ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠦᠨᠳᠦᠰᠦᠲᠡᠨ᠎ᠤ ᠪᠦᠯᠬᠦᠮᠳᠡᠯ᠎ᠤᠨ ᠴᠡᠴᠡᠭ ᠮᠢᠷᠠᠯᠵᠠᠨ ᠳᠡᠯᠭᠡᠷᠡᠵᠦ᠂ ᠡᠷᠡᠮᠡᠬᠡᠢ᠌ᠯᠡᠨ ᠤᠷᠤᠭᠰᠢᠯᠠᠵᠤ ᠰᠢᠨ᠎ᠡ ᠬᠠᠭᠤᠳᠠᠰᠤ ᠵᠢ ᠪᠢᠴᠢᠭᠯᠡᠨᠡᠮ — ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠪᠠ (ᠬᠤᠶᠠᠷ)
ᠨᠡᠶ᠋ᠢᠲᠡᠯᠡᠭᠰᠡᠨ ᠴᠠᠭ᠄ 2024-10-24

      9 ᠳ᠋ᠦ᠍ᠭᠡᠷ ᠰᠠᠷ᠎ᠠ ᠵᠢᠨ 27᠎ᠤ ᠡᠳᠦᠷ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ᠂ ᠣᠢ᠌ᠷ᠎ᠠ ᠵᠢᠨ ᠵᠢᠯ᠎ᠤᠨ ᠲᠤᠷᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠤᠷᠢᠨ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠡᠶ᠋ᠢᠲᠡ ᠪᠠ ᠵᠢᠱ᠌ᠢᠶᠡᠴᠢ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠢᠳᠡᠪᠬᠢᠲᠡᠢ ᠰᠤᠷᠤᠯᠴᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠤᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ᠎ᠤᠨ ᠲᠡᠦᠬᠡᠨ ᠰᠠᠭᠤᠷᠢ ᠮᠥᠨ ᠭᠡᠳᠡᠭ᠎ᠢ ᠣᠢ᠌ᠯᠠᠭ᠋ᠠᠨ ᠮᠡᠳᠡᠷᠡᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠡᠳᠬᠢᠯ ᠨᠢᠭᠡᠳᠦᠨ ᠪᠢᠴᠢᠭᠯᠡᠬᠦ ᠵᠢ ᠵᠤᠷᠢᠭᠵᠢᠭᠤᠯᠪᠠ᠃
      ᠵᠤ᠌ ᠵᠢᠶᠦ᠋ᠨ (ᠠᠯᠪᠠᠨ ᠭᠡᠷ᠎ᠤᠨ ᠬᠣᠶᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ)᠄ ᠪᠥᠬᠥ ᠤᠯᠤᠰ ᠵᠶ᠋ᠠᠷ ᠵᠶ᠋ᠠᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠵᠦ ᠪᠠᠢ᠌ᠭ᠎ᠠ ᠲᠠᠰᠢᠷᠠᠮ ᠵᠶ᠋ᠠᠷ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠵᠠᠢ᠃ ᠦᠨᠳᠦᠰᠦᠲᠡᠨ᠎ᠤ ᠠᠵᠢᠯ᠎ᠢ ᠬᠢᠵᠦ ᠪᠠᠢ᠌ᠭ᠎ᠠ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠬᠤ᠎ᠪᠠᠷ ᠲᠠᠮᠵᠢᠵᠦ ᠨᠡᠩ ᠢᠯᠡᠭᠦᠦ ᠣᠮᠤᠭᠰᠢᠨ ᠵᠣᠷᠢᠭᠵᠢᠵᠤ᠂ ᠦᠨᠳᠦᠰᠦᠳᠡᠨ᠎ᠤ ᠠᠵᠢᠯ᠎ᠢ ᠰᠠᠢ᠌ᠳᠦᠷ ᠬᠢᠬᠦ ᠢᠳᠡᠭᠡᠯ ᠵᠤᠷᠢᠭ ᠵᠶ᠋ᠠᠨ ᠨᠡᠩ ᠪᠠᠳᠤᠳᠬᠠᠪᠠ᠃
      ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ ᠬᠥᠭᠵᠢᠯ᠎ᠤᠨ ᠦᠨᠳᠦᠰᠦ ᠪᠠ ᠰᠦᠭ ᠰᠦᠨᠡᠰᠦ ᠵᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ ᠳᠤᠷᠠᠳᠴᠠᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢᠨ ᠦᠵᠡᠯ ᠰᠠᠨᠠᠭ᠎ᠠ᠎ᠨᠢ ᠭᠦᠨ ᠭᠦᠨᠵᠡᠭᠡᠢ᠂ ᠠᠯᠤᠰ ᠬᠡᠳᠦ ᠵᠢᠨ ᠪᠣᠳᠤᠯᠭ᠎ᠠ᠎ᠲᠠᠢ ᠲᠤᠯᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠪᠣᠯᠤᠭᠰᠠᠨ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ᠂ ᠰᠠᠢ᠌ᠲᠤᠷ ᠲᠤᠭᠤᠰᠢᠯᠠᠭᠤᠯᠵᠦ᠂ ᠰᠠᠢ᠌ᠲᠤᠷ ᠨᠠᠢ᠌ᠳᠠᠪᠤᠷᠢᠵᠢᠭᠤᠯᠬᠤ ᠪᠣᠯ ᠡᠯ᠎ᠡ ᠱᠠᠲᠤᠨ᠎ᠤ ᠨᠠᠮ᠎ᠤᠨ ᠭᠡᠰᠢᠭᠦᠨ ᠺᠠᠳ᠋ᠷ ᠪᠣᠯᠣᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠮᠥᠨ᠃ ᠦᠨᠳᠦᠰᠦᠲᠡᠨ᠎ᠤ ᠠᠵᠢᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ ᠪᠢᠳᠡ ᠵᠠᠪᠠᠯ ᠶᠡᠷᠦᠩᠬᠡᠢ ᠱᠦᠵᠢ ᠵᠢᠨ ᠶᠠᠷᠢᠶᠠᠨ᠎ᠤ ᠭᠦᠨ ᠠᠭᠣᠯᠣᠭᠳᠠᠬᠤᠨ᠎ᠢ ᠭᠦᠨᠵᠡᠭᠡᠢ ᠰᠤᠷᠤᠯᠴᠠᠵᠤ ᠪᠦᠬᠦ ᠲᠠᠯ᠎ᠠ᠎ᠪᠠᠷ ᠤᠢ᠌ᠯᠠᠭ᠋ᠠᠵᠦ᠂ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠰᠠᠢ᠌ᠲᠤᠷ ᠪᠡᠶᠡᠯᠡᠭᠦᠯᠬᠦ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠲᠤᠭᠤᠷᠢᠨ᠎ᠳᠤ ᠲᠤᠬᠠᠢ᠌ᠯᠠᠭᠰᠠᠨ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ᠂ ᠲᠤᠬᠠᠢ᠌ᠯᠠᠭᠰᠠᠨ ᠠᠵᠢᠯ ᠵᠶ᠋ᠠᠨ ᠰᠠᠢ᠌ᠲᠤᠷ ᠬᠢᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠪᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠲᠠᠰᠤᠷᠠᠯᠳᠡ ᠦᠭᠡᠢ ᠠᠬᠢᠭᠤᠯᠬᠤ ᠵᠢᠨ ᠲᠦᠯᠦᠭᠡ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ᠃
      ᠶᠠᠩ ᠹᠠᠩ (ᠲᠥᠷᠥ ᠵᠢᠨ ᠪᠣᠳᠣᠯᠭ᠎ᠠ ᠬᠠᠤᠯᠢ ᠳᠥᠷᠢᠮ᠎ᠤᠨ ᠭᠠᠵᠠᠷ᠎ᠤᠨ ᠳᠠᠷᠤᠭ᠎ᠠ)᠄ 9 ᠳ᠋ᠦ᠍ᠭᠡᠷ ᠰᠠᠷ᠎ᠠ ᠵᠢᠨ 27᠎ᠤ ᠡᠳᠦᠷ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ 75 ᠵᠢᠯ᠎ᠤᠨ ᠣᠶ ᠵᠢ ᠪᠠᠶᠠᠷᠯᠠᠨ ᠤᠭᠲᠤᠬᠤ ᠲᠠᠰᠢᠷᠠᠮ ᠵᠶ᠋ᠡᠷ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠠᠮᠵᠢᠯᠲᠠ᠎ᠲᠠᠢ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢᠬᠢ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ ᠬᠥᠭᠵᠢᠯ᠎ᠤᠨ ᠦᠨᠳᠦᠰᠦ ᠪᠠ ᠰᠦᠭ ᠰᠦᠨᠡᠰᠦ ᠵᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ ᠳᠤᠷᠠᠳᠴᠤ᠂ ᠦᠵᠡᠯ ᠰᠠᠨᠠᠭ᠎ᠠ ᠭᠦᠨ ᠭᠦᠨᠵᠡᠭᠡᠢ᠂ ᠠᠯᠤᠰ ᠬᠡᠳᠦ ᠵᠢᠨ ᠪᠣᠳᠤᠯᠭ᠎ᠠ᠎ᠲᠠᠢ ᠲᠤᠯᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠪᠣᠯᠤᠭᠰᠠᠨ ᠪᠠᠢ᠌ᠨ᠎ᠠ᠃ ᠪᠢ ᠦᠨᠳᠦᠰᠦᠲᠡᠨ᠎ᠤ ᠠᠵᠢᠯ᠎ᠢ ᠬᠢᠵᠦ ᠪᠠᠢ᠌ᠭ᠎ᠠ ᠨᠠᠮ᠎ᠤᠨ ᠭᠡᠰᠢᠭᠦᠨ ᠺᠠᠳ᠋ᠷᠴᠤᠳ᠎ᠤᠨ ᠳᠣᠲᠣᠷᠠᠬᠢ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠡᠭᠦᠨ᠎ᠤ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭ᠋ᠠᠨ᠎ᠤ ᠮᠥᠨ ᠴᠢᠨᠠᠷ᠎ᠢ ᠣᠨᠣᠪᠴᠢᠲᠠᠶ ᠡᠵᠡᠮᠰᠢᠵᠦ᠂ ᠡᠬᠦᠨ ᠵᠶ᠋ᠡᠷ ᠤᠶᠤᠨ ᠰᠠᠨᠠᠭ᠎ᠠ᠎ᠪᠠᠨ ᠵᠡᠪᠰᠡᠭᠯᠡᠵᠦ ᠦᠢ᠍ᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠠᠬᠢᠭᠤᠯᠤᠨ᠎ᠠ᠃ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ ᠵᠢᠱ᠌ᠢᠶᠡᠴᠢ ᠪᠣᠯᠬᠤ᠎ᠪᠠᠷ ᠬᠤᠰᠢᠭᠤᠷᠠᠨ ᠠᠵᠢᠯᠯᠠᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠮᠡᠳᠡᠷᠡᠬᠦᠢ᠎ᠪᠠᠨ ᠲᠠᠰᠤᠷᠠᠯᠲᠠ ᠦᠭᠡᠢ ᠴᠢᠩᠭ᠋ᠠᠳᠬᠠᠨ᠎ᠠ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠮᠠᠨ᠎ᠤ ᠣᠷᠣᠨ᠎ᠤ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠲᠥᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃




        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠰᠣᠶᠣᠯ ᠤᠬᠠᠭᠤᠯᠭ᠎ᠠ ᠵᠢᠨ ᠭᠠᠵᠠᠷ