ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠰᠢ ᠵᠢᠨ ᠫᠢᠩ᠄ ᠲᠠᠪᠢᠨ ᠵᠢᠷᠭᠤᠭ᠋ᠠᠨ ᠦᠨᠳᠦᠰᠦᠲᠡᠨ ᠨᠢᠭᠲᠠᠷᠠᠨ ᠪᠦᠯᠬᠦᠮᠳᠡᠪᠡᠯ ᠳᠠᠷᠤᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠪᠣᠯᠤᠨ᠎ᠠ
ᠨᠡᠶ᠋ᠢᠲᠡᠯᠡᠭᠰᠡᠨ ᠴᠠᠭ᠄ 2024-07-17

      19᠎ᠤ ᠡᠳᠦᠷ᠎ᠤᠨ ᠦᠳᠡ ᠵᠢᠨ ᠬᠤᠶ᠋ᠢᠨ᠎ᠠ᠂ ᠶᠡᠷᠦᠩᠬᠡᠢ ᠱᠦᠵᠢ ᠰᠢ ᠵᠢᠨ ᠫᠢᠩ ᠨᠢᠩᠰᠢᠶᠠ ᠵᠢᠨ ᠢᠷᠭ᠋ᠠᠢ ᠬᠤᠳᠠ ᠵᠢᠨ ᠵᠢᠨ ᠹᠧᠩ ᠲᠣᠭᠤᠷᠢᠭ᠎ᠤᠨ ᠴᠠᠩ ᠴᠧᠩ ᠬᠤᠸᠠ ᠶᠤᠸᠠᠨ ᠨᠡᠶ᠋ᠢᠭᠡᠮ ᠲᠣᠭᠤᠷᠢᠭ᠎ᠲᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠡᠨᠡ ᠬᠦ᠌ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶ᠋ᠢᠭᠡᠮ ᠲᠣᠭᠤᠷᠢᠭ᠎ᠨᠢ ᠪᠠᠶᠠᠷ ᠪᠠᠶᠠᠰᠤᠯ ᠵᠶ᠋ᠠᠷ ᠪᠢᠯᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠡᠶ᠎ᠡ ᠨᠠᠶ᠋ᠢᠷᠲᠠᠢ᠎ᠪᠠᠷ ᠬᠠᠮᠲᠤ ᠣᠷᠣᠰᠢᠵᠤ᠂ ᠠᠮᠢᠳᠤᠷᠠᠯ ᠵᠣᠯ ᠵᠢᠷᠭ᠋ᠠᠯ᠎ᠲᠠᠢ ᠪᠠᠶ᠋ᠢᠬᠤ ᠵᠢ ᠦᠵᠡᠭᠡᠳ ᠰᠢ ᠵᠢᠨ ᠫᠢᠩ ᠮᠠᠰᠢ ᠪᠠᠶᠠᠷᠯᠠᠪᠠ᠃ ᠲᠡᠷᠡ᠂ ᠦᠨᠳᠦᠰᠦᠲᠡᠨ᠎ᠤ ᠪᠦᠯᠬᠦᠮᠳᠡᠯ ᠮᠠᠰᠢ ᠴᠢᠬᠤᠯᠠ ᠶᠤᠮ᠂ ᠮᠠᠨ᠎ᠤ ᠲᠠᠪᠢᠨ ᠵᠢᠷᠭᠤᠭ᠋ᠠᠨ ᠦᠨᠳᠦᠰᠦᠲᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ᠃ ᠲᠠᠪᠢᠨ ᠵᠢᠷᠭᠤᠭ᠋ᠠᠨ ᠦᠨᠳᠦᠰᠦᠲᠡᠨ ᠨᠢᠭᠲᠠᠷᠠᠨ ᠪᠦᠯᠬᠦᠮᠳᠡᠪᠡᠯ ᠳᠠᠷᠤᠶ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠪᠣᠯᠤᠨ᠎ᠠ᠂ ᠳᠤᠮᠳᠠᠳᠤ ᠵᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠃ ᠪᠢᠳᠡ ᠬᠠᠮᠲᠤ᠎ᠪᠠᠷ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠬᠠᠮᠲᠤ᠎ᠪᠠᠷ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠦᠶ᠎ᠡ ᠭᠡᠪᠡ᠃

11.jpg


12.jpg


13.jpg


14.jpg



          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠳᠤᠮᠳᠠᠳᠤ ᠵᠢ ᠦᠭᠦᠯᠡᠬᠦᠢ