9 ᠳ᠋ᠦ᠍ᠭᠡᠷ ᠰᠠᠷ᠎ᠠ ᠵᠢᠨ 27᠎ᠤ ᠡᠳᠦᠷ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ᠂ ᠣᠢ᠌ᠷ᠎ᠠ ᠵᠢᠨ ᠵᠢᠯ᠎ᠤᠨ ᠲᠤᠷᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠲᠣᠭᠤᠷᠢᠨ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠡᠢ᠌ᠲᠡ ᠪᠠ ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠢᠳᠡᠪᠬᠢᠲᠡᠢ ᠰᠤᠷᠤᠯᠴᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯ᠎ᠤᠨ ᠲᠡᠥᠬᠡᠨ ᠰᠠᠭᠤᠷᠢ ᠪᠣᠯᠬᠤ ᠵᠢ ᠮᠡᠳᠡᠷᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠡᠳᠬᠢᠯ ᠨᠢᠭᠡᠳᠦᠨ ᠪᠢᠴᠢᠭᠯᠡᠬᠦ ᠵᠢ ᠵᠣᠷᠢᠭᠵᠢᠭᠤᠯᠪᠠ᠃
ᠯᠢ ᠯᠢ (ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ)᠄ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠶ ᠰᠤᠷᠪᠤᠯᠵᠢ ᠪᠢᠴᠢᠭ ᠮᠥᠨ᠂ ᠦᠨᠳᠦᠰᠦᠲᠡᠨ᠎ᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠭᠦᠨᠵᠡᠭᠡᠢ᠌ᠷᠡᠭᠦᠯᠦᠨ ᠰᠠᠢ᠌ᠲᠤᠷ ᠬᠢᠬᠦ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠃ ᠦᠨᠳᠦᠰᠦᠲᠡᠨ᠎ᠤ ᠰᠤᠳᠤᠷ ᠪᠢᠴᠢᠭ ᠪᠣᠯ ᠳᠤᠮᠳᠠᠳᠤ ᠵᠢᠨ ᠤᠯᠠᠮᠵᠢᠯᠠᠯᠲᠤ ᠰᠣᠶᠣᠯ᠎ᠤᠨ ᠤᠯᠠᠮᠵᠢᠯᠠᠨ ᠵᠠᠯᠭ᠋ᠠᠮᠵᠢᠯᠠᠬᠤ ᠠᠴᠢᠶᠠᠯᠠᠭᠴᠢ ᠲᠤᠯᠠ᠂ ᠬᠠᠮᠠᠭ᠋ᠠᠯᠠᠭᠳᠠᠬᠤ ᠵᠢᠨ ᠬᠠᠮᠲᠤ ᠪᠠᠰᠠ ᠤᠯᠠᠮᠵᠢᠯᠠᠭᠳᠠᠬᠤ᠂ ᠳᠠᠮᠵᠢᠭᠤᠯᠤᠭᠳᠠᠬᠤ᠂ ᠠᠰᠢᠭᠯᠠᠭᠳᠠᠬᠤ ᠴᠢᠬᠤᠯᠠᠲᠠᠢ᠂ ᠪᠢᠳᠡ ᠳᠤᠮᠳᠠᠳᠤ ᠵᠢᠨ ᠪᠣᠯᠪᠠᠰᠤᠨ᠎ᠤ ᠦᠷᠭᠦᠯᠵᠢᠯᠡᠬᠦ ᠴᠢᠨᠠᠷ᠂ ᠪᠦᠲᠦᠭᠡᠯᠴᠢ ᠴᠢᠨᠠᠷ᠂ ᠨᠢᠭᠡᠳᠦᠮᠡᠯ ᠴᠢᠨᠠᠷ᠂ ᠪᠠᠭᠲᠠᠭ᠋ᠠᠮᠵᠢᠲᠤ ᠴᠢᠨᠠᠷ᠂ ᠡᠩᠬᠡ ᠲᠠᠢ᠍ᠪᠤᠩ ᠴᠢᠨᠠᠷ ᠵᠡᠷᠭᠡ ᠲᠠᠪᠤᠨ ᠳᠣᠪᠤᠢ᠌ᠮ᠎ᠠ ᠣᠨᠴᠠᠯᠢᠭ᠎ᠢ ᠵᠢᠷᠤᠮᠯᠠᠵᠤ᠂ ᠭᠣᠤᠯᠳᠠᠭᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠢᠯᠡᠷᠡᠭᠦᠯᠦᠭᠰᠡᠨ ᠰᠤᠳᠤᠷ ᠪᠢᠴᠢᠭ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠳᠣᠲᠣᠭ᠋ᠠᠳᠤ ᠲᠣᠭᠲᠠᠴᠠ ᠪᠠ ᠲᠡᠦᠬᠡ ᠵᠢᠨ ᠰᠤᠳᠠᠰᠤ ᠵᠢ ᠲᠡᠮᠳᠡᠭᠯᠡᠭᠰᠡᠨ ᠰᠤᠳᠤᠷ ᠪᠢᠴᠢᠭ᠎ᠢ ᠠᠭᠤᠳᠠᠯᠤᠨ ᠰᠤᠳᠤᠯᠬᠤ ᠪᠠ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠵᠤ᠂ ᠣᠳᠣ ᠦᠶ᠎ᠡ ᠵᠢᠨ ᠪᠣᠯᠪᠠᠰᠤᠨ᠎ᠤ ᠠᠷᠭ᠎ᠠ ᠪᠠᠷᠢᠯ᠎ᠢ ᠠᠰᠢᠭᠯᠠᠵᠤ᠂ 《ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠷᠲᠡᠨ᠎ᠤ ᠳᠤᠷᠠᠰᠬᠠᠯᠲᠤ ᠵᠦᠢᠯᠡᠰ ᠰᠤᠳᠤᠷ ᠪᠢᠴᠢᠭ᠎ᠤᠨ ᠲᠣᠭᠣᠷᠢᠨ ᠦᠵᠡᠭᠦᠯᠭᠡ》 ᠵᠢ ᠰᠠᠢ᠌ᠲᠤᠷ ᠪᠠᠢ᠌ᠷᠢᠯᠠᠭᠤᠯᠵᠤ᠂ 《ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠰᠢᠷᠢᠰ ᠨᠣᠮ》᠎ᠢ ᠰᠠᠢ᠌ᠲᠤᠷ ᠵᠣᠬᠢᠶᠠᠨ ᠪᠠᠢ᠌ᠭᠤᠯᠵᠤ ᠨᠠᠢ᠌ᠷᠠᠭᠤᠯᠤᠨ ᠪᠢᠴᠢᠵᠦ᠂ 《ᠭᠤᠷᠪᠠᠨ ᠶᠡᠬᠡ ᠲᠤᠤᠯᠢ》᠎ᠤᠨ ᠥᠪᠥᠷ ᠮᠣᠩᠭᠣᠯ᠎ᠳᠠᠬᠢ ᠤᠯᠠᠮᠵᠢᠯᠠᠯ ᠬᠠᠮᠠᠭ᠋ᠠᠯᠠᠯᠲᠠ ᠵᠡᠷᠭᠡ ᠠᠵᠢᠯ᠎ᠢ ᠰᠠᠢ᠌ᠲᠤᠷ ᠬᠢᠵᠦ᠂ ᠰᠤᠳᠤᠷ ᠪᠢᠴᠢᠭ ᠰᠤᠷᠪᠤᠯᠵᠢ ᠪᠢᠴᠢᠭ᠎ᠤᠨ ᠠᠴᠢᠶᠠᠯᠠᠵᠤ ᠪᠠᠢ᠌ᠭ᠎ᠠ ᠬᠦᠨᠳᠦ ᠶᠡᠬᠡ ᠲᠡᠦᠬᠡᠲᠦ ᠡᠭᠦᠷᠭᠡ ᠵᠢ ᠨᠠᠩ ᠰᠠᠢ᠌ᠲᠤᠷ ᠪᠠᠳᠠᠷᠠᠭᠤᠯᠤᠨ᠎ᠠ᠃
ᠠᠯᠲᠠᠨᠪᠠᠭ᠋ᠠᠨᠠ [ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠣᠳᠣᠯᠣᠯ ᠬᠡᠷᠡᠭᠯᠡᠭᠡᠨ᠎ᠤ ᠲᠥᠪ (ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ)᠎ᠤᠨ ᠡᠷᠬᠢᠯᠡᠭᠴᠢ]᠄ 2024 ᠣᠨ᠎ᠤ 9 ᠳ᠋ᠦ᠍ᠭᠡᠷ ᠰᠠᠷ᠎ᠠ ᠵᠢᠨ 27᠎ᠤ ᠡᠳᠦᠷ᠂ ᠪᠢ ᠵᠣᠯ ᠵᠶ᠋ᠠᠷ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠤᠪᠢ ᠬᠥᠮᠦᠨ》᠎ᠤ ᠲᠥᠯᠥᠭᠡᠯᠡᠭᠴᠢ ᠵᠢᠨ ᠬᠤᠪᠢ᠎ᠪᠠᠷ᠂ ᠲᠤᠰ ᠬᠤᠭᠤᠴᠠᠭ᠋ᠠᠨ᠎ᠤ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ 352 ᠵᠢᠱ᠌ᠢᠶᠡᠴᠢ ᠬᠠᠮᠲᠤ ᠨᠡᠢ᠌ᠲᠡ᠂ 368 ᠵᠢᠱ᠌ᠢᠶᠡᠴᠢ ᠬᠤᠪᠢ ᠬᠥᠮᠦᠨ᠎ᠲᠠᠢ ᠬᠠᠮᠲᠤ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠵᠢ ᠲᠤᠬᠠᠢ ᠵᠢᠨ ᠲᠠᠯᠠᠪᠠᠢ᠎ᠳᠤ ᠰᠣᠨᠣᠰᠤᠭ᠋ᠠᠳ ᠬᠢᠵᠠᠭ᠋ᠠᠯᠠᠰᠢ ᠦᠭᠡᠢ ᠢᠷᠠᠭᠤ ᠠᠯᠳᠠᠷᠲᠠᠢ ᠪᠥᠭᠡᠳ ᠣᠮᠣᠭᠰᠢᠯ᠎ᠲᠠᠢ ᠰᠠᠨᠠᠭᠳᠠᠵᠤ᠂ ᠡᠭᠦᠷᠭᠡ ᠬᠠᠷᠢᠭᠤᠴᠠᠯᠭ᠎ᠠ ᠴᠤ᠌ ᠬᠦᠨᠳᠦ ᠶᠡᠬᠡ ᠪᠠᠢ᠌ᠨ᠎ᠠ ᠭᠡᠵᠦ ᠪᠣᠳᠤᠭᠳᠠᠯ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢ᠂ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠣᠯᠤᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠥᠬᠥ ᠲᠠᠯ᠎ᠠ᠎ᠪᠠᠷ ᠳ᠋ᠦᠩᠨᠡᠵᠦ᠂ ᠦᠵᠡᠯ ᠰᠠᠨᠠᠭ᠎ᠠ ᠠᠭᠤᠯᠤᠭᠳᠠᠬᠤᠨ᠎ᠨᠢ ᠭᠦᠨ ᠭᠦᠨᠵᠡᠭᠡᠶ ᠪᠠᠢ᠌ᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠳᠤ ᠨᠠᠩ ᠥᠨᠳᠥᠷ ᠱᠠᠭ᠋ᠠᠷᠳᠠᠯᠭ᠎ᠠ ᠳᠤᠷᠠᠳᠴᠠᠶ᠃ ᠪᠢᠳᠡ ᠡᠷᠬᠡᠪᠰᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠶ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ᠃ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ᠎ᠳᠤ ᠲᠠᠯᠠᠷᠬᠠᠵᠤ ᠡᠷᠡᠮᠡᠬᠡᠢ᠌ᠯᠡᠨ ᠤᠷᠤᠭᠰᠢᠯᠠᠵᠤ᠂ ᠶᠡᠷᠦᠩᠬᠡᠶ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠥᠳᠡᠯᠭᠡᠬᠦ ᠬᠦᠴᠦᠨ ᠪᠣᠯᠭ᠋ᠠᠨ ᠤᠯᠠᠷᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠮᠠᠨ᠎ᠤ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ ᠪᠣᠯᠤᠨ ᠵᠢᠱ᠌ᠢᠶᠡᠴᠢ ᠬᠤᠪᠢ ᠬᠥᠮᠦᠨ᠎ᠢ ᠤᠷᠮᠠᠰᠢᠭᠤᠯᠤᠨ ᠵᠣᠷᠢᠭᠵᠢᠭᠤᠯᠤᠭᠰᠠᠨ ᠠᠴᠢ ᠪᠠ ᠭᠦᠨ ᠵᠤᠵᠠᠭ᠋ᠠᠨ ᠬᠠᠢ᠌ᠷ᠎ᠠ ᠬᠠᠯᠠᠮᠵᠢ ᠵᠢ ᠦᠨᠡᠨ ᠰᠡᠳᠬᠢᠯ ᠪᠣᠳᠠᠲᠤ ᠠᠮᠵᠢᠯᠲᠠ᠎ᠪᠠᠷ ᠵᠶ᠋ᠠᠨ ᠬᠠᠷᠢᠭᠤᠯᠬᠤ ᠬᠡᠷᠡᠭᠲᠡᠢ᠃ ᠢᠷᠡᠭᠡᠳᠦᠢ ᠵᠢᠨ ᠠᠵᠢᠯ᠎ᠳᠤ᠎ᠪᠠᠨ ᠪᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠰᠢᠵᠦ᠂ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠵᠤ᠂ ᠦᠨᠳᠦᠰᠦᠲᠡᠨ᠎ᠤ ᠠᠵᠢᠯ᠎ᠢ ᠴᠢᠨᠠᠷ ᠰᠠᠢ᠌ᠲᠠᠢ ᠥᠷᠨᠢᠭᠦᠯᠬᠦ ᠲᠠᠯ᠎ᠠ᠎ᠪᠠᠷ ᠰᠡᠳᠭᠢᠮᠵᠢ᠎ᠪᠠᠨ ᠲᠠᠰᠤᠷᠠᠯᠲᠠ ᠦᠭᠡᠢ ᠥᠷᠭᠡᠳᠬᠡᠵᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠠᠬᠢᠭᠤᠯᠬᠤ ᠲᠠᠯ᠎ᠠ᠎ᠪᠠᠷ ᠲᠠᠰᠤᠷᠠᠯᠲᠠ ᠦᠭᠡᠢ ᠠᠷᠭ᠎ᠠ ᠪᠣᠳᠤᠯᠭ᠎ᠠ ᠭᠠᠷᠭ᠋ᠠᠵᠤ᠂ 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠳᠤ ᠦᠢ᠍ᠯᠡᠴᠢᠯᠡᠬᠦ ᠵᠠᠭᠪᠤᠷ᠎ᠢ ᠤᠯᠠᠮ ᠴᠠᠭ᠋ᠠᠰᠢᠲᠠ ᠰᠢᠯᠢᠳᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠦᠢ᠍ᠯᠡᠰ ᠪᠣᠯᠤᠨ ᠬᠢᠯᠢ ᠬᠢᠵᠠᠭ᠋ᠠᠷ᠎ᠤᠨ ᠴᠡᠴᠡᠭᠯᠡᠯ ᠬᠥᠭᠵᠢᠯ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠸᠠᠩ ᠰᠢᠤᠸᠠᠢ ᠳ᠋ᠦᠩ (ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ ᠶᠡᠷᠦᠩᠬᠡᠶ ᠨᠠᠢ᠌ᠷᠠᠭᠤᠯᠤᠭᠴᠢ)᠄ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠵᠢ ᠤᠭᠲᠤᠬᠤ ᠲᠠᠰᠢᠷᠠᠮ ᠵᠶ᠋ᠠᠷ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ ᠵᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠣᠯ ᠰᠢᠵᠢᠮ ᠪᠣᠯᠭ᠋ᠠᠪᠠ᠃ ᠶᠡᠷᠦᠩᠬᠡᠢ ᠱᠦᠵᠢ ᠵᠢᠨ ᠶᠠᠷᠢᠶ᠎ᠠ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠤᠨ ᠠᠴᠢ ᠬᠣᠯᠪᠣᠭᠳᠠᠯ ᠪᠣᠯᠤᠨ ᠦᠨ᠎ᠡ ᠦᠷᠳᠡᠭ᠎ᠢ ᠳᠠᠬᠢᠨᠲᠠ ᠲᠣᠳᠣᠷᠬᠠᠢ᠌ᠯᠠᠪᠠ᠃ ᠳᠤᠮᠳᠠᠳᠤ ᠵᠢᠨ ᠰᠣᠶᠣᠯ ᠦᠨᠳᠦᠰᠦ ᠰᠤᠷᠪᠤᠯᠵᠢ ᠨᠢᠭᠡᠲᠡᠢ᠂ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠎ᠳᠤ ᠬᠡᠨ᠎ᠨᠢ ᠴᠦ᠍ ᠬᠡᠨ᠎ᠠᠴᠠ᠎ᠪᠠᠨ ᠰᠠᠯᠵᠤ ᠴᠢᠳᠠᠬᠤ ᠦᠭᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠲᠤ ᠦᠨᠳᠦᠰᠦᠲᠡᠨ᠎ᠨᠦᠭᠦᠳ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠲᠠᠰᠤᠷᠠᠯᠲᠠ ᠥᠬᠡᠶ 《ᠪᠠᠭ᠎ᠠ ᠬᠡᠷ》᠎ᠠᠴᠠ᠎ᠪᠠᠨ ᠭᠠᠷᠴᠤ᠂ 《ᠶᠡᠬᠡ ᠬᠡᠷ》᠎ᠲᠤ ᠠᠭᠤᠰᠤᠯᠴᠠᠵᠤ᠂ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠦᠴᠦᠷᠬᠡᠭ ᠶᠡᠬᠡ ᠲᠥᠪᠯᠡᠩᠭᠦᠢ ᠬᠦᠴᠦᠨ᠎ᠢ ᠢᠯᠡᠷᠡᠭᠦᠯᠪᠡ᠃ ᠳᠤᠮᠳᠠᠳᠤ ᠵᠢᠨ ᠦᠨᠳᠦᠰᠦᠲᠡᠨ᠎ᠨᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠴᠣᠭᠴᠠᠯᠠᠭᠳᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠨᠢ ᠴᠤ᠌ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠪᠡᠶᠡᠯᠡᠭᠳᠡᠬᠦ᠎ᠨᠢ ᠯᠠᠪᠲᠠᠢ ᠶᠤᠮ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ