ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠶᠠᠭᠤᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠦᠢ᠍ᠯᠡᠳᠦᠯᠭᠡ᠎ᠠᠴᠠ ᠢᠷᠡᠯᠲᠡ᠎ᠲᠠᠢ ᠭᠡᠵᠦ ᠬᠡᠯᠡᠳᠡᠭ ᠪᠤᠢ
ᠨᠡᠶ᠋ᠢᠲᠡᠯᠡᠭᠰᠡᠨ ᠴᠠᠭ᠄ 2024-09-30

      ᠶᠡᠷᠦᠩᠬᠡᠢ ᠱᠦᠵᠢ ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷᠡᠬᠢ ᠶᠠᠷᠢᠶᠠᠨ᠎ᠳᠤ᠎ᠪᠠᠨ᠄ 《ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠵᠡᠷᠭᠡ ᠣᠨᠤᠯᠵᠢᠬᠤᠨ᠎ᠢ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠤᠯᠭ᠋ᠠᠵᠤ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠤᠯ ᠰᠢᠵᠢᠮ ᠪᠣᠯᠭ᠋ᠠᠬᠤ ᠵᠢ ᠲᠣᠳᠣᠷᠬᠠᠢ ᠲᠤᠷᠠᠳᠴᠦ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠤᠯᠠᠮ ᠨᠢᠭᠡ ᠠᠯᠬᠤᠮ ᠦᠷᠬᠡᠳᠬᠡᠵᠦ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ  ᠪᠦᠷᠢᠯᠳᠦᠬᠦᠯᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠶ ᠪᠠᠢ᠌ᠳᠠᠯ᠎ᠢ ᠨᠡᠬᠡᠬᠡᠵᠦ᠂ ᠨᠠᠮ᠎ᠤᠨ ᠦᠨᠳᠦᠰᠦᠲᠡᠨ᠎ᠤ ᠠᠵᠢᠯ ᠲᠡᠦᠬᠡᠲᠦ ᠴᠢᠨᠠᠷᠲᠠᠢ ᠰᠢᠨ᠎ᠡ ᠠᠮᠵᠢᠯᠲᠠ ᠤᠯᠪᠠ》 ᠬᠡᠵᠦ ᠵᠢᠭ᠋ᠠᠨ ᠭᠠᠷᠭ᠋ᠠᠪᠠ᠃ 
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠤᠨ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠴᠢᠨᠠᠷᠲᠠᠢ ᠤᠨᠤᠯ ᠪᠣᠯᠤᠭᠰᠠᠨ᠎ᠤ ᠬᠤᠪᠢ᠎ᠳᠤ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭᠰᠠᠨ ᠦᠢ᠍ᠯᠡᠳᠦᠯᠭᠡ᠎ᠠᠴᠠ ᠢᠷᠡᠯᠲᠡ᠎ᠲᠠᠢ ᠶᠤᠮ᠃ ᠲᠡᠦᠬᠡ ᠵᠢ ᠡᠷᠭᠢᠴᠡᠭᠦᠯᠦᠭᠦᠶ᠎ᠡ᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠵᠠᠭᠤᠨ ᠵᠢᠯ᠎ᠤᠨ ᠦᠢ᠍ᠯᠡᠳᠦᠯᠭᠡ᠎ᠨᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠭᠣᠣᠯ ᠰᠡᠳᠦᠪ᠎ᠢ ᠢᠮᠠᠭᠲᠠ ᠲᠤᠭᠤᠰᠢᠯᠠᠭᠤᠯᠤᠭᠰᠠᠭ᠋ᠠᠷ ᠢᠷᠡᠵᠡᠢ᠃ ᠮᠠᠨ᠎ᠤ ᠨᠠᠮ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠢ ᠳᠠᠭ᠋ᠠᠭᠤᠯᠤᠨ ᠪᠣᠰᠴᠤ ᠵᠣᠭᠰᠣᠭᠰᠠᠨ ᠪᠠ ᠴᠢᠨᠡᠭᠡᠯᠢᠭᠵᠢᠭᠦᠯᠦᠭᠰᠡᠨ ᠳᠠᠬᠢᠨ ᠬᠦᠴᠦᠷᠬᠡᠭᠵᠢᠬᠦᠯᠦᠭᠰᠡᠨ ᠲᠡᠦᠬᠡᠲᠦ ᠴᠢᠨᠠᠷᠲᠠᠢ ᠦᠰᠦᠷᠦᠯᠲᠡ ᠵᠢ ᠪᠡᠶᠡᠯᠡᠭᠦᠯᠪᠡ᠃ ᠡᠨᠡ ᠬᠦ᠌ ᠦᠢ᠍ᠯᠡᠳᠦᠯᠭᠡ ᠵᠢᠨ ᠥᠩᠭᠡᠷᠡᠯᠲᠡ ᠪᠣᠯ ᠮᠦᠨ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠥᠩᠭᠡᠷᠡᠯᠲᠡ ᠮᠥᠨ᠃

1.jpg

      2023 ᠣᠨ᠎ᠤ 11 ᠳ᠋ᠤᠬᠡᠷ ᠰᠠᠷ᠎ᠠ ᠵᠢᠨ 26᠎ᠤ ᠡᠳᠦᠷ᠂ ᠯᠢᠵᠢᠶᠠᠡᠭ᠎ᠠᠴᠠ ᠰᠢᠶᠠᠩᠭ᠌ᠸᠷᠯᠢᠶ᠎ᠠ ᠬᠥᠷᠬᠥ ᠲᠡᠮᠦᠷ ᠵᠠᠮ ᠨᠡᠪᠲᠡᠷᠡᠵᠦ ᠡᠵᠡᠩᠨᠡᠯᠲᠡ᠎ᠪᠠᠨ ᠡᠬᠢᠯᠡᠭᠦᠯᠪᠡ᠃ ᠯᠢᠵᠢᠶᠠᠡᠭ᠎ᠠᠴᠠ ᠰᠢᠶᠠᠩᠭ᠌ᠸᠷᠯᠢᠶ᠎ᠠ ᠬᠥᠷᠬᠥ ᠲᠡᠮᠦᠷ ᠵᠠᠮ᠎ᠨᠢ ᠶᠦᠨᠨᠠᠨ ᠮᠤᠵᠢ ᠵᠢᠨ ᠯᠢᠵᠢᠶᠠᠡᠭ ᠬᠣᠲᠠ ᠵᠢᠨ ᠢᠤᠢ ᠯᠦᠩ᠎ᠤᠨ ᠨᠠᠰᠢ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠯᠢᠵᠢᠶᠠᠡᠭ ᠥᠷᠲᠡᠭᠡ᠎ᠠᠴᠠ ᠡᠬᠢᠯᠡᠵᠦ᠂ ᠶᠦᠨᠨᠠᠨ ᠮᠤᠵᠢ ᠵᠢᠨ ᠳ᠋ᠢᠴᠢᠩ᠎ᠤᠨ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠵᠢᠨ ᠰᠢᠶᠠᠩᠭ᠌ᠸᠷᠯᠢᠶ᠎ᠠ ᠬᠣᠲᠠ ᠵᠢᠨ ᠰᠢᠶᠠᠩᠭ᠌ᠸᠷᠯᠢᠶ᠎ᠠ ᠥᠷᠲᠡᠭᠡ᠎ᠳᠤ ᠬᠦᠷᠴᠦ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠬᠦᠨᠳᠡᠯᠡᠨ ᠣᠭᠲᠤᠯᠤᠭ᠋ᠠᠰᠤᠨ ᠪᠦᠬᠦᠢ ᠠᠭᠤᠯᠠᠨ ᠭᠠᠵᠠᠷ᠎ᠤᠨ ᠡᠩᠭᠡᠷ ᠬᠤᠷᠮᠤᠢ᠎ᠪᠠᠷ ᠥᠩᠭᠡᠷᠡᠵᠦ᠂ ᠣᠯᠠᠨ ᠦᠨᠳᠦᠰᠦᠲᠡᠨ ᠲᠥᠪᠯᠡᠷᠡᠨ ᠰᠠᠭᠤᠭᠰᠠᠨ ᠭᠠᠵᠠᠷ᠎ᠤᠳ ᠵᠶ᠋ᠠᠷ ᠦᠩᠬᠡᠷᠡᠳᠡᠭ᠃ ᠵᠢᠷᠤᠭ ᠪᠣᠯ ᠯᠢᠵᠢᠶᠠᠡᠭ᠎ᠠᠴᠠ ᠰᠢᠶᠠᠩᠭ᠌ᠸᠷᠯᠢᠶ᠎ᠠ ᠬᠦᠷᠬᠦ ᠲᠡᠮᠦᠷ ᠵᠠᠮ ᠨᠡᠪᠲᠡᠷᠡᠬᠦ ᠶᠣᠰᠣᠯᠠᠯ᠎ᠳᠤ ᠣᠷᠣᠯᠴᠠᠭᠰᠠᠨ ᠴᠥᠭᠡᠨ ᠲᠣᠭ᠋ᠠᠲᠤ ᠦᠨᠳᠦᠰᠦᠲᠡᠨ᠎ᠤ ᠲᠥᠯᠥᠭᠡᠯᠡᠭᠴᠢᠳ᠎ᠤᠨ ᠳᠤᠷᠠᠰᠬᠠᠯ᠎ᠤᠨ ᠰᠡᠬᠦᠳᠡᠷ ᠪᠣᠯᠤᠨ᠎ᠠ᠃ (ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠴᠧᠨ ᠰᠢᠨ ᠪᠥᠸᠧ ᠰᠡᠭᠦᠳᠡᠷᠯᠡᠪᠡ)
      ᠨᠢᠭᠡ᠂ ᠰᠢᠨ᠎ᠡ ᠠᠷᠠᠳᠴᠢᠯᠠᠭᠰᠠᠨ ᠦᠵᠡᠯ᠎ᠤᠨ ᠬᠤᠪᠢᠰᠬᠠᠯ᠎ᠤᠨ ᠦᠶ᠎ᠡ ᠵᠢᠨ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠭᠰᠠᠨ ᠦᠢ᠍ᠯᠡᠳᠦᠯᠭᠡ᠎ᠨᠢ ᠦᠨᠳᠦᠰᠦᠲᠡᠨ᠎ᠤ ᠲᠤᠰᠠᠭ᠋ᠠᠷ ᠲᠣᠭᠲᠠᠨᠢᠯ ᠴᠢᠯᠥᠭᠡᠯᠡᠯᠲᠡ ᠵᠢᠨ ᠵᠠᠮ᠎ᠢ ᠨᠡᠭᠡᠭᠡᠪᠡ᠃
ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠂ ᠦᠶ᠎ᠡ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠢ ᠤᠷᠮᠠᠰᠢᠭᠤᠯᠤᠨ ᠵᠣᠷᠢᠭᠵᠢᠭᠤᠯᠵᠤ ᠡᠮᠦᠨᠡᠬᠢ᠎ᠨᠢ ᠤᠨᠠᠪᠠᠯ ᠬᠣᠢ᠌ᠨᠠᠬᠢ᠎ᠨᠢ ᠵᠠᠯᠭ᠋ᠠᠮᠵᠢᠯᠠᠨ ᠡᠷᠡᠯᠬᠡᠭᠯᠡᠨ ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ》 ᠭᠡᠪᠡ᠃ ᠴᠧᠨ ᠳ᠋ᠦ᠋ ᠰᠢᠦ᠂ ᠯᠢ ᠳ᠋ᠡ ᠵᠤᠤ᠂ ᠮᠠᠤ ᠽᠸ ᠳ᠋ᠦᠩ ᠵᠡᠷᠭᠡ ᠤᠯᠤᠰ᠎ᠤᠨ ᠳᠣᠲᠣᠭ᠋ᠠᠳᠤ ᠵᠢᠨ ᠬᠠᠮᠤᠭ᠎ᠤᠨ ᠡᠷᠲᠡᠨ᠎ᠤ ᠨᠢᠭᠡ ᠪᠦᠯᠦᠭ ᠮᠠᠷᠺᠰ᠎ᠤᠨ ᠦᠵᠡᠯᠳᠡᠳ ᠠᠷᠠᠳ ᠲᠦᠮᠡᠨ᠎ᠤ ᠵᠣᠭᠰᠣᠯᠲᠠ ᠵᠢ ᠪᠠᠲᠤ ᠰᠠᠬᠢᠵᠤ᠂ ᠦᠨᠳᠦᠰᠦᠲᠡᠨ᠎ᠤ ᠴᠢᠯᠥᠭᠡᠯᠡᠯᠲᠡ᠂ ᠤᠯᠤᠰ᠎ᠤᠨ ᠲᠤᠰᠠᠭ᠋ᠠᠷ ᠲᠣᠭᠲᠠᠨᠢᠯ᠎ᠢ ᠡᠪ ᠬᠠᠮᠲᠤᠴᠤᠳ᠎ᠤᠨ ᠡᠭᠦᠷᠭᠡ ᠬᠠᠷᠢᠭᠤᠴᠠᠯᠭ᠎ᠠ ᠪᠠ ᠬᠥᠭᠡᠭᠡᠴᠡᠯᠳᠦᠯ ᠵᠶ᠋ᠡᠷ ᠦᠵᠡᠪᠡ᠃ ᠵᠢᠱ᠌ᠢᠶᠡᠯᠡᠪᠡᠯ᠄ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠰᠭᠡᠨ ᠪᠠᠢ᠌ᠭᠤᠯᠤᠭᠴᠢ ᠵᠢᠨ ᠨᠢᠭᠡ ᠪᠣᠯᠬᠤ ᠯᠢ ᠳ᠋ᠡ ᠵᠤᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠲᠡᠷᠢᠭᠦᠨ ᠴᠢᠬᠤᠯᠠ ᠡᠭᠦᠷᠭᠡ ᠪᠣᠯ ᠡᠵᠡᠷᠬᠡᠭ ᠲᠦᠷᠢᠮᠡᠭᠡᠢ᠍ᠢ᠍ᠳᠡᠨ᠎ᠢ ᠡᠰᠡᠷᠭᠦᠴᠡᠵᠦ᠂ ᠦᠨᠳᠦᠰᠦᠲᠡᠨ᠎ᠤ ᠴᠢᠯᠥᠭᠡᠯᠡᠯᠲᠡ ᠵᠢ ᠪᠡᠶᠡᠯᠡᠭᠦᠯᠬᠦ ᠶᠠᠪᠤᠳᠠᠯ ᠪᠣᠯᠤᠨ᠎ᠠ ᠭᠡᠵᠦ ᠲᠣᠳᠣᠷᠬᠠᠢ ᠵᠢᠭ᠋ᠠᠵᠤ ᠭᠠᠷᠭ᠋ᠠᠪᠠ᠃ ᠲᠡᠷᠡ᠂ ᠳᠤᠮᠳᠠᠳᠤ ᠵᠢᠨ ᠦᠨᠳᠦᠰᠦᠲᠡᠨ᠎ᠤ ᠮᠠᠨᠳᠤᠵᠤ ᠮᠥᠬᠥᠬᠦ᠎ᠲᠠᠢ ᠬᠠᠷᠢᠴᠠᠭᠤᠯᠪᠠᠯ᠂ ᠤᠯᠤᠰ᠎ᠤᠨ ᠳᠣᠲᠣᠭ᠋ᠠᠳᠤ ᠵᠢᠨ ᠦᠨᠳᠦᠰᠦᠲᠡᠨ᠎ᠤ ᠠᠰᠠᠭᠤᠳᠠᠯ ᠳᠡᠳ᠋ᠯᠡᠬᠦ ᠪᠠᠢ᠌ᠷᠢᠨ᠎ᠳᠤ ᠪᠠᠢ᠌ᠵᠤ᠂ ᠡᠯ᠎ᠡ ᠦᠨᠳᠦᠰᠦᠲᠡᠨ ᠠᠯᠢ ᠡᠷᠲᠡ ᠳᠤᠮᠳᠠᠳᠤ ᠤᠯᠤᠰ᠎ᠤᠨ ᠤᠷᠲᠤ ᠤᠳᠠᠭ᠋ᠠᠨ ᠲᠡᠦᠬᠡᠨ᠎ᠳᠤ 〈ᠵᠠᠭ᠋ᠠᠭ ᠬᠢᠵᠠᠭ᠋ᠠᠷ᠂ ᠤᠳᠤᠮ ᠰᠤᠳᠤᠷ᠎ᠤᠨ ᠢᠯᠭ᠋ᠠᠭ᠎ᠠ ᠪᠦᠷᠢᠮᠦᠰᠦᠨ ᠠᠷᠢᠯᠵᠤ〉᠂ 〈ᠲᠠᠪᠤᠨ ᠦᠨᠳᠦᠰᠦᠲᠡᠨ᠎ᠤ ᠰᠣᠶᠣᠯ ᠨᠢᠭᠡᠨᠲᠡ ᠠᠭ᠋ᠠᠵᠢᠮ ᠵᠶ᠋ᠠᠷ ᠨᠢᠭᠡᠳᠬᠦ ᠳᠡᠢ᠌ᠰᠢ᠎ᠪᠠᠨ ᠬᠠᠨᠳᠤᠭᠰᠠᠨ ᠮᠥᠷᠳᠡᠭᠡᠨ ᠪᠠᠰᠠ ᠡᠷᠬᠡ ᠴᠢᠯᠦᠬᠡ᠎ᠲᠠᠢ ᠡᠷᠬᠡ ᠲᠡᠭᠰᠢ ᠪᠦᠭᠦᠳᠡ ᠨᠠᠢ᠌ᠷᠠᠮᠳᠠᠬᠤ ᠤᠯᠤᠰ᠎ᠤᠨ ᠬᠠᠷᠢᠶᠠᠨ᠎ᠳᠤ ᠤᠷᠤᠭᠰᠠᠨ ᠪᠠᠢ᠌ᠨ᠎ᠠ〉 ᠭᠡᠵᠦ ᠴᠢᠬᠤᠯᠠᠴᠢᠯᠠᠪᠠ᠃ ᠯᠢ ᠳ᠋ᠡ ᠵᠤᠤ᠂ 《ᠰᠢᠨ᠎ᠡ ᠳᠤᠮᠳᠠᠳᠤ ᠵᠢᠨ ᠦᠨᠳᠦᠰᠦᠲᠡᠨ᠎ᠤ ᠦᠵᠡᠯ》᠎ᠢ ᠳᠤᠷᠠᠳᠴᠤ᠂ ᠡᠭᠦᠨ ᠵᠶ᠋ᠡᠷ ᠵᠣᠷᠢᠯᠲᠠ ᠪᠣᠯᠭ᠋ᠠᠵᠤ 《ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠢ᠌ᠭᠤᠯᠵᠤ᠂ ᠦᠨᠳᠦᠰᠦᠲᠡᠨ᠎ᠤ ᠦᠵᠡᠯ ᠰᠠᠨᠠᠭ᠎ᠠ ᠵᠢ ᠨᠢᠭᠡᠳᠬᠡᠵᠦ》᠂ 《ᠳᠤᠮᠳᠠᠳᠤ ᠵᠢᠨ ᠤᠯᠤᠰ ᠬᠦᠷᠦᠨ᠎ᠢ ᠳᠠᠬᠢᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠢ ᠳᠠᠬᠢᠨ ᠰᠡᠷᠭᠦᠭᠡᠬᠦ》 ᠵᠢ ᠪᠡᠶᠡᠯᠡᠭᠦᠯᠬᠦ᠎ᠪᠠᠷ ᠵᠣᠷᠢᠪᠠ᠃
      1922 ᠣᠨ᠎ᠤ ᠨᠠᠮ᠎ᠤᠨ ᠬᠣᠶᠠᠳᠤᠭ᠋ᠠᠷ ᠶᠡᠬᠡ ᠬᠤᠷᠠᠯ᠎ᠠᠴᠠ ᠲᠤᠬᠠᠶ ᠵᠢᠨ ᠦᠶ᠎ᠡ ᠵᠢᠨ ᠲᠡᠦᠬᠡᠨ ᠨᠥᠬᠥᠴᠡᠯ᠎ᠳᠤ ᠰᠠᠭᠤᠷᠢᠯᠠᠵᠤ ᠪᠠᠳᠤᠯᠠᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠤᠩᠬᠠᠭ》᠎ᠲᠤ ᠨᠠᠮ᠎ᠤᠨ ᠲᠡᠮᠡᠴᠡᠯ᠎ᠤᠨ ᠬᠠᠷᠠᠯᠲᠠ ᠵᠢᠨ ᠨᠢᠭᠡ ᠪᠣᠯ 《ᠳᠡᠯᠡᠬᠡᠶ ᠵᠢᠨ ᠡᠵᠡᠷᠬᠡᠭ ᠲᠦᠷᠢᠮᠡᠬᠡᠢ᠌ᠲᠡᠨ᠎ᠤ ᠳᠠᠷᠤᠯᠠᠯ᠎ᠢ ᠳᠥᠯᠭᠢᠨ ᠤᠨᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠪᠦᠷᠢᠮᠦᠰᠦᠨ ᠲᠤᠰᠠᠭ᠋ᠠᠷ ᠲᠣᠭᠲᠠᠨᠢᠯ᠎ᠢ ᠪᠡᠶᠡᠯᠡᠭᠦᠯᠬᠦ》 ᠶᠠᠪᠤᠳᠠᠯ ᠪᠣᠯᠤᠨ᠎ᠠ ᠭᠡᠵᠦ ᠳᠤᠷᠠᠳᠤᠨ ᠭᠠᠷᠭ᠋ᠠᠵᠠᠶ᠃
      ᠤᠷᠳᠤ ᠵᠠᠮ᠎ᠤᠨ ᠠᠶᠠᠨ ᠲᠠᠢ᠍ᠢ᠍ᠨ᠎ᠳᠤ ᠲᠥᠪ᠎ᠤᠨ ᠤᠯᠠᠭ᠋ᠠᠨ ᠴᠡᠷᠢᠭ (ᠤᠯᠠᠭ᠋ᠠᠨ ᠨᠢᠭᠡᠳᠦᠭᠡᠷ ᠹᠷᠣᠨᠲ᠎ᠤᠨ ᠴᠡᠷᠢᠭ) 11 ᠮᠤᠵᠢ ᠵᠢ ᠲᠤᠭᠤᠯᠵᠤ᠂ ᠠᠷᠪᠠᠨ ᠬᠡᠳᠦᠨ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠷᠢᠰᠢᠭᠰᠠᠨ ᠣᠷᠣᠨ ᠪᠤᠶᠤ ᠬᠣᠯᠢᠯᠳᠤᠨ  ᠰᠠᠭᠤᠷᠢᠰᠢᠭᠰᠠᠨ ᠣᠷᠣᠨ ᠵᠶ᠋ᠠᠷ ᠦᠩᠭᠡᠷᠡᠬᠦ᠎ᠳᠤ᠎ᠪᠠᠨ᠂ ᠤᠯᠠᠨ ᠦᠨᠳᠦᠰᠦᠲᠡᠨ᠎ᠲᠠᠢ ᠤᠯᠤᠰ᠎ᠤᠨ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃ ᠤᠷᠳᠤ ᠵᠠᠮ᠎ᠤᠨ ᠠᠶᠠᠨ ᠲᠠᠢ᠍ᠢ᠍ᠨ᠎ᠤ ᠳᠠᠪᠲᠠᠯᠲᠠ᠎ᠪᠠᠷ ᠳᠠᠮᠵᠢᠵᠤ᠂ ᠮᠠᠨ᠎ᠤ ᠨᠠᠮ ᠵᠥᠪᠬᠡᠨ ᠠᠵᠢᠯᠴᠢᠨ ᠠᠩᠬᠢ᠎ᠳᠤ ᠲᠦᠰᠢᠭᠯᠡᠳᠡᠭ 《ᠨᠢᠭᠡ ᠯᠡ ᠦᠨᠭᠭᠡ》᠎ᠠᠴᠠ ᠠᠯᠢᠪᠠ ᠪᠦᠯᠬᠦᠮᠳᠡᠵᠦ ᠪᠣᠯᠬᠤ ᠬᠦᠴᠦᠨ ᠪᠦᠬᠦᠨ᠎ᠲᠠᠢ ᠪᠦᠯᠬᠦᠮᠳᠡᠬᠦ 《ᠶᠡᠬᠡ ᠬᠣᠯᠪᠣᠭ᠋ᠠᠯᠠᠯ》 ᠪᠣᠯᠤᠨ ᠬᠤᠪᠢᠷᠠᠵᠤ᠂ 《ᠡᠪ ᠬᠠᠮᠲᠤ ᠵᠢᠨ ᠢᠨᠲ᠋ᠧᠷᠨᠠᠼᠢᠣᠨᠠᠯ᠎ᠤᠨ ᠳᠤᠮᠳᠠᠳᠤ ᠤᠯᠤᠰ᠎ᠤᠨ ᠰᠠᠯᠪᠤᠷᠢ ᠠᠩᠭᠢ》᠎ᠠᠴᠠ 《ᠳᠤᠮᠳᠠᠳᠤ ᠵᠢᠨ ᠦᠨᠳᠦᠰᠦᠲᠡᠨ᠎ᠤ ᠬᠣᠰᠢᠭᠤᠴᠢ ᠠᠩᠬᠢ》 ᠪᠣᠯᠤᠨ ᠬᠤᠪᠢᠷᠠᠵᠠᠢ᠃ ᠮᠠᠤ ᠽᠸ ᠳ᠋ᠦᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠢ᠎ᠠ ᠵᠢᠨ ᠸᠠ ᠶᠣᠣ ᠫᠦ᠋ ᠵᠢᠨ ᠬᠤᠷᠠᠯᠳᠤᠭ᠋ᠠᠨ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠦᠭᠡᠢ᠌ᠭᠦᠦ ᠠᠩᠬᠢ ᠵᠢᠨ ᠬᠣᠰᠢᠭᠤᠴᠢ ᠠᠩᠬᠢ ᠪᠣᠯᠬᠤ ᠵᠢᠨ ᠬᠠᠮᠲᠤ ᠪᠠᠰᠠ ᠪᠦᠭᠦ ᠦᠨᠳᠦᠰᠦᠲᠡᠨ᠎ᠤ ᠬᠣᠰᠢᠭᠤᠴᠢ ᠠᠩᠬᠢ ᠮᠥᠨ ᠭᠡᠵᠦ ᠠᠩᠬ᠎ᠠ ᠤᠳᠠᠭ᠎ᠠ ᠲᠣᠳᠣᠷᠬᠠᠢ ᠵᠢᠭ᠋ᠠᠵᠤ ᠭᠠᠷᠭ᠋ᠠᠭᠰᠠᠨ ᠵᠶ᠋ᠡᠷ ᠨᠠᠮ᠎ᠠᠴᠠ ᠠᠩᠬᠢ ᠵᠢᠨ ᠴᠢᠨᠠᠷ ᠪᠠ ᠦᠨᠳᠦᠰᠦᠲᠡᠨ᠎ᠤ ᠴᠢᠨᠠᠷ᠎ᠢ ᠨᠢᠭᠡᠳᠬᠡᠭᠰᠡᠨ ᠪᠠᠢ᠌ᠨ᠎ᠠ; ᠶᠠᠫᠣᠨ᠎ᠢ ᠡᠰᠡᠷᠭᠦᠴᠡᠬᠦ ᠦᠨᠳᠦᠰᠦᠲᠡᠨ᠎ᠤ ᠨᠢᠭᠡᠳᠦᠮᠡᠯ ᠹᠷᠣᠨᠲ᠎ᠢ ᠪᠠᠢ᠌ᠭᠤᠯᠬᠤ ᠵᠢ ᠲᠣᠭᠲᠠᠭ᠋ᠠᠭᠰᠠᠨ ᠵᠶ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠦᠬᠦ ᠲᠠᠯ᠎ᠠ᠎ᠪᠠᠷ ᠰᠡᠬᠡᠭᠡᠷᠡᠭᠦᠯᠪᠡ᠃ ᠬᠣᠰᠢᠭᠤᠴᠢ ᠠᠩᠭᠢ ᠵᠢᠨ ᠰᠢᠨᠵᠢ ᠴᠢᠨᠠᠷ᠎ᠢ ᠵᠢᠩᠬᠢᠨᠢ᠎ᠪᠠᠷ ᠲᠣᠭᠲᠠᠭ᠋ᠠᠵᠤ᠂ ᠦᠨᠳᠦᠰᠦᠲᠡᠨ᠎ᠤ ᠨᠢᠭᠡᠳᠦᠮᠡᠯ ᠹᠷᠣᠨᠲ᠎ᠢ ᠠᠩᠬ᠎ᠠ ᠤᠳᠠᠭ᠎ᠠ ᠳᠤᠷᠠᠳᠤᠭᠰᠠᠨ᠎ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠠᠭᠤᠤ ᠶᠡᠬᠡ ᠦᠷ᠎ᠡ ᠪᠦᠲᠦᠭᠡᠯ ᠪᠣᠯᠤᠨ᠎ᠠ᠃

2.jpg

      ᠰᠧᠴᠤᠸᠠᠨ ᠮᠤᠵᠢ ᠵᠢᠨ ᠯᠢᠶᠠᠩᠱ᠌ᠠᠨ᠎ᠤ ᠢ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠵᠢᠨ ᠮᠢᠶᠠᠨ ᠨᠢᠩ ᠰᠢᠶᠠᠨ᠎ᠤ ᠢ ᠬᠠᠶ ᠰᠢᠶᠠᠩ ᠎ᠳᠤ᠎ᠬᠢ ᠢ ᠬᠠᠶ ᠬᠣᠯᠪᠣᠭ᠎ᠠ ᠪᠠᠢ᠌ᠭᠤᠯᠤᠭᠰᠠᠨ ᠳᠤᠷᠠᠰᠬᠠᠯ᠎ᠤᠨ ᠬᠥᠰᠢᠶ᠎ᠡ᠃ 1935 ᠣᠨ᠎ᠤ 5 ᠳ᠋ᠤᠭ᠋ᠠᠷ ᠰᠠᠷ᠎ᠠ᠎ᠳᠤ  ᠲᠤᠬᠠᠢ ᠵᠢᠨ ᠦᠶ᠎ᠡ᠎ᠳᠤ ᠤᠯᠠᠭ᠋ᠠᠨ ᠴᠡᠷᠢᠭ᠎ᠤᠨ ᠶᠡᠷᠦᠩᠬᠡᠢ ᠱᠲ᠋ᠠᠪ᠎ᠤᠨ ᠳᠠᠷᠤᠭ᠎ᠠ ᠪᠥᠭᠡᠳ ᠤᠷᠢᠳᠴᠢᠯᠠᠨ ᠲᠣᠮᠢᠯᠠᠭᠰᠠᠨ ᠴᠡᠷᠢᠭ᠎ᠤᠨ ᠺᠤᠮᠠᠨᠳᠠᠯᠠᠭᠴᠢ ᠪᠠᠢ᠌ᠭᠰᠠᠨ ᠯᠢᠦ ᠪᠥᠸᠧ ᠴᠧᠩ ᠪᠣᠯᠤᠨ ᠢ ᠦᠨᠳᠦᠰᠦᠲᠡᠨ᠎ᠤ ᠭᠦᠸᠧ ᠵᠢᠢ ᠭᠡᠷ᠎ᠤᠨ ᠲᠤᠯᠤᠭ᠋ᠠᠢ᠌ᠯᠠᠭᠴᠢ ᠰᠢᠶᠤᠤ ᠶᠧ ᠳ᠋ᠠᠨ ᠬᠣᠶᠠᠭᠤᠯᠠ ᠤᠰᠤ᠎ᠪᠠᠷ ᠠᠷᠢᠬᠢ ᠵᠢ ᠣᠷᠣᠯᠠᠭᠤᠯᠵᠤ᠂ 《ᠢ ᠬᠠᠢ ᠬᠣᠯᠪᠣᠭ᠎ᠠ》 ᠵᠢ ᠪᠠᠢ᠌ᠭᠤᠯᠪᠠ᠃ ᠡᠨᠡ ᠤᠳᠠᠭ᠎ᠠ ᠵᠢᠨ ᠬᠣᠯᠪᠣᠭ᠎ᠠ᠎ᠨᠢ ᠲᠥᠪ᠎ᠤᠨ ᠤᠯᠠᠭ᠋ᠠᠨ ᠴᠡᠷᠢᠭ᠎ᠤᠨ ᠭᠣᠣᠯ ᠬᠦᠴᠦᠨ᠎ᠤ ᠢ ᠦᠨᠳᠦᠰᠦᠲᠡᠨ᠎ᠤ ᠣᠷᠣᠨ ᠵᠶ᠋ᠠᠷ ᠤᠷᠤᠭᠰᠢᠲᠠᠢ ᠥᠩᠭᠡᠷᠡᠬᠦ᠎ᠳᠤ ᠴᠢᠬᠤᠯᠠ ᠦᠢ᠍ᠯᠡᠳᠦᠯ ᠦᠵᠡᠭᠦᠯᠵᠦ᠂ ᠪᠠᠰᠠ ᠢ ᠦᠨᠳᠦᠰᠦᠲᠡᠨ᠎ᠤ ᠣᠷᠣᠨ᠎ᠳᠤ ᠬᠤᠪᠢᠰᠬᠠᠯ᠎ᠤᠨ ᠣᠴᠢ ᠵᠢ ᠳᠦᠷᠡᠯᠵᠢᠭᠦᠯᠵᠡᠢ᠃ (ᠭᠡᠷᠡᠯ ᠵᠢᠷᠤᠭ᠎ᠤᠨ ᠢᠷᠡᠯᠲᠡ᠄ ᠰᠢᠨᠬᠤᠸᠠ ᠰᠦᠯᠵᠢᠶ᠎ᠡ)
      ᠶᠠᠫᠣᠨ᠎ᠢ ᠡᠰᠡᠷᠭᠦᠴᠡᠬᠦ ᠳᠠᠢ᠌ᠨ᠎ᠤ ᠦᠶ᠎ᠡ᠎ᠳᠤ ᠶᠠᠫᠣᠨ᠎ᠤ ᠡᠵᠡᠷᠬᠡᠭ ᠲᠦᠷᠢᠮᠡᠬᠡᠢ᠌ᠲᠡᠨ᠎ᠤ ᠲᠦᠷᠢᠮᠡᠬᠡᠢ᠌ᠯᠡᠯ᠎ᠨᠢ ᠳᠤᠮᠳᠠᠳᠤ ᠤᠯᠤᠰ᠎ᠢ ᠮᠥᠬᠥᠯ᠎ᠤᠨ ᠳᠠᠪᠠᠭ᠋ᠠᠨ᠎ᠳᠤ ᠬᠦᠷᠭᠡᠵᠦ᠂ ᠳᠤᠮᠳᠠᠳᠤ ᠵᠢᠨ ᠦᠨᠳᠦᠰᠦᠲᠡᠨ᠎ᠢ ᠤᠷᠢᠳ ᠡᠮᠦᠨ᠎ᠡ ᠭᠠᠷᠤᠭ᠎ᠠ ᠦᠭᠡᠶ ᠵᠤᠪᠠᠯᠠᠡᠭ᠎ᠳᠤ  ᠤᠴᠠᠷᠠᠭᠤᠯᠵᠡᠢ᠃ ᠳᠤᠮᠳᠠᠳᠤ ᠵᠢᠨ ᠦᠨᠳᠦᠰᠦᠲᠡᠨ᠎ᠤ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢᠨ ᠲᠥᠯᠥᠭᠡ᠂ ᠮᠠᠨ᠎ᠤ ᠨᠠᠮ ᠡᠷᠡᠰ ᠰᠢᠭᠤᠷᠬᠠᠢ᠎ᠪᠠᠷ ᠮᠠᠷᠺᠰ᠎ᠤᠨ ᠦᠵᠡᠯ᠎ᠢ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠵᠦᠪᠯᠡᠯᠲᠦ ᠬᠣᠯᠪᠣᠭ᠋ᠠᠲᠤ ᠤᠯᠤᠰ᠎ᠤᠨ 《ᠦᠨᠳᠦᠰᠦᠲᠡᠨ᠎ᠤ ᠥᠪᠡᠷᠲᠡᠭᠡᠨ ᠰᠢᠢ᠍ᠳᠪᠦᠷᠢᠯᠡᠬᠦ ᠡᠷᠬᠡ》 ᠵᠢᠨ ᠤᠨᠤᠯ᠎ᠢ ᠲᠠᠶᠠᠭᠳᠠᠪᠠ᠃ ᠶᠢᠰᠦᠨ ᠰᠠᠷ᠎ᠠ ᠵᠢᠨ ᠠᠷᠪᠠᠨ ᠨᠠᠢ᠍ᠮᠠᠨ᠎ᠤ ᠬᠡᠷᠡᠭ ᠬᠤᠪᠢᠰᠤᠯ᠎ᠤᠨ ᠳᠠᠷᠠᠭ᠎ᠠ᠂ ᠶᠠᠫᠣᠨ ᠫᠦ᠋ ᠢ ᠵᠢ ᠳᠡᠮᠵᠢᠨ 《ᠮᠠᠨᠵᠤ ᠤᠯᠤᠰ》᠎ᠢ ᠪᠠᠢ᠌ᠭᠤᠯᠵᠤ᠂ ᠲᠠᠮᠴᠤᠭᠳᠤᠩᠷᠤᠪ᠎ᠢ ᠳᠡᠮᠵᠢᠨ 《ᠮᠣᠩᠭᠣᠯ ᠬᠤᠯᠪᠤᠭ᠋ᠠᠳᠤ ᠥᠪᠡᠷᠲᠡᠭᠡᠨ ᠵᠠᠰᠠᠬᠤ ᠵᠠᠰᠠᠭ᠎ᠤᠨ ᠣᠷᠳᠣᠨ》᠎ᠢ ᠪᠠᠢ᠌ᠭᠤᠯᠤᠭᠰᠠᠨ᠎ᠤ ᠬᠠᠮᠲᠤ ᠪᠠᠷᠠᠭᠤᠨ ᠬᠣᠢ᠌ᠲᠤ ᠵᠢᠨ ᠴᠡᠷᠢᠭ᠎ᠤᠨ ᠡᠷᠬᠡᠲᠡᠨ᠎ᠢ ᠢᠳᠡᠪᠬᠢᠲᠡᠶ᠎ᠪᠠᠷ ᠢᠳᠬᠠᠨ ᠳᠠᠳᠠᠵᠤ 《ᠬᠤᠳᠤᠡᠭ ᠤᠯᠤᠰ》 ᠪᠠᠢ᠌ᠭᠤᠯᠬᠤ᠎ᠪᠠᠷ ᠤᠷᠤᠯᠳᠤᠪᠠ᠂ ᠡᠳᠡᠭᠡᠷ᠎ᠨᠢ ᠴᠥᠮ ᠶᠠᠫᠣᠨ᠎ᠤ ᠡᠵᠡᠷᠬᠡᠭ ᠲᠦᠷᠢᠮᠡᠬᠡᠢ᠍ᠢ᠍ᠳᠡᠨ᠎ᠤ 《ᠦᠨᠳᠦᠰᠦᠲᠡᠨ᠎ᠤ ᠥᠪᠡᠷᠲᠡᠭᠡᠨ ᠰᠢᠢᠳᠪᠦᠷᠢᠯᠡᠬᠦ》 ᠭᠡᠬᠦ ᠨᠡᠷ᠎ᠡ᠎ᠪᠠᠷ 《ᠳᠤᠮᠳᠠᠳᠤ ᠤᠯᠤᠰ᠎ᠢ ᠬᠡᠰᠡᠭᠯᠡᠨ ᠰᠠᠯᠭ᠋ᠠᠬᠤ》 ᠭᠡᠰᠡᠨ ᠪᠣᠳᠠᠲᠤ ᠶᠠᠪᠤᠳᠠᠯ ᠶᠤᠮ᠃ ᠡᠨᠡ ᠲᠤᠬᠠᠶ 1938 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠠᠴᠠ ᠵᠦᠪᠯᠡᠯᠳᠤ᠎ᠳᠤ ᠰᠤᠷᠤᠯᠴᠠᠭᠰᠠᠨ ᠪᠦᠯᠦᠭ᠎ᠤᠨ᠎ᠬᠢᠨ᠎ᠤ ᠦᠭᠦᠰᠢᠷᠡᠮᠡᠯ ᠦᠵᠡᠯ᠎ᠤᠨ ᠠᠯᠳᠠᠭ᠎ᠠ ᠵᠢ ᠰᠢᠭᠦᠮᠵᠢᠯᠡᠵᠦ᠂ ᠠᠩᠬ᠎ᠠ ᠤᠳᠠᠭ᠎ᠠ 《ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ》 ᠵᠢ ᠳᠤᠷᠠᠳᠤᠭᠰᠠᠨ ᠪᠥᠭᠡᠳ ᠡᠪ ᠬᠠᠮᠲᠤ ᠵᠢᠨ ᠢᠨᠲ᠋ᠧᠷᠨᠠᠼᠢᠣᠨᠠᠯ᠎ᠤᠨ ᠵᠢᠯᠤᠭᠤᠳᠤᠯᠭ᠎ᠠ ᠳᠣᠣᠷ᠎ᠠ ᠳᠤᠷᠠᠳᠤᠭᠰᠠᠨ 《ᠦᠨᠳᠦᠰᠦᠲᠡᠨ᠎ᠤ ᠥᠪᠡᠷᠲᠡᠭᠡᠨ ᠰᠢᠢᠳᠪᠦᠷᠢᠯᠡᠬᠦ ᠤᠨᠤᠯ》᠎ᠢ 《ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠤᠨᠤᠯ》 ᠭᠡᠵᠦ ᠵᠠᠰᠠᠵᠠᠶ᠃ 1939 ᠣᠨ᠎ᠳᠤ᠂ ᠮᠠᠤ ᠽᠸ ᠳ᠋ᠦᠩ ᠨᠥᠬᠥᠷ 《ᠳᠤᠮᠳᠠᠳᠤ ᠤᠯᠤᠰ᠎ᠤᠨ ᠬᠤᠪᠢᠰᠬᠠᠯ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ》 ᠭᠡᠬᠦ ᠵᠣᠬᠢᠶᠠᠯ ᠵᠶ᠋ᠠᠨ ᠲᠤᠭᠤᠷᠪᠢᠪᠠ᠂ ᠡᠨ᠋ᠨ᠎ᠨᠢ 《ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ》 ᠰᠡᠳᠦᠪ᠎ᠢ ᠳᠤᠷᠠᠳᠤᠭᠰᠠᠨ᠎ᠤ ᠳᠠᠷᠠᠭ᠋ᠠᠬᠢ ᠴᠢᠬᠤᠯᠠ ᠤᠨᠤᠯ᠎ᠤᠨ ᠵᠣᠬᠢᠶᠠᠯ ᠪᠤᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠤᠨᠤᠯ᠎ᠤᠨ ᠲᠥᠯᠥᠭᠡᠯᠡᠭᠴᠢ ᠪᠦᠲᠦᠭᠡᠯ᠎ᠤᠨ ᠨᠢᠭᠡ᠎ᠨᠢ ᠪᠣᠯᠤᠭᠰᠠᠨ ᠪᠠᠢ᠌ᠨ᠎ᠠ᠃ ᠵᠣᠬᠢᠶᠠᠯ᠎ᠳᠤ᠎ᠬᠢ ᠡᠬᠢᠯᠡᠯᠲᠡ ᠵᠢᠨ ᠨᠢᠭᠡᠳᠦᠭᠡᠷ ᠪᠦᠯᠦᠭ᠎ᠤᠨ ᠨᠢᠭᠡᠳᠦᠭᠡᠷ ᠬᠡᠰᠡᠭ᠎ᠲᠤ ᠳᠠᠷᠤᠢ 《ᠳᠤᠮᠳᠠᠳᠤ ᠵᠢᠨ ᠦᠨᠳᠦᠰᠦᠲᠡᠨ》 ᠵᠶ᠋ᠠᠷ ᠰᠡᠳᠦᠪᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠵᠢᠨ ᠦᠨᠳᠦᠰᠦᠲᠡᠨ᠎ᠤ ᠦᠵᠡᠯᠲᠡ ᠵᠢ ᠠᠩᠬ᠎ᠠ ᠤᠳᠠᠭ᠎ᠠ ᠵᠥᠪ ᠲᠠᠯ᠎ᠠ᠎ᠠᠴᠠ ᠰᠢᠰᠲ᠋ᠧᠮ᠎ᠲᠠᠢ ᠲᠣᠳᠣᠷᠬᠠᠢ᠌ᠯᠠᠨ ᠥᠭᠦᠯᠡᠭᠰᠡᠨ ᠪᠣᠯᠬᠣᠷ ᠮᠥᠨ ᠴᠦ᠍ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭᠰᠠᠨ ᠴᠢᠬᠤᠯᠠ ᠦᠷ᠎ᠡ ᠪᠦᠲᠦᠭᠡᠯ ᠪᠣᠯᠤᠨ᠎ᠠ᠃
      ᠨᠠᠮ᠎ᠤᠨ ᠤᠳᠤᠷᠢᠳᠤᠯᠭ᠎ᠠ ᠳᠣᠣᠷ᠎ᠠ᠂ ᠰᠢᠨ᠎ᠡ ᠠᠷᠠᠳᠴᠢᠯᠠᠭᠰᠠᠨ ᠬᠤᠪᠢᠰᠬᠠᠯ ᠢᠯᠠᠯᠲᠠ ᠣᠯᠵᠤ᠂ ᠬᠠᠭᠤᠴᠢᠨ ᠳᠤᠮᠳᠠᠳᠤ ᠤᠯᠤᠰ᠎ᠤᠨ ᠬᠠᠭ᠋ᠠᠰ ᠺᠣᠯᠣᠨᠢ ᠬᠠᠭ᠋ᠠᠰ ᠹᠸᠤᠳᠠᠯ᠎ᠤᠨ ᠨᠡᠢ᠌ᠭᠡᠮ᠎ᠤᠨ ᠲᠡᠦᠬᠡ ᠪᠣᠯᠤᠨ ᠲᠠᠷᠠᠬᠠᠢ ᠪᠤᠲᠠᠷᠬᠠᠢ ᠪᠠᠢ᠌ᠳᠠᠯ᠎ᠢ ᠲᠤᠢ᠌ᠯᠪᠤᠷᠢᠲᠠᠢ ᠡᠴᠦᠰᠯᠡᠭᠦᠯᠵᠦ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ ᠴᠢᠯᠥᠭᠡᠯᠡᠯᠲᠡ ᠵᠢ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ ᠤᠷᠢᠳᠤ ᠡᠮᠦᠨ᠎ᠡ ᠪᠠᠢ᠌ᠭ᠎ᠠ ᠦᠭᠡᠢ ᠨᠢᠭᠲᠠᠷᠠᠯ᠎ᠤᠨ ᠬᠦᠴᠦᠨ᠎ᠲᠠᠢ ᠪᠦᠬᠦᠯᠢ ᠴᠣᠭᠴᠠ ᠪᠤᠯᠵᠤ ᠵᠢᠩᠬᠢᠨᠢ᠎ᠪᠠᠷ ᠪᠣᠰᠴᠤ ᠵᠤᠭᠰᠤᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠦᠨᠳᠦᠰᠦᠨ ᠨᠡᠢ᠌ᠭᠡᠮ᠎ᠤᠨ ᠨᠥᠬᠥᠴᠡᠯ᠎ᠢ ᠪᠦᠷᠢᠯᠳᠦᠭᠦᠯᠵᠦ ᠥᠭᠴᠡᠢ᠃
      ᠬᠣᠶᠠᠷ᠂ ᠰᠢᠨ᠎ᠡ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠭᠰᠠᠨ ᠰᠢᠨ᠎ᠡ ᠡᠭᠦᠳᠦᠯᠲᠡ᠎ᠨᠢ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠣᠶᠤᠨ ᠤᠬᠠᠭ᠋ᠠᠨ᠎ᠢ ᠢᠯᠡᠷᠡᠭᠦᠯᠪᠡ᠃
      ᠰᠢᠨ᠎ᠡ ᠳᠤᠮᠳᠠᠳᠤ ᠤᠯᠤᠰ ᠪᠠᠢ᠌ᠭᠤᠯᠤᠭᠳᠠᠬᠤ᠎ᠠᠴᠠ ᠡᠮᠦᠨᠡᠬᠡᠨ᠂ ᠶᠠᠮᠠᠷ ᠰᠢᠨᠵᠢ ᠴᠢᠨᠠᠷ᠎ᠲᠠᠢ ᠰᠢᠨ᠎ᠡ ᠳᠤᠮᠳᠠᠳᠤ ᠤᠯᠤᠰ᠎ᠢ ᠪᠠᠢ᠌ᠭᠤᠯᠬᠤ ᠠᠰᠠᠭᠤᠳᠠᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠡᠮᠦᠨ᠎ᠡ ᠲᠠᠯᠪᠢᠭᠳᠠᠪᠠ᠃ 1949 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠂ ᠮᠠᠤ ᠲᠡᠷᠢᠭᠦᠯᠡᠭᠴᠢ ᠠᠷᠠᠳ᠎ᠤᠨ ᠠᠷᠠᠳᠴᠢᠯᠠᠭᠰᠠᠨ ᠳᠠᠷᠤᠩᠭᠤᠢ᠌ᠯᠠᠬᠤ ᠵᠠᠰᠠᠭ᠎ᠤᠨ ᠲᠤᠬᠠᠶ ᠰᠢᠰᠲ᠋ᠧᠮ᠎ᠲᠠᠢ ᠥᠭᠦᠯᠡᠵᠡᠶ᠃ 1949 ᠣᠨ᠎ᠳᠤ ᠪᠠᠲᠤᠯᠠᠭᠳᠠᠭᠰᠠᠨ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠬᠠᠮᠳᠤ ᠵᠢᠨ ᠬᠥᠲᠥᠯᠪᠦᠷᠢ》 (ᠳᠥᠭᠥᠮᠴᠢᠯᠡᠭᠡᠳ 《ᠬᠠᠮᠳᠤ ᠵᠢᠨ ᠬᠥᠲᠥᠯᠪᠦᠷᠢ》 ᠭᠡᠳᠡᠭ) ᠵᠢᠨ ᠨᠢᠭᠡᠳᠦᠭᠡᠷ ᠵᠦᠢ᠍ᠯ᠎ᠳᠤ᠄ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠣᠯ ᠰᠢᠨ᠎ᠡ ᠠᠷᠠᠳᠴᠢᠯᠠᠭᠰᠠᠨ ᠦᠵᠡᠯ᠂ ᠲᠤᠬᠠᠢ᠌ᠯᠠᠪᠠᠯ ᠠᠷᠠᠳ᠎ᠤᠨ ᠠᠷᠠᠳᠴᠢᠯᠠᠭᠰᠠᠨ ᠤᠯᠤᠰ ᠮᠥᠨ᠂ ᠠᠵᠢᠯᠴᠢᠨ ᠠᠩᠭᠢ᠎ᠪᠠᠷ ᠤᠳᠤᠷᠢᠳᠤᠭᠤᠯᠤᠭᠰᠠᠨ᠂ ᠠᠵᠢᠯᠴᠢᠨ ᠲᠠᠷᠢᠶᠠᠴᠢᠨ᠎ᠤ ᠬᠣᠯᠪᠣᠭ᠎ᠠ᠎ᠪᠠᠷ ᠰᠠᠭᠤᠷᠢ ᠪᠣᠯᠭ᠋ᠠᠭᠰᠠᠨ᠂ ᠡᠯ᠎ᠡ ᠠᠷᠠᠳᠴᠢᠯᠠᠭᠰᠠᠨ ᠠᠩᠭᠢ ᠪᠠ ᠤᠯᠤᠰ᠎ᠤᠨ ᠳᠣᠲᠣᠭ᠋ᠠᠳᠤ ᠵᠢᠨ ᠡᠯ᠎ᠡ ᠦᠨᠳᠦᠰᠦᠲᠡᠨ᠎ᠲᠠᠢ ᠪᠦᠯᠬᠦᠮᠳᠡᠭᠰᠡᠨ ᠠᠷᠠᠳ᠎ᠤᠨ ᠠᠷᠠᠳᠴᠢᠯᠠᠭᠰᠠᠨ ᠳᠠᠷᠤᠩᠭᠤᠢ᠌ᠯᠠᠬᠤ ᠵᠠᠰᠠᠭ᠎ᠢ ᠬᠡᠷᠡᠭᠵᠢᠭᠦᠯᠦᠨ᠎ᠡ᠃》 ᠭᠡᠵᠦ ᠳᠤᠭᠳᠠᠭ᠋ᠠᠵᠠᠢ᠃ ᠠᠷᠠᠳ᠎ᠤᠨ ᠠᠷᠠᠳᠴᠢᠯᠠᠭᠰᠠᠨ ᠳᠠᠷᠤᠩᠭᠤᠢ᠌ᠯᠠᠬᠤ ᠵᠠᠰᠠᠭ᠎ᠤᠨ ᠮᠥᠨ ᠴᠢᠨᠠᠷ ᠪᠣᠯ ᠦᠭᠡᠢ᠌ᠭᠦᠦ ᠠᠩᠭᠢ ᠵᠢᠨ ᠳᠠᠷᠤᠩᠭᠤᠢ᠌ᠯᠠᠬᠤ ᠵᠠᠰᠠᠭ᠎ᠤᠨ ᠤᠨᠤᠯ᠎ᠤᠨ ᠳᠤᠮᠳᠠᠳᠤ ᠤᠯᠤᠰ᠎ᠤᠨ ᠪᠣᠳᠠᠲᠤ ᠲᠡᠦᠬᠡᠨ ᠨᠥᠬᠥᠴᠡᠯ᠎ᠳᠠᠬᠢ ᠢᠯᠡᠷᠡᠯ ᠮᠥᠨ᠃ ᠠᠵᠢᠯᠴᠢᠨ ᠲᠠᠷᠢᠶᠠᠴᠢᠨ᠎ᠤ ᠬᠣᠯᠪᠣᠭ᠎ᠠ᠎ᠠᠴᠠ ᠭᠠᠳᠠᠨ᠎ᠠ᠂ ᠵᠢᠵᠢᠭ ᠬᠥᠷᠥᠩᠭᠡᠲᠡᠨ ᠠᠩᠭᠢ᠂ ᠦᠨᠳᠦᠰᠦᠲᠡᠨ᠎ᠤ ᠬᠥᠷᠥᠩᠭᠡᠲᠡᠨ ᠠᠩᠭᠢ ᠴᠤ᠌ ᠠᠷᠠᠳ ᠲᠦᠮᠡᠨ᠎ᠤ ᠨᠢᠭᠡ ᠬᠡᠰᠡᠭ ᠮᠥᠨ᠃ ᠮᠠᠷᠺᠰ᠎ᠤᠨ ᠦᠵᠡᠯ᠎ᠢ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠬᠤ᠎ᠪᠠᠷ ᠳᠠᠮᠵᠢᠭᠤᠯᠵᠤ᠂ ᠨᠢᠭᠡ ᠲᠠᠯ᠎ᠠ᠎ᠪᠠᠷ 《ᠡᠯ᠎ᠡ ᠠᠷᠠᠳᠴᠢᠯᠠᠭᠰᠠᠨ ᠠᠩᠭᠢ᠎ᠲᠠᠢ ᠪᠦᠯᠬᠦᠮᠳᠡᠬᠦ》; ᠨᠦᠭᠦᠭᠡ ᠲᠠᠯ᠎ᠠ᠎ᠪᠠᠷ 《ᠤᠯᠤᠰ᠎ᠤᠨ ᠳᠣᠲᠣᠭ᠋ᠠᠳᠤ ᠵᠢᠨ ᠦᠨᠳᠦᠰᠦᠲᠡᠨ᠎ᠨᠦᠭᠦᠳ᠎ᠲᠠᠢ ᠪᠦᠯᠬᠦᠮᠳᠡᠬᠦ》 ᠵᠡᠷᠭᠡ ᠬᠣᠶᠠᠷ ᠳᠠᠪᠬᠤᠷᠭ᠎ᠠ ᠵᠢᠨ ᠪᠦᠯᠬᠦᠮᠳᠡᠯ᠎ᠢ ᠪᠠᠢ᠌ᠭᠤᠯᠤᠭᠰᠠᠨ ᠶᠠᠪᠤᠳᠠᠯ ᠪᠣᠯᠤᠨ᠎ᠠ᠃ ᠢᠩᠭᠢᠭᠡᠳ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ᠂ ᠦᠨᠳᠦᠰᠦᠲᠡᠨ᠎ᠨᠦᠭᠦᠳ᠎ᠤᠨ ᠠᠵᠢᠯᠴᠢᠨ ᠲᠠᠷᠢᠶᠠᠴᠢᠨ ᠠᠩᠭᠢ ᠬᠢᠭᠡᠳ ᠪᠤᠰᠤᠳ ᠳᠠᠪᠰᠢᠭᠰᠠᠨ ᠠᠩᠭᠢ ᠵᠢᠨ ᠬᠣᠭᠣᠷᠣᠨᠳᠣᠬᠢ ᠡᠷᠬᠡ ᠲᠡᠭᠰᠢ ᠪᠦᠯᠬᠦᠮᠳᠡᠯ᠎ᠢ ᠪᠠᠲᠤᠯᠠᠵᠤ᠂ ᠲᠦᠷᠪᠡᠨ ᠳ᠋ᠦᠩᠰᠢᠭᠤᠷ ᠠᠬ᠎ᠠ ᠳᠡᠭᠦᠦ ᠨᠡᠷ᠎ᠢ ᠴᠥᠮ ᠪᠠᠭᠲᠠᠭ᠋ᠠᠨ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠪᠦᠬᠦᠯᠢ ᠴᠣᠭᠴᠠᠲᠤ ᠴᠢᠨᠠᠷ᠎ᠢ ᠴᠢᠩᠭ᠋ᠠᠳᠬᠠᠵᠠᠢ᠃
      ᠰᠢᠨ᠎ᠡ ᠳᠤᠮᠳᠠᠳᠤ ᠤᠯᠤᠰ᠎ᠨᠢ ᠵᠥᠪᠯᠡᠯᠲᠦ ᠬᠣᠯᠪᠣᠭ᠋ᠠᠲᠤ ᠤᠯᠤᠰ᠎ᠤᠨ ᠬᠣᠯᠪᠣᠭ᠋ᠠᠨ᠎ᠤ ᠪᠠᠢ᠌ᠭᠤᠯᠤᠯ᠎ᠤᠨ ᠵᠠᠭᠪᠤᠷ᠎ᠢ ᠬᠡᠷᠡᠭᠯᠡᠭᠰᠡᠨ ᠦᠭᠡᠢ᠂ ᠬᠠᠷᠢᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠲᠤᠭᠳᠠᠭ᠋ᠠᠪᠠ᠂ ᠡᠨᠡ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠭᠰᠠᠨ ᠪᠠᠢ᠌ᠭᠤᠯᠤᠯ᠎ᠤᠨ ᠰᠢᠨ᠎ᠡ ᠡᠭᠦᠳᠦᠯᠲᠡ ᠪᠤᠯᠤᠨ᠎ᠠ᠃ 1949 ᠣᠨ᠎ᠳᠤ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠢ ᠬᠤᠷᠠᠯᠳᠤᠭᠤᠯᠵᠤ᠂ ᠲᠠᠬᠢᠨ ᠳᠠᠪᠲᠠᠨ ᠶᠠᠷᠢᠯᠴᠠᠬᠤ᠎ᠪᠠᠷ ᠳᠠᠮᠵᠢᠵᠤ᠂ 《ᠬᠠᠮᠲᠤ ᠵᠢᠨ ᠬᠥᠲᠥᠯᠪᠦᠷᠢ》᠎ᠳᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠤᠯᠤᠰ ᠲᠦᠷᠦ ᠵᠢᠨ ᠪᠠᠢ᠌ᠭᠤᠯᠤᠯ ᠪᠣᠯᠭ᠋ᠠᠨ ᠲᠣᠭᠲᠠᠭ᠋ᠠᠵᠤ᠂ 《ᠹᠸᠤᠳᠠᠯ᠎ᠢ ᠵᠢᠶᠦ᠋ᠨ ᠰᠢᠶᠠᠨ᠎ᠳᠤ ᠠᠬᠤᠭᠤᠯᠬᠤ》 ᠡᠷᠲᠡᠨ᠎ᠤ ᠤᠶᠤᠨ ᠤᠬᠠᠭ᠋ᠠᠨ ᠵᠶ᠋ᠠᠷ ᠭᠠᠭᠴᠠ ᠪᠠᠢ᠌ᠭᠤᠯᠤᠯᠳᠤ ᠤᠯᠤᠰ᠎ᠤᠨ ᠪᠠᠢ᠌ᠭᠤᠯᠤᠯ᠎ᠢ ᠳᠠᠪᠲᠠᠨ ᠪᠣᠯᠪᠠᠰᠤᠷᠠᠭᠤᠯᠵᠤ᠂ 《ᠵᠠᠩᠰᠢᠯ ᠵᠶ᠋ᠠᠷ᠎ᠨᠢ ᠵᠠᠰᠠᠬᠤ》 ᠳᠤᠮᠳᠠᠳᠤ ᠵᠢᠨ ᠤᠯᠠᠮᠵᠢᠯᠠᠯ ᠵᠶ᠋ᠠᠷ ᠦᠨᠳᠦᠰᠦᠲᠡᠨ᠎ᠤ ᠭᠠᠵᠠᠷ ᠣᠷᠣᠨ᠎ᠤ ᠵᠠᠰᠠᠯᠲᠠ ᠵᠢᠨ ᠠᠰᠠᠭᠤᠳᠠᠯ᠎ᠢ ᠵᠣᠬᠢᠰᠲᠠᠢ ᠰᠢᠢ᠍ᠳᠪᠦᠷᠢᠯᠡᠵᠦ᠂ 《ᠡᠶ᠎ᠡ ᠨᠠᠢ᠌ᠷᠠᠮᠳᠠᠭᠤ ᠪᠣᠯᠪᠠᠴᠤ ᠠᠳᠠᠯᠢ ᠪᠤᠰᠤ》 ᠳᠤᠮᠳᠠᠳᠤ ᠤᠯᠤᠰ᠎ᠤᠨ ᠰᠣᠶᠣᠯ᠎ᠤᠨ ᠢᠯᠭ᠋ᠠᠭ᠎ᠠ᠎ᠲᠠᠢ ᠴᠢᠨᠠᠷ ᠪᠣᠯᠤᠨ ᠨᠡᠢ᠌ᠲᠡᠯᠢᠭ ᠴᠢᠨᠠᠷ᠎ᠤᠨ ᠬᠠᠷᠢᠴᠠᠭ᠎ᠠ ᠵᠢ ᠳᠡᠩᠴᠡᠭᠦᠷᠢᠳᠡᠢ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠨᠡᠭᠡᠭᠡᠵᠡᠢ᠃

3.jpg 

      ᠰᠢᠨᠵᠢᠶᠠᠩ᠎ᠤᠨ ᠾᠸ ᠲᠢᠶᠠᠨ ᠬᠣᠲᠠ ᠵᠢᠨ ᠲᠤᠸᠠᠨ ᠴᠧᠩ ᠵᠡᠭᠡᠯᠢ ᠭᠤᠳᠤᠮᠵᠢ᠄ ᠣᠷᠣᠨ ᠰᠠᠭᠤᠴᠠ ᠵᠢᠨ ᠣᠷᠴᠢᠨ ᠨᠥᠬᠥᠴᠡᠯ᠎ᠢ ᠰᠠᠢ᠌ᠵᠢᠷᠠᠭᠤᠯᠵᠤ᠂ ᠾᠸ ᠲᠢᠶᠠᠨ᠎ᠤ ᠲᠡᠦᠬᠡ ᠰᠣᠶᠣᠯ᠎ᠲᠠᠢ ᠵᠡᠭᠡᠯᠢ ᠲᠣᠭᠣᠷᠢᠭ᠎ᠤᠨ ᠳᠦᠷᠰᠦ ᠪᠠᠢ᠌ᠳᠠᠯ᠎ᠢ ᠪᠠᠲᠤᠯᠠᠬᠤ ᠵᠢᠨ ᠲᠥᠯᠥᠭᠡ᠂ ᠲᠤᠬᠠᠶ ᠵᠢᠨ ᠭᠠᠵᠠᠷ᠎ᠤᠨ᠎ᠬᠢᠨ ᠪᠡᠭᠡᠵᠢᠩ ᠬᠣᠲᠠ ᠵᠢᠨ ᠰᠢᠨᠵᠢᠶᠠᠩ᠎ᠢ ᠲᠤᠰᠠᠯᠠᠬᠤ ᠪᠠᠯᠠ ᠮᠥᠩᠭᠥ ᠵᠢ ᠠᠰᠢᠭᠯᠠᠵᠤ᠂ ᠾᠸ ᠲᠢᠶᠠᠨ᠎ᠤ ᠬᠠᠭᠤᠴᠢᠨ ᠬᠣᠲᠠ ᠵᠢᠨ ᠲᠣᠭᠣᠷᠢᠭ᠎ᠢ ᠬᠠᠮᠠᠭ᠋ᠠᠯᠠᠬᠤ᠂ ᠠᠮᠤᠭᠤᠯᠠᠩ ᠰᠠᠭᠤᠴᠠ᠂ ᠠᠶᠠᠯᠠᠯ ᠵᠢᠭᠤᠯᠴᠢᠯᠠᠯ ᠬᠢᠭᠡᠳ ᠠᠵᠢᠯ ᠣᠯᠭᠣᠯᠲᠠ ᠳᠥᠷᠪᠡ ᠵᠢ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ ᠬᠢᠪᠠ᠃ (ᠭᠡᠷᠡᠯ ᠵᠢᠷᠤᠭ᠎ᠤᠨ ᠢᠷᠡᠯᠲᠡ᠄ ᠰᠢᠨᠬᠤᠸᠠ ᠰᠦᠯᠵᠢᠶ᠎ᠡ)
      ᠰᠢᠨ᠎ᠡ ᠳᠤᠮᠳᠠᠳᠤ ᠤᠯᠤᠰ ᠪᠤᠯᠤᠨ ᠵᠦᠪᠯᠡᠯᠲᠦ ᠬᠣᠯᠪᠣᠭ᠋ᠠᠲᠤ ᠤᠯᠤᠰ᠎ᠤᠨ ᠦᠨᠳᠦᠰᠦᠲᠡᠨ᠎ᠤ ᠬᠠᠷᠢᠴᠠᠭ᠎ᠠ ᠵᠢ ᠰᠢᠢ᠍ᠳᠪᠦᠷᠢᠯᠡᠬᠦ ᠪᠠᠢ᠌ᠭᠤᠯᠤᠯ ᠪᠠ ᠲᠦᠷᠦ ᠵᠢᠨ ᠪᠤᠳᠤᠯᠭ᠎ᠠ᠎ᠨᠢ ᠠᠳᠠᠯᠢ ᠦᠭᠡᠢ ᠪᠠᠢ᠌ᠭᠰᠠᠨ᠎ᠠᠴᠠ ᠬᠣᠶᠠᠷ ᠤᠯᠤᠰ᠎ᠤᠨ ᠬᠣᠵᠢᠮ᠎ᠤᠨ ᠡᠷᠡᠰ ᠣᠨᠳᠣᠣ ᠲᠡᠦᠬᠡᠨ ᠬᠤᠪᠢ ᠵᠠᠶᠠᠭ᠎ᠠ ᠵᠢ ᠰᠢᠭᠤᠳ ᠨᠥᠯᠦᠭᠡᠯᠡᠭᠰᠡᠨ ᠭᠡᠳᠡᠭ᠎ᠢ ᠪᠣᠳᠠᠲᠤ ᠬᠡᠷᠡᠭ ᠭᠡᠷᠡᠴᠢᠯᠡᠭᠰᠡᠨ ᠪᠠᠢ᠌ᠨ᠎ᠠ᠃ ᠵᠢᠱ᠌ᠢᠶᠡᠯᠡᠪᠡᠯ᠂ ᠵᠦᠪᠯᠡᠯᠳᠤ ᠬᠣᠯᠪᠣᠭ᠋ᠠᠲᠤ ᠤᠯᠤᠰ᠎ᠤᠨ ᠦᠨᠳᠦᠰᠦᠨ ᠬᠠᠤᠯᠢ᠎ᠳᠤ ᠡᠯ᠎ᠡ ᠬᠣᠯᠪᠣᠭ᠋ᠠᠨ᠎ᠤ ᠪᠦᠬᠦᠳᠠ ᠨᠠᠢ᠌ᠷᠠᠮᠳᠠᠬᠤ ᠤᠯᠤᠰ 《ᠥᠪᠡᠷᠲᠡᠭᠡᠨ ᠰᠢᠢ᠍ᠳᠪᠦᠷᠢᠯᠡᠬᠦ》᠎ᠪᠠᠷ ᠲᠠᠮᠵᠢᠨ ᠬᠣᠯᠪᠣᠭ᠎ᠠ᠎ᠠᠴᠠ ᠭᠠᠷᠬᠤ ᠡᠷᠬᠡ᠎ᠲᠠᠢ ᠭᠡᠵᠦ ᠲᠣᠭᠲᠠᠭ᠋ᠠᠭᠰᠠᠨ᠎ᠨᠢ ᠲᠡᠭᠦᠨ᠎ᠤ ᠬᠣᠢ᠌ᠰᠢᠲᠠ ᠵᠢᠨ  ᠵᠠᠳᠠᠷᠠᠯ᠎ᠳᠤ ᠲᠠᠯᠳᠠ ᠭᠡᠮ ᠦᠯᠡᠳᠡᠭᠡᠵᠡᠢ; ᠭᠡᠲᠡᠯ᠎ᠡ ᠮᠠᠨ᠎ᠤ ᠤᠯᠤᠰ᠎ᠤᠨ 《ᠦᠨᠳᠦᠰᠦᠨ ᠬᠠᠤᠯᠢ》 ᠵᠢᠨ ᠳᠥᠷᠪᠡᠳᠦᠭᠡᠷ ᠵᠦᠢ᠍ᠯ᠎ᠳᠤ 《ᠡᠯ᠎ᠡ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ ᠪᠣᠯ ᠴᠥᠮ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠯᠵᠤ ᠪᠣᠯᠤᠰᠢ ᠦᠭᠡᠢ ᠬᠡᠰᠡᠭ ᠮᠥᠨ》 ᠭᠡᠵᠦ ᠲᠣᠭᠲᠠᠭ᠋ᠠᠵᠤ᠂ ᠳᠦᠷᠢᠮ᠎ᠢ ᠲᠥᠯᠥᠪᠯᠡᠬᠦ ᠲᠠᠯ᠎ᠠ᠎ᠪᠠᠷ ᠦᠨᠳᠦᠰᠦᠲᠡᠨ᠎ᠤ ᠡᠯᠧᠮᠧᠨ᠋ᠲ ᠪᠣᠯᠤᠨ ᠣᠷᠣᠨ ᠨᠤᠳᠤᠭ᠎ᠤᠨ ᠡᠯᠧᠮᠧᠨ᠋ᠲ᠎ᠢ ᠬᠠᠷᠢᠯᠴᠠᠨ ᠤᠶᠠᠯᠳᠤᠭᠤᠯᠵᠤ᠂ ᠲᠥᠪ᠎ᠤᠨ ᠵᠠᠰᠠᠭ᠎ᠤᠨ ᠵᠠᠷᠯᠢᠭ᠎ᠤᠨ ᠨᠢᠭᠡᠳᠦᠯ ᠪᠣᠯᠤᠨ ᠣᠷᠣᠨ ᠨᠤᠲᠤᠭ᠎ᠤᠨ ᠢᠳᠡᠪᠬᠢᠵᠢᠯ᠎ᠢ ᠪᠠᠳᠠᠷᠠᠭᠤᠯᠬᠤ ᠵᠢ ᠦᠨᠡᠨ ᠬᠦ᠌ ᠪᠠᠲᠤᠯᠠᠪᠠ᠃ ᠵᠢᠱ᠌ᠢᠶᠡᠯᠡᠪᠡᠯ᠂ ᠵᠦᠪᠯᠡᠯᠳᠦ ᠬᠣᠯᠪᠣᠭ᠋ᠠᠲᠤ ᠤᠯᠤᠰ ᠠᠩᠬᠢ ᠵᠢᠨ ᠬᠠᠷᠢᠴᠠᠭ᠎ᠠ ᠵᠢ ᠦᠨᠳᠦᠰᠦᠲᠡᠨ᠎ᠤ ᠬᠠᠷᠢᠴᠠᠭ᠎ᠠ᠎ᠠᠴᠠ ᠳᠡᠭᠡᠭᠦᠷ ᠲᠠᠯᠪᠢᠵᠤ᠂ ᠦᠭᠡᠢ᠌ᠭᠦᠦ ᠠᠩᠬᠢ ᠵᠢᠨ ᠳᠠᠷᠤᠩᠭᠤᠢ᠌ᠯᠠᠬᠤ ᠵᠠᠰᠠᠭ ᠵᠶ᠋ᠠᠷ ᠦᠨᠳᠦᠰᠦᠲᠡᠨ᠎ᠤ ᠵᠥᠷᠢᠶ᠎ᠡ ᠵᠢ ᠤᠰᠠᠳᠬᠠᠭᠰᠠᠨ᠎ᠠᠴᠠ᠂ ᠭᠡᠳᠡᠷᠭᠦ᠎ᠪᠠᠨ ᠦᠨᠳᠦᠰᠦᠲᠡᠨ᠎ᠤ ᠵᠥᠷᠢᠴᠡᠯ᠎ᠢ ᠬᠤᠷᠴᠠᠳᠬᠠᠪᠠ; ᠮᠠᠨ᠎ᠤ ᠤᠯᠤᠰ ᠦᠨᠳᠦᠰᠦᠲᠡᠨ᠎ᠨᠦᠭᠦᠳ ᠡᠷᠬᠡ ᠲᠡᠭᠰᠢ ᠪᠠᠢ᠌ᠬᠤ ᠵᠢ ᠪᠠᠷᠢᠮᠲᠠᠯᠠᠵᠤ᠂ ᠠᠩᠭᠢ ᠵᠢᠨ ᠠᠰᠠᠭᠤᠳᠠᠯ᠎ᠠᠴᠠ ᠭᠠᠳᠠᠨ᠎ᠠ ᠪᠠᠰᠠ ᠦᠨᠳᠦᠰᠦᠲᠡᠨ᠎ᠤ ᠴᠢᠯᠥᠭᠡᠯᠡᠯᠲᠡ ᠵᠢ ᠴᠢᠬᠤᠯᠠᠴᠢᠯᠠᠳᠠᠭ᠃ ᠪᠠᠰᠠ ᠵᠢᠱ᠌ᠢᠶᠡᠯᠡᠪᠡᠯ᠂ ᠵᠦᠪᠯᠡᠯᠳᠦ ᠬᠣᠯᠪᠣᠭ᠋ᠠᠲᠤ ᠤᠯᠤᠰ ᠤᠷᠤᠰ ᠦᠨᠳᠦᠰᠦᠲᠡᠨ᠎ᠤ ᠳᠠᠪᠠᠭᠤᠯᠢᠭ ᠴᠢᠨᠠᠷ ᠪᠠ ᠬᠤᠪᠢ ᠨᠡᠮᠡᠷᠢ ᠵᠢᠨ ᠤᠨᠤᠯ᠎ᠢ ᠳᠣᠪᠤᠢ᠌ᠯᠭ᠋ᠠᠨ ᠤᠬᠠᠭᠤᠯᠵᠤ᠂ ᠪᠤᠰᠤᠳ ᠦᠨᠳᠦᠰᠦᠲᠡᠨ᠎ᠯᠦᠭᠡ ᠵᠢᠨ ᠵᠥᠷᠢᠴᠡᠯ᠎ᠢ ᠬᠤᠷᠴᠠᠳᠬᠠᠭᠰᠠᠨ ᠪᠠᠢ᠌ᠨ᠎ᠠ; ᠭᠡᠳᠡᠯ᠎ᠡ ᠮᠠᠨ᠎ᠤ ᠤᠯᠤᠰ ᠠᠩᠭᠢ ᠵᠢᠨ ᠡᠷᠬᠡ ᠲᠡᠭᠰᠢ ᠪᠠ ᠦᠨᠳᠦᠰᠦᠲᠡᠨ᠎ᠤ ᠡᠷᠬᠡ ᠲᠡᠭᠰᠢ ᠵᠢ ᠬᠠᠮᠲᠤ᠎ᠳᠤ᠎ᠨᠢ ᠬᠠᠷᠠᠭ᠋ᠠᠯᠵᠠᠵᠤ᠂ ᠳᠤᠮᠳᠠᠳᠤ ᠵᠢᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠬᠠᠮᠲᠤ᠎ᠪᠠᠷ ᠳᠤᠮᠳᠠᠳᠤ ᠵᠢᠨ ᠦᠨᠳᠦᠰᠦᠲᠡᠨ᠎ᠢ ᠪᠦᠷᠢᠯᠳᠦᠭᠦᠯᠵᠦ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠢ ᠬᠠᠮᠲᠤ᠎ᠪᠠᠷ ᠴᠣᠭᠴᠠᠯᠠᠨ ᠪᠠᠢ᠌ᠭᠤᠯᠤᠭᠰᠠᠨ ᠭᠡᠳᠡᠭ᠎ᠢ ᠴᠢᠬᠤᠯᠠᠴᠢᠯᠠᠪᠠ᠃ 
       ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠯᠲᠠ᠎ᠳᠤ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠶᠣᠨ ᠤᠬᠠᠭ᠋ᠠᠨ ᠠᠭᠤᠯᠤᠭᠳᠠᠵᠤ ᠪᠠᠢ᠌ᠬᠤ ᠵᠢ ᠦᠢ᠍ᠯᠡᠳᠦᠯᠭᠡ ᠪᠢᠳᠡᠨ᠎ᠳᠤ ᠬᠡᠯᠡᠵᠦ ᠥᠭᠪᠡ᠃ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠤᠨ ᠳᠠᠪᠠᠭᠤᠯᠢᠭ ᠴᠢᠨᠠᠷ᠎ᠨᠢ ᠡᠴᠦᠰ᠎ᠤᠨ ᠡᠴᠦᠰ᠎ᠲᠤ᠎ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠠᠪᠠᠭᠤᠯᠢᠭ ᠴᠢᠨᠠᠷ᠎ᠠᠴᠠ ᠢᠷᠡᠭᠰᠡᠨ ᠶᠤᠮ᠃
      ᠭᠤᠷᠪᠠ᠂ ᠰᠢᠨ᠎ᠡ ᠴᠠᠭ ᠦᠶ᠎ᠡ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠤᠨᠤᠯ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠢ ᠪᠠᠢ᠌ᠳᠠᠯ᠎ᠢ ᠨᠡᠭᠡᠭᠡᠪᠡ᠃
      20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠤ ᠰᠡᠭᠦᠯᠴᠢ᠎ᠠᠴᠠ ᠶᠡᠷᠡᠭᠡᠳ ᠣᠨ᠎ᠤ ᠡᠬᠢ ᠪᠣᠯᠲᠠᠯ᠎ᠠ᠂ ᠵᠦᠪᠯᠡᠯᠳᠦ ᠬᠣᠯᠪᠣᠭ᠋ᠠᠲᠤ ᠤᠯᠤᠰ ᠪᠠ ᠵᠡᠭᠦᠨ ᠧᠦ᠋ᠷᠣᠫᠠ ᠵᠢᠨ ᠰᠢᠷᠦᠭᠦᠨ ᠬᠤᠪᠢᠰᠤᠯᠲᠠ᠂ ᠳᠡᠯᠡᠬᠡᠢ ᠵᠢᠨ ᠨᠡᠢ᠌ᠭᠡᠮ ᠵᠢᠷᠤᠮᠳᠤ ᠦᠵᠡᠯ ᠬᠦᠨᠳᠦ ᠨᠣᠴᠢᠲᠠᠢ ᠨᠤᠭᠤᠷᠠᠯ ᠪᠦᠳᠦᠷᠢᠯ᠎ᠳᠤ ᠤᠴᠠᠷᠠᠭᠰᠠᠨ ᠦᠶ᠎ᠡ᠎ᠳᠤ᠂ ᠮᠠᠨ᠎ᠤ ᠤᠯᠤᠰ ᠬᠦᠨᠳᠦ ᠨᠣᠴᠢᠲᠠᠢ ᠲᠠᠭ᠋ᠠᠷᠢᠯᠳᠠ ᠵᠢ ᠳᠠᠭ᠋ᠠᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠢ ᠦᠷᠭᠦᠯᠵᠢᠯᠡᠨ ᠤᠷᠤᠬᠰᠢ ᠠᠬᠢᠭᠤᠯᠪᠠ᠃ 1990 ᠣᠨ᠎ᠳᠤ ᠨᠠᠮ᠎ᠤᠨ ᠲᠥᠪ ᠬᠣᠷᠢᠢ᠎ᠠ᠎ᠠᠴᠠ 《ᠭᠤᠷᠪᠠᠨ ᠰᠠᠯᠵᠤ ᠪᠣᠯᠤᠰᠢ ᠦᠭᠡᠢ》᠂ ᠲᠤᠬᠠᠢ᠌ᠯᠠᠪᠠᠯ 《ᠬᠢᠲᠠᠳ ᠦᠨᠳᠦᠰᠦᠲᠡᠨ ᠴᠥᠭᠡᠨ ᠲᠣᠭ᠋ᠠᠲᠤ ᠦᠨᠳᠦᠰᠦᠲᠡᠨ᠎ᠠᠴᠠ ᠰᠠᠯᠵᠤ ᠴᠢᠳᠠᠰᠢ ᠦᠭᠡᠢ᠂ ᠴᠥᠭᠡᠨ ᠲᠣᠭ᠋ᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ ᠴᠦ᠍ ᠬᠡᠨ ᠠᠯᠢᠨ᠎ᠠᠴᠠ᠎ᠪᠠᠨ ᠰᠠᠯᠵᠤ ᠪᠣᠯᠤᠰᠢ ᠦᠭᠡᠢ》 ᠭᠡᠵᠦ ᠬᠦᠨᠵᠡᠬᠡᠢ ᠳᠤᠷᠠᠳᠴᠤ᠂ ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠤᠨ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠬᠤᠪᠢ ᠵᠠᠶᠠᠭ᠎ᠠ᠎ᠪᠠᠨ ᠬᠠᠮᠳᠤᠳᠬᠠᠬᠤ ᠴᠢᠰᠤ ᠮᠢᠬᠠᠨ᠎ᠤ ᠬᠠᠷᠢᠴᠠᠭ᠎ᠠ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠡᠢ᠃
      ᠰᠢᠨ᠎ᠡ ᠴᠠᠭ ᠦᠶ᠎ᠡ᠎ᠳᠤ᠂ ᠶᠡᠷᠦᠩᠬᠡᠢ ᠱᠦᠵᠢ ᠰᠢ ᠵᠢᠨ ᠫᠢᠩ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠤᠨ ᠦᠨᠳᠦᠰᠦᠨ ᠤᠯᠤᠰ᠎ᠤᠨ ᠪᠠᠢ᠌ᠳᠠᠯ᠎ᠳᠤ ᠰᠠᠭᠤᠷᠢᠯᠠᠵᠤ᠂ ᠲᠦᠷᠦ ᠵᠢ ᠵᠠᠰᠠᠬᠤ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠭᠣᠤᠯ ᠴᠢᠮᠥᠭᠡ ᠵᠢ ᠰᠢᠩᠭᠡᠭᠡᠨ ᠠᠪᠴᠤ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ᠎ᠳᠤ ᠦᠨᠳᠦᠰᠦᠯᠡᠵᠦ᠂ ᠥᠷᠥᠨᠡᠳᠠᠬᠢᠨ᠎ᠤ ᠤᠯᠤᠰ ᠤᠷᠤᠨ᠎ᠤ ᠦᠨᠳᠦᠰᠦᠲᠡᠨ᠎ᠤ ᠤᠨᠤᠯ᠎ᠠᠴᠠ ᠳᠠᠪᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠥᠪ ᠴᠢᠭᠯᠡᠯ ᠵᠶ᠋ᠡᠷ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠣᠨᠣᠯ᠎ᠢ ᠪᠦᠷᠢᠯᠳᠦᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠴᠢᠨᠠᠷᠲᠠᠢ ᠤᠨᠤᠯ᠎ᠢ ᠳᠤᠷᠠᠳᠴᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠶ ᠪᠠᠢ᠌ᠳᠠᠯ᠎ᠢ ᠨᠡᠭᠡᠭᠡᠪᠡ᠃
      ᠶᠡᠷᠦᠩᠬᠡᠢ ᠱᠦᠵᠢ ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ᠄ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠢ ᠪᠠᠢ᠌ᠭᠤᠯᠬᠤ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡᠨ᠎ᠳᠤ ᠰᠠᠭᠤᠷᠢᠯᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ ᠦᠨᠳᠦᠰᠦᠨ᠎ᠠᠴᠠ᠎ᠨᠢ ᠠᠪᠴᠤ ᠬᠡᠯᠡᠪᠡᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠠᠬᠢᠭᠤᠯᠬᠤ ᠵᠢᠨ ᠵᠠᠩᠭᠢᠯᠠᠭ᠎ᠠ᠎ᠨᠢ  ᠢᠯᠠᠩᠭᠤᠶ᠎ᠠ ᠤᠨᠤᠯ᠎ᠤᠨ ᠵᠢᠯᠤᠭᠤᠳᠤᠯᠭ᠎ᠠ ᠵᠢᠨ ᠲᠠᠯ᠎ᠠ᠎ᠪᠠᠷ᠎ᠬᠢ 《ᠬᠤᠶᠠᠳᠠᠬᠢ ᠤᠶᠠᠯᠳᠤᠯ》 ᠪᠣᠯᠤᠨ᠎ᠠ᠃ 《ᠬᠤᠶᠠᠳᠠᠬᠢ ᠤᠶᠠᠯᠳᠤᠯ》᠎ᠨᠢ ᠮᠠᠷᠺᠰ᠎ᠤᠨ ᠦᠵᠡᠯ᠎ᠢ ᠳᠤᠮᠳᠠᠳᠤ ᠤᠯᠤᠰ᠎ᠤᠨ᠎ᠬᠢ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠳᠤ ᠦᠶ᠎ᠡ ᠵᠢᠨ᠎ᠬᠢ ᠪᠣᠯᠭ᠋ᠠᠵᠤ᠂ ᠳᠤᠮᠳᠠᠳᠤ ᠵᠢᠨ ᠪᠣᠯᠪᠠᠰᠤᠨ᠎ᠤ ᠠᠮᠢ ᠨᠠᠰᠤᠨ᠎ᠤ ᠰᠢᠨᠡᠴᠢᠯᠡᠯᠲᠡ ᠪᠣᠯᠤᠨ ᠤᠳᠤ ᠦᠶ᠎ᠡ ᠵᠢᠨ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠪᠠ; 《ᠤᠶᠠᠯᠳᠤᠯ》 ᠵᠶ᠋ᠠᠷ ᠳᠠᠮᠵᠢᠨ ᠪᠦᠷᠢᠯᠳᠦᠭᠰᠡᠨ ᠰᠢᠨ᠎ᠡ ᠰᠣᠶᠣᠯ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠰᠣᠶᠣᠯ᠎ᠤᠨ ᠬᠡᠯᠪᠡᠷᠢ ᠪᠣᠯᠵᠤ᠂ 《ᠤᠶᠠᠯᠳᠤᠯ》 ᠵᠶ᠋ᠠᠷ ᠳᠠᠮᠵᠢᠨ ᠪᠦᠷᠢᠯᠳᠦᠭᠰᠡᠨ ᠳᠤᠮᠳᠠᠳᠤ ᠵᠢᠨ ᠦᠨᠳᠦᠰᠦᠲᠡᠨ᠎ᠤ ᠣᠳᠣ ᠦᠶ᠎ᠡ ᠵᠢᠨ ᠪᠣᠯᠪᠠᠰᠤᠨ᠎ᠨᠢ ᠬᠥᠮᠦᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠬᠡᠯᠪᠡᠷᠢ ᠪᠣᠯᠵᠠᠶ᠃ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠨᠢ ᠳᠤᠮᠳᠠᠳᠤ ᠵᠢᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ ᠪᠣᠯᠪᠠᠰᠤᠨ᠎ᠤ ᠬᠡᠯᠪᠡᠷᠢ ᠪᠣᠯᠤᠭᠰᠠᠨ᠎ᠤ ᠬᠤᠪᠢ᠎ᠳᠤ ᠬᠠᠮᠲᠤ ᠵᠢᠨ ᠦᠷᠳᠡᠭ᠎ᠢ ᠬᠥᠭᠡᠭᠡᠴᠡᠯᠳᠦᠬᠦ᠂ ᠲᠡᠮᠡᠴᠡᠯ᠎ᠤᠨ ᠡᠭᠦᠷᠭᠡ ᠵᠢ ᠬᠠᠮᠲᠤ᠎ᠪᠠᠷ ᠡᠭᠦᠷᠭᠡᠯᠡᠬᠦ᠂ ᠰᠣᠶᠣᠯ᠎ᠤᠨ ᠡᠨᠡᠭᠰᠢᠯ᠎ᠢ ᠬᠠᠮᠲᠤ᠎ᠪᠠᠷ ᠡᠳ᠋ᠯᠡᠬᠦ ᠵᠢ ᠬᠠᠷᠠᠭᠤᠯᠵᠤ ᠪᠠᠢ᠌ᠨ᠎ᠠ᠃ ᠡᠢ᠌ᠮᠦ᠎ᠠᠴᠠ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ ᠪᠣᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠪᠣᠯ ᠠᠳᠠᠯᠢ ᠴᠢᠭᠯᠡᠯ ᠵᠶ᠋ᠡᠷ ᠬᠠᠮᠲᠤ᠎ᠪᠠᠷ ᠤᠷᠤᠭᠰᠢᠯᠠᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠳᠠᠪᠰᠢᠬᠤ ᠬᠠᠷᠢᠴᠠᠭ᠎ᠠ ᠮᠥᠨ ᠪᠦᠭᠡᠳ ᠨᠡᠩ ᠭᠦᠨ ᠳᠠᠪᠬᠤᠷᠭ᠎ᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠠᠬᠢᠭᠤᠯᠵᠤ ᠪᠠᠢ᠌ᠭ᠎ᠠ ᠶᠤᠮ᠃

4.jpg

      ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ᠎ᠤᠨ ᠣᠯᠠᠨ ᠲᠦᠮᠡᠨ᠎ᠤ ᠵᠢᠭᠰᠠᠭ᠋ᠠᠯ᠎ᠳᠤ᠎ᠬᠢ ᠦᠨᠳᠦᠰᠦᠲᠡᠨ᠎ᠤ ᠪᠦᠯᠬᠦᠮᠳᠡᠯ᠎ᠤᠨ ᠵᠢᠭᠰᠠᠭ᠋ᠠᠯ᠃ (ᠰᠢᠨ ᠬᠤᠸᠠ ᠬᠣᠷᠢᠶᠠᠨ᠎ᠤ ᠰᠤᠷᠪᠤᠯᠵᠢᠯᠠᠭᠴᠢ᠄ ᠵᠠᠩ ᠾᠥᠩ ᠰᠢᠶᠠᠩ)
      《ᠬᠣᠶᠠᠷ ᠤᠶᠠᠯᠳᠤᠯ》 ᠢᠯᠠᠩᠭᠤᠶ᠎ᠠ 《ᠬᠣᠶᠠᠳᠠᠬᠢ ᠤᠶᠠᠯᠳᠤᠯ》᠎ᠳᠤ ᠰᠠᠭᠤᠷᠢᠯᠠᠵᠤ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠤᠨᠤᠯ᠎ᠢ ᠳᠤᠷᠠᠳᠴᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠢ ᠪᠠᠢ᠌ᠳᠠᠯ᠎ᠢ ᠨᠡᠭᠡᠭᠡᠵᠡᠢ᠂ ᠡᠭᠦᠨ᠎ᠳᠤ᠄ ᠲᠡᠦᠬᠡ ᠵᠢᠨ ᠬᠥᠭᠵᠢᠯᠲᠡ ᠵᠢᠨ ᠲᠠᠯ᠎ᠠ᠎ᠠᠴᠠ ᠡᠷᠬᠡᠪᠰᠢ ᠵᠥᠪ ᠣᠨᠣᠪᠴᠢᠲᠠᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠠᠷᠢᠮᠲᠠᠯᠠᠬᠤ ᠬᠡᠷᠡᠭᠲᠡᠢ ᠭᠡᠵᠦ ᠳᠤᠷᠠᠳᠤᠭᠰᠠᠨ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠲᠡᠦᠬᠡ ᠵᠢᠨ ᠶᠠᠪᠤᠴᠠ ᠵᠢᠨ ᠤᠨᠤᠯ ᠪᠣᠯᠤᠨ ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢᠨ ᠵᠢᠮ᠎ᠡ ᠶᠣᠰᠣ ᠵᠢᠨ ᠭᠦᠨᠵᠡᠭᠡᠢ ᠤᠶᠠᠯᠳᠤᠯ ᠪᠣᠯᠤᠨ᠎ᠠ; ᠬᠠᠮᠲᠤ ᠵᠢᠨ ᠴᠣᠭᠴᠠ ᠵᠢᠨ ᠲᠠᠯ᠎ᠠ᠎ᠠᠴᠠ 《ᠲᠦᠷᠪᠡᠨ ᠬᠠᠮᠳᠤᠳᠬᠠᠬᠤ》 ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠳᠤᠷᠠᠳᠤᠭᠰᠠᠨ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠶᠠᠪᠤᠯᠴᠠᠭ᠎ᠠ ᠬᠣᠯᠪᠣᠭ᠋ᠠᠯᠠᠯ᠎ᠤᠨ ᠤᠨᠤᠯ ᠪᠣᠯᠤᠨ ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠤᠨ 《ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠬᠡᠢ》 ᠪᠤᠰᠤᠳᠴᠢ ᠪᠣᠳᠠᠲᠤ ᠪᠠᠢ᠌ᠳᠠᠯ᠎ᠤᠨ ᠭᠦᠨᠵᠡᠭᠡᠢ ᠤᠶᠠᠯᠳᠤᠯ ᠪᠣᠯᠤᠨ᠎ᠠ; ᠠᠷᠭ᠎ᠠ ᠵᠢᠨ ᠤᠨᠤᠯ᠎ᠤᠨ ᠡᠭᠦᠳᠡᠨ᠎ᠠᠴᠠ ᠳᠤᠮᠳᠠᠳᠤ ᠵᠢᠨ ᠦᠨᠳᠦᠰᠦᠲᠡᠨ ᠪᠣᠯᠤᠨ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ 《ᠲᠦᠷᠪᠡᠨ ᠬᠣᠣᠰ ᠬᠠᠷᠢᠴᠠᠭ᠎ᠠ》 ᠵᠢ ᠳᠤᠷᠠᠳᠤᠨ ᠭᠠᠷᠭ᠋ᠠᠭᠰᠠᠨ ᠶᠠᠪᠤᠳᠠᠯ ᠪᠣᠯ ᠮᠠᠷᠺᠰ᠎ᠤᠨ ᠦᠵᠡᠯ᠎ᠤᠨ ᠪᠣᠳᠠᠰᠴᠢ ᠬᠤᠪᠢᠰᠤᠩᠭᠤᠢ ᠠᠷᠭ᠎ᠠ ᠪᠣᠯᠤᠨ ᠳᠤᠮᠳᠠᠳᠤ ᠤᠯᠤᠰ᠎ᠤᠨ ᠤᠯᠠᠮᠵᠢᠯᠠᠯᠲᠤ ᠬᠤᠪᠢᠰᠤᠩᠭᠤᠢ ᠰᠡᠳᠬᠢᠬᠦᠢ ᠵᠢᠨ ᠭᠦᠨᠵᠡᠭᠡᠢ ᠤᠶᠠᠯᠳᠤᠯ ᠮᠥᠨ; ᠲᠥᠷᠥ ᠵᠢ ᠵᠠᠰᠠᠬᠤ ᠡᠭᠦᠳᠡᠨ᠎ᠠᠴᠠ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ ᠪᠠ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠤᠨ ᠣᠨᠤᠯᠵᠢᠬᠤᠨ᠎ᠢ ᠴᠢᠬᠤᠯᠠᠴᠢᠯᠠᠬᠤ ᠪᠣᠯ ᠮᠠᠷᠺᠰ᠎ᠤᠨ ᠦᠵᠡᠯ᠎ᠤᠨ ᠤᠯᠤᠰ᠎ᠤᠨ ᠦᠨᠳᠦᠰᠦᠲᠡᠨ᠎ᠤ ᠣᠨᠣᠯ ᠬᠢᠭᠡᠳ ᠳᠤᠮᠳᠠᠳᠤ ᠤᠯᠤᠰ᠎ᠤᠨ ᠶᠡᠬᠡ ᠨᠢᠭᠡᠳᠦᠯ᠎ᠤᠨ ᠤᠯᠠᠷᠢᠨ ᠬᠤᠪᠢᠰᠬᠤ ᠵᠢᠮ᠎ᠡ ᠶᠣᠰᠣᠨ᠎ᠤ ᠭᠦᠨᠵᠡᠭᠡᠶ ᠤᠶᠠᠯᠳᠤᠯ ᠮᠥᠨ᠃
      ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠤᠨᠤᠯ᠎ᠨᠢ ᠳᠤᠮᠳᠠᠳᠤ ᠵᠢᠨ ᠦᠨᠳᠦᠰᠦᠲᠡᠨ ᠪᠣᠯᠤᠨ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠤᠨ ᠬᠠᠷᠢᠴᠠᠭ᠎ᠠ ᠵᠢ ᠲᠣᠳᠣᠷᠬᠠᠢ᠌ᠯᠠᠵᠤ᠂ ᠳᠤᠮᠳᠠᠳᠤ ᠵᠢᠨ ᠦᠨᠳᠦᠰᠦᠲᠡᠨ ᠪᠣᠯᠤᠨ ᠡᠯ᠎ᠡ ᠦᠨᠳᠦᠰᠦᠲᠡᠨ᠎ᠤ ᠬᠠᠷᠢᠴᠠᠭ᠎ᠠ ᠵᠢ ᠲᠣᠭᠲᠠᠭ᠋ᠠᠵᠤ᠂ ᠨᠡᠢ᠌ᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠠᠷᠢᠴᠠᠭ᠎ᠠ ᠵᠢ ᠵᠥᠪ ᠪᠠᠢ᠌ᠷᠢᠯᠠᠭᠤᠯᠵᠤ᠂ ᠨᠢᠭᠡ ᠴᠣᠭᠴᠠ ᠪᠣᠯᠤᠨ ᠤᠯᠠᠨ ᠡᠰᠢᠲᠦ ᠬᠠᠷᠢᠴᠠᠭ᠎ᠠ ᠵᠢ ᠨᠡᠪᠲᠡᠷᠬᠡᠢ ᠶᠠᠷᠢᠭᠰᠠᠨ ᠪᠠᠢ᠌ᠨ᠎ᠠ; 《ᠳᠤᠮᠳᠠᠳᠤ ᠵᠢᠨ ᠦᠨᠳᠦᠰᠦᠲᠡᠨ》 ᠪᠣᠯ ᠦᠨᠳᠦᠰᠦᠲᠡᠨ᠎ᠨᠦᠭᠦᠳ᠎ᠤᠨ ᠠᠭᠤᠰᠤᠯᠴᠠᠨ ᠨᠡᠢ᠌ᠯᠡᠵᠦ ᠪᠦᠷᠢᠯᠳᠦᠭᠰᠡᠨ ᠬᠡᠳᠦᠨ ᠮᠢᠩᠭ᠋ᠠᠨ ᠵᠢᠯ᠎ᠤᠨ ᠭᠦᠨ ᠵᠤᠵᠠᠭ᠋ᠠᠨ ᠲᠡᠦᠬᠡ ᠵᠢᠨ ᠰᠠᠭᠤᠷᠢ᠎ᠲᠠᠢ ᠦᠨᠳᠦᠰᠦᠲᠡᠨ᠎ᠤ ᠪᠣᠳᠠᠲᠤ ᠴᠣᠭᠴᠠ ᠪᠣᠯᠬᠤ ᠵᠢ ᠢᠯᠡᠷᠡᠭᠦᠯᠵᠦ᠂ ᠳᠤᠮᠳᠠᠳᠤ ᠵᠢᠨ ᠦᠨᠳᠦᠰᠦᠲᠡᠨ ᠪᠣᠯ 《ᠲᠦᠷᠪᠡᠨ ᠬᠠᠮᠲᠤ᠎ᠪᠠᠷ》᠎ᠤᠨ ᠲᠡᠦᠬᠡ ᠵᠢᠨ ᠦᠢ᠍ᠯᠡᠳᠦᠯᠭᠡ ᠳᠤᠮᠳᠠ ᠲᠠᠰᠤᠷᠠᠯᠳᠠ ᠦᠭᠡᠢ ᠬᠦᠴᠦᠷᠬᠡᠭᠵᠢᠭᠰᠡᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠬᠤ ᠵᠢ ᠲᠤᠭ ᠲᠡᠮᠳᠡᠭ ᠲᠣᠳᠣᠷᠬᠠᠢ᠎ᠪᠠᠷ ᠰᠠᠨᠠᠭ᠋ᠠᠴᠢᠯᠠᠪᠠ᠃ ᠡᠨᠡ᠎ᠨᠢ ᠪᠠᠰᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ᠎ᠢ ᠲᠠᠰᠣᠷᠠᠯᠳᠠ ᠥᠭᠡᠢ ᠲᠥᠯᠬᠢᠨ ᠠᠬᠢᠭᠤᠯᠬᠤ ᠵᠢ ᠳᠠᠭ᠋ᠠᠯᠳᠤᠵᠤ᠂ ᠮᠠᠨ᠎ᠤ ᠨᠠᠮ᠎ᠤᠨ ᠲᠡᠦᠬᠡ ᠵᠢᠨ ᠢᠲᠡᠭᠡᠯ ᠪᠠ ᠰᠣᠶᠣᠯ᠎ᠤᠨ ᠢᠲᠡᠭᠡᠯ ᠰᠢᠨ᠎ᠡ ᠥᠨᠳᠥᠷᠴᠡ᠎ᠳᠤ ᠬᠥᠷᠥᠭᠰᠡᠨ᠎ᠢ ᠬᠠᠷᠠᠭᠤᠯᠵᠤ ᠪᠠᠢ᠌ᠨ᠎ᠠ᠃
      ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭᠰᠠᠨ ᠵᠠᠭᠤᠨ ᠵᠢᠯ᠎ᠤᠨ ᠦᠢ᠍ᠯᠡᠳᠦᠯᠭᠡ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠴᠢᠬᠤᠯᠠᠴᠢᠯᠠᠬᠤ ᠪᠣᠯ ᠲᠡᠭᠦᠨ᠎ᠳᠤ ᠲᠤᠭᠤᠰᠢᠯᠠᠭᠳᠠᠵᠤ ᠪᠠᠢ᠌ᠭ᠎ᠠ ᠨᠢᠭᠡᠨ ᠭᠣᠣᠯ ᠰᠢᠵᠢᠮ ᠪᠠᠢ᠌ᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠭᠡᠬᠦ ᠡᠨᠡ ᠬᠦ᠌ ᠡᠪ ᠬᠠᠮᠲᠤᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠳᠤ ᠢᠮᠠᠭᠲᠠ ᠦᠢ᠍ᠯᠡᠴᠢᠯᠡᠵᠦ ᠪᠠᠢ᠌ᠳᠠᠭ᠎ᠢ ᠦᠵᠡᠵᠦ ᠭᠠᠷᠴᠤ ᠪᠤᠯᠤᠨ᠎ᠠ᠃ ᠬᠡᠳᠦᠢ᠌ᠪᠡᠷ ᠠᠳᠠᠯᠢ ᠪᠤᠰᠤ ᠲᠡᠦᠬᠡᠨ ᠴᠠᠭ ᠦᠶ᠎ᠡ᠎ᠳᠤ ᠠᠳᠠᠯᠢ ᠪᠤᠰᠤ ᠲᠡᠦᠬᠡᠨ ᠨᠥᠬᠥᠴᠡᠯ ᠳᠣᠣᠷ᠎ᠠ᠂ ᠨᠠᠮ᠎ᠤᠨ ᠦᠨᠳᠦᠰᠦᠲᠡᠨ᠎ᠤ ᠠᠵᠢᠯ᠎ᠤᠨ ᠡᠭᠦᠷᠭᠡ ᠪᠠ ᠭᠣᠣᠯᠳᠠᠯᠭ᠎ᠠ᠎ᠨᠢ ᠠᠳᠠᠯᠢ ᠪᠤᠰᠤ ᠪᠠᠢ᠌ᠳᠠᠭ ᠪᠣᠯᠪᠠᠴᠤ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠬᠤ ᠭᠣᠣᠯᠳᠠᠯᠭ᠎ᠠ᠎ᠨᠢ ᠶᠡᠷᠦ᠎ᠠᠴᠠ ᠬᠤᠪᠢᠷᠠᠬᠤ ᠦᠭᠡᠢ ᠪᠠᠢ᠌ᠵᠤ᠂ ᠳᠤᠮᠳᠠᠳᠤ ᠵᠢᠨ ᠦᠨᠳᠦᠰᠦᠲᠡᠨ᠎ᠤ ᠪᠦᠬᠦᠯᠢ ᠴᠣᠭᠴᠠ ᠵᠢᠨ ᠰᠢᠨᠵᠢ ᠴᠢᠨᠠᠷ᠎ᠢ ᠳᠣᠪᠤᠢ᠌ᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠪᠦᠬᠦᠯᠢ ᠴᠣᠭᠴᠠ ᠵᠢᠨ ᠠᠰᠢᠭ ᠲᠤᠰᠠ ᠵᠢ ᠬᠠᠮᠠᠭ᠋ᠠᠯᠠᠵᠤ ᠪᠠᠢ᠌ᠳᠠᠭ᠃ ᠳᠤᠮᠳᠠᠳᠤ  ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠵᠢᠯᠣᠭᠣᠳᠣᠯᠭ᠎ᠠ ᠳᠣᠤᠷ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠤᠨ ᠳᠠᠪᠠᠭᠤᠯᠢᠭ ᠴᠢᠨᠠᠷ᠎ᠨᠢ ᠲᠠᠰᠤᠷᠠᠯᠲᠠ ᠥᠬᠡᠶ ᠢᠯᠡᠷᠡᠵᠦ ᠪᠠᠢ᠌ᠨ᠎ᠠ᠃ ᠰᠢᠨ᠎ᠡ ᠴᠠᠭ ᠦᠶ᠎ᠡ᠎ᠳᠤ ᠤᠷᠤᠬᠰᠠᠨ᠎ᠤ ᠲᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠤᠨᠤᠯ᠎ᠢ ᠳᠤᠷᠠᠳᠤᠭᠰᠠᠨ᠎ᠨᠢ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠤᠨ ᠬᠤᠪᠢᠰᠤᠯᠲᠠ ᠵᠢᠨ ᠶᠠᠪᠤᠴᠠ᠎ᠳᠠᠬᠢ 《ᠲᠦᠷᠪᠡᠨ ᠬᠠᠮᠲᠤ᠎ᠪᠠᠷ》᠎ᠤᠨ ᠲᠡᠦᠬᠡ ᠵᠢᠨ ᠳ᠋ᠦᠩᠨᠡᠯᠲᠡ᠎ᠠᠴᠠ ᠢᠷᠡᠯᠲᠡ᠎ᠲᠠᠢ ᠪᠥᠭᠡᠳ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭᠰᠠᠨ ᠵᠠᠭᠤᠨ ᠵᠢᠯ᠎ᠤᠨ ᠦᠢ᠍ᠯᠡᠳᠦᠯᠭᠡ ᠵᠢᠨ ᠲᠤᠷᠰᠢᠯᠭ᠎ᠠ᠎ᠠᠴᠠ ᠢᠷᠡᠯᠲᠡ᠎ᠲᠠᠢ᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠠᠴᠠ ᠡᠭᠦᠰᠬᠦ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ᠎ᠳᠤ ᠰᠠᠭᠤᠷᠢᠯᠠᠵᠤ᠂ ᠴᠠᠭ ᠦᠶ᠎ᠡ ᠵᠢᠨ ᠶᠡᠬᠡ ᠬᠠᠨᠳᠤᠰᠢ ᠵᠢ ᠨᠡᠪᠲᠡ ᠠᠵᠢᠭᠯᠠᠵᠤ᠂ ᠲᠡᠦᠬᠡ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠵᠦ᠂ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠳᠠᠰᠤᠷᠠᠯᠳᠠ ᠦᠭᠡᠢ ᠠᠬᠢᠭᠤᠯᠬᠤ ᠰᠢᠨ᠎ᠡ ᠡᠭᠦᠳᠦᠯᠳᠡ ᠵᠢᠨ ᠬᠡᠪ ᠰᠤᠷᠲᠠᠯ ᠪᠣᠯᠤᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠭᠦᠢ᠍ᠴᠡᠳ ᠢᠯᠡᠷᠡᠭᠦᠯᠵᠡᠢ᠃



        ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠳᠤᠮᠳᠠᠳᠤ ᠵᠢ ᠦᠬᠦᠯᠡᠬᠦᠢ