ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠴᠢᠬᠤᠯᠠ ᠠᠴᠢ ᠬᠣᠯᠪᠣᠭᠳᠠᠯ ᠪᠠ ᠦᠢ᠍ᠯᠡᠳᠦᠯᠭᠡ ᠵᠢᠨ ᠠᠷᠭ᠎ᠠ ᠵᠠᠮ ᠭᠡᠬᠦ ᠬᠣᠶᠠᠷ ᠲᠠᠯ᠎ᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠱᠠᠭ᠋ᠠᠷᠳᠠᠯᠭ᠎ᠠ ᠵᠢ ᠣᠢ᠌ᠯᠠᠭ᠋ᠠᠨ ᠡᠵᠡᠮᠰᠢᠵᠦ᠂ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠴᠠᠭ ᠦᠶ᠎ᠡ ᠵᠢᠨ ᠦᠷᠳᠡᠭ
ᠮᠠᠨ᠎ᠤ ᠤᠯᠤᠰ᠎ᠤᠨ ᠦᠨᠳᠦᠰᠦᠨ ᠪᠠᠢ᠌ᠳᠠᠯ᠎ᠳᠤ ᠰᠠᠭᠤᠷᠢᠯᠠᠭᠰᠠᠨ ᠵᠠᠢ᠌ᠯᠠᠰᠢ ᠦᠭᠡᠢ ᠰᠣᠩᠭᠣᠯᠲᠠ ᠮᠦᠨ᠃ ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ ᠶᠤᠮ᠂ ᠡᠨᠡ ᠪᠣᠯ ᠤᠯᠤᠰ᠎ᠤᠨ ᠦᠨᠳᠦᠰᠦᠨ ᠪᠠᠢ᠌ᠳᠠᠯ ᠪᠤᠯᠤᠨ᠎ᠠ᠃ ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠠᠭᠤᠤ ᠶᠡᠬᠡ ᠦᠨᠳᠦᠰᠦᠲᠡᠨ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ ᠪᠣᠯ ᠠᠶᠠᠨᠳᠠᠭ᠋ᠠᠨ ᠨᠢᠭᠲᠠᠷᠠᠭᠰᠠᠨ ᠪᠠ ᠤᠯᠤᠰ ᠲᠦᠷᠦ᠎ᠪᠠᠷ ᠪᠦᠲᠦᠭᠡᠭᠳᠡᠭᠰᠡᠨ ᠣᠷᠭ᠋ᠠᠨᠢᠭ ᠨᠢᠭᠡᠳᠦᠯ᠎ᠤᠨ ᠶᠠᠪᠤᠴᠠ ᠮᠥᠨ᠂ ᠪᠠᠰᠠ ᠴᠤ᠌ ᠵᠢᠷᠭ᠋ᠠᠯ ᠵᠣᠪᠠᠯ ᠵᠶ᠋ᠠᠨ ᠬᠠᠮᠲᠤᠳᠬᠠᠭᠰᠠᠨ᠂ ᠠᠯᠳᠠᠷ ᠭᠤᠳᠤᠮᠰᠢᠭ ᠵᠶ᠋ᠠᠨ ᠬᠠᠮᠲᠤᠳᠬᠠᠭᠰᠠᠨ᠂ ᠦᠬᠦᠵᠦ ᠰᠡᠭᠡᠬᠦ᠎ᠪᠠᠨ ᠬᠠᠮᠲᠤᠳᠬᠠᠭᠰᠠᠨ᠂ ᠬᠤᠪᠢ ᠵᠠᠶᠠᠭ᠎ᠠ᠎ᠪᠠᠨ ᠬᠠᠮᠲᠤᠳᠬᠠᠭᠰᠠᠨ ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠲᠠᠰᠤᠷᠠᠯᠲᠠ ᠦᠭᠡᠢ ᠴᠢᠩᠭ᠋ᠠᠳᠬᠠᠭᠰᠠᠨ ᠶᠠᠪᠤᠴᠠ ᠮᠥᠨ᠃ ᠣᠳᠣᠬᠠᠨ᠎ᠤ ᠳᠡᠯᠡᠬᠡᠢ ᠶᠢᠷᠲᠢᠨᠴᠦ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠳᠤ ᠣᠷᠣᠰᠢᠵᠤ᠂ ᠦᠨᠳᠦᠰᠦᠲᠡᠨ᠎ᠤ ᠬᠠᠷᠢᠴᠠᠭ᠎ᠠ ᠵᠢ ᠨᠥᠯᠥᠭᠡᠯᠡᠬᠦ ᠬᠦᠴᠦᠨ ᠵᠦᠢ᠍ᠯ ᠨᠡᠩ ᠪᠤᠳᠤᠯᠢᠶᠠᠨᠲᠠᠢ ᠪᠣᠯᠵᠤ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠡᠭᠦᠷᠭᠡ ᠨᠡᠩ ᠪᠡᠷᠬᠡ ᠬᠠᠳᠠᠭᠤᠵᠢᠯᠳᠠᠢ ᠪᠣᠯᠵᠠᠢ᠃ ᠡᠨᠡ᠎ᠨᠢ ᠦᠨᠳᠦᠰᠦᠲᠡᠨ᠎ᠨᠦᠭᠦᠳ᠎ᠤᠨ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠢ ᠳᠡᠭᠡᠳᠦ ᠬᠡᠮᠵᠢᠶ᠎ᠡ᠎ᠪᠠᠷ ᠮᠡᠳᠡᠷᠡᠬᠦᠢ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠵᠢ ᠨᠡᠩ ᠢᠯᠡᠬᠦᠦ ᠱᠠᠭ᠋ᠠᠷᠳᠠᠵᠤ ᠪᠠᠢ᠌ᠨ᠎ᠠ᠃
ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠵᠠᠢ᠌ᠯᠠᠰᠢ ᠦᠭᠡᠢ ᠱᠠᠭ᠋ᠠᠷᠳᠠᠯᠭ᠎ᠠ ᠪᠤᠯᠤᠨ᠎ᠠ᠃ ᠣᠳᠤ᠂ ᠦᠨᠳᠦᠰᠦᠲᠡᠨ᠎ᠤ ᠭᠠᠵᠠᠷ ᠣᠷᠣᠨ ᠪᠦᠬᠦ ᠤᠯᠤᠰ᠎ᠲᠠᠢ ᠬᠠᠮᠲᠤ᠎ᠪᠠᠷ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠵᠦ᠂ ᠨᠡᠢ᠌ᠭᠡᠮ ᠵᠢᠷᠦᠮᠲᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ ᠵᠠᠮ ᠵᠶ᠋ᠠᠷ ᠵᠠᠮᠨᠠᠵᠦ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠯᠳᠤ ᠨᠡᠢ᠌ᠭᠡᠮ ᠵᠢᠷᠤᠮᠲᠤ ᠦᠨᠳᠦᠰᠦᠲᠡᠨ᠎ᠤ ᠬᠠᠷᠢᠴᠠᠭ᠎ᠠ ᠲᠠᠰᠤᠷᠠᠯᠲᠠ ᠦᠭᠡᠢ ᠬᠥᠭᠵᠢᠨ ᠪᠡᠬᠢᠵᠢᠪᠡ᠂ ᠭᠡᠪᠡᠴᠦ ᠦᠨᠳᠦᠰᠦᠲᠡᠨ᠎ᠤ ᠠᠵᠢᠯ᠎ᠳᠤ ᠮᠥᠨ ᠪᠠᠭ᠎ᠠ ᠪᠤᠰᠤ ᠠᠶᠤᠯ ᠲᠦᠭᠰᠢᠭᠦᠷᠢ ᠪᠠ ᠥᠷᠢᠰᠦᠯᠳᠦᠭᠡᠨ ᠲᠤᠯᠭ᠋ᠠᠷᠠᠵᠤ ᠪᠠᠢ᠌ᠨ᠎ᠠ᠃ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠱᠠᠲᠤ ᠦᠶᠡᠴᠢ ᠴᠢᠨᠠᠷᠲᠠᠢ ᠣᠨᠴᠠᠯᠢᠭ᠎ᠢ ᠣᠨᠣᠪᠴᠢᠲᠠᠶ ᠡᠵᠡᠮᠰᠢᠵᠦ᠂ ᠰᠠᠢ᠌ᠨ ᠰᠠᠢ᠌ᠬᠠᠨ ᠪᠠᠢ᠌ᠳᠠᠯ᠎ᠢ ᠪᠡᠬᠢᠵᠢᠬᠦᠯᠵᠦ᠂ ᠪᠣᠳᠠᠲᠠᠢ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠵᠥᠷᠢᠴᠡᠯ ᠪᠠ ᠠᠰᠠᠭᠤᠳᠠᠯ᠎ᠢ ᠰᠢᠢ᠍ᠳᠪᠦᠷᠢᠯᠡᠵᠦ᠂ ᠨᠠᠮ᠎ᠤᠨ ᠦᠨᠳᠦᠰᠦᠲᠡᠨ᠎ᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠲᠡᠤᠭᠡᠨ ᠦᠷᠬᠦᠯᠵᠢᠯᠡᠯ ᠮᠦᠷᠲᠡᠬᠡᠨ ᠰᠢᠨ᠎ᠡ ᠬᠦᠭᠵᠢᠯᠳᠡ ᠭᠡᠳᠡᠭ᠎ᠢ ᠭᠦᠨᠵᠡᠭᠡᠢ ᠲᠠᠨᠢᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠪᠣᠯ ᠳᠠᠷᠤᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠰᠢᠨ᠎ᠡ ᠵᠠᠮ ᠴᠢᠭᠯᠡᠯ ᠮᠥᠨ᠂ ᠳᠠᠷᠤᠢ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠵᠠᠮ ᠪᠤᠯᠤᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠦᠢ᠍ᠯᠡᠳᠦᠯᠭᠡ ᠵᠢᠨ ᠠᠷᠭ᠎ᠠ ᠵᠠᠮ᠎ᠢ ᠠᠬᠢᠭᠤᠯᠤᠶ᠎ᠠ
ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠢ᠍ᠯᠡᠰ᠎ᠢ ᠤᠳᠤᠷᠢᠳᠬᠤ ᠭᠤᠤᠯ ᠬᠦᠴᠦᠨ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠤᠭ᠎ᠤᠨ ᠨᠠᠢ᠌ᠳᠠᠪᠤᠷᠢᠲᠠᠢ ᠲᠦᠰᠢᠭ ᠲᠤᠯᠭ᠋ᠠᠭᠤᠷᠢ ᠮᠥᠨ᠃ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ ᠭᠡᠷᠡᠯ ᠰᠠᠴᠤᠷᠠᠩᠭᠤᠢ ᠠᠮᠵᠢᠯᠲᠠ ᠤᠯᠤᠬᠰᠠᠨ᠎ᠨᠢ ᠨᠠᠮ᠎ᠤᠨ ᠦᠨᠳᠦᠰᠦᠲᠡᠨ᠎ᠤ ᠠᠵᠢᠯ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠳᠠᠯᠠᠭᠰᠠᠨ ᠶᠠᠪᠤᠳᠠᠯ ᠪᠣᠯ ᠬᠠᠮᠤᠭ᠎ᠤᠨ ᠦᠨᠳᠦᠰᠦᠨ ᠪᠠᠲᠤᠯᠠᠭ᠎ᠠ ᠪᠠ ᠬᠠᠮᠤᠭ᠎ᠤᠨ ᠴᠢᠬᠤᠯᠠ ᠲᠤᠷᠰᠢᠯᠭ᠎ᠠ ᠪᠣᠯᠬᠤ ᠶᠤᠮ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ ᠡᠷᠬᠡᠪᠰᠢ ᠡᠨᠡ ᠬᠦ᠌ ᠵᠠᠷᠴᠢᠮ᠎ᠢ ᠭᠤᠢ᠌ᠪᠢᠰᠢ ᠦᠭᠡᠢ ᠪᠠᠷᠢᠮᠲᠠᠯᠠᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠵᠢ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠢ᠌ᠷᠢᠰᠢᠯ᠎ᠢ ᠪᠠᠶ᠋ᠢᠭᠤᠯᠬᠤ ᠲᠤᠬᠠᠢ ᠨᠠᠮ᠎ᠤᠨ ᠲᠥᠪ ᠬᠤᠷᠢᠶ᠎ᠡ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠬᠣᠷᠢᠶ᠎ᠠ ᠦᠨᠳᠦᠰᠦᠲᠡᠨ᠎ᠤ ᠠᠵᠢᠯ᠎ᠢ ᠤᠳᠤᠷᠢᠳᠬᠤ᠂ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠠᠴᠠ ᠦᠨᠳᠦᠰᠦᠲᠡᠨ᠎ᠤ ᠠᠵᠢᠯ᠎ᠢ ᠨᠢᠭᠡᠳᠦᠯᠲᠡᠢ ᠲᠦᠯᠦᠪᠵᠢᠬᠦᠯᠦᠨ ᠵᠣᠬᠢᠴᠠᠭᠤᠯᠬᠤ᠂ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠢ ᠤᠳᠤᠷᠢᠳᠬᠤ᠂ ᠦᠨᠳᠦᠰᠦᠲᠡᠨ᠎ᠤ ᠵᠦᠪᠯᠡᠯ᠎ᠤᠨ ᠭᠡᠰᠢᠭᠦᠨ ᠨᠢᠭᠡᠴᠢ ᠵᠢᠨ ᠦᠢ᠍ᠯᠡᠳᠦᠯ᠎ᠢ ᠨᠠᠩ ᠰᠠᠢ᠌ᠨ ᠪᠠᠳᠠᠷᠠᠭᠤᠯᠬᠤ ᠪᠠᠢ᠌ᠭᠤᠯᠤᠮᠵᠢ ᠲᠣᠭᠲᠠᠴᠠ ᠵᠢ ᠤᠯᠠᠮ ᠴᠢᠨᠠᠭᠰᠢᠳᠠ ᠲᠡᠬᠦᠯᠳᠡᠷᠵᠢᠬᠦᠯᠬᠦ ᠭᠡᠷᠡᠭᠳᠡᠢ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ 《ᠲᠠᠪᠤᠨ ᠮᠡᠳᠡᠷᠡᠬᠦᠢ》 ᠵᠢ ᠲᠠᠰᠤᠷᠠᠯᠳᠠ ᠦᠭᠡᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠬᠦᠰᠡᠯ ᠵᠡᠭᠦᠳᠦ ᠵᠢ ᠰᠡᠳᠬᠢᠯ ᠨᠢᠭᠡᠳᠦᠨ ᠬᠠᠮᠲᠤ᠎ᠪᠠᠷ ᠲᠡᠷᠭᠡᠯᠰᠢᠭᠦᠯᠦᠨ᠎ᠡ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠤᠷᠤᠨ᠎ᠢ ᠴᠤᠭᠴᠠᠯᠠᠨ ᠪᠠᠢ᠌ᠭᠤᠯᠤᠨ᠎ᠠ᠃ ᠰᠣᠶᠣᠯ᠎ᠤᠨ ᠬᠤᠪᠢ ᠵᠠᠶᠠᠭ᠎ᠠ ᠤᠯᠤᠰ᠎ᠤᠨ ᠬᠤᠪᠢ ᠵᠠᠶᠠᠭ᠎ᠠ᠎ᠲᠠᠢ ᠬᠣᠯᠪᠣᠯᠳᠤᠵᠤ᠂ ᠰᠣᠶᠣᠯ᠎ᠤᠨ ᠰᠤᠳᠠᠰᠤ ᠤᠯᠤᠰ᠎ᠤᠨ ᠰᠤᠳᠠᠰᠤ᠎ᠲᠠᠢ ᠬᠣᠯᠪᠣᠯᠳᠤᠵᠤ ᠪᠠᠢ᠌ᠳᠠᠭ᠃ ᠰᠣᠶᠣᠯ᠎ᠤᠨ ᠢᠲᠡᠭᠡᠯ ᠪᠣᠯ ᠨᠡᠩ ᠦᠨᠳᠦᠰᠦᠨ ᠰᠠᠭᠤᠷᠢ᠂ ᠨᠡᠩ ᠥᠷᠭᠡᠨ ᠳᠡᠯᠭᠡᠷ᠂ ᠨᠡᠩ ᠭᠦᠨ ᠵᠤᠵᠠᠭ᠋ᠠᠨ ᠢᠲᠡᠭᠡᠯ ᠮᠥᠨ᠂ ᠡᠨᠡ᠎ᠨᠢ ᠨᠢᠭᠡ ᠤᠯᠤᠰ᠂ ᠨᠢᠭᠡ ᠦᠨᠳᠦᠰᠦᠲᠡᠨ᠎ᠤ ᠬᠥᠭᠵᠢᠯᠲᠡ ᠵᠢᠨ ᠳᠤᠮᠳᠠᠬᠢ ᠬᠠᠮᠤᠭ᠎ᠤᠨ ᠦᠨᠳᠦᠰᠦᠨ᠂ ᠬᠠᠮᠤᠭ᠎ᠤᠨ ᠬᠦᠨ ᠴᠢᠬᠢᠮᠡᠢ᠂ ᠬᠠᠮᠤᠭ᠎ᠤᠨ ᠤᠳᠠᠭ᠋ᠠᠨ ᠳᠠᠭ᠋ᠠᠭ᠋ᠠᠮᠠᠭ᠋ᠠᠢ ᠬᠦᠴᠦᠨ ᠮᠥᠨ᠃ ᠳᠤᠮᠳᠠᠳᠤ ᠵᠢᠨ ᠦᠨᠳᠦᠰᠦᠲᠡᠨ᠎ᠨᠦᠭᠦᠳ ᠤᠷᠳᠤ ᠬᠤᠭᠤᠴᠠᠭ᠋ᠠᠨ᠎ᠤ ᠦᠢ᠍ᠯᠡᠳᠪᠦᠷᠢᠯᠡᠯ ᠦᠢ᠍ᠯᠡᠳᠦᠯᠭᠡ ᠪᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠡᠷᠬᠢᠮ ᠨᠠᠨᠳᠢᠨ ᠰᠣᠶᠣᠯ᠎ᠤᠨ ᠡᠳ᠋ ᠪᠠᠶᠠᠯᠢᠭ᠎ᠢ ᠬᠠᠮᠲᠤ᠎ᠪᠠᠷ ᠡᠭᠦᠳᠦᠨ ᠪᠦᠲᠦᠭᠡᠪᠡ᠂ ᠥᠨᠢᠷ ᠪᠠᠶᠠᠯᠢᠭ ᠥᠨᠢ ᠤᠳᠠᠭ᠋ᠠᠨ ᠲᠡᠦᠬᠡ᠎ᠲᠠᠢ ᠳᠤᠮᠳᠠᠳᠤ ᠵᠢᠨ ᠰᠣᠶᠣᠯ᠎ᠨᠢ ᠳᠤᠮᠳᠠᠳᠤ ᠵᠢᠨ ᠬᠥᠪᠡᠭᠦᠳ ᠥᠬᠢᠳ᠎ᠤᠨ ᠬᠠᠮᠤᠭ᠎ᠤᠨ ᠬᠦᠨ ᠴᠢᠬᠢᠮᠡᠢ ᠬᠦᠴᠦᠨ ᠪᠣᠯᠤᠭᠰᠠᠨ ᠪᠠᠢ᠌ᠨ᠎ᠠ᠃ ᠨᠡᠢ᠌ᠭᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠵᠤ᠂ ᠡᠬᠡ ᠣᠷᠣᠨᠴᠢ ᠦᠵᠡᠯ᠂ ᠨᠡᠢ᠌ᠲᠡᠴᠢ ᠦᠵᠡᠯ᠂ ᠨᠡᠢ᠌ᠭᠡᠮ ᠵᠢᠷᠤᠮ᠎ᠤᠨ ᠬᠥᠮᠦᠵᠢᠯ᠎ᠢ ᠭᠦᠨᠵᠡᠭᠡᠢ᠌ᠷᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠵᠥᠪ ᠤᠯᠤᠰ᠎ᠤᠨ ᠦᠵᠡᠯᠲᠡ᠂ ᠵᠥᠪ ᠲᠡᠦᠬᠡ ᠵᠢᠨ ᠦᠵᠡᠯᠲᠡ᠂ ᠵᠥᠪ ᠦᠨᠳᠦᠰᠦᠲᠡᠨ᠎ᠤ ᠦᠵᠡᠯᠲᠡ᠂ ᠵᠥᠪ ᠰᠣᠶᠣᠯ᠎ᠤᠨ ᠦᠵᠡᠯᠲᠡ᠂ ᠵᠥᠪ ᠱᠠᠰᠢᠨ ᠰᠤᠷᠲᠠᠬᠤᠨ᠎ᠤ ᠦᠵᠡᠯᠲᠡ ᠵᠢ ᠪᠡᠬᠢᠵᠢᠬᠦᠯᠬᠦ ᠬᠡᠷᠡᠭᠲᠡᠢ᠃ ᠵᠠᠯᠠᠭᠤᠴᠤᠳ ᠪᠠᠭ᠋ᠠᠴᠤᠳ᠎ᠤᠨ ᠲᠡᠦᠬᠡ ᠰᠣᠶᠣᠯ᠎ᠤᠨ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠵᠢ ᠠᠬᠢᠭᠤᠯᠵᠦ᠂ ᠤᠯᠤᠰ᠎ᠤᠨ ᠨᠢᠭᠡᠲᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠢ ᠬᠡᠷᠡᠭᠯᠡᠬᠦ ᠵᠢ ᠪᠥᠬᠥ ᠲᠠᠯ᠎ᠠ᠎ᠪᠠᠷ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ ᠬᠡᠦᠬᠡᠳ᠎ᠤᠨ ᠤᠶᠤᠨ ᠰᠠᠨᠠᠭ᠋ᠠᠨ᠎ᠳᠤ ᠬᠠᠳᠠᠩᠰᠢᠭᠤᠯᠤᠨ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ᠂ ᠰᠢᠨ᠎ᠡ ᠡᠭᠦᠳᠦᠯᠲᠡ᠎ᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ ᠬᠠᠮᠲᠤ᠎ᠪᠠᠷ ᠵᠢᠷᠭ᠋ᠠᠬᠤ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠲᠤᠪᠤᠢ᠌ᠯᠭ᠋ᠠᠵᠤ᠂ ᠪᠦᠯᠬᠦᠮᠳᠡᠨ ᠤᠷᠤᠭᠰᠢᠯᠠᠬᠤ ᠤᠶᠤᠨ ᠰᠠᠨᠠᠭ᠋ᠠᠨ᠎ᠤ ᠬᠣᠯᠪᠣᠭ᠋ᠠᠰᠤ ᠵᠢ ᠴᠢᠩᠭ᠋ᠠᠯᠠᠬᠤ ᠭᠡᠷᠡᠭᠳᠡᠢ᠃
ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠳᠤᠳᠠᠢ ᠠᠬᠢᠭᠤᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 56 ᠦᠨᠳᠦᠰᠦᠲᠡᠨ ᠬᠠᠮᠳᠤ᠎ᠪᠠᠷ ᠶᠠᠳᠠᠭᠤ᠎ᠠᠴᠠ ᠠᠩᠭᠢᠵᠢᠷᠠᠵᠤ ᠴᠢᠨᠡᠭᠡᠯᠢᠭᠵᠢᠬᠦ ᠮᠢᠩᠭ᠋ᠠᠨ ᠵᠢᠯ᠎ᠤᠨ ᠬᠦᠰᠡᠯ ᠡᠷᠡᠮᠡᠯᠵᠡᠯ ᠵᠶ᠋ᠠᠨ ᠪᠡᠶᠡᠯᠡᠭᠦᠯᠵᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠲᠠᠰᠤᠷᠠᠯᠲᠠ ᠦᠭᠡᠢ ᠭᠦᠨᠵᠡᠭᠡᠢ᠌ᠷᠡᠬᠦ ᠵᠢ ᠲᠠᠭ᠋ᠠᠯᠳᠤᠵᠦ᠂ ᠦᠨᠳᠦᠰᠦᠲᠡᠨ᠎ᠨᠦᠭᠦᠳ ᠠᠵᠤ ᠠᠬᠤᠢ ᠵᠢᠨ ᠲᠠᠯ᠎ᠠ᠎ᠪᠠᠷ ᠨᠡᠩ ᠢᠯᠡᠭᠦᠦ ᠬᠠᠮᠲᠤ᠎ᠪᠠᠷ ᠪᠠᠶᠠᠵᠢᠵᠤ ᠬᠠᠮᠲᠤ᠎ᠪᠠᠷ ᠡᠳ᠋ᠯᠡᠬᠦ ᠪᠣᠯᠵᠠᠢ᠃ ᠦᠨᠳᠦᠰᠦᠲᠡᠨ᠎ᠤ ᠭᠠᠵᠠᠷ ᠣᠷᠣᠨ᠎ᠤ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠲᠦᠷᠭᠡᠪᠴᠢᠯᠡᠨ ᠠᠭᠤᠰᠤᠯᠴᠠᠬᠤ ᠵᠢ ᠲᠡᠮᠵᠢᠵᠤ᠂ ᠡᠯ᠎ᠡ ᠭᠠᠵᠠᠷ ᠣᠷᠣᠨ᠎ᠤ ᠠᠵᠤ ᠠᠬᠤᠢ ᠵᠢᠨ ᠲᠠᠯ᠎ᠠ᠎ᠪᠠᠷ ᠨᠡᠩ ᠨᠢᠭᠲᠠ ᠬᠣᠯᠪᠣᠯᠳᠤᠵᠤ᠂ ᠨᠢᠭᠡ ᠴᠣᠭᠴᠠ ᠪᠤᠯᠵᠦ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠵᠢᠨ ᠣᠨᠤᠯᠵᠢᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠥᠭᠡᠷᠡᠴᠢᠯᠡᠯᠲᠡ ᠨᠡᠭᠡᠭᠡᠯᠲᠡ ᠵᠢ ᠲᠠᠰᠤᠷᠠᠯᠳᠠ ᠦᠭᠡᠢ ᠭᠦᠨᠵᠡᠭᠡᠢ᠌ᠷᠡᠭᠦᠯᠵᠦ᠂ ᠣᠨᠴᠠᠯᠢᠭᠲᠤ ᠳᠠᠪᠠᠭᠤᠯᠢᠭ᠎ᠲᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠰᠢᠨ᠎ᠡ ᠴᠢᠨᠠᠷᠯᠢᠭ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠪᠠᠷᠢᠮᠲᠠᠯᠠᠵᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠡᠩᠴᠡᠭᠦᠷᠢᠲᠦ ᠴᠢᠨᠠᠷ ᠪᠠ ᠬᠦᠷᠦᠯᠴᠡᠬᠦᠢ᠌ᠴᠡ ᠴᠢᠨᠠᠷ᠎ᠢ ᠴᠢᠩᠭ᠋ᠠᠳᠬᠠᠵᠤ᠂ ᠠᠷᠠᠳ᠎ᠤᠨ ᠰᠠᠨᠠᠭ᠋ᠠᠨ᠎ᠳᠤ ᠨᠡᠢ᠌ᠴᠡᠭᠰᠡᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠳᠡᠭᠡᠭᠰᠡᠨ᠂ ᠠᠷᠠᠳ᠎ᠤᠨ ᠰᠡᠳᠬᠢᠯ᠎ᠳᠤ ᠲᠠᠭ᠋ᠠᠯᠠᠭᠳᠠᠭᠰᠠᠨ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭ᠋ᠠᠬᠤ ᠭᠡᠷᠡᠭᠳᠡᠢ᠃
ᠡᠯ᠎ᠡ ᠦᠨᠳᠦᠰᠦᠲᠡᠨ ᠪᠦᠬᠦ ᠲᠠᠯ᠎ᠠ ᠵᠢᠨ ᠰᠢᠬᠢᠳᠬᠡᠯᠲᠦ ᠵᠢ ᠠᠬᠢᠭᠤᠯᠤᠨ᠎ᠠ᠃ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠪᠣᠯ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠵᠠᠪᠠᠯ ᠵᠠᠮᠨᠠᠬᠤ ᠵᠠᠮ ᠮᠥᠨ᠃ ᠳᠤᠮᠳᠠᠳᠤ ᠵᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠳᠤᠮᠳᠠ ᠴᠣᠭᠴᠠᠯᠠᠭᠳᠠᠭᠰᠠᠨ ᠶᠤᠮ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠴᠦ᠍ ᠮᠦᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠳᠤᠮᠳᠠ ᠪᠡᠶᠡᠯᠡᠭᠳᠡᠬᠦ᠎ᠨᠢ ᠯᠠᠪᠲᠠᠢ ᠶᠤᠮ᠃ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠪᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠦᠯᠦᠪᠵᠢᠬᠦᠯᠵᠦ᠂ ᠬᠢᠯᠢ ᠬᠢᠵᠠᠭ᠋ᠠᠷ ᠪᠤᠯᠤᠨ ᠦᠨᠳᠦᠰᠦᠲᠡᠨ᠎ᠤ ᠭᠠᠵᠠᠷ ᠣᠷᠣᠨ᠎ᠤ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠮᠥᠨ ᠵᠶ᠋ᠡᠷ ᠦᠨᠳᠦᠰᠦ ᠪᠣᠯᠭ᠋ᠠᠭᠰᠠᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢ ᠢᠳᠡᠪᠬᠢᠲᠡᠢ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠥᠮᠥᠨ ᠠᠮᠠ ᠵᠢᠨ ᠨᠡᠭᠦᠳᠡᠯᠯᠡᠨ ᠨᠡᠢ᠌ᠯᠡᠵᠦ ᠰᠠᠭᠤᠷᠢᠰᠢᠬᠤ ᠵᠢ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠬᠠᠷᠢᠯᠴᠠᠨ ᠰᠢᠭᠢᠳᠬᠡᠯ᠎ᠲᠤ ᠬᠡᠯᠪᠡᠷᠢ ᠵᠢᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠰᠢᠭᠢᠳᠬᠦ ᠦᠢ᠍ᠯᠡᠳᠦᠯᠭᠡ ᠵᠢᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠬᠤ ᠭᠡᠷᠡᠭᠳᠡᠢ᠃
ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠣᠳᠣᠬᠢᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠳᠠ ᠪᠣᠯ ᠤᠯᠤᠰ᠎ᠢ ᠵᠠᠰᠠᠬᠤ ᠵᠢᠨ ᠴᠢᠬᠤᠯᠠ ᠪᠦᠷᠢᠯᠳᠦᠭᠦᠨ ᠬᠡᠰᠡᠭ ᠮᠥᠨ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠎ᠲᠠᠢ ᠵᠥᠪ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠢ᠌ᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠪᠠᠷᠢᠮᠲᠠᠯᠠᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠣᠷᠣᠨ ᠪᠦᠰᠡ ᠵᠢᠨ ᠵᠥᠷᠢᠶᠡᠲᠦ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠤ᠎ᠪᠠᠷ ᠪᠠᠲᠤᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠤ᠎ᠪᠠᠷ ᠵᠠᠰᠠᠬᠤ ᠦᠢ᠍ᠯᠡᠳᠦᠯᠭᠡ ᠵᠢᠨ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠬᠠᠤᠯᠢ᠎ᠪᠠᠷ ᠵᠠᠰᠠᠬᠤ ᠵᠢ ᠬᠡᠷᠡᠭᠵᠢᠭᠦᠯᠬᠦ ᠲᠣᠭᠲᠠᠯᠴᠠᠭ᠎ᠠ ᠵᠢᠨ ᠬᠢᠨᠠᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠤᠯᠢ᠎ᠪᠠᠷ ᠵᠠᠰᠠᠬᠤ ᠰᠠᠭᠤᠷᠢ ᠵᠢ ᠰᠠᠢ᠌ᠲᠤᠷ ᠪᠡᠬᠢᠵᠢᠬᠦᠯᠬᠦ ᠭᠡᠷᠡᠭᠳᠡᠢ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠤᠯᠤᠰ᠎ᠤᠨ ᠤᠬᠠᠮᠰᠠᠷ᠂ ᠠᠷᠠᠳ ᠢᠷᠭᠡᠨ᠎ᠤ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠳᠬᠠᠬᠤ ᠭᠡᠷᠡᠭᠳᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠺᠠᠳ᠋ᠷᠴᠤᠳ᠎ᠤᠨ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠤ᠎ᠪᠠᠷ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠨ ᠰᠢᠨᠡᠴᠢᠯᠡᠵᠦ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠠᠷᠠᠳᠴᠢᠯᠠᠯ ᠵᠶ᠋ᠠᠷ ᠵᠥᠪᠯᠡᠭᠰᠡᠨ᠂ ᠨᠡᠢ᠌ᠭᠡᠮ ᠵᠶ᠋ᠡᠷ ᠵᠶ᠋ᠡᠨ ᠬᠠᠮᠵᠢᠯᠴᠠᠭᠰᠠᠨ᠂ ᠤᠯᠠᠨ ᠨᠡᠶ᠋ᠢᠲᠡ᠎ᠪᠠᠷ ᠵᠶ᠋ᠡᠨ ᠣᠷᠤᠯᠴᠠᠭᠰᠠᠨ᠂ ᠬᠠᠤᠯᠢ᠎ᠪᠠᠷ ᠵᠠᠰᠠᠬᠤ ᠵᠢ ᠪᠠᠲᠤᠯᠠᠭᠰᠠᠨ᠂ ᠰᠢᠨᠵᠢᠯᠡᠭᠡ ᠮᠡᠷᠭᠡᠵᠢᠯ ᠵᠶ᠋ᠡᠷ ᠲᠤᠯᠭ᠋ᠠᠭᠤᠷᠢᠯᠠᠭᠰᠠᠨ ᠨᠡᠢ᠌ᠭᠡᠮ᠎ᠤᠨ ᠵᠠᠰᠠᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠥᠨ ᠪᠦᠬᠦᠨ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠢ᠌ᠭᠤᠯᠤᠨ᠎ᠠ᠃ ᠦᠨᠳᠦᠰᠦᠲᠡᠨ᠎ᠤ ᠴᠠᠷᠠᠭ᠎ᠠ ᠬᠦᠷᠢᠶᠡᠨ᠎ᠳᠤ᠎ᠬᠢ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠪᠠᠢ᠌ᠭᠤᠯᠤᠯ ᠲᠣᠭᠲᠠᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠴᠢᠳᠠᠪᠤᠷᠢ᠎ᠪᠠᠨ ᠲᠡᠭᠡᠭᠰᠢᠯᠡᠬᠦᠯᠵᠦ᠂ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠠᠵᠢᠯ᠎ᠢ ᠲᠣᠬᠢᠲᠠᠢ ᠥᠷᠨᠢᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠴᠠᠭ ᠲᠤᠬᠠᠢᠳᠤᠨᠢ ᠡᠭᠦᠰᠦᠭᠰᠡᠨ ᠭᠠᠵᠠᠷ᠎ᠲᠤᠨᠢ ᠰᠢᠢ᠍ᠳᠪᠦᠷᠢᠯᠡᠵᠦ ᠳᠠᠭᠤᠰᠬᠠᠬᠤ ᠭᠡᠷᠡᠭᠳᠡᠢ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ