9 ᠳ᠋ᠦ᠍ᠭᠡᠷ ᠰᠠᠷ᠎ᠠ ᠵᠢᠨ 27᠎ᠤ ᠡᠳᠦᠷ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ᠂ ᠣᠢ᠌ᠷ᠎ᠠ ᠵᠢᠨ ᠵᠢᠯ᠎ᠤᠨ ᠲᠤᠷᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠤᠷᠢᠨ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠡᠶ᠋ᠢᠲᠡ ᠪᠠ ᠵᠢᠱ᠌ᠢᠶᠡᠴᠢ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠢᠳᠡᠪᠬᠢᠲᠡᠢ ᠰᠤᠷᠤᠯᠴᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠤᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ᠎ᠤᠨ ᠲᠡᠦᠬᠡᠨ ᠰᠠᠭᠤᠷᠢ ᠮᠥᠨ ᠭᠡᠳᠡᠭ᠎ᠢ ᠣᠢ᠌ᠯᠠᠭ᠋ᠠᠨ ᠮᠡᠳᠡᠷᠡᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠡᠳᠬᠢᠯ ᠨᠢᠭᠡᠳᠦᠨ ᠪᠢᠴᠢᠭᠯᠡᠬᠦ ᠵᠢ ᠵᠤᠷᠢᠭᠵᠢᠭᠤᠯᠪᠠ᠃
ᠯᠢᠦ ᠪᠢᠨ (ᠵᠣᠬᠢᠴᠠᠭᠤᠯᠤᠨ ᠠᠬᠢᠭᠤᠯᠬᠤ ᠭᠠᠵᠠᠷ᠎ᠤᠨ ᠳᠠᠷᠤᠭ᠎ᠠ)᠄ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠵᠢ ᠪᠠᠶᠠᠷᠯᠠᠨ ᠤᠭᠲᠤᠵᠤ ᠪᠠᠢ᠌ᠭ᠎ᠠ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠡᠷ᠎ᠡ᠎ᠪᠠᠷ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠢ ᠡᠷᠬᠢᠯᠡᠵᠡᠢ᠂ ᠡᠨᠡ᠎ᠨᠢ ᠨᠠᠮ ᠪᠠ ᠤᠯᠤᠰ᠎ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠪᠤᠯᠬᠤ ᠪᠦᠭᠡᠳ ᠲᠤᠰ ᠤᠳᠠᠭ᠋ᠠᠨ᠎ᠤ ᠶᠡᠬᠡ ᠬᠤᠷᠠᠯ᠎ᠤᠨ ᠴᠢᠬᠤᠯᠠ ᠴᠢᠨᠠᠷ᠎ᠢ ᠭᠦᠢ᠍ᠴᠡᠳ ᠢᠯᠡᠷᠡᠭᠦᠯᠵᠦ᠂ ᠰᠢ ᠵᠢᠨ ᠫᠢᠩ ᠨᠥᠬᠥᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠲᠥᠪ ᠬᠣᠷᠢᠶ᠎ᠠ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠦᠨᠳᠦ ᠬᠦᠰᠡᠯ ᠨᠠᠢ᠌ᠳᠠᠯᠭ᠎ᠠ ᠲᠠᠯᠪᠢᠵᠤ ᠪᠠᠢ᠌ᠬᠤ ᠵᠢ ᠭᠦᠢ᠍ᠴᠡᠳ ᠬᠠᠷᠠᠭᠤᠯᠵᠤ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠠᠴᠠ ᠨᠠᠭ᠋ᠠᠰᠢᠬᠢ 75 ᠵᠢᠯ᠂ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ ᠪᠤᠯᠤᠨ ᠬᠥᠭᠵᠢᠯ᠎ᠤᠨ ᠦᠨᠳᠦᠰᠦ ᠪᠠ ᠰᠦᠭ ᠰᠦᠨᠡᠰᠦ ᠵᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ ᠳᠤᠷᠠᠳᠴᠤ᠂ ᠦᠵᠡᠯ ᠰᠠᠨᠠᠭ᠎ᠠ ᠭᠦᠨ ᠭᠦᠨᠵᠡᠭᠡᠢ᠂ ᠠᠯᠤᠰ ᠬᠡᠳᠦ ᠵᠢᠨ ᠪᠣᠳᠤᠯᠭ᠎ᠠ᠎ᠲᠠᠢ ᠲᠤᠯᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠪᠣᠯᠤᠭᠰᠠᠨ ᠪᠠᠢ᠌ᠨ᠎ᠠ᠂ ᠮᠦᠨ ᠴᠤ᠌ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠋ᠠᠨ᠎ᠤ ᠰᠢᠨ᠎ᠡ ᠬᠠᠭᠤᠳᠠᠰᠤ ᠪᠣᠯᠤᠭᠰᠠᠨ ᠪᠠᠢ᠌ᠨ᠎ᠠ᠃
ᠦᠨᠳᠦᠰᠦᠲᠡᠨ᠎ᠤ ᠰᠠᠯᠠᠭ᠎ᠠ ᠮᠥᠴᠢᠷ᠎ᠤᠨ ᠠᠵᠢᠯᠲᠠᠨ ᠪᠣᠯᠤᠭᠰᠠᠨ᠎ᠤ ᠬᠤᠪᠢ᠎ᠳᠤ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠤᠯᠭ᠋ᠠᠵᠦ᠂ ᠶᠡᠬᠡ ᠬᠤᠷᠠᠯ᠎ᠠᠴᠠ ᠪᠠᠢ᠌ᠷᠢᠯᠠᠭᠤᠯᠤᠭᠰᠠᠨ ᠡᠯ᠎ᠡ ᠵᠦᠢ᠍ᠯ᠎ᠤᠨ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠠᠴᠠ ᠨᠠᠭ᠋ᠠᠰᠢᠬᠢ 75 ᠵᠢᠯ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠭᠦᠨᠵᠡᠭᠡᠢ ᠣᠢ᠌ᠯᠠᠭ᠋ᠠᠵᠤ᠂ ᠭᠦᠬᠢᠭᠦᠯᠦᠭᠳᠡᠨ ᠰᠠᠢ᠌ᠰᠢᠶᠠᠭᠳᠠᠭᠰᠠᠨ ᠵᠢᠱ᠌ᠢᠶᠡᠴᠢ ᠬᠠᠮᠲᠤ ᠨᠡᠶ᠋ᠢᠲᠡ ᠪᠣᠯᠣᠨ ᠵᠢᠱ᠌ᠢᠶᠡᠴᠢ ᠬᠤᠪᠢ ᠬᠥᠮᠥᠨ ᠵᠶ᠋ᠡᠷ ᠳᠠᠭᠤᠷᠢᠶᠠᠯ ᠪᠣᠯᠭ᠋ᠠᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠦ᠂ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠪᠡᠬᠢᠵᠢᠬᠦᠯᠵᠦ᠂ ᠤᠬᠠᠮᠰᠠᠷ᠎ᠠᠴᠠ᠎ᠪᠠᠨ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠣᠭᠲᠠᠭᠤᠨ᠎ᠤ ᠬᠠᠮᠠᠭ᠋ᠠᠯᠠᠭᠴᠢ ᠪᠣᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠠᠬᠢᠭᠤᠯᠤᠭᠴᠢ ᠪᠣᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠢ᠍ᠯᠡᠳᠦᠯᠭᠡᠵᠢᠭᠦᠯᠦᠭᠴᠢ ᠪᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠢᠷᠮᠠᠢ᠌ᠨ ᠲᠡᠮᠡᠴᠡᠵᠡᠭᠡᠶ᠎ᠡ!
ᠵᠠᠩ ᠯᠢᠩ ᠯᠢᠩ (ᠤᠨᠤᠯ᠎ᠤᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ)᠄ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠰᠤᠷᠤᠯᠴᠠᠵᠦ ᠤᠬᠠᠭᠤᠯᠤᠨ ᠲᠤᠭᠤᠰᠢᠯᠠᠭᠤᠯᠵᠦ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠢ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠣᠨᠣᠯ᠎ᠤᠨ ᠰᠤᠳᠤᠯᠭ᠋ᠠᠨ᠎ᠤ ᠠᠵᠢᠯ᠎ᠢ ᠶᠡᠷᠦᠩᠬᠡᠢ᠌ᠯᠡᠨ ᠤᠳᠤᠷᠢᠳᠬᠤ ᠪᠠ ᠵᠢᠯᠤᠭᠣᠳᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠪᠠ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠵᠤ᠂ 《ᠲᠠᠪᠤᠨ ᠬᠠᠮᠲᠤ᠎ᠪᠠᠷ》 ᠵᠥᠪ ᠣᠨᠣᠪᠴᠢᠲᠠᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠭᠦᠨᠵᠡᠭᠡᠢ ᠤᠬᠠᠭᠤᠯᠤᠨ ᠲᠠᠢ᠌ᠯᠪᠤᠷᠢᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢᠨ ᠮᠠᠲ᠋ᠧᠷᠢᠶᠠᠯ · ᠥᠪᠥᠷ ᠮᠣᠩᠭᠣᠯ᠎ᠤᠨ ᠪᠣᠳᠢ》 ᠵᠢ ᠨᠠᠢ᠌ᠷᠠᠭᠤᠯᠬᠤ ᠠᠵᠢᠯ᠎ᠢ ᠴᠢᠨᠠᠷ ᠰᠠᠢ᠌ᠲᠠᠢ ᠪᠡᠶᠡᠯᠡᠭᠦᠯᠵᠦ᠂ ᠥᠪᠥᠷ ᠮᠣᠩᠭᠣᠯ᠎ᠤᠨ ᠲᠡᠦᠬᠡ ᠵᠢᠨ ᠮᠠᠲ᠋ᠧᠷᠢᠶᠠᠯ᠎ᠤᠨ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠰᠤᠳᠤᠯᠭ᠋ᠠᠨ᠎ᠤ ᠰᠠᠭᠤᠷᠢᠨ ᠭᠠᠵᠠᠷ᠎ᠤᠨ ᠴᠠᠷᠠᠭ᠎ᠠ ᠬᠦᠷᠢᠶ᠎ᠡ ᠵᠢ ᠥᠷᠭᠡᠳᠬᠡᠨ ᠶᠠᠰᠤ ᠴᠢᠨᠠᠷ᠎ᠢ ᠰᠠᠢ᠌ᠵᠢᠷᠠᠭᠤᠯᠵᠤ ᠦᠷ᠎ᠡ ᠠᠰᠢᠭ᠎ᠢ ᠨᠡᠮᠡᠭᠳᠡᠭᠦᠯᠬᠦ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠵᠤ᠂ 《ᠰᠤᠳᠤᠯᠭ᠋ᠠᠨ᠎ᠤ ᠲᠥᠪ + ᠰᠠᠭᠤᠷᠢᠨ ᠭᠠᠵᠠᠷ᠎ᠤᠨ ᠬᠣᠯᠪᠤᠭ᠋ᠠᠯᠠᠯ + ᠥᠪᠡᠷᠲᠡᠭᠡᠨ ᠵᠠᠰᠠᠬᠤ ᠣᠷᠣᠨ᠎ᠤ ᠰᠠᠭᠤᠷᠢᠨ ᠭᠠᠵᠠᠷ》᠎ᠤᠨ ᠣᠨᠣᠯ᠎ᠤᠨ ᠰᠤᠳᠤᠯᠭ᠋ᠠᠨ᠎ᠤ ᠲᠣᠭᠲᠠᠴᠠ ᠵᠢ ᠰᠠᠢ᠌ᠲᠤᠷ ᠪᠠᠢ᠌ᠭᠤᠯᠤᠨ ᠰᠠᠢ᠌ᠲᠤᠷ ᠬᠡᠷᠡᠭᠯᠡᠵᠦ᠂ ᠪᠣᠶ ᠪᠦᠬᠦᠢ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠣᠯᠪᠣᠭᠳᠠᠯ》᠎ᠢ ᠣᠯᠭᠤᠬᠤ ᠲᠤᠰᠬᠠᠢ ᠰᠤᠳᠤᠯᠭ᠋ᠠᠨ ᠪᠠ ᠤᠬᠠᠭᠤᠯᠭ᠎ᠠ ᠲᠠᠢ᠌ᠯᠪᠤᠷᠢᠯᠠᠯᠳᠠ ᠵᠢ ᠬᠦᠴᠦᠯᠡᠨ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠶᠣᠰᠣ ᠵᠦᠢ ᠵᠢᠨ ᠲᠤᠯᠭ᠋ᠠᠭᠤᠷᠢᠯᠠᠯ ᠪᠠ ᠣᠶᠤᠨ᠎ᠤ ᠳᠡᠮᠵᠢᠯᠭᠡ ᠵᠢ ᠬᠠᠩᠭ᠋ᠠᠨ᠎ᠠ!
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ