ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2024-02-20

      2 ᠳ᠋ᠤᠭ᠋ᠠᠷ ᠰᠠᠷ᠎ᠠ ᠵᠢᠨ 1᠎ᠤ ᠡᠳᠦᠷ ᠬᠡᠪᠯᠡᠭᠳᠡᠭᠰᠡᠨ 3 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃
      ᠵᠣᠬᠢᠶᠠᠯ᠎ᠳᠤ᠂ ᠡᠷᠲᠡᠨ᠎ᠠᠴᠠ ᠨᠠᠭ᠋ᠠᠰᠢ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠡᠷᠡᠯ ᠰᠠᠴᠤᠷᠠᠩᠭᠤᠢ ᠳᠤᠮᠳᠠᠳᠤ ᠵᠢᠨ ᠪᠣᠯᠪᠠᠰᠤᠨ᠎ᠢ ᠬᠠᠮᠲᠤ᠎ᠪᠠᠷ ᠡᠭᠦᠳᠴᠦ᠂ ᠠᠭᠤᠤ ᠶᠡᠬᠡ ᠳᠤᠮᠳᠠᠳᠤ ᠵᠢᠨ ᠦᠨᠳᠦᠰᠦᠲᠡᠨ᠎ᠢ ᠴᠣᠭᠴᠠᠯᠠᠪᠠ᠃ ᠮᠠᠨ᠎ᠤ ᠨᠠᠮ ᠪᠠᠶ᠋ᠢᠭᠤᠯᠤᠭᠳᠠᠭᠰᠠᠨ ᠡᠳᠦᠷ᠎ᠠᠴᠠ᠎ᠪᠠᠨ ᠡᠬᠢᠯᠡᠨ ᠦᠨᠳᠦᠰᠦᠲᠡᠨ᠎ᠤ ᠠᠰᠠᠭᠤᠳᠠᠯ᠂ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠵᠦ᠂ ᠦᠨᠳᠦᠰᠦᠲᠡᠨ᠎ᠤ ᠬᠠᠷᠢᠴᠠᠭ᠎ᠠ ᠵᠢ ᠵᠥᠪ ᠰᠢᠢ᠍ᠳᠪᠦᠷᠢᠯᠡᠭᠰᠡᠨ ᠶᠤᠮ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠣᠶ᠋ᠢᠯᠠᠭ᠋ᠠᠭᠳᠠᠬᠤᠨ᠎ᠢ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠲᠣᠳᠣᠷᠬᠠᠢ ᠳᠤᠷᠠᠳᠴᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠶ ᠪᠠᠶ᠋ᠢᠳᠠᠯ᠎ᠢ ᠪᠣᠢ ᠪᠣᠯᠭ᠋ᠠᠵᠤ᠂ ᠨᠠᠮ᠎ᠤᠨ ᠦᠨᠳᠦᠰᠦᠲᠡᠨ᠎ᠤ ᠠᠵᠢᠯ ᠲᠡᠦᠬᠡᠲᠦ ᠴᠢᠨᠠᠷᠲᠠᠢ ᠰᠢᠨ᠎ᠡ ᠠᠮᠵᠢᠯᠲᠠ ᠤᠯᠪᠠ ᠭᠡᠵᠦ ᠴᠢᠬᠤᠯᠠᠴᠢᠯᠠᠪᠠ᠃
      ᠵᠣᠬᠢᠶᠠᠯ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠳᠠᠭ᠋ᠠᠭᠤᠯᠵᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠬᠤ ᠶᠠᠪᠤᠳᠠᠯ ᠪᠣᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠪᠠ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠬᠤ ᠪᠣᠯ ᠮᠠᠨ᠎ᠤ ᠨᠠᠮ᠎ᠤᠨ 《ᠬᠣᠶᠠᠷ᠎ᠲᠠᠢ ᠤᠶᠠᠯᠳᠤᠭᠤᠯᠬᠤ》 ᠵᠢ ᠪᠠᠷᠢᠮᠲᠠᠯᠠᠵᠤ᠂ 《ᠬᠣᠶᠠᠷ ᠶᠡᠬᠡ ᠲᠠᠯ᠎ᠠ》 ᠵᠢ ᠪᠣᠳᠣᠯᠬᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠨᠳᠦᠰᠦᠲᠡᠨ᠎ᠤ ᠠᠵᠢᠯ᠎ᠤᠨ ᠲᠤᠷᠰᠢᠯᠭ᠎ᠠ ᠰᠤᠷᠭ᠋ᠠᠮᠵᠢ ᠵᠢ ᠭᠦᠨᠵᠡᠭᠡᠢ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠥᠭᠵᠢᠯᠲᠡ ᠵᠢᠨ ᠬᠠᠨᠳᠤᠰᠢ ᠵᠢ ᠨᠢᠮᠪᠠᠢ ᠠᠵᠢᠭᠯᠠᠵᠤ ᠣᠯᠤᠭᠰᠠᠨ ᠴᠢᠬᠤᠯᠠ ᠶᠡᠬᠡ ᠤᠨᠤᠯ ᠪᠠ ᠦᠢ᠍ᠯᠡᠳᠦᠯᠭᠡ ᠵᠢᠨ ᠦᠷ᠎ᠡ ᠪᠦᠲᠦᠭᠡᠯ ᠮᠥᠨ ᠭᠡᠵᠦ ᠳᠤᠷᠠᠳᠪᠠ᠃
      ᠵᠣᠬᠢᠶᠠᠯ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠳᠠᠷᠠᠭ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠬᠡᠨ ᠪᠠᠶ᠋ᠢᠭᠤᠯᠤᠯᠲᠠ ᠵᠢ ᠬᠢᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠦᠭᠰᠡᠨ ᠵᠶ᠋ᠡᠷ ᠨᠠᠮ᠎ᠤᠨ ᠦᠨᠳᠦᠰᠦᠲᠡᠨ᠎ᠤ ᠠᠵᠢᠯ᠎ᠳᠤ ᠰᠢᠨ᠎ᠡ ᠪᠠᠶ᠋ᠢᠳᠠᠯ ᠪᠣᠯᠤᠨ ᠡᠭᠦᠷᠭᠡ ᠲᠤᠯᠭ᠋ᠠᠷᠠᠭᠰᠠᠨ ᠪᠠᠶ᠋ᠢᠨ᠎ᠠ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠱᠠᠲᠤ ᠦᠶᠡᠴᠢ ᠴᠢᠨᠠᠷᠲᠠᠢ ᠰᠢᠨ᠎ᠡ ᠣᠨᠴᠠᠯᠢᠭ᠎ᠢ ᠣᠨᠣᠪᠴᠢᠲᠠᠢ ᠡᠵᠡᠮᠳᠡᠵᠦ᠂ ᠰᠠᠶ᠋ᠢᠨ ᠰᠠᠶ᠋ᠢᠬᠠᠨ ᠪᠠᠶ᠋ᠢᠳᠠᠯ᠎ᠢ ᠪᠡᠬᠢᠵᠢᠭᠦᠯᠵᠦ᠂ ᠨᠠᠮ᠎ᠤᠨ ᠦᠨᠳᠦᠰᠦᠲᠡᠨ᠎ᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ ᠰᠠᠶ᠋ᠢᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃
      ᠵᠣᠬᠢᠶᠠᠯ᠎ᠳᠤ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡᠨ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ ᠥᠪᠡᠷ᠎ᠤᠨ ᠥᠪᠡᠷᠮᠢᠴᠡ ᠲᠡᠦᠬᠡ᠎ᠲᠠᠢ ᠪᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢ ᠵᠠᠳᠠᠯᠤᠨ ᠰᠤᠳᠤᠯᠬᠤ᠎ᠳᠤ᠂ ᠥᠷᠥᠨᠡᠳᠠᠬᠢᠨ᠎ᠤ ᠲᠡᠷᠡ ᠬᠦ᠌ ᠦᠨᠳᠦᠰᠦᠲᠡᠨ᠎ᠤ ᠤᠨᠤᠯ᠎ᠢ ᠲᠤᠬᠤᠨ ᠬᠡᠷᠡᠭᠯᠡᠵᠦ ᠪᠣᠯᠬᠤ ᠦᠭᠡᠢ᠃ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ᠎ᠳᠤ ᠰᠠᠭᠤᠷᠢᠯᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠯᠣᠭᠢᠭ᠂ ᠤᠨᠤᠯ᠎ᠤᠨ ᠯᠣᠭᠢᠭ᠎ᠢ ᠵᠢᠷᠤᠮᠯᠠᠵᠤ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠨ ᠬᠥᠭᠵᠢᠭᠰᠡᠨ ᠶᠣᠰᠣ ᠤᠴᠢᠷ᠂ ᠶᠣᠰᠣ ᠵᠦᠢ᠂ ᠭᠦᠨ ᠤᠬᠠᠭ᠋ᠠᠨ᠎ᠢ ᠰᠢᠨᠵᠢᠯᠡᠬᠦ ᠤᠬᠠᠭ᠋ᠠᠨᠴᠢ᠎ᠪᠠᠷ ᠢᠯᠡᠷᠡᠭᠦᠯᠬᠦ ᠬᠡᠷᠡᠭᠲᠡᠢ᠃ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ᠎ᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠨᠠᠮ᠎ᠤᠨ ᠴᠢᠬᠤᠯᠠ ᠦᠵᠡᠯ ᠰᠠᠨᠠᠭ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠶᠡᠷᠦᠩᠬᠡᠶ᠋ᠢᠯᠡᠨ ᠵᠢᠯᠣᠭᠣᠳᠬᠤ ᠬᠡᠷᠡᠭᠲᠡᠢ ᠭᠡᠪᠡ᠃
      ᠵᠣᠬᠢᠶᠠᠯ᠎ᠳᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ᠎ᠠᠴᠠ ᠡᠭᠦᠰᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠳᠠ ᠦᠭᠡᠢ ᠪᠠᠶ᠋ᠢᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠪᠣᠯ ᠮᠠᠨ᠎ᠤ ᠡᠢ᠌ᠮᠦᠷᠬᠦᠦ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠤᠯᠤᠰ᠎ᠤᠨ ᠣᠮᠣᠭ ᠲᠡᠭᠦᠯᠳᠡᠷ ᠠᠵᠢᠯᠯᠠᠭ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠪᠠᠶ᠋ᠢᠪᠠᠰᠤ ᠵᠣᠬᠢᠬᠤ ᠶᠣᠰᠣ ᠵᠦᠢ ᠮᠥᠨ᠃ ᠡᠷᠬᠡᠪᠰᠢ ᠳᠤᠮᠳᠠᠳᠤ ᠵᠢᠨ ᠦᠨᠳᠦᠰᠦᠲᠡᠨ ᠲᠡᠦᠬᠡ᠎ᠠᠴᠠ ᠢᠷᠡᠭᠡᠳᠦᠢ ᠲᠡᠶ᠋ᠢᠰᠢ ᠤᠷᠤᠭᠰᠢᠯᠠᠬᠤ᠂ ᠤᠳᠤᠮᠰᠢᠯ᠎ᠠᠴᠠ ᠤᠳᠤ ᠦᠶ᠎ᠡ ᠲᠡᠶ᠋ᠢᠰᠢ ᠤᠷᠤᠭᠰᠢᠯᠠᠬᠤ᠂ ᠤᠯᠠᠨ ᠡᠰᠢ ᠪᠦᠬᠦᠢ᠎ᠠᠴᠠ ᠨᠢᠭᠡ ᠴᠣᠭᠴᠠᠵᠢᠭᠤᠯᠵᠤ ᠨᠢᠭᠲᠠᠷᠠᠭᠤᠯᠤᠨ ᠬᠥᠭᠵᠢᠬᠦ ᠶᠡᠬᠡ ᠬᠠᠨᠳᠤᠰᠢ᠎ᠲᠠᠢ ᠵᠣᠬᠢᠴᠠᠵᠤ᠂ ᠳᠤᠮᠳᠠᠳᠤ ᠵᠢᠨ ᠪᠣᠯᠪᠠᠰᠤᠨ᠎ᠤ ᠲᠤᠪᠤᠢ᠍ᠢ᠍ᠮ᠎ᠠ ᠣᠨᠴᠠᠯᠢᠭ᠎ᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠳᠠ ᠦᠭᠡᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠪᠠᠲᠤ ᠪᠡᠬᠢ ᠤᠶᠤᠨ ᠰᠠᠨᠠᠭ᠋ᠠᠨ᠎ᠤ ᠪᠠ ᠰᠣᠶᠣᠯ᠎ᠤᠨ ᠰᠠᠭᠤᠷᠢ ᠵᠢ ᠲᠠᠯᠪᠢᠬᠤ ᠬᠡᠷᠡᠭᠲᠡᠢ ᠭᠡᠪᠡ᠃
      ᠵᠣᠬᠢᠶᠠᠯ᠎ᠳᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠴᠣᠭᠴᠠᠯᠠᠭᠳᠠᠭᠰᠠᠨ ᠲᠤᠯᠠ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠴᠤ᠌ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠪᠡᠶᠡᠯᠡᠭᠳᠡᠬᠦ᠎ᠨᠢ ᠯᠠᠪᠲᠠᠢ ᠶᠤᠮ᠃ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠤᠷᠢᠲᠠᠯ ᠪᠠ ᠰᠠᠭᠤᠷᠢ ᠮᠥᠨ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠬᠢᠴᠠ ᠪᠣᠯ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠵᠠᠶ᠋ᠢᠯᠠᠰᠢ ᠦᠭᠡᠢ ᠶᠠᠪᠤᠴᠠ ᠮᠥᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠠᠶ᠋ᠢᠯᠠᠰᠢ ᠦᠭᠡᠢ ᠶᠠᠪᠤᠴᠠ ᠮᠥᠨ᠃ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠤᠨ ᠲᠤᠭ᠎ᠢ ᠡᠷᠬᠡᠪᠰᠢ ᠥᠨᠳᠥᠷ ᠮᠠᠨᠳᠤᠭᠤᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠥᠯᠥᠭᠡ ᠦᠨᠳᠦᠰᠦᠲᠡᠨ᠎ᠨᠦᠭᠦᠳ᠎ᠤᠨ ᠬᠠᠮᠲᠤ᠎ᠪᠠᠷ ᠲᠡᠮᠡᠴᠡᠬᠦ ᠵᠢ ᠲᠦᠯᠬᠢᠨ ᠠᠬᠢᠭᠤᠯᠬᠤ ᠵᠢ ᠰᠢᠨ᠎ᠡ ᠠᠶᠠᠯᠠᠯ᠎ᠳᠠᠬᠢ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭ᠋ᠠᠬᠤ ᠬᠡᠷᠡᠭᠲᠡᠢ ᠭᠡᠪᠡ᠃
      ᠵᠣᠬᠢᠶᠠᠯ᠎ᠳᠤ᠂ ᠳᠤᠮᠳᠠᠳᠤ ᠵᠢᠨ ᠦᠨᠳᠦᠰᠦᠲᠡᠨ᠎ᠤ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠶᠡᠬᠡ᠎ᠪᠠᠷ ᠤᠬᠠᠭᠤᠯᠤᠨ ᠲᠠᠨᠢᠯᠴᠠᠭᠤᠯᠬᠤ ᠬᠡᠷᠡᠭᠲᠡᠢ᠃ ᠦᠨᠳᠦᠰᠦᠲᠡᠨ᠎ᠤ ᠠᠵᠢᠯ ᠪᠣᠯ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠂ ᠬᠦᠴᠦᠨ ᠴᠢᠳᠠᠯ᠎ᠢ ᠨᠢᠭᠲᠠᠷᠠᠭᠤᠯᠬᠤ ᠠᠵᠢᠯ ᠮᠥᠨ᠃ ᠡᠷᠬᠡᠪᠰᠢ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢ ᠶᠡᠬᠡ᠎ᠪᠠᠷ ᠤᠬᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠢ ᠶᠡᠬᠡ᠎ᠪᠠᠷ ᠤᠬᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠵᠢ ᠶᠡᠬᠡ᠎ᠪᠠᠷ ᠤᠬᠠᠭᠤᠯᠵᠤ᠂ ᠳᠤᠮᠳᠠᠳᠤ ᠵᠢᠨ ᠦᠨᠳᠦᠰᠦᠲᠡᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠲᠠᠢ ᠭᠠᠷ ᠵᠶ᠋ᠠᠨ ᠬᠣᠯᠪᠣᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠠᠢ᠍ᠢ᠍ᠨ ᠰᠠᠶ᠋ᠢᠬᠠᠨ ᠬᠦᠰᠡᠯ ᠡᠷᠡᠮᠡᠯᠵᠡᠯ᠎ᠢ ᠶᠡᠬᠡ᠎ᠪᠠᠷ ᠤᠬᠠᠭᠤᠯᠬᠤ ᠬᠡᠷᠡᠭᠲᠡᠢ᠃ ᠦᠨᠳᠦᠰᠦᠲᠡᠨ᠎ᠤ ᠤᠬᠠᠭᠤᠯᠭ᠎ᠠ᠎ᠳᠤ ᠬᠣᠯᠪᠣᠭᠳᠠᠭᠰᠠᠨ ᠤᠯᠠᠮᠵᠢᠯᠠᠨ ᠲᠠᠷᠬᠠᠭ᠋ᠠᠬᠤ ᠠᠷᠭ᠎ᠠ ᠬᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠨᠡᠶ᠋ᠢᠭᠡᠮ ᠵᠢᠷᠤᠮᠲᠤ ᠪᠠᠶ᠋ᠢᠭᠤᠯᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠬᠥᠭᠵᠢᠨ ᠳᠠᠪᠰᠢᠬᠤ ᠵᠢᠨ ᠨᠠᠶ᠋ᠢᠳᠠᠪᠤᠷᠢᠲᠠᠢ ᠪᠠᠲᠤᠯᠠᠭ᠎ᠠ ᠮᠥᠨ ᠭᠡᠳᠡᠭ᠎ᠢ ᠲᠣᠳᠣᠷᠬᠠᠢ ᠶᠠᠷᠢᠵᠤ᠂ ᠳᠤᠮᠳᠠᠳᠤ ᠵᠢᠨ ᠦᠨᠳᠦᠰᠦᠲᠡᠨ ᠪᠣᠯ ᠬᠦᠴᠦᠷᠬᠡᠭ ᠶᠡᠬᠡ ᠮᠡᠳᠡᠷᠡᠬᠦᠢ ᠪᠠ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠭᠡᠳᠡᠭ᠎ᠢ ᠲᠣᠳᠣᠷᠬᠠᠢ ᠶᠠᠷᠢᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠳᠤ ᠪᠠᠶ᠋ᠢᠳᠠᠭ ᠢᠯᠡᠳᠲᠡ ᠳᠠᠪᠠᠭᠤᠯᠢᠭ ᠴᠢᠨᠠᠷ᠎ᠢ ᠲᠣᠳᠣᠷᠬᠠᠢ ᠶᠠᠷᠢᠬᠤ ᠬᠡᠷᠡᠭᠲᠡᠢ ᠭᠡᠪᠡ᠃
      ᠵᠣᠬᠢᠶᠠᠯ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠡᠭᠦᠷᠭᠡ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠨᠢ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠪᠠᠷᠢᠮᠲᠠᠯᠠᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠡᠯ᠎ᠡ ᠵᠦᠢ᠍ᠯ᠎ᠤᠨ ᠴᠢᠭᠯᠡᠯᠲᠡ ᠲᠦᠷᠦ ᠵᠢᠨ ᠪᠤᠳᠤᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠤᠰ ᠭᠠᠵᠠᠷ ᠣᠷᠣᠨ ᠲᠤᠰ ᠨᠢᠭᠡᠴᠢ ᠵᠢᠨ ᠵᠶ᠋ᠠᠨ ᠦᠨᠳᠦᠰᠦᠲᠡᠨ᠎ᠤ ᠠᠵᠢᠯ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ᠎ᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
   

      ᠤᠭ ᠵᠣᠬᠢᠶᠠᠯ
 
       ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
                        

                                ᠰᠢ ᠵᠢᠨ ᠫᠢᠩ
     

      ᠥᠨᠥᠳᠦᠷ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠭᠤᠯᠭ᠎ᠠ᠎ᠪᠠᠨ ᠪᠣᠯᠭ᠋ᠠᠵᠠᠢ᠃ ᠡᠨᠡ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠲᠣᠬᠢᠷᠠᠭᠤᠯᠤᠭᠰᠠᠨ᠎ᠤ ᠵᠣᠷᠢᠯᠭ᠎ᠠ᠎ᠨᠢ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠦᠨᠳᠦᠰᠦᠲᠡᠨ᠎ᠤ ᠠᠵᠢᠯ᠎ᠤᠨ ᠴᠢᠬᠤᠯᠠ ᠶᠡᠬᠡ ᠠᠮᠵᠢᠯᠲᠠ ᠪᠦᠲᠦᠮᠵᠢ ᠵᠢ ᠳ᠋ᠦᠩᠨᠡᠵᠦ᠂ ᠣᠳᠣᠬᠠᠨ᠎ᠤ ᠦᠨᠳᠦᠰᠦᠲᠡᠨ᠎ᠤ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠥᠷᠢᠰᠥᠯᠳᠦᠭᠡᠨ᠎ᠢ ᠵᠠᠳᠠᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠠᠭ᠋ᠠᠰᠢᠳᠠ ᠪᠠᠲᠤᠳᠬᠠᠬᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠠᠰᠠᠭᠤᠳᠠᠯ᠎ᠢ ᠰᠤᠳᠤᠯᠬᠤ ᠵᠢᠨ ᠲᠥᠯᠥᠭᠡ ᠶᠤᠮ᠃
      ᠡᠷᠲᠡᠨ᠎ᠠᠴᠠ ᠠᠪᠤᠭ᠋ᠠᠳ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠡᠷᠡᠯ ᠰᠠᠴᠤᠷᠠᠩᠭᠤᠢ ᠳᠤᠮᠳᠠᠳᠤ ᠵᠢᠨ ᠪᠣᠯᠪᠠᠰᠤᠨ᠎ᠢ ᠬᠠᠮᠲᠤ᠎ᠪᠠᠷ ᠡᠭᠦᠳᠦᠨ ᠪᠦᠲᠦᠭᠡᠵᠦ᠂ ᠠᠭᠤᠤ ᠶᠡᠬᠡ ᠳᠤᠮᠳᠠᠳᠤ ᠵᠢᠨ ᠦᠨᠳᠦᠰᠦᠲᠡᠨ᠎ᠢ ᠡᠭᠦᠳᠦᠨ ᠴᠣᠭᠴᠠᠯᠠᠭᠰᠠᠨ ᠶᠤᠮ᠃ ᠮᠠᠨ᠎ᠤ ᠨᠠᠮ ᠪᠠᠶ᠋ᠢᠭᠤᠯᠤᠭᠳᠠᠭᠰᠠᠨ ᠡᠳᠦᠷ᠎ᠠᠴᠠ᠎ᠪᠠᠨ ᠡᠬᠢᠯᠡᠨ ᠦᠨᠳᠦᠰᠦᠲᠡᠨ᠎ᠤ ᠠᠰᠠᠭᠤᠳᠠᠯ᠂ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠨᠳᠦᠰᠦᠲᠡᠨ᠎ᠤ ᠬᠠᠷᠢᠴᠠᠭ᠎ᠠ ᠵᠢ ᠵᠥᠪ ᠰᠢᠢ᠍ᠳᠪᠦᠷᠢᠯᠡᠭᠰᠡᠨ ᠶᠤᠮ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ᠂ ᠨᠠᠮ᠎ᠠᠴᠠ ᠦᠨᠳᠦᠰᠦᠲᠡᠨ ᠡᠷᠬᠡ ᠲᠡᠭᠰᠢ᠂ ᠦᠨᠳᠦᠰᠦᠲᠡᠨ᠎ᠤ ᠪᠦᠯᠬᠦᠮᠳᠡᠯ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠂ ᠡᠯ᠎ᠡ ᠦᠨᠳᠦᠰᠦᠲᠡᠨ ᠬᠠᠮᠲᠤ᠎ᠪᠠᠷ ᠴᠡᠴᠡᠭᠯᠡᠨ ᠬᠥᠭᠵᠢᠬᠦ᠎ᠪᠠᠷ ᠭᠣᠣᠯ ᠠᠭᠤᠯᠭ᠎ᠠ ᠪᠣᠯᠭ᠋ᠠᠭᠰᠠᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠠᠵᠢᠯ᠎ᠤᠨ ᠴᠢᠭᠯᠡᠯᠲᠡ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠡᠯ᠎ᠡ ᠦᠨᠳᠦᠰᠦᠲᠡᠨ᠎ᠤ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠣᠣᠷᠠᠬᠢ ᠵᠢᠩᠬᠢᠨᠢ ᠤᠳᠬ᠎ᠠ ᠠᠭᠤᠯᠭ᠎ᠠ ᠪᠦᠬᠦᠢ ᠡᠷᠬᠡ ᠲᠡᠭᠰᠢ ᠪᠦᠯᠬᠦᠮᠳᠡᠯ ᠳᠠᠪᠰᠢᠯᠲᠠ ᠵᠢ ᠪᠡᠶᠡᠯᠡᠭᠦᠯᠪᠡ᠃ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠴᠠᠭ ᠦᠶ᠎ᠡ᠎ᠳᠤ᠂ ᠮᠠᠨ᠎ᠤ ᠨᠠᠮ ᠡᠯ᠎ᠡ ᠦᠨᠳᠦᠰᠦᠲᠡᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠪᠠᠷᠢᠮᠲᠠᠯᠠᠵᠤ᠂ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ ᠠᠪᠴᠤ ᠦᠨᠳᠦᠰᠦᠲᠡᠨ᠎ᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠳᠡᠮᠵᠢᠭᠡᠳ ᠢᠯᠡᠳᠲᠡ ᠠᠮᠵᠢᠯᠲᠠ ᠣᠯᠤᠭᠰᠠᠨ ᠪᠠᠶ᠋ᠢᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠣᠶ᠋ᠢᠯᠠᠭ᠋ᠠᠭᠳᠠᠬᠤᠨ᠎ᠢ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠲᠣᠳᠣᠷᠬᠠᠢ ᠳᠤᠷᠠᠳᠴᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠶ ᠪᠠᠶ᠋ᠢᠳᠠᠯ᠎ᠢ ᠪᠤᠢ ᠪᠣᠯᠭ᠋ᠠᠵᠤ᠂ ᠨᠠᠮ᠎ᠤᠨ ᠦᠨᠳᠦᠰᠦᠲᠡᠨ᠎ᠤ ᠠᠵᠢᠯ ᠲᠡᠦᠬᠡᠲᠦ ᠴᠢᠨᠠᠷᠲᠠᠢ ᠰᠢᠨ᠎ᠡ ᠠᠮᠵᠢᠯᠲᠠ ᠤᠯᠪᠠ᠃

W020240202380977522281.jpg     

      2021 ᠣᠨ᠎ᠤ 8 ᠳ᠋ᠤᠭ᠋ᠠᠷ ᠰᠠᠷ᠎ᠠ ᠵᠢᠨ 27᠎ᠤ ᠡᠳᠦᠷ᠎ᠠᠴᠠ 28᠎ᠤ ᠡᠳᠦᠷ ᠪᠣᠯᠲᠠᠯ᠎ᠠ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠫᠠᠩ ᠰᠢᠩ ᠯᠸᠢ ᠰᠡᠭᠦᠳᠡᠷᠯᠡᠪᠡ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠵᠢᠯᠣᠭᠣᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠬᠤ ᠶᠠᠪᠤᠳᠠᠯ ᠪᠣᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠪᠠ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠬᠤ ᠪᠣᠯ ᠮᠠᠨ᠎ᠤ ᠨᠠᠮ᠎ᠤᠨ 《ᠬᠣᠶᠠᠷ᠎ᠲᠠᠢ ᠤᠶᠠᠯᠳᠤᠭᠤᠯᠬᠤ》 ᠵᠢ ᠪᠠᠷᠢᠮᠲᠠᠯᠠᠵᠤ᠂ 《ᠬᠣᠶᠠᠷ ᠶᠡᠬᠡ ᠲᠠᠯ᠎ᠠ》 ᠵᠢ ᠪᠣᠳᠣᠯᠬᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠨᠳᠦᠰᠦᠲᠡᠨ᠎ᠤ ᠠᠵᠢᠯ᠎ᠤᠨ ᠲᠤᠷᠰᠢᠯᠭ᠎ᠠ ᠰᠤᠷᠭ᠋ᠠᠮᠵᠢ ᠵᠢ ᠭᠦᠨᠵᠡᠭᠡᠢ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠥᠭᠵᠢᠯᠲᠡ ᠵᠢᠨ ᠬᠠᠨᠳᠤᠰᠢ ᠵᠢ ᠨᠢᠮᠪᠠᠢ ᠠᠵᠢᠭᠯᠠᠵᠤ ᠣᠯᠤᠭᠰᠠᠨ ᠴᠢᠬᠤᠯᠠ ᠶᠡᠬᠡ ᠤᠨᠤᠯ ᠪᠠ ᠦᠢ᠍ᠯᠡᠳᠦᠯᠭᠡ ᠵᠢᠨ ᠦᠷ᠎ᠡ ᠪᠦᠲᠦᠭᠡᠯ ᠮᠥᠨ᠃ ᠡᠨᠡ ᠬᠦ᠌ ᠴᠢᠬᠤᠯᠠ ᠶᠡᠬᠡ ᠣᠶ᠋ᠢᠯᠠᠭ᠋ᠠᠭᠳᠠᠬᠤᠨ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠪᠠᠶᠠᠯᠢᠭᠵᠢᠭᠤᠯᠤᠨ ᠬᠥᠭᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠪᠡᠬᠢᠵᠢᠭᠦᠯᠦᠨ ᠥᠷᠭᠡᠳᠬᠡᠵᠦ᠂ ᠨᠠᠮ᠎ᠤᠨ ᠦᠨᠳᠦᠰᠦᠲᠡᠨ᠎ᠤ ᠠᠵᠢᠯ᠎ᠤᠨ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠭᠰᠠᠨ ᠪᠠᠶ᠋ᠢᠨ᠎ᠠ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠲᠠᠷᠠᠭ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠭᠡᠨ ᠪᠠᠶ᠋ᠢᠭᠤᠯᠤᠯᠲᠠ ᠵᠢ ᠬᠢᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠦᠭᠰᠡᠨ ᠵᠶ᠋ᠡᠷ ᠨᠠᠮ᠎ᠤᠨ ᠦᠨᠳᠦᠰᠦᠲᠡᠨ᠎ᠤ ᠠᠵᠢᠯ᠎ᠳᠤ ᠰᠢᠨ᠎ᠡ ᠪᠠᠶ᠋ᠢᠳᠠᠯ ᠪᠠ ᠡᠭᠦᠷᠭᠡ ᠲᠤᠯᠭ᠋ᠠᠷᠠᠭᠰᠠᠨ ᠪᠠᠢ᠌ᠨ᠎ᠠ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠪᠢᠳᠡ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ ᠵᠢ ᠶᠡᠬᠡ᠎ᠪᠠᠷ ᠠᠬᠢᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠠᠤᠭ᠎ᠠ ᠶᠡᠬᠡ ᠬᠦᠴᠦᠨ᠎ᠢ ᠨᠢᠭᠲᠠᠷᠠᠭᠤᠯᠬᠤ ᠬᠡᠷᠡᠭᠲᠡᠢ; ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭᠯᠡᠨ ᠬᠥᠭᠵᠢᠬᠦ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠭᠦᠯᠬᠦ ᠬᠡᠷᠡᠭᠲᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠱᠠᠲᠤ ᠦᠶᠡᠴᠢ ᠴᠢᠨᠠᠷᠲᠠᠢ ᠰᠢᠨ᠎ᠡ ᠣᠨᠴᠠᠯᠢᠭ᠎ᠢ ᠣᠨᠣᠪᠴᠢᠲᠠᠢ ᠡᠵᠡᠮᠰᠢᠵᠦ᠂ ᠰᠠᠶ᠋ᠢᠨ ᠰᠠᠶ᠋ᠢᠬᠠᠨ ᠪᠠᠶ᠋ᠢᠳᠠᠯ᠎ᠢ ᠪᠡᠬᠢᠵᠢᠭᠦᠯᠵᠦ᠂ ᠪᠣᠳᠠᠲᠠᠢ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠵᠥᠷᠢᠴᠡᠯ ᠪᠠ ᠠᠰᠠᠭᠤᠳᠠᠯ᠎ᠢ ᠰᠢᠢ᠍ᠳᠪᠦᠷᠢᠯᠡᠵᠦ᠂ ᠨᠠᠮ᠎ᠤᠨ ᠦᠨᠳᠦᠰᠦᠲᠡᠨ᠎ᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ ᠰᠠᠶ᠋ᠢᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃
      ᠨᠢᠭᠡᠳᠦᠭᠡᠷ᠎ᠲᠤ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡᠨ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠤᠨᠤᠯ ᠪᠣᠯ ᠦᠵᠡᠯ ᠤᠬᠠᠮᠰᠠᠷ᠎ᠤᠨ ᠬᠡᠯᠪᠡᠷᠢ ᠵᠢᠨ ᠰᠠᠭᠤᠷᠢ ᠮᠥᠨ᠃ ᠤᠨᠤᠯ᠎ᠤᠨ ᠰᠤᠳᠤᠯᠭ᠋ᠠᠨ ᠬᠡᠳᠦᠢ ᠭᠦᠨᠵᠡᠭᠡᠶ᠋ᠢᠷᠡᠬᠦ ᠲᠤᠳᠤᠮ ᠦᠵᠡᠯ ᠤᠬᠠᠮᠰᠠᠷ᠎ᠤᠨ ᠬᠡᠯᠪᠡᠷᠢ᠎ᠳᠠᠬᠢ ᠲᠤᠯᠭ᠋ᠠᠭᠤᠷᠢᠯᠠᠯ᠎ᠨᠢ ᠲᠡᠳᠦᠢ ᠴᠢᠩᠭ᠎ᠠ ᠬᠦᠴᠦᠲᠡᠢ ᠪᠣᠯᠳᠠᠭ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠨᠵᠢᠯᠡᠬᠦ ᠤᠬᠠᠭ᠋ᠠᠨᠴᠢ ᠪᠦᠷᠢᠨ ᠲᠡᠭᠦᠯᠳᠡᠷ ᠲᠣᠭᠲᠠᠯᠴᠠᠭ᠎ᠠ ᠵᠢ ᠪᠠᠶ᠋ᠢᠭᠤᠯᠬᠤ ᠴᠢᠬᠤᠯᠠᠲᠠᠢ᠃ ᠳᠤᠮᠳᠠᠳᠤ ᠵᠢᠨ ᠦᠨᠳᠦᠰᠦᠲᠡᠨ ᠥᠪᠡᠷ᠎ᠤᠨ ᠥᠪᠡᠷᠮᠢᠴᠡ ᠲᠡᠦᠬᠡ᠎ᠲᠠᠢ ᠪᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢ ᠵᠠᠳᠠᠯᠤᠨ ᠰᠤᠳᠤᠯᠬᠤ᠎ᠳᠤ ᠥᠷᠥᠨᠡᠳᠠᠬᠢᠨ᠎ᠤ ᠲᠡᠷᠡ ᠬᠦ᠌ ᠦᠨᠳᠦᠰᠦᠲᠡᠨ᠎ᠤ ᠤᠨᠤᠯ᠎ᠢ ᠲᠤᠬᠤᠨ ᠬᠡᠷᠡᠭᠯᠡᠵᠦ ᠪᠣᠯᠬᠤ ᠦᠭᠡᠢ ᠶᠤᠮ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡᠨ᠎ᠳᠤ ᠰᠠᠭᠤᠷᠢᠯᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠯᠣᠭᠢᠭ᠂ ᠤᠨᠤᠯ᠎ᠤᠨ ᠯᠣᠭᠢᠭ᠎ᠢ ᠵᠢᠷᠤᠮᠯᠠᠵᠤ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠨ ᠬᠥᠭᠵᠢᠭᠰᠡᠨ ᠶᠣᠰᠣ ᠤᠴᠢᠷ᠂ ᠶᠣᠰᠣ ᠵᠦᠢ᠂ ᠭᠦᠨ ᠤᠬᠠᠭ᠋ᠠᠨ᠎ᠢ ᠰᠢᠨᠵᠢᠯᠡᠬᠦ ᠤᠬᠠᠭ᠋ᠠᠨᠴᠢ᠎ᠪᠠᠷ ᠢᠯᠡᠷᠡᠭᠦᠯᠬᠦ ᠬᠡᠷᠡᠭᠲᠡᠢ᠃
      ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ᠎ᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠨᠠᠮ᠎ᠤᠨ ᠴᠢᠬᠤᠯᠠ ᠦᠵᠡᠯ ᠰᠠᠨᠠᠭ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠶᠡᠷᠦᠩᠬᠡᠶ᠋ᠢᠯᠡᠨ ᠵᠢᠯᠣᠭᠣᠳᠬᠤ ᠬᠡᠷᠡᠭᠲᠡᠢ᠃ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠵᠦ᠂ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠳᠤᠯᠭ᠋ᠠᠨ᠎ᠤ ᠴᠢᠭᠯᠡᠯ᠎ᠢ ᠣᠨᠣᠪᠴᠢᠲᠠᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠤᠨ ᠰᠤᠳᠤᠯᠭ᠋ᠠᠨ᠎ᠢ ᠭᠦᠨᠵᠡᠭᠡᠢ᠌ᠷᠡᠭᠦᠯᠵᠦ᠂ ᠮᠠᠨ᠎ᠤ ᠤᠯᠤᠰ᠎ᠤᠨ ᠤᠭᠰᠠᠭ᠋ᠠᠲᠠᠨ ᠵᠦᠢ ᠵᠢᠨ ᠰᠤᠳᠤᠯᠭ᠋ᠠᠨ᠎ᠳᠤ ᠣᠷᠣᠰᠢᠵᠤ ᠪᠠᠶ᠋ᠢᠭ᠎ᠠ ᠥᠷᠥᠨᠡᠳᠠᠬᠢᠨ᠎ᠤ ᠦᠨᠳᠦᠰᠦᠲᠡᠨ᠎ᠤ ᠤᠨᠤᠯ᠎ᠤᠨ ᠦᠵᠡᠯ ᠰᠠᠨᠠᠭ᠎ᠠ ᠪᠠ ᠦᠭᠡ ᠬᠡᠯᠡᠨ᠎ᠤ ᠲᠣᠭᠲᠠᠯᠴᠠᠭ᠋ᠠᠨ᠎ᠳᠤ ᠨᠥᠯᠥᠭᠡᠯᠡᠭᠳᠡᠵᠦ ᠪᠠᠶ᠋ᠢᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡ ᠵᠢᠨ ᠮᠠᠲ᠋ᠧᠷᠢᠶᠠᠯ᠎ᠤᠨ ᠲᠣᠭᠲᠠᠯᠴᠠᠭ᠎ᠠ᠂ ᠦᠭᠡ ᠬᠡᠯᠡᠨ᠎ᠤ ᠲᠣᠭᠲᠠᠯᠴᠠᠭ᠎ᠠ᠂ ᠤᠨᠤᠯ᠎ᠤᠨ ᠲᠣᠭᠲᠠᠯᠴᠠᠭ᠎ᠠ ᠵᠢ ᠲᠦᠷᠭᠡᠪᠴᠢᠯᠡᠨ ᠪᠦᠷᠢᠯᠳᠦᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠨᠡᠪᠲᠡᠷᠬᠡᠢ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠨᠠᠶ᠋ᠢᠷᠠᠭᠤᠯᠤᠨ ᠪᠢᠴᠢᠬᠦ ᠠᠵᠢᠯ᠎ᠢ ᠦᠷᠭᠦᠯᠵᠢᠯᠡᠨ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠶ᠋ᠢᠮᠣ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠨᠠᠶ᠋ᠢᠷᠠᠭᠤᠯᠤᠨ ᠬᠡᠷᠡᠭᠯᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ ᠰᠤᠳᠤᠷ ᠪᠢᠴᠢᠭ᠎ᠢ ᠠᠭᠤᠳᠠᠯᠬᠤ᠂ ᠡᠮᠬᠢᠳᠬᠡᠬᠦ᠂ ᠠᠰᠢᠭᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠥᠷᠭᠡᠨ ᠤᠯᠠᠨ ᠲᠤᠰᠬᠠᠢ ᠮᠡᠷᠭᠡᠵᠢᠯᠲᠡᠨ ᠡᠷᠳᠡᠮᠲᠡᠨ᠎ᠤ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ ᠪᠦᠲᠦᠭᠡᠯᠴᠢ ᠴᠢᠨᠠᠷ᠎ᠢ ᠬᠥᠭᠵᠢᠭᠡᠬᠦ ᠵᠢ ᠴᠢᠬᠤᠯᠠᠴᠢᠯᠠᠵᠤ᠂ ᠢᠳᠡᠷ ᠵᠠᠯᠠᠭᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠲᠡᠳᠡᠨ᠎ᠳᠤ ᠴᠢᠭᠯᠡᠯ᠎ᠢ ᠰᠠᠶ᠋ᠢᠲᠤᠷ ᠡᠵᠡᠮᠳᠡᠵᠦ᠂ ᠲᠠᠪᠴᠠᠩ ᠪᠠᠶ᠋ᠢᠭᠤᠯᠤᠨ ᠥᠭᠴᠦ᠂ ᠠᠵᠠ ᠲᠣᠬᠢᠶᠠᠯ ᠣᠯᠭᠣᠵᠤ᠂ ᠲᠡᠳᠡᠨ᠎ᠢ ᠨᠢᠭᠡ ᠰᠡᠳᠬᠢᠯ ᠵᠶ᠋ᠠᠷ ᠰᠤᠳᠤᠯᠵᠤ᠂ ᠰᠠᠶ᠋ᠢᠲᠤᠷ ᠬᠤᠷᠠᠮᠳᠤᠭᠤᠯᠤᠨ ᠰᠠᠶ᠋ᠢᠲᠤᠷ ᠬᠥᠭᠵᠢᠭᠦᠯᠵᠦ᠂ ᠳᠤᠮᠳᠠᠳᠤ ᠤᠯᠤᠰ᠎ᠤᠨ ᠲᠡᠦᠬᠡ᠎ᠳᠤ ᠰᠠᠭᠤᠷᠢᠯᠠᠭᠰᠠᠨ᠂ ᠳᠤᠮᠳᠠᠳᠤ ᠤᠯᠤᠰ᠎ᠤᠨ ᠦᠢ᠍ᠯᠡᠳᠦᠯᠭᠡ ᠵᠢ ᠲᠠᠶ᠋ᠢᠯᠪᠤᠷᠢᠯᠠᠭᠰᠠᠨ᠂ ᠳᠤᠮᠳᠠᠳᠤ ᠤᠯᠤᠰ᠎ᠤᠨ ᠠᠰᠠᠭᠤᠳᠠᠯ᠎ᠳᠤ ᠬᠠᠷᠢᠭᠤᠯᠲᠠ ᠥᠭᠭᠦᠭᠰᠡᠨ ᠤᠤᠭ᠋ᠠᠯ ᠡᠭᠦᠳᠦᠯᠲᠡ ᠵᠢᠨ ᠴᠢᠨᠠᠷᠲᠠᠢ ᠤᠨᠤᠯ᠎ᠤᠨ ᠦᠷ᠎ᠡ ᠪᠦᠲᠦᠭᠡᠯ ᠭᠠᠷᠭ᠋ᠠᠬᠤ ᠵᠢ ᠵᠣᠷᠢᠭᠵᠢᠭᠤᠯᠤᠨ᠎ᠠ᠃
      ᠬᠣᠶᠠᠳᠤᠭ᠋ᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ᠎ᠠᠴᠠ ᠡᠭᠦᠰᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠳᠠ ᠦᠭᠡᠢ ᠪᠠᠶ᠋ᠢᠭᠤᠯᠤᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠳᠠᠷᠠᠭ᠋ᠠᠬᠠᠨ᠂ ᠪᠢ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠡᠨᠡ ᠬᠦ᠌ ᠴᠢᠬᠤᠯᠠ ᠶᠡᠬᠡ ᠰᠡᠳᠦᠪ᠎ᠢ ᠳᠤᠷᠠᠳᠤᠨ ᠭᠠᠷᠭ᠋ᠠᠪᠠ᠃ ᠡᠨᠡ ᠵᠢᠯ᠎ᠤᠨ 6 ᠳ᠋ᠤᠭ᠋ᠠᠷ ᠰᠠᠷ᠎ᠠ᠎ᠳᠤ᠂ ᠪᠢ ᠰᠣᠶᠣᠯ᠎ᠤᠨ ᠤᠯᠠᠮᠵᠢᠯᠠᠯ ᠬᠥᠭᠵᠢᠭᠦᠯᠦᠯᠲᠡ ᠵᠢᠨ ᠶᠠᠷᠢᠯᠴᠠᠬᠤ ᠬᠤᠷᠠᠯ ᠳᠡᠭᠡᠷ᠎ᠡ ᠡᠭᠦᠨ᠎ᠤ ᠲᠤᠬᠠᠢ ᠠᠩᠬ᠎ᠠ ᠠᠯᠬᠤᠮ ᠲᠣᠳᠣᠷᠬᠠᠶ᠋ᠢᠯᠠᠨ ᠥᠭᠦᠯᠡᠪᠡ᠃ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠪᠣᠯ ᠮᠠᠨ᠎ᠤ ᠡᠢ᠌ᠮᠦᠷᠬᠦᠦ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠤᠯᠤᠰ᠎ᠤᠨ ᠣᠮᠣᠭ ᠲᠡᠭᠦᠯᠳᠡᠷ ᠠᠵᠢᠯᠯᠠᠭ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠪᠠᠶ᠋ᠢᠪᠠᠰᠤ ᠵᠣᠬᠢᠬᠤ ᠤᠴᠢᠷ ᠵᠦᠢ ᠮᠥᠨ᠃ ᠨᠠᠮ᠎ᠤᠨ ᠦᠨᠳᠦᠰᠦᠲᠡᠨ᠎ᠤ ᠠᠵᠢᠯ᠎ᠤᠨ ᠲᠠᠯ᠎ᠠ᠎ᠠᠴᠠ ᠠᠪᠴᠤ ᠦᠵᠡᠪᠡᠯ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ ᠲᠡᠦᠬᠡ᠎ᠠᠴᠠ ᠢᠷᠡᠭᠡᠳᠦᠢ ᠲᠡᠶ᠋ᠢᠰᠢ ᠤᠷᠤᠭᠰᠢᠯᠠᠬᠤ᠂ ᠤᠳᠤᠮᠰᠢᠯ᠎ᠠᠴᠠ ᠤᠳᠤ ᠦᠶ᠎ᠡ ᠲᠡᠶ᠋ᠢᠰᠢ ᠤᠷᠤᠭᠰᠢᠯᠠᠬᠤ᠂ ᠤᠯᠠᠨ ᠡᠰᠢ ᠪᠦᠬᠦᠢ᠎ᠠᠴᠠ ᠨᠢᠭᠡ ᠴᠣᠭᠴᠠᠵᠢᠵᠤ ᠨᠢᠭᠲᠠᠷᠠᠨ ᠬᠥᠭᠵᠢᠬᠦ ᠶᠡᠬᠡ ᠬᠠᠨᠳᠤᠰᠢ ᠵᠢ ᠲᠠᠭ᠋ᠠᠵᠤ᠂ ᠳᠤᠮᠳᠠᠳᠤ ᠵᠢᠨ ᠪᠣᠯᠪᠠᠰᠤᠨ᠎ᠤ ᠲᠤᠪᠤᠢ᠍ᠢ᠍ᠮ᠎ᠠ ᠣᠨᠴᠠᠯᠢᠭ᠎ᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠲᠡᠦᠬᠡ ᠵᠢᠨ ᠰᠢᠨ᠎ᠡ ᠡᠬᠢᠯᠡᠯᠲᠡ ᠵᠢᠨ ᠴᠡᠭ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠳᠠ ᠦᠭᠡᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠪᠠᠲᠤ ᠪᠡᠬᠢ ᠤᠶᠤᠨ ᠰᠠᠨᠠᠭ᠎ᠠ ᠪᠠ ᠰᠣᠶᠣᠯ᠎ᠤᠨ ᠰᠠᠭᠤᠷᠢ ᠵᠢ ᠲᠠᠯᠪᠢᠬᠤ ᠬᠡᠷᠡᠭᠲᠡᠢ᠃
       ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠎ᠳᠤ ᠡᠷᠬᠡᠪᠰᠢ ᠤᠳᠠᠭ᠋ᠠᠨ ᠳᠠᠭ᠋ᠠᠭ᠋ᠠᠮᠠᠭ᠋ᠠᠶ᠎ᠪᠠᠷ ᠠᠵᠢᠯᠯᠠᠬᠤ ᠬᠡᠷᠡᠭᠲᠡᠶ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠬᠠᠨᠳᠤᠭᠤᠯᠤᠨ ᠨᠠᠮ᠎ᠤᠨ ᠣᠨᠣᠯ ᠪᠠ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢᠨ ᠬᠥᠮᠦᠵᠢᠯ᠎ᠢ ᠴᠢᠩᠭ᠋ᠠᠳᠬᠠᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠬᠠᠮᠲᠤ ᠵᠢᠨ ᠬᠦᠰᠡᠯᠡᠩ ᠢᠲᠡᠭᠡᠯ ᠪᠢᠰᠢᠷᠡᠯ ᠵᠶ᠋ᠠᠷ ᠣᠶᠤᠨ ᠰᠠᠨᠠᠭ᠎ᠠ᠎ᠪᠠᠨ ᠨᠢᠭᠲᠠᠷᠠᠭᠤᠯᠵᠤ᠂ ᠨᠡᠶ᠋ᠢᠭᠡᠮ ᠵᠢᠷᠤᠮᠲᠤ ᠭᠤᠤᠯᠯᠠᠭᠴᠢ ᠥᠷᠲᠡᠭ᠎ᠤᠨ ᠦᠵᠡᠯᠲᠡ ᠵᠢ ᠭᠦᠨᠵᠡᠭᠡᠶ ᠪᠣᠶ᠋ᠢᠵᠢᠭᠤᠯᠤᠨ ᠦᠢ᠍ᠯᠡᠳᠦᠯᠭᠡᠵᠢᠭᠦᠯᠬᠦ ᠬᠡᠷᠡᠭᠲᠡᠶ᠃ ᠬᠤᠪᠢᠰᠬᠠᠯ᠎ᠤᠨ ᠭ᠋ᠸᠨ᠎ᠢ ᠤᠯᠠᠮᠵᠢᠯᠠᠨ ᠵᠠᠯᠭ᠋ᠠᠮᠵᠢᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠷ ᠭᠣᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠣᠣᠯ ᠪᠣᠯᠭ᠋ᠠᠭᠰᠠᠨ ᠴᠠᠭ ᠦᠶ᠎ᠡ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠲᠤᠬᠠᠢ ᠮᠡᠳᠡᠷᠡᠬᠦᠢ ᠪᠠ ᠤᠮᠤᠬᠰᠢᠯᠳᠤ ᠰᠡᠳᠬᠢᠯᠭᠡ᠎ᠪᠠᠨ ᠲᠠᠰᠤᠷᠠᠯᠳᠡ ᠦᠭᠡᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ ᠴᠤᠭ ᠵᠢᠪᠬᠤᠭ᠎ᠠ ᠵᠢ ᠬᠥᠪᠴᠢᠯᠡᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠵᠢᠨ ᠤᠯᠠᠮᠵᠢᠯᠠᠯᠲᠤ ᠰᠣᠶᠣᠯ᠎ᠤᠨ ᠰᠢᠯᠢᠳᠡᠭ ᠭᠧᠨ ᠪᠠ ᠴᠠᠭ ᠦᠶ᠎ᠡ ᠵᠢᠨ ᠦᠨ᠎ᠡ ᠦᠷᠳᠡᠭ᠎ᠢ ᠰᠤᠳᠤᠯᠤᠨ ᠠᠭᠤᠳᠠᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠤᠯᠠᠷᠢᠭᠤᠯᠤᠯᠲᠠ᠂ ᠰᠢᠨ᠎ᠡ ᠡᠭᠦᠳᠦᠯᠲᠡ ᠵᠢᠨ ᠴᠢᠨᠠᠷᠲᠠᠢ ᠬᠥᠭᠵᠢᠯᠲᠡ ᠵᠢ ᠠᠬᠢᠭᠤᠯᠵᠤ᠂ ᠨᠡᠶ᠋ᠢᠭᠡᠮ  ᠵᠢᠷᠤᠮᠲᠤ ᠲᠡᠷᠢᠭᠦᠨ᠎ᠤ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠵᠢᠨ ᠰᠣᠶᠣᠯ᠎ᠤᠨ ᠣᠨᠴᠠᠯᠢᠭ ᠰᠢᠨᠵᠢ᠂ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠤᠯᠤᠰ᠎ᠤᠨ ᠲᠦᠷᠢ ᠲᠥᠷᠬᠦ ᠵᠢ ᠢᠯᠡᠳᠬᠡᠬᠦ ᠲᠣᠭᠲᠠᠯᠴᠠᠭ᠎ᠠ ᠵᠢ ᠪᠠᠶ᠋ᠢᠭᠤᠯᠤᠨ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠮᠡᠳᠡᠷᠡᠬᠦᠢ ᠵᠢ ᠲᠠᠰᠤᠷᠠᠯᠳᠠ ᠦᠭᠡᠢ ᠴᠢᠩᠭ᠋ᠠᠳᠬᠠᠨ᠎ᠠ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠦᠭᠡ ᠬᠡᠯᠡ ᠨᠡᠪᠲᠡᠷᠡᠯᠴᠡᠬᠦ᠎ᠪᠠᠷ ᠤᠶᠤᠨ ᠰᠠᠨᠠᠭ᠎ᠠ᠎ᠪᠠᠨ ᠨᠡᠪᠲᠡᠷᠡᠯᠴᠡᠭᠦᠯᠬᠦ᠂ ᠬᠤᠪᠢ ᠵᠠᠶᠠᠭ᠎ᠠ᠎ᠪᠠᠨ ᠨᠡᠪᠲᠡᠷᠡᠯᠴᠡᠭᠦᠯᠬᠦ ᠵᠢ ᠠᠬᠢᠭᠤᠯᠤᠨ᠎ᠠ᠃

W020240202380977555556.jpg     

      2023 ᠣᠨ᠎ᠤ 12 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 15᠎ᠤ ᠡᠳᠦᠷ ᠪᠣᠯᠲᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 14᠎ᠤ ᠡᠳᠦᠷ᠎ᠤᠨ ᠦᠳᠡ ᠵᠢᠨ ᠡᠮᠦᠨ᠎ᠡ᠂ ᠰᠢ ᠵᠢᠨ ᠫᠢᠩ ᠨᠠᠨᠨᠢᠩ ᠬᠤᠳᠠ ᠵᠢᠨ ᠯᠢᠶᠠᠨ ᠴᠢᠩ ᠲᠣᠭᠣᠷᠢᠭ᠎ᠤᠨ ᠫᠠᠨ ᠯᠥᠩ ᠨᠡᠶ᠋ᠢᠭᠡᠮ ᠲᠣᠭᠣᠷᠢᠭ᠎ᠲᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠨᠡᠶ᠋ᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ᠃
      ᠭᠤᠷᠪᠠᠳᠤᠭ᠋ᠠᠷ᠎ᠲᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ᠃ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠪᠣᠯ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠵᠠᠶ᠋ᠢᠯᠠᠰᠢ ᠦᠭᠡᠢ ᠵᠠᠮᠨᠠᠬᠤ ᠵᠠᠮ ᠮᠥᠨ᠃ ᠳᠤᠮᠳᠠᠳᠤ ᠵᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠴᠣᠭᠴᠠᠯᠠᠭᠳᠠᠭᠰᠠᠨ ᠲᠤᠯᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠴᠤ᠌ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠪᠡᠶᠡᠯᠡᠭᠳᠡᠬᠦ᠎ᠨᠢ ᠯᠠᠪᠲᠠᠢ ᠶᠤᠮ᠃ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠤᠷᠢᠲᠠᠯ ᠪᠠ ᠰᠠᠭᠤᠷᠢ ᠮᠥᠨ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠬᠢᠴᠠ ᠪᠣᠯ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠵᠠᠶ᠋ᠢᠯᠠᠰᠢ ᠦᠭᠡᠢ ᠶᠠᠪᠤᠴᠠ ᠮᠥᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠠᠶ᠋ᠢᠯᠠᠰᠢ ᠦᠭᠡᠢ ᠶᠠᠪᠤᠴᠠ ᠮᠥᠨ᠃
      ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠤᠨ ᠲᠤᠭ᠎ᠢ ᠡᠷᠬᠡᠪᠰᠢ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠥᠯᠥᠭᠡ ᠬᠠᠮᠲᠤ᠎ᠪᠠᠷ ᠲᠡᠮᠡᠴᠡᠬᠦ ᠵᠢ ᠠᠬᠢᠭᠤᠯᠬᠤ ᠵᠢ ᠰᠢᠨ᠎ᠡ ᠠᠶᠠᠯᠠᠯ᠎ᠳᠠᠬᠢ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭ᠋ᠠᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠬᠥᠮᠦᠨ ᠠᠮᠠ ᠵᠢᠨ ᠨᠡᠭᠦᠳᠡᠯᠯᠡᠵᠦ ᠠᠭᠤᠰᠤᠯᠴᠠᠨ ᠰᠠᠭᠤᠷᠢᠰᠢᠬᠤ ᠵᠢ ᠠᠬᠢᠭᠤᠯᠵᠤ᠂ ᠰᠢᠭᠢᠳᠬᠡᠯᠳᠦ ᠮᠠᠶᠢᠭ᠎ᠤᠨ ᠨᠡᠶ᠋ᠢᠭᠡᠮ᠎ᠤᠨ ᠪᠦᠲᠦᠴᠡ ᠪᠣᠯᠤᠨ ᠨᠡᠶ᠋ᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠰᠠᠭᠤᠷᠢᠰᠢᠬᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠬᠤ ᠬᠠᠮᠲᠤ᠎ᠪᠠᠷ ᠵᠢᠷᠭ᠋ᠠᠬᠤ ᠨᠡᠶ᠋ᠢᠭᠡᠮ᠎ᠤᠨ ᠨᠥᠬᠥᠴᠡᠯ᠎ᠢ ᠡᠭᠦᠳᠴᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠵᠢ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠵᠣᠷᠢᠯᠲᠠ ᠪᠠ ᠲᠤᠰᠤᠯᠳᠠ ᠪᠣᠯᠭ᠋ᠠᠵᠤ᠂ ᠦᠨᠳᠦᠰᠦᠲᠡᠨ᠎ᠤ ᠭᠠᠵᠠᠷ ᠣᠷᠣᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠬᠤ ᠵᠢ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠪᠠ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠭᠵᠢᠯᠲᠡ ᠵᠢᠨ ᠦᠷ᠎ᠡ ᠪᠦᠲᠦᠭᠡᠯ᠎ᠢ ᠡᠷᠬᠡ ᠲᠡᠭᠰᠢ᠎ᠪᠠᠷ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠬᠦᠷᠲᠡᠭᠡᠬᠦ ᠵᠢ ᠠᠬᠢᠭᠤᠯᠤᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃
      ᠳᠥᠷᠪᠡᠳᠦᠭᠡᠷ᠎ᠲᠤ᠂ ᠳᠤᠮᠳᠠᠳᠤ ᠵᠢᠨ ᠦᠨᠳᠦᠰᠦᠲᠡᠨ᠎ᠤ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠶᠡᠬᠡ᠎ᠪᠠᠷ ᠤᠬᠠᠭᠤᠯᠤᠨ ᠲᠠᠨᠢᠯᠴᠠᠭᠤᠯᠬᠤ ᠬᠡᠷᠡᠭᠲᠡᠢ᠃ ᠦᠨᠳᠦᠰᠦᠲᠡᠨ᠎ᠤ ᠠᠵᠢᠯ ᠪᠣᠯ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠂ ᠬᠦᠴᠦᠨ ᠴᠢᠳᠠᠯ᠎ᠢ ᠨᠢᠭᠲᠠᠷᠠᠭᠤᠯᠬᠤ ᠠᠵᠢᠯ ᠮᠥᠨ᠂ ᠦᠨᠳᠦᠰᠦᠲᠡᠨ᠎ᠤ ᠤᠬᠠᠭᠤᠯᠭ᠎ᠠ᠎ᠳᠤ ᠬᠣᠯᠪᠣᠭᠳᠠᠬᠤ ᠠᠵᠢᠯ᠎ᠢ ᠰᠠᠢ᠍ᠢ᠍ᠨ ᠬᠢᠬᠦ ᠡᠰᠡᠬᠦ᠎ᠨᠢ ᠬᠥᠮᠦᠨ᠎ᠤ ᠰᠡᠳᠬᠢᠯ ᠨᠢᠭᠲᠠᠷᠠᠬᠤ ᠡᠰᠡᠬᠦ᠎ᠳᠤ ᠬᠣᠯᠪᠣᠭᠳᠠᠵᠤ᠂ ᠨᠠᠮ ᠪᠠ ᠤᠯᠤᠰ᠎ᠤᠨ ᠲᠦᠷᠢ ᠲᠥᠷᠬᠦ᠎ᠳᠤ ᠬᠣᠯᠪᠣᠭᠳᠠᠵᠤ ᠪᠠᠶ᠋ᠢᠳᠠᠭ᠃ ᠡᠷᠬᠡᠪᠰᠢ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠤᠨ ᠬᠦᠳᠤᠯᠤᠨ ᠵᠢᠯᠣᠭᠣᠳᠬᠤ᠎ᠪᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢ ᠶᠡᠬᠡ᠎ᠪᠠᠷ ᠤᠬᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠢ ᠶᠡᠬᠡ᠎ᠪᠠᠷ ᠤᠬᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠵᠢ ᠶᠡᠬᠡ᠎ᠪᠠᠷ ᠤᠬᠠᠭᠤᠯᠵᠤ᠂ ᠳᠤᠮᠳᠠᠳᠤ ᠵᠢᠨ ᠦᠨᠳᠦᠰᠦᠲᠡᠨ ᠪᠣᠯᠤᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ ᠭᠠᠷ ᠵᠶ᠋ᠠᠨ ᠬᠣᠯᠪᠣᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠠᠢ᠍ᠢ᠍ᠨ ᠰᠠᠶ᠋ᠢᠬᠠᠨ ᠬᠦᠰᠡᠯ ᠡᠷᠡᠮᠡᠯᠵᠡᠯ᠎ᠢ ᠶᠡᠬᠡ᠎ᠪᠠᠷ ᠤᠬᠠᠭᠤᠯᠬᠤ ᠬᠡᠷᠡᠭᠲᠡᠢ᠃
      ᠦᠨᠳᠦᠰᠦᠲᠡᠨ᠎ᠤ ᠤᠬᠠᠭᠤᠯᠭ᠎ᠠ᠎ᠳᠤ ᠬᠣᠯᠪᠣᠭᠳᠠᠭᠰᠠᠨ ᠤᠯᠠᠮᠵᠢᠯᠠᠨ ᠳᠡᠯᠭᠡᠷᠡᠭᠦᠯᠬᠦ ᠠᠷᠭ᠎ᠠ ᠬᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠤᠯᠠᠮᠵᠢᠯᠠᠨ ᠳᠡᠯᠭᠡᠷᠡᠭᠦᠯᠬᠦ ᠠᠭᠤᠯᠭ᠎ᠠ ᠵᠢ ᠪᠠᠶᠠᠯᠢᠭᠵᠢᠭᠤᠯᠵᠤ᠂ ᠤᠯᠠᠮᠵᠢᠯᠠᠨ ᠳᠡᠯᠭᠡᠷᠡᠭᠦᠯᠬᠦ ᠠᠷᠭ᠎ᠠ ᠵᠠᠮ᠎ᠢ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠨᠡᠶ᠋ᠢᠭᠡᠮ ᠵᠢᠷᠤᠮᠲᠤ ᠪᠠᠶ᠋ᠢᠭᠤᠯᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠬᠥᠭᠵᠢᠨ ᠳᠠᠪᠰᠢᠬᠤ ᠵᠢᠨ ᠨᠠᠶ᠋ᠢᠳᠠᠪᠤᠷᠢᠲᠠᠢ ᠪᠠᠲᠤᠯᠠᠭ᠎ᠠ ᠮᠥᠨ ᠭᠡᠳᠡᠭ᠎ᠢ ᠲᠣᠳᠣᠷᠬᠠᠢ ᠶᠠᠷᠢᠵᠤ᠂ ᠳᠤᠮᠳᠠᠳᠤ ᠵᠢᠨ ᠦᠨᠳᠦᠰᠦᠲᠡᠨ ᠪᠣᠯ ᠬᠦᠴᠦᠷᠬᠡᠭ ᠶᠡᠬᠡ ᠲᠠᠨᠢᠨ ᠮᠡᠳᠡᠷᠡᠬᠦᠢ ᠪᠠ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠭᠡᠳᠡᠭ᠎ᠢ ᠲᠣᠳᠣᠷᠬᠠᠢ ᠶᠠᠷᠢᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠳᠤ ᠪᠠᠶ᠋ᠢᠳᠠᠭ ᠢᠯᠡᠳᠲᠡ ᠳᠠᠪᠠᠭᠤᠯᠢᠭ ᠴᠢᠨᠠᠷ᠎ᠢ ᠲᠣᠳᠣᠷᠬᠠᠢ ᠶᠠᠷᠢᠬᠤ ᠬᠡᠷᠡᠭᠲᠡᠢ᠃ 《ᠤᠷᠢᠵᠤ ᠢᠷᠡᠬᠦ》᠂ 《ᠭᠠᠷᠴᠤ ᠶᠠᠪᠤᠬᠤ》 ᠵᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠡᠲᠡᠭᠡᠳ᠂ ᠠᠷᠠᠳ᠎ᠤᠨ ᠪᠦᠯᠬᠦᠮ᠎ᠤᠨ ᠰᠣᠯᠢᠯᠴᠠᠭ᠎ᠠ ᠦᠢ᠍ᠯᠡᠳᠦᠯᠴᠡᠯ᠎ᠢ ᠢᠳᠡᠪᠬᠢᠲᠡᠶ ᠠᠬᠢᠭᠤᠯᠤᠨ᠎ᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠡᠭᠦᠷᠭᠡ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠨᠢ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠪᠠᠷᠢᠮᠲᠠᠯᠠᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠡᠯ᠎ᠡ ᠵᠦᠢ᠍ᠯ᠎ᠤᠨ ᠴᠢᠭᠯᠡᠯᠲᠡ ᠲᠦᠷᠦ ᠵᠢᠨ ᠪᠤᠳᠤᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠤᠰ ᠭᠠᠵᠠᠷ ᠣᠷᠣᠨ ᠲᠤᠰ ᠨᠢᠭᠡᠴᠢ ᠵᠢᠨ ᠵᠶ᠋ᠠᠨ ᠦᠨᠳᠦᠰᠦᠲᠡᠨ᠎ᠤ ᠠᠵᠢᠯ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ᠎ᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ᠃
      ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2023 ᠣᠨ᠎ᠤ 10 ᠳ᠋ᠤᠭ᠋ᠠᠷ ᠰᠠᠷ᠎ᠠ ᠵᠢᠨ 27᠎ᠤ ᠡᠳᠦᠷ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠶᠠᠷᠢᠶᠠᠨ᠎ᠤ ᠭᠣᠣᠯ ᠠᠭᠤᠯᠭ᠎ᠠ ᠪᠣᠯᠤᠨ᠎ᠠ᠃


          ᠣᠷᠴᠢᠭᠤᠯᠤᠭᠴᠢ᠄ ᠠᠳᠢᠶ᠎ᠠ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

ᠢᠷᠡᠯᠲᠡ᠄ ᠲᠤᠮᠳᠠᠳᠤ ᠵᠢ ᠥᠭᠦᠯᠡᠬᠦᠢ