠠᠷ ᠰᠢᠩᠭᠡᠬᠡᠨ ᠠᠪᠤᠭᠰᠠᠨ ᠶᠤᠮ᠃ ᠲᠠᠷᠢᠶᠠᠯᠠᠬᠤ ᠠᠵᠤ ᠠᠬᠤᠢ ᠪᠠ ᠨᠡᠭᠦᠳᠡᠯ ᠮᠠᠯᠵᠢᠯ᠎ᠤᠨ ᠠᠵᠤ ᠠᠬᠤᠢ ᠵᠢᠨ ᠪᠠᠢ᠌ᠭ᠋ᠠᠯᠢᠯᠢᠭ ᠵᠠᠭ᠋ᠠᠭ ᠱᠤᠭᠤᠮ ᠪᠤᠯᠬᠤ ᠮᠤᠨᠢ ᠠᠭᠤᠯᠠ ᠵᠢᠨ ᠣᠷᠭᠢᠯ᠎ᠳᠤ ᠪᠠᠢ᠌ᠷᠢᠯᠠᠭᠰᠠᠨ ᠤᠮᠠᠷᠠᠲᠤ ᠸᠧᠢ ᠤᠯᠤᠰ᠎ᠤᠨ ᠬᠠᠭ᠋ᠠᠨ᠎ᠤ ᠲᠡᠭᠷᠢ ᠲᠠᠬᠢᠯᠭ᠎ᠠ ᠵᠢᠨ ᠪᠠᠭᠤᠷᠢ᠎ᠨᠢ ᠬᠡᠯᠪᠡᠷᠢ ᠵᠢᠨ ᠲᠠᠯ᠎ᠠ᠎ᠪᠠᠷ ᠵᠦᠩᠶᠤᠸᠠᠨ ᠣᠷᠣᠨ᠎ᠤ ᠸᠠᠩᠲᠤ ᠲᠥᠷᠥ ᠵᠢᠨ ᠲᠠᠬᠢᠯᠭ᠎ᠠ ᠵᠢᠨ ᠶᠤᠰᠤᠯᠠᠯ᠎ᠢ ᠤᠮᠠᠷᠠᠲᠤ ᠵᠢᠨ ᠨᠡᠭᠦᠳᠡᠯᠴᠢᠨ ᠦᠨᠳᠦᠰᠦᠲᠡᠨ᠎ᠤ ᠲᠠᠬᠢᠯᠭ᠎ᠠ ᠵᠢᠨ ᠤᠯᠠᠮᠵᠢᠯᠠᠯᠯᠤᠭᠠ ᠤᠶᠠᠯᠳᠤᠭᠤᠯᠵᠤ᠂ 1500 ᠭᠠᠷᠤᠢ ᠵᠢᠯ᠎ᠤᠨ ᠡᠮᠦᠨᠡᠬᠢ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠢᠯᠡᠷᠡᠭᠦᠯᠦᠭᠰᠡᠨ ᠪᠠᠢ᠌ᠨ᠎ᠠ》 ᠭᠡᠵᠦ ᠳ᠋ᠠᠨᠳᠠᠷ ᠶᠠᠷᠢᠵᠠᠢ᠃
ᠵᠡᠭᠦᠨ ᠲᠠᠯ᠎ᠠ ᠵᠢᠨ ᠵᠢᠷᠤᠭ ᠪᠣᠯ ᠵᠢᠷᠭᠤᠭ᠋ᠠᠨ ᠵᠦᠢ᠍ᠯ᠎ᠤᠨ ᠦᠰᠦᠭᠲᠦ ᠰᠥᠨᠢ ᠵᠢᠨ ᠴᠠᠭᠳᠠᠭᠤᠯ᠎ᠤᠨ ᠫᠠᠢ᠌ᠰᠠ ᠵᠢᠨ ᠨᠢᠭᠤᠷ ᠲᠠᠯ᠎ᠠ᠂ ᠪᠠᠷᠠᠭᠤᠨ ᠲᠠᠯ᠎ᠠ ᠵᠢᠨ ᠵᠢᠷᠤᠭ ᠪᠣᠯ ᠵᠢᠷᠭᠤᠭ᠋ᠠᠨ ᠵᠦᠢ᠍ᠯ᠎ᠤᠨ ᠦᠰᠦᠭᠲᠦ ᠰᠥᠨᠢ ᠵᠢᠨ ᠴᠠᠭᠳᠠᠭᠤᠯ᠎ᠤᠨ ᠫᠠᠢ᠌ᠰᠠ ᠵᠢᠨ ᠠᠷᠤ ᠲᠠᠯ᠎ᠠ᠃ ᠵᠢᠷᠤᠭ᠎ᠤᠨ ᠢᠷᠡᠯᠲᠡ᠄ ᠥᠪᠥᠷ ᠮᠣᠩᠭᠣᠯ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠮᠦᠽᠧᠢ
ᠥᠪᠥᠷ ᠮᠣᠩᠭᠣᠯ᠎ᠤᠨ ᠮᠦᠽᠧᠢ ᠵᠢᠨ ᠬᠠᠳᠠᠭ᠋ᠠᠯᠠᠮᠵᠢ᠎ᠳᠤ 6 ᠵᠦᠢ᠍ᠯ᠎ᠤᠨ ᠥᠰᠥᠭ ᠰᠡᠢ᠌ᠯᠦᠭᠰᠡᠨ ᠶᠤᠸᠠᠨ ᠤᠯᠤᠰ᠎ᠤᠨ ᠵᠠᠷᠯᠢᠭ᠎ᠤᠨ ᠫᠠᠢ᠌ᠰᠠ ᠪᠠᠢ᠌ᠳᠠᠭ᠃ ᠡᠨᠡ ᠬᠦ᠌ ᠬᠦᠷᠡᠯ ᠫᠠᠢ᠌ᠰᠠ ᠵᠢ ᠬᠥᠮᠥᠰ ᠵᠢᠷᠭᠤᠭ᠋ᠠᠨ ᠵᠦᠢ᠍ᠯ᠎ᠤᠨ ᠦᠰᠦᠭᠲᠦ ᠰᠥᠨᠢ ᠵᠢᠨ ᠴᠠᠭᠳᠠᠭᠤᠯ᠎ᠤᠨ ᠫᠠᠢ᠌ᠰᠠ ᠭᠡᠳᠡᠭ᠂ ᠲᠡᠷᠡ᠎ᠨᠢ ᠤᠯᠤᠰ᠎ᠤᠨ ᠨᠢᠭᠡᠳᠦᠭᠡᠷ ᠳᠡᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ ᠶᠤᠮ᠃ ᠵᠠᠩ ᠸᠸᠨ ᠫᠢᠩ ᠬᠡᠯᠡᠬᠦ᠎ᠳᠤ᠎ᠪᠠᠨ᠂ ᠬᠦᠷᠡᠯ ᠫᠠᠢ᠌ᠰᠠᠨ ᠳᠡᠭᠡᠷᠡᠬᠢ 6 ᠵᠦᠢ᠍ᠯ᠎ᠤᠨ ᠥᠰᠥᠭ ᠪᠢᠴᠢᠭ᠎ᠨᠢ ᠲᠤᠬᠠᠢ ᠵᠢᠨ ᠦᠶ᠎ᠡ ᠵᠢᠨ ᠬᠠᠮᠠᠭ᠋ᠠᠯᠠᠯᠲᠠ ᠵᠢᠨ ᠴᠡᠷᠢᠭ ᠠᠩᠭᠢ ᠵᠢᠨ ᠬᠠᠮᠠᠭ᠋ᠠᠯᠠᠵᠤ ᠪᠠᠢ᠌ᠭᠰᠠᠨ ᠭᠠᠵᠠᠷ ᠣᠷᠣᠨ᠎ᠳᠤ ᠬᠢᠲᠠᠳ ᠦᠨᠳᠦᠰᠦᠲᠡᠨ᠂ ᠲᠥᠪᠡᠳ ᠦᠨᠳᠦᠰᠦᠲᠡᠨ ᠪᠠ ᠮᠣᠩᠭᠣᠯ ᠦᠨᠳᠦᠰᠦᠲᠡᠨ ᠵᠡᠷᠭᠡ ᠠᠳᠠᠯᠢ ᠪᠤᠰᠤ ᠦᠨᠳᠦᠰᠦᠲᠡᠨ᠎ᠤ ᠬᠥᠮᠥᠰ ᠴᠤᠭᠯᠠᠷᠠᠭᠰᠠᠨᠢ ᠳᠠᠮ ᠭᠡᠷᠡᠴᠢᠯᠡᠭᠰᠡᠨ ᠶᠤᠮ᠃
ᠥᠪᠥᠷ ᠮᠣᠩᠭᠣᠯ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠶᠡᠬᠡᠨᠠᠭᠤᠷ᠎ᠤᠨ ᠣᠩᠭᠣᠳ᠎ᠠᠴᠠ ᠮᠠᠯᠲᠠᠵᠤ ᠭᠠᠷᠭ᠋ᠠᠭᠰᠠᠨ ᠠᠯᠲᠠ᠎ᠪᠠᠷ ᠥᠩᠭᠡᠯᠡᠭᠰᠡᠨ ᠮᠥᠩᠭᠥᠨ ᠠᠶᠠᠭ᠎ᠠ᠃ ᠢᠷᠡᠯᠲᠡ᠄ ᠰᠣᠶᠣᠯ ᠬᠠᠭᠤᠴᠢᠳ ᠪᠦᠬᠦᠢ ᠳᠤᠮᠳᠠᠳᠤ ᠤᠯᠤᠰ
ᠥᠪᠥᠷ ᠮᠣᠩᠭᠣᠯ᠎ᠤᠨ ᠤᠷᠳᠤ ᠴᠠᠭ᠋ᠠᠨ ᠬᠡᠷᠡᠮ᠎ᠤᠨ ᠳᠠᠭ᠋ᠠᠤ ᠪᠠᠰᠠ ᠥᠷᠥᠨᠡᠳᠠᠬᠢᠨ᠎ᠤ ᠣᠨᠴᠠᠯᠢᠭ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠣᠩᠭᠣᠳᠢ ᠴᠥᠭᠡᠨ ᠪᠤᠰᠤ ᠢᠯᠡᠷᠡᠭᠦᠯᠦᠭᠰᠡᠨ ᠪᠠᠢ᠌ᠨ᠎ᠠ᠃ 2014 ᠣᠨ᠎ᠳᠤ ᠪᠦᠬᠦ ᠤᠯᠤᠰ᠎ᠤᠨ ᠠᠷᠪᠠᠨ ᠶᠡᠬᠡ ᠬᠠᠭᠤᠴᠢ ᠰᠤᠳᠤᠯᠤᠯ᠎ᠤᠨ ᠰᠢᠨ᠎ᠡ᠎ᠪᠠᠷ ᠢᠯᠡᠷᠡᠭᠦᠯᠦᠭᠰᠡᠨ ᠥᠪᠥᠷ ᠮᠣᠩᠭᠣᠯ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠶᠡᠬᠡᠨᠠᠭᠤᠷ᠎ᠤᠨ ᠣᠩᠭᠣᠳ᠎ᠨᠢ ᠤᠮᠠᠷᠠᠲᠤ ᠸᠧᠢ ᠤᠯᠤᠰ᠎ᠤᠨ ᠤᠷᠳᠤ ᠴᠠᠭ᠋ᠠᠨ ᠬᠡᠷᠡᠮ᠎ᠠᠴᠠ ᠤᠮᠠᠷᠠᠰᠢ᠂ ᠰᠢᠯᠢ ᠵᠢᠨ ᠭᠣᠣᠯ᠎ᠤᠨ ᠲᠠᠯ᠎ᠠ ᠨᠤᠲᠤᠭ᠎ᠤᠨ ᠥᠷᠥᠴᠡᠨ᠎ᠳᠤ ᠪᠠᠢ᠌ᠷᠢᠯᠠᠵᠤ᠂ ᠲᠡᠷᠡ᠎ᠨᠢ ᠤᠮᠠᠷᠠᠲᠤ ᠸᠧᠢ ᠤᠯᠤᠰ᠎ᠤᠨ ᠢᠵᠠᠭᠤᠷᠲᠠᠨ᠎ᠤ ᠤᠭᠰᠠᠭ᠎ᠠ ᠲᠦᠷᠦᠯ᠎ᠤᠨ ᠤᠩᠭᠤᠨ᠎ᠤ ᠭᠠᠵᠠᠷ ᠪᠣᠯᠣᠨ᠎ᠠ᠃ ᠤᠩᠭᠤᠨ᠎ᠠᠴᠠ ᠣᠯᠳᠠᠭᠰᠠᠨ ᠮᠥᠩᠭᠥᠨ ᠠᠶᠠᠭ᠎ᠠ ᠵᠢᠨ ᠭᠠᠳᠠᠭᠤᠷ᠎ᠨᠢ ᠥᠨᠳᠥᠷ ᠬᠠᠮᠠᠷ᠎ᠲᠠᠢ᠂ ᠬᠦᠩᠬᠡᠷ ᠨᠢᠳᠦ᠎ᠲᠠᠢ 4 ᠭᠠᠳᠠᠭ᠋ᠠᠳᠤ ᠤᠯᠤᠰ᠎ᠤᠨ ᠬᠥᠮᠥᠨ᠎ᠤ ᠴᠡᠭᠡᠵᠢᠨ ᠵᠢᠷᠤᠭ᠎ᠢ ᠰᠡᠶ᠋ᠢᠯᠵᠦ᠂ ᠭᠤᠷᠪᠠᠨ ᠡᠮᠡᠭᠲᠡᠢ ᠨᠢᠭᠡ ᠡᠷᠡᠭᠲᠡᠢ᠂ ᠡᠷᠡᠭᠲᠡᠢ᠎ᠨᠢ ᠰᠠᠬᠠᠯ ᠲᠠᠯᠪᠢᠵᠦ᠂ ᠭᠤᠷᠪᠠᠨ ᠡᠮᠡᠭᠲᠡᠢ ᠵᠢᠨ ᠭᠡᠵᠢᠭᠡᠨᠤ ᠬᠡᠯᠪᠡᠷᠢ᠎ᠨᠢ ᠪᠦᠷ ᠠᠳᠠᠯᠢ ᠦᠭᠡᠢ᠃ ᠤᠮᠠᠷᠠᠲᠤ ᠸᠧᠢ ᠤᠯᠤᠰ᠎ᠤᠨ ᠦᠶ᠎ᠡ ᠵᠢᠨ ᠪᠤᠰᠤᠳ ᠤᠩᠭᠤᠨ᠎ᠠᠴᠠ ᠴᠤ᠌ ᠡᠢ᠌ᠮᠦᠷᠬᠦᠦ ᠬᠥᠮᠥᠰ᠎ᠤᠨ ᠴᠡᠭᠡᠵᠢᠨ ᠵᠢᠷᠤᠭ᠎ᠲᠠᠢ ᠮᠥᠩᠭᠥᠨ ᠠᠶᠠᠭ᠎ᠠ ᠵᠢ ᠮᠠᠯᠳᠠᠵᠦ ᠭᠠᠷᠭ᠋ᠠᠭᠰᠠᠨ ᠪᠠᠢ᠌ᠨ᠎ᠠ᠃
ᠬᠠᠭᠤᠴᠢ ᠰᠤᠳᠤᠯᠤᠯ᠎ᠤᠨ ᠲᠤᠰᠬᠠᠢ ᠮᠡᠷᠭᠡᠵᠢᠯᠲᠡᠨ᠎ᠤ ᠦᠵᠡᠬᠦ᠎ᠪᠠᠷ᠂ ᠡᠨᠡ ᠬᠦ᠌ ᠤᠩᠭᠤᠨ᠎ᠠᠴᠠ ᠣᠯᠳᠠᠭᠰᠠᠨ ᠲᠡᠦᠬᠡ ᠵᠢᠨ ᠳᠤᠷᠠᠰᠬᠠᠯᠲᠤ ᠵᠦᠢ᠍ᠯ᠎ᠨᠢ ᠰᠢᠶᠡᠨᠪᠢ ᠵᠢᠨ ᠰᠣᠶᠣᠯ ᠪᠤᠯᠤᠨ ᠬᠢᠲᠠᠳ ᠰᠣᠶᠣᠯ᠎ᠤᠨ ᠢᠯᠡ ᠲᠣᠳᠣ ᠣᠨᠴᠠᠯᠢᠭ᠎ᠲᠠᠢ ᠲᠡᠳᠦᠢ ᠦᠭᠡᠢ᠂ ᠴᠥᠭᠡᠨ ᠪᠤᠰᠤ ᠦᠯᠡᠳᠡᠭᠳᠡᠯᠤᠳᠨᠢ ᠪᠠᠰᠠ ᠬᠠᠷᠢ ᠭᠠᠵᠠᠷ ᠣᠷᠣᠨ᠎ᠤ ᠣᠨᠴᠠᠯᠢᠭ ᠵᠶ᠋ᠠᠷ ᠢᠯᠡᠷᠬᠡᠢ ᠪᠠᠢ᠌ᠳᠠᠭ᠂ ᠡᠨᠡ ᠬᠦ᠌ ᠮᠥᠩᠭᠥᠨ ᠠᠶᠠᠭ᠋ᠠᠨ ᠳᠡᠭᠡᠷᠡᠬᠢ ᠬᠥᠮᠥᠨ᠎ᠤ ᠳᠦᠷᠢ ᠲᠥᠷᠬᠦ ᠵᠢᠴᠢ ᠬᠡ ᠤᠭ᠋ᠠᠯᠵᠠ ᠵᠢᠨ ᠴᠢᠮᠡᠭᠯᠡᠯ᠎ᠨᠢ ᠰᠠᠱ᠌ᠠᠨᠫᠸᠷᠰᠤᠨ ᠤᠷᠠᠯᠢᠭ᠎ᠤᠨ ᠣᠨᠴᠠᠯᠢᠭ ᠪᠠ ᠭ᠋ᠷᠧᠭ᠎ᠤᠨ ᠤᠷᠠᠯᠢᠭ᠎ᠤᠨ ᠬᠡᠪ ᠨᠠᠮᠪᠠ ᠵᠢ ᠠᠭᠤᠰᠬᠠᠵᠤ᠂ ᠡᠷᠲᠡᠨ᠎ᠤ ᠦᠶ᠎ᠡ ᠵᠢᠨ ᠲᠤᠳᠤᠭ᠋ᠠᠳᠤ ᠭᠠᠳᠠᠭ᠋ᠠᠳᠤ ᠵᠢᠨ ᠪᠣᠯᠪᠠᠰᠤᠨ᠎ᠤ ᠰᠣᠯᠢᠯᠴᠠᠭ᠎ᠠ ᠵᠢ ᠰᠤᠳᠤᠯᠬᠤ᠎ᠳᠤ ᠬᠣᠪᠣᠷ ᠨᠠᠨᠳᠢᠨ ᠪᠣᠳᠠᠲᠤ ᠮᠠᠲ᠋ᠧᠷᠢᠶᠠᠯ ᠬᠠᠩᠭ᠋ᠠᠭᠰᠠᠨ ᠪᠠᠢ᠌ᠨ᠎ᠠ᠃
ᠣᠷᠴᠢᠭᠤᠯᠤᠭᠴᠢ᠄ ᠤᠷᠢᠬᠠᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ