ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠪᠣᠯ ᠬᠥᠮᠦᠰ᠎ᠤᠨ ᠰᠡᠳᠬᠢᠯ᠎ᠤᠨ ᠬᠠᠨᠳᠤᠰᠢ ᠨᠡᠢ᠌ᠭᠡᠮ᠎ᠤᠨ ᠶᠡᠬᠡ ᠪᠠᠢ᠌ᠳᠠᠯ᠎ᠤᠨ ᠬᠠᠨᠳᠤᠰᠢ ᠲᠡᠦᠬᠡ ᠵᠢᠨ ᠵᠠᠢ᠌ᠯᠠᠰᠢ ᠦᠭᠡᠢ ᠬᠠᠨᠳᠤᠰᠢ ᠮᠥᠨ— ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠎ᠨᠢ (ᠬᠣᠶᠠᠷ)
ᠨᠡᠶ᠋ᠢᠲᠡᠯᠡᠭᠰᠡᠨ ᠴᠠᠭ᠄ 2024-12-10

        《ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠡᠬᠡ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠵᠦ᠂ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠢ ᠬᠠᠮᠲᠤ᠎ᠪᠠᠷ ᠴᠣᠭᠴᠠᠯᠠᠨ ᠪᠠᠢ᠌ᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ ᠵᠢ ᠬᠠᠮᠲᠤ᠎ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠂ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ  ᠪᠣᠢ ᠪᠣᠯᠭ᠋ᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠪᠣᠯ ᠬᠥᠮᠦᠰ᠎ᠤᠨ ᠰᠡᠳᠬᠢᠯ᠎ᠤᠨ ᠬᠠᠨᠳᠤᠰᠢ᠂ ᠨᠡᠢ᠌ᠭᠡᠮ᠎ᠤᠨ ᠶᠡᠬᠡ ᠪᠠᠢ᠌ᠳᠠᠯ᠎ᠤᠨ ᠬᠠᠨᠳᠤᠰᠢ᠂ ᠲᠡᠦᠬᠡ ᠵᠢᠨ ᠵᠠᠢ᠌ᠯᠠᠰᠢ ᠦᠭᠡᠢ ᠬᠠᠨᠳᠤᠰᠢ ᠮᠥᠨ》᠃ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠵᠢᠨ ᠵᠢᠮ᠎ᠡ ᠶᠣᠰᠣ ᠵᠢ ᠭᠦᠨᠵᠡᠭᠡᠢ ᠥᠭᠦᠯᠡᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠣᠨᠤᠯᠴᠢ ᠴᠢᠨᠠᠷ᠎ᠲᠠᠢ ᠶᠤᠮ᠃

123.png 
       ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ᠎ᠤ 2024 ᠣᠨ᠎ᠤ 10 ᠳ᠋ᠤᠭ᠋ᠠᠷ ᠰᠠᠷ᠎ᠠ ᠵᠢᠨ 9᠎ᠤ ᠡᠳᠦᠷ᠎ᠤᠨ 1 ᠳ᠋ᠦ᠍ᠭᠡᠷ ᠨᠢᠭᠤᠷ᠃
        ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠦᠨᠳᠦᠰᠦᠲᠡᠨ᠎ᠨᠦᠭᠦᠳ᠎ᠤᠨ ᠠᠭᠤᠰᠤᠯᠴᠠᠵᠤ ᠤᠯᠠᠨ ᠡᠰᠢᠲᠦ ᠨᠢᠭᠡ ᠴᠤᠬ᠍ᠴᠠᠵᠢᠬᠰᠠᠨ ᠳᠤᠮᠳᠠᠳᠤ ᠵᠢᠨ ᠦᠨᠳᠦᠰᠦᠲᠡᠨ᠎ᠤ ᠲᠡᠦᠬᠡ ᠮᠥᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠣᠭᠴᠠᠯᠠᠨ ᠪᠠᠢ᠌ᠭᠤᠯᠵᠤ᠂ ᠬᠥᠭᠵᠢᠭᠦᠯᠵᠦ᠂ ᠪᠡᠬᠢᠵᠢᠭᠦᠯᠵᠦ ᠨᠢᠭᠡᠳᠦᠭᠰᠡᠨ ᠠᠭᠤᠤ ᠶᠡᠬᠡ ᠡᠭᠡ ᠤᠯᠤᠰ᠎ᠤᠨ ᠲᠡᠦᠬᠡ ᠮᠥᠨ᠃ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠪᠣᠯᠪᠠᠰᠤᠨ᠎ᠨᠢ ᠬᠡᠳᠦᠨ ᠮᠢᠩᠭ᠋ᠠᠨ ᠵᠢᠯ᠎ᠤᠨ ᠤᠯᠠᠷᠢᠯ ᠬᠤᠪᠢᠰᠤᠯ᠎ᠢ  ᠥᠩᠭᠡᠷᠡᠭᠦᠯᠵᠦ᠂ ᠬᠠᠯᠠ ᠵᠣᠪᠠᠯᠠᠩ᠎ᠢ ᠬᠠᠰᠢᠷᠠᠲᠠᠯ᠎ᠠ ᠠᠮᠰᠠᠭᠰᠠᠨ ᠪᠣᠯᠪᠠᠴᠤ ᠦᠶ᠎ᠡ ᠵᠢᠨ ᠦᠶ᠎ᠡ᠎ᠳᠤ᠎ᠪᠠᠨ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠵᠦ ᠴᠢᠳᠠᠭᠰᠠᠨ᠎ᠨᠢ ᠳᠠᠷᠤᠢ ᠳᠤᠮᠳᠠᠳᠤ ᠵᠢᠨ ᠦᠨᠳᠦᠰᠦᠲᠡᠨ᠎ᠨᠦᠭᠦᠳ ᠢᠮᠠᠭᠲᠠ ᠤᠯᠤᠰ᠎ᠤᠨ ᠨᠤᠲᠤᠭ ᠳᠡᠪᠢᠰᠬᠡᠷ ᠬᠤᠪᠢᠶᠠᠷᠢᠯᠠᠵᠤ ᠪᠣᠯᠤᠰᠢ ᠦᠭᠡᠢ᠂ ᠤᠯᠤᠰ ᠣᠷᠣᠨ ᠰᠠᠮᠠᠭᠤᠷᠠᠵᠤ ᠪᠣᠯᠤᠰᠢ ᠦᠭᠡᠢ᠂ ᠦᠨᠳᠦᠰᠦᠲᠡᠨ᠎ᠨᠦᠭᠦᠳ ᠰᠠᠷᠨᠢᠵᠤ ᠪᠣᠯᠤᠰᠢ ᠦᠭᠡᠢ᠂ ᠪᠣᠯᠪᠠᠰᠤᠨ ᠲᠠᠰᠤᠷᠠᠵᠤ ᠪᠤᠯᠤᠰᠢ ᠦᠭᠡᠢ ᠬᠠᠮᠲᠤ ᠵᠢᠨ ᠢᠲᠡᠭᠡᠯ ᠵᠣᠷᠢᠭ᠎ᠢ ᠪᠠᠷᠢᠮᠲᠠᠯᠠᠭᠰᠠᠨ᠎ᠳᠤ ᠪᠠᠢ᠌ᠨ᠎ᠠ; ᠦᠨᠳᠦᠰᠦᠲᠡᠨ᠎ᠨᠦᠭᠦᠳ ᠴᠢᠰᠤ ᠮᠢᠬᠠᠨ᠎ᠤ ᠪᠠᠷᠢᠯᠳᠤᠯᠭ᠎ᠠ᠎ᠲᠠᠢ᠂ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠂ ᠰᠣᠶᠣᠯ᠎ᠤᠨ ᠲᠠᠯ᠎ᠠ᠎ᠪᠠᠷ ᠬᠠᠷᠢᠯᠴᠠᠨ ᠪᠠᠭᠲᠠᠭ᠋ᠠᠵᠤ᠂ ᠠᠵᠤ ᠠᠬᠤᠢ ᠵᠢᠨ ᠲᠠᠯ᠎ᠠ᠎ᠪᠠᠷ ᠬᠠᠷᠢᠯᠴᠠᠨ ᠲᠦᠰᠢᠯᠴᠡᠵᠦ᠂ ᠬᠠᠢ᠌ᠷ᠎ᠠ ᠰᠡᠳᠬᠢᠯᠭᠡ ᠵᠢᠨ ᠲᠠᠯ᠎ᠠ᠎ᠪᠠᠷ ᠬᠠᠷᠢᠯᠴᠠᠨ ᠳᠣᠲᠤᠨᠤᠴᠢᠯᠠᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠭᠰᠠᠨ᠂ ᠠᠯᠳᠠᠷ ᠭᠤᠲᠤᠮᠰᠢᠭ ᠵᠶ᠋ᠠᠨ ᠬᠠᠮᠲᠤᠳᠬᠠᠭᠰᠠᠨ᠂ ᠦᠬᠦᠵᠦ ᠰᠡᠭᠡᠬᠦ᠎ᠪᠠᠨ  ᠬᠠᠮᠲᠤᠳᠬᠠᠭᠰᠠᠨ᠂ ᠬᠤᠪᠢ ᠵᠠᠶᠠᠭ᠎ᠠ᠎ᠪᠠᠨ ᠬᠠᠮᠲᠤᠳᠬᠠᠭᠰᠠᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠬᠤ᠎ᠳᠤ ᠣᠷᠤᠰᠢᠨ᠎ᠠ᠃
       ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠠᠭᠤᠤ ᠶᠡᠬᠡ ᠦᠨᠳᠦᠰᠦᠲᠡᠨ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ ᠪᠣᠯ ᠬᠥᠮᠦᠰ᠎ᠤᠨ ᠰᠡᠳᠬᠢᠯ᠎ᠤᠨ ᠬᠠᠨᠳᠤᠰᠢ᠂ ᠨᠡᠢ᠌ᠭᠡᠮ᠎ᠤᠨ ᠶᠡᠬᠡ ᠪᠠᠢ᠌ᠳᠠᠯ᠎ᠤᠨ ᠬᠠᠨᠳᠤᠰᠢ᠂ ᠲᠡᠦᠬᠡ ᠵᠢᠨ ᠵᠠᠢ᠌ᠯᠠᠰᠢ ᠦᠭᠡᠢ ᠬᠠᠨᠳᠤᠰᠢ ᠮᠥᠨ᠃ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠬᠦᠭᠵᠢᠭᠰᠡᠨ᠎ᠤ ᠲᠡᠦᠬᠡᠨ ᠰᠠᠭᠤᠷᠢ ᠮᠥᠨ; ᠦᠨᠳᠦᠰᠦᠲᠡᠨ᠎ᠨᠦᠭᠦᠳ᠎ᠤᠨ ᠢᠲᠡᠭᠡᠯ ᠪᠢᠰᠢᠷᠡᠯ ᠠᠳᠠᠯᠢᠬᠠᠨ ᠪᠠᠢ᠌ᠬᠤ ᠪᠣᠯ ᠳᠤᠮᠳᠠᠳᠤ ᠵᠢᠨ ᠦᠨᠳᠦᠰᠦᠲᠡᠨ᠎ᠤ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠢ ᠴᠣᠭᠴᠠᠯᠠᠨ ᠪᠠᠢ᠌ᠭᠤᠯᠤᠭᠰᠠᠨ ᠳᠣᠲᠣᠭ᠋ᠠᠳᠤ ᠬᠥᠳᠡᠯᠭᠡᠬᠦ ᠬᠦᠴᠦᠨ ᠮᠥᠨ; ᠦᠨᠳᠦᠰᠦᠲᠡᠨ᠎ᠨᠦᠭᠦᠳ᠎ᠤᠨ ᠰᠣᠶᠣᠯ᠎ᠤᠨ ᠨᠡᠪᠲᠡᠷᠡᠯᠴᠡᠭᠡ ᠪᠣᠯ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠬ᠍ᠴᠠᠵᠢᠭᠰᠠᠨ ᠪᠣᠯᠪᠠᠰᠤᠨ ᠪᠠᠢ᠌ᠷᠢᠰᠢᠯ᠎ᠢ ᠴᠣᠭᠴᠠᠯᠠᠭᠰᠠᠨ ᠰᠣᠶᠣᠯ᠎ᠤᠨ ᠭᠧᠨ ᠮᠥᠨ; ᠦᠨᠳᠦᠰᠦᠲᠡᠨ᠎ᠨᠦᠭᠦᠳ᠎ᠤᠨ ᠠᠵᠤ ᠠᠬᠤᠢ᠎ᠪᠠᠷ ᠬᠠᠷᠢᠯᠴᠠᠨ ᠲᠦᠰᠢᠯᠴᠡᠬᠦ ᠪᠣᠯ ᠳᠤᠮᠳᠠᠳᠤ ᠵᠢᠨ ᠦᠨᠳᠦᠰᠦᠲᠡᠨ᠎ᠤ ᠨᠢᠭᠡᠳᠦᠯᠲᠡᠢ ᠠᠵᠤ ᠠᠬᠤᠢ ᠵᠢᠨ ᠴᠣᠭᠴᠠ ᠵᠢ ᠪᠠᠢ᠌ᠭᠤᠯᠤᠭᠰᠠᠨ ᠬᠦᠴᠦᠷᠬᠡᠭ ᠶᠡᠬᠡ ᠬᠦᠴᠦᠨ ᠮᠥᠨ; ᠦᠨᠳᠦᠰᠦᠲᠡᠨ᠎ᠨᠦᠭᠦᠳ᠎ᠤᠨ ᠬᠠᠢ᠌ᠷ᠎ᠠ ᠰᠡᠳᠬᠢᠯᠭᠡ ᠳᠣᠲᠣᠨᠣ ᠪᠠᠢ᠌ᠬᠤ ᠪᠣᠯ ᠳᠤᠮᠳᠠᠳᠤ ᠵᠢᠨ ᠦᠨᠳᠦᠰᠦᠲᠡᠨ ᠨᠢᠭᠡ ᠭᠡᠷ ᠪᠥᠯᠢ ᠵᠢᠨ᠎ᠬᠢᠨ ᠮᠡᠲᠦ ᠳᠣᠲᠣᠨᠣ ᠪᠠᠢ᠌ᠬᠤ ᠵᠢᠨ ᠪᠠᠲᠤ ᠴᠢᠩᠭ᠎ᠠ ᠬᠣᠯᠪᠣᠭ᠋ᠠᠰᠤ ᠮᠥᠨ᠃
       ᠳᠤᠮᠳᠠᠳᠤ ᠵᠢᠨ ᠦᠨᠳᠦᠰᠦᠲᠡᠨ ᠪᠣᠯ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ᠂ ᠳᠡᠭᠵᠢᠷᠡᠪᠡᠯ ᠪᠦᠭᠦᠳᠡᠭᠡᠷ ᠳᠡᠭᠵᠢᠷᠡᠵᠦ᠂ ᠬᠣᠬᠢᠷᠠᠪᠠᠯ ᠪᠦᠭᠦᠳᠡᠭᠡᠷ ᠬᠣᠬᠢᠷᠠᠨ᠎ᠠ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠢᠭᠡ ᠭᠡᠷ ᠪᠥᠯᠢ ᠵᠢᠨ᠎ᠬᠢᠨ ᠮᠡᠲᠦ ᠳᠣᠲᠣᠨᠣ ᠪᠠᠢ᠌ᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠡᠷᠬᠡᠪᠰᠢ ᠪᠡᠶᠡᠯᠡᠭᠦᠯᠬᠦ ᠵᠢᠨ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠠᠶᠠᠨ᠎ᠳᠤ ᠳᠤᠮᠳᠠᠳᠤ ᠵᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠤᠨ ᠤᠷᠲᠤ ᠬᠤᠭᠤᠴᠠᠭ᠋ᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠦᠷ᠎ᠡ ᠳ᠋ᠦᠩ ᠮᠥᠨ᠂ ᠦᠨᠳᠦᠰᠦᠲᠡᠨ᠎ᠨᠦᠭᠦᠳ ᠲᠠᠰᠤᠷᠠᠯᠲᠠ ᠦᠭᠡᠢ ᠪᠦᠯᠬᠦᠮᠳᠡᠨ ᠨᠡᠢ᠌ᠯᠡᠵᠦ᠂ ᠤᠬᠠᠮᠰᠠᠷ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠎ᠳᠤ ᠠᠭᠤᠰᠤᠯᠴᠠᠪᠠᠯ ᠰᠠᠶᠢ ᠨᠠᠩ ᠰᠠᠢ᠌ᠨ ᠰᠠᠢ᠌ᠬᠠᠨ ᠢᠷᠡᠭᠡᠳᠦᠶ᠎ᠲᠠᠢ ᠪᠣᠯᠵᠤ ᠴᠢᠳᠠᠨ᠎ᠠ ᠭᠡᠳᠡᠭ᠎ᠢ ᠪᠢᠳᠡ ᠭᠦᠨ ᠭᠦᠨᠵᠡᠭᠡᠶ ᠲᠠᠨᠢᠬᠤ ᠬᠡᠷᠡᠭᠲᠡᠶ; ᠮᠠᠨ᠎ᠤ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠢ ᠪᠣᠯ ᠦᠨᠳᠦᠰᠦᠲᠡᠨ᠎ᠨᠦᠭᠦᠳ ᠬᠠᠮᠲᠤ᠎ᠪᠠᠷ ᠴᠣᠭᠴᠠᠯᠠᠨ ᠪᠠᠢ᠌ᠭᠤᠯᠤᠭᠰᠠᠨ ᠶᠤᠮ᠂ ᠮᠦᠨ ᠴᠤ᠌ ᠡᠷᠬᠡᠪᠰᠢ ᠦᠨᠳᠦᠰᠦᠲᠡᠨ᠎ᠨᠦᠭᠦᠳ ᠬᠠᠮᠲᠤ᠎ᠪᠠᠷ ᠬᠠᠮᠠᠭ᠋ᠠᠯᠠᠵᠤ᠂ ᠪᠡᠬᠢᠵᠢᠭᠦᠯᠦᠨ ᠬᠥᠭᠵᠢᠭᠦᠯᠬᠦ ᠬᠡᠷᠡᠭᠲᠡᠢ; ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠨ ᠪᠦᠲᠦᠭᠡᠭᠰᠡᠨ ᠶᠤᠮ᠂ ᠨᠡᠢ᠌ᠭᠡᠮ ᠵᠢᠷᠤᠮ᠎ᠤᠨ ᠰᠣᠶᠣᠯ᠎ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠵᠢ ᠡᠭᠦᠳᠬᠦ᠎ᠳᠤ ᠡᠷᠬᠡᠪᠰᠢ ᠳᠤᠮᠳᠠᠳᠤ ᠵᠢᠨ ᠰᠣᠶᠣᠯ᠎ᠤᠨ ᠲᠤᠬᠠᠢ ᠮᠡᠳᠡᠷᠡᠬᠦᠢ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠲᠤᠯᠢᠳᠠᠯ ᠠᠭᠤᠰᠤᠯᠴᠠᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ; ᠡᠯ᠎ᠡ ᠭᠠᠵᠠᠷ ᠣᠷᠣᠨ ᠡᠯ᠎ᠡ ᠦᠨᠳᠦᠰᠦᠲᠡᠨ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠲᠠᠰᠤᠷᠠᠯᠲᠠ ᠦᠭᠡᠢ ᠠᠭᠤᠰᠤᠯᠴᠠᠵᠤ᠂ ᠠᠵᠤ ᠠᠬᠤᠢ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠪᠠᠯ ᠰᠠᠶᠢ ᠤᠯᠤᠰ᠎ᠤᠨ ᠠᠵᠤ ᠠᠬᠤᠢ ᠵᠢᠨ ᠬᠥᠭᠵᠢᠯ ᠴᠡᠴᠡᠭᠯᠡᠯ᠎ᠢ ᠨᠡᠩ ᠰᠠᠢ᠌ᠲᠤᠷ ᠠᠬᠢᠭᠤᠯᠵᠤ᠂ ᠲᠤᠰ ᠪᠡᠶ᠎ᠡ ᠵᠢᠨ ᠠᠵᠤ ᠠᠬᠤᠢ ᠵᠢᠨ ᠬᠥᠭᠵᠢᠯᠲᠡ᠎ᠪᠠᠨ ᠨᠡᠩ ᠰᠠᠢ᠌ᠲᠤᠷ ᠪᠡᠶᠡᠯᠡᠭᠦᠯᠵᠦ ᠴᠢᠳᠠᠨ᠎ᠠ; ᠬᠠᠢ᠌ᠷ᠎ᠠ ᠰᠡᠳᠬᠢᠯᠭᠡ ᠵᠢᠨ ᠲᠠᠯ᠎ᠠ᠎ᠪᠠᠷ ᠬᠠᠷᠢᠯᠴᠠᠨ ᠳᠣᠲᠣᠨᠣ ᠪᠠᠢ᠌ᠬᠤ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠥᠷᠢᠯᠳᠦᠭᠦᠯᠦᠨ ᠬᠥᠭᠵᠢᠭᠦᠯᠬᠦ ᠪᠠᠲᠤ ᠴᠢᠩᠭ᠎ᠠ ᠬᠣᠯᠪᠣᠭ᠋ᠠᠰᠤ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠥᠮ ᠬᠤᠪᠢ ᠲᠠᠬᠢᠨ ᠨᠠᠨᠳᠢᠩᠨᠠᠵᠤ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠲᠠᠰᠤᠷᠠᠯᠳᠠ ᠦᠭᠡᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠬᠥᠮᠦᠨ᠎ᠤ ᠰᠡᠳᠬᠢᠯ᠎ᠤᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠢ᠃
       ᠲᠠᠪᠤᠨ ᠮᠢᠩᠭ᠎ᠠ ᠭᠠᠷᠤᠢ ᠵᠢᠯ᠎ᠤᠨ ᠳᠤᠮᠳᠠᠳᠤ ᠵᠢᠨ ᠪᠣᠯᠪᠠᠰᠤᠨ᠎ᠠᠴᠠ ᠪᠤᠢ᠌ᠵᠢᠭᠰᠠᠨ ᠠᠭᠤᠤ ᠶᠡᠬᠡ ᠡᠬᠡ ᠤᠯᠤᠰ᠂ ᠠᠭᠤᠤ ᠶᠡᠬᠡ ᠦᠨᠳᠦᠰᠦᠲᠡᠨ ᠪᠣᠯ ᠥᠨᠢ ᠡᠭᠦᠷᠢᠳᠡ  ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠬᠠᠮᠤᠭ᠎ᠤᠨ ᠭᠦᠨ ᠴᠢᠬᠢᠮᠠᠢ᠂ ᠬᠠᠮᠤᠭ᠎ᠤᠨ ᠳᠠᠭ᠋ᠠᠭ᠋ᠠᠮᠠᠭ᠋ᠠᠢ ᠬᠠᠢ᠌ᠷ᠎ᠠ ᠰᠡᠳᠬᠢᠯᠭᠡ ᠵᠢᠨ ᠬᠣᠯᠪᠤᠭ᠋ᠠᠰᠤ ᠪᠣᠯᠬᠤ ᠶᠤᠮ᠃ ᠡᠨᠡ ᠬᠦ᠌ ᠥᠷᠭᠡᠨ ᠠᠭᠤᠳᠠᠮ᠂ ᠦᠵᠡᠰᠬᠦᠯᠡᠩᠲᠦ ᠰᠠᠢ᠌ᠬᠠᠨ᠂ ᠪᠠᠶᠠᠨ ᠲᠠᠩᠰᠤᠭ ᠨᠤᠲᠤᠭ ᠳᠡᠪᠢᠰᠬᠡᠷ ᠳᠡᠭᠡᠷ᠎ᠡ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠷ ᠨᠢᠭᠡᠨ ᠬᠠᠮᠲᠤ ᠵᠢᠨ ᠭᠡᠷ ᠣᠷᠣᠨ᠎ᠲᠠᠢ᠂ ᠳᠠᠷᠤᠢ ᠳᠤᠮᠳᠠᠳᠤ ᠤᠯᠤᠰ ᠪᠣᠯᠤᠨ᠎ᠠ; ᠪᠦᠷ ᠨᠢᠭᠡᠨ ᠬᠠᠮᠲᠤ ᠵᠢᠨ ᠪᠡᠶ᠎ᠡ ᠵᠢᠨ ᠭᠠᠷᠤᠯ᠎ᠲᠠᠢ᠂ ᠳᠠᠷᠤᠶ ᠳᠤᠮᠳᠠᠳᠤ ᠵᠢᠨ ᠦᠨᠳᠦᠰᠦᠲᠡᠨ ᠪᠣᠯᠤᠨ᠎ᠠ; ᠪᠦᠷ ᠨᠢᠭᠡᠨ ᠬᠠᠮᠲᠤ ᠵᠢᠨ ᠨᠡᠷᠡᠢ᠌ᠳᠦᠯ᠎ᠲᠠᠢ᠂ ᠳᠠᠷᠤᠶ ᠳᠤᠮᠳᠠᠳᠤ ᠵᠢᠨ ᠬᠥᠮᠦᠨ ᠪᠣᠯᠤᠨ᠎ᠠ; ᠪᠦᠷ ᠨᠢᠭᠡᠨ ᠬᠠᠮᠲᠤ ᠵᠢᠨ ᠬᠦᠰᠡᠯ ᠵᠡᠭᠦᠳᠦ᠎ᠲᠠᠢ᠂ ᠳᠠᠷᠤᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠳᠠᠯ ᠪᠣᠯᠣᠨ᠎ᠠ! ᠢᠷᠡᠭᠡᠳᠦᠢ᠎ᠳᠤ᠎ᠪᠠᠨ ᠪᠢᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠨᠡᠩ ᠰᠠᠢ᠍ᠢ᠍ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠬᠤ ᠬᠡᠷᠡᠭᠲᠡᠢ᠃
  
       ᠬᠢᠨᠠᠨ ᠦᠢᠯᠡᠳᠦᠭᠰᠡᠨ   ᠰᠢᠶᠤᠤ ᠵᠢᠩ ᠹᠠᠩ       
      ᠨᠢᠭᠡᠳᠦᠯᠲᠡᠶ ᠲᠥᠯᠥᠪᠯᠡᠭᠴᠢ  ᠠᠨ ᠨᠢᠩ ᠨᠢᠩ
       ᠨᠠᠢ᠌ᠷᠠᠭᠤᠯᠤᠨ ᠵᠣᠬᠢᠶᠠᠭᠴᠢ   ᠱ᠌ᠢ ᠵᠢᠶᠠᠨ ᠬᠠᠩ 
 

 

 

ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ᠎ᠤ ᠰᠢᠭᠦᠮᠵᠢᠯᠡᠭᠴᠢ