ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠭᠦᠨᠵᠡᠭᠡᠢ ᠦᠷᠨᠢᠬᠦᠯᠬᠦ ᠲᠤᠬᠠᠢ ᠪᠤᠳᠠᠳᠠᠢ ᠠᠷᠭ᠎ᠠ ᠭᠡᠮᠵᠢᠶ᠎ᠡ ᠵᠢ ᠲᠠᠷᠤᠮᠠᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-10-10

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠭᠦᠨᠵᠡᠭᠡᠢ ᠥᠷᠨᠢᠭᠦᠯᠬᠦ ᠲᠤᠬᠠᠢ ᠲᠥᠪ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠂ ᠤᠯᠤᠰ᠎ᠤᠨ ᠦᠨᠳᠦᠰᠦᠲᠡᠨ᠎ᠤ ᠵᠦᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠪᠠᠷ ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠭᠦᠨᠵᠡᠭᠡᠢ ᠥᠷᠨᠢᠭᠦᠯᠬᠦ ᠲᠤᠬᠠᠢ ᠪᠣᠳᠠᠲᠠᠢ ᠠᠷᠭ᠎ᠠ ᠬᠡᠮᠵᠢᠶ᠎ᠡ》 (ᠳᠣᠷᠣᠭᠰᠢ 《ᠪᠣᠳᠠᠲᠠᠢ ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠺᠠᠳ᠋ᠷ᠎ᠤᠨ ᠬᠥᠮᠦᠵᠢᠯ ᠪᠣᠯᠣᠨ ᠨᠠᠮ᠎ᠤᠨ ᠭᠡᠰᠢᠭᠦᠨ᠎ᠤ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠤᠨᠤᠯ᠎ᠤᠨ ᠰᠤᠳᠤᠯᠭ᠋ᠠᠨ᠎ᠤ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠬᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠳᠤ ᠠᠭᠤᠰᠤᠯᠴᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠨᠡᠢ᠌ᠭᠡᠮ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠬᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠴᠤᠭᠴᠠᠯᠠᠯᠳᠠ ᠵᠢ ᠪᠦᠬᠦ ᠲᠠᠯ᠎ᠠ᠎ᠪᠠᠷ ᠠᠬᠢᠭᠤᠯᠬᠤ ᠵᠡᠷᠭᠡ 6 ᠲᠠᠯ᠎ᠠ᠎ᠪᠠᠷ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲᠸᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠠᠢ᠌ᠩᠭᠤᠵᠢᠭᠤᠯᠬᠤ ᠲᠣᠭᠲᠠᠴᠠ᠎ᠳᠤ ᠪᠠᠢ᠌ᠷᠢᠯᠠᠭᠤᠯᠤᠯᠲᠠ ᠬᠢᠪᠡ᠃
       《ᠪᠣᠳᠠᠲᠠᠢ ᠠᠷᠭ᠎ᠠ ᠬᠡᠮᠵᠢᠶ᠎ᠡ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠪᠠᠢ᠌ᠩᠭᠤᠵᠢᠭᠤᠯᠬᠤ ᠲᠣᠭᠲᠠᠴᠠ ᠵᠢ ᠪᠠᠢ᠌ᠭᠤᠯᠵᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ᠂ ᠳᠤᠮᠳᠠᠳᠤ ᠵᠢᠨ ᠦᠨᠳᠦᠰᠦᠲᠡᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠲᠠᠢ ᠭᠠᠷ ᠵᠶ᠋ᠠᠨ ᠬᠣᠯᠪᠣᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠶᠡᠬᠡ᠎ᠪᠠᠷ ᠤᠬᠠᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠪᠡᠬᠢᠵᠢᠬᠦᠯᠬᠦ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠠᠭᠤᠷᠢ᠂ ᠨᠡᠢ᠌ᠭᠡᠮ᠎ᠤᠨ ᠰᠠᠭᠤᠷᠢ᠂ ᠬᠠᠢ᠌ᠷ᠎ᠠ ᠰᠡᠳᠬᠢᠯᠭᠡ ᠵᠢᠨ ᠰᠠᠭᠤᠷᠢ᠂ ᠰᠣᠶᠣᠯ᠎ᠤᠨ ᠰᠠᠭᠤᠷᠢ ᠵᠢ ᠲᠠᠰᠤᠷᠠᠯᠳᠠ ᠦᠭᠡᠢ ᠪᠠᠳᠤᠵᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠨᠢᠭᠡᠳᠦᠭᠡᠷ ᠵᠢᠭᠰᠠᠭ᠋ᠠᠯ᠎ᠤᠨ ᠡᠩᠨᠡᠭᠡ᠎ᠳᠤ ᠡᠷᠡᠰ ᠪᠠᠲᠤ ᠰᠠᠢ᠌ᠲᠤᠷ ᠵᠠᠮᠨᠠᠬᠤ ᠪᠤᠯᠣᠨ᠎ᠠ᠃
       《ᠪᠣᠳᠠᠲᠠᠢ ᠠᠷᠭ᠎ᠠ ᠬᠡᠮᠵᠢᠶ᠎ᠡ》᠎ᠳᠤ ᠡᠯ᠎ᠡ ᠱᠠᠲᠤᠨ᠎ᠤ ᠦᠨᠳᠦᠰᠦᠲᠡᠨ᠎ᠤ ᠵᠦᠪᠯᠡᠯ᠎ᠨᠢ ᠡᠯ᠎ᠡ ᠱᠠᠲᠤᠨ᠎ᠤ ᠨᠠᠮ᠎ᠤᠨ ᠬᠤᠷᠢᠶ᠎ᠡ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠭᠡᠰᠢᠭᠦᠨ ᠨᠢᠭᠡᠴᠢ᠎ᠲᠠᠢ ᠬᠠᠷᠢᠯᠴᠠᠵᠤ ᠦᠢ᠍ᠯᠡᠴᠢᠯᠡᠬᠦ ᠪᠠ ᠬᠠᠮᠵᠢᠯᠴᠠᠵᠦ ᠬᠣᠯᠪᠤᠭ᠋ᠠᠯᠠᠨ ᠠᠵᠢᠯᠯᠠᠬᠤ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ᠎ᠢ ᠥᠷᠨᠢᠭᠦᠯᠬᠦ ᠵᠢ ᠦᠨᠳᠦᠰᠦᠲᠡᠨ᠎ᠤ ᠵᠦᠪᠯᠡᠯ᠎ᠤᠨ ᠭᠡᠰᠢᠭᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ᠎ᠳᠤ ᠵᠢᠭᠰᠠᠭ᠋ᠠᠨ ᠣᠷᠣᠭᠤᠯᠵᠤ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠦᠨᠳᠦᠰᠦᠲᠡᠨ᠎ᠤ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠥᠷᠨᠢᠭᠦᠯᠦᠭᠰᠡᠨ ᠪᠠᠢ᠌ᠳᠠᠯ᠎ᠢ ᠤᠯᠤᠰ ᠲᠦᠷᠦ ᠵᠢᠨ ᠬᠡᠪ ᠪᠣᠯᠪᠠᠰᠤᠷᠠᠯ᠎ᠤᠨ ᠪᠠᠢ᠌ᠴᠠᠭ᠋ᠠᠯᠲᠠ᠂ ᠲᠣᠭᠣᠷᠢᠨ ᠪᠠᠢ᠌ᠴᠠᠭ᠋ᠠᠯᠲᠠ ᠬᠢᠨᠠᠨ ᠪᠠᠢ᠌ᠴᠠᠭ᠋ᠠᠯᠲᠠ᠂ ᠵᠠᠰᠠᠭ᠎ᠤᠨ ᠠᠵᠢᠯ᠎ᠤᠨ  ᠪᠦᠳᠦᠮᠵᠢ ᠵᠢ ᠬᠢᠨᠠᠨ ᠰᠢᠯᠭ᠋ᠠᠬᠤ ᠵᠡᠷᠭᠡ ᠵᠢᠨ ᠴᠢᠬᠤᠯᠠ ᠠᠭᠤᠯᠭ᠎ᠠ ᠪᠣᠯᠭ᠋ᠠᠬᠤ ᠵᠢ ᠢᠳᠡᠪᠬᠢᠲᠡᠢ ᠠᠬᠢᠭᠤᠯᠬᠤ ᠭᠡᠷᠡᠭᠳᠡᠢ᠃ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠳᠠ᠂ ᠲᠥᠷᠥᠯ ᠵᠦᠢᠯᠴᠢᠯᠡᠨ ᠠᠬᠢᠭᠤᠯᠬᠤ ᠵᠢ ᠬᠡᠷᠡᠭᠵᠢᠭᠦᠯᠵᠦ᠂ ᠦᠷ᠎ᠡ ᠪᠦᠲᠦᠮᠵᠢ ᠮᠥᠷᠳᠡᠨ ᠠᠰᠠᠭᠤᠬᠤ ᠵᠢ ᠴᠢᠩᠭ᠋ᠠᠳᠬᠠᠵᠤ᠂  ᠬᠤᠯᠪᠤᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠠᠢ᠌ᠳᠠᠪᠤᠷᠢᠵᠢᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠢ ᠭᠡᠵᠦ ᠱᠠᠭ᠋ᠠᠷᠳᠠᠪᠠ᠃

 



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

 

ᠢᠷᠡᠯᠲᠡ᠄ ᠰᠤᠷᠭ᠋ᠠᠨ ᠬᠦᠮᠦᠵᠢᠯ᠎ᠤᠨ ᠭᠠᠵᠠᠷ