ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠵᠶ᠋ᠠᠨ ᠬᠠᠢ᠌ᠷᠠᠯᠠᠬᠤ ᠦᠵᠡᠯ ᠵᠶ᠋ᠡᠷ ᠭᠣᠤᠯ ᠪᠣᠯᠭ᠋ᠠᠭᠰᠠᠨ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠳᠡᠯᠡᠬᠡᠶ ᠵᠢᠨ ᠪᠠᠷᠢᠮᠵᠢᠶᠠᠲᠤ ᠡᠳᠦᠷ ᠵᠶ᠋ᠡᠷ ᠠᠵᠠ ᠲᠣᠬᠢᠶᠠᠯ ᠪᠣᠯᠭ᠋ᠠᠵᠤ᠂ ᠨᠠᠮ᠎ᠤᠨ ᠪᠠᠢ᠌ᠭᠤᠯᠤᠯᠲᠠ ᠪᠣᠯᠤᠨ ᠲᠤᠬᠠᠢ᠌ᠯᠠᠭᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ 2024 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠣᠨᠣᠯ᠎ᠤᠨ ᠰᠤᠳᠤᠯᠭ᠋ᠠᠨ᠎ᠤ ᠭᠠᠵᠠᠷ᠂ ᠬᠠᠮᠲᠤ᠎ᠪᠠᠷ ᠬᠦᠭᠵᠢᠬᠦᠯᠬᠦ ᠭᠠᠵᠠᠷ᠂ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ ᠪᠣᠯᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ ᠬᠠᠮᠲᠤᠷᠠᠨ 《ᠬᠤᠪᠢᠰᠬᠠᠯᠳᠤ ᠬᠥᠮᠦᠵᠢᠯ ᠵᠢᠡᠷ ᠣᠭ ᠰᠠᠨᠠᠭ᠎ᠠ ᠵᠢ ᠤᠮᠳᠠᠯᠠᠵᠤ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠮᠵᠢ᠎ᠪᠠᠷ ᠠᠭᠤᠰᠤᠯᠴᠠᠭ᠎ᠠ ᠵᠢ ᠠᠬᠢᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

ᠠᠵᠢᠯᠯᠠᠭ᠎ᠠ ᠳᠤᠮᠳᠠ᠂ ᠨᠠᠮ᠎ᠤᠨ ᠭᠡᠰᠢᠭᠦᠨ ᠺᠠᠳ᠋ᠷᠴᠤᠳ 《ᠤᠯᠤᠰ ᠪᠣᠯ ᠲᠦᠭ ᠲᠦᠮᠡᠨ ᠠᠢ᠌ᠯ ᠡᠷᠦᠬᠡ》 ᠬᠡᠬᠦ ᠤᠯᠤᠰ ᠵᠶ᠋ᠠᠨ ᠬᠠᠢ᠌ᠷᠠᠯᠠᠬᠤ ᠬᠥᠮᠦᠵᠢᠯ᠎ᠤᠨ ᠭᠣᠣᠯ ᠰᠡᠳᠦᠪᠲᠦ ᠪᠢᠴᠢᠯ ᠸᠢᠳᠢᠣ᠋ ᠵᠢ ᠬᠠᠮᠲᠤ᠎ᠪᠠᠷ ᠰᠣᠨᠢᠷᠬᠠᠵᠤ᠂ ᠬᠤᠪᠢᠰᠬᠠᠯᠳᠤ ᠬᠥᠮᠦᠵᠢᠯ ᠵᠶ᠋ᠡᠷ ᠳᠠᠮᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠤᠯᠤᠰ ᠵᠶ᠋ᠠᠨ ᠬᠠᠢ᠌ᠷᠠᠯᠠᠬᠤ ᠬᠠᠢ᠌ᠷ᠎ᠠ ᠰᠡᠳᠬᠢᠯᠭᠡ᠎ᠪᠠᠨ ᠵᠤᠵᠠᠭ᠋ᠠᠳᠬᠠᠬᠤ ᠵᠢ ᠵᠣᠷᠢᠭᠵᠢᠭᠤᠯᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠠᠴᠠ ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠶᠠᠮᠤᠨ ᠵᠡᠷᠭᠡ 18 ᠰᠠᠯᠠᠭ᠎ᠠ ᠮᠥᠴᠢᠷ᠎ᠲᠠᠢ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠤᠯᠤᠰ᠎ᠤᠨ ᠪᠠᠷᠢᠮᠵᠢᠶᠠᠵᠢᠭᠤᠯᠤᠭᠰᠠᠨ ᠬᠥᠭᠵᠢᠯᠲᠡ ᠵᠢᠨ ᠬᠥᠲᠥᠯᠪᠦᠷᠢ》 ᠵᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯᠯᠠᠭ᠋ᠠᠨ᠎ᠤ ᠲᠥᠯᠥᠪᠯᠡᠭᠡ (2024 —2025 ᠤᠨ) ᠪᠤᠯᠤᠨ ᠮᠣᠩᠭᠣᠯ ᠬᠡᠯᠡᠨ᠎ᠤ ᠺᠣᠳ᠋᠎ᠤᠨ ᠤᠯᠤᠰ᠎ᠤᠨ ᠪᠠᠷᠢᠮᠵᠢᠶ᠎ᠠ GB/T 25914—2023 《ᠮᠡᠳᠡᠭᠡ ᠵᠠᠩᠭᠢ ᠵᠢᠨ ᠮᠡᠷᠭᠡᠵᠢᠯ — ᠤᠯᠠᠮᠵᠢᠯᠠᠯᠲᠤ ᠮᠣᠩᠭᠣᠯ ᠬᠡᠯᠡᠨ᠎ᠤ ᠨᠡᠷᠡᠢ᠌ᠳᠦᠯ᠎ᠤᠨ ᠦᠰᠦᠭ ᠲᠡᠮᠳᠡᠭ᠂ ᠬᠡᠯᠪᠡᠷᠢ᠎ᠨᠢ ᠬᠤᠪᠢᠷᠠᠵᠤ ᠢᠯᠡᠷᠡᠭᠰᠡᠨ ᠦᠰᠦᠭ ᠲᠡᠮᠳᠡᠭ ᠪᠠ ᠦᠰᠦᠭ ᠲᠡᠮᠳᠡᠭ᠎ᠢ ᠡᠵᠡᠮᠳᠡᠬᠦ ᠬᠡᠷᠡᠭᠯᠡᠬᠦ ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠵᠦ᠂ ᠨᠠᠮ᠎ᠤᠨ ᠪᠠᠢ᠌ᠭᠤᠯᠤᠯᠲᠠ ᠬᠢᠭᠡᠳ ᠲᠤᠬᠠᠢ᠌ᠯᠠᠭᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠵᠤ᠂ ᠪᠠᠷᠢᠮᠵᠢᠶᠠᠵᠢᠭᠤᠯᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠪᠠᠷᠢᠮᠵᠢᠶᠠᠵᠢᠭᠤᠯᠬᠤ ᠠᠬᠤᠢ ᠨᠦᠭᠦᠴᠡᠯ᠎ᠢ ᠪᠣᠢ ᠪᠤᠯᠭ᠋ᠠᠵᠡᠢ᠃
ᠨᠠᠮ᠎ᠤᠨ ᠭᠡᠰᠢᠭᠦᠨ ᠺᠠᠳ᠋ᠷ᠂ ᠤᠯᠤᠰ᠎ᠤᠨ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠤᠯᠤᠰ ᠵᠶ᠋ᠠᠨ ᠬᠠᠢ᠌ᠷᠠᠯᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠤᠢ ᠪᠣᠯᠭ᠋ᠠᠵᠤ᠂ ᠵᠣᠯ ᠵᠢᠷᠭ᠋ᠠᠯᠲᠤ ᠭᠡᠷ ᠣᠷᠣᠨ᠎ᠤ ᠪᠦᠲᠦᠭᠡᠨ ᠪᠠᠢ᠌ᠭᠤᠯᠤᠭᠴᠢ ᠪᠤᠯᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠳᠤᠳᠬᠠᠨ ᠮᠡᠷᠡᠢ᠌ᠨ ᠵᠢᠳᠬᠦᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃