ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠤ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠪᠠ
ᠨᠡᠶ᠋ᠢᠲᠡᠯᠡᠭᠰᠡᠨ ᠴᠠᠭ᠄ 2024-10-23

      10 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ ᠺᠠᠳ᠋ᠷᠴᠤᠳ᠎ᠤᠨ ᠶᠡᠬᠡ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠪᠠ᠂ ᠰᠤᠳᠤᠯᠤᠯ ᠬᠡᠷᠡᠭᠯᠡᠬᠡᠨ᠎ᠤ ᠲᠥᠪ᠎ᠤᠨ ᠪᠥᠬᠥ ᠺᠠᠳ᠋ᠷ ᠠᠵᠢᠯᠲᠠᠨ ᠬᠤᠷᠠᠯ᠎ᠳᠤ ᠣᠷᠣᠯᠴᠠᠵᠠᠶ᠃
      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠴᠢᠡᠭ ᠦᠨᠡᠨᠴᠢ ᠰᠡᠳᠬᠢᠯᠬᠡ᠎ᠲᠠᠢ᠂ ᠤᠳᠬ᠎ᠠ ᠰᠠᠨᠠᠭ᠎ᠠ᠎ᠨᠢ ᠭᠦᠨ ᠬᠦᠨᠵᠡᠬᠡᠢ᠂ ᠬᠥᠮᠦᠰ᠎ᠢ ᠤᠷᠮᠠᠰᠢᠭᠤᠯᠤᠨ ᠵᠤᠷᠢᠭᠵᠢᠭᠤᠯᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠣᠯᠤᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ᠂ ᠬᠥᠭᠵᠢᠯᠲᠡ ᠵᠢᠨ ᠦᠨᠳᠦᠰᠦ ᠪᠠ ᠠᠮᠢᠨ ᠰᠤᠳᠠᠰᠤ ᠵᠢ ᠭᠦᠨᠵᠡᠭᠡᠶ ᠢᠯᠡᠷᠡᠬᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠶ ᠱᠠᠭ᠋ᠠᠷᠳᠠᠯᠭ᠎ᠠ ᠵᠢ ᠲᠣᠳᠤᠷᠬᠠᠢ ᠳᠤᠷᠠᠳᠤᠭᠰᠠᠨ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠶ ᠰᠤᠳᠤᠷ ᠪᠢᠴᠢᠭ ᠪᠣᠯᠵᠠᠢ᠂ ᠪᠢᠳᠡ  ᠨᠠᠷᠢᠨ ᠬᠢᠨᠠᠮᠠᠭ᠋ᠠᠶ ᠰᠤᠷᠤᠯᠴᠠᠵᠤ᠂ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠳᠡᠢ ᠬᠡᠵᠦ ᠵᠢᠭ᠋ᠠᠨ ᠭᠠᠷᠭ᠋ᠠᠪᠠ᠃
      ᠬᠤᠷᠠᠯ᠎ᠠᠴᠠ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠰᠤᠷᠤᠯᠴᠠᠨ ᠲᠤᠭᠤᠰᠢᠯᠠᠭᠤᠯᠵᠤ᠂ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠵᠤ᠂ ᠪᠦᠬᠦ ᠺᠠᠳ᠋ᠷ ᠠᠵᠢᠯᠳᠠᠨ ᠠᠵᠢᠯᠴᠢᠨ᠎ᠤ ᠠᠵᠢᠯ ᠬᠢᠵᠦ ᠦᠢ᠍ᠯᠡᠰ ᠪᠤᠰᠬᠠᠬᠤ ᠢᠲᠡᠭᠡᠯ ᠵᠣᠷᠢᠭ᠎ᠢ ᠬᠥᠭᠵᠢᠭᠡᠬᠦ ᠬᠡᠷᠡᠭᠲᠡᠢ᠃ ᠡᠷᠬᠡᠪᠰᠢ ᠨᠡᠩ ᠶᠡᠬᠡ ᠡᠷᠴᠢᠮ ᠵᠶ᠋ᠡᠷ 《ᠠᠨᠠᠷ᠎ᠤᠨ ᠬᠡᠯᠬᠢᠶ᠎ᠡ》 ᠠᠵᠢᠯ᠎ᠤᠨ ᠨᠡᠷᠡᠲᠦ ᠳᠡᠮᠳᠡᠭ᠎ᠢ ᠪᠡᠬᠢᠵᠢᠭᠦᠯᠦᠨ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠬᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ᠎ᠳᠤ ᠦᠢ᠍ᠯᠡᠴᠢᠯᠡᠬᠦ ᠲᠠᠯ᠎ᠠ᠎ᠪᠠᠷ ᠪᠣᠳᠠᠲᠠᠢ ᠬᠦᠴᠦᠯᠡᠵᠦ ᠣᠷᠣᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠢ᠌ᠭ᠋ᠠᠳ 《ᠲᠦᠷᠪᠡᠨ ᠬᠠᠮᠳᠤᠳᠬᠠᠬᠤ》 ᠵᠢ ᠣᠨᠣᠪᠴᠢᠲᠠᠢ ᠡᠵᠡᠮᠳᠡᠵᠦ᠂ 《ᠲᠠᠪᠤᠨ ᠮᠡᠡᠳᠡᠷᠬᠦᠢ》 ᠵᠢ ᠨᠡᠮᠡᠭᠳᠡᠭᠦᠯᠵᠦ᠂ ᠬᠠᠮᠳᠤ᠎ᠪᠠᠷ ᠪᠠᠢ᠌ᠭᠤᠯᠬᠤ ᠨᠢᠭᠡᠴᠢ᠎ᠲᠠᠢ ᠥᠷᠭᠡᠨ ᠵᠶ᠋ᠡᠷ ᠬᠠᠷᠢᠯᠴᠠᠵᠤ᠂ ᠨᠡᠩ ᠤᠯᠠᠨ ᠠᠨᠠᠷ᠎ᠤᠨ ᠦᠷ᠎ᠡ ᠵᠢ ᠦᠨᠳᠦᠰᠦᠲᠡᠨ᠎ᠤ ᠠᠵᠢᠯ᠎ᠤᠨ ᠬᠠᠮᠲᠤ ᠵᠠᠮᠨᠠᠭᠴᠢ ᠪᠣᠯᠭ᠋ᠠᠵᠤ᠂ 《ᠠᠨᠠᠷ᠎ᠤᠨ ᠭᠡᠯᠬᠢᠶ᠎ᠡ》 ᠠᠵᠢᠯ᠎ᠤᠨ ᠨᠨᠡᠢ᠌ᠯᠡᠮᠡᠯ ᠬᠦᠴᠦᠨ ᠵᠶ᠋ᠡᠷ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢᠨ ᠦᠢ᠍ᠯᠡᠳᠦᠯᠭᠡ ᠵᠢᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ