
9 ᠳ᠋ᠦ᠍ᠭᠡᠷ ᠰᠠᠷ᠎ᠠ ᠵᠢᠨ 27᠎ᠤ ᠡᠳᠦᠷ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠳᠤ ᠬᠤᠷᠠᠯᠳᠤᠪᠠ᠃ ᠰᠢ ᠵᠢᠨ ᠫᠢᠩ ᠨᠠᠷ ᠬᠥᠬᠢᠭᠦᠯᠦᠭᠳᠡᠨ ᠰᠠᠢ᠌ᠰᠢᠶᠠᠭᠳᠠᠭᠰᠠᠨ ᠵᠢᠱ᠌ᠢᠶᠡᠴᠢ ᠬᠤᠪᠢ ᠬᠥᠮᠥᠨ ᠪᠣᠯᠣᠨ ᠵᠢᠱ᠌ᠢᠶᠡᠴᠢ ᠬᠠᠮᠲᠤ ᠨᠢᠭᠡᠴᠢ ᠵᠢᠨ ᠲᠥᠯᠥᠭᠡᠯᠡᠭᠴᠢᠳ᠎ᠲᠤ ᠱᠠᠩᠨᠠᠯ ᠤᠯᠭᠤᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ᠃
ᠰᠡᠳᠬᠢᠯ ᠵᠶ᠋ᠡᠨ ᠨᠢᠭᠡᠳᠭᠡᠵᠦ ᠬᠦᠰᠡᠯ ᠵᠡᠭᠦᠳᠦ᠎ᠪᠠᠨ ᠲᠡᠷᠭᠡᠯᠰᠢᠬᠦᠯᠦᠨ ᠠᠤᠭ᠎ᠠ ᠦᠢ᠍ᠯᠡᠰ᠎ᠢ ᠪᠦᠲᠦᠭᠡᠵᠦ᠂ ᠪᠦᠯᠬᠦᠮᠳᠡᠯ᠎ᠤᠨ ᠴᠡᠴᠡᠭ ᠳᠤᠮᠳᠠᠳᠤ ᠤᠯᠤᠰ᠎ᠢ ᠭᠡᠢ᠌ᠭᠦᠯᠦᠨ᠎ᠡ᠃ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠵᠢ ᠪᠠᠶᠠᠷᠯᠠᠨ ᠤᠭᠲᠤᠵᠤ ᠪᠠᠢ᠌ᠭᠰᠠᠨ 9 ᠳ᠋ᠦ᠍ᠭᠡᠷ ᠰᠠᠷ᠎ᠠ ᠵᠢᠨ 27᠎ᠤ ᠡᠳᠦᠷ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠳᠤ ᠬᠤᠷᠠᠯᠳᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠡ ᠵᠢᠨ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠠ᠂ 352 ᠵᠢᠱ᠌ᠢᠶᠡᠴᠢ ᠬᠠᠮᠲᠤ ᠨᠡᠢ᠌ᠲᠡ᠂ 368 ᠵᠢᠱ᠌ᠢᠶᠡᠴᠢ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠪᠠ᠃ ᠡᠨᠡ᠎ᠨᠢ ᠰᠢ ᠵᠢᠨ ᠫᠢᠩ ᠨᠥᠬᠥᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠲᠥᠪ ᠬᠣᠷᠢᠶ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠳᠡᠭᠡᠳᠦ ᠬᠡᠮᠵᠢᠶ᠎ᠡ᠎ᠪᠠᠷ ᠬᠦᠨᠳᠦᠳᠭᠡᠵᠦ ᠪᠠᠢ᠌ᠬᠤ ᠪᠠ ᠳᠣᠲᠣᠨᠣ᠎ᠪᠠᠷ ᠬᠠᠯᠠᠮᠵᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠨ ᠵᠤᠷᠢᠯᠭ᠎ᠠ ᠠᠯᠤᠰ ᠭᠡᠳᠦ ᠪᠥᠭᠡᠳ ᠠᠤᠭ᠎ᠠ ᠭᠦᠨᠵᠡᠭᠡᠢ ᠪᠠᠢ᠌ᠵᠦ᠂ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠳᠦ ᠵᠢᠨ ᠲᠡᠦᠬᠡᠲᠦ ᠠᠴᠢ ᠬᠣᠯᠪᠣᠭᠳᠠᠯ᠎ᠲᠠᠢ ᠪᠠᠢ᠌ᠬᠤ ᠵᠢ ᠭᠦᠢ᠍ᠴᠡᠳ ᠬᠠᠷᠠᠭᠤᠯᠵᠠᠢ᠃
ᠶᠡᠷᠦᠩᠬᠡᠢ ᠱᠦᠵᠢ ᠰᠢ ᠵᠢᠨ ᠫᠢᠩ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢᠬᠢ᠂ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠵᠢ ᠪᠦᠬᠦ ᠲᠠᠯ᠎ᠠ᠎ᠪᠠᠷ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ ᠬᠥᠭᠵᠢᠯ᠎ᠤᠨ ᠦᠨᠳᠦᠰᠦ ᠪᠠ ᠰᠦᠭ ᠰᠦᠨᠡᠰᠦ ᠵᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ ᠳᠤᠷᠠᠳᠴᠤ᠂ ᠦᠵᠡᠯ ᠰᠠᠨᠠᠭ᠎ᠠ ᠭᠦᠨ ᠭᠦᠨᠵᠡᠭᠡᠢ᠂ ᠠᠯᠤᠰ ᠬᠡᠳᠦ ᠵᠢᠨ ᠪᠤᠳᠤᠯᠬᠢᠯᠠᠯ᠎ᠲᠠᠢ ᠲᠤᠯᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠪᠣᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠤᠷᠤᠭᠰᠢᠯᠠᠬᠤ ᠴᠢᠭᠯᠡᠯ᠎ᠢ ᠵᠢᠭ᠋ᠠᠵᠤ᠂ ᠦᠨᠳᠦᠰᠦᠨ ᠵᠢᠷᠤᠮᠯᠠᠯ᠎ᠢ ᠬᠠᠩᠭ᠋ᠠᠵᠠᠢ᠃
ᠲᠡᠦᠬᠡ ᠵᠢ ᠡᠷᠭᠢᠴᠡᠭᠦᠯᠦᠬᠦᠶ᠎ᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠬᠥᠭᠵᠢᠯ ᠬᠥᠮᠥᠰ᠎ᠤᠨ ᠰᠡᠳᠬᠢᠯ᠎ᠤᠨ ᠲᠡᠮᠡᠦᠯᠡᠯ᠂ ᠴᠠᠭ᠎ᠤᠨ ᠪᠠᠢ᠌ᠳᠠᠯ᠎ᠤᠨ ᠬᠠᠨᠳᠤᠰᠢ᠂ ᠲᠡᠦᠬᠡ ᠵᠢᠨ ᠵᠠᠢ᠌ᠯᠠᠰᠢ ᠦᠭᠡᠢ ᠵᠠᠮ ᠮᠥᠨ᠃ ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠠᠭᠤᠤ ᠶᠡᠬᠡ ᠦᠨᠳᠦᠰᠦᠲᠡᠨ ᠶᠤᠮ᠂ ᠦᠨᠳᠦᠰᠦᠲᠡᠨ᠎ᠨᠦᠭᠦᠳ ᠡᠬᠡ ᠤᠯᠤᠰ᠎ᠤᠨ ᠵᠶ᠋ᠠᠨ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠵᠦ᠂ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠢ ᠬᠠᠮᠲᠤ᠎ᠪᠠᠷ ᠴᠣᠭᠴᠠᠯᠠᠨ ᠪᠠᠢ᠌ᠭᠤᠯᠵᠤ᠂ ᠳᠤᠮᠳᠠᠳᠤ ᠤᠯᠤᠰ᠎ᠤᠨ ᠭᠡᠷᠡᠯ ᠰᠠᠴᠤᠷᠠᠩᠭᠤᠢ ᠲᠡᠦᠬᠡ ᠵᠢ ᠬᠠᠮᠲᠤ᠎ᠪᠠᠷ ᠪᠢᠴᠢᠭᠯᠡᠵᠦ᠂ ᠳᠤᠮᠳᠠᠳᠤ ᠵᠢᠨ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠂ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠤᠢ᠌ᠵᠢᠭᠤᠯᠤᠭᠰᠠᠨ ᠶᠤᠮ᠃ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠬᠥᠭᠵᠢᠯ᠎ᠤᠨ ᠲᠡᠥᠬᠡᠨ ᠰᠠᠭᠤᠷᠢ ᠪᠤᠯᠤᠨ᠎ᠠ᠃ ᠦᠨᠳᠦᠰᠦᠲᠡᠨ᠎ᠨᠦᠭᠦᠳ᠎ᠤᠨ ᠢᠲᠡᠭᠡᠯ ᠪᠢᠰᠢᠷᠡᠯ ᠠᠳᠠᠯᠢ ᠪᠠᠢ᠌ᠳᠠᠭ᠎ᠨᠢ ᠳᠤᠮᠳᠠᠳᠤ ᠵᠢᠨ ᠦᠨᠳᠦᠰᠦᠲᠡᠨ᠎ᠤ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠢ ᠴᠣᠭᠴᠠᠯᠠᠨ ᠪᠠᠶ᠋ᠢᠭᠤᠯᠬᠤ ᠵᠢᠨ ᠳᠣᠲᠣᠭ᠋ᠠᠳᠤ ᠬᠥᠳᠡᠯᠭᠡᠬᠦ ᠬᠦᠴᠦᠨ ᠮᠥᠨ᠃ ᠦᠨᠳᠦᠰᠦᠲᠡᠨ᠎ᠨᠦᠭᠦᠳ᠎ᠤᠨ ᠰᠣᠶᠣᠯ᠎ᠤᠨ ᠨᠡᠪᠳᠡᠷᠡᠯᠴᠡᠭᠡ ᠪᠣᠯ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠣᠭᠴᠠᠵᠢᠭᠰᠠᠨ ᠪᠣᠯᠪᠠᠰᠤᠨ᠎ᠤ ᠪᠠᠢ᠌ᠷᠢᠰᠢᠯ᠎ᠢ ᠴᠤᠭᠴᠠᠯᠠᠬᠤ ᠰᠣᠶᠣᠯ᠎ᠤᠨ ᠭᠧᠨ ᠮᠦᠨ᠃ ᠦᠨᠳᠦᠰᠦᠲᠡᠨ᠎ᠨᠦᠭᠦᠳ᠎ᠤᠨ ᠠᠵᠤ ᠠᠬᠤᠢ ᠬᠠᠷᠢᠯᠴᠠᠨ ᠲᠦᠰᠢᠯᠴᠡᠬᠦ ᠪᠣᠯ ᠳᠤᠮᠳᠠᠳᠤ ᠵᠢᠨ ᠦᠨᠳᠦᠰᠦᠲᠡᠨ᠎ᠤ ᠨᠢᠭᠡᠳᠦᠭᠰᠡᠨ ᠠᠵᠤ ᠠᠬᠤᠢ ᠵᠢᠨ ᠴᠣᠭᠴᠠ ᠵᠢ ᠪᠠᠶ᠋ᠢᠭᠤᠯᠬᠤ ᠬᠦᠴᠦᠷᠬᠡᠭ ᠶᠡᠬᠡ ᠬᠦᠴᠦᠨ ᠪᠤᠯᠤᠨ᠎ᠠ᠃ ᠦᠨᠳᠦᠰᠦᠲᠡᠨ᠎ᠨᠦᠭᠦᠳ᠎ᠤᠨ ᠲᠤᠳᠤᠨᠤᠰᠤᠭ ᠬᠠᠢ᠌ᠷ᠎ᠠ ᠰᠡᠳᠬᠢᠯᠭᠡ ᠪᠣᠯ ᠳᠤᠮᠳᠠᠳᠤ ᠵᠢᠨ ᠦᠨᠳᠦᠰᠦᠲᠡᠨ᠎ᠨᠦᠭᠦᠳ᠎ᠤᠨ ᠨᠢᠭᠡ ᠭᠡᠷ ᠪᠥᠯᠢ ᠵᠢᠨ᠎ᠬᠢᠨ ᠮᠡᠲᠦ ᠳᠣᠲᠤᠨᠤ ᠪᠠᠢ᠌ᠬᠤ ᠪᠠᠲᠤ ᠴᠢᠩᠭ᠎ᠠ ᠬᠣᠯᠪᠣᠭ᠋ᠠᠰᠤ ᠮᠥᠨ᠃ ᠲᠠᠪᠤᠨ ᠮᠢᠩᠭ᠎ᠠ ᠭᠠᠷᠤᠢ ᠵᠢᠯ᠎ᠤᠨ ᠳᠤᠮᠳᠠᠳᠤ ᠵᠢᠨ ᠪᠣᠯᠪᠠᠰᠤᠨ᠎ᠤ ᠪᠣᠢ᠌ᠵᠢᠭᠤᠯᠵᠤ ᠪᠦᠷᠢᠯᠳᠦᠭᠦᠯᠦᠭᠰᠡᠨ ᠠᠭᠤᠤ ᠶᠡᠬᠡ ᠡᠬᠡ ᠣᠷᠣᠨ᠂ ᠠᠭᠤᠤ ᠶᠡᠬᠡ ᠦᠨᠳᠦᠰᠦᠲᠡᠨ ᠪᠣᠯ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠬᠠᠮᠤᠭ᠎ᠤᠨ ᠭᠦᠨ ᠵᠤᠵᠠᠭ᠋ᠠᠨ᠂ ᠬᠠᠮᠤᠭ᠎ᠤᠨ ᠥᠨᠢ ᠤᠳᠠᠭ᠋ᠠᠨ ᠬᠠᠢ᠌ᠷ᠎ᠠ ᠰᠡᠳᠬᠢᠯ᠎ᠤᠨ ᠬᠤᠯᠪᠤᠭ᠎ᠠ ᠶᠤᠮ᠃
ᠣᠳᠣᠬᠠᠨ᠎ᠳᠤ ᠰᠠᠭᠤᠷᠢᠯᠠᠬᠤᠶᠠ᠂ ᠳᠤᠮᠳᠠᠳᠤ ᠤᠯᠤᠰ᠎ᠤᠨ ᠡᠪ ᠬᠠᠮᠲᠤ ᠨᠠᠮ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠪᠦᠲᠦᠭᠡᠯᠴᠢ᠎ᠪᠠᠷ ᠨᠡᠭᠡᠭᠡᠵᠡᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠢᠯᠡ ᠲᠣᠳᠣ ᠳᠤᠷᠠᠳᠴᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠬᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢ᠌ᠳᠠᠯ᠎ᠢ ᠨᠡᠭᠡᠭᠡᠵᠡᠢ᠃ ᠡᠨᠡ ᠬᠦ᠌ ᠵᠠᠮ᠎ᠨᠢ ᠳᠤᠮᠳᠠᠳᠤ ᠵᠢᠨ ᠦᠨᠳᠦᠰᠦᠲᠡᠨ᠎ᠤ ᠦᠨᠳᠦᠰᠦᠨ ᠠᠰᠢᠭ ᠲᠤᠰᠠ ᠪᠠ ᠪᠦᠬᠦᠯᠢ ᠴᠣᠭᠴᠠ ᠵᠢᠨ ᠠᠰᠢᠭ ᠲᠤᠰᠠ ᠵᠢ ᠪᠣᠳᠣᠯᠬᠢᠯᠠᠵᠤ᠂ ᠦᠨᠳᠦᠰᠦᠲᠡᠨ᠎ᠨᠦᠭᠦᠳ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠪᠡᠶᠡᠯᠡᠬᠦᠯᠪᠡ᠃ ᠡᠨᠡ ᠬᠦ᠌ ᠵᠠᠮ᠎ᠨᠢ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠢ᠌ᠬᠤ ᠵᠢ ᠪᠠᠷᠢᠮᠲᠠᠯᠠᠵᠤ᠂ ᠦᠨᠳᠦᠰᠦᠲᠡᠨ᠎ᠤ ᠳᠠᠷᠤᠯᠠᠯ ᠪᠠ ᠦᠨᠳᠦᠰᠦᠲᠡᠨ᠎ᠤ ᠭᠠᠳᠠᠭᠤᠷᠴᠢᠯᠠᠯ᠎ᠢ ᠡᠰᠡᠷᠭᠦᠴᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠡᠨ ᠬᠦ᠌ ᠡᠷᠬᠡ ᠲᠡᠭᠰᠢ ᠤᠯᠤᠰ ᠲᠦᠷᠦ ᠵᠢᠨ ᠡᠷᠬᠡ ᠵᠢ ᠣᠯᠵᠤ᠂ ᠬᠠᠮᠲᠤ᠎ᠪᠠᠷ ᠡᠷᠬᠡ ᠮᠡᠳᠡᠵᠦ ᠡᠵᠡᠨ ᠰᠠᠭᠤᠬᠤ ᠵᠢ ᠪᠠᠳᠤᠯᠠᠪᠠ᠃ ᠡᠨᠡ ᠬᠦ᠌ ᠵᠠᠮ᠎ᠨᠢ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ ᠪᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠵᠢ ᠬᠡᠷᠡᠭᠵᠢᠭᠦᠯᠬᠦ ᠵᠢᠨ ᠬᠠᠷᠢᠴᠠᠭ᠎ᠠ ᠵᠢ ᠵᠥᠪ ᠡᠵᠡᠮᠰᠢᠵᠦ᠂ ᠨᠢᠭᠡᠳᠬᠡᠬᠦ ᠪᠠ ᠥᠪᠡᠷᠲᠡᠭᠡᠨ ᠵᠠᠰᠠᠬᠤ ᠵᠢ ᠤᠶᠠᠯᠳᠤᠭᠤᠯᠬᠤ᠂ ᠦᠨᠳᠦᠰᠦᠲᠡᠨ᠎ᠤ ᠬᠦᠴᠦᠨ ᠵᠦᠢ᠍ᠯ ᠪᠠ ᠣᠷᠣᠨ ᠪᠦᠰᠡ ᠵᠢᠨ ᠬᠦᠴᠦᠨ ᠵᠦᠢ᠍ᠯ᠎ᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠮᠡᠳᠡᠷᠡᠬᠦᠢ᠎ᠪᠠᠷ ᠨᠡᠩ ᠦᠨᠳᠦᠷ᠂ ᠨᠢᠭᠲᠠᠷᠠᠯ᠎ᠤᠨ ᠬᠦᠴᠦᠨ ᠵᠶ᠋ᠡᠷ ᠨᠡᠩ ᠴᠢᠩᠭ᠎ᠠ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠬᠤ ᠵᠢ ᠠᠬᠢᠭᠤᠯᠪᠠ᠃
ᠢᠷᠡᠭᠡᠳᠦᠢ ᠵᠢ ᠪᠠᠷᠠᠯᠠᠬᠤᠶ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠳᠤᠮᠳᠠᠳᠤ ᠤᠯᠤᠰ᠎ᠤᠨ 56 ᠦᠨᠳᠦᠰᠦᠲᠡᠨ᠂ 14 ᠳ᠋ᠦᠩᠰᠢᠭᠤᠷ ᠭᠠᠷᠤᠢ ᠠᠷᠠᠳ ᠲᠦᠮᠡᠨ᠎ᠤ ᠲᠠᠯᠠᠢ᠌ᠴᠨ ᠶᠡᠬᠡ ᠬᠦᠴᠦᠨ᠎ᠢ ᠨᠢᠭᠲᠠᠷᠠᠭᠤᠯᠬᠤ ᠴᠢᠬᠤᠯᠠᠲᠠᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠨᠠᠮ ᠪᠣᠯᠣᠨ ᠤᠯᠤᠰ᠎ᠤᠨ ᠭᠣᠣᠯ ᠡᠭᠦᠷᠭᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠢ ᠪᠠᠢ᠌ᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠶᠠᠪᠤᠳᠠᠯ ᠪᠠᠢ᠌ᠵᠦ᠂ ᠡᠭᠦᠨ᠎ᠳᠤ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠳᠤ᠎ᠪᠠᠷ ᠪᠦᠯᠬᠦᠮᠳᠡᠨ ᠲᠡᠮᠡᠴᠡᠬᠦ ᠬᠡᠷᠡᠭᠲᠠᠢ᠃ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠴᠤᠬ᠍ᠴᠠᠯᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭ᠎ᠠ ᠰᠣᠶᠣᠯ᠎ᠤᠨ ᠲᠤᠯᠭ᠋ᠠᠭᠤᠷᠢᠯᠠᠯ᠎ᠢ ᠬᠠᠩᠭ᠋ᠠᠬᠤ ᠭᠡᠷᠡᠭᠳᠡᠢ᠃ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠨᠦᠭᠦᠳ᠎ᠤᠨ ᠬᠠᠮᠳᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠰᠢᠭᠢᠳᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠤ᠎ᠪᠠᠷ ᠵᠠᠰᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
ᠦᠷᠭᠦᠯᠵᠢᠯᠡᠨ ᠲᠡᠮᠡᠴᠡᠵᠦ ᠰᠢᠨ᠎ᠡ ᠠᠶᠠᠨ ᠵᠶ᠋ᠠᠨ ᠡᠬᠢᠯᠡᠭᠦᠯᠵᠦ ᠡᠷᠡᠯᠭᠡᠭᠯᠡᠨ ᠤᠷᠤᠭᠰᠢᠯᠠᠶ᠎ᠠ᠃ ᠪᠢᠳᠡ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠯ ᠲᠡᠮᠡᠴᠡᠯ᠎ᠳᠤ ᠲᠦᠰᠢᠭᠯᠡᠵᠦ ᠲᠡᠦᠬᠡ ᠵᠢᠨ ᠬᠠᠭᠤᠳᠠᠰᠤ ᠵᠢ ᠭᠡᠷᠡᠯᠳᠦᠬᠦᠯᠬᠦ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠭᠰᠡᠨ ᠪᠥᠭᠡᠳ ᠪᠠᠰᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠯ ᠲᠡᠮᠡᠴᠡᠯ᠎ᠳᠤ ᠲᠦᠰᠢᠭᠯᠡᠵᠦ ᠭᠡᠷᠡᠯ ᠰᠠᠴᠤᠷᠠᠩᠭᠤᠢ ᠰᠢᠨ᠎ᠡ ᠠᠮᠵᠢᠯᠲᠠ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠪᠢᠳᠡ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠡ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠢ ᠪᠠᠢ᠌ᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠬᠡᠷᠡᠭᠲᠡᠢ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ