9 ᠳ᠋ᠤᠬᠡᠷ ᠰᠠᠷ᠎ᠠ ᠵᠢᠨ 27᠎ᠤ ᠡᠳᠦᠷ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ᠂ ᠣᠢ᠌ᠷ᠎ᠠ ᠵᠢᠨ ᠵᠢᠯ᠎ᠤᠨ ᠲᠤᠷᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠤᠨ ᠲᠣᠭᠤᠷᠢᠨ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠡᠢ᠌ᠲᠡ ᠪᠠ ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠢᠳᠡᠪᠬᠢᠲᠡᠢ ᠰᠤᠷᠤᠯᠴᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠬᠤᠭᠤᠷᠤᠨᠳᠤᠬᠢ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ᠎ᠤᠨ ᠲᠡᠥᠬᠡᠨ ᠰᠠᠭᠤᠷᠢ ᠮᠦᠨ ᠭᠡᠳᠡᠭ᠎ᠢ ᠣᠢ᠌ᠯᠠᠭ᠋ᠠᠨ ᠮᠡᠳᠡᠷᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠮᠡᠬᠡᠢ᠌ᠯᠡᠨ ᠤᠷᠤᠭᠰᠢᠯᠠᠵᠤ᠂ ᠰᠡᠳᠬᠢᠯ ᠨᠢᠭᠡᠳᠦᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠡᠳᠬᠢᠯ ᠨᠢᠭᠡᠲᠦᠨ ᠪᠢᠴᠢᠭᠯᠡᠬᠦ ᠵᠢ ᠵᠣᠷᠢᠭᠵᠢᠭᠤᠯᠪᠠ᠃
ᠯᠢ ᠶᠠᠨ (ᠰᠣᠶᠣᠯ ᠤᠬᠠᠭᠤᠯᠭ᠎ᠠ ᠵᠢᠨ ᠭᠠᠵᠠᠷ᠎ᠤᠨ ᠳᠠᠷᠤᠭ᠎ᠠ)᠄ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠦᠨᠳᠦᠰᠦᠲᠡᠨ᠎ᠤ ᠠᠰᠠᠭᠤᠳᠠᠯ ᠪᠣᠯᠤᠨ ᠦᠨᠳᠦᠰᠦᠲᠡᠨ᠎ᠤ ᠠᠵᠢᠯ᠎ᠳᠤ ᠬᠣᠯᠪᠣᠭᠳᠠᠬᠤ ᠴᠢᠬᠤᠯᠠ ᠶᠡᠬᠡ ᠣᠨᠣᠯ᠎ᠤᠨ ᠪᠠ ᠦᠢᠯᠡᠳᠦᠯᠭᠡ ᠵᠢᠨ ᠠᠰᠠᠭᠤᠳᠠᠯ᠎ᠢ ᠭᠦᠨᠵᠡᠭᠡᠶ ᠲᠣᠳᠣᠷᠬᠠᠢ᠌ᠯᠠᠨ ᠥᠭᠦᠯᠡᠵᠦ᠂ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ᠂ ᠡᠨᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠰᠢᠨᠵᠢᠳᠠᠢ ᠪᠢᠴᠢᠭ ᠮᠠᠲᠸᠷᠢᠶᠡᠯ ᠪᠣᠯᠤᠭᠰᠠᠨ ᠪᠠᠢ᠌ᠨ᠎ᠠ᠂ ᠮᠦᠨ ᠴᠦ᠍ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠋ᠠᠨ᠎ᠤ ᠴᠣ᠋ ᠰᠢᠨ᠎ᠡ ᠬᠠᠭᠤᠳᠠᠰᠤ ᠪᠣᠯᠤᠨ᠎ᠠ᠃ ᠦᠨᠳᠦᠰᠦᠲᠡᠨ᠎ᠤ ᠭᠠᠵᠠᠷ ᠣᠷᠣᠨ᠂ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ ᠪᠢ ᠲᠤᠰ ᠤᠳᠠᠭ᠎ᠠ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠠᠭ᠋ᠠᠰᠢᠲᠠ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠢ᠌ᠭᠤᠯᠬᠤ ᠲᠠᠯ᠎ᠠ᠎ᠪᠠᠷ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠲᠣᠭᠣᠷᠢᠨ᠎ᠳᠤ᠂ ᠦᠨᠳᠦᠰᠦᠲᠡᠨ᠎ᠤ ᠰᠣᠶᠣᠯ᠎ᠤᠨ ᠡᠯᠪᠡᠭ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠴᠠᠭ ᠦᠶ᠎ᠡ ᠵᠢᠨ ᠰᠢᠨ᠎ᠡ ᠳᠠᠪᠰᠢᠯᠲᠠ᠂ ᠰᠢᠨ᠎ᠡ ᠠᠬᠢᠴᠠ ᠵᠢ ᠳᠠᠭ᠋ᠠᠵᠤ᠂ ᠮᠠᠨ᠎ᠤ ᠣᠷᠣᠨ᠎ᠤ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠤᠯᠠᠷᠢᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠵᠢᠨ ᠰᠣᠶᠣᠯ ᠪᠣᠯᠤᠨ ᠳᠤᠮᠳᠠᠳᠤ ᠵᠢᠨ ᠦᠨᠳᠦᠰᠦᠲᠡᠨ᠎ᠤ ᠦᠯᠢᠭᠡᠷ — 《ᠥᠪᠥᠷ ᠮᠣᠩᠭᠣᠯ᠎ᠤᠨ ᠬᠠᠭᠤᠳᠠᠰᠤ》 ᠵᠢ ᠰᠠᠢ᠌ᠲᠤᠷ ᠶᠠᠷᠢᠬᠤ᠎ᠳᠤ ᠬᠦᠴᠦᠨ ᠴᠢᠳᠠᠯ ᠵᠢᠡᠨ ᠨᠡᠮᠡᠷᠢᠯᠡᠨ᠎ᠡ; ᠦᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠵᠥᠪᠯᠡᠯ᠎ᠤᠨ ᠤᠬᠠᠭᠤᠯᠬᠤ ᠵᠢᠭᠰᠠᠭ᠋ᠠᠯ᠎ᠤᠨ ᠭᠠᠵᠠᠷ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠢᠡᠨ ᠭᠦᠢ᠍ᠴᠡᠳ ᠪᠠᠳᠠᠷᠠᠭᠤᠯᠵᠤ᠂ ᠭᠣᠣᠯ ᠰᠡᠳᠦᠪᠲᠦ ᠤᠬᠠᠭᠤᠯᠭ᠎ᠠ ᠪᠠ ᠰᠦᠯᠵᠢᠶᠡᠵᠢᠭᠰᠡᠨ ᠢᠯᠡᠳᠬᠡᠯᠲᠡ᠎ᠳᠤ ᠰᠢᠨ᠎ᠡ ᠵᠢ ᠡᠭᠦᠳᠴᠦ᠂ ᠪᠦᠲᠦᠭᠡᠯᠴᠢ ᠴᠢᠨᠠᠷᠲᠠᠢ᠂ ᠥᠪᠡᠷᠮᠢᠴᠡ ᠣᠨᠴᠠᠯᠢᠭ᠎ᠲᠠᠢ᠂ ᠨᠥᠯᠥᠭᠡ ᠶᠡᠬᠡᠲᠠᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ 《ᠳᠠᠭᠤ ᠬᠤᠭᠤᠯᠠᠢ》 ᠪᠠᠢ᠌ᠭᠰᠠᠨ᠎ᠠᠴᠠ᠎ᠪᠠᠨ 《ᠳᠠᠭᠤ ᠲᠠᠷᠬᠠᠭ᠋ᠠᠭᠴᠢ》 ᠲᠡᠢ᠌ᠰᠢ ᠬᠤᠪᠢᠷᠠᠭᠤᠯᠵᠤ᠂ ᠨᠠᠮ᠎ᠤᠨ ᠳᠠᠭᠤᠨ᠎ᠢ ᠠᠷᠠᠳ᠎ᠤᠨ ᠰᠡᠳᠬᠢᠯ᠎ᠳᠤ ᠭᠦᠨ ᠬᠠᠳᠠᠩᠰᠢᠭᠤᠯᠤᠨ᠎ᠠ᠃
ᠢᠯᠠᠨ᠎ᠠ (ᠰᠤᠷᠭ᠋ᠠᠨ ᠬᠥᠮᠦᠵᠢᠯ᠎ᠤᠨ ᠭᠠᠵᠠᠷ᠎ᠤᠨ ᠳᠠᠷᠤᠭ᠎ᠠ)᠄ 9 ᠳ᠋ᠤᠬᠡᠷ ᠰᠠᠷ᠎ᠠ ᠵᠢᠨ 27᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠯ᠎ᠡ ᠲᠦᠷᠦᠯ᠎ᠤᠨ ᠠᠵᠢᠯ᠎ᠢ ᠭᠦᠨᠵᠡᠭᠡᠢ᠌ᠷᠡᠭᠦᠯᠬᠦ᠎ᠳᠤ ᠴᠢᠭᠯᠡᠯ᠎ᠢ ᠲᠣᠳᠣᠷᠬᠠᠶ ᠵᠢᠭ᠋ᠠᠵᠤ ᠵᠢᠷᠤᠮᠯᠠᠯ ᠬᠠᠩᠭ᠋ᠠᠪᠠ᠃ ᠪᠢᠳᠡ ᠪᠥᠬᠥ ᠲᠠᠯ᠎ᠠ᠎ᠪᠠᠷ ᠣᠢ᠌ᠯᠠᠭ᠋ᠠᠬᠤ᠂ ᠪᠥᠬᠥ ᠲᠠᠯ᠎ᠠ᠎ᠪᠠᠷ ᠡᠵᠡᠮᠳᠡᠬᠦ᠂ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠤᠭᠳᠠᠭ᠋ᠠᠭᠰᠠᠨ》᠎ᠢ ᠦᠨᠡᠨᠴᠢ ᠰᠢᠳᠤᠷᠭᠤ᠎ᠪᠠᠷ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠪᠠᠢ᠍ᠢ᠍ᠩᠭᠤᠵᠢᠬᠰᠠᠠ ᠲᠣᠭᠲᠠᠴᠠ ᠵᠢ ᠪᠠᠢ᠌ᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠣᠯᠵᠢᠬᠤᠨ᠎ᠢ ᠪᠠᠲᠤ ᠪᠤᠢ ᠪᠣᠯᠭ᠋ᠠᠬᠤ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠠᠭᠤᠷᠢ᠂ ᠨᠡᠢ᠌ᠭᠡᠮ᠎ᠤᠨ ᠰᠠᠭᠤᠷᠢ᠂ ᠬᠠᠢ᠌ᠷ᠎ᠠ ᠰᠡᠳᠬᠢᠯᠭᠡ ᠵᠢᠨ ᠰᠠᠭᠤᠷᠢ᠂ ᠰᠣᠶᠣᠯ᠎ᠤᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠨᠢᠭᠡᠳᠦᠭᠡᠷ ᠵᠢᠭᠰᠠᠭ᠋ᠠᠯ᠎ᠳᠤ ᠡᠷᠡᠮᠡᠬᠡᠢ᠌ᠯᠡᠨ ᠠᠵᠢᠯᠯᠠᠨ᠎ᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ