9 ᠳ᠋ᠦ᠍ᠭᠡᠷ ᠰᠠᠷ᠎ᠠ ᠵᠢᠨ 27᠎ᠤ ᠡᠳᠦᠷ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ᠂ ᠣᠢ᠌ᠷ᠎ᠠ ᠵᠢᠨ ᠵᠢᠯ᠎ᠤᠨ ᠲᠤᠷᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠤᠯ ᠰᠢᠵᠢᠮ᠎ᠤᠨ ᠲᠣᠭᠤᠷᠢᠨ᠎ᠳᠤ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠡᠢ᠌ᠲᠡ ᠪᠠ ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠢᠳᠡᠪᠬᠢᠲᠡᠢ ᠰᠤᠷᠤᠯᠴᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ᠎ᠤᠨ ᠲᠡᠦᠬᠡ ᠵᠢᠨ ᠰᠠᠭᠤᠷᠢ ᠪᠣᠯᠬᠤ ᠵᠢ ᠣᠢ᠌ᠯᠠᠭ᠋ᠠᠨ ᠮᠡᠳᠡᠷᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠡᠳᠬᠢᠯ ᠨᠢᠭᠡᠲᠦᠨ ᠪᠢᠴᠢᠭᠯᠡᠬᠦ ᠵᠢ ᠵᠣᠷᠢᠭᠵᠢᠭᠤᠯᠪᠠ᠃
ᠠᠷᠢᠭᠤᠨᠳᠠᠨᠠ [ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ (ᠨᠠᠢ᠍ᠮᠠᠨ ᠮᠤᠵᠢ ᠣᠷᠤᠨ᠎ᠤ ᠮᠤᠩᠭᠤᠯ ᠬᠡᠯᠡ ᠪᠢᠴᠢᠭ᠎ᠤᠨ ᠠᠵᠢᠯ᠎ᠤᠨ ᠬᠠᠮᠵᠢᠯᠴᠠᠭ᠋ᠠᠨ᠎ᠤ ᠭᠠᠵᠠᠷ)᠎ᠤᠨ ᠭᠠᠵᠠᠷ᠎ᠤᠨ ᠳᠠᠷᠤᠭ᠎ᠠ]᠄ 9 ᠳ᠋ᠦ᠍ᠭᠡᠷ ᠰᠠᠷ᠎ᠠ ᠵᠢᠨ 27᠎ᠤ ᠡᠳᠦᠷ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠮᠡᠳᠡᠭᠡᠯᠡᠯ᠎ᠢ ᠦᠵᠡᠭᠰᠡᠨ᠎ᠤ ᠳᠠᠷᠠᠭ᠎ᠠ᠂ ᠪᠢ ᠶᠡᠬᠡᠳᠡ ᠰᠡᠳᠬᠢᠯ ᠬᠥᠳᠡᠯᠪᠡ᠃ ᠶᠡᠬᠡ ᠬᠤᠷᠠᠯ ᠳᠡᠭᠡᠷ᠎ᠡ᠂ ᠲᠥᠪ᠎ᠤᠨ ᠤᠳᠤᠷᠢᠳᠤᠯᠭ᠎ᠠ ᠵᠢᠨ ᠶᠠᠷᠢᠶ᠎ᠠ᠎ᠨᠢ ᠬᠡᠷᠡᠯᠳᠤ ᠳ᠋ᠧᠩ ᠰᠢᠭ ᠮᠠᠨ᠎ᠤ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠤᠷᠤᠭᠰᠢᠯᠠᠬᠤ ᠵᠠᠮ᠎ᠢ ᠬᠡᠷᠡᠯᠳᠤᠬᠦᠯᠪᠠ᠃ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠡᠭᠦᠷᠭᠡ ᠬᠠᠷᠢᠭᠤᠴᠠᠯᠭ᠎ᠠ ᠬᠦᠨᠳᠦ ᠭᠡᠳᠡᠭ᠎ᠢ ᠪᠢ ᠭᠦᠨᠵᠡᠭᠡᠢ ᠣᠢ᠌ᠯᠠᠭ᠋ᠠᠵᠤ ᠪᠠᠢ᠌ᠨ᠎ᠠ᠃ ᠦᠨᠳᠦᠰᠦᠲᠡᠨ᠎ᠤ ᠪᠦᠯᠬᠦᠮᠳᠡᠯ ᠪᠣᠯ ᠤᠯᠤᠰ ᠣᠷᠣᠨ᠎ᠤ ᠴᠡᠴᠡᠭᠯᠡᠯ ᠬᠥᠭᠵᠢᠯ᠂ ᠨᠡᠢ᠌ᠭᠡᠮ ᠲᠣᠭᠲᠠᠭᠤᠨ ᠪᠠᠢ᠌ᠬᠤ ᠵᠢᠨ ᠰᠠᠭᠤᠷᠢ ᠮᠥᠨ᠂ ᠪᠠᠰᠠ ᠴᠤ᠌ ᠦᠨᠳᠦᠰᠦᠲᠡᠨ᠎ᠤ ᠠᠵᠢᠯᠲᠠᠨ ᠪᠢᠳᠡ ᠨᠢᠭᠡ ᠪᠦᠷᠢ ᠵᠢᠨ ᠡᠭᠦᠷᠭᠡ ᠮᠥᠨ᠃ ᠬᠣᠢ᠌ᠰᠢᠳᠠ ᠵᠢᠨ ᠠᠵᠢᠯ᠎ᠳᠤ᠎ᠪᠠᠨ ᠪᠢ ᠨᠡᠩ ᠢᠯᠡᠭᠦᠦ ᠴᠢᠷᠮᠠᠢ᠌ᠨ ᠰᠤᠷᠤᠯᠴᠠᠨ ᠦᠢ᠍ᠯᠡᠳᠦᠯᠭᠡᠵᠢᠭᠦᠯᠵᠦ᠂ ᠥᠪᠡᠷ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠬᠡᠪ ᠪᠣᠯᠪᠠᠰᠤᠷᠠᠯ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ᠃ ᠡᠭᠦᠨ᠎ᠤ ᠬᠠᠮᠲᠤ᠂ ᠪᠢ ᠪᠠᠰᠠ ᠲᠡᠳᠡᠭᠡᠷ ᠬᠥᠬᠢᠭᠦᠯᠦᠭᠳᠡᠨ ᠰᠠᠢ᠌ᠰᠢᠶᠠᠭᠳᠠᠭᠰᠠᠨ ᠲᠡᠷᠢᠭᠦᠨ᠎ᠤ ᠬᠤᠪᠢ ᠬᠥᠮᠦᠨ ᠪᠠ ᠬᠠᠮᠲᠤ ᠨᠡᠢ᠌ᠲᠡ᠎ᠠᠴᠠ᠎ᠲᠠᠭᠠᠨ ᠰᠣᠷᠣᠯᠴᠠᠨ᠎ᠠ᠂ ᠲᠡᠳᠡᠨ᠎ᠤ ᠥᠢ᠍ᠯᠡ ᠠᠵᠢᠯᠯᠠᠭ᠎ᠠ ᠪᠠ ᠵᠣᠷᠢᠭ ᠰᠠᠨᠠᠭ᠎ᠠ ᠪᠣᠯ ᠮᠢᠨᠦ ᠤᠷᠤᠭᠰᠢᠯᠠᠬᠤ ᠬᠥᠳᠡᠯᠭᠡᠭᠴᠢ ᠬᠦᠴᠦᠨ ᠮᠥᠨ᠃ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠴᠢᠷᠮᠠᠢ᠌ᠯᠭ᠎ᠠ᠎ᠪᠠᠷ ᠮᠠᠨ᠎ᠤ ᠦᠨᠳᠦᠰᠦᠲᠡᠨ᠎ᠤ ᠪᠦᠯᠬᠦᠮᠳᠡᠯ᠎ᠤᠨ ᠦᠢ᠍ᠯᠡᠰ ᠯᠠᠪᠲᠠᠢ ᠨᠡᠩ ᠭᠡᠷᠡᠯ ᠰᠠᠴᠤᠷᠠᠩᠭᠤᠢ ᠠᠮᠵᠢᠯᠲᠠ ᠣᠯᠵᠤ ᠴᠢᠳᠠᠨ᠎ᠠ ᠭᠡᠳᠡᠭ᠎ᠢ ᠪᠢ ᠢᠲᠡᠭᠡᠵᠦ ᠪᠠᠢ᠌ᠨ᠎ᠠ!
ᠯᠢ ᠵᠢᠶᠠ [ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ) ᠵᠢᠨ ᠲᠤᠰᠬᠠᠶ ᠲᠤᠰᠢᠶᠠᠯᠲᠤ ᠳᠡᠳ᠋ ᠱᠦᠵᠢ (ᠭᠠᠵᠠᠷ᠎ᠤᠨ
ᠳᠠᠷᠤᠭ᠎ᠠ)]᠄ 2024 ᠣᠨ᠎ᠤ 9 ᠳ᠋ᠦ᠍ᠭᠡᠷ ᠰᠠᠷ᠎ᠠ ᠵᠢᠨ 27᠎ᠤ ᠡᠳᠦᠷ᠂ ᠨᠠᠢᠮᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠢ ᠬᠤᠷᠠᠯᠳᠤᠭᠤᠯᠵᠤ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ 352 ᠵᠢᠱ᠌ᠢᠶᠡᠴᠢ ᠬᠠᠮᠲᠤ ᠨᠡᠢ᠌ᠲᠡ ᠪᠠ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ 368 ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠢ᠌ᠰᠢᠶᠠᠪᠠ᠃ ᠲᠣᠰ ᠤᠳᠠᠭ᠋ᠠᠨ᠎ᠤ ᠶᠡᠬᠡ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠣᠭᠣᠳᠣᠯᠭ᠎ᠠ ᠳᠣᠤᠷ᠎ᠠ᠂ ᠮᠠᠨ᠎ᠤ ᠤᠯᠤᠰ᠎ᠤᠨ ᠣᠢ᠌ᠷ᠎ᠠ ᠵᠢᠨ ᠵᠢᠯ᠎ᠤᠨ ᠲᠤᠷᠰᠢᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠣᠯᠤᠭᠰᠠᠨ ᠠᠮᠵᠢᠯᠲᠠ ᠪᠦᠲᠦᠮᠵᠢ ᠵᠢ ᠳ᠋ᠦᠩᠨᠡᠨ ᠨᠤᠲᠠᠯᠠᠵᠠᠶ᠃ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ ᠪᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠨᠡ ᠤᠳᠠᠭ᠋ᠠᠨ᠎ᠤ ᠬᠦᠬᠢᠭᠦᠯᠦᠭᠳᠡᠨ ᠰᠠᠢ᠌ᠰᠢᠶᠠᠭᠳᠠᠭᠰᠠᠨ ᠵᠢᠱ᠌ᠢᠶᠡᠴᠢ᠎ᠪᠠᠷ ᠬᠡᠪ ᠳᠠᠭᠤᠷᠢᠶᠠᠯ ᠪᠣᠯᠭ᠋ᠠᠵᠤ᠂ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠴᠢᠳᠠᠪᠤᠷᠢ ᠪᠣᠯᠪᠠᠰᠤᠷᠠᠯ᠎ᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠵᠦ᠂ ᠤᠯᠤᠰ ᠲᠥᠷᠥ ᠵᠢᠨ ᠬᠡᠪ ᠪᠣᠯᠪᠠᠰᠤᠷᠠᠯ᠎ᠤᠨ ᠳᠡᠭᠡᠭᠰᠢᠯᠡᠯᠲᠡ᠎ᠪᠠᠷ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠵᠦ᠂ ᠲᠤᠬᠠᠢ᠌ᠯᠠᠭᠰᠠᠨ ᠠᠵᠢᠯ᠎ᠤᠨ ᠬᠡᠪ ᠪᠣᠯᠪᠠᠰᠤᠷᠠᠯ᠎ᠤᠨ ᠳᠡᠭᠡᠭᠰᠢᠯᠡᠯᠲᠡ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠰᠣᠶᠣᠯ᠎ᠤᠨ ᠬᠡᠪ ᠪᠣᠯᠪᠠᠰᠤᠷᠠᠯ᠎ᠤᠨ ᠳᠡᠭᠡᠭᠰᠢᠯᠡᠯᠲᠡ᠎ᠪᠠᠷ ᠠᠷᠠᠳ᠎ᠤᠨ ᠲᠥᠯᠥᠭᠡ ᠭᠡᠬᠦ ᠬᠠᠢ᠌ᠷ᠎ᠠ ᠰᠡᠳᠬᠢᠯᠭᠡ ᠵᠢ ᠵᠤᠵᠠᠭ᠋ᠠᠳᠬᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠡᠷᠡᠰ ᠰᠢᠭᠤᠷᠬᠠᠶ᠎ᠪᠠᠷ ᠤᠷᠤᠭᠰᠢᠯᠠᠬᠤ ᠵᠢ ᠬᠦᠮᠦᠵᠢᠭᠦᠯᠦᠨ ᠬᠦᠲᠦᠯᠦᠨ ᠵᠢᠯᠤᠭᠤᠳᠴᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠸᠠᠩ ᠶᠠᠨ ᠵᠸᠩ (ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠢᠭᠡᠳᠦᠭᠡᠷ ᠳᠡᠰ᠎ᠤᠨ ᠲᠣᠭᠤᠷᠢᠨ ᠪᠠᠢ᠌ᠴᠠᠭ᠋ᠠᠭᠴᠢ)᠄ 2024 ᠣᠨ᠎ᠤ 9 ᠳ᠋ᠦ᠍ᠭᠡᠷ ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠳᠤ ᠬᠤᠷᠠᠯᠳᠤᠪᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢᠬᠢ ᠢᠯᠠᠩᠭᠤᠶ᠎ᠠ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠣᠯᠤᠭᠰᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ ᠵᠢ ᠭᠦᠨᠵᠡᠭᠡᠶ ᠳ᠋ᠦᠩᠨᠡᠵᠦ᠂ ᠣᠳᠣᠬᠠᠨ᠎ᠤ ᠮᠠᠨ᠎ᠤ ᠤᠯᠤᠰ᠎ᠤᠨ ᠦᠨᠳᠦᠰᠦᠲᠡᠨ᠎ᠤ ᠠᠵᠢᠯ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ᠎ᠢ ᠪᠥᠬᠥ ᠲᠠᠯ᠎ᠠ᠎ᠪᠠᠷ ᠵᠠᠳᠠᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠠᠬᠢᠭᠤᠯᠬᠤ ᠶᠡᠷᠦᠩᠬᠡᠶ ᠱᠠᠭ᠋ᠠᠷᠳᠠᠯᠭ᠎ᠠ ᠪᠣᠯᠤᠨ ᠭᠣᠤᠯᠳᠠᠯᠭ᠎ᠠ᠎ᠲᠠᠢ ᠡᠭᠦᠷᠭᠡ ᠵᠢ ᠲᠣᠳᠣᠷᠬᠠᠶ ᠳᠤᠷᠠᠳᠴᠤ᠂ ᠮᠠᠰᠢ ᠴᠢᠩᠭ᠎ᠠ ᠦᠵᠡᠯ ᠰᠠᠨᠠᠭ᠋᠎ᠠ᠎ᠲᠤ ᠴᠢᠨᠠᠷ᠂ ᠬᠠᠨᠳᠤᠯᠭ᠋ᠠᠲᠤ ᠴᠢᠨᠠᠷ᠂ ᠵᠢᠯᠣᠭᠣᠳᠬᠤ ᠴᠢᠨᠠᠷᠲᠠᠢ ᠪᠠᠢ᠌ᠯ᠎ᠠ᠃ ᠪᠢᠳᠡ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠪᠠᠢ᠌ᠨ᠎ᠠ᠂ ᠢᠯᠠᠩᠭᠤᠶ᠎ᠠ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠳ ᠤᠷᠢᠳ ᠵᠶ᠋ᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠬᠢᠨᠠᠮᠠᠭ᠋ᠠᠢ ᠰᠤᠳᠤᠯᠵᠤ᠂ ᠠᠷᠭ᠎ᠠ ᠬᠡᠮᠵᠢᠶ᠎ᠡ ᠲᠣᠭᠲᠠᠭ᠋ᠠᠵᠤ᠂ ᠡᠢ᠌ᠮᠦ ᠲᠠᠪᠤᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠬᠢᠨᠠᠮᠠᠭ᠋ᠠᠢ ᠰᠠᠢ᠌ᠲᠤᠷ ᠬᠢᠬᠦ ᠬᠡᠷᠡᠭᠲᠡᠢ ᠪᠠᠢ᠌ᠨ᠎ᠠ᠄ ᠨᠢᠭᠡ᠎ᠳᠤ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ; ᠬᠣᠶᠠᠷ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠰᠣᠶᠣᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ; ᠭᠤᠷᠪᠠ᠎ᠳᠤ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ; ᠲᠦᠷᠪᠡ᠎ᠳᠤ ᠦᠨᠳᠦᠰᠦᠲᠡᠨ᠎ᠨᠦᠭᠦᠳ᠎ᠤᠨ ᠪᠦᠬᠦ ᠲᠠᠯ᠎ᠠ ᠵᠢᠨ ᠰᠢᠭᠢᠳᠬᠡᠯᠲᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠢᠳᠡᠪᠬᠢᠲᠡᠢ ᠠᠬᠢᠭᠤᠯᠬᠤ ᠬᠡᠷᠡᠭᠲᠡᠢ; ᠲᠠᠪᠤ᠎ᠳᠤ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠤ᠎ᠪᠠᠷ ᠵᠠᠰᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠢᠳᠡ ᠡᠨᠡ ᠬᠦ᠌ ᠲᠠᠪᠤᠨ ᠡᠭᠦᠷᠭᠡ ᠵᠢ ᠨᠠᠷᠢᠯᠢᠭ ᠪᠣᠳᠠᠲᠠᠢ ᠨᠠᠢ᠌ᠳᠠᠪᠤᠷᠢᠵᠢᠭᠤᠯᠵᠤ᠂ ᠵᠠᠮ ᠨᠡᠭᠡᠭᠡᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠴᠢᠷᠮᠠᠢ᠌ᠨ ᠲᠡᠮᠡᠴᠡᠬᠦ ᠬᠡᠷᠡᠭᠲᠡᠢ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ