ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠵᠠᠩ ᠬᠣᠩ ᠰᠸᠨ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠦᠨᠳᠦᠰᠦ ᠮᠥᠨ
ᠨᠡᠶ᠋ᠢᠲᠡᠯᠡᠭᠰᠡᠨ ᠴᠠᠭ᠄ 2025-01-03

    【ᠨᠠᠢ᠌ᠷᠠᠭᠤᠯᠤᠭᠴᠢ ᠵᠢᠨ ᠦᠭᠡ】 11 ᠳ᠋ᠤᠬᠡᠷ ᠰᠠᠷ᠎ᠠ ᠵᠢᠨ 17᠎ᠤ ᠡᠳᠦᠷ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ ᠪᠣᠯᠤᠨ ᠤᠯᠤᠰ᠎ᠤᠨ ᠦᠨᠳᠦᠰᠦᠲᠡᠨ᠎ᠤ ᠵᠥᠪᠯᠡᠯ᠎ᠠᠴᠠ ᠭᠣᠤᠯᠯᠠᠨ ᠡᠷᠭᠢᠯᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ》 ᠶᠠᠷᠢᠯᠴᠠᠬᠤ ᠬᠤᠷᠠᠯ ᠭᠤᠸᠠᠩᠰᠢ ᠵᠢᠨ ᠨᠠᠨᠨᠢᠩ᠎ᠳᠤ ᠶᠠᠪᠤᠭᠳᠠᠪᠠ᠃ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠫᠠᠨ ᠶᠤᠸᠠᠢ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠡᠳ᠋ ᠲᠡᠷᠢᠭᠦᠯᠡᠭᠴᠢ᠂ ᠱᠦᠵᠢ ᠨᠡᠷ᠎ᠤᠨ ᠭᠠᠵᠠᠷ᠎ᠤᠨ ᠱᠦᠵᠢ ᠵᠠᠩ ᠬᠣᠩ ᠰᠸᠨ ᠨᠠᠷ ᠬᠤᠷᠠᠯ᠎ᠳᠤ ᠤᠷᠤᠯᠴᠠᠵᠤ ᠶᠠᠷᠢᠶ᠎ᠠ ᠳᠠᠯᠪᠢᠵᠡᠢ᠂ ᠰᠢᠨ᠎ᠡ ᠴᠠᠭ ᠦᠶ᠎ᠡ᠎ᠳᠤ ᠶᠠᠮᠠᠷ ᠶᠠᠩᠵᠤ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠢ ᠪᠤᠢ ᠪᠣᠯᠭ᠋ᠠᠬᠤ᠂ ᠦᠨᠳᠦᠰᠦᠲᠡᠨ᠎ᠤ ᠤᠳᠬ᠎ᠠ ᠵᠣᠬᠢᠶᠠᠯ᠎ᠢ ᠬᠡᠷᠬᠢᠨ ᠪᠤᠢ ᠪᠣᠯᠭ᠋ᠠᠬᠤ᠂ ᠦᠨᠳᠦᠰᠦᠲᠡᠨ᠎ᠤ ᠤᠳᠬ᠎ᠠ ᠵᠣᠬᠢᠶᠠᠯ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠡᠷᠬᠢᠨ ᠪᠠᠳᠤᠳᠬᠠᠬᠤ ᠵᠡᠷᠭᠡ ᠠᠰᠠᠭᠤᠳᠠᠯ᠎ᠢ ᠭᠦᠨᠵᠡᠭᠡᠢ ᠲᠣᠳᠣᠷᠬᠠᠢ᠌ᠯᠠᠨ ᠲᠠᠢ᠌ᠯᠪᠦᠷᠢᠯᠠᠪᠠ᠃ ᠳᠣᠣᠷᠠᠬᠢ ᠪᠣᠯ ᠵᠠᠩ ᠬᠣᠩ ᠰᠸᠨ ᠨᠥᠬᠥᠷ᠎ᠤᠨ ᠶᠠᠷᠢᠶᠠᠨ᠎ᠤ ᠪᠦᠬᠦ ᠠᠭᠤᠯᠭ᠎ᠠ ᠪᠣᠯᠤᠨ᠎ᠠ᠃

      ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ ᠪᠠ ᠤᠯᠤᠰ᠎ᠤᠨ ᠦᠨᠳᠦᠰᠦᠲᠡᠨ᠎ᠤ ᠵᠥᠪᠯᠡᠯ᠎ᠨᠢ 《ᠳᠤᠮᠳᠠᠳᠤ ᠤᠯᠤᠰ᠎ᠤᠨ ᠤᠳᠬ᠎ᠠ ᠵᠣᠬᠢᠶᠠᠯ᠎ᠤᠨ ᠦᠪᠡᠳᠡᠭᠰᠢ ᠶᠣᠰᠣᠯᠠᠯ· ᠠᠵᠢᠨᠠᠶ ᠬᠦᠯᠦᠭ ᠱᠠᠩᠨᠠᠯ᠎ᠤᠨ ᠦᠳᠡᠰᠢ》 ᠵᠢ ᠠᠮᠵᠢᠯᠲᠠ᠎ᠲᠠᠢ ᠡᠷᠭᠢᠯᠡᠭᠰᠡᠨ ᠲᠠᠰᠢᠷᠠᠮ ᠵᠢᠡᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ》 ᠶᠠᠷᠢᠯᠴᠠᠬᠤ ᠬᠤᠷᠠᠯ᠎ᠢ ᠬᠠᠮᠲᠤ᠎ᠪᠠᠷ ᠵᠣᠬᠢᠶᠠᠨ ᠪᠠᠢ᠌ᠭᠤᠯᠵᠤ ᠬᠤᠷᠠᠯᠳᠤᠭᠤᠯᠤᠭᠰᠠᠨ᠎ᠤ ᠵᠣᠷᠢᠯᠭ᠎ᠠ᠎ᠨᠢ ᠥᠷᠭᠡᠨ ᠣᠯᠠᠨ ᠵᠣᠬᠢᠶᠠᠯᠴᠢ ᠪᠠ ᠤᠳᠬ᠎ᠠ ᠵᠣᠬᠢᠶᠠᠯ᠎ᠤᠨ ᠠᠵᠢᠯᠲᠠᠳ᠎ᠢ ᠪᠦᠯᠬᠦᠮᠳᠡᠭᠦᠯᠦᠨ ᠳᠠᠭ᠋ᠠᠭᠤᠯᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠶᠡᠬᠡ ᠪᠣᠳᠣᠯᠭ᠎ᠠ ᠵᠢ ᠬᠠᠮᠲᠤ᠎ᠪᠠᠷ ᠵᠥᠪᠳᠡᠯᠴᠡᠬᠦ ᠵᠢᠨ ᠲᠥᠯᠥᠭᠡ ᠶᠤᠮ᠃
      ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ ᠪᠣᠯ ᠤᠳᠬ᠎ᠠ ᠤᠷᠠᠯᠢᠭ᠎ᠤᠨ ᠠᠵᠢᠯ ᠮᠥᠷᠲᠡᠭᠡᠨ ᠪᠠᠰᠠ ᠦᠨᠳᠦᠰᠦᠲᠡᠨ᠎ᠤ ᠠᠵᠢᠯ ᠮᠥᠨ᠃ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠬᠤ ᠪᠠ ᠴᠠᠭ ᠦᠶᠡᠴᠢᠯᠡᠬᠦ ᠵᠢ ᠲᠠᠰᠤᠷᠠᠯᠲᠠ ᠥᠬᠡᠶ ᠠᠬᠢᠭᠤᠯᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠦᠨᠳᠦᠰᠦᠨ ᠵᠢᠷᠤᠮᠯᠠᠯ ᠪᠠ ᠬᠡᠷᠡᠯ ᠰᠠᠴᠤᠷᠠᠩᠭᠤᠶ ᠵᠢᠯᠣᠭᠣᠳᠣᠯᠭ᠎ᠠ ᠬᠠᠩᠭ᠋ᠠᠪᠠ᠃ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ᠎ᠨᠢ ᠢᠮᠠᠭᠲᠠ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠲᠤ ᠰᠢᠨ᠎ᠡ ᠳᠦᠷᠰᠦ ᠪᠠᠢ᠌ᠳᠠᠯ ᠢᠯᠡᠷᠡᠵᠦ᠂ ᠰᠢᠨ᠎ᠡ ᠠᠮᠵᠢᠯᠲᠠ ᠤᠯᠬᠤ ᠵᠢ ᠠᠬᠢᠭᠤᠯᠪᠠ᠃
      ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠪᠡ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠵᠠᠢ᠌ᠯᠠᠰᠢ ᠦᠭᠡᠢ ᠵᠢᠮ᠎ᠡ ᠶᠣᠰᠣ ᠵᠢ ᠭᠦᠨᠵᠡᠭᠡᠢ ᠵᠠᠳᠠᠯᠤᠨ ᠨᠡᠪᠲᠡ ᠠᠵᠢᠭᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠂ ᠳᠤᠮᠳᠠᠳᠤ ᠤᠯᠤᠰ᠎ᠤᠨ ᠬᠡᠪ ᠨᠠᠮᠪᠠ᠎ᠲᠠᠢ᠂ ᠳᠤᠮᠳᠠᠳᠤ ᠤᠯᠤᠰ᠎ᠤᠨ ᠰᠦᠷ ᠵᠢᠪᠬᠤᠭ᠎ᠠ᠎ᠲᠠᠢ ᠤᠤᠭ᠋ᠠᠯ ᠡᠭᠦᠳᠦᠯᠲᠡ ᠵᠢᠨ ᠴᠢᠨᠠᠷᠲᠠᠢ ᠤᠨᠤᠯ᠎ᠤᠨ ᠦᠷ᠎ᠡ ᠪᠦᠲᠦᠭᠡᠯ ᠵᠶ᠋ᠡᠷ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠤᠨ ᠲᠡᠦᠬᠡᠲᠦ ᠴᠢᠨᠠᠷᠲᠠᠢ ᠦᠰᠦᠷᠦᠯᠲᠡ ᠵᠢ ᠪᠡᠶᠡᠯᠡᠭᠦᠯᠪᠡ᠃ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ᠎ᠨᠢ ᠡᠨᠡ ᠬᠦ᠌ ᠴᠢᠬᠤᠯᠠ ᠦᠵᠡᠯ ᠰᠠᠨᠠᠭ᠎ᠠ᠎ᠪᠠᠷ ᠤᠶᠤᠨ ᠰᠠᠨᠠᠭ᠎ᠠ᠎ᠪᠠᠨ ᠵᠡᠪᠰᠡᠭᠯᠡᠵᠦ᠂ ᠵᠣᠬᠢᠶᠠᠨ ᠪᠦᠲᠦᠭᠡᠬᠦ᠎ᠪᠠᠨ ᠵᠢᠯᠤᠭᠤᠳᠤᠭᠤᠯᠬᠤ ᠵᠢ ᠢᠮᠠᠭᠲᠠ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠪᠠ᠃
      ᠠᠵᠢᠯ᠎ᠤᠨ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠴᠢᠬᠤᠯᠠ ᠠᠷᠭ᠎ᠠ ᠬᠡᠮᠵᠢᠶ᠎ᠡ ᠭᠠᠷᠭ᠋ᠠᠪᠠ᠃ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ ᠪᠣᠯᠤᠨ ᠤᠯᠤᠰ᠎ᠤᠨ ᠦᠨᠳᠦᠰᠦᠲᠡᠨ᠎ᠤ ᠵᠥᠪᠯᠡᠯ ᠪᠠᠢ᠌ᠩᠭᠤᠵᠢᠭᠰᠠᠨ ᠠᠵᠢᠯ᠎ᠤᠨ ᠵᠣᠬᠢᠴᠠᠭᠤᠯᠭ᠎ᠠ ᠪᠠ ᠬᠠᠮᠲᠤᠷᠠᠯᠴᠠᠭ᠋ᠠᠨ᠎ᠤ ᠲᠣᠭᠲᠠᠴᠠ ᠵᠢ ᠬᠠᠮᠲᠤ᠎ᠪᠠᠷ ᠪᠠᠢ᠌ᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ; ᠰᠢᠨᠵᠢᠶᠠᠩ᠎ᠤᠨ ᠤᠢ᠌ᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠲᠠᠢ 《〈ᠰᠣᠶᠣᠯ ᠵᠶ᠋ᠠᠷ ᠰᠢᠨᠵᠢᠶᠠᠩ᠎ᠢ ᠤᠮᠳᠠᠯᠠᠬᠤ〉 ᠤᠳᠬ᠎ᠠ ᠵᠣᠬᠢᠶᠠᠯ᠎ᠤᠨ ᠢᠨᠵᠧᠨᠧᠷᠢᠩ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠲᠤ ᠭᠠᠷ᠎ᠤᠨ ᠦᠰᠦᠭ ᠵᠢᠷᠤᠵᠤ᠂ 《ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ᠎ᠤᠨ 〈ᠤᠳᠬ᠎ᠠ ᠵᠣᠬᠢᠶᠠᠯ ᠵᠶ᠋ᠠᠷ ᠲᠥᠪᠡᠳ᠎ᠢ ᠲᠤᠰᠠᠯᠠᠬᠤ〉 ᠠᠵᠢᠯ᠎ᠤᠨ ᠲᠥᠯᠥᠪᠵᠢᠭᠦᠯᠭᠡ》᠂ 《〈ᠤᠳᠬ᠎ᠠ ᠵᠣᠬᠢᠶᠠᠯ ᠵᠶ᠋ᠠᠷ ᠤᠮᠠᠷᠠᠲᠤ ᠬᠢᠯᠢ ᠵᠢ ᠤᠮᠳᠠᠯᠠᠬᠤ〉 ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠭᠤᠷᠪᠠᠨ ᠵᠢᠯ᠎ᠤᠨ ᠬᠠᠪᠰᠤᠷᠤᠨ ᠲᠡᠳᠬᠦᠬᠦ ᠬᠠᠮᠲᠤᠷᠠᠯᠴᠠᠭ᠋ᠠᠨ᠎ᠤ ᠲᠥᠯᠥᠪᠯᠡᠭᠡ》 ᠵᠢ ᠲᠣᠭᠲᠠᠭ᠋ᠠᠪᠠ; ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠢ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ· ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠤᠳᠤᠨ ᠴᠤᠪᠤᠷᠠᠯ ᠨᠤᠮ》᠎ᠤᠨ ᠲᠦᠷᠦᠯ ᠵᠤᠢ᠌ᠯ᠎ᠢ ᠲᠤᠭᠲᠠᠪᠠ; 《ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠳᠦ ᠳᠣᠲᠣᠨᠣ ᠪᠠᠢ᠌ᠬᠤ》 ᠪᠥᠬᠥ ᠤᠯᠤᠰ᠎ᠤᠨ ᠣᠯᠠᠨ ᠦᠨᠳᠦᠰᠦᠲᠡᠨ᠎ᠤ ᠵᠣᠬᠢᠶᠠᠯᠴᠢᠳ᠎ᠤᠨ ᠪᠣᠯᠪᠠᠰᠤᠷᠠᠯ᠎ᠤᠨ ᠠᠩᠭᠢ᠂ 《ᠰᠣᠶᠣᠯ ᠵᠶ᠋ᠠᠷ ᠰᠢᠨᠵᠢᠶᠠᠩ᠎ᠢ ᠤᠮᠳᠠᠯᠠᠬᠤ》 ᠪᠠ ᠲᠥᠪᠡᠳ᠎ᠤᠨ ᠵᠣᠬᠢᠶᠠᠯᠴᠢᠳ᠎ᠤᠨ ᠪᠣᠯᠪᠠᠰᠤᠷᠠᠯ᠎ᠤᠨ ᠠᠩᠭᠢ ᠵᠡᠷᠭᠡ ᠵᠢ ᠡᠷᠭᠢᠯᠡᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠢᠨ᠎ᠡ ᠬᠦᠴᠦᠨ᠎ᠢ ᠬᠥᠮᠦᠵᠢᠭᠦᠯᠪᠡ; ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠢᠭᠰᠠᠭ᠋ᠠᠯ᠎ᠤᠨ ᠭᠠᠵᠠᠷ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ 《ᠦᠨᠳᠦᠰᠦᠲᠡᠨ᠎ᠤ ᠤᠳᠬ᠎ᠠ ᠵᠣᠬᠢᠶᠠᠯ》 ᠰᠡᠳᠬᠦᠯ᠎ᠢ ᠰᠠᠢ᠌ᠲᠤᠷ ᠡᠷᠬᠢᠯᠡᠪᠡ; ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ 《ᠠᠵᠢᠨᠠᠶ ᠬᠦᠯᠦᠭ ᠱᠠᠩᠨᠠᠯ》 ᠰᠢᠯᠭ᠋ᠠᠷᠠᠭᠤᠯᠬᠤ ᠠᠵᠢᠯ᠎ᠢ ᠲᠠᠰᠤᠷᠠᠯᠲᠠ ᠥᠬᠡᠶ ᠰᠠᠢ᠌ᠵᠢᠷᠠᠭᠤᠯᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠣᠨᠣᠯ ᠰᠢᠭᠦᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠠᠢ᠌ᠨ ᠰᠠᠢ᠌ᠬᠠᠨ ᠠᠮᠢ ᠠᠬᠤᠢ ᠵᠢ ᠪᠣᠢ ᠪᠣᠯᠭ᠋ᠠᠪᠠ᠃
      ᠵᠣᠬᠢᠶᠠᠨ ᠪᠦᠲᠦᠭᠡᠬᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠦᠯᠡᠮᠵᠢ ᠣᠯᠠᠨ ᠰᠢᠯᠢᠳᠡᠭ ᠵᠣᠬᠢᠶᠠᠯᠴᠢᠳ᠎ᠤᠨ ᠪᠦᠲᠦᠭᠡᠯ ᠴᠣᠯᠭᠣᠷᠠᠨ ᠭᠠᠷᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠢᠯᠠᠩᠭᠤᠶ᠎ᠠ 2014 ᠣᠨ᠎ᠤ ᠤᠳᠬ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠤᠭᠰᠠᠨ᠎ᠠᠴᠠ ᠨᠠᠭ᠋ᠠᠰᠢ᠂ ᠡᠯ᠎ᠡ ᠦᠨᠳᠦᠰᠦᠲᠡᠨ᠎ᠤ ᠵᠣᠬᠢᠶᠠᠯᠴᠢᠳ ᠠᠮᠢᠳᠤᠷᠠᠯ᠎ᠳᠤ ᠬᠦᠨᠵᠡᠬᠡᠢ᠌ᠷᠡᠵᠦ᠂ ᠰᠡᠳᠬᠢᠯ ᠲᠠᠯᠪᠢᠨ ᠵᠣᠬᠢᠶᠠᠨ ᠪᠦᠲᠦᠭᠡᠵᠦ᠂ ᠨᠢᠭᠡ ᠪᠦᠯᠦᠭ ᠭᠣᠣᠯ ᠬᠦᠭ ᠠᠶᠠᠰ᠎ᠢ ᠴᠢᠪᠬᠠᠳᠠᠭᠰᠠᠨ᠂ ᠦᠨᠳᠦᠰᠦᠲᠡᠨ᠎ᠤ ᠣᠨᠴᠠᠯᠢᠭ ᠵᠶ᠋ᠠᠷ ᠪᠠᠶᠠᠯᠢᠭ᠂ ᠴᠠᠭ ᠦᠶ᠎ᠡ ᠵᠢᠨ ᠬᠤᠪᠢᠰᠤᠯᠲᠠ ᠪᠠ ᠠᠷᠠᠳ ᠲᠦᠮᠡᠨ᠎ᠤ ᠲᠡᠮᠡᠴᠡᠯ᠎ᠢ ᠲᠤᠰᠬᠠᠭᠰᠠᠨ ᠰᠢᠯᠢᠳᠡᠭ ᠪᠦᠲᠦᠭᠡᠯ ᠴᠤᠯᠭᠤᠷᠠᠨ ᠭᠠᠷᠭ᠋ᠠᠪᠠ᠃ ᠠ ᠯᠠᠢ᠂ ᠮᠠ ᠵᠢᠨ ᠯᠢᠶᠠᠨ᠂ ᠪᠣᠷᠵᠢᠭᠢᠨ· ᠶᠤᠸᠠᠨ ᠶᠸ᠂ ᠰᠣᠳᠨᠠᠮ  ᠰᠸᠷᠡᠩ᠂ ᠭᠡᠷᠡᠯᠴᠢᠮᠡᠭ᠂ ᠾᠧᠶ ᠾᠸ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠦᠯᠡᠮᠵᠢ ᠣᠯᠠᠨ ᠵᠣᠬᠢᠶᠠᠯᠴᠢ ᠯᠦ᠍ ᠰᠢᠶᠦ᠋ᠨ᠎ᠤ ᠤᠳᠬ᠎ᠠ ᠵᠣᠬᠢᠶᠠᠯ᠎ᠤᠨ ᠱᠠᠩᠨᠠᠯ᠂ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠠᠵᠢᠨᠠᠶ ᠬᠦᠯᠦᠭ ᠱᠠᠩᠨᠠᠯ ᠪᠠ ᠪᠥᠬᠥ ᠤᠯᠤᠰ᠎ᠤᠨ ᠬᠡᠦᠬᠡᠳ᠎ᠤᠨ ᠤᠳᠬ᠎ᠠ ᠵᠣᠬᠢᠶᠠᠯ᠎ᠤᠨ ᠰᠢᠯᠢᠳᠡᠭ ᠱᠠᠩᠨᠠᠯ᠎ᠢ ᠭᠥᠷᠳᠡᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠳᠤ ᠭᠣᠢ᠌ᠳᠠ ᠰᠠᠢ᠌ᠬᠠᠨ᠂ ᠴᠡᠴᠡᠭᠯᠡᠨ ᠬᠥᠭᠵᠢᠭᠰᠡᠨ ᠰᠠᠢ᠌ᠨ ᠰᠠᠢ᠌ᠬᠠᠨ ᠪᠠᠢ᠌ᠳᠠᠯ ᠢᠯᠡᠷᠡᠪᠡ᠃ ᠤᠷᠴᠢᠮᠬᠠᠨ ᠶᠠᠪᠤᠭᠳᠠᠭᠰᠠᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠠᠵᠢᠨᠠᠶ ᠬᠦᠯᠦᠭ ᠱᠠᠩᠨᠠᠯ᠎ᠤᠨ ᠰᠢᠯᠭ᠋ᠠᠷᠠᠭᠤᠯᠤᠯᠳᠠ᠎ᠳᠤ ᠮᠣᠩᠭᠣᠯ ᠦᠨᠳᠦᠰᠦᠲᠡᠨ᠂ ᠬᠣᠲᠣᠩ ᠦᠨᠳᠦᠰᠦᠲᠡᠨ᠂ ᠲᠥᠪᠡᠳ ᠦᠨᠳᠦᠰᠦᠲᠡᠨ᠂ ᠤᠢ᠌ᠭᠤᠷ ᠦᠨᠳᠦᠰᠦᠲᠡᠨ ᠵᠡᠷᠭᠡ 18 ᠦᠨᠳᠦᠰᠦᠲᠡᠨ᠎ᠤ ᠠᠬᠠᠮᠠᠳ ᠢᠳᠡᠷ ᠵᠠᠯᠠᠭᠤ ᠵᠤᠬᠢᠶᠠᠯᠴᠢ ᠤᠷᠴᠢᠭᠤᠯᠤᠭᠴᠢᠳ ᠴᠤᠯᠭᠤᠷᠠᠨ ᠭᠠᠷᠴᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠳᠠᠪᠦᠷᠢᠲᠠᠨ᠎ᠤ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃
      ᠡᠨᠡ ᠵᠢᠯ᠎ᠤᠨ 7 ᠳ᠋ᠤᠭ᠋ᠠᠷ ᠰᠠᠷ᠎ᠠ᠎ᠳᠤ ᠪᠣᠯᠣᠭᠰᠠᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠎ᠠᠴᠠ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠠᠷᠠᠭᠤᠯ ᠢᠷᠡᠭᠡᠳᠦᠶ ᠵᠢ ᠨᠡᠭᠡᠭᠡᠬᠦ ᠤᠷᠤᠭᠰᠢᠯᠠᠯᠲᠠ ᠵᠢᠨ ᠪᠦᠷᠢᠶ᠎ᠡ ᠵᠢ ᠬᠠᠩᠭᠢᠨᠠᠭᠤᠯᠵᠤ᠂ ᠰᠣᠶᠣᠯ᠎ᠤᠨ ᠪᠠᠢ᠌ᠭᠤᠯᠤᠯ ᠲᠤᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠪᠦᠬᠦ ᠦᠨᠳᠦᠰᠦᠲᠡᠨ᠎ᠤ ᠰᠣᠶᠣᠯ᠎ᠤᠨ ᠰᠢᠨ᠎ᠡ ᠵᠢ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠡᠮᠡᠴᠡᠯ᠎ᠤᠨ ᠬᠠᠷᠠᠯᠲᠠ ᠪᠠ ᠪᠡᠶᠡᠯᠡᠭᠦᠯᠬᠦ ᠠᠷᠭ᠎ᠠ ᠵᠠᠮ᠎ᠢ ᠳᠤᠷᠠᠳᠤᠨ ᠭᠠᠷᠭ᠋ᠠᠪᠠ᠃ 10 ᠳ᠋ᠤᠭ᠋ᠠᠷ ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠠᠷᠪᠠᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ᠂ 2035 ᠣᠨ᠎ᠳᠤ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢ᠌ᠭᠤᠯᠬᠤ ᠬᠠᠷᠠᠯᠲᠠ ᠵᠢ ᠣᠨᠢᠯᠠᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠣᠶᠣᠯ᠎ᠢ ᠤᠯᠠᠮ ᠴᠢᠨᠠᠭᠰᠢᠳᠠ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠠᠴᠠ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ᠎ᠳᠤ ᠲᠠᠯᠪᠢᠭᠰᠠᠨ ᠱᠠᠭ᠋ᠠᠷᠳᠠᠯᠭ᠎ᠠ ᠭᠡᠪᠡᠯ ᠳᠠᠷᠤᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠤᠳᠬ᠎ᠠ ᠵᠣᠬᠢᠶᠠᠯ᠎ᠤᠨ ᠦᠨᠳᠦᠰᠦᠲᠡᠨ᠎ᠤ ᠠᠵᠢᠯ᠎ᠳᠠᠬᠢ ᠦᠨᠳᠦᠰᠦ ᠵᠢ ᠦᠨᠳᠦᠰᠦᠯᠡᠭᠦᠯᠬᠦ᠂ ᠰᠦᠭ ᠰᠦᠨᠡᠰᠦ ᠵᠢ ᠴᠣᠭᠴᠠᠯᠠᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢᠨ ᠬᠠᠷᠠᠯᠲᠠ ᠲᠡᠢ᠌ᠰᠢ ᠲᠠᠰᠤᠷᠠᠯᠲᠠ ᠦᠭᠡᠢ ᠤᠷᠤᠭᠰᠢᠯᠠᠬᠤ ᠶᠠᠪᠤᠳᠠᠯ ᠪᠣᠯᠤᠨ᠎ᠠ᠃
      ᠨᠢᠭᠡᠳᠦᠭᠡᠷ᠎ᠲᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪ  ᠭᠣᠣᠯ ᠰᠢᠵᠢᠮ᠎ᠢ ᠪᠠᠲᠤ ᠡᠵᠡᠮᠳᠡᠬᠦ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠴᠢᠬᠤᠯᠠ ᠶᠡᠬᠡ ᠠᠴᠢ ᠬᠣᠯᠪᠣᠭᠳᠠᠯ ᠪᠠ ᠭᠦᠨ ᠭᠦᠨᠵᠡᠭᠡᠶ ᠠᠭᠤᠯᠤᠭᠳᠠᠬᠤᠨ᠎ᠢ ᠭᠦᠢᠴᠡᠳ ᠲᠠᠨᠢᠬᠤ ᠬᠡᠷᠡᠭᠲᠡᠶ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠡᠷᠲᠡ ᠡᠳᠦᠭᠡ ᠵᠢᠨ ᠬᠤᠪᠢᠷᠠᠯᠲᠠ ᠵᠢ ᠰᠢᠭᠦᠵᠦ᠂ ᠴᠠᠭ ᠦᠶ᠎ᠡ ᠵᠢᠨ ᠬᠠᠨᠳᠤᠰᠢ ᠵᠢ ᠠᠵᠢᠭᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠴᠢᠨᠠᠷᠲᠠᠢ ᠨᠤᠲᠠᠯᠠᠯᠲᠠ ᠵᠢ ᠲᠤᠷᠠᠳᠪᠠ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ 《ᠶᠡᠷᠦᠩᠬᠡᠶ ᠬᠥᠲᠥᠯᠪᠦᠷᠢ》 ᠪᠣᠯᠭ᠋ᠠᠵᠤ᠂ ᠤᠳᠬ᠎ᠠ ᠵᠣᠬᠢᠶᠠᠯ᠎ᠤᠨ ᠪᠦᠲᠦᠭᠡᠯ ᠵᠶ᠋ᠡᠷ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠤᠭᠴᠠᠳᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠭᠦᠨᠵᠡᠭᠡᠶ ᠣᠢ᠌ᠯᠠᠭ᠋ᠠᠭᠤᠯᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠣᠯᠵᠢᠬᠤᠨ᠎ᠢ ᠪᠠᠲᠤ ᠪᠣᠶ ᠪᠣᠯᠭ᠋ᠠᠬᠤ ᠬᠡᠷᠡᠭᠲᠡᠶ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠵᠦᠪ ᠤᠨᠤᠪᠴᠢᠳᠠᠢ ᠤᠢ᠌ᠯᠠᠭ᠋ᠠᠬᠤ᠎ᠳᠤ ᠡᠷᠬᠡᠪᠰᠢ ᠴᠢᠬᠤᠯᠠ ᠬᠠᠷᠢᠴᠠᠭ᠎ᠠ᠎ᠨᠤᠭᠤᠳ᠎ᠢ ᠭᠤᠤᠯᠳᠠᠯᠭ᠎ᠠ᠎ᠲᠠᠢ ᠡᠵᠡᠮᠳᠡᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ ᠡᠷᠬᠡᠪᠰᠢ ᠨᠡᠢ᠌ᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠠᠷᠢᠴᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯᠤᠨ ᠡᠯ᠎ᠡ ᠦᠨᠳᠦᠰᠦᠲᠡᠨ᠎ᠤ ᠤᠬᠠᠮᠰᠠᠷ᠎ᠤᠨ ᠬᠠᠷᠢᠴᠠᠭ᠎ᠠ᠂ ᠳᠤᠮᠳᠠᠳᠤ ᠵᠢᠨ ᠰᠣᠶᠣᠯ ᠪᠣᠯᠤᠨ ᠡᠯ᠎ᠡ ᠦᠨᠳᠦᠰᠦᠲᠡᠨ᠎ᠤ ᠰᠣᠶᠣᠯ᠎ᠤᠨ ᠬᠠᠷᠢᠴᠠᠭ᠎ᠠ᠂ ᠪᠣᠳᠠᠰ ᠪᠣᠯᠤᠨ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠳᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠨᠢᠭᠡ ᠴᠤᠭᠴᠠᠳᠤ ᠪᠠ ᠤᠯᠠᠨ ᠡᠰᠢᠲᠦ ᠬᠠᠷᠢᠴᠠᠭ᠎ᠠ ᠵᠢ ᠣᠨᠣᠪᠴᠢᠲᠠᠢ ᠡᠵᠡᠮᠳᠡᠬᠦ᠎ᠳᠤ ᠤᠷᠢᠳ ᠵᠶ᠋ᠠᠷ ᠦᠨᠳᠦᠰᠦ ᠰᠠᠭᠤᠷᠢ᠎ᠨᠢ ᠨᠢᠭᠡ ᠴᠣᠭᠴᠠ ᠬᠡᠳᠡᠭ᠎ᠢ ᠤᠢ᠌ᠯᠠᠭ᠋ᠠᠵᠤ᠂ ᠳᠠᠬᠢᠨ ᠤᠯᠠᠨ ᠡᠰᠢᠲᠦ᠎ᠨᠢ ᠨᠢᠭᠡ ᠴᠣᠭᠴᠠ ᠵᠢᠨ ᠳᠣᠲᠣᠷᠠᠬᠢ ᠤᠯᠠᠨ ᠡᠰᠢᠲᠦ ᠪᠠᠢ᠌ᠵᠤ᠂ ᠲᠡᠦᠬᠡ ᠪᠠ ᠪᠣᠳᠠᠲᠤ ᠠᠬᠤᠢ ᠵᠢᠨ ᠳᠤᠮᠳᠠ ᠲᠠᠰᠤᠷᠠᠯᠳᠠ ᠦᠭᠡᠢ ᠶᠠᠪᠤᠯᠴᠠᠵᠤ ᠰᠣᠯᠢᠯᠴᠠᠵᠤ ᠠᠭᠤᠰᠤᠯᠴᠠᠵᠤ ᠨᠢᠭᠡ ᠴᠣᠭᠴᠠ ᠪᠤᠯᠵᠡᠢ ᠬᠡᠳᠡᠭ᠎ᠢ ᠤᠢ᠌ᠯᠠᠭ᠋ᠠᠬᠤ ᠬᠡᠷᠡᠭᠳᠡᠢ᠃ ᠨᠢᠭᠡ ᠴᠣᠭᠴᠠ᠎ᠳᠤ ᠰᠠᠭᠤᠷᠢᠯᠠᠵᠤ᠂ ᠦᠨᠳᠦᠰᠦᠲᠡᠨ᠎ᠨᠦᠭᠦᠳ᠎ᠤᠨ ᠲᠡᠦᠬᠡ ᠪᠠ ᠰᠣᠶᠣᠯ᠎ᠤᠨ ᠬᠥᠭᠵᠢᠯᠲᠡ ᠵᠢ ᠲᠤᠰᠠᠭ᠋ᠠᠷᠴᠢᠯᠠᠨ ᠶᠠᠷᠢᠵᠦ ᠪᠢᠴᠢᠵᠦ ᠶᠠᠭ᠋ᠠᠬᠢᠭᠰᠠᠨ ᠴᠤ᠌ ᠪᠣᠯᠬᠤ ᠦᠭᠡᠢ᠂  ᠬᠠᠷᠢᠨ ᠲᠤᠮᠤ ᠲᠡᠦᠬᠡ ᠵᠢᠨ ᠦᠵᠡᠯᠲᠡ᠂ ᠲᠤᠮᠤ ᠰᠣᠶᠣᠯ᠎ᠤᠨ ᠦᠵᠡᠯᠲᠡ ᠵᠢ ᠪᠤᠢ ᠪᠣᠯᠭ᠋ᠠᠵᠤ᠂ ᠶᠡᠷᠦᠩᠬᠡᠢ ᠰᠡᠳᠬᠢᠬᠦᠢ ᠪᠠ ᠦᠷᠬᠡᠨ ᠬᠠᠷᠠᠭ᠎ᠠ ᠴᠠᠷᠠᠭ᠎ᠠ ᠵᠢ ᠪᠤᠢ ᠪᠣᠯᠭ᠋ᠠᠬᠤ ᠬᠡᠷᠡᠭᠲᠡᠢ᠂ ᠵᠣᠬᠢᠶᠠᠨ ᠪᠢᠴᠢᠬᠦ ᠰᠡᠳᠦᠪ ᠪᠠ ᠠᠭᠤᠯᠭ᠎ᠠ ᠵᠢᠨ ᠲᠠᠯ᠎ᠠ᠎ᠪᠠᠷ ᠬᠢᠵᠠᠭ᠋ᠠᠷᠳᠠᠮᠠᠯ ᠴᠢᠨᠠᠷ᠎ᠲᠠᠢ᠂ ᠠᠭᠤᠰᠤᠯᠴᠠᠭᠰᠠᠨ ᠲᠤᠷᠰᠢᠯᠭ᠎ᠠ ᠵᠢ ᠰᠢᠭᠰᠢᠨ ᠠᠷᠢᠯᠭ᠋ᠠᠨ ᠭᠠᠭᠴᠠᠭ᠋ᠠᠷᠳᠠᠮᠠᠯ ᠴᠢᠨᠠᠷ᠎ᠲᠠᠢ 《ᠴᠤᠯ》 ᠦᠨᠳᠦᠰᠦᠲᠡᠨ᠎ᠤ ᠲᠡᠦᠬᠡ᠂ ᠠᠮᠢᠳᠤᠷᠠᠯ ᠪᠠ ᠬᠥᠮᠦᠨ᠎ᠤ ᠬᠠᠷᠢᠴᠠᠭ᠎ᠠ ᠵᠢ ᠢᠯᠡᠷᠡᠭᠦᠯᠦᠭᠰᠡᠨ ᠪᠣᠳᠠᠲᠤ ᠠᠬᠤᠢ᠎ᠳᠤ ᠪᠠᠢ᠌ᠬᠤ ᠦᠭᠡᠢ ᠲᠡᠦᠬᠡ᠂ ᠰᠣᠶᠣᠯ᠂ ᠠᠮᠢᠳᠤᠷᠠᠯ ᠪᠠ ᠤᠶᠤᠨ ᠰᠠᠨᠠᠭ᠋ᠠᠨ᠎ᠤ 《ᠬᠡᠢ ᠪᠤᠳᠤᠯ》᠎ᠢ  ᠪᠢᠴᠢᠬᠦ᠎ᠠᠴᠠ ᠵᠠᠢ᠌ᠯᠠᠰᠬᠢᠬᠦ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠵᠥᠪ ᠦᠵᠡᠯᠲᠡ ᠵᠢ ᠪᠠᠲᠤ ᠪᠡᠬᠢ ᠪᠤᠢ ᠪᠣᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ᠎ᠤ ᠲᠡᠦᠬᠡ᠎ᠲᠠᠢ ᠠᠭᠤᠤ ᠶᠡᠬᠡ ᠦᠨᠳᠦᠰᠦᠲᠡᠨ ᠮᠥᠨ᠂ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠡᠬᠡ ᠣᠷᠣᠨ᠎ᠤ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠵᠦ᠂ ᠤᠯᠠᠨ ᠦᠨᠳᠦᠰᠦᠲᠡᠨ ᠪᠦᠬᠦᠢ ᠨᠢᠭᠡᠳᠦᠭᠰᠡᠨ ᠤᠯᠤᠰ᠎ᠢ ᠬᠠᠮᠲᠤ᠎ᠪᠠᠷ ᠴᠣᠭᠴᠠᠯᠠᠨ ᠪᠠᠢ᠌ᠭᠤᠯᠵᠤ᠂ ᠳᠤᠮᠳᠠᠳᠤ ᠤᠯᠤᠰ᠎ᠤᠨ ᠭᠡᠷᠡᠯ ᠰᠠᠴᠤᠷᠠᠩᠭᠤᠢ ᠲᠡᠦᠬᠡ ᠵᠢ ᠬᠠᠮᠲᠤ᠎ᠪᠠᠷ ᠪᠢᠴᠢᠭᠯᠡᠵᠦ᠂ ᠳᠤᠮᠳᠠᠳᠤ ᠵᠢᠨ ᠬᠢᠯᠠᠯᠵᠠᠭᠰᠠᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠂ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠣᠢ᠌ᠵᠢᠭᠤᠯᠤᠭᠰᠠᠨ ᠶᠤᠮ᠃ ᠥᠷᠭᠡᠨ ᠤᠯᠠᠨ ᠵᠣᠬᠢᠶᠠᠯᠴᠢᠳ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠳᠤᠮᠳᠠ᠎ᠪᠠᠨ ᠡᠨᠡ ᠬᠦ᠌ ᠥᠷᠭᠡᠨ ᠠᠭᠤᠳᠠᠮ᠂ ᠦᠵᠡᠰᠬᠦᠯᠡᠩᠲᠦ ᠰᠠᠢ᠌ᠬᠠᠨ᠂ ᠥᠨᠢᠷ ᠪᠠᠶᠠᠯᠢᠭ ᠨᠤᠲᠤᠭ ᠳᠡᠪᠢᠰᠬᠡᠷ ᠳᠡᠭᠡᠷ᠎ᠡ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠥᠮ ᠬᠠᠮᠲᠤ ᠵᠢᠨ ᠭᠡᠷ ᠣᠷᠣᠨ᠎ᠲᠠᠢ᠂ ᠳᠠᠷᠤᠢ ᠳᠤᠮᠳᠠᠳᠤ ᠤᠯᠤᠰ ᠶᠤᠮ ᠭᠡᠳᠡᠭ᠎ᠢ ᠪᠠᠲᠤ ᠡᠵᠡᠮᠳᠡᠬᠦ ᠬᠡᠷᠡᠭᠲᠡᠢ; ᠪᠢᠳᠡ ᠳᠠᠶᠠᠭ᠋ᠠᠷ ᠵᠶ᠋ᠠᠨ ᠬᠠᠮᠲᠤ ᠵᠢᠨ ᠪᠡᠶ᠎ᠡ ᠵᠢᠨ ᠭᠠᠷᠤᠯ᠎ᠲᠠᠢ᠂ ᠳᠠᠷᠤᠢ ᠲᠤᠮᠳᠠᠲᠦ ᠵᠢᠨ ᠦᠨᠳᠦᠰᠦᠲᠡᠨ ᠶᠤᠮ; ᠪᠢᠳᠡ ᠳᠠᠶᠠᠭ᠋ᠠᠷ ᠵᠶ᠋ᠠᠨ ᠬᠠᠮᠲᠤ ᠵᠢᠨ ᠨᠡᠷ᠎ᠡ᠎ᠲᠠᠢ᠂ ᠳᠠᠷᠤᠢ ᠲᠤᠮᠳᠠᠳᠦ ᠤᠯᠤᠰ᠎ᠤᠨ ᠬᠦᠮᠦᠨ; ᠪᠢᠳᠡ ᠳᠠᠶᠠᠭ᠋ᠠᠷ ᠵᠶ᠋ᠠᠨ ᠬᠠᠮᠲᠤ ᠵᠢᠨ ᠬᠦᠰᠡᠯ ᠵᠡᠭᠦᠳᠦ᠎ᠲᠠᠢ ᠶᠤᠮ᠂ ᠳᠠᠷᠤᠢ ᠳᠤᠮᠳᠠᠳᠦ ᠵᠢᠨ ᠦᠨᠳᠦᠰᠦᠲᠡᠨ᠎ᠤ ᠠᠭᠤᠤ ᠶᠡᠬᠡ ᠰᠡᠷᠬᠦᠨ ᠮᠠᠨᠳᠤᠯᠲᠠ ᠵᠢ ᠪᠡᠶᠡᠯᠡᠭᠦᠯᠬᠦ ᠶᠠᠪᠤᠳᠠᠯ ᠶᠤᠮ᠃ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢ ᠰᠠᠨᠠᠭ᠋ᠠᠴᠢᠯᠠᠭ᠎ᠠ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠲᠤᠭᠳᠠᠯᠴᠠᠭ᠎ᠠ ᠪᠠ ᠰᠤᠳᠠᠰᠤ᠎ᠳᠤ ᠪᠠᠭᠲᠠᠭ᠋ᠠᠨ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ᠎ᠳᠤ ᠤᠯᠠᠨ ᠡᠰᠢᠲᠦ᠂ ᠤᠯᠠᠨ ᠬᠡᠮᠵᠢᠯᠳᠦ᠂ ᠪᠠᠶᠠᠯᠢᠭ ᠰᠠᠢ᠌ᠬᠠᠨ ᠤᠳᠬ᠎ᠠ ᠵᠣᠬᠢᠶᠠᠯ᠎ᠤᠨ ᠢᠯᠡᠷᠡᠭᠦᠯᠦᠯᠲᠡ ᠪᠠ ᠡᠭᠦᠳᠦᠯᠲᠡ ᠵᠢ ᠨᠡᠮᠡᠷᠢᠯᠡᠬᠦ ᠬᠡᠷᠡᠭᠲᠡᠢ᠃
      ᠬᠣᠶᠠᠳᠤᠭ᠋ᠠᠷ᠎ᠲᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠦᠯᠢᠭᠡᠷ᠎ᠢ ᠦᠨᠡᠨ ᠰᠡᠳᠬᠢᠯ᠎ᠠᠴᠠ᠎ᠪᠠᠨ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠦᠭᠵᠢᠯ ᠪᠣᠯ ᠬᠥᠮᠦᠰ᠎ᠤᠨ ᠰᠡᠳᠬᠢᠯ᠎ᠤᠨ ᠬᠠᠨᠳᠤᠰᠢ᠂ ᠴᠠᠭ᠎ᠤᠨ ᠪᠠᠢ᠌ᠳᠠᠯ᠎ᠤᠨ ᠶᠡᠷᠦᠩᠬᠡᠢ ᠬᠠᠨᠳᠤᠰᠢ᠂ ᠲᠡᠦᠬᠡ ᠵᠢᠨ ᠵᠠᠢ᠌ᠯᠠᠰᠢ ᠦᠭᠡᠢ ᠬᠠᠨᠳᠤᠰᠢ ᠮᠥᠨ᠃ ᠡᠨᠡ ᠬᠦ᠌ ᠬᠠᠮᠲᠤ ᠵᠢᠨ ᠴᠣᠭᠴᠠ ᠪᠣᠯ ᠪᠤᠰᠤᠳᠴᠢ᠎ᠪᠠᠷ ᠣᠷᠣᠰᠢᠵᠤ ᠪᠠᠢ᠌ᠭ᠎ᠠ ᠦᠨᠳᠦᠰᠦᠲᠡᠨ᠎ᠤ ᠪᠣᠳᠠᠲᠤ ᠴᠣᠭᠴᠠ ᠮᠥᠨ᠂ ᠬᠦᠴᠦᠷᠬᠡᠭ ᠶᠡᠬᠡ ᠨᠢᠭᠲᠠᠷᠠᠯ᠎ᠤᠨ ᠬᠦᠴᠦᠨ ᠪᠠ ᠠᠮᠢᠵᠢᠷᠠᠯ᠎ᠤᠨ ᠬᠦᠴᠦᠨ᠎ᠲᠠᠢ ᠬᠠᠮᠲᠤ ᠵᠢᠨ ᠴᠣᠭᠴᠠ ᠮᠥᠨ᠃ ᠦᠨᠳᠦᠰᠦᠲᠡᠨ᠎ᠨᠦᠭᠦᠳ᠎ᠤᠨ ᠰᠣᠶᠣᠯ᠎ᠨᠢ ᠲᠡᠦᠬᠡ ᠵᠢᠨ ᠬᠥᠭᠵᠢᠯᠲᠡ ᠳᠤᠮᠳᠠ ᠬᠠᠷᠢᠯᠴᠠᠨ ᠲᠣᠯᠢᠯᠠᠵᠤ ᠠᠭᠤᠰᠤᠯᠴᠠᠨ ᠨᠡᠪᠲᠡᠷᠡᠯᠴᠡᠵᠦ᠂ ᠪᠦᠬᠦᠨ᠎ᠢ ᠪᠠᠭᠲᠠᠭ᠋ᠠᠨ ᠬᠠᠳᠠᠭ᠋ᠠᠯᠠᠵᠤ᠂ ᠬᠦᠴᠦᠷᠬᠡᠭ ᠶᠡᠬᠡ ᠨᠢᠭᠲᠠᠷᠠᠯ᠎ᠤᠨ ᠬᠦᠴᠦᠨ ᠪᠠ ᠲᠠᠲᠠᠬᠤ ᠬᠦᠴᠦᠨ᠎ᠲᠠᠢ ᠳᠤᠮᠳᠠᠳᠤ ᠵᠢᠨ ᠰᠣᠶᠣᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠳᠤᠮᠳᠠᠳᠤ ᠵᠢᠨ ᠪᠣᠯᠪᠠᠰᠤᠨ᠎ᠤ ᠤᠯᠠᠨ ᠡᠰᠢᠲᠦ ᠨᠢᠭᠡ ᠴᠤᠭᠴᠠᠵᠢᠭᠰᠠᠨ ᠪᠠᠢ᠌ᠷᠢᠰᠢᠯ᠎ᠢ ᠪᠦᠷᠢᠯᠳᠦᠭᠦᠯᠪᠡ᠃ ᠣᠯᠠᠨ ᠡᠰᠢᠲᠦ ᠨᠢᠭᠡ ᠴᠣᠭᠴᠠᠵᠢᠭᠰᠠᠨ ᠰᠣᠶᠣᠯ᠎ᠤᠨ ᠬᠥᠷᠥᠰᠥ ᠰᠢᠷᠣᠶ᠎ᠳᠤ ᠦᠨᠳᠦᠰᠦᠯᠡᠭᠰᠡᠨ ᠳᠤᠮᠳᠠᠳᠤ ᠤᠯᠤᠰ᠎ᠤᠨ ᠤᠳᠬ᠎ᠠ ᠵᠣᠬᠢᠶᠠᠯ᠎ᠤᠨ ᠲᠡᠦᠬᠡ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠦᠭᠵᠢᠯ᠎ᠤᠨ ᠳᠦᠷᠢ ᠲᠥᠷᠬᠦ ᠵᠢ ᠲᠠᠢ᠌ᠯᠪᠤᠷᠢᠯᠠᠭᠰᠠᠨ ᠲᠡᠦᠬᠡ ᠮᠥᠨ᠃ ᠮᠠᠰᠢ ᠣᠯᠠᠨ ᠡᠷᠲᠡᠨ᠎ᠤ ᠰᠣᠩᠭᠣᠳᠠᠭ ᠤᠷᠠᠨ ᠵᠣᠬᠢᠶᠠᠯ ᠪᠠ ᠠᠷᠠᠳ᠎ᠤᠨ ᠠᠮᠠᠨ ᠵᠣᠬᠢᠶᠠᠯ᠎ᠤᠨ ᠭᠣᠢ᠌ᠳᠠ ᠰᠠᠢ᠌ᠬᠠᠨ ᠪᠦᠳᠦᠭᠡᠯ᠎ᠨᠢ ᠳᠤᠮᠳᠠᠳᠤ ᠵᠢᠨ ᠰᠣᠶᠣᠯ᠎ᠤᠨ ᠣᠶᠤᠨ ᠰᠠᠨᠠᠭ᠋ᠠᠨ᠎ᠤ ᠬᠣᠯᠪᠣᠭ᠋ᠠᠰᠤ ᠵᠢ ᠪᠠᠲᠤ ᠪᠡᠬᠢ ᠵᠠᠯᠭ᠋ᠠᠵᠡᠢ᠃ ᠳ᠋ᠣᠸᠠᠨ ᠮᠤ᠌ ᠬᠣᠩ ᠯᠢᠶᠠᠩ᠎ᠤᠨ 《ᠶᠡᠬᠡ ᠮᠥᠷᠡᠨ》᠎ᠠᠴᠠ ᠯᠣᠣ ᠱᠧ ᠵᠢᠨ 《ᠰᠢᠯᠤᠭᠤᠨ ᠤᠯᠠᠭ᠋ᠠᠨ ᠬᠤᠰᠢᠭᠤᠴᠢᠳ》 ᠬᠦᠷᠲᠡᠯ᠎ᠡ᠂ ᠮᠠᠯᠴᠢᠨᠬᠦᠦ ᠵᠢᠨ 《ᠰᠠᠷᠠᠭᠤᠯ ᠨᠤᠲᠤᠭ》᠂ ᠦ᠋· ᠪᠠᠢ ᠰᠢᠨ᠎ᠤ 《ᠮᠥᠰᠥᠲᠦ ᠠᠭᠤᠯᠠ ᠵᠢᠨ ᠵᠣᠴᠢᠨ》᠎ᠠᠴᠠ ᠠ ᠯᠠᠢ ᠵᠢᠨ 《ᠬᠤᠮᠠᠬᠢ ᠲᠣᠭᠣᠰᠣ》 ᠭᠡᠬᠦ ᠮᠡᠲᠦ ᠨᠢᠭᠡ ᠪᠦᠯᠦᠭ ᠦᠨᠳᠦᠰᠦᠲᠡᠨ᠎ᠤ ᠰᠢᠯᠢᠳᠡᠭ ᠤᠳᠬ᠎ᠠ ᠵᠣᠬᠢᠶᠠᠯ᠎ᠨᠢ ᠳᠤᠮᠳᠠᠳᠤ ᠤᠯᠤᠰ᠎ᠤᠨ ᠣᠳᠣ ᠦᠶ᠎ᠡ ᠵᠢᠨ ᠤᠳᠬ᠎ᠠ ᠵᠣᠬᠢᠶᠠᠯ᠎ᠤᠨ ᠵᠢᠷᠤᠭᠯᠠᠯ᠎ᠢ ᠪᠠᠶᠠᠯᠢᠭᠵᠢᠭᠤᠯᠵᠤ᠂ ᠦᠨᠳᠦᠰᠦᠲᠡᠨ᠎ᠨᠦᠭᠦᠳ᠎ᠤᠨ ᠭᠦᠨ ᠭᠦᠨᠵᠡᠭᠡᠢ ᠰᠣᠯᠢᠯᠴᠠᠭ᠎ᠠ ᠪᠠ ᠠᠭᠤᠰᠤᠯᠴᠠᠭ᠎ᠠ ᠵᠢ ᠬᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ᠎ᠲᠠᠢ᠂ ᠢᠲᠡᠭᠡᠯ ᠪᠢᠰᠢᠷᠡᠯ ᠨᠢᠭᠡᠲᠠᠢ᠂ ᠰᠣᠶᠣᠯ ᠬᠠᠷᠢᠯᠴᠠᠨ ᠨᠡᠪᠲᠡᠷᠡᠯᠴᠡᠭᠰᠡᠨ᠂ ᠠᠵᠤ ᠠᠬᠤᠢ ᠬᠠᠷᠢᠯᠴᠠᠨ ᠲᠦᠰᠢᠯᠴᠡᠭᠰᠡᠨ᠂ ᠬᠠᠢ᠌ᠷ᠎ᠠ ᠰᠡᠳᠬᠢᠯᠭᠡ ᠬᠠᠷᠢᠯᠴᠠᠨ ᠲᠤᠳᠤᠨᠤᠴᠢᠯᠠᠭᠰᠠᠨ ᠠᠮᠢᠳᠤᠯᠢᠭ ᠲᠤᠰᠬᠠᠯ ᠪᠠ ᠳᠦᠷᠢ ᠲᠦᠷᠰᠦ ᠪᠣᠯᠤᠭᠰᠠᠨ ᠪᠠᠢ᠌ᠨ᠎ᠠ᠃ ᠡᠯ᠎ᠡ ᠦᠨᠳᠦᠰᠦᠲᠡᠨ᠎ᠤ ᠵᠣᠬᠢᠶᠠᠯᠴᠢᠳ ᠪᠣᠯ ᠴᠥᠮ ᠳᠤᠮᠳᠠᠳᠤ ᠤᠯᠤᠰ᠎ᠤᠨ ᠤᠳᠬ᠎ᠠ ᠵᠣᠬᠢᠶᠠᠯ᠎ᠤᠨ ᠲᠠᠰᠤᠯᠠᠭᠳᠠᠰᠢ ᠦᠭᠡᠢ ᠲᠡᠦᠬᠡ ᠵᠢᠨ ᠡᠭᠦᠳᠦᠨ ᠪᠦᠲᠦᠭᠡᠭᠴᠢ ᠪᠣᠯᠬᠤᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠦᠭᠵᠢᠯ᠎ᠤᠨ ᠲᠡᠦᠬᠡ ᠵᠢᠨ ᠲᠠᠢ᠌ᠯᠪᠦᠷᠢᠯᠠᠯᠲᠠ᠂ ᠤᠳᠤ ᠦᠶ᠎ᠡ ᠵᠢᠨ ᠲᠠᠢ᠌ᠯᠪᠤᠷᠢᠯᠠᠯᠲᠠ ᠪᠠ ᠢᠷᠡᠭᠡᠳᠦᠢ ᠵᠢᠨ ᠲᠠᠢ᠌ᠯᠪᠤᠷᠢᠯᠠᠯᠲᠠ ᠵᠢ ᠤᠬᠠᠮᠰᠠᠷ᠎ᠠᠴᠠ᠎ᠪᠠᠨ ᠡᠭᠦᠷᠭᠡᠯᠡᠬᠦ ᠶᠣᠰᠣᠲᠠᠢ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠎ᠳᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠦᠯᠢᠭᠡᠷ᠎ᠢ ᠰᠠᠢ᠌ᠲᠤᠷ ᠶᠠᠷᠢᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ ᠪᠣᠯᠤᠨ ᠳᠤᠮᠳᠠᠳᠤ ᠵᠢᠨ ᠰᠣᠶᠣᠯ᠎ᠤᠨ ᠤᠷᠳᠤ ᠬᠤᠭᠤᠴᠠᠭ᠋ᠠᠨ᠎ᠤ ᠲᠤᠷᠰᠢᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠵᠥᠪ ᠲᠠᠨᠢᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠦᠪᠯᠡᠬᠦ ᠬᠠᠮᠲᠦ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠲᠤᠪᠤᠢ᠍ᠢ᠍ᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠡᠳᠬᠢᠯ᠎ᠤᠨ ᠭᠦᠨ᠎ᠳᠤ᠎ᠪᠠᠨ ᠦᠨᠳᠦᠰᠦᠯᠡᠭᠦᠯᠬᠦ ᠬᠡᠷᠡᠭᠲᠡᠢ᠃ ᠡᠯᠪᠡᠭ ᠪᠠᠶᠠᠯᠢᠭ ᠤᠳᠬ᠎ᠠ ᠵᠣᠬᠢᠶᠠᠯ᠎ᠤᠨ ᠠᠵᠢᠯᠯᠠᠭ᠎ᠠ ᠪᠠ ᠵᠣᠬᠢᠶᠠᠨ ᠪᠦᠲᠦᠭᠡᠯᠭᠡ ᠵᠢᠨ ᠰᠣᠯᠢᠯᠴᠠᠭ᠎ᠠ ᠵᠢ ᠦᠷᠭᠦᠯᠵᠢᠯᠡᠨ ᠵᠣᠬᠢᠶᠠᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠵᠣᠬᠢᠶᠠᠯᠴᠢ᠂ ᠦᠨᠳᠦᠰᠦᠲᠡᠨ᠎ᠨᠦᠭᠦᠳ᠎ᠤᠨ ᠤᠳᠬ᠎ᠠ ᠵᠣᠬᠢᠶᠠᠯ᠎ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠵᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠠᠶᠠᠨ ᠵᠠᠮ᠎ᠳᠤ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠬᠤ᠂ ᠭᠠᠷ ᠵᠶ᠋ᠠᠨ ᠬᠣᠯᠪᠣᠨ ᠵᠡᠷᠭᠡᠴᠡᠨ ᠤᠷᠤᠭᠰᠢᠯᠠᠬᠤ ᠴᠠᠭ ᠦᠶ᠎ᠡ ᠵᠢᠨ ᠢᠯᠠᠯᠲᠠ ᠵᠢᠨ ᠳᠠᠭᠤᠤ ᠵᠢ ᠬᠠᠮᠲᠤ᠎ᠪᠠᠷ ᠴᠤᠤᠷᠢᠶᠠᠳᠤᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ᠎ᠪᠠᠷ ᠰᠠᠭᠤᠷᠢᠰᠢᠵᠦ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠵᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠪᠦᠯᠬᠦᠮᠳᠡᠯ᠎ᠲᠠᠢ ᠡᠶ᠎ᠡ ᠵᠣᠬᠢᠴᠠᠩᠭᠤᠢ ᠪᠠᠢ᠌ᠳᠠᠯ᠎ᠢ ᠬᠠᠮᠲᠤ᠎ᠪᠠᠷ ᠪᠢᠴᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠨᠡᠩ ᠶᠡᠬᠡ ᠮᠡᠳᠡᠷᠡᠬᠦᠢ᠎ᠲᠠᠢ᠂ ᠨᠡᠩ ᠶᠡᠬᠡ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠬᠤ ᠵᠢ ᠠᠬᠢᠭᠤᠯᠬᠤ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠎ᠳᠤ ᠦᠨᠳᠦᠰᠦᠲᠡᠨ᠎ᠨᠦᠭᠦᠳ᠎ᠤᠨ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠬᠤ ᠬᠡᠷᠡᠭᠲᠡᠢ᠃ ᠥᠨᠢ ᠤᠳᠠᠭ᠋ᠠᠨ ᠤᠯᠠᠮᠵᠢᠯᠠᠯ᠎ᠲᠠᠢ ᠰᠣᠶᠣᠯ᠎ᠤᠨ ᠤᠳᠤᠮᠰᠢᠯ᠂ ᠥᠩᠭᠡ ᠢᠯᠭ᠋ᠠᠷᠠᠭᠰᠠᠨ ᠠᠮᠢᠳᠤᠷᠠᠯ᠎ᠤᠨ ᠬᠡᠯᠪᠡᠷᠢ ᠪᠠᠢ᠌ᠳᠠᠯ᠎ᠨᠢ ᠡᠯ᠎ᠡ ᠦᠨᠳᠦᠰᠦᠲᠡᠨ᠎ᠤ ᠤᠳᠬ᠎ᠠ ᠵᠣᠬᠢᠶᠠᠯ᠎ᠤᠨ ᠢᠯᠡ ᠲᠣᠳᠣ ᠣᠨᠴᠠᠯᠢᠭ᠎ᠢ ᠪᠦᠷᠢᠯᠳᠦᠭᠦᠯᠦᠭᠰᠡᠨ ᠶᠤᠮ᠃ ᠡᠨᠡ ᠪᠣᠯ ᠳᠤᠮᠳᠠᠳᠤ ᠵᠢᠨ ᠦᠨᠳᠦᠰᠦᠲᠡᠨ᠎ᠤ ᠡᠷᠬᠢᠮ ᠨᠠᠨᠳᠢᠨ ᠰᠣᠶᠣᠯ᠎ᠤᠨ ᠡᠳ᠋ ᠪᠠᠶᠠᠯᠢᠭ ᠮᠥᠨ᠂ ᠪᠠᠰᠠ ᠴᠤ᠌ ᠮᠠᠨ᠎ᠤ ᠤᠯᠤᠰ᠎ᠤᠨ ᠤᠳᠬ᠎ᠠ ᠵᠣᠬᠢᠶᠠᠯ᠎ᠤᠨ ᠴᠡᠴᠡᠭ ᠪᠦᠬᠦᠨ ᠵᠡᠷᠬᠡ᠎ᠪᠠᠷ ᠳᠡᠯᠬᠡᠷᠡᠵᠦ᠂ ᠴᠡᠴᠡᠭᠯᠡᠨ ᠬᠥᠭᠵᠢᠬᠦ ᠵᠢᠨ ᠠᠮᠢᠵᠢᠷᠠᠯ᠎ᠤᠨ ᠬᠦᠴᠦᠨ᠎ᠤ ᠡᠬᠢ ᠪᠤᠯᠠᠭ ᠮᠥᠨ᠃ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠢ ᠠᠭᠤᠳᠠᠯᠤᠨ ᠠᠮᠢᠳᠤᠯᠢᠭ ᠵᠶ᠋ᠠᠷ ᠪᠢᠴᠢᠭᠯᠡᠵᠦ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠤᠯᠠᠮᠵᠢᠯᠠᠯ᠂ ᠬᠠᠮᠠᠭ᠋ᠠᠯᠠᠯᠲᠠ᠂ ᠰᠢᠨ᠎ᠡ ᠡᠭᠦᠳᠦᠯᠲᠡ ᠵᠢ ᠠᠬᠢᠭᠤᠯᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠰᠣᠶᠣᠯ᠎ᠤᠨ ᠠᠭᠤᠯᠤᠭᠳᠠᠬᠤᠨ ᠪᠠ ᠨᠥᠯᠥᠭᠡᠯᠡᠬᠦ ᠬᠦᠴᠦᠨ᠂ ᠲᠠᠲᠠᠬᠤ ᠬᠦᠴᠦᠨ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠦᠯᠢᠭᠡᠷ ᠵᠶ᠋ᠡᠷ ᠳᠤᠮᠳᠠᠳᠤ ᠤᠯᠤᠰ᠎ᠤᠨ ᠦᠯᠢᠭᠡᠷ᠎ᠢ ᠪᠠᠶᠠᠯᠢᠭᠵᠢᠭᠤᠯᠵᠤ᠂ ᠦᠨᠳᠦᠰᠦᠲᠡᠨ᠎ᠨᠦᠭᠦᠳ᠎ᠤᠨ ᠵᠣᠷᠢᠭ ᠰᠠᠨᠠᠭ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶᠠᠯᠢᠭᠵᠢᠭᠤᠯᠬᠤ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠎ᠳᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠠ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠵᠠᠯᠭ᠋ᠠᠮᠵᠢᠯᠠᠨ ᠬᠥᠭᠵᠢᠭᠦᠯᠬᠦ ᠬᠡᠷᠡᠭᠲᠡᠢ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠵᠡᠯ ᠰᠠᠨᠠᠭ᠎ᠠ ᠣᠢ᠌ᠯᠠᠭ᠋ᠠᠭᠳᠠᠬᠤᠨ᠂ ᠬᠥᠮᠦᠨ ᠰᠣᠶᠣᠯ᠎ᠤᠨ ᠵᠣᠷᠢᠭ ᠰᠠᠨᠠᠭ᠎ᠠ᠂ ᠶᠣᠰᠣ ᠮᠣᠷᠠᠯ᠎ᠤᠨ ᠵᠢᠷᠤᠮᠵᠢᠯ᠎ᠢ ᠭᠦᠨᠵᠡᠭᠡᠢ ᠠᠭᠤᠳᠠᠯᠵᠤ᠂ ᠳᠤᠮᠳᠠᠳᠤ ᠵᠢᠨ ᠰᠣᠶᠣᠯ᠎ᠤᠨ ᠠᠮᠢᠵᠢᠷᠠᠯ᠎ᠤᠨ ᠬᠦᠴᠦᠨ᠎ᠢ ᠲᠠᠰᠤᠷᠠᠯᠳᠠ ᠦᠭᠡᠢ ᠬᠥᠭᠵᠢᠭᠡᠬᠦ ᠬᠡᠷᠡᠭᠲᠡᠢ᠃ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠵᠢᠨ ᠲᠡᠦᠬᠡ᠂ ᠨᠡᠢ᠌ᠭᠡᠮ ᠵᠢᠷᠤᠮ᠎ᠤᠨ ᠬᠥᠭᠵᠢᠯᠲᠡ ᠵᠢᠨ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠤᠳᠬ᠎ᠠ ᠵᠣᠬᠢᠶᠠᠯ᠎ᠢ ᠪᠢᠴᠢᠭᠯᠡᠬᠦ ᠵᠢ ᠴᠢᠩᠭ᠋ᠠᠳᠬᠠᠵᠤ᠂ ᠤᠯᠤᠰ ᠵᠶ᠋ᠠᠨ ᠬᠠᠢ᠌ᠷᠠᠯᠠᠬᠤ ᠦᠵᠡᠯ ᠵᠶ᠋ᠡᠷ ᠭᠣᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠣᠣᠯ ᠪᠣᠯᠭ᠋ᠠᠭᠰᠠᠨ ᠴᠠᠭ ᠦᠶ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠵᠶ᠋ᠠᠨ ᠨᠢᠬᠡᠳᠬᠡᠵᠦ᠂ ᠤᠶᠤᠨ ᠰᠠᠨᠠᠭ᠎ᠠ᠎ᠪᠠᠷ ᠬᠠᠷᠢᠯᠴᠠᠨ ᠲᠦᠰᠢᠯᠴᠡᠵᠦ᠂ ᠪᠦᠯᠬᠦᠮᠳᠡᠨ ᠤᠷᠤᠭᠰᠢᠯᠠᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠣᠯᠪᠣᠭ᠋ᠠᠰᠤ ᠵᠢ ᠪᠦᠷᠢᠯᠳᠦᠭᠦᠯᠬᠦ ᠬᠡᠷᠡᠭᠲᠡᠢ᠃
      ᠭᠤᠷᠪᠠᠳᠤᠭ᠋ᠠᠷ᠎ᠲᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠬᠦᠳᠴᠦ᠂ ᠳᠤᠮᠳᠠᠳᠤ ᠤᠯᠤᠰ᠎ᠤᠨ ᠬᠡᠪ ᠨᠠᠮᠪᠠ᠎ᠲᠠᠢ᠂ ᠦᠨᠳᠦᠰᠦᠲᠡᠨ᠎ᠤ ᠣᠨᠴᠠᠯᠢᠭ᠎ᠲᠠᠢ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠲᠡᠢ᠃
      ᠴᠠᠭ ᠦᠶ᠎ᠡ ᠵᠢᠨ ᠭᠣᠤᠯ ᠰᠡᠳᠦᠪ᠎ᠢ ᠡᠵᠡᠮᠳᠡᠵᠦ᠂ ᠤᠳᠬ᠎ᠠ ᠵᠣᠬᠢᠶᠠᠯ᠎ᠤᠨ ᠵᠥᠪ ᠵᠠᠮ᠎ᠢ ᠪᠠᠲᠤ ᠰᠠᠬᠢᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠤᠨ 《ᠠᠷᠪᠠᠨ ᠬᠣᠶᠠᠷ ᠡᠷᠬᠡᠪᠰᠢ》 ᠵᠢᠨ ᠱᠠᠭ᠋ᠠᠷᠳᠠᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ᠎ᠤᠨ ᠲᠡᠦᠬᠡᠨ ᠣᠷᠣᠨ ᠪᠠᠢ᠌ᠷᠢ ᠵᠢ ᠡᠵᠡᠮᠳᠡᠬᠦ ᠬᠡᠷᠡᠭᠲᠡᠢ᠃ ᠳᠤᠮᠳᠠᠳᠤ ᠵᠢᠨ ᠰᠣᠶᠣᠯ᠎ᠤᠨ ᠵᠣᠭᠰᠣᠯᠲᠠ᠎ᠳᠤ ᠰᠠᠭᠤᠷᠢᠯᠠᠵᠤ᠂ ᠳᠤᠮᠳᠠᠳᠤ ᠵᠢᠨ ᠰᠣᠶᠣᠯ᠎ᠤᠨ ᠥᠪᠡᠷᠮᠢᠴᠡ ᠴᠢᠨᠠᠷ ᠪᠠ ᠪᠡᠶᠡᠴᠢ ᠴᠣᠭᠴᠠ ᠵᠢᠨ ᠴᠢᠨᠠᠷ ᠵᠶ᠋ᠠᠷ ᠰᠠᠭᠤᠷᠢ ᠪᠣᠯᠭ᠋ᠠᠵᠤ᠂ ᠳᠤᠮᠳᠠᠳᠤ ᠵᠢᠨ ᠪᠣᠯᠪᠠᠰᠤᠨ᠎ᠤ ᠤᠶᠤᠨ ᠰᠠᠨᠠᠭ᠋ᠠᠨ᠎ᠤ ᠢᠯᠡᠳᠬᠡᠮᠵᠢ ᠲᠡᠮᠳᠡᠭ ᠪᠠ ᠰᠣᠶᠣᠯ᠎ᠤᠨ ᠤᠬᠢ ᠰᠣᠳᠣ ᠵᠢ ᠪᠣᠯᠪᠠᠰᠤᠷᠠᠭᠤᠯᠤᠨ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠠᠷᠠᠳ ᠲᠦᠮᠡᠨ ᠵᠶ᠋ᠡᠷ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠢ ᠢᠯᠡᠷᠡᠬᠦᠯᠬᠦ ᠭᠣᠣᠯ ᠴᠣᠭᠴᠠ ᠪᠣᠯᠭ᠋ᠠᠬᠤ ᠵᠢ ᠪᠠᠷᠢᠮᠲᠠᠯᠠᠵᠤ᠂ ᠴᠠᠭ ᠦᠶ᠎ᠡ ᠪᠣᠯᠤᠨ ᠠᠷᠠᠳ ᠲᠦᠮᠡᠨ᠎ᠤ ᠲᠥᠯᠥᠭᠡ ᠪᠢᠴᠢᠭᠯᠡᠬᠦ ᠬᠡᠷᠡᠭᠲᠡᠢ᠃ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠴᠠᠭ ᠦᠶ᠎ᠡ ᠵᠢᠨ ᠭᠣᠣᠯ ᠰᠡᠳᠦᠪ᠎ᠢ ᠭᠦᠨᠵᠡᠭᠡᠢ ᠡᠵᠡᠮᠳᠡᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠡᠶ᠎ᠡ ᠵᠣᠬᠢᠴᠠᠩᠭᠤᠢ ᠲᠠᠪᠰᠢᠯᠳᠠ ᠪᠣᠯᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠥᠭᠡᠳᠡᠯᠡᠨ ᠲᠠᠪᠰᠢᠬᠤ᠎ᠪᠠᠷ ᠬᠦᠴᠦᠯᠡᠨ ᠴᠢᠷᠮᠠᠢ᠌ᠵᠤ ᠪᠠᠢ᠌ᠭ᠎ᠠ ᠲᠥᠪ ᠶᠡᠬᠡ  ᠴᠤᠭ ᠵᠢᠪᠬᠤᠭ᠎ᠠ ᠪᠣᠯᠤᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠠᠮᠢᠳᠤᠯᠢᠭ ᠵᠶ᠋ᠠᠷ ᠢᠯᠡᠷᠡᠭᠦᠯᠬᠦ ᠬᠡᠷᠡᠭᠲᠡᠢ᠃
      ᠦᠨᠳᠦᠰᠦᠲᠡᠨ᠎ᠤ ᠰᠣᠶᠣᠯ᠎ᠤᠨ ᠤᠯᠠᠨ ᠶᠠᠩᠵᠤᠲᠤ ᠴᠢᠨᠠᠷ ᠵᠶ᠋ᠠᠷ ᠳᠤᠮᠳᠠᠳᠤ ᠵᠢᠨ ᠪᠣᠯᠪᠠᠰᠤᠨ᠎ᠤ ᠪᠠᠶᠠᠯᠢᠭ ᠴᠢᠨᠠᠷ᠎ᠢ ᠢᠯᠡᠷᠡᠭᠦᠯᠬᠦ ᠪᠣᠯ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠴᠢᠬᠤᠯᠠ ᠣᠨᠴᠠᠯᠢᠭ ᠪᠣᠯᠬᠤ ᠵᠢ ᠭᠦᠨᠵᠡᠭᠡᠢ ᠡᠵᠡᠮᠳᠡᠬᠦ ᠬᠡᠷᠡᠭᠲᠡᠢ᠃ ᠲᠥᠪ ᠶᠣᠰᠣ ᠵᠢ ᠪᠠᠷᠢᠮᠲᠠᠯᠠᠬᠤ᠎ᠪᠠᠷ ᠪᠠᠷᠠᠬᠤ ᠦᠭᠡᠢ ᠬᠠᠭᠤᠴᠢᠨ ᠵᠶ᠋ᠠᠨ ᠦᠬᠦᠮᠡᠯ ᠰᠠᠬᠢᠬᠤ ᠦᠭᠡᠢ᠂ ᠡᠷᠲᠡᠨ᠎ᠤ᠎ᠬᠢ ᠵᠢ ᠬᠦᠨᠳᠦᠳᠬᠡᠬᠦ᠎ᠪᠠᠷ ᠪᠠᠷᠠᠬᠤ ᠦᠭᠡᠢ ᠤᠯᠠᠮᠵᠢᠯᠠᠨ ᠭᠦᠭᠵᠢᠭᠦᠯᠬᠦ ᠵᠣᠷᠢᠭ ᠰᠠᠨᠠᠭ᠎ᠠ ᠵᠢ ᠪᠠᠷᠢᠮᠲᠠᠯᠠᠬᠤ ᠬᠡᠷᠡᠭᠲᠡᠢ᠃ 《  ᠤᠳᠤᠮᠰᠢᠯ》᠎ᠢ ᠭᠦᠨᠵᠡᠭᠡᠢ ᠠᠭᠤᠳᠠᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠳᠬ᠎ᠠ ᠤᠷᠠᠯᠢᠭ᠎ᠤᠨ ᠰᠢᠨ᠎ᠡ ᠵᠢ ᠡᠭᠦᠳᠬᠦ ᠴᠢᠬᠤᠯᠠ ᠡᠬᠢ ᠪᠤᠯᠠᠭ ᠪᠣᠯᠭ᠋ᠠᠵᠤ᠂ ᠰᠢᠯᠢᠳᠡᠭ ᠤᠯᠠᠮᠵᠢᠯᠠᠯᠲᠤ ᠰᠣᠶᠣᠯ᠎ᠤᠨ ᠭ᠋ᠸᠨ᠎ᠢ ᠵᠠᠯᠭ᠋ᠠᠮᠵᠢᠯᠠᠬᠤ ᠳᠤᠮᠳᠠ ᠢᠳᠡᠪᠬᠢᠲᠡᠢ᠎ᠪᠠᠷ ᠪᠠᠲᠤ ᠰᠠᠬᠢᠬᠤ ᠪᠠ ᠤᠯᠠᠷᠢᠭᠤᠯᠤᠨ ᠪᠠᠳᠠᠷᠠᠭᠤᠯᠵᠤ᠂ ᠲᠡᠦᠬᠡ ᠵᠢᠨ ᠰᠤᠳᠠᠰᠤ ᠵᠢ ᠦᠷᠭᠦᠯᠵᠢᠯᠡᠭᠦᠯᠬᠦ ᠳᠤᠮᠳᠠ ᠠᠮᠢᠯᠠᠭᠤᠯᠤᠨ ᠠᠰᠢᠭᠯᠠᠬᠤ ᠪᠠ ᠳᠠᠪᠠᠯᠲᠠ᠎ᠲᠠᠢ᠎ᠪᠠᠷ ᠰᠢᠨ᠎ᠡ ᠵᠢ ᠡᠭᠦᠳᠬᠦ ᠬᠡᠷᠡᠭᠲᠡᠢ᠃ ᠪᠠᠰᠠ 《ᠰᠢᠨ᠎ᠡ ᠬᠡᠯᠡᠨ᠎ᠤ ᠣᠷᠴᠢᠨ》᠎ᠳᠤ ᠵᠣᠬᠢᠴᠠᠭᠤᠯᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠳᠤ ᠲᠤᠯᠭ᠋ᠠᠷᠠᠵᠤ ᠪᠠᠢ᠌ᠭ᠎ᠠ ᠬᠥᠭᠵᠢᠯᠲᠡ ᠵᠢᠨ ᠰᠡᠳᠦᠪ᠎ᠢ ᠢᠳᠡᠪᠬᠢᠲᠡᠶ ᠪᠣᠳᠣᠯᠬᠢᠯᠠᠵᠤ᠂ ᠡᠯ᠎ᠡ ᠦᠨᠳᠦᠰᠦᠲᠡᠨ᠎ᠤ ᠵᠣᠬᠢᠶᠠᠯᠴᠢᠳ᠎ᠤᠨ ᠪᠠᠶᠠᠯᠢᠭ ᠰᠠᠢ᠌ᠬᠠᠨ ᠥᠪᠡᠷᠮᠢᠴᠡ ᠡᠭᠦᠳᠦᠯᠲᠡ ᠬᠢᠬᠦ ᠵᠢ ᠵᠣᠷᠢᠭᠵᠢᠭᠤᠯᠵᠤ᠂ ᠳᠤᠮᠳᠠᠳᠤ ᠵᠢᠨ ᠰᠣᠶᠣᠯ᠎ᠤᠨ ᠰᠢᠨ᠎ᠡ ᠣᠷᠣᠨ ᠵᠠᠶ ᠵᠢᠨ ᠠᠭᠤᠯᠭ᠎ᠠ ᠪᠠ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠲᠠᠰᠤᠷᠠᠯᠲᠠ ᠥᠬᠡᠶ ᠨᠡᠭᠡᠭᠡᠬᠦ᠎ᠳᠤ ᠬᠦᠴᠦᠨ ᠨᠡᠮᠡᠷᠢᠯᠡᠵᠦ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠢᠨ᠎ᠡ ᠴᠠᠭ ᠦᠶ᠎ᠡ᠎ᠳᠤ ᠨᠠᠩ ᠲᠡᠭᠦᠯᠳᠡᠷ ᠠᠮᠢᠵᠢᠷᠠᠯ᠎ᠤᠨ ᠬᠦᠴᠦᠨ᠎ᠲᠠᠢ ᠪᠣᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠶ᠃
      ᠵᠣᠬᠢᠶᠠᠯ ᠪᠦᠲᠦᠭᠡᠯ᠎ᠢ ᠤᠯᠠᠨ ᠬᠡᠯᠪᠡᠷᠢ᠎ᠪᠠᠷ ᠤᠯᠠᠷᠢᠭᠤᠯᠬᠤ ᠵᠢ ᠠᠬᠢᠭᠤᠯᠬᠤ ᠪᠣᠯ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠬᠥᠭᠵᠢᠯᠲᠡ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠬᠤ ᠵᠢ ᠭᠦᠨᠵᠡᠭᠡᠢ ᠡᠵᠡᠮᠳᠡᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠢ ᠣᠲᠣ ᠦᠶ᠎ᠡ ᠵᠢᠨ ᠤᠯᠠᠮᠵᠢᠯᠠᠨ ᠳᠡᠯᠭᠡᠷᠡᠭᠦᠯᠬᠦ ᠪᠠᠢ᠌ᠷᠢᠰᠢᠯ᠎ᠳᠤ ᠠᠭᠤᠰᠤᠯᠴᠠᠭᠤᠯᠬᠤ ᠵᠢ ᠠᠬᠢᠭᠤᠯᠵᠤ᠂ ᠤᠳᠬ᠎ᠠ ᠵᠣᠬᠢᠶᠠᠯ᠎ᠤᠨ ᠡᠯ᠎ᠡ ᠤᠷᠠᠯᠢᠭ᠎ᠤᠨ ᠲᠥᠷᠥᠯ ᠵᠦᠢᠯ᠎ᠳᠠᠬᠢ 《ᠡᠬᠢ ᠡᠬᠦᠰᠪᠤᠷᠢ》 ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠪᠦᠲᠦᠭᠡᠯ᠎ᠢ ᠥᠭᠡᠷᠡᠴᠢᠯᠡᠨ ᠨᠠᠢ᠌ᠷᠠᠭᠤᠯᠬᠤ᠂ ᠬᠤᠪᠢᠷᠠᠭᠤᠯᠬᠤ᠂ ᠤᠯᠠᠷᠢᠭᠤᠯᠬᠤ ᠵᠢᠨ ᠪᠦᠲᠦᠮᠵᠢᠲᠡᠶ ᠲᠤᠭᠳᠠᠴᠠ ᠵᠢ ᠪᠠᠢ᠌ᠭᠤᠯᠤᠨ ᠪᠦᠷᠢᠨᠰᠢᠬᠦᠯᠵᠦ᠂ ᠦᠨᠳᠦᠰᠦᠲᠡᠨ᠎ᠤ ᠤᠳᠬ᠎ᠠ ᠵᠣᠬᠢᠶᠠᠯ ᠬᠢᠭᠡᠳ ᠺᠢᠨᠣ᠋᠂ ᠲᠧᠯᠸᠢᠰ᠂ ᠰᠢ ᠵᠦᠴᠦᠭᠡ ᠵᠢᠴᠢ ᠰᠦᠯᠵᠢᠶᠡᠨ ᠳᠡᠬᠡᠷ᠎ᠠ᠎ᠠᠴᠠ ᠦᠵᠡᠵᠦ ᠰᠣᠨᠣᠰᠬᠤ᠂ ᠺᠠᠷᠲ᠋ᠣᠨ ᠵᠢᠷᠤᠭ᠂ ᠲᠣᠭᠯᠠᠭ᠋ᠠᠮ ᠵᠡᠷᠭᠡ ᠰᠢᠨ᠎ᠡ ᠰᠣᠶᠣᠯ᠎ᠤᠨ ᠠᠮᠢ ᠠᠬᠤᠶ᠎ᠯᠤᠭ᠎ᠠ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠡᠵᠡᠩᠨᠡᠯᠲᠡ ᠵᠢᠨ ᠪᠠᠢ᠌ᠳᠠᠯ ᠲᠥᠯᠥᠪ᠎ᠨᠢ ᠬᠥᠭᠵᠢᠶᠡᠨᠲᠡᠶ ᠮᠦᠷᠳᠡᠬᠡᠨ ᠣᠯᠠᠨ ᠳᠠᠯ᠎ᠠ ᠵᠢᠨ ᠬᠥᠭᠵᠢᠯᠲᠡ ᠵᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠢ᠃ ᠢᠨᠲᠸᠷ ᠰᠦᠯᠵᠢᠶᠡᠨ᠎ᠤ ᠰᠡᠳᠬᠢᠬᠦᠢ ᠵᠢ ᠴᠢᠩᠭ᠋ᠠᠳᠬᠠᠵᠤ᠂ ᠰᠢᠨ᠎ᠡ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠵᠢᠮ᠎ᠡ ᠶᠣᠰᠣ ᠵᠢ ᠡᠵᠡᠮᠳᠡᠵᠦ᠂ ᠰᠢᠨ᠎ᠡ ᠮᠠᠶᠢᠭ᠎ᠤᠨ ᠰᠣᠶᠣᠯ᠎ᠤᠨ ᠣᠷᠣᠨ ᠵᠠᠢ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠠᠰᠢᠭᠲᠠᠢ ᠢᠳᠡᠪᠬᠢ ᠬᠦᠴᠦᠨ᠂ ᠰᠠᠢ᠍ᠢ᠍ᠨ ᠳᠠᠮᠵᠢᠭᠤᠯᠭ᠎ᠠ ᠵᠢ ᠪᠦᠷᠢᠯᠳᠦᠭᠦᠯᠬᠦ ᠬᠡᠷᠡᠭᠲᠡᠢ᠃
      ᠤᠯᠠᠨ ᠤᠯᠤᠰ᠎ᠳᠤ᠎ᠬᠢ ᠳᠠᠮᠵᠢᠭᠤᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠣᠯ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ᠎ᠤᠨ ᠴᠢᠬᠤᠯᠠ ᠶᠡᠬᠡ ᠡᠭᠦᠷᠭᠡ ᠪᠣᠯᠬᠤ ᠵᠢ ᠭᠦᠨᠵᠡᠭᠡᠢ ᠡᠵᠡᠮᠳᠡᠬᠦ ᠬᠡᠷᠡᠭᠲᠡᠢ᠃ ᠭᠠᠳᠠᠭ᠋ᠠᠳᠤ ᠰᠣᠯᠢᠯᠴᠠᠭ᠎ᠠ ᠵᠢ ᠲᠤᠭᠳᠠᠯᠴᠠᠭ᠋ᠠᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠰᠣᠶᠣᠯ ᠤᠬᠠᠭᠤᠯᠭ᠎ᠠ ᠵᠢᠨ ᠲᠠᠪᠴᠠᠩ᠎ᠤᠨ 《ᠲᠤᠮᠳᠠᠳᠤ ᠵᠢ ᠦᠬᠦᠯᠡᠬᠦᠢ》 ᠵᠢᠨ ᠬᠦᠴᠦᠨ᠎ᠢ ᠭᠦᠢ᠍ᠴᠡᠳ ᠠᠰᠢᠭᠯᠠᠵᠤ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ᠎ᠤᠨ ᠣᠯᠠᠨ ᠤᠯᠤᠰ᠎ᠤᠨ ᠤᠳᠬ᠎ᠠ ᠵᠣᠬᠢᠶᠠᠯ᠎ᠤᠨ ᠰᠣᠯᠢᠯᠴᠠᠭ᠋ᠠᠨ᠎ᠤ ᠲᠥᠪ᠂ ᠤᠳᠬ᠎ᠠ ᠵᠣᠬᠢᠶᠠᠯ᠎ᠤᠨ ᠬᠣᠯᠪᠣᠭ᠎ᠠ᠂ ᠭᠠᠳᠠᠭ᠋ᠠᠳᠤ᠎ᠳᠤ᠎ᠬᠢ ᠤᠩᠰᠢᠭᠴᠢᠳ᠎ᠤᠨ ᠺᠯᠦ᠋ᠪ ᠵᠡᠷᠭᠡ ᠲᠠᠪᠴᠠᠩ᠎ᠤᠨ ᠲᠤᠭᠳᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠡᠯ᠎ᠡ ᠦᠨᠳᠦᠰᠦᠲᠡᠨ᠎ᠤ ᠵᠣᠬᠢᠶᠠᠯᠴᠢᠳ᠎ᠢ ᠵᠣᠬᠢᠶᠠᠨ ᠪᠠᠢ᠌ᠭᠤᠯᠤᠨ ᠣᠯᠠᠨ ᠤᠯᠤᠰ᠎ᠤᠨ ᠤᠳᠬ᠎ᠠ ᠵᠣᠬᠢᠶᠠᠯ᠎ᠤᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠭᠤᠯᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠣᠷᠴᠢᠭᠤᠯᠭ᠎ᠠ ᠲᠠᠨᠢᠯᠴᠠᠭᠤᠯᠭ᠎ᠠ ᠵᠢ ᠴᠢᠩᠭ᠋ᠠᠳᠬᠠᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠢ ᠭᠠᠳᠠᠭ᠋ᠠᠳᠤ᠎ᠳᠤ ᠤᠯᠠᠮᠵᠢᠯᠠᠨ ᠳᠡᠯᠭᠡᠷᠡᠭᠦᠯᠬᠦ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠬᠡᠯᠪᠡᠷᠢ ᠪᠠᠢ᠌ᠳᠠᠯ᠎ᠢ ᠡᠭᠦᠳᠬᠦ᠎ᠳᠤ ᠦᠨᠳᠦᠰᠦᠲᠡᠨ᠎ᠤ ᠤᠳᠬ᠎ᠠ ᠵᠣᠬᠢᠶᠠᠯ᠎ᠤᠨ  ᠦᠢ᠍ᠯᠡᠳᠦᠯ ᠴᠢᠳᠠᠪᠤᠷᠢ ᠵᠢ ᠨᠡᠡᠭ ᠶᠡᠬᠡ᠎ᠪᠠᠷ ᠪᠠᠳᠠᠷᠠᠭᠤᠯᠬᠤ ᠬᠡᠷᠡᠭᠳᠡᠢ᠃
      ᠳᠥᠷᠪᠡᠳᠦᠭᠡᠷ᠎ᠲᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠤᠭᠲᠠᠴᠠ᠎ᠪᠠᠨ ᠪᠦᠷᠢᠨᠰᠢᠬᠦᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠰᠢᠨ᠎ᠡ ᠪᠠᠢ᠌ᠳᠠᠯ᠎ᠢ ᠡᠭᠦᠳᠬᠦ ᠬᠡᠷᠡᠭᠲᠡᠢ᠃
      ᠠᠵᠢᠯ᠎ᠤᠨ ᠬᠦᠴᠦᠨ᠎ᠢ ᠰᠢᠯᠢᠳᠡᠭᠵᠢᠭᠦᠯᠦᠨ ᠨᠡᠢ᠌ᠳᠬᠡᠵᠦ᠂ ᠠᠵᠢᠯ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠪᠦᠬᠦ ᠤᠯᠤᠰ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ᠎ᠢ 《ᠰᠢᠲᠠᠷ᠎ᠠ ᠵᠢᠨ ᠬᠦᠯᠬᠡ》 ᠮᠡᠲᠦ ᠪᠠᠢ᠌ᠯᠭ᠋ᠠᠬᠤ ᠣᠢ᠌ᠯᠠᠭ᠋ᠠᠭᠳᠠᠬᠤᠨ᠎ᠢ ᠪᠣᠢ ᠪᠣᠯᠭ᠋ᠠᠵᠤ᠂ ᠤᠯᠤᠰ᠎ᠤᠨ ᠦᠨᠳᠦᠰᠦᠲᠡᠨ᠎ᠤ ᠵᠦᠪᠯᠡᠯ ᠪᠠ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ ᠵᠶ᠋ᠡᠷ ᠲᠤᠯᠤᠭ᠋ᠠᠢ᠌ᠯᠠᠭᠤᠯᠤᠨ ᠵᠣᠬᠢᠴᠠᠭᠤᠯᠵᠤ᠂ ᠡᠯ᠎ᠡ ᠰᠠᠯᠠᠭ᠎ᠠ ᠮᠥᠴᠢᠷ ᠬᠦᠴᠦ᠎ᠪᠠᠨ ᠨᠢᠭᠡᠳᠬᠡᠨ ᠬᠠᠮᠲᠤᠷᠠᠨ ᠠᠵᠢᠯᠯᠠᠵᠤ᠂ ᠪᠦᠬᠦ ᠨᠡᠢ᠌ᠭᠡᠮ ᠵᠶ᠋ᠡᠷ ᠵᠶ᠋ᠡᠨ ᠢᠳᠡᠪᠬᠢᠲᠡᠢ ᠣᠷᠣᠯᠴᠠᠬᠤ ᠠᠵᠢᠯ᠎ᠤᠨ ᠪᠠᠢ᠌ᠷᠢᠰᠢᠯ᠎ᠢ ᠪᠣᠢ ᠪᠣᠯᠭ᠋ᠠᠬᠤ ᠬᠡᠷᠡᠭᠲᠡᠢ᠃ 《ᠰᠣᠶᠣᠯ ᠵᠶ᠋ᠠᠷ ᠰᠢᠨᠵᠢᠶᠠᠩ᠎ᠢ ᠤᠮᠳᠠᠯᠠᠬᠤ》᠂ 《ᠤᠳᠬ᠎ᠠ ᠵᠣᠬᠢᠶᠠᠯ ᠵᠶ᠋ᠠᠷ ᠲᠥᠪᠡᠳ᠎ᠢ ᠲᠤᠰᠠᠯᠠᠬᠤ》᠂ 《ᠰᠣᠶᠣᠯ ᠵᠶ᠋ᠠᠷ ᠤᠮᠠᠷᠠᠲᠤ ᠬᠢᠯᠢ ᠵᠢ ᠤᠮᠳᠠᠯᠠᠬᠤ》 ᠵᠡᠷᠭᠡ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠬᠡᠷᠡᠭᠵᠢᠭᠦᠯᠦᠯᠲᠡ ᠵᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠭᠠᠵᠠᠷ ᠡᠯ᠎ᠡ ᠱᠠᠲᠤᠨ᠎ᠤ ᠵᠣᠬᠢᠶᠠᠯᠴᠢᠳ᠎ᠤᠨ ᠨᠡᠢ᠌ᠬᠡᠮᠯᠢᠭ᠎ᠤᠨ ᠵᠣᠬᠢᠶᠠᠨ ᠪᠠᠢ᠌ᠭᠤᠯᠤᠯᠲᠠ᠎ᠨᠢ ᠠᠵᠢᠯ᠎ᠤᠨ ᠬᠠᠷᠢᠯᠴᠠᠬᠤ ᠲᠤᠭᠲᠠᠴᠠ᠎ᠪᠠᠨ ᠤᠯᠠᠮ ᠴᠢᠨᠠᠭᠰᠢᠳᠠ ᠪᠠᠢ᠌ᠭᠤᠯᠤᠨ ᠪᠦᠷᠢᠨᠰᠢᠬᠦᠯᠵᠤ᠂ ᠦᠨᠳᠦᠰᠦᠲᠡᠨ᠎ᠤ ᠭᠠᠵᠠᠷ ᠣᠷᠣᠨ᠎ᠤ ᠤᠳᠬ᠎ᠠ ᠵᠣᠬᠢᠶᠠᠯ᠎ᠤᠨ ᠠᠵᠢᠯ᠎ᠤᠨ ᠰᠣᠯᠢᠯᠴᠠᠭ᠎ᠠ᠎ᠪᠠᠨ ᠡᠮᠬᠢ ᠵᠢᠷᠤᠮ᠎ᠲᠠᠢ ᠠᠬᠢᠭᠤᠯᠵᠤ᠂ ᠪᠠᠢ᠍ᠢ᠍ᠩᠭᠤᠵᠢᠭᠰᠠᠨ᠂ ᠤᠯᠠᠨ ᠶᠠᠩᠵᠤᠳᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠪᠰᠤᠷᠤᠨ ᠲᠡᠳᠬᠦᠬᠦ ᠲᠤᠭᠲᠠᠴᠠ ᠵᠢ ᠪᠦᠷᠢᠯᠳᠦᠭᠦᠯᠬᠦ ᠬᠡᠷᠡᠭᠲᠡᠢ᠃ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠲᠥᠯᠥᠪᠵᠢᠭᠦᠯᠭᠡ ᠬᠢᠭᠡᠳ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠬᠡᠮᠯᠢᠭ᠎ᠤᠨ 《ᠰᠢᠨ᠎ᠡ ᠴᠠᠭ ᠦᠶ᠎ᠡ ᠵᠢᠨ ᠬᠦᠳᠡᠭᠡ ᠨᠤᠳᠤᠭ᠎ᠤᠨ ᠯᠤᠲᠤ ᠶᠡᠬᠡ ᠬᠤᠪᠢᠷᠠᠯᠲᠠ ᠵᠢᠨ ᠵᠣᠬᠢᠶᠠᠨ ᠪᠦᠲᠦᠭᠡᠯᠭᠡ ᠵᠢᠨ ᠲᠥᠯᠥᠪᠯᠡᠭᠡ》 ᠪᠣᠯᠤᠨ 《ᠰᠢᠨ᠎ᠡ ᠴᠠᠭ ᠦᠶ᠎ᠡ ᠵᠢᠨ ᠤᠳᠬ᠎ᠠ ᠵᠣᠬᠢᠶᠠᠯ᠎ᠤᠨ ᠰᠢᠯᠢᠳᠡᠭ ᠰᠡᠳᠦᠪ᠎ᠢ ᠰᠤᠩᠭᠤᠬᠤ ᠲᠥᠯᠥᠪᠯᠡᠭᠡ》 ᠵᠢᠨ ᠠᠭᠤᠰᠤᠯᠴᠠᠯ᠎ᠢ ᠪᠦᠷᠢᠯᠳᠦᠭᠦᠯᠵᠦ᠂ ᠡᠬᠢ ᠪᠠᠶᠠᠯᠢᠭ᠎ᠢ ᠲᠤᠬᠢᠷᠠᠭᠤᠯᠬᠤ᠂ ᠱᠠᠯᠠᠪᠳᠠᠭᠤᠯᠤᠨ ᠵᠢᠯᠣᠭᠣᠳᠬᠤ᠂ ᠰᠤᠳᠤᠯᠤᠨ ᠶᠠᠷᠢᠯᠴᠠᠵᠤ ᠦᠨᠡᠯᠡᠬᠦ᠂ ᠤᠬᠠᠭᠤᠯᠤᠨ ᠲᠠᠨᠢᠯᠴᠠᠭᠤᠯᠬᠤ᠂ ᠵᠣᠬᠢᠶᠠᠨ ᠪᠠᠢ᠌ᠭᠤᠯᠵᠤ ᠲᠠᠷᠬᠠᠭ᠋ᠠᠬᠤ ᠵᠡᠷᠭᠡ ᠵᠢ ᠡᠷᠴᠢᠮᠲᠠᠢ ᠳᠡᠮᠵᠢᠵᠦ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠨᠠᠷ ᠰᠠᠢ᠌ᠲᠠᠶ ᠬᠥᠭᠵᠢᠯᠲᠡ᠎ᠳᠤ ᠠᠰᠢᠭᠲᠠᠶ ᠨᠥᠬᠥᠴᠡᠯ᠎ᠢ ᠪᠦᠷᠢᠯᠳᠦᠭᠦᠯᠵᠦ ᠥᠭᠬᠦ ᠬᠡᠷᠡᠭᠲᠡᠶ᠃
      ᠵᠣᠬᠢᠶᠠᠯᠴᠢᠳ᠎ᠤᠨ ᠡᠩᠨᠡᠭᠡ ᠵᠢ ᠪᠦᠯᠬᠦᠮᠳᠡᠭᠦᠯᠦᠨ ᠪᠤᠵᠠᠭ᠋ᠠᠢ᠌ᠷᠠᠭᠤᠯᠵᠤ᠂ ᠤᠷᠤᠭᠰᠢᠯᠠᠨ ᠳᠠᠪᠰᠢᠬᠤ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠪᠦᠯᠬᠦᠮᠳᠡᠯ᠎ᠢ ᠴᠢᠩᠭ᠋ᠠᠳᠬᠠᠬᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ 《ᠬᠦᠮᠦᠨ᠎ᠤ ᠠᠵᠢᠯ᠎ᠢ ᠰᠠᠢ᠌ᠳᠤᠷ ᠬᠢᠬᠦ》 ᠵᠢᠨ ᠲᠤᠭᠤᠷᠢᠨ᠎ᠳᠤ ᠦᠨᠳᠦᠰᠦᠲᠡᠨ᠎ᠨᠦᠭᠦᠳ᠎ᠤᠨ ᠵᠣᠬᠢᠶᠠᠯᠴᠢᠳ᠎ᠤᠨ ᠦᠵᠡᠯ ᠰᠠᠨᠠᠭ᠎ᠠ ᠤᠯᠤᠰ ᠲᠦᠷᠦ ᠵᠢᠨ ᠵᠢᠯᠣᠭᠣᠳᠤᠮᠵᠢ ᠵᠢ ᠴᠢᠩᠭ᠋ᠠᠳᠬᠠᠵᠤ᠂ ᠥᠷᠭᠡᠨ ᠤᠯᠠᠨ ᠵᠣᠬᠢᠶᠠᠯᠴᠢᠳ ᠪᠠ ᠤᠳᠬ᠎ᠠ ᠵᠣᠬᠢᠶᠠᠯ᠎ᠤᠨ ᠠᠵᠢᠯᠲᠠᠳ᠎ᠤᠨ ᠪᠦᠯᠬᠦᠮᠳᠡᠯ ᠨᠢᠭᠲᠠᠷᠠᠯ᠎ᠢ ᠰᠠᠢ᠌ᠲᠤᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠣᠬᠢᠶᠠᠯᠴᠢᠳ᠎ᠤᠨ ᠬᠠᠷᠢᠯᠴᠠᠨ ᠰᠣᠯᠢᠯᠴᠠᠬᠤ᠂ ᠬᠠᠷᠢᠯᠴᠠᠨ ᠣᠢ᠌ᠯᠠᠭ᠋ᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭ᠋ᠠᠬᠤ᠂ ᠬᠠᠷᠢᠯᠴᠠᠨ ᠪᠠᠬᠠᠷᠬᠠᠬᠤ᠂ ᠬᠠᠷᠢᠯᠴᠠᠨ ᠰᠤᠷᠤᠯᠴᠠᠬᠤ ᠰᠠᠢ᠍ᠢ᠍ᠨ ᠰᠠᠢ᠌ᠬᠠᠨ ᠪᠠᠢ᠌ᠳᠠᠯ᠎ᠢ ᠰᠠᠢ᠌ᠲᠤᠷ ᠬᠠᠮᠠᠭ᠋ᠠᠯᠠᠨ ᠪᠡᠬᠢᠵᠢᠭᠦᠯᠬᠦ ᠬᠡᠷᠡᠭᠲᠡᠢ᠃ ᠦᠨᠳᠦᠰᠦᠲᠡᠨ᠎ᠤ ᠤᠳᠬ᠎ᠠ ᠵᠣᠬᠢᠶᠠᠯ᠎ᠤᠨ ᠴᠢᠳᠠᠪᠤᠷᠢᠲᠠᠨ᠎ᠢ ᠢᠯᠡᠷᠡᠭᠦᠯᠬᠦ ᠪᠠ ᠬᠥᠮᠦᠵᠢᠭᠦᠯᠬᠦ ᠲᠤᠭᠳᠠᠴᠠ ᠵᠢᠨ ᠰᠢᠨ᠎ᠡ ᠵᠢ ᠡᠭᠦᠳᠴᠦ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠳᠠᠪᠠᠭᠤᠯᠢᠭ᠎ᠢ ᠢᠳᠡᠪᠬᠢᠲᠡᠶ ᠠᠰᠢᠭᠯᠠᠵᠤ᠂ ᠵᠣᠬᠢᠶᠠᠯᠴᠢᠳ᠎ᠤᠨ ᠡᠪᠯᠡᠯ᠎ᠤᠨ ᠵᠣᠬᠢᠶᠠᠨ ᠪᠠᠢ᠌ᠭᠤᠯᠵᠤ ᠪᠣᠯᠪᠠᠰᠤᠷᠠᠭᠤᠯᠬᠤ ᠬᠦᠴᠦᠨ᠎ᠢ ᠭᠦᠢᠴᠡᠳ ᠪᠠᠳᠠᠷᠠᠭᠤᠯᠵᠤ᠂ ᠯᠦ᠍ ᠰᠢᠶᠦ᠋ᠨ᠎ᠤ ᠤᠳᠬ᠎ᠠ ᠵᠣᠬᠢᠶᠠᠯ᠎ᠤᠨ ᠳᠡᠭᠡᠳᠦ ᠰᠤᠷᠭ᠋ᠠᠭᠤᠯᠢ ᠪᠣᠯᠤᠨ ᠡᠯ᠎ᠡ ᠱᠠᠲᠤᠨ᠎ᠤ ᠤᠳᠬ᠎ᠠ ᠵᠣᠬᠢᠶᠠᠯ᠎ᠤᠨ ᠪᠤᠯᠪᠠᠰᠤᠷᠠᠯ᠎ᠤᠨ ᠪᠠᠢ᠌ᠭᠤᠯᠤᠮᠵᠢ᠎ᠪᠠᠷ ᠲᠦᠰᠢᠭ ᠪᠤᠯᠭ᠋ᠠᠵᠤ᠂ ᠪᠤᠯᠪᠠᠰᠤᠷᠠᠯ᠎ᠤᠨ ᠬᠡᠪ ᠵᠠᠭᠪᠤᠷ᠎ᠤᠨ ᠰᠢᠨ᠎ᠡ ᠵᠢ ᠡᠭᠦᠳᠴᠦ᠂ ᠪᠤᠯᠪᠠᠰᠤᠷᠠᠯ᠎ᠤᠨ ᠠᠷᠭ᠎ᠠ ᠪᠠᠷᠢᠯ᠎ᠢ ᠪᠠᠶᠠᠯᠢᠭᠵᠢᠭᠤᠯᠵᠤ᠂ ᠪᠤᠯᠪᠠᠰᠤᠷᠠᠯ᠎ᠤᠨ ᠡᠬᠢ ᠪᠠᠶᠠᠯᠢᠭ᠎ᠢ ᠥᠷᠭᠡᠳᠬᠡᠵᠦ᠂ ᠬᠥᠮᠦᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠡᠯ᠎ᠡ ᠦᠨᠳᠦᠰᠦᠲᠡᠨ᠎ᠤ ᠵᠣᠬᠢᠶᠠᠯᠴᠢᠳ᠎ᠤᠨ ᠬᠥᠮᠦᠵᠢᠭᠦᠯᠵᠦ ᠪᠣᠯᠪᠠᠰᠤᠷᠠᠭᠤᠯᠬᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ ᠥᠨᠳᠥᠷ ᠬᠢᠷᠢ ᠲᠦᠪᠰᠢᠨ ᠵᠶ᠋ᠡᠷ ᠬᠥᠭᠵᠢᠭᠦᠯᠬᠦ ᠵᠢ ᠠᠬᠢᠭᠤᠯᠬᠤ ᠬᠡᠷᠡᠭᠲᠡᠶ᠃ ᠦᠨᠳᠦᠰᠦᠲᠡᠨ᠎ᠤ ᠤᠳᠬ᠎ᠠ ᠵᠣᠬᠢᠶᠠᠯ᠎ᠤᠨ ᠣᠨᠣᠯ᠎ᠤᠨ ᠰᠤᠳᠤᠯᠤᠯ ᠪᠣᠯᠤᠨ ᠰᠢᠭᠦᠮᠵᠢᠯᠡᠬᠦ ᠱᠠᠩᠨᠠᠬᠤ ᠠᠵᠢᠯ᠎ᠢ ᠴᠢᠩᠭ᠋ᠠᠳᠬᠠᠬᠤ ᠬᠡᠷᠡᠭᠲᠡᠶ᠃    

        ᠦᠨᠳᠦᠰᠦᠲᠡᠨ᠎ᠤ ᠤᠳᠬ᠎ᠠ ᠵᠣᠬᠢᠶᠠᠯ᠎ᠤᠨ ᠣᠨᠣᠯ᠎ᠤᠨ ᠰᠢᠭᠦᠮᠵᠢ ᠵᠢᠨ ᠬᠠᠷᠠᠭ᠎ᠠ ᠴᠠᠷᠠᠭ᠎ᠠ ᠵᠢᠨ ᠪᠠᠢ᠌ᠷᠢᠰᠢᠯ᠎ᠢ ᠤᠯᠠᠮ ᠨᠢᠭᠡ ᠠᠯᠬᠤᠮ ᠥᠷᠭᠡᠵᠢᠭᠦᠯᠵᠦ᠂ ᠣᠨᠣᠯ ᠣᠢ᠌ᠯᠠᠭ᠋ᠠᠭᠳᠠᠬᠤᠨ᠎ᠤ ᠠᠷᠭ᠎ᠠ᠎ᠪᠠᠨ ᠰᠢᠨᠡᠳᠬᠡᠵᠦ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠣᠨᠣᠯ᠎ᠤᠨ ᠲᠤᠭᠲᠠᠯᠴᠠᠭ᠎ᠠ ᠵᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠳᠡᠬᠦᠯᠳᠡᠷᠵᠢᠬᠦᠯᠬᠦ ᠬᠡᠷᠡᠭᠳᠡᠢ᠃ ᠤᠳᠬ᠎ᠠ ᠵᠣᠬᠢᠶᠠᠯ᠎ᠤᠨ ᠰᠢᠬᠦᠮᠵᠢ ᠵᠢᠨ ᠴᠢᠭᠯᠡᠯ᠎ᠢ ᠰᠠᠢ᠌ᠲᠤᠷ ᠡᠵᠡᠮᠳᠡᠵᠦ᠂ ᠰᠢᠭᠦᠮᠵᠢ ᠵᠢᠨ ᠣᠨᠣᠪᠴᠢᠲᠤ ᠴᠢᠨᠠᠷ ᠪᠠ ᠬᠦᠲᠦᠯᠦᠨ ᠵᠢᠯᠣᠭᠣᠳᠬᠤ ᠬᠦᠴᠦᠨ᠎ᠢ ᠳᠡᠭᠡᠭᠰᠢᠯᠡᠭᠦᠯᠵᠦ᠂ ᠵᠣᠬᠢᠶᠠᠨ ᠪᠦᠲᠦᠭᠡᠬᠦ ᠵᠢ ᠬᠦᠲᠦᠯᠦᠨ ᠵᠢᠯᠣᠭᠣᠳᠬᠤ᠂ ᠰᠣᠳᠣᠨ ᠪᠦᠲᠦᠭᠡᠯ ᠭᠠᠷᠭ᠋ᠠᠬᠤ᠂ ᠭᠤᠸ᠎ᠠ ᠲᠠᠭ᠋ᠠᠰᠢᠶᠠᠯ᠎ᠢ ᠳᠡᠭᠡᠭᠰᠢᠯᠡᠭᠦᠯᠬᠦ᠂ ᠬᠡᠪ ᠰᠤᠷᠲᠠᠯ᠎ᠢ ᠬᠦᠲᠦᠯᠦᠨ ᠳᠠᠭ᠋ᠠᠭᠤᠯᠬᠤ ᠲᠠᠯ᠎ᠠ᠎ᠪᠠᠷ ᠴᠢᠬᠤᠯᠠ ᠦᠢ᠍ᠯᠡᠳᠦᠯ ᠪᠠᠳᠠᠷᠠᠭᠤᠯᠬᠤ ᠬᠡᠷᠡᠭᠲᠡᠢ᠃ ᠱᠠᠩᠨᠠᠯ ᠰᠢᠯᠭ᠋ᠠᠷᠠᠭᠤᠯᠬᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠵᠣᠬᠢᠶᠠᠨ ᠪᠠᠢ᠌ᠭᠤᠯᠵᠤ᠂ ᠤᠳᠬ᠎ᠠ ᠵᠣᠬᠢᠶᠠᠯ᠎ᠤᠨ ᠱᠠᠩᠨᠠᠯ᠎ᠠᠴᠠ ᠵᠣᠬᠢᠶᠠᠯᠴᠢ ᠪᠠ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠳᠦᠬᠡᠯᠬᠡ᠎ᠳᠤ ᠦᠵᠡᠭᠦᠯᠬᠦ ᠤᠳᠤᠷᠢᠳᠤᠮᠵᠢ ᠵᠢᠨ ᠦᠢᠯᠡᠳᠦᠯ᠎ᠢ ᠢᠳᠡᠪᠬᠢᠲᠡᠶ ᠰᠠᠢ᠌ᠲᠤᠷ ᠪᠠᠳᠠᠷᠠᠭᠤᠯᠬᠤ ᠬᠡᠷᠡᠭᠲᠡᠶ᠃
      ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠢᠭᠰᠠᠭ᠋ᠠᠯ᠎ᠤᠨ ᠭᠠᠵᠠᠷ᠎ᠢ ᠴᠢᠩᠭ᠋ᠠᠳᠬᠠᠬᠤ ᠬᠡᠷᠡᠭᠲᠡᠢ᠃ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠢᠭᠰᠠᠭ᠋ᠠᠯ᠎ᠤᠨ ᠭᠠᠵᠠᠷ᠎ᠤᠨ ᠳᠠᠪᠠᠭᠤᠯᠢᠭ᠎ᠢ ᠡᠷᠴᠢᠮᠵᠢᠬᠦᠯᠦᠨ ᠪᠡᠬᠢᠵᠢᠭᠦᠯᠵᠦ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠡᠳᠬᠦᠯ᠎ᠤᠨ ᠶᠠᠰᠤ ᠴᠢᠨᠠᠷ᠎ᠢ ᠳᠡᠬᠡᠭᠰᠢᠯᠡᠬᠦᠯᠬᠦ ᠬᠡᠷᠡᠭᠳᠡᠢ᠃ ᠵᠣᠬᠢᠶᠠᠯᠴᠢᠳ᠎ᠤᠨ ᠨᠡᠢ᠌ᠬᠡᠮᠯᠢᠭ᠎ᠤᠨ ᠵᠣᠬᠢᠶᠠᠨ ᠪᠠᠢ᠌ᠭᠤᠯᠤᠯᠲᠠ᠎ᠨᠢ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠰᠣᠨᠢᠨ ᠰᠡᠳᠬᠦᠯ᠎ᠤᠨ ᠬᠣᠷᠢᠶ᠎ᠠ ᠰᠦᠯᠵᠢᠶ᠎ᠡ᠎ᠨᠦᠭᠦᠳ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠦᠨᠳᠦᠰᠦᠲᠡᠨ᠎ᠤ ᠤᠳᠬ᠎ᠠ ᠵᠣᠬᠢᠶᠠᠯ᠎ᠳᠤ ᠢᠳᠡᠪᠬᠢᠳᠠᠢ᠎ᠪᠠᠷ ᠳᠠᠪᠴᠠᠡᠭ ᠳᠠᠯᠠᠪᠤᠷ ᠨᠡᠭᠡᠭᠡᠨ ᠥᠭᠴᠦ᠂ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠣᠳᠣᠨ ᠪᠦᠲᠦᠭᠡᠯ ᠭᠠᠷᠭ᠋ᠠᠬᠤ᠂ ᠴᠢᠳᠠᠪᠤᠷᠢᠲᠠᠨ ᠬᠥᠮᠦᠵᠢᠭᠦᠯᠬᠦ᠎ᠳᠤ ᠬᠠᠪᠰᠤᠷᠤᠯᠭ᠎ᠠ ᠬᠠᠩᠭ᠋ᠠᠬᠤ ᠬᠡᠷᠡᠭᠲᠡᠶ᠃ ᠰᠣᠨᠢᠨ ᠰᠡᠳᠬᠦᠯ᠎ᠤᠨ ᠬᠤᠷᠢᠶ᠎ᠠ ᠰᠦᠯᠵᠢᠶ᠎ᠡ᠎ᠨᠦᠭᠦᠳ᠎ᠨᠢ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠨᠡᠢ᠌ᠳᠡᠯᠡᠬᠦ᠂ ᠬᠡᠪᠯᠡᠬᠦ᠂ ᠰᠦᠯᠵᠢᠶ᠎ᠡ᠂ ᠤᠬᠠᠭᠤᠯᠭ᠎ᠠ ᠵᠢᠨ ᠪᠣᠭᠣᠮᠲᠠ ᠵᠢ ᠰᠠᠢ᠌ᠲᠤᠷ ᠡᠵᠡᠮᠳᠡᠵᠦ᠂ ᠤᠯᠤᠰ ᠲᠦᠷᠦ ᠵᠢᠨ ᠡᠵᠡᠮᠳᠡᠯ ᠪᠠᠳᠤᠯᠠᠭ᠎ᠠ᠎ᠲᠠᠢ᠂ ᠵᠣᠬᠢᠶᠠᠨ ᠪᠦᠲᠦᠭᠡᠬᠦ ᠬᠦᠳᠦᠯᠦᠨ ᠵᠢᠯᠣᠭᠣᠳᠬᠤ ᠠᠷᠭ᠎ᠠ ᠳᠡᠮ᠎ᠲᠠᠢ᠂ ᠠᠵᠢᠯ᠎ᠤᠨ ᠦᠷ᠎ᠡ ᠪᠦᠲᠦᠮᠵᠢᠲᠡᠢ ᠤᠳᠬ᠎ᠠ ᠵᠣᠬᠢᠶᠠᠯ᠎ᠤᠨ ᠭᠣᠣᠯ ᠪᠡᠬᠢᠯᠡᠯᠲᠡ ᠵᠢ ᠦᠷᠭᠦᠯᠵᠢᠯᠡᠨ ᠰᠠᠢ᠌ᠲᠤᠷ ᠴᠣᠭᠴᠠᠯᠠᠬᠤ ᠬᠡᠷᠡᠭᠲᠡᠢ᠃
      ᠳᠤᠮᠳᠠᠳᠤ ᠵᠢᠨ ᠦᠨᠳᠦᠰᠦᠲᠡᠨ ᠣᠳᠤ ᠶᠠᠭ ᠲᠡᠦᠬᠡ ᠵᠢᠨ ᠤᠷᠳᠤ ᠠᠶᠠᠨ᠎ᠤ ᠲᠤᠮᠤ ᠣᠩᠭᠣᠴᠠ ᠰᠢᠭ᠋ ᠪᠠᠢ᠌ᠵᠤ᠂ 56 ᠦᠨᠳᠦᠰᠦᠲᠡᠨ᠎ᠤ ᠬᠥᠪᠡᠭᠦᠳ ᠥᠬᠢᠳ ᠬᠦᠴᠦ᠎ᠪᠠᠨ ᠬᠠᠮᠲᠤᠳᠬᠠᠨ ᠰᠠᠯᠢᠵᠤ᠂ ᠳᠠᠷᠪᠠᠭᠤᠯ ᠬᠡᠢ᠌ᠰᠬᠡᠨ ᠤᠷᠤᠭᠰᠢᠯᠠᠵᠤ ᠪᠤᠢ᠃ ᠳᠤᠮᠳᠠᠳᠤ ᠵᠢᠨ ᠰᠣᠶᠣᠯ ᠬᠡᠮᠡᠷᠯᠢᠭ ᠬᠤᠷᠭᠤᠢ ᠮᠡᠲᠦ ᠰᠣᠯᠣᠩᠭ᠋ᠠᠷᠠᠵᠤ᠂ ᠰᠢᠷᠬᠡᠭ ᠪᠦᠷᠢ᠎ᠨᠢ ᠦᠨᠳᠦᠰᠦᠲᠡᠨ᠎ᠤ ᠵᠣᠷᠢᠭ ᠰᠠᠨᠠᠭ᠋ᠠᠨ᠎ᠤ ᠭᠡᠷᠡᠯ ᠭᠢᠯᠪᠠᠭ᠎ᠠ ᠵᠢ ᠰᠠᠴᠤᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠰᠦᠯᠵᠢᠨ᠎ᠠ᠃ ᠰᠡᠳᠬᠢᠯ ᠨᠢᠬᠡᠳᠦᠨ ᠬᠦᠴᠦ᠎ᠪᠠᠨ ᠬᠠᠮᠳᠤᠳᠬᠠᠵᠤ ᠠᠯᠤᠰ᠎ᠢ ᠵᠤᠷᠢᠨ ᠤᠷᠤᠭᠰᠢᠯᠠᠨ᠎ᠠ᠃ ᠦᠨᠳᠦᠰᠦᠲᠡᠨ᠎ᠨᠦᠭᠦᠳ᠎ᠤᠨ ᠵᠣᠬᠢᠶᠠᠯᠴᠢᠳ ᠪᠣᠯᠤᠨ ᠤᠳᠬ᠎ᠠ ᠵᠣᠬᠢᠶᠠᠯ᠎ᠤᠨ ᠠᠵᠢᠯᠲᠠᠳ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠦᠨᠳᠦᠰᠦ ᠪᠣᠯᠭ᠋ᠠᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠡᠭᠦᠳᠦᠨ ᠪᠦᠲᠦᠭᠡᠯᠲᠡ ᠵᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ ᠵᠢᠷᠦᠬᠡᠨ᠎ᠳᠤ ᠪᠢᠴᠢᠭᠯᠡᠵᠦ᠂ ᠳᠤᠮᠳᠠᠳᠤ ᠵᠢᠨ ᠬᠥᠪᠡᠭᠦᠳ ᠥᠬᠢᠳ᠎ᠤᠨ ᠪᠦᠯᠬᠦᠮᠳᠡᠨ ᠲᠡᠮᠡᠴᠡᠬᠦ ᠠᠶᠠᠨ ᠵᠠᠮ᠎ᠳᠤ ᠪᠢᠴᠢᠭᠯᠡᠵᠦ᠂ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠲᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃

 

ᠢᠷᠡᠯᠲᠡ᠄ ᠲᠤᠮᠳᠠᠳᠤ ᠵᠢ ᠥᠭᠦᠯᠡᠬᠦᠢ