ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠳᠤᠮᠳᠠᠳᠤ ᠵᠢᠨ ᠦᠨᠳᠦᠰᠦᠲᠡᠨ ᠬᠠᠮᠢᠭ᠎ᠠ᠎ᠠᠴᠠ ᠢᠷᠡᠭᠰᠡᠨ ᠪᠤᠢ? ᠶᠠᠭ᠋ᠠᠬᠢᠭ᠋ᠠᠳ ᠤᠷᠢᠳ ᠭᠠᠷᠤᠭ᠎ᠠ ᠦᠭᠡᠢ ᠰᠡᠬᠡᠭᠡᠷᠡᠭᠰᠡᠨ ᠪᠤᠢ? 《ᠲᠦᠢ᠍ᠮᠦ》᠎ᠠᠴᠠ ᠬᠠᠷᠢᠭᠤᠯᠲᠠ ᠡᠷᠢᠭᠡᠷᠡᠢ — ᠳᠤᠮᠳᠠᠳᠤ ᠵᠢ ᠦᠬᠦᠯᠡᠬᠦᠢ ᠶᠠᠷᠢᠶᠡᠨ᠎ᠤ ᠲᠠᠩᠬᠢᠮ᠎ᠤᠨ ᠰᠢᠷᠢᠰ ⑧
ᠨᠡᠶ᠋ᠢᠲᠡᠯᠡᠭᠰᠡᠨ ᠴᠠᠭ᠄ 2024-06-07

      3 ᠳ᠋ᠤᠭ᠋ᠠᠷ ᠰᠠᠷ᠎ᠠ ᠵᠢᠨ 12᠎ᠤᠨ ᠡᠳᠦᠷ᠂ 《ᠲᠤᠮᠳᠠᠳᠤ ᠵᠢ ᠦᠬᠦᠯᠡᠬᠦᠢ》 ᠶᠠᠷᠢᠶᠠᠨ᠎ᠤ ᠲᠠᠩᠬᠢᠮ᠎ᠤᠨ ᠨᠠᠢᠮᠠᠳᠤᠭ᠋ᠠᠷ ᠤᠳᠠᠭ᠋ᠠᠨ᠎ᠤ ᠲᠠᠢ᠌ᠯᠤᠮᠵᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠶᠠᠪᠤᠭᠳᠠᠪᠠ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠭᠰᠠᠭ᠋ᠠᠳᠠᠨ ᠵᠦᠢ ᠪᠠ ᠬᠦᠮᠦᠨ ᠵᠦᠢ ᠰᠤᠳᠤᠯᠤᠯ᠎ᠤᠨ ᠭᠠᠵᠠᠷ᠎ᠤᠨ ᠳᠠᠷᠤᠭ᠎ᠠ᠂ ᠲᠥᠪ᠎ᠤᠨ ᠳᠥᠷᠪᠡᠨ ᠶᠠᠮᠤᠨ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠠᠬᠠᠯᠠᠭᠴᠢ ᠲᠤᠰᠬᠠᠶ ᠮᠡᠷᠭᠡᠵᠢᠯᠲᠡᠨ ᠸᠠᠩ ᠶᠠᠨ ᠵᠥᠩ ᠳᠠᠢ᠌ᠯᠤᠮᠵᠢ ᠬᠢᠪᠠ᠃ ᠳᠣᠤᠷᠠᠬᠢ ᠪᠣᠯ ᠲᠠᠢ᠌ᠯᠤᠮᠵᠢ ᠵᠢᠨ ᠭᠣᠤᠯ ᠠᠭᠤᠯᠭ᠎ᠠ ᠪᠣᠯᠤᠨ᠎ᠠ᠃

1.jpg


      ᠸᠠᠩ ᠶᠠᠨ ᠵᠥᠩ 《ᠳᠤᠮᠳᠠᠳᠤ ᠵᠢ ᠦᠬᠦᠯᠡᠬᠦᠢ》 ᠶᠠᠷᠢᠶᠡᠨ᠎ᠤ ᠳᠠᠩᠬᠢᠮ᠎ᠳᠤ ᠳᠠᠢ᠌ᠯᠦᠮᠵᠢ ᠬᠢᠵᠦ ᠪᠠᠢ᠌ᠭ᠎ᠠ᠎ᠨᠢ  (ᠲᠤᠮᠳᠠᠳᠦ ᠵᠢᠨ ᠦᠨᠳᠦᠰᠦᠲᠡᠨ ᠰᠣᠨᠢᠨ᠎ᠤ ᠬᠣᠷᠢᠶᠠᠨ᠎ᠤ ᠰᠤᠷᠪᠤᠯᠵᠢᠯᠠᠭᠴᠢ ᠸᠠᠩ ᠾᠦᠢ ᠰᠡᠭᠦᠳᠡᠷᠯᠡᠪᠡ)  

      《ᠲᠣᠢ᠌ᠮᠣ》 ᠵᠢᠨ ᠬᠡᠪᠯᠡᠭᠳᠡᠭᠰᠡᠨ ᠶᠠᠪᠤᠳᠠᠯ ᠪᠤᠯ ᠴᠠᠭ ᠦᠶ᠎ᠠ ᠵᠢᠨ ᠱᠠᠭ᠋ᠠᠷᠳᠠᠯᠭ᠎ᠠ᠎ᠳᠤ ᠵᠤᠬᠢᠴᠠᠭᠰᠠᠨ ᠴᠢᠬᠤᠯᠨ ᠤᠨᠤᠯ᠎ᠤᠨ ᠠᠵᠢᠯ ᠮᠦᠨ
      《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠦᠢ᠍ᠮᠤ》 (ᠲᠤᠷᠤᠭᠰᠢ 《ᠲᠤᠢ᠌ᠮᠦ》 ᠭᠡᠵᠦ ᠲᠦᠭᠦᠮᠴᠢᠯᠡᠨ᠎ᠡ) ᠵᠢᠭ᠋ᠠᠬᠤ ᠮᠠᠲ᠋ᠧᠷᠢᠶᠠᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠤᠭᠲᠠᠯᠴᠠᠭ᠎ᠠ᠂ ᠦᠭᠡ ᠶᠠᠷᠢᠶᠠᠨ᠎ᠤ ᠲᠤᠭᠲᠠᠯᠴᠠᠭ᠎ᠠ ᠵᠢᠨ ᠪᠠᠢ᠌ᠭᠤᠯᠤᠯᠲᠠ ᠵᠢᠨ ᠴᠢᠬᠤᠯᠠ ᠦᠷ᠎ᠡ ᠪᠦᠲᠦᠭᠡᠯ ᠮᠥᠨ᠃ ᠡᠨᠡ ᠬᠦ᠌ ᠵᠢᠭ᠋ᠠᠬᠤ ᠮᠠᠲ᠋ᠧᠷᠢᠶᠠᠯ᠎ᠢ ᠨᠠᠢ᠌ᠷᠠᠭᠤᠯᠤᠭᠰᠠᠨ ᠶᠠᠪᠤᠳᠠᠯ ᠪᠣᠯ ᠴᠠᠭ ᠦᠶ᠎ᠡ ᠵᠢᠨ ᠱᠠᠭ᠋ᠠᠷᠳᠠᠯᠭ᠎ᠠ᠎ᠳᠤ ᠵᠣᠬᠢᠴᠠᠭᠰᠠᠨ ᠴᠢᠬᠤᠯᠠ ᠤᠨᠤᠯ᠎ᠤᠨ ᠠᠵᠢᠯ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠤᠷᠢᠯᠲᠠ᠎ᠲᠠᠢ ᠨᠢᠭᠡ ᠤᠳᠠᠭ᠎ᠠ ᠵᠢᠨ ᠢᠳᠡᠪᠬᠢᠲᠡᠢ᠂ ᠠᠰᠢᠭᠲᠠᠢ ᠤᠷᠤᠯᠳᠤᠯᠭ᠎ᠠ ᠪᠣᠯᠤᠨ᠎ᠠ᠃ ᠡᠭᠦᠷᠭᠡ ᠪᠠ ᠴᠢᠳᠠᠮᠵᠢ ᠵᠢᠨ ᠲᠠᠯ᠎ᠠ᠎ᠠᠴᠠ ᠠᠪᠴᠤ ᠦᠵᠡᠪᠡᠯ ᠲᠤᠰ ᠨᠤᠮ ᠪᠣᠯ ᠪᠦᠷᠢᠨ ᠲᠡᠭᠦᠯᠳᠡᠷ ᠲᠤᠭᠲᠠᠯᠴᠠᠭ᠎ᠠ᠎ᠲᠠᠢ᠂ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ᠂ ᠡᠷᠳᠡᠮ ᠰᠢᠨᠵᠢᠯᠡᠭᠡᠨ᠎ᠤ ᠴᠢᠨᠠᠷ  ᠪᠠ ᠵᠦᠢ ᠶᠤᠰᠤᠴᠢ ᠴᠢᠨᠠᠷ ᠵᠶ᠋ᠠᠷ ᠨᠡᠯᠢᠶᠡᠳ ᠴᠢᠩᠭ᠎ᠠ᠂ ᠲᠣᠭ᠋ᠠᠴᠢᠯᠲᠠ᠎ᠨᠢ ᠨᠠᠷᠢᠨ ᠲᠤᠭᠲᠠᠯᠴᠠᠭ᠎ᠠ ᠣᠨᠣᠪᠴᠢᠲᠠᠢ ᠵᠢᠭ᠋ᠠᠬᠤ ᠮᠠᠲ᠋ᠧᠷᠢᠶᠠᠯ ᠮᠥᠨ᠃ 《ᠲᠦᠢ᠍ᠮᠤ》 ᠵᠢᠭ᠋ᠠᠬᠤ ᠮᠠᠲ᠋ᠧᠷᠢᠶᠠᠯ᠎ᠨᠢ ᠳᠤᠮᠳᠠᠳᠤ ᠵᠢᠨ ᠦᠨᠳᠦᠰᠦᠲᠡᠨ᠎ᠤ ᠪᠦᠬᠦᠯᠢ ᠴᠣᠭᠴᠠ ᠵᠢᠨ ᠬᠠᠷᠠᠭ᠋ᠠᠰᠤ᠎ᠠᠴᠠ ᠡᠭᠦᠰᠴᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢᠨ ᠭᠣᠣᠯ ᠲᠡᠩᠭᠡᠯᠢᠭ᠎ᠢ ᠮᠦᠷᠳᠡᠵᠦ᠂ ᠳᠤᠮᠳᠠᠳᠤ ᠵᠢᠨ ᠦᠨᠳᠦᠰᠦᠲᠡᠨ᠎ᠤ ᠤᠯᠤᠰ ᠲᠦᠷᠦ᠂ ᠠᠵᠤ ᠠᠬᠤᠢ᠂ ᠨᠡᠢ᠌ᠭᠡᠮ᠂ ᠰᠣᠶᠣᠯ ᠵᠡᠷᠭᠡ ᠲᠠᠯ᠎ᠠ ᠵᠢᠨ ᠨᠡᠢ᠌ᠲᠡᠯᠢᠭ ᠴᠢᠨᠠᠷ ᠲᠠᠰᠤᠷᠠᠯᠲᠠ ᠦᠭᠡᠢ ᠪᠡᠬᠢᠵᠢᠭᠰᠡᠨ ᠲᠡᠦᠬᠡᠨ ᠶᠠᠪᠤᠴᠠ ᠵᠢ ᠢᠯᠡᠷᠡᠭᠦᠯᠪᠡ᠃

2.jpg

      《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠵᠢ ᠣᠢ᠌ᠷ᠎ᠠ᠎ᠳᠤ ᠬᠡᠪᠯᠡᠭᠦᠯᠦᠨ ᠲᠠᠷᠬᠠᠭ᠋ᠠᠪᠠ (ᠵᠢᠷᠤᠭ᠎ᠤᠨ ᠢᠷᠡᠯᠳᠡ᠄ ᠤᠯᠤᠰ᠎ᠤᠨ ᠦᠨᠳᠦᠰᠦᠳᠡᠨ᠎ᠤ ᠵᠦᠪᠯᠡᠯ᠎ᠤᠨ ᠠᠯᠪᠠᠨ ᠰᠦᠯᠵᠢᠶ᠎ᠡ)

      ᠤᠨᠤᠯ᠎ᠤᠨ ᠲᠠᠯ᠎ᠠ᠎ᠠᠴᠠ ᠠᠪᠴᠤ ᠦᠵᠡᠪᠡᠯ᠂ ᠲᠤᠰ ᠨᠣᠮ᠎ᠨᠢ 《ᠣᠨᠤᠯ᠎ᠨᠢ ᠲᠡᠦᠬᠡ᠎ᠠᠴᠠ ᠭᠠᠷᠬᠤ》᠂ 《ᠲᠡᠦᠬᠡ᠎ᠪᠠᠷ ᠭᠣᠣᠯ ᠲᠡᠩᠭᠡᠯᠢᠭ ᠪᠣᠯᠭ᠋ᠠᠬᠤ》 ᠵᠢ ᠪᠠᠷᠢᠮᠲᠠᠯᠠᠭᠰᠠᠨ ᠮᠥᠷᠲᠡᠭᠡᠨ ᠪᠠᠰᠠ ᠤᠨᠤᠯᠴᠢ ᠴᠢᠨᠠᠷ ᠵᠢᠡᠷ ᠮᠠᠰᠢ ᠴᠢᠩᠭ᠎ᠠ ᠶᠤᠮ᠃ ᠡᠨᠡ᠎ᠨᠢ ᠵᠢᠭ᠋ᠠᠬᠤ ᠮᠠᠲ᠋ᠧᠷᠢᠶᠠᠯ᠎ᠤᠨ ᠡᠮᠦᠨ᠎ᠡ ᠬᠣᠶᠠᠷ ᠪᠦᠯᠦᠭ ᠪᠠ ᠰᠡᠬᠦᠯᠴᠢ ᠵᠢᠨ ᠪᠦᠯᠦᠭ᠎ᠲᠤ ᠳᠣᠪᠣᠢ᠍ᠢ᠍ᠮ᠎ᠠ ᠢᠯᠡᠷᠡᠵᠦ ᠪᠠᠢ᠌ᠨ᠎ᠠ᠃ ᠵᠢᠭ᠋ᠠᠬᠤ ᠮᠠᠲ᠋ᠧᠷᠢᠶᠠᠯ᠎ᠤᠨ ᠬᠤᠪᠢ᠎ᠳᠤ ᠤᠯᠤᠰ ᠲᠥᠷᠥ ᠵᠢᠨ ᠬᠡᠯᠡ ᠶᠠᠷᠢᠶ᠎ᠠ᠂ ᠨᠡᠢ᠌ᠭᠡᠮ᠎ᠤᠨ ᠬᠡᠯᠡ ᠶᠠᠷᠢᠶ᠎ᠠ ᠪᠠ ᠡᠷᠳᠡᠮ ᠰᠢᠨᠵᠢᠯᠡᠭᠡᠨ᠎ᠤ ᠬᠡᠯᠡ ᠶᠠᠷᠢᠶ᠎ᠠ ᠵᠢᠨ ᠬᠣᠭᠣᠷᠣᠨᠳᠣ ᠤᠯᠠᠷᠢᠭᠤᠯᠬᠤ ᠶᠠᠪᠤᠴᠠ ᠵᠢᠨ ᠱᠠᠭ᠋ᠠᠷᠳᠠᠯᠭ᠎ᠠ᠎ᠲᠠᠢ᠃ ᠲᠤᠰ ᠨᠣᠮ᠎ᠳᠤ ᠨᠠᠮ᠎ᠤᠨ ᠦᠨᠳᠦᠰᠦᠲᠡᠨ᠎ᠤ ᠤᠨᠤᠯ ᠪᠠ ᠤᠯᠤᠰ ᠲᠦᠷᠦ ᠵᠢᠨ ᠬᠡᠯᠡ ᠶᠠᠷᠢᠶ᠎ᠠ ᠵᠢ ᠡᠷᠳᠡᠮ   ᠰᠢᠨᠵᠢᠯᠡᠭᠡᠨᠴᠢᠯᠡᠨ ᠤᠯᠠᠷᠢᠭᠤᠯᠵᠦ᠂ ᠵᠦᠢ ᠶᠤᠰᠤᠴᠢᠯᠠᠨ ᠲᠠᠢ᠌ᠯᠪᠦᠷᠢᠯᠠᠭ᠋ᠠᠳ ᠨᠡᠢ᠌ᠭᠡᠮ᠎ᠤᠨ ᠬᠡᠷᠡᠭᠴᠡᠭᠡ᠎ᠳᠤ ᠵᠤᠬᠢᠴᠠᠭᠤᠯᠵᠤ᠂ ᠨᠡᠢ᠌ᠭᠡᠮ᠎ᠤᠨ ᠤᠬᠠᠭᠤᠯᠤᠨ ᠲᠠᠢ᠌ᠯᠪᠦᠷᠢᠯᠠᠬᠤ᠎ᠳᠤ ᠠᠰᠢᠭ᠎ᠲᠠᠢ ᠪᠤᠯᠤᠭᠰᠠᠨ ᠮᠠᠰᠢ ᠰᠠᠢ᠍ᠢ᠍ᠨ ᠲᠤᠷᠰᠢᠯᠲᠠ ᠪᠣᠯᠣᠭᠰᠠᠨ ᠪᠢᠯᠡ᠃
      ᠡᠭᠦᠨ᠎ᠠᠴᠠ ᠭᠠᠳᠠᠨ᠎ᠠ᠂ 《ᠲᠦᠢ᠍ᠮᠤ》 ᠵᠢᠭ᠋ᠠᠬᠤ ᠮᠠᠲ᠋ᠧᠷᠢᠶᠠᠯ᠎ᠤᠨ ᠨᠢᠭᠡᠨ ᠰᠢᠨ᠎ᠡ ᠡᠭᠦᠳᠦᠯᠲᠡ ᠭᠡᠪᠡᠯ᠂ ᠠᠤᠭ᠎ᠠ ᠠᠭᠤᠵᠢᠮ ᠬᠠᠷᠠᠭ᠋ᠠᠰᠤ᠎ᠠᠴᠠ ᠡᠯ᠎ᠡ ᠰᠢᠨᠵᠢᠯᠡᠭᠡᠨ᠎ᠤ ᠰᠠᠯᠠᠭ᠎ᠠ᠂ ᠡᠯ᠎ᠡ ᠬᠦᠷᠢᠶ᠎ᠡ ᠴᠠᠷᠠᠭ᠋ᠠᠨ᠎ᠤ ᠳᠤᠮᠳᠠᠳᠤ ᠵᠢᠨ ᠦᠨᠳᠦᠰᠦᠲᠡᠨ᠎ᠤ ᠲᠡᠦᠬᠡ ᠪᠠ ᠪᠣᠳᠠᠲᠤ ᠠᠬᠤᠢ ᠵᠢᠨ ᠬᠥᠭᠵᠢᠯᠲᠡ ᠵᠢᠨ ᠳᠤᠮᠳᠠᠬᠢ ᠬᠤᠷᠠᠮᠳᠤᠭᠤᠯᠤᠯ᠎ᠢ ᠰᠤᠳᠤᠯᠤᠨ ᠥᠭᠦᠯᠡᠵᠦ᠂ ᠲᠥᠪᠯᠡᠷᠡᠭᠦᠯᠦᠨ ᠨᠢᠭᠡᠳᠬᠡᠵᠦ᠂ ᠶᠡᠷᠦᠩᠬᠡᠢ᠌ᠯᠡᠭᠰᠡᠨ ᠴᠢᠨᠠᠷᠲᠠᠢ ᠮᠠᠭ᠋ᠠᠳᠯᠠᠯᠲᠠ ᠪᠠ ᠵᠠᠳᠠᠯᠤᠯᠲᠠ ᠬᠢᠵᠡᠢ᠃ ᠢᠯᠠᠩᠭᠤᠶ᠎ᠠ ᠳᠤᠮᠳᠠᠳᠤ ᠤᠯᠤᠰ᠎ᠤᠨ ᠲᠡᠦᠬᠡ ᠵᠢ ᠵᠠᠳᠠᠯᠤᠨ ᠡᠵᠡᠮᠳᠡᠬᠦ ᠲᠠᠯ᠎ᠠ᠎ᠪᠠᠷ᠂ ᠳᠤᠮᠳᠠᠳᠤ ᠤᠯᠤᠰ᠎ᠤᠨ ᠦᠨᠳᠦᠰᠦᠲᠡᠨ᠎ᠤ ᠲᠡᠦᠬᠡ᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠵᠢᠨ ᠤᠯᠠᠮᠵᠢᠯᠠᠯᠲᠤ ᠲᠣᠭ᠋ᠠᠴᠢᠯᠲᠠ ᠵᠢᠨ ᠬᠡᠯᠪᠡᠷᠢ ᠵᠢ ᠬᠤᠪᠢᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢ ᠲᠠᠨᠢᠬᠤ ᠲᠠᠯ᠎ᠠ᠎ᠪᠠᠷ ᠨᠢᠭᠡᠨ ᠰᠢᠨ᠎ᠡ ᠲᠠᠢ᠌ᠯᠪᠦᠷᠢᠯᠠᠯ᠎ᠤᠨ ᠪᠣᠷᠣ ᠲᠥᠯᠥᠪ᠎ᠢ ᠪᠦᠷᠢᠯᠳᠦᠭᠦᠯᠵᠡᠢ᠃

       ᠲᠤᠳᠤᠭ᠋ᠠᠳᠤ᠎ᠳᠤ᠎ᠪᠠᠨ ᠨᠢᠬᠳᠠᠷᠠᠬᠤ ᠪᠤᠯ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠯ᠎ᠤᠨ ᠬᠥᠳᠡᠯᠭᠡᠭᠴᠢ ᠬᠦᠴᠦᠨ᠎ᠤ ᠡᠬᠢ ᠪᠤᠯᠠᠭ ᠮᠦᠨ
      ᠡᠨᠡ ᠬᠦ᠌ ᠵᠢᠭ᠋ᠠᠬᠤ ᠮᠠᠲ᠋ᠧᠷᠢᠶᠠᠯ ᠪᠣᠯ ᠪᠢᠳᠡᠨ᠎ᠤ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢ ᠡᠵᠡᠮᠰᠢᠵᠦ ᠰᠤᠷᠤᠯᠴᠠᠬᠤ᠎ᠳᠤ ᠮᠠᠰᠢ ᠰᠠᠢ᠍ᠢ᠍ᠨ ᠬᠠᠪᠰᠤᠷᠤᠨ ᠵᠢᠯᠣᠭᠣᠳᠬᠤ ᠨᠤᠮ ᠪᠣᠯᠣᠭᠰᠠᠨ ᠵᠶ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠢᠭ᠎ᠠ᠎ᠠᠴᠠ ᠢᠷᠡᠭᠰᠡᠨ ᠬᠠᠮᠢᠭ᠋ᠠᠰᠢ ᠶᠠᠪᠤᠬᠤ ᠠᠰᠠᠭᠤᠳᠠᠯ᠎ᠢ ᠰᠢᠢ᠍ᠳᠪᠤᠷᠢᠯᠡᠵᠡᠢ᠃ ᠤᠨᠤᠯ᠎ᠤᠨ ᠬᠡᠰᠡᠭ ᠪᠠ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠬᠣᠭᠣᠷᠣᠨᠳᠣᠬᠢ ᠬᠤᠯᠪᠤᠭ᠋ᠠᠰᠤ ᠵᠢ ᠮᠠᠰᠢ ᠤᠷᠠᠨ ᠳᠡᠮᠲᠡᠢ ᠰᠢᠢ᠍ᠳᠪᠦᠷᠢᠯᠡᠭᠡᠳ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠵᠥᠪ ᠦᠵᠡᠯᠲᠡ᠎ᠪᠠᠷ ᠤᠨᠤᠯ ᠪᠠ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠬᠣᠭᠣᠷᠣᠨᠳᠣᠬᠢ ᠬᠥᠭᠥᠷᠭᠡ ᠪᠣᠯᠭ᠋ᠠᠵᠤ ᠨᠢᠭᠲᠠ ᠵᠣᠯᠭ᠋ᠠᠯᠳᠤᠭᠤᠯᠤᠭᠰᠠᠨ ᠪᠠᠢ᠌ᠨ᠎ᠠ᠃

3.jpg

      ᠬᠠᠭ᠋ᠠᠨ᠎ᠤ ᠣᠷᠳᠣᠨ᠎ᠤ ᠮᠦᠽᠧᠶ (ᠵᠢᠷᠤᠭ᠎ᠤᠨ ᠢᠷᠡᠯᠲᠡ᠄ ᠬᠠᠷᠠᠭ᠋ᠠᠨ ᠰᠡᠷᠡᠯ᠎ᠤᠨ ᠳᠤᠮᠳᠠᠳᠤ ᠤᠯᠤᠰ)
      ᠳᠤᠮᠳᠠᠳᠤ ᠵᠢᠨ ᠦᠨᠳᠦᠰᠦᠲᠡᠨ ᠪᠣᠯ ᠲᠠᠷᠠᠬᠠᠢ ᠪᠤᠲᠠᠷᠬᠠᠢ ᠮᠦᠷᠳᠡᠬᠡᠨ ᠤᠯᠡᠠ ᠡᠰᠢᠲᠦ ᠡᠯ᠎ᠡ ᠭᠠᠵᠠᠷ ᠣᠷᠣᠨ᠂ ᠠᠳᠠᠯᠢ ᠪᠤᠰᠤ ᠰᠣᠶᠣᠯ᠂ ᠴᠢᠨᠠᠭᠰᠢᠯᠠᠪᠠᠯ ᠠᠳᠠᠯᠢ ᠪᠤᠰᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠤᠢ᠍ᠷᠦᠯ ᠬᠡᠯᠪᠡᠷᠢ᠂ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠎ᠠᠴᠠ ᠨᠢᠭᠲᠠᠷᠠᠨ ᠪᠦᠷᠢᠯᠳᠦᠭᠰᠡᠨ ᠶᠤᠮ᠃ ᠡᠨᠡ ᠬᠦ᠌ ᠨᠢᠭᠲᠠᠷᠠᠯ᠎ᠤᠨ ᠶᠠᠪᠤᠴᠠ᠎ᠳᠤ᠂ ᠨᠢᠭᠡᠳᠦᠭᠰᠡᠨ ᠤᠯᠤᠰ᠂ ᠶᠡᠬᠡ ᠨᠢᠭᠡᠳᠦᠯ᠎ᠤᠨ ᠪᠠᠢ᠌ᠭᠤᠯᠤᠯ᠂ ᠶᠡᠬᠡ ᠨᠢᠭᠡᠳᠦᠯ᠎ᠤᠨ ᠣᠢ᠌ᠯᠠᠭ᠋ᠠᠭᠳᠠᠬᠤᠨ᠎ᠢ ᠪᠦᠷᠢᠯᠳᠦᠭᠦᠯᠵᠦ᠂ ᠥᠷᠭᠡᠨ ᠠᠭᠤᠳᠠᠮ ᠣᠷᠣᠨ ᠪᠦᠰᠡ ᠵᠢᠨ ᠳᠣᠲᠣᠷᠠᠬᠢ ᠠᠷᠠᠳ ᠢᠷᠭᠡᠳ᠎ᠢ ᠨᠢᠭᠲᠠᠷᠠᠭᠤᠯᠤᠭ᠋ᠠᠳ ᠳᠤᠮᠳᠠᠳᠤ ᠵᠢᠨ ᠦᠨᠳᠦᠰᠦᠲᠡᠨ᠎ᠤ ᠶᠡᠬᠡ ᠨᠢᠬᠡᠳᠦᠯ᠎ᠢ ᠪᠤᠢ ᠪᠤᠯᠭ᠋ᠠᠪᠠ᠃ 《ᠳᠤᠮᠳᠠᠳᠤ ᠤᠯᠤᠰ᠎ᠤᠨ ᠲᠡᠦᠬᠡ》 ᠪᠠ 《ᠳᠤᠮᠳᠠᠳᠤ ᠤᠯᠤᠰ᠎ᠤᠨ ᠦᠨᠳᠦᠰᠦᠲᠡᠨ᠎ᠤ ᠲᠡᠦᠬᠡ》᠎ᠲᠠᠢ ᠬᠠᠷᠢᠴᠠᠭᠤᠯᠪᠠᠯ᠂ ᠡᠨᠡ ᠬᠦ᠌ ᠵᠢᠭ᠋ᠠᠬᠤ ᠮᠠᠲ᠋ᠧᠷᠢᠶᠠᠯ᠎ᠤᠨ ᠬᠠᠮᠤᠭ᠎ᠤᠨ ᠢᠯᠡ ᠲᠣᠳᠣ ᠣᠨᠴᠠᠯᠢᠭ ᠪᠣᠯ ᠳᠠᠷᠤᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠎ᠪᠠᠷ ᠰᠤᠳᠤᠯᠤᠭᠳᠠᠬᠤᠨ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠡᠭᠦᠰᠦᠯ ᠬᠥᠭᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠠᠭ᠋ᠠᠵᠢᠮ ᠵᠶ᠋ᠠᠷ ᠪᠦᠷᠢᠯᠳᠦᠨ ᠲᠤᠭᠳᠠᠨᠢᠭᠰᠠᠨ ᠶᠠᠪᠤᠴᠠ ᠵᠢ ᠳᠤᠳᠤᠷᠬᠠᠢ᠌ᠯᠡᠨ ᠦᠭᠦᠯᠡᠵᠡᠢ᠃
      ᠳᠤᠮᠳᠠᠳᠤ ᠵᠢᠨ ᠦᠨᠳᠦᠰᠦᠲᠡᠨ᠎ᠨᠦᠭᠦᠳ ᠲᠠᠷᠠᠬᠠᠢ ᠪᠤᠲᠠᠷᠬᠠᠢ ᠪᠠᠢ᠌ᠭᠰᠠᠨ᠎ᠠᠴᠠ᠎ᠪᠠᠨ ᠥᠨᠥᠳᠦᠷ᠎ᠤᠨ ᠥᠷᠭᠡᠨ ᠠᠭᠤᠳᠠᠮ ᠨᠤᠳᠤᠭ ᠳᠡᠪᠢᠰᠬᠡᠷ᠎ᠲᠠᠢ ᠲᠤᠮᠤ ᠦᠨᠳᠦᠰᠦᠲᠡᠨ ᠪᠤᠯᠵᠤ ᠪᠦᠷᠢᠯᠳᠦᠭᠰᠡᠨ ᠶᠠᠪᠤᠳᠠᠯ᠎ᠳᠤ ᠥᠪᠡᠷ᠎ᠤᠨ ᠬᠢᠨᠢ ᠬᠥᠭᠵᠢᠯᠲᠡ ᠵᠢᠨ ᠵᠢᠮ᠎ᠡ ᠶᠣᠰᠣ᠎ᠲᠠᠢ ᠪᠠᠢ᠌ᠳᠠᠭ᠃ 《ᠲᠦᠢ᠍ᠮᠦ》 ᠵᠢᠭ᠋ᠠᠬᠤ ᠮᠠᠲ᠋ᠧᠷᠢᠶᠠᠯ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠨ ᠬᠦᠭᠵᠢᠭᠰᠡᠨ ᠦᠨᠡᠨ ᠶᠣᠰᠣ᠂ ᠵᠦᠢ ᠶᠤᠰᠤ᠂ ᠭᠦᠨ ᠶᠤᠰᠤ ᠵᠢ ᠢᠯᠡᠳᠬᠡᠨ ᠬᠠᠷᠠᠭᠤᠯᠪᠠ᠃
      ᠳᠤᠮᠳᠠᠳᠤ ᠵᠢᠨ ᠪᠣᠯᠪᠠᠰᠤᠨ᠎ᠤ ᠡᠭᠦᠰᠦᠯ᠎ᠤᠨ ᠱᠠᠲᠤᠨ᠎ᠳᠤ᠎ᠬᠢ᠂ ᠠᠳᠠᠯᠢ ᠪᠤᠰᠤ ᠭᠠᠵᠠᠷ ᠣᠷᠣᠨ᠎ᠤ ᠡᠭᠦᠳᠦᠨ ᠪᠦᠲᠦᠭᠡᠭᠰᠡᠨ ᠭᠡᠷᠡᠯ ᠰᠠᠴᠤᠷᠠᠩᠭᠤᠢ ᠪᠣᠯᠪᠠᠰᠤᠨ ᠪᠣᠯ ᠴᠥᠮ ᠳᠤᠮᠳᠠᠳᠤ ᠵᠢᠨ ᠪᠣᠯᠪᠠᠰᠤᠨ᠎ᠤ ᠠᠩᠬᠠᠨ᠎ᠤ ᠡᠬᠢᠨ᠎ᠤ ᠦᠶ᠎ᠡ ᠵᠢᠨ ᠬᠡᠯᠪᠡᠷᠢ ᠪᠠᠢ᠌ᠳᠠᠯ ᠪᠣᠯᠤᠨ᠎ᠠ᠃ ᠳᠤᠮᠳᠠᠳᠤ ᠵᠢᠨ ᠦᠨᠳᠦᠰᠦᠲᠡᠨ ᠯᠤᠲᠤ ᠶᠡᠬᠡ ᠭᠠᠵᠠᠷ ᠵᠦᠢ ᠵᠢᠨ ᠣᠷᠣᠨ ᠵᠠᠢ᠎ᠳᠤ ᠬᠡᠷᠬᠢᠨ ᠥᠷᠭᠡᠨ ᠠᠭᠤᠳᠠᠮ ᠨᠤᠲᠤᠭ ᠳᠡᠪᠢᠰᠬᠡᠷ᠎ᠲᠠᠢ ᠲᠤᠮᠤ ᠦᠨᠳᠦᠰᠦᠲᠡᠨ ᠪᠣᠯᠤᠨ ᠨᠢᠭᠲᠠᠷᠠᠵᠤ ᠴᠢᠳᠠᠭᠰᠠᠨ ᠪᠤᠢ?  ᠭᠡᠳᠡᠭ ᠠᠰᠠᠭᠤᠯᠲᠠ ᠵᠢ ᠵᠢᠭ᠋ᠠᠬᠤ ᠮᠠᠲ᠋ᠧᠷᠢᠶᠠᠯ᠎ᠳᠤ ᠨᠢᠭᠡ ᠯᠨ ᠦᠭᠡ᠎ᠪᠠᠷ ᠬᠤᠷᠢᠶᠠᠩᠭᠤᠢ᠌ᠯᠠᠪᠠ᠂ ᠳᠠᠷᠤᠶ ᠳᠤᠳᠤᠭ᠋ᠠᠳᠤ᠎ᠳᠤ᠎ᠪᠠᠨ ᠨᠢᠭᠲᠠᠷᠠᠯ᠎ᠲᠠᠢ᠃
      《ᠨᠢᠬᠳᠠᠷᠠᠯ》 ᠭᠡᠬᠦ ᠡᠨᠡ ᠬᠦ᠌ ᠯᠣᠭᠢᠭ᠎ᠠᠴᠠ ᠪᠢᠳᠡ ᠳᠤᠮᠳᠠᠳᠤ ᠵᠢᠨ ᠡᠬᠡ ᠭᠠᠵᠠᠷ ᠳᠡᠭᠡᠷ᠎ᠡ ᠳᠡᠯᠭᠡᠭᠳᠡᠭᠰᠡᠨ ᠪᠠᠶᠠᠯᠢᠭ ᠰᠠᠢ᠌ᠬᠠᠨ ᠲᠡᠦᠬᠡ ᠵᠢᠨ ᠬᠠᠭᠤᠳᠠᠰᠤ ᠵᠢ ᠣᠯᠵᠤ ᠬᠠᠷᠠᠵᠤ ᠪᠣᠯᠤᠨ᠎ᠠ᠃ ᠤᠴᠢᠷ᠎ᠨᠢ ᠲᠡᠦᠬᠡ ᠵᠢᠨ ᠤᠷᠳᠤ ᠠᠶᠠᠨ᠎ᠳᠤ ᠳᠤᠳᠤᠭ᠋ᠠᠳᠤ᠎ᠳᠤ᠎ᠪᠠᠨ ᠨᠢᠬᠳᠠᠷᠠᠬᠤ ᠤᠳᠤᠷᠢᠳᠤᠮᠵᠢ᠎ᠪᠠᠷ ᠳᠤᠮᠳᠠᠳᠤ ᠣᠷᠣᠨ᠎ᠤ ᠰᠣᠶᠣᠯ᠎ᠨᠢ ᠠᠯᠬᠤᠮ ᠠᠯᠬᠤᠮ ᠵᠢᠡᠷ ᠭᠠᠳᠠᠭᠰᠢ ᠨᠦᠯᠦᠬᠡᠯᠡᠬᠦ ᠬᠦᠴᠦᠨ᠎ᠲᠠᠢ ᠪᠣᠯᠵᠦ ᠪᠠᠢ᠌ᠯ᠎ᠠ᠃ ᠡᠭᠦᠨ᠎ᠤ ᠬᠠᠮᠲᠤ ᠡᠷᠬᠢᠨ ᠲᠣᠭᠣᠷᠢᠨ᠎ᠤ ᠭᠠᠵᠠᠷ ᠣᠷᠣᠨ᠎ᠨᠢ ᠡᠨᠡ ᠬᠦ᠌ ᠲᠥᠪ᠎ᠲᠤ ᠲᠠᠰᠤᠷᠠᠯᠲᠠ ᠥᠬᠡᠶ ᠬᠦᠴᠦᠨ ᠴᠢᠳᠠᠯ ᠬᠤᠷᠠᠮᠳᠤᠭᠤᠯᠵᠤ ᠦᠭᠳᠡᠭ ᠪᠠᠢ᠌ᠵᠡᠢ᠃ ᠡᠯ᠎ᠡ ᠦᠨᠳᠦᠰᠦᠲᠡᠨ᠎ᠤ ᠬᠣᠭᠣᠷᠣᠨᠳᠣᠬᠢ ᠬᠠᠷᠢᠯᠴᠠᠭ᠎ᠠ ᠪᠠ ᠡᠯ᠎ᠠ ᠭᠠᠵᠠᠷ ᠤᠷᠤᠨ᠎ᠤ ᠬᠣᠭᠣᠷᠣᠨᠳᠣᠬᠢ ᠬᠠᠷᠢᠯᠴᠠᠭ᠎ᠠ ᠤᠯᠠᠮ᠎ᠠᠴᠠ ᠤᠯᠠᠮ ᠥᠷᠭᠡᠨ ᠳᠡᠯᠭᠡᠷ᠂ ᠤᠯᠠᠮ᠎ᠠᠴᠠ ᠤᠯᠠᠮ ᠤᠢ᠌ᠷ᠎ᠠ ᠲᠤᠳᠤᠨᠤ ᠪᠤᠯᠵᠤ ᠢᠷᠡᠪᠡ᠃
      ᠣᠯᠠᠨ ᠡᠰᠢᠲᠦ ᠵᠢᠨ ᠬᠤᠭᠤᠷᠤᠨᠳᠤ ᠶᠠᠪᠤᠯᠴᠠᠭ᠎ᠠ ᠠᠭᠤᠰᠤᠯᠴᠠᠭ᠎ᠠ ᠦᠭᠡᠢ ᠪᠣᠯ ᠨᠢᠭᠡ ᠴᠣᠭᠴᠠ ᠪᠣᠯᠵᠤ ᠴᠢᠳᠠᠬᠤ ᠦᠭᠡᠢ ᠶᠤᠮ᠃ ᠲᠡᠦᠬᠡᠨ ᠳᠡᠭᠡᠷᠡᠬᠢ ᠳᠡᠳᠤᠢ ᠠᠷᠪᠢᠨ ᠤᠷᠤᠭ ᠪᠠᠷᠢᠯᠳᠤᠯᠭ᠎ᠠ᠂ ᠬᠢᠯᠢ ᠵᠢᠨ ᠠᠷᠠᠯᠵᠢᠶ᠎ᠠ᠂ ᠦᠨᠳᠦᠰᠦᠲᠡᠨ᠎ᠤ ᠬᠤᠩᠬᠢᠯ᠂ ᠠᠵᠤ ᠠᠬᠤᠢ ᠵᠢᠨ ᠬᠤᠩᠬᠢᠯ᠎ᠨᠢ ᠴᠦᠮ ᠬᠦᠮᠦᠨ᠎ᠤ ᠨᠡᠭᠦᠳᠡᠯ᠂ ᠪᠣᠳᠠᠰ᠎ᠤᠨ ᠰᠤᠯᠢᠯᠴᠠᠭ᠎ᠠ᠂ ᠦᠵᠡᠯ ᠰᠠᠨᠠᠭ᠎ᠠ ᠰᠣᠶᠣᠯ ᠵᠡᠷᠭᠡ ᠲᠠᠯ᠎ᠠ ᠵᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠪᠣᠯᠬᠤ ᠶᠤᠮ᠂ ᠡᠨ᠋ᠨ ᠬᠦ᠌ ᠶᠠᠪᠤᠴᠠ᠎ᠳᠤ ᠦᠵᠡᠯ ᠰᠠᠨᠠᠭ᠎ᠠ ᠣᠢ᠌ᠷᠠᠯᠴᠠᠭ᠎ᠠ᠂ ᠦᠵᠡᠯ ᠤᠬᠠᠮᠰᠠᠷ ᠨᠡᠯᠢᠶᠡᠳ ᠨᠢᠭᠡᠳᠦᠯᠲᠡᠢ ᠨᠡᠢ᠌ᠲᠡᠯᠢᠭ ᠴᠢᠨᠠᠷ᠎ᠢ ᠪᠦᠷᠢᠯᠳᠦᠭᠦᠯᠵᠡᠢ᠃ ᠳᠠᠷᠤᠢ 《ᠪᠢᠳᠡ ᠪᠣᠯ ᠨᠢᠭᠡ ᠭᠡᠷ᠎ᠤᠨ ᠬᠥᠮᠦᠨ》᠂ 《ᠪᠢᠳᠡ ᠪᠣᠯ ᠨᠢᠭᠡ ᠶᠡᠬᠡ ᠭᠡᠷ ᠪᠦᠯᠢ》 ᠭᠡᠬᠦ ᠣᠢ᠌ᠯᠠᠭ᠋ᠠᠭᠳᠠᠬᠤᠨ᠎ᠢ ᠠᠭ᠋ᠠᠵᠢᠮ ᠵᠶ᠋ᠠᠷ ᠤᠳᠤᠷᠢᠳᠤᠮᠵᠢ ᠵᠢᠨ ᠴᠢᠨᠠᠷᠲᠠᠢ ᠣᠢ᠌ᠯᠠᠭ᠋ᠠᠭᠳᠠᠬᠤᠨ ᠪᠣᠯᠭ᠋ᠠᠵᠤ᠂ ᠢᠢ᠍ᠮᠦᠷᠬᠦᠦ ᠬᠤᠪᠢᠰᠤᠯᠲᠠ᠎ᠨᠢ ᠨᠡᠢ᠌ᠲᠡᠯᠢᠭ ᠴᠢᠨᠠᠷ᠎ᠢ ᠲᠠᠰᠤᠷᠠᠯᠲᠠ ᠦᠭᠡᠢ ᠨᠡᠮᠡᠭᠳᠡᠭᠦᠯᠪᠡ᠃
      ᠵᠢᠭ᠋ᠠᠬᠤ ᠮᠠᠲ᠋ᠧᠷᠢᠶᠠᠯ᠎ᠤᠨ ᠡᠷᠲᠡᠨ᠎ᠤ ᠲᠡᠦᠬᠡ ᠵᠢᠨ ᠬᠡᠰᠡᠭ᠎ᠲᠤ ᠨᠡᠢ᠌ᠲᠡᠯᠢᠭ ᠴᠢᠨᠠᠷ᠎ᠤᠨ ᠨᠡᠮᠡᠭᠳᠡᠯ ᠵᠶ᠋ᠡᠷ ᠠᠭᠤᠰᠤᠯᠴᠠᠭ᠋ᠠᠨ᠎ᠤ ᠦᠷ᠎ᠡ ᠳ᠋ᠦᠩ ᠪᠣᠯᠭ᠋ᠠᠭᠰᠠᠨ ᠪᠠᠢ᠌ᠨ᠎ᠠ᠃ ᠴᠠᠭ ᠦᠶ᠎ᠡ ᠪᠦᠷᠢ᠎ᠳᠤ᠂ ᠲᠡᠦᠬᠡᠨ ᠱᠠᠳᠤ ᠦᠶ᠎ᠡ ᠪᠦᠷᠢ᠎ᠳᠤ ᠨᠡᠢ᠌ᠲᠡᠯᠢᠭ ᠴᠢᠨᠠᠷ᠎ᠨᠢ ᠬᠡᠷᠬᠢᠨ ᠨᠡᠮᠡᠭᠳᠡᠭᠰᠡᠨ ᠪᠤᠢ? ᠶᠠᠮᠠᠷ ᠶᠠᠮᠠᠷ ᠠᠮᠵᠢᠯᠲᠠ ᠪᠦᠲᠦᠮᠵᠢ ᠪᠠᠢ᠌ᠬᠤ ᠪᠣᠶ? ᠭᠡᠪᠡᠯ᠂ ᠴᠢ ᠪᠤᠯ ᠴᠢ᠂ ᠪᠢ ᠪᠤᠯ ᠪᠢ ᠪᠠᠢ᠌ᠭᠰᠠᠨ᠎ᠠᠴᠠ ᠪᠢᠳᠡᠨ᠎ᠤ᠎ᠬᠢ ᠪᠤᠯᠤᠭᠰᠠᠨ᠂ 《ᠴᠢ ᠪᠢ ᠳᠡᠷᠨ》 ᠪᠠᠢ᠌ᠭᠰᠠᠨ᠎ᠠᠴᠠ 《ᠪᠢᠳᠡ》 ᠪᠣᠯᠣᠭᠰᠠᠨ ᠶᠠᠪᠤᠴᠠ ᠮᠦᠨ᠃ ᠳᠤᠮᠳᠠᠳᠤ ᠵᠢᠨ ᠦᠨᠳᠦᠰᠦᠲᠡᠨ᠎ᠨᠢ ᠳᠠᠷᠤᠢ ᠡᠢ᠌ᠮᠦᠷᠬᠦᠦ ᠠᠬᠢᠴᠠ ᠳᠤᠮᠳᠠ ᠨᠡᠢ᠌ᠲᠡᠯᠢᠭ ᠴᠢᠨᠠᠷ᠎ᠢ ᠪᠦᠷᠢᠯᠳᠦᠭᠦᠯᠦᠭᠰᠡᠨ ᠶᠤᠮ᠃ 
      ᠡᠢ᠌ᠮᠦ᠎ᠠᠴᠠ 《ᠲᠣᠢ᠌ᠮᠣ》᠎ᠨᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠲᠤᠬᠠᠢ ᠠᠷᠪᠠᠨ ᠭᠤᠷᠪᠠᠨ ᠲᠠᠢ᠌ᠯᠤᠮᠵᠢ᠎ᠳᠤ᠎ᠪᠠᠨ᠂ ᠠᠳᠠᠯᠢ ᠪᠤᠰᠤ ᠲᠡᠤᠬᠡᠨ ᠴᠠᠭ ᠦᠶ᠎ᠡ ᠵᠢ ᠨᠡᠢ᠌ᠲᠡᠯᠢᠭ ᠴᠢᠨᠠᠷ᠎ᠤᠨ ᠨᠡᠮᠡᠭᠳᠡᠯ ᠵᠶ᠋ᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠯᠠᠷᠢᠯ ᠬᠤᠪᠢᠰᠤᠯ᠎ᠤᠨ ᠶᠠᠪᠤᠴᠠ ᠵᠢ ᠲᠠᠢ᠌ᠯᠪᠦᠷᠢᠯᠠᠭᠰᠠᠨ ᠶᠤᠮ᠃ ᠡᠨᠳᠡ ᠤᠯᠤᠰ ᠲᠦᠷᠦ ᠵᠢᠨ ᠨᠡᠢ᠌ᠲᠡᠯᠢᠭ ᠴᠢᠨᠠᠷ᠎ᠤᠨ ᠨᠡᠮᠡᠭᠳᠡᠯ᠂ ᠠᠵᠤ ᠠᠬᠤᠢ ᠵᠢᠨ ᠨᠡᠢ᠌ᠲᠡᠯᠢᠭ ᠴᠢᠨᠠᠷ᠎ᠤᠨ ᠨᠡᠮᠡᠭᠳᠡᠯ᠂ ᠰᠣᠶᠣᠯ᠎ᠤᠨ ᠨᠡᠢ᠌ᠲᠡᠯᠢᠭ ᠴᠢᠨᠠᠷ᠎ᠤᠨ ᠨᠡᠮᠡᠭᠳᠡᠯ᠂ ᠨᠡᠢ᠌ᠭᠡᠮ᠎ᠤᠨ ᠨᠡᠢ᠌ᠲᠡᠯᠢᠭ ᠴᠢᠨᠠᠷ᠎ᠤᠨ ᠨᠡᠮᠡᠭᠳᠡᠯ ᠪᠤᠢ ᠶᠤᠮ᠃
      ᠲᠤᠮᠳᠠᠲᠦ ᠵᠢᠨ ᠪᠣᠯᠪᠠᠰᠤᠨ᠎ᠳᠤ 《ᠬᠦᠴᠦᠷᠭᠡᠭ ᠪᠣᠯᠪᠠᠴᠦ ᠡᠵᠡᠷᠬᠡᠭᠯᠡᠬᠦ ᠦᠭᠡᠢ》 ᠦᠨᠳᠦᠰᠦᠨ ᠴᠢᠨᠠᠷ᠎ᠲᠠᠢ ᠭᠡᠳᠡᠭ᠎ᠢ ᠲᠡᠤᠬᠡ ᠵᠢᠨ ᠠᠬᠢᠴᠠ ᠲᠤᠮᠳᠠ ᠳ᠋ᠦᠩᠨᠡᠵᠦ ᠭᠠᠷᠭ᠋ᠠᠭᠰᠠᠨ ᠶᠤᠮ᠃ ᠪᠢᠳᠡ 《ᠨᠢᠭᠡ ᠪᠦᠰᠡ ᠨᠢᠭᠡ ᠵᠠᠮ》᠎ᠤᠨ ᠠᠯᠤᠰ᠎ᠤᠨ ᠲᠦᠯᠦᠪ᠎ᠢ ᠲᠤᠷᠠᠳᠤᠭᠰᠠᠨ᠎ᠨᠢ ᠦᠨᠡᠨ᠎ᠳᠤ᠎ᠪᠠᠨ ᠮᠠᠨ᠎ᠤ ᠵᠠᠷᠢᠮ ᠭᠦᠭᠵᠢᠯᠲᠡ ᠵᠢᠨ ᠠᠷᠭ᠎ᠠ ᠵᠠᠮ ᠬᠢᠭᠡᠳ ᠭᠦᠭᠵᠢᠯᠲᠡ ᠵᠢᠨ ᠦᠷ᠎ᠡ ᠪᠦᠳᠦᠭᠡᠯ ᠵᠶ᠋ᠡᠷ ᠤᠢ᠌ᠷ᠎ᠠ ᠬᠠᠪᠢ ᠵᠢᠨ ᠤᠯᠤᠰ ᠣᠷᠤᠨ᠎ᠳᠤ ᠠᠰᠢᠭ ᠬᠦᠷᠲᠡᠭᠡᠬᠦ ᠭᠡᠰᠡᠨ ᠶᠤᠮ᠃
      ᠳᠡᠯᠡᠬᠡᠢ ᠵᠢᠨ ᠰᠣᠶᠣᠯ᠎ᠤᠨ ᠲᠤᠭᠲᠠᠯᠴᠠᠭ᠎ᠠ᠎ᠳᠤ ᠳᠤᠮᠳᠠᠳᠤ ᠵᠢᠨ ᠪᠣᠯᠪᠠᠰᠤᠨ᠎ᠠᠴᠠ ᠳᠤᠲᠠᠭᠤ ᠦᠭᠡᠢ ᠮᠠᠰᠢ ᠤᠯᠠᠨ ᠪᠣᠯᠪᠠᠰᠤᠨ ᠳᠤᠮᠳᠠᠳᠤ ᠵᠢᠨ ᠪᠣᠯᠪᠠᠰᠤᠨ᠎ᠤ  ᠲᠤᠭᠲᠠᠯᠴᠠᠭ᠎ᠠ᠎ᠳᠤ ᠣᠷᠣᠵᠤ  ᠢᠷᠡᠭᠰᠡᠨ ᠶᠤᠮ᠃ ᠳᠤᠮᠳᠠᠳᠤ ᠵᠢᠨ ᠪᠣᠯᠪᠠᠰᠤᠨ᠎ᠨᠢ ᠠᠭᠤᠳᠠᠮ ᠭᠦᠨᠵᠡᠭᠡᠢ ᠵᠥᠪ ᠶᠤᠰᠤ᠎ᠪᠠᠷ ᠵᠶ᠋ᠠᠨ ᠳᠡᠯᠡᠬᠡᠢ ᠵᠢᠨ ᠡᠯ᠎ᠡ ᠭᠠᠵᠠᠷ᠎ᠤᠨ ᠰᠣᠶᠣᠯ ᠪᠣᠯᠤᠨ ᠪᠣᠯᠪᠠᠰᠤᠨ᠎ᠳᠤ ᠪᠠᠭᠲᠠᠭ᠋ᠠᠮᠵᠢᠲᠠᠢ᠎ᠪᠠᠷ ᠬᠠᠨᠳᠤᠵᠤ᠂ ᠣᠷᠣᠨ ᠨᠤᠲᠤᠭᠴᠢᠯᠠᠬᠤ ᠵᠢ ᠠᠬᠢᠭᠤᠯᠬᠤ ᠶᠠᠪᠤᠴᠠ᠎ᠳᠤ ᠳᠤᠮᠳᠠᠳᠤ ᠵᠢᠨ ᠡᠬᠡ ᠭᠠᠵᠠᠷ᠎ᠲᠤ ᠲᠤᠬᠢᠷᠠᠬᠤ ᠠᠭᠤᠯᠭ᠎ᠠ ᠵᠢ ᠳᠤᠮᠳᠠᠳᠤ ᠵᠢᠨ ᠪᠣᠯᠪᠠᠰᠤᠨ᠎ᠤ ᠲᠤᠭᠲᠠᠯᠴᠠᠭ᠎ᠠ᠎ᠳᠤ ᠣᠷᠭ᠋ᠠᠨᠢᠭ ᠵᠶ᠋ᠠᠷ ᠠᠭᠤᠰᠤᠯᠴᠠᠭᠤᠯᠪᠠ᠃
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠤᠬᠡᠨ ᠳᠡᠭᠡᠷᠡᠬᠢ ᠤᠳᠤᠷᠢᠳᠬᠤ ᠪᠠᠢ᠌ᠷᠢ ᠪᠣᠯ ᠲᠡᠦᠬᠡ ᠵᠢᠨ ᠰᠣᠩᠭᠣᠯᠲᠠ ᠪᠣᠯᠤᠨ᠎ᠠ
      ᠴᠢᠩ ᠤᠯᠤᠰ ᠪᠣᠯ ᠳᠤᠮᠳᠠᠳᠤ ᠤᠯᠤᠰ᠎ᠤᠨ ᠬᠠᠮᠤᠭ᠎ᠤᠨ ᠰᠡᠭᠦᠯᠴᠢ ᠵᠢᠨ ᠹᠸᠤᠳᠠᠯ᠎ᠤᠨ ᠬᠠᠭ᠋ᠠᠨᠲᠤ ᠲᠥᠷᠥ ᠪᠣᠯᠤᠨ᠎ᠠ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠳᠡᠭᠡᠷ᠎ᠡ ᠪᠠᠰᠠ ᠴᠢᠬᠤᠯᠠ ᠪᠠᠢ᠌ᠷᠢ ᠰᠠᠭᠤᠷᠢ ᠵᠢ ᠡᠵᠡᠯᠡᠵᠦ ᠪᠠᠢ᠌ᠭᠰᠠᠨ ᠸᠠᠩᠲᠤ ᠲᠥᠷᠥ ᠪᠣᠯᠤᠨ᠎ᠠ᠃ ᠵᠢᠭ᠋ᠠᠬᠤ ᠮᠠᠲ᠋ᠧᠷᠢᠶᠠᠯ᠎ᠤᠨ ᠠᠷᠪᠠᠨ ᠨᠢᠭᠡᠳᠦᠭᠡᠷ᠂ ᠠᠷᠪᠠᠨ ᠬᠣᠶᠠᠳᠤᠭ᠋ᠠᠷ ᠲᠠᠢ᠌ᠯᠤᠮᠵᠢ᠎ᠳᠤ ᠪᠦᠷ ᠴᠢᠩ ᠤᠯᠤᠰ᠎ᠤᠨ ᠲᠤᠬᠠᠢ ᠶᠠᠷᠢᠭᠰᠠᠨ ᠪᠠᠢ᠌ᠨ᠎ᠠ᠃ ᠴᠢᠩ ᠤᠯᠤᠰ ᠪᠣᠯ ᠳᠤᠮᠳᠠᠳᠤ ᠵᠢᠨ ᠦᠨᠳᠦᠰᠦᠲᠡᠨ ᠡᠷᠲᠡᠨ᠎ᠤ ᠦᠶ᠎ᠡ᠎ᠠᠴᠠ ᠤᠷᠴᠢᠨ ᠦᠶ᠎ᠡ ᠵᠦᠭ ᠴᠢᠭᠯᠡᠭᠰᠡᠨ ᠴᠠᠭ ᠦᠶ᠎ᠡ ᠪᠣᠯᠤᠨ᠎ᠠ᠃ ᠳᠤᠮᠳᠠᠳᠤ ᠵᠢᠨ ᠦᠨᠳᠦᠰᠦᠲᠡᠨ ᠣᠷᠴᠢᠨ ᠦᠶ᠎ᠡ᠎ᠳᠤ ᠤᠷᠤᠭᠰᠠᠨ ᠴᠦ᠍ ᠮᠥᠨ ᠯᠡ 《ᠳᠡᠯᠡᠭᠡᠢ ᠵᠢᠨ ᠦᠵᠡᠯᠲᠡ》᠎ᠪᠠᠷ ᠡᠢ᠌ᠮᠦ ᠨᠢᠭᠡᠨ ᠲᠤᠮᠤ ᠨᠢᠭᠡᠳᠦᠭᠰᠡᠨ ᠤᠯᠤᠰ᠎ᠢ ᠪᠠᠢ᠌ᠭᠤᠯᠪᠠ᠃ ᠡᠨᠡ ᠦᠶ᠎ᠡ᠎ᠳᠤ ᠳᠤᠮᠳᠠᠳᠤ ᠡᠸᠦ᠋ᠷᠦᠫᠡ ᠵᠢᠨ ᠬᠣᠭᠣᠷᠣᠨᠳᠣᠬᠢ ᠬᠠᠷᠢᠴᠠᠭ᠎ᠠ᠎ᠨᠢ ᠦᠨᠡᠨ᠎ᠳᠤ᠎ᠪᠠᠨ ᠳᠡᠯᠡᠬᠡᠶ ᠳ᠋ᠠᠬᠢᠨ᠎ᠤ ᠲᠤᠭᠲᠠᠯᠴᠠᠭ᠎ᠠ ᠪᠣᠯᠤᠨ ᠡᠷᠬᠡ ᠮᠡᠳᠡᠯᠳᠦ ᠤᠯᠤᠰ᠎ᠤᠨ ᠲᠤᠭᠲᠠᠯᠴᠠᠭ᠎ᠠ ᠵᠢᠨ ᠬᠣᠭᠣᠷᠣᠨᠳᠣᠬᠢ ᠮᠥᠷᠭᠥᠯᠳᠦᠭᠡᠨ᠎ᠢ ᠳᠠᠮ ᠵᠢᠡᠷ ᠲᠤᠰᠬᠠᠵᠤ ᠪᠠᠢ᠌ᠪᠠ᠃
      ᠴᠢᠩ ᠤᠯᠤᠰ᠎ᠤᠨ ᠰᠡᠭᠦᠯᠴᠢ ᠵᠢᠨ ᠦᠶ᠎ᠡ᠎ᠳᠤ᠂ ᠳᠤᠮᠳᠠᠳᠤ ᠵᠢᠨ ᠪᠣᠯᠪᠠᠰᠤᠨ ᠥᠷᠥᠨᠡᠳᠠᠬᠢᠨ᠎ᠤ ᠪᠣᠯᠪᠠᠰᠤᠨ᠎ᠤ ᠬᠦᠨᠳᠦ ᠶᠡᠬᠡ ᠦᠷᠢᠰᠦᠯᠳᠦᠬᠡᠨ᠎ᠳᠤ ᠤᠴᠠᠷᠠᠵᠤ᠂ ᠳᠤᠮᠳᠠᠳᠤ ᠵᠢᠨ ᠦᠨᠳᠦᠰᠦᠲᠡᠨ ᠲᠦᠷᠦ ᠤᠯᠤᠰ ᠮᠦᠬᠦᠬᠦ ᠠᠶᠤᠯ᠎ᠳᠤ ᠲᠤᠯᠭ᠋ᠠᠷᠠᠪᠠ᠂ ᠥᠷᠥᠨᠡᠳᠠᠬᠢᠨ᠎ᠤ ᠬᠦᠴᠦᠷᠬᠡᠭ ᠤᠯᠤᠰ᠎ᠤᠳ᠎ᠤᠨ ᠰᠢᠬᠠᠮᠳᠠᠭᠤᠯᠭ᠎ᠠ ᠲᠤᠤᠷ᠎ᠠ ᠴᠢᠩ ᠤᠯᠤᠰ᠎ᠤᠨ ᠰᠡᠭᠦᠯᠴᠢ ᠵᠢᠨ ᠦᠶ᠎ᠡ᠎ᠳᠤ ᠵᠠᠰᠠᠭ᠎ᠤᠨ ᠣᠷᠳᠣᠨ ᠬᠦᠴᠦᠨ ᠮᠡᠬᠦᠰᠳᠡᠵᠦ᠂  ᠠᠷᠭ᠋ᠠᠴᠠᠭ᠋ᠠᠬᠤ ᠴᠢᠳᠠᠪᠤᠷᠢ ᠤᠭᠳᠤ ᠦᠭᠡᠢ ᠪᠣᠯᠵᠠᠢ᠃
      ᠡᠨᠡ ᠦᠶ᠎ᠡ ᠵᠢᠨ ᠸᠧᠢ ᠶᠤᠸᠠᠨ᠎ᠤ ᠬᠠᠷᠢ ᠵᠢᠨ ᠰᠢᠯᠢᠳᠡᠭ ᠮᠡᠳᠡᠯᠭᠡ ᠮᠡᠷᠭᠡᠵᠢᠯ᠎ᠢ ᠰᠤᠷᠤᠯᠴᠠᠵᠦ ᠦᠪᠡᠷ᠎ᠢ᠎ᠪᠠᠨ ᠬᠦᠴᠦᠷᠬᠡᠭᠵᠢᠭᠦᠯᠬᠦ ᠪᠤᠳᠤᠯᠭ᠎ᠠ ᠴᠦ᠍ ᠳᠡᠷᠨ᠂ ᠭᠠᠳᠠᠭ᠋ᠠᠳᠤ ᠵᠢ ᠳᠠᠭᠤᠷᠢᠶᠠᠬᠤ ᠬᠥᠳᠡᠯᠭᠡᠭᠡᠨ᠂ ᠰᠢᠷ᠎ᠠ ᠨᠣᠬᠠᠢ ᠵᠢᠯ᠎ᠤᠨ ᠬᠠᠤᠯᠢ ᠵᠢᠨ ᠥᠭᠡᠷᠡᠴᠢᠯᠡᠯᠲᠡ ᠴᠦ᠍ ᠲᠡᠷᠡ᠂ ᠲᠠᠬᠢᠭ᠋ᠠᠳ ᠴᠠᠭ᠋ᠠᠭᠴᠢᠨ ᠭᠠᠬᠠᠢ ᠵᠢᠯ᠎ᠤᠨ ᠬᠤᠪᠢᠰᠬᠠᠯ ᠬᠠᠭ᠋ᠠᠨᠲᠤ ᠪᠠᠢ᠌ᠭᠤᠯᠤᠯ᠎ᠢ ᠲᠦᠯᠬᠢᠨ ᠤᠨᠠᠭ᠋ᠠᠭᠰᠠᠨ ᠵᠡᠷᠬᠡ᠎ᠨᠢ ᠦᠨᠡᠨ᠎ᠳᠤ᠎ᠪᠠᠨ ᠴᠥᠮ ᠰᠣᠶᠣᠯ᠎ᠤᠨ ᠬᠡᠯᠪᠡᠷᠢ ᠵᠢᠨ ᠴᠢᠬᠤᠯᠠ ᠶᠡᠬᠡ ᠰᠣᠯᠢᠭᠳᠠᠯ ᠪᠣᠯᠬᠤ ᠶᠤᠮ᠃ ᠰᠢᠨ᠎ᠡ ᠰᠣᠶᠣᠯ᠎ᠤᠨ ᠬᠥᠳᠡᠯᠭᠡᠭᠡᠨ ᠪᠣᠯ ᠰᠢᠨ᠎ᠡ ᠰᠣᠶᠣᠯ ᠵᠶ᠋ᠠᠷ ᠬᠠᠭᠤᠴᠢᠨ ᠰᠣᠶᠣᠯ᠎ᠢ ᠣᠷᠣᠯᠠᠭᠤᠯᠬᠤ ᠬᠥᠳᠡᠯᠭᠡᠭᠡᠨ ᠮᠥᠨ᠂ ᠡᠢ᠌ᠮᠦ᠎ᠠᠴᠠ ᠲᠡᠷᠡ ᠪᠣᠯ ᠨᠢᠭᠡ ᠤᠳᠠᠭ᠋ᠠᠨ᠎ᠤ ᠬᠤᠪᠢᠰᠬᠠᠯ ᠪᠤᠯᠤᠨ᠎ᠠ᠂ ᠪᠠᠰᠠ ᠴᠤ᠌ ᠨᠢᠭᠡ ᠤᠳᠠᠭ᠋ᠠᠨ᠎ᠤ ᠰᠡᠩᠬᠡᠷᠡᠭᠦᠯᠦᠯ ᠪᠤᠯᠤᠨ᠎ᠠ᠃ ᠤᠯᠠᠮᠵᠢᠯᠠᠯᠲᠤ ᠪᠣᠯᠪᠠᠰᠤᠨ ᠤᠳᠤ ᠦᠶ᠎ᠡ ᠵᠢᠨ ᠪᠣᠯᠪᠠᠰᠤᠨ ᠲᠡᠢ᠌ᠰᠢ ᠵᠠᠮᠨᠠᠬᠤ᠎ᠳᠤ ᠳᠣᠲᠣᠭ᠋ᠠᠳᠤ ᠭᠣᠣᠯᠯᠠᠬᠤ ᠣᠢ᠌ᠯᠠᠭ᠋ᠠᠭᠳᠠᠬᠤᠨ ᠵᠢᠴᠢ ᠪᠦᠬᠦᠢ ᠯᠠ ᠰᠣᠶᠣᠯ᠎ᠤᠨ ᠠᠭᠤᠯᠤᠭᠳᠠᠬᠤᠨ᠎ᠤ ᠦᠨᠳᠦᠰᠦᠨ ᠰᠣᠯᠢᠭᠳᠠᠯ᠎ᠳᠤ ᠲᠦᠰᠢᠭᠯᠡᠬᠦ ᠬᠡᠷᠡᠭᠲᠡᠢ᠂ ᠭᠡᠪᠡᠴᠦ ᠭᠠᠳᠠᠭ᠋ᠠᠳᠤ ᠬᠥᠳᠡᠯᠭᠡᠭᠴᠢ ᠬᠦᠴᠦᠨ ᠪᠠ ᠰᠡᠳᠤᠯᠲᠡ᠎ᠨᠢ ᠴᠦ᠍ ᠮᠠᠰᠢ ᠴᠢᠬᠤᠯᠠ ᠪᠠᠢ᠌ᠳᠠᠭ᠃
      ᠠᠷᠪᠠᠨ ᠰᠠᠷ᠎ᠠ ᠵᠢᠨ ᠬᠤᠪᠢᠰᠬᠠᠯ᠎ᠤᠨ ᠠᠮᠵᠢᠯᠲᠠ᠎ᠨᠢ ᠪᠢᠳᠡᠨ᠎ᠳᠤ ᠮᠠᠷᠺᠰ᠎ᠤᠨ ᠦᠵᠡᠯ᠎ᠢ ᠠᠪᠴᠢᠷᠠᠵᠤ᠂ ᠨᠡᠩ ᠤᠯᠠᠨ ᠠᠷᠠᠳ ᠢᠷᠭᠡᠳ᠎ᠲᠤ ᠡᠨᠡ ᠬᠦ᠌ ᠦᠵᠡᠯ ᠰᠠᠨᠠᠭ᠋ᠠᠨ᠎ᠤ ᠳᠣᠩᠰᠤᠯᠭ᠋ᠠᠯ᠎ᠢ ᠬᠦᠷᠳᠡᠭᠡᠪᠡ᠃ ᠡᠨᠡ ᠪᠣᠯ ᠠᠷᠠᠳ ᠤᠯᠠᠨ᠎ᠤ ᠦᠵᠡᠯ ᠰᠠᠨᠠᠭ᠋ᠠᠨ᠎ᠤ ᠲᠤᠭᠲᠠᠯᠴᠠᠭ᠎ᠠ ᠵᠢ ᠬᠤᠪᠢᠷᠠᠭᠤᠯᠬᠤ ᠲᠠᠢ᠍ᠢ᠍ᠴᠢᠯᠠᠯᠳᠠ ᠮᠥᠨ᠃ ᠤᠯᠠᠮᠵᠢᠯᠠᠯᠲᠤ ᠰᠣᠶᠣᠯ᠎ᠤᠨ ᠰᠢᠯᠢᠳᠡᠭ᠎ᠢ᠎ᠨᠢ ᠵᠠᠯᠭ᠋ᠠᠮᠵᠢᠯᠠᠨ᠎ᠠ᠂ ᠭᠦᠭᠵᠢᠭᠦᠯᠦᠨ᠎ᠡ᠂ ᠨᠡᠩ ᠴᠦ᠍ ᠬᠣᠪᠢᠷᠠᠭᠤᠯᠤᠨ᠎ᠠ᠂ ᠳᠤᠮᠳᠠᠳᠤ ᠵᠢᠨ ᠦᠨᠳᠦᠰᠦᠲᠡᠨ᠎ᠢ  ᠤᠬᠠᠮᠰᠠᠷᠵᠢᠭᠤᠯᠬᠤ ᠪᠣᠯ ᠦᠵᠡᠯ ᠰᠠᠨᠠᠭ᠎ᠠ᠂ ᠣᠢ᠌ᠯᠠᠭ᠋ᠠᠭᠳᠠᠬᠤᠨ᠂ ᠰᠣᠶᠣᠯ᠎ᠤᠨ ᠲᠠᠯ᠎ᠠ᠎ᠪᠠᠷ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠶᠠᠪᠤᠳᠠᠯ ᠪᠣᠯᠤᠨ᠎ᠠ᠃ ᠦᠵᠡᠯ ᠰᠠᠨᠠᠭ᠎ᠠ᠎ᠪᠠᠨ ᠦᠬᠡᠷᠡᠴᠢᠯᠡᠨ ᠦᠢ᠍ᠯᠡᠳᠦᠯᠬᠡᠵᠢᠬᠦᠯᠵᠦ᠂ ᠦᠢ᠍ᠯᠡ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ᠎ᠢ ᠮᠥᠬᠥᠯ᠎ᠠᠴᠠ ᠠᠪᠤᠷᠠᠨ ᠣᠷᠣᠰᠢᠨ ᠲᠣᠭᠲᠠᠨᠢᠭᠤᠯᠵᠤ᠂ ᠲᠤᠰᠠᠭ᠋ᠠᠷ ᠲᠣᠭᠲᠠᠨᠢᠯ᠎ᠲᠠᠢ ᠴᠢᠯᠥᠭᠡᠯᠡᠯᠲᠡ ᠵᠢ ᠪᠡᠶᠡᠯᠡᠭᠦᠯᠦᠨ᠎ᠡ᠃ ᠶᠠᠮᠠᠷ ᠬᠦᠮᠦᠨ ᠲᠤᠰᠠᠭ᠋ᠠᠷ ᠲᠤᠭᠳᠠᠨᠢᠯ᠎ᠲᠠᠢ ᠴᠢᠯᠦᠭᠡᠯᠡᠯᠲᠡ ᠵᠢ ᠤᠳᠤᠷᠢᠳᠴᠦ ᠪᠡᠶᠡᠯᠡᠭᠦᠯᠬᠦ ᠪᠤᠢ? ᠤᠢ᠍ᠢ᠍ᠷ᠎ᠠ ᠦᠶ᠎ᠡ᠎ᠠᠴᠠ ᠨᠠᠭ᠋ᠠᠰᠢᠬᠢ ᠠᠯᠢ ᠤᠯᠠᠨ ᠠᠬᠢᠴᠠ ᠳᠤᠮᠳᠠ᠂ ᠳᠤᠮᠳᠠᠳᠤ ᠵᠢᠨ ᠦᠨᠳᠦᠰᠦᠲᠡᠨ ᠭᠠᠷᠬᠤ ᠵᠠᠮ ᠡᠷᠢᠯᠬᠢᠯᠡᠵᠦ᠂ ᠦᠵᠡᠯ ᠰᠠᠨᠠᠭ᠎ᠠ᠂ ᠮᠡᠷᠭᠡᠵᠢᠯ᠎ᠠᠴᠠ ᠡᠯ᠎ᠡ ᠵᠦᠢ᠍ᠯ᠎ᠤᠨ ᠥᠭᠡᠷᠡᠴᠢᠯᠡᠯᠲᠡ ᠬᠢᠬᠦ ᠬᠦᠷᠲᠡᠯ᠎ᠡ᠂ ᠡᠴᠦᠰ᠎ᠤᠨ ᠡᠴᠦᠰ᠎ᠲᠤ᠎ᠪᠠᠨ ᠥᠪᠡᠷ᠎ᠤᠨ ᠵᠠᠮᠴᠢᠯᠠᠭᠴᠢ᠎ᠪᠠᠨ ᠡᠷᠢᠯᠬᠢᠯᠡᠭᠰᠡᠨ ᠶᠠᠪᠤᠳᠠᠯ ᠪᠣᠯᠬᠤ ᠶᠤᠮ᠃ ᠡᠨᠡ ᠪᠣᠯ 《ᠲᠣᠢ᠌ᠮᠣ》 ᠵᠢᠭ᠋ᠠᠬᠤ ᠮᠠᠲ᠋ᠧᠷᠢᠶᠠᠯ᠎ᠤᠨ ᠤᠨᠤᠯ᠎ᠤᠨ ᠬᠡᠰᠡᠭ (ᠬᠣᠶᠠᠳᠤᠭ᠋ᠠᠷ ᠲᠠᠢ᠌ᠯᠤᠮᠵᠢ)᠎ᠤᠨ ᠬᠠᠮᠤᠭ᠎ᠤᠨ ᠭᠣᠣᠯ ᠠᠭᠤᠯᠭ᠎ᠠ ᠪᠣᠯᠤᠨ᠎ᠠ᠃  ᠪᠢᠳᠡ  ᠲᠡᠦᠬᠡ᠎ᠪᠠᠨ ᠵᠥᠪ ᠵᠶ᠋ᠡᠷ ᠦᠵᠡᠬᠦ᠎ᠠᠴᠠ ᠭᠠᠳᠠᠨ᠎ᠠ ᠪᠠᠰᠠ ᠳᠤᠮᠳᠠᠳᠤ ᠵᠢᠨ ᠦᠨᠳᠦᠰᠦᠲᠡᠨ ᠬᠡᠷᠬᠢᠨ ᠲᠠᠬᠢᠨ ᠪᠣᠰᠴᠤ  ᠵᠤᠭᠰᠤᠭᠰᠠᠨ᠎ᠢ ᠲᠣᠳᠣᠷᠬᠠᠢ ᠲᠠᠨᠢᠬᠤ ᠬᠡᠷᠡᠭᠲᠡᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠲᠡᠦᠬᠡ ᠵᠢᠨ ᠰᠣᠩᠭᠣᠯᠲᠠ ᠮᠥᠨ ᠭᠡᠳᠡᠭ᠎ᠢ ᠲᠡᠤᠬᠡ ᠵᠢᠨ ᠦᠵᠡᠯᠳᠡ ᠪᠢᠳᠡᠨ᠎ᠳᠤ ᠬᠡᠷᠡᠴᠢᠯᠡᠵᠦ ᠦᠭᠬᠦ ᠶᠤᠮ᠃

4.jpg      1935 ᠣᠨ᠎ᠤ ᠬᠡᠪᠯᠡᠯ᠎ᠤᠨ 《ᠵᠢᠷᠤᠮ᠎ᠤᠨ ᠴᠡᠷᠢᠭ᠎ᠤᠨ ᠤᠷᠤᠭᠰᠢᠯᠠᠯᠲᠠ ᠵᠢᠨ ᠳᠠᠭᠤᠤ》 ᠭᠣᠤᠯ ᠰᠡᠳᠦᠪᠲᠦ ᠱᠤᠭᠤᠮᠠᠯ (ᠵᠢᠷᠤᠭ᠎ᠤᠨ ᠢᠷᠡᠯᠲᠡ᠄ ᠬᠠᠷᠠᠭ᠋ᠠᠨ ᠰᠡᠷᠡᠯ᠎ᠤᠨ ᠳᠤᠮᠳᠠᠳᠤ ᠤᠯᠤᠰ)᠃

      《ᠵᠢᠷᠤᠮ᠎ᠤᠨ ᠴᠡᠷᠢᠭ᠎ᠤᠨ ᠤᠷᠤᠭᠰᠢᠯᠠᠯᠲᠠ ᠵᠢᠨ ᠳᠠᠭᠤᠤ》 ᠪᠣᠯ ᠮᠠᠨ᠎ᠤ ᠤᠯᠤᠰ᠎ᠤᠨ ᠰᠦᠯᠳᠡ ᠳᠠᠭᠤᠤ ᠮᠦᠨ᠂ ᠳᠠᠭᠤᠤ᠎ᠳᠤ ᠤᠯᠠᠮᠵᠢᠯᠠᠭᠰᠠᠨ ᠵᠣᠷᠢᠭ ᠰᠠᠨᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠰᠥᠷᠭᠡᠦ ᠣᠷᠴᠢᠨ᠎ᠳᠤ ᠡᠷᠡᠯᠬᠡᠭᠯᠡᠨ ᠳᠡᠮᠡᠴᠡᠬᠦ ᠵᠢ ᠵᠣᠷᠢᠭᠵᠢᠭᠤᠯᠬᠤ ᠤᠶᠤᠨ ᠰᠠᠨᠠᠭ᠋ᠠᠨ᠎ᠤ ᠲᠦᠰᠢᠭ ᠲᠤᠯᠭ᠋ᠠᠭᠤᠷᠢ ᠪᠣᠯᠤᠭᠰᠠᠨ ᠪᠠᠢ᠌ᠨ᠎ᠠ᠃ ᠳᠤᠮᠳᠠᠳᠤ ᠵᠢᠨ ᠦᠨᠳᠦᠰᠦᠲᠡᠨ ᠪᠦᠯᠬᠦᠮᠳᠡᠳᠡᠭ ᠯᠡ ᠶᠤᠮ ᠪᠣᠯ ᠲᠠᠷᠠᠬᠠᠢ ᠪᠤᠲᠠᠷᠬᠠᠢ ᠪᠢᠰᠢ ᠪᠤᠯᠵᠦ᠂ ᠪᠤᠰᠤᠳ᠎ᠲᠤ ᠲᠤᠷᠤᠮᠵᠢᠯᠠᠭᠳᠠᠬᠤ ᠦᠭᠡᠢ ᠪᠤᠯᠵᠤ ᠴᠢᠳᠠᠨ᠎ᠠ᠂ ᠤᠴᠢᠷ᠎ᠨᠢ ᠪᠢᠳᠠ ᠤᠳᠤᠷᠢᠳᠬᠤ ᠭᠣᠣᠯᠯᠠᠭᠴᠢ᠎ᠲᠠᠢ ᠪᠤᠯᠵᠦ᠂ ᠠᠷᠠᠳ ᠲᠦᠮᠡᠨ᠎ᠤ ᠠᠰᠢᠭ ᠲᠤᠰᠠ᠎ᠳᠤ ᠦᠢ᠍ᠯᠡᠴᠢᠯᠡᠬᠦ ᠤᠳᠦ ᠦᠶ᠎ᠡ ᠵᠢᠨ ᠲᠤᠢ᠍ᠷᠦ ᠵᠢᠨ ᠨᠠᠮ᠎ᠲᠠᠢ ᠪᠣᠯᠤᠭᠰᠠᠨ ᠶᠤᠮ᠃ ᠵᠢᠭ᠋ᠠᠬᠤ ᠮᠠᠲ᠋ᠧᠷᠢᠶᠠᠯ᠎ᠤᠨ ᠳᠣᠲᠣᠷᠠᠬᠢ ᠣᠷᠴᠢᠨ ᠦᠶ᠎ᠡ ᠵᠢᠨ ᠬᠡᠰᠡᠭ᠎ᠤᠨ ᠲᠤᠬᠠᠢ ᠬᠣᠶᠠᠷ ᠲᠠᠢ᠌ᠯᠤᠮᠵᠢ᠎ᠨᠢ᠂ ᠢᠯᠠᠩᠭᠤᠶ᠎ᠠ ᠠᠷᠪᠠᠨ ᠭᠤᠷᠪᠠᠳᠤᠭ᠋ᠠᠷ ᠲᠠᠢ᠌ᠯᠤᠮᠵᠢ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠳᠤᠮᠳᠠᠳᠤ ᠵᠢᠨ ᠦᠨᠳᠦᠰᠦᠲᠡᠨ᠎ᠢ ᠤᠳᠤᠷᠢᠳᠴᠤ ᠴᠢᠳᠠᠭᠰᠠᠨ᠎ᠢ ᠲᠣᠳᠣᠷᠬᠠᠢ᠌ᠯᠠᠨ ᠥᠭᠦᠯᠡᠭᠰᠡᠨ ᠪᠠᠢ᠌ᠨ᠎ᠠ᠂ ᠤᠴᠢᠷ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠤᠯ ᠳᠤᠮᠳᠠᠳᠤ ᠵᠢᠨ ᠦᠨᠳᠦᠰᠦᠲᠡᠨ᠎ᠤ ᠪᠦᠬᠦᠯᠢ ᠴᠣᠭᠴᠠ ᠵᠢᠨ ᠠᠰᠢᠭ ᠲᠤᠰᠠ ᠵᠢ ᠲᠦᠯᠦᠭᠡᠯᠡᠬᠦ ᠵᠣᠷᠢᠯᠲᠠ᠎ᠲᠠᠢ ᠬᠤᠰᠢᠭᠤᠴᠢ ᠠᠩᠭᠢ ᠶᠤᠮ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠤᠩᠭᠤᠭᠰᠠᠨ ᠶᠤᠮ᠂ ᠳᠤᠮᠳᠠᠳᠤ ᠤᠯᠤᠰ᠎ᠤᠨ ᠡᠪ ᠬᠠᠮᠲᠤ ᠨᠠᠮ ᠴᠤ᠌ ᠠᠷᠠᠳ ᠲᠦᠮᠡᠨ᠎ᠤ ᠬᠦᠰᠡᠯ ᠡᠷᠡᠮᠡᠯᠵᠡᠯ ᠪᠠ ᠬᠦᠨᠳᠦ ᠨᠠᠢ᠌ᠳᠠᠯᠭ᠎ᠠ ᠵᠢ ᠬᠥᠰᠡᠷᠳᠡᠭᠦᠯᠦᠯ ᠦᠭᠡᠢ᠎ᠪᠠᠷ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠭᠤᠷᠪᠠᠨ ᠶᠡᠬᠡ ᠠᠭᠤᠯᠠ ᠵᠢ ᠲᠦᠯᠬᠢᠨ ᠤᠨᠠᠭ᠋ᠠᠵᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠭᠰᠠᠨ ᠰᠢᠨ᠎ᠡ ᠳᠤᠮᠳᠠᠳᠤ ᠤᠯᠤᠰ — ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠢ ᠪᠠᠢ᠌ᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ ᠵᠢᠨ ᠦᠨᠳᠦᠰᠦᠲᠡᠨ᠎ᠢ ᠤᠳᠤᠷᠢᠳᠬᠤ ᠭᠣᠣᠯᠯᠠᠭᠴᠢ ᠬᠦᠴᠦᠨ ᠮᠥᠨ᠃
      ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ᠎ᠤ ᠳᠠᠷᠠᠭ᠋ᠠᠬᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠪᠣᠯ ᠳᠤᠮᠳᠠᠳᠤ ᠵᠢᠨ ᠦᠨᠳᠦᠰᠦᠲᠡᠨ᠎ᠤ ᠣᠳᠣ ᠦᠶ᠎ᠡ ᠵᠢᠨ ᠲᠡᠦᠬᠡ ᠪᠣᠯᠤᠨ᠎ᠠ᠃ 《ᠲᠣᠢ᠌ᠮᠣ》᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠣᠰᠴᠦ ᠵᠤᠭᠰᠤᠭᠰᠠᠨ᠂ ᠪᠠᠶᠠᠵᠢᠭᠰᠠᠨ᠂ ᠬᠦᠴᠦᠷᠬᠡᠭᠵᠢᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠬᠣᠶᠠᠷ ᠲᠠᠢ᠌ᠯᠤᠮᠵᠢ᠎ᠪᠠᠷ ᠥᠭᠦᠯᠡᠵᠡᠢ᠃ ᠡᠨᠡ᠎ᠨᠢ ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠤᠯᠠᠮ ᠴᠢᠨᠠᠭᠰᠢᠳᠠ ᠭᠡᠷᠡᠴᠢᠯᠡᠭᠰᠡᠨ ᠪᠠᠢ᠌ᠨ᠎ᠠ᠂ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ  ᠴᠢᠷᠮᠠᠢ᠌ᠭᠰᠠᠨ ᠶᠠᠪᠤᠳᠠᠯ ᠪᠣᠯᠤᠨ᠎ᠠ᠃ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠭᠠᠷᠤᠢ ᠵᠢᠯ᠎ᠤᠨ ᠬᠥᠭᠵᠢᠯᠲᠡ ᠵᠢᠨ ᠲᠡᠦᠬᠡᠨ ᠶᠠᠪᠤᠴᠠ᠎ᠳᠤ᠂ ᠮᠠᠨ᠎ᠤ ᠨᠠᠮ᠎ᠤᠨ ᠦᠨᠳᠦᠰᠦᠲᠡᠨ᠎ᠤ ᠠᠰᠠᠭᠤᠳᠠᠯ᠎ᠢ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠰᠢᠢ᠍ᠳᠪᠦᠷᠢᠯᠡᠬᠦ ᠵᠥᠪ ᠵᠠᠮ᠎ᠤᠨ ᠲᠤᠬᠠᠢ ᠬᠠᠢ᠌ᠨ ᠰᠦᠪᠡᠭᠴᠢᠯᠡᠯᠲᠡ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠡᠯ᠎ᠡ ᠲᠠᠯ᠎ᠠ ᠵᠢᠨ ᠦᠢ᠍ᠯᠡᠳᠦᠯᠭᠡ ᠵᠢᠨ ᠨᠢᠭᠡᠨ ᠴᠢᠬᠤᠯᠠ ᠵᠣᠷᠢᠯᠭ᠎ᠠ ᠪᠣᠯ ᠤᠯᠤᠰ ᠪᠠ ᠦᠨᠳᠦᠰᠦᠲᠡᠨ᠂ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ᠎ᠪᠠᠷ ᠴᠢᠷᠮᠠᠢ᠌ᠵᠦ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠠᠢ᠌ᠭᠤᠯᠬᠤ ᠵᠢᠨ ᠲᠥᠯᠥᠭᠡ ᠶᠤᠮ᠃
      ᠳᠤᠮᠳᠠᠳᠤ ᠵᠢᠨ ᠦᠨᠳᠦᠰᠦᠲᠡᠨ᠎ᠤ ᠰᠡᠷᠬᠦᠯᠳᠡ᠂ ᠬᠥᠭᠵᠢᠯᠲᠡ ᠪᠠ ᠮᠠᠨᠳᠤᠯᠲᠠ ᠵᠢᠨ ᠠᠬᠢᠴᠠ᠎ᠨᠢ ᠳᠣᠲᠣᠭ᠋ᠠᠳᠤ ᠭᠠᠳᠠᠭ᠋ᠠᠳᠤ ᠣᠷᠴᠢᠨ ᠨᠥᠬᠥᠴᠡᠯ᠎ᠤᠨ ᠰᠠᠢ᠌ᠵᠢᠷᠠᠯᠲᠠ᠎ᠠᠴᠠ ᠢᠷᠡᠯᠳᠡ᠎ᠲᠠᠢ ᠪᠥᠭᠡᠳ ᠮᠠᠨ᠎ᠤ ᠦᠨᠳᠦᠰᠦᠲᠡᠨ᠎ᠨᠦᠭᠦᠳ᠎ᠤᠨ ᠨᠢᠭᠲᠠᠷᠠᠯ ᠪᠦᠯᠬᠦᠮᠳᠡᠯ᠎ᠠᠴᠠ ᠢᠷᠡᠯᠳᠡ᠎ᠲᠠᠢ ᠶᠤᠮ᠃ ᠪᠢᠳᠡ ᠵᠠᠪᠠᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ ᠵᠶ᠋ᠠᠷ ᠦᠨᠳᠦᠰᠦᠲᠡᠨ᠎ᠨᠦᠭᠦᠳ᠎ᠢ ᠨᠢᠬᠳᠠᠷᠠᠭᠤᠯᠵᠤ᠂ ᠳᠡᠯᠡᠬᠡᠢ ᠳ᠋ᠠᠬᠢᠨ᠎ᠤ ᠳᠤᠮᠳᠠᠳᠤ ᠵᠢᠨ ᠬᠥᠪᠡᠭᠦᠳ ᠥᠬᠢᠳ᠎ᠢ  ᠪᠦᠯᠬᠦᠮᠳᠡᠭᠦᠯᠦᠨ ᠨᠢᠭᠲᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠴᠢᠷᠮᠠᠢ᠌ᠨ  ᠲᠡᠮᠡᠴᠡᠨ᠎ᠡ᠃ 
      ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠬᠥᠭᠡᠭᠡᠴᠡᠯᠳᠦᠯ᠎ᠳᠤ ᠲᠣᠮᠣ ᠤᠯᠤᠰ᠎ᠤᠨ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠪᠡ
      ᠳᠤᠮᠳᠠᠳᠤ ᠵᠢᠨ ᠦᠨᠳᠦᠰᠦᠲᠡᠨ ᠬᠥᠭᠵᠢᠭᠡᠳ ᠤᠳᠤ ᠪᠣᠯᠬᠤ᠎ᠳᠤ ᠨᠢᠬᠡᠨᠳᠡ ᠥᠪᠡᠷ᠎ᠤᠨ ᠲᠤᠰᠠᠭ᠋ᠠᠷ ᠲᠣᠭᠲᠠᠨᠢᠯ ᠵᠶ᠋ᠠᠨ ᠬᠠᠮᠠᠭ᠋ᠠᠯᠠᠬᠤ ᠴᠢᠳᠠᠪᠤᠷᠢ᠎ᠲᠠᠢ ᠪᠣᠯᠵᠡᠢ᠂ ᠮᠦᠨ ᠪᠣᠰᠴᠦ ᠵᠤᠭᠰᠤᠭᠰᠠᠨ᠎ᠠᠴᠠ᠎ᠪᠠᠨ ᠪᠠᠶᠠᠵᠢᠨ ᠴᠢᠨᠡᠬᠡᠯᠢᠭᠵᠢᠵᠤ ᠶᠡᠬᠡ᠎ᠪᠠᠷ ᠬᠦᠴᠦᠷᠬᠡᠭᠵᠢᠵᠦ ᠴᠢᠳᠠᠭᠰᠠᠨ ᠪᠠᠢ᠌ᠨ᠎ᠠ᠃ ᠳᠤᠮᠳᠠᠳᠤ ᠵᠢᠨ ᠦᠨᠳᠦᠰᠦᠲᠡᠨ᠎ᠤ ᠲᠡᠦᠬᠡᠨ ᠠᠬᠢᠴᠠ᠎ᠨᠢ ᠳᠡᠯᠡᠬᠡᠢ ᠵᠢᠨ ᠮᠠᠰᠢ ᠤᠯᠠᠨ ᠬᠥᠭᠵᠢᠵᠦ ᠪᠠᠢ᠌ᠭ᠎ᠠ ᠤᠯᠤᠰ᠎ᠲᠤ ᠠᠪᠴᠤ ᠬᠡᠯᠡᠪᠡᠯ ᠲᠤᠢ᠌ᠯ᠎ᠤᠨ ᠴᠢᠬᠤᠯᠠ ᠯᠠᠪᠯᠠᠯᠲᠠ ᠪᠣᠯᠬᠤ ᠶᠤᠮ᠃

5.jpg

      ᠨᠠᠨᠵᠢᠩ᠎ᠤᠨ ᠨᠢᠳᠦ ᠦᠵᠡᠮᠵᠢ ᠵᠢᠨ ᠣᠷᠣᠨ᠎ᠤ ᠠᠭᠤᠳᠠᠮ ᠲᠠᠯᠠᠪᠠᠢ (ᠵᠢᠷᠤᠭ᠎ᠤᠨ ᠢᠷᠡᠯᠲᠡ᠄ ᠬᠠᠷᠠᠭ᠋ᠠᠨ ᠰᠡᠷᠡᠯ᠎ᠤᠨ ᠳᠤᠮᠳᠠᠳᠤ ᠤᠯᠤᠰ)

      ᠳᠤᠮᠳᠠᠳᠤ ᠵᠢᠨ ᠦᠨᠳᠦᠰᠦᠲᠡᠨ ᠡᠷᠳᠡ ᠦᠶ᠎ᠠ ᠵᠢᠨ ᠭᠡᠷᠡᠯ ᠰᠠᠴᠤᠷᠠᠩᠭᠤᠢ ᠲᠡᠤᠬᠡ ᠵᠢ ᠪᠦᠳᠦᠭᠡᠭᠰᠡᠨ ᠵᠶ᠋ᠡᠷ  ᠪᠠᠷᠠᠬᠤ ᠦᠭᠡᠢ᠂ ᠤᠳᠤ ᠪᠠᠰᠠ ᠠᠵᠤ ᠠᠬᠤᠢ ᠲᠦᠷᠭᠡᠨ ᠭᠦᠭᠵᠢᠯᠲᠡ᠎ᠲᠠᠢ᠂ ᠨᠡᠢ᠌ᠭᠡᠮ ᠬᠡᠵᠢᠶᠡᠳᠡ ᠲᠣᠭᠲᠠᠭᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠬᠤ ᠶᠣᠰᠣᠲᠠᠢ ᠪᠢᠯᠡ᠃
      ᠣᠳᠣᠬᠠᠨ᠎ᠳᠤ᠂ ᠳᠤᠮᠳᠠᠳᠤ ᠵᠢᠨ ᠦᠨᠳᠦᠰᠦᠲᠡᠨ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠥᠷᠲᠡᠭ᠎ᠤᠨ ᠦᠵᠡᠯᠲᠡ᠎ᠪᠠᠷ ᠬᠥᠮᠦᠨ ᠲᠥᠷᠥᠯᠬᠢᠲᠡᠨ᠎ᠤ ᠬᠠᠮᠲᠤ ᠵᠢᠨ ᠭᠡᠷ ᠣᠷᠣᠨ᠎ᠢ ᠴᠣᠭᠴᠠᠯᠠᠵᠤ ᠪᠠᠢ᠌ᠨ᠎ᠠ᠃ ᠰᠢᠨ᠎ᠡ ᠴᠠᠭ ᠦᠶ᠎ᠡ᠎ᠳᠤ ᠣᠷᠣᠭ᠋ᠠᠳ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ ᠰᠢᠨ᠎ᠡ ᠰᠢᠪᠲᠤᠯᠤᠯᠲᠠ᠎ᠲᠠᠢ ᠪᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠰᠢᠨ᠎ᠡ ᠠᠬᠢᠴᠠ᠎ᠲᠠᠢ ᠪᠣᠯᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠨᠡᠩ ᠥᠷᠭᠡᠨ ᠠᠭᠤᠳᠠᠮ ᠠᠯᠤᠰ ᠢᠷᠡᠭᠡᠳᠦᠢ ᠵᠢ ᠢᠯᠡᠷᠡᠭᠦᠯᠵᠦ᠂ ᠳᠡᠯᠡᠬᠡᠢ ᠳᠡᠭᠡᠷᠡᠬᠢ ᠬᠥᠭᠵᠢᠯᠲᠡ᠎ᠪᠠᠨ ᠲᠦᠷᠭᠡᠳᠬᠡᠬᠦ ᠵᠢ ᠬᠦᠰᠡᠵᠦ᠂ ᠲᠤᠰ ᠪᠡᠶ᠎ᠡ ᠵᠢᠨ ᠲᠤᠰᠠᠭ᠋ᠠᠷ ᠲᠣᠭᠲᠠᠨᠢᠯ ᠵᠶ᠋ᠠᠨ ᠪᠠᠲᠤᠯᠠᠬᠤ ᠵᠢ ᠬᠦᠰᠡᠵᠦ ᠪᠠᠢ᠌ᠭ᠎ᠠ ᠤᠯᠤᠰ ᠪᠠ ᠦᠨᠳᠦᠰᠦᠲᠡᠨ᠎ᠳᠤ ᠰᠢᠨ᠎ᠡ ᠯᠠᠪᠯᠠᠯᠲᠠ ᠪᠠ ᠰᠢᠨ᠎ᠡ ᠰᠣᠩᠭᠣᠯᠲᠠ ᠬᠠᠩᠭ᠋ᠠᠪᠠ᠃
      ᠳᠤᠮᠳᠠᠳᠤ ᠵᠢᠨ ᠦᠨᠳᠦᠰᠦᠲᠡᠨ᠎ᠤ ᠢᠷᠡᠭᠡᠳᠦᠢ ᠬᠤᠪᠢ ᠵᠠᠶᠠᠭ᠎ᠠ᠎ᠨᠢ ᠳᠡᠯᠡᠬᠡᠢ ᠵᠢᠨ ᠦᠨᠳᠦᠰᠦᠲᠡᠨ᠎ᠨᠦᠭᠦᠳ᠎ᠤᠨ ᠬᠤᠪᠢ ᠵᠠᠶᠠᠭ᠎ᠠ᠎ᠲᠠᠢ ᠨᠢᠭᠲᠠ ᠬᠣᠯᠪᠣᠯᠳᠤᠵᠤ ᠪᠠᠢ᠌ᠳᠠᠭ᠃ ᠳᠡᠯᠡᠬᠡᠢ ᠵᠢᠨ ᠬᠤᠪᠢᠷᠠᠯᠲᠠ᠂ ᠴᠠᠭ ᠦᠶ᠎ᠡ ᠵᠢᠨ ᠬᠤᠪᠢᠷᠠᠯᠲᠠ᠂ ᠲᠡᠦᠬᠡ ᠵᠢᠨ ᠬᠤᠪᠢᠷᠠᠯᠲᠠ ᠵᠢᠨ ᠡᠮᠦᠨ᠎ᠡ᠂ ᠳᠤᠮᠳᠠᠳᠤ ᠤᠯᠤᠰ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠴᠢᠬᠤᠯᠠ ᠣᠢ᠌ᠯᠠᠭ᠋ᠠᠭᠳᠠᠬᠤᠨ᠎ᠢ ᠳᠤᠷᠠᠳᠴᠠᠢ᠂ ᠡᠨᠡ ᠪᠣᠯ ᠳᠤᠮᠳᠠᠳᠤ ᠵᠢᠨ ᠪᠣᠯᠪᠠᠰᠤᠨ᠎ᠤ ᠡᠩᠬᠡ ᠲᠠᠢ᠌ᠪᠤᠩ᠎ᠤᠨ ᠣᠨᠴᠠᠯᠢᠭ᠎ᠠᠴᠠ ᠲᠤᠭᠳᠠᠭ᠋ᠠᠭᠳᠠᠭᠰᠠᠨ ᠶᠤᠮ᠂ ᠡᠨᠡ᠎ᠨᠢ ᠳᠤᠮᠳᠠᠳᠤ ᠤᠯᠤᠰ᠎ᠤᠨ ᠨᠡᠢ᠌ᠭᠡᠮ ᠵᠢᠷᠤᠮᠲᠤ ᠲᠤᠮᠦ ᠤᠯᠤᠰ ᠪᠣᠯᠤᠭᠰᠠᠨ᠎ᠤ ᠬᠤᠪᠢ᠎ᠳᠠᠬᠢ ᠡᠭᠦᠷᠭᠡ ᠬᠠᠷᠢᠭᠤᠴᠠᠯᠭ᠎ᠠ ᠪᠣᠯᠤᠨ᠎ᠠ᠃ ᠥᠨᠢ ᠤᠳᠠᠭ᠋ᠠᠨ ᠡᠩᠬᠡ ᠲᠠᠢ᠌ᠪᠤᠩ᠂ ᠨᠡᠢ᠌ᠳᠡᠮ᠎ᠳᠤ᠎ᠪᠠᠨ ᠠᠮᠤᠷ ᠲᠦᠪᠰᠢᠨ᠂ ᠬᠠᠮᠲᠤ᠎ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭ᠋ᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ ᠪᠣᠯ ᠳᠤᠮᠳᠠᠳᠤ ᠵᠢᠨ ᠦᠨᠳᠦᠰᠦᠲᠡᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠲᠠᠢ ᠭᠠᠷ ᠵᠶ᠋ᠠᠨ ᠬᠣᠯᠪᠣᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠰᠠᠢ᠍ᠢ᠍ᠨ ᠰᠠᠢ᠌ᠬᠠᠨ ᠬᠦᠰᠡᠯ ᠡᠷᠡᠮᠡᠯᠵᠡᠯ ᠮᠥᠨ᠃





          ᠣᠷᠴᠢᠭᠤᠯᠤᠭᠴᠢ᠄ ᠤᠶᠤᠨᠰᠡᠴᠡᠨ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄ ᠲᠤᠮᠳᠠᠳᠤ ᠵᠢ ᠥᠭᠦᠯᠡᠬᠦᠢ