ᠰᠢᠨᠬᠤᠸᠠ ᠬᠣᠷᠢᠶ᠎ᠠ᠂ ᠬᠥᠬᠡᠬᠣᠲᠠ ᠵᠢᠨ 6 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠴᠠᠬᠢᠯᠭ᠋ᠠᠨ ᠮᠡᠳᠡᠭᠡ᠂ ᠲᠥᠪ᠎ᠤᠨ ᠤᠬᠠᠭᠤᠯᠬᠤ ᠬᠡᠯᠲᠡᠰ᠎ᠠᠴᠠ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠂ ᠤᠯᠤᠰ᠎ᠤᠨ ᠦᠨᠳᠦᠰᠦᠲᠡᠨ᠎ᠤ ᠵᠥᠪᠯᠡᠯ᠎ᠲᠠᠢ ᠬᠠᠮᠲᠤᠷᠠᠨ ᠥᠷᠨᠢᠭᠦᠯᠦᠭᠰᠡᠨ 《ᠬᠠᠮᠲᠤ ᠵᠢᠨ ᠴᠣᠭᠴᠠ ᠵᠢ ᠪᠠᠲᠤᠳᠬᠠᠵᠤ ᠳᠤᠮᠳᠠᠳᠤ ᠵᠢᠨ ᠦᠨᠳᠦᠰᠦᠳᠡᠨ ᠨᠢᠬᠡ ᠬᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠬᠤ》 ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠢ᠌ᠮᠠᠭ᠎ᠤᠨ ᠤᠯᠠᠭ᠋ᠠᠨᠬᠣᠲᠠ᠎ᠳᠤ ᠵᠢᠩᠬᠢᠨᠢ᠎ᠪᠠᠷ ᠡᠬᠢᠯᠡᠪᠡ᠃ ᠲᠥᠪ᠎ᠤᠨ ᠪᠠ ᠬᠡᠰᠡᠭ ᠣᠷᠣᠨ ᠨᠤᠲᠤᠭ᠎ᠤᠨ ᠭᠣᠤᠯ ᠪᠣᠯᠬᠤ ᠰᠣᠨᠢᠨ ᠮᠡᠳᠡᠬᠡ ᠵᠠᠭᠤᠴᠢᠯᠠᠭᠤᠷ᠂ ᠬᠡᠰᠡᠭ ᠠᠵᠢᠯ ᠲᠥᠷᠥᠯ᠎ᠤᠨ ᠮᠡᠳᠡᠬᠡ ᠵᠠᠭᠤᠴᠢᠯᠠᠭᠤᠷ᠎ᠤᠨ ᠨᠠᠢ᠌ᠷᠠᠭᠤᠯᠤᠭᠴᠢ ᠰᠤᠷᠪᠤᠯᠵᠢᠯᠠᠭᠴᠢ ᠵᠢᠨ ᠲᠥᠯᠥᠭᠡᠯᠡᠭᠴᠢ ᠨᠡᠢ᠌ᠲᠡ 120 ᠭᠠᠷᠤᠶ ᠬᠥᠮᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

《ᠬᠠᠮᠲᠤ ᠵᠢᠨ ᠴᠣᠭᠴᠠ ᠵᠢ ᠪᠠᠲᠤᠳᠬᠠᠵᠤ ᠳᠤᠮᠳᠠᠳᠤ ᠵᠢᠨ ᠦᠨᠳᠦᠰᠦᠳᠡᠨ ᠨᠢᠬᠡ ᠬᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠬᠤ》 ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠤᠨ ᠠᠬᠤᠶ ᠲᠠᠯᠠᠪᠠᠶ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ᠎ᠤ ᠰᠤᠷᠪᠤᠯᠵᠢᠯᠠᠭᠴᠢ ᠵᠧᠩ ᠬᠠᠨ ᠶᠤᠸᠠᠢ ᠰᠡᠭᠦᠳᠡᠷᠯᠡᠪᠡ

《ᠬᠠᠮᠲᠤ ᠵᠢᠨ ᠴᠣᠭᠴᠠ ᠵᠢ ᠪᠠᠲᠤᠳᠬᠠᠵᠤ ᠳᠤᠮᠳᠠᠳᠤ ᠵᠢᠨ ᠦᠨᠳᠦᠰᠦᠳᠡᠨ ᠨᠢᠬᠡ ᠬᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠬᠤ》 ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠤᠨ ᠠᠬᠤᠶ ᠲᠠᠯᠠᠪᠠᠶ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ᠎ᠤ ᠰᠤᠷᠪᠤᠯᠵᠢᠯᠠᠭᠴᠢ ᠵᠧᠩ ᠬᠠᠨ ᠶᠤᠸᠠᠢ ᠰᠡᠭᠦᠳᠡᠷᠯᠡᠪᠡ
ᠲᠤᠰ ᠤᠳᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠤᠯᠭ᠋ᠠᠵᠤ᠂ ᠮᠡᠳᠡᠬᠡ ᠵᠠᠭᠤᠴᠢᠯᠠᠭᠤᠷ᠎ᠤᠨ᠎ᠬᠢᠨ᠎ᠢ ᠵᠣᠬᠢᠶᠠᠨ ᠪᠠᠢ᠌ᠭᠤᠯᠵᠤ ᠥᠪᠥᠷ ᠮᠣᠩᠭᠣᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ ᠭᠠᠵᠠᠷ᠎ᠲᠤ ᠤᠴᠢᠭᠤᠯᠵᠤ ᠰᠤᠷᠪᠤᠯᠵᠢᠯᠠᠨ ᠪᠠᠢ᠌ᠴᠠᠭ᠋ᠠᠨ ᠰᠤᠳᠤᠯᠤᠯᠲᠠ ᠬᠢᠵᠦ᠂ ᠤᠯᠠᠨ ᠬᠠᠷᠠᠭ᠋ᠠᠨ᠎ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠤᠭᠰᠠᠨ ᠠᠮᠢᠳᠤᠯᠢᠭ ᠦᠢ᠍ᠯᠡᠳᠦᠯᠭᠡ ᠪᠠ ᠰᠢᠨ᠎ᠡ ᠵᠢ ᠡᠭᠦᠳᠦᠭᠰᠡᠨ ᠲᠤᠷᠰᠢᠯᠭ᠎ᠠ ᠵᠢ ᠪᠦᠬᠦ ᠲᠠᠯ᠎ᠠ᠎ᠪᠠᠷ ᠮᠡᠳᠡᠬᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ ᠣᠨᠴᠠᠯᠢᠭ ᠪᠦᠬᠦᠢ ᠠᠷᠭ᠎ᠠ ᠬᠡᠮᠵᠢᠶ᠎ᠡ ᠪᠠ ᠨᠡᠢ᠌ᠲᠡᠯᠢᠭ ᠵᠢᠱ᠌ᠢᠶ᠎ᠡ ᠵᠢ ᠭᠦᠨᠵᠡᠭᠡᠶ ᠮᠡᠳᠡᠬᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠯᠣᠭᠢᠭ᠂ ᠲᠡᠦᠬᠡ ᠵᠢᠨ ᠯᠣᠭᠢᠭ ᠪᠠ ᠠᠬᠤᠢ᠌ᠴᠢ ᠯᠣᠭᠢᠭ᠎ᠢ ᠲᠤᠳᠤᠷᠬᠠᠢ᠌ᠯᠡᠨ ᠳᠠᠢ᠌ᠯᠪᠤᠷᠢᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠵᠢ ᠪᠥᠬᠥ ᠦᠵᠡᠮᠵᠢ ᠪᠦᠬᠦᠢ ᠢᠯᠡᠷᠡᠬᠦᠯᠵᠦ᠂ ᠳᠤᠮᠳᠠᠳᠤ ᠵᠢᠨ ᠦᠨᠳᠦᠰᠦᠲᠡᠨ ᠪᠣᠯᠤᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ ᠭᠠᠷ ᠵᠶ᠋ᠠᠨ ᠬᠣᠯᠪᠣᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠰᠠᠢ᠍ᠢ᠍ᠨ ᠰᠠᠢ᠌ᠬᠠᠨ ᠬᠦᠰᠡᠯ ᠡᠷᠡᠮᠡᠯᠵᠡᠯ᠎ᠢ ᠶᠡᠬᠡ᠎ᠪᠠᠷ ᠤᠬᠠᠭᠤᠯᠪᠠ᠃




ᠭᠡᠷᠡᠯ ᠵᠢᠷᠤᠭ᠎ᠢ ᠰᠢᠨᠬᠤᠸᠠ ᠬᠣᠷᠢᠶ᠎ᠠ᠎ᠠᠴᠠ ᠬᠠᠩᠭ᠋ᠠᠪᠠ
ᠡᠬᠢᠯᠡᠯᠳᠡ ᠵᠢᠨ ᠶᠣᠰᠣᠯᠠᠯ᠎ᠤᠨ ᠳᠠᠷᠠᠭ᠎ᠠ᠂ ᠡᠯ᠎ᠡ ᠵᠠᠭᠤᠴᠢᠯᠠᠭᠤᠷ᠎ᠤᠨ᠎ᠬᠢᠨ ᠪᠦᠯᠦᠭ ᠬᠤᠪᠢᠶᠠᠨ ᠡᠯ᠎ᠡ ᠭᠠᠵᠠᠷ᠎ᠲᠤ ᠬᠦᠷᠴᠦ ᠪᠠᠢ᠌ᠴᠠᠭ᠋ᠠᠨ ᠰᠤᠳᠤᠯᠤᠨ ᠰᠤᠷᠪᠤᠯᠵᠢᠯᠠᠵᠤ᠂ ᠳᠡᠷᠢᠬᠦᠨ ᠬᠠᠭᠤᠳᠠᠰᠤ᠂ ᠴᠠᠭ᠎ᠤᠨ ᠬᠡᠰᠡᠭᠯᠡᠯ᠂ ᠬᠠᠷᠢᠶᠠᠯᠠᠭᠳᠠᠬᠤ ᠰᠦᠯᠵᠢᠶ᠎ᠡ᠂ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠨᠢᠬᠡᠳᠦᠯᠳᠠᠢ᠎ᠪᠠᠷ 《ᠬᠠᠮᠲᠤ ᠵᠢᠨ ᠴᠣᠭᠴᠠ ᠵᠢ ᠪᠠᠲᠤᠳᠬᠠᠵᠤ ᠳᠤᠮᠳᠠᠳᠤ ᠵᠢᠨ ᠦᠨᠳᠦᠰᠦᠳᠡᠨ ᠨᠢᠬᠡ ᠬᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠬᠤ》 ᠲᠤᠰᠬᠠᠶ ᠰᠡᠳᠦᠪᠲᠦ ᠲᠤᠰᠬᠠᠶ ᠪᠤᠯᠤᠩ᠎ᠢ ᠨᠡᠬᠡᠬᠡᠵᠦ᠂ ᠪᠦᠬᠦ ᠵᠠᠭᠤᠴᠢᠯᠠᠭᠤᠷ᠎ᠤᠨ ᠮᠡᠳᠡᠭᠡᠯᠡᠯ᠎ᠢ ᠦᠷᠭᠦᠯᠵᠢᠯᠡᠨ ᠨᠡᠢ᠌ᠳᠡᠯᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠤᠢ᠍ᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠳᠤ ᠪᠡᠬᠢ ᠪᠤᠢ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮᠳᠤ ᠳᠡᠭᠡᠳᠦ ᠬᠡᠮᠵᠢᠶᠡᠨ᠎ᠤ ᠡᠨᠡᠭᠰᠢᠯ᠎ᠲᠠᠢ ᠪᠠᠢ᠌ᠬᠤ ᠵᠢ ᠠᠬᠢᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠴᠢᠭᠤᠯᠤᠭᠴᠢ᠄ ᠸᠠᠩ ᠰᠢᠥᠸᠠᠢ ᠳ᠋ᠦᠩ