9 ᠳ᠋ᠤᠬᠡᠷ ᠰᠠᠷ᠎ᠠ ᠵᠢᠨ 27᠎ᠤ ᠡᠳᠦᠷ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ᠂ ᠣᠢ᠌ᠷ᠎ᠠ ᠵᠢᠨ ᠵᠢᠯ᠎ᠤᠨ ᠲᠤᠷᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠤᠨ ᠲᠣᠭᠤᠷᠢᠨ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠡᠢ᠌ᠲᠡ ᠪᠠ ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠢᠳᠡᠪᠬᠢᠲᠡᠢ ᠰᠤᠷᠤᠯᠴᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠬᠤᠭᠤᠷᠤᠨᠳᠤᠬᠢ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ᠎ᠤᠨ ᠲᠡᠥᠬᠡᠨ ᠰᠠᠭᠤᠷᠢ ᠮᠦᠨ ᠭᠡᠳᠡᠭ᠎ᠢ ᠣᠢ᠌ᠯᠠᠭ᠋ᠠᠨ ᠮᠡᠳᠡᠷᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠡᠳᠬᠢᠯ ᠨᠢᠭᠡᠲᠦᠨ ᠪᠢᠴᠢᠭᠯᠡᠬᠦ ᠵᠢ ᠵᠣᠷᠢᠭᠵᠢᠭᠤᠯᠪᠠ᠃
ᠯᠢ ᠿᠢ ᠱᠤ᠌ (ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ᠎ᠤᠨ ᠳᠠᠷᠤᠭ᠎ᠠ)᠄ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ ᠵᠢ ᠰᠣᠨᠣᠰᠬᠤ᠎ᠪᠠᠷ ᠳᠠᠮᠵᠢᠵᠤ᠂ ᠦᠨᠳᠦᠰᠦᠲᠡᠨ᠎ᠨᠦᠭᠦᠳ᠎ᠤᠨ ᠬᠤᠭᠤᠷᠤᠨᠳᠤᠬᠢ ᠴᠢᠰᠤ ᠮᠢᠬᠠᠨ᠎ᠤ ᠪᠠᠷᠢᠯᠳᠤᠯᠭ᠎ᠠ ᠵᠢ ᠤᠯᠠᠮ ᠨᠢᠬᠡ ᠠᠯᠬᠤᠮ ᠬᠦᠨᠵᠡᠬᠡᠢ ᠤᠢ᠌ᠯᠠᠭ᠋ᠠᠬᠤ ᠪᠤᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠬᠥᠭᠵᠢᠬᠦ ᠵᠢᠨ ᠲᠡᠦᠬᠡ ᠵᠢᠨ ᠰᠠᠭᠤᠷᠢ ᠮᠥᠨ; ᠦᠨᠳᠦᠰᠦᠲᠡᠨ᠎ᠨᠦᠭᠦᠳ᠎ᠤᠨ ᠢᠲᠡᠭᠡᠯ ᠪᠢᠰᠢᠷᠡᠯ ᠠᠳᠠᠯᠢ ᠪᠠᠢ᠌ᠬᠤ ᠪᠣᠯ ᠳᠤᠮᠳᠠᠳᠤ ᠵᠢᠨ ᠦᠨᠳᠦᠰᠦᠲᠡᠨ᠎ᠤ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠢ ᠴᠣᠭᠴᠠᠯᠠᠨ ᠪᠠᠢ᠌ᠭᠤᠯᠤᠭᠰᠠᠨ ᠳᠣᠲᠣᠭ᠋ᠠᠳᠤ ᠬᠥᠳᠡᠯᠭᠡᠬᠦ ᠬᠦᠴᠦᠨ ᠮᠥᠨ; ᠦᠨᠳᠦᠰᠦᠲᠡᠨ᠎ᠨᠦᠭᠦᠳ᠎ᠤᠨ ᠰᠣᠶᠣᠯ᠎ᠤᠨ ᠨᠡᠪᠲᠡᠷᠡᠯᠴᠡᠭᠡ ᠪᠣᠯ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠬ᠍ᠴᠠᠵᠢᠭᠰᠠᠨ ᠪᠣᠯᠪᠠᠰᠤᠨ᠎ᠤ ᠪᠠᠢ᠌ᠷᠢᠰᠢᠯ᠎ᠢ ᠴᠣᠭᠴᠠᠯᠠᠬᠤ ᠰᠣᠶᠣᠯ᠎ᠤᠨ ᠭᠧᠨ ᠮᠥᠨ; ᠦᠨᠳᠦᠰᠦᠲᠡᠨ᠎ᠨᠦᠭᠦᠳ᠎ᠤᠨ ᠠᠵᠤ ᠠᠬᠤᠢ ᠬᠠᠷᠢᠯᠴᠠᠨ ᠲᠦᠰᠢᠯᠴᠡᠬᠦ ᠪᠣᠯ ᠳᠤᠮᠳᠠᠳᠤ ᠵᠢᠨ ᠦᠨᠳᠦᠰᠦᠲᠡᠨ᠎ᠤ ᠨᠢᠭᠡᠳᠦᠯᠲᠡᠢ ᠠᠵᠤ ᠠᠬᠤᠢ ᠵᠢᠨ ᠴᠣᠭᠴᠠ ᠵᠢ ᠪᠠᠢ᠌ᠭᠤᠯᠬᠤ ᠬᠦᠴᠦᠷᠬᠡᠭ ᠶᠡᠬᠡ ᠬᠦᠴᠦᠨ ᠮᠥᠨ; ᠦᠨᠳᠦᠰᠦᠲᠡᠨ᠎ᠨᠦᠭᠦᠳ᠎ᠤᠨ ᠬᠠᠢ᠌ᠷ᠎ᠠ ᠰᠡᠳᠬᠢᠯᠭᠡ ᠳᠣᠲᠣᠨᠣ ᠪᠠᠢ᠌ᠬᠤ ᠪᠣᠯ ᠳᠤᠮᠳᠠᠳᠤ ᠵᠢᠨ ᠦᠨᠳᠦᠰᠦᠲᠡᠨ ᠨᠢᠭᠡ ᠭᠡᠷ ᠪᠦᠯᠢ ᠵᠢᠨ᠎ᠬᠢᠨ ᠮᠡᠳᠦ ᠳᠣᠲᠣᠨᠣ ᠪᠠᠢ᠌ᠬᠤ ᠵᠢᠨ ᠪᠠᠲᠤ ᠴᠢᠩᠭ᠎ᠠ ᠬᠣᠯᠪᠣᠭ᠋ᠠᠰᠤ ᠮᠥᠨ ᠭᠡᠰᠡᠨ᠎ᠢ ᠭᠦᠨᠵᠡᠭᠡᠢ ᠣᠢ᠌ᠯᠠᠭ᠋ᠠᠪᠠ᠃ ᠬᠣᠢ᠌ᠰᠢᠳᠠ ᠪᠢ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠲᠣᠭᠣᠷᠢᠨ᠎ᠳᠤ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠂ ᠲᠣᠭᠲᠠᠴᠠ ᠵᠢ ᠪᠤᠢ ᠪᠣᠯᠭ᠋ᠠᠬᠤ᠂ ᠰᠠᠭᠤᠷᠢ ᠵᠢ ᠪᠡᠬᠢᠵᠢᠭᠦᠯᠬᠦ᠂ ᠨᠡᠢ᠌ᠲᠡᠯᠢᠭᠢ ᠪᠤᠢ ᠪᠣᠯᠭ᠋ᠠᠬᠤ᠂ ᠦᠯᠢᠭᠡᠷ ᠶᠠᠷᠢᠬᠤ᠎ᠪᠠᠷ ᠦᠨᠳᠦᠰᠦᠨ ᠠᠵᠢᠯ᠎ᠤᠨ ᠰᠡᠳᠬᠢᠮᠵᠢ ᠪᠣᠯᠭ᠋ᠠᠵᠤ᠂ ᠰᠢᠨ᠎ᠡ ᠴᠠᠭ ᠦᠶ᠎ᠡ ᠵᠢᠨ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠳᠡᠰ ᠳᠡᠪᠰᠢᠭᠰᠡᠨ ᠬᠡᠪ᠎ᠢ ᠪᠦᠬᠦ ᠲᠠᠯ᠎ᠠ᠎ᠪᠠᠷ ᠴᠣᠭᠴᠠᠯᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠱᠤᠭᠤᠮ᠎ᠢ ᠲᠤᠪᠤᠢ᠌ᠯᠭ᠋ᠠᠬᠤ᠂ ᠡᠭᠦᠳᠦᠨ ᠪᠠᠢ᠌ᠭᠤᠯᠬᠤ ᠠᠵᠢᠯ᠎ᠤᠨ ᠠᠭᠤᠯᠤᠭᠳᠠᠬᠤᠨ᠎ᠢ ᠤᠯᠠᠮ ᠴᠠᠭ᠋ᠠᠰᠢᠲᠠ ᠭᠦᠨᠵᠡᠭᠡᠢ᠌ᠷᠡᠭᠦᠯᠬᠦ᠂ ᠡᠭᠦᠳᠦᠨ ᠪᠠᠢ᠌ᠭᠤᠯᠬᠤ ᠠᠵᠢᠯ᠎ᠤᠨ ᠲᠣᠭᠲᠠᠴᠠ ᠵᠢᠨ ᠪᠠᠢ᠌ᠭᠤᠯᠤᠯᠲᠠ ᠵᠢ ᠤᠯᠠᠮ ᠴᠠᠭ᠋ᠠᠰᠢᠲᠠ ᠲᠡᠭᠦᠯᠳᠡᠷᠵᠢᠭᠦᠯᠬᠦ᠂ ᠡᠭᠦᠳᠦᠨ ᠪᠠᠢ᠌ᠭᠤᠯᠬᠤ ᠠᠵᠢᠯ᠎ᠤᠨ ᠬᠡᠯᠪᠡᠷᠢ ᠵᠢ ᠪᠠᠶᠠᠯᠢᠭᠵᠢᠭᠤᠯᠬᠤ᠂ ᠡᠭᠦᠳᠦᠨ ᠪᠠᠢ᠌ᠭᠤᠯᠬᠤ ᠠᠵᠢᠯ᠎ᠤᠨ ᠠᠷᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠡᠷᠬᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠬᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃
ᠯᠢ ᡁᠢ ᠲᠢᠶᠠᠨ (ᠬᠠᠮᠲᠤ᠎ᠪᠠᠷ ᠬᠦᠭᠵᠢᠬᠦᠯᠬᠦ ᠭᠠᠵᠠᠷ᠎ᠤᠨ ᠳᠠᠷᠤᠭ᠎ᠠ)᠄ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠦᠵᠡᠯ ᠰᠠᠨᠠᠭ᠎ᠠ ᠭᠦᠨ ᠭᠦᠨᠵᠡᠭᠡᠶ᠂ ᠬᠥᠮᠦᠰ᠎ᠢ ᠤᠷᠮᠠᠰᠢᠭᠤᠯᠤᠨ ᠵᠣᠷᠢᠭᠵᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠠᠬᠢᠭᠤᠯᠬᠤ ᠠᠶᠠᠨ ᠵᠠᠮ᠎ᠳᠤ ᠡᠷᠴᠢ ᠬᠦᠴᠦᠨ ᠵᠢᠡᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠬᠤ ᠵᠢ ᠵᠣᠷᠢᠭᠵᠢᠭᠤᠯᠪᠠ᠃ ᠶᠡᠷᠦᠩᠬᠡᠢ ᠱᠦᠵᠢ ᠰᠢ ᠵᠢᠨ ᠫᠢᠩ᠂ 《ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ》 ᠬᠡᠵᠦ ᠴᠢᠬᠤᠯᠠᠴᠢᠯᠠᠪᠠ᠂ ᠡᠨᠡ᠎ᠨᠢ ᠪᠢᠳᠡᠨ᠎ᠤ ᠠᠵᠢᠯ ᠵᠶ᠋ᠠᠨ ᠰᠠᠢ᠌ᠲᠤᠷ ᠬᠢᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠤᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠬᠢᠯᠢ ᠵᠢᠨ ᠠᠷᠠᠳ᠎ᠢ ᠪᠠᠶᠠᠵᠢᠭᠤᠯᠬᠤ᠂ ᠬᠢᠯᠢ ᠵᠢᠨ ᠪᠣᠭᠣᠮᠲᠠ ᠵᠢ ᠦᠵᠡᠰᠬᠦᠯᠡᠩ ᠪᠣᠯᠭ᠋ᠠᠬᠤ᠂ ᠬᠢᠯᠢ ᠬᠢᠵᠠᠭ᠋ᠠᠷ᠎ᠢ ᠠᠮᠤᠷ ᠲᠣᠭᠲᠠᠭᠤᠨ ᠪᠠᠢ᠌ᠯᠭ᠋ᠠᠬᠤ᠂ ᠬᠢᠯᠢ ᠵᠢᠨ ᠬᠠᠮᠠᠭ᠋ᠠᠯᠠᠯᠲᠠ ᠵᠢ ᠪᠡᠬᠢᠵᠢᠭᠦᠯᠬᠦ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ᠃ ᠬᠢᠯᠢ ᠵᠢᠨ 《ᠳᠥᠷᠪᠡᠨ ᠬᠠᠮᠲᠤ᠎ᠪᠠᠷ》 ᠤᠷᠲᠤ ᠬᠣᠩᠭᠢᠯ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠵᠥᠪ ᠲᠡᠦᠬᠡ ᠵᠢᠨ ᠦᠵᠡᠯᠲᠡ᠎ᠲᠠᠢ ᠪᠣᠯᠭ᠋ᠠᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠪᠡᠯᠡ ᠮᠥᠩᠭᠥ ᠵᠢ ᠰᠠᠢ᠌ᠲᠤᠷ ᠬᠠᠮᠢᠶᠠᠷᠴᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ ᠵᠢ ᠬᠥᠲᠥᠯᠥᠨ ᠵᠢᠯᠣᠭᠣᠳᠤᠨ᠎ᠠ᠃ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠤᠷᠤᠭᠤᠯᠬᠤ》 ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠬᠠᠮᠲᠤ ᠵᠢᠨ ᠣᠳᠣᠬᠢᠴᠢᠯᠠᠯᠲᠠ ᠵᠢᠨ ᠲᠤᠷᠰᠢᠬᠤ ᠴᠡᠭ᠎ᠢ ᠦᠷᠨᠢᠬᠦᠯᠵᠦ᠂ ᠦᠨᠳᠦᠰᠦᠲᠡᠨ᠎ᠤ ᠠᠷᠠᠯᠵᠢᠶ᠎ᠠ ᠦᠨᠳᠦᠰᠦᠲᠡᠨ᠎ᠤ ᠦᠢᠯᠡᠳᠬᠦᠨ᠎ᠤ ᠠᠵᠤ ᠠᠬᠤᠢ᠌ᠯᠠᠯ᠂ ᠦᠨᠳᠦᠰᠦᠲᠡᠨ᠎ᠤ ᠭᠠᠷ ᠦᠢᠯᠡᠳᠪᠦᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠦᠵᠡᠰᠬᠦᠯᠡᠩᠲᠦ ᠰᠠᠢ᠌ᠬᠠᠨ ᠠᠢ᠌ᠯ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠮᠠᠨ᠎ᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ