ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ ᠵᠢᠨ ᠨᠠᠮ᠎ᠤᠨ ᠡᠭᠦᠷ᠎ᠤᠨ᠎ᠬᠢᠨ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠬᠦᠷᠴᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-25

      2024 ᠣᠨ᠎ᠤ 11 ᠳ᠋ᠦ᠍ᠭᠡᠷ ᠰᠠᠷ᠎ᠠ ᠵᠢᠨ 14᠎ᠤ ᠡᠳᠦᠷ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ ᠵᠢᠨ ᠨᠠᠮ᠎ᠤᠨ ᠡᠭᠦᠷ᠎ᠤᠨ᠎ᠬᠢᠨ ᠨᠠᠮ᠎ᠤᠨ ᠭᠡᠰᠢᠭᠦᠨ ᠺᠠᠳ᠋ᠷ ᠵᠶ᠋ᠡᠨ ᠵᠣᠬᠢᠶᠠᠨ ᠪᠠᠢ᠌ᠭᠤᠯᠵᠤ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠬᠦᠷᠴᠦ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠷᠲᠡᠨ᠎ᠤ ᠳᠤᠷᠠᠰᠬᠠᠯᠲᠤ ᠵᠦᠢ᠍ᠯᠡᠰ ᠰᠤᠳᠤᠷ ᠪᠢᠴᠢᠭ᠎ᠤᠨ ᠦᠵᠡᠰᠬᠦᠯᠡᠩ》᠎ᠢ ᠲᠣᠭᠣᠷᠢᠨ ᠦᠵᠡᠭᠰᠡᠨ ᠪᠥᠭᠡᠳ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

1.png

       ᠦᠵᠡᠰᠬᠦᠯᠡᠩ᠎ᠨᠢ 《ᠳᠥᠷᠪᠡᠨ ᠬᠠᠮᠲᠤ᠎ᠪᠠᠷ》᠎ᠢ ᠢᠯᠡᠷᠡᠭᠦᠯᠦᠭᠰᠡᠨ 1500 ᠭᠠᠷᠤᠶ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢᠯᠡᠰ ᠰᠤᠳᠤᠷ ᠪᠢᠴᠢᠭ ᠵᠶ᠋ᠠᠷ ᠠᠴᠢᠶᠠᠯᠠᠪᠤᠷᠢ ᠪᠣᠯᠭ᠋ᠠᠵᠤ᠂ 《ᠶᠡᠬᠡ ᠨᠢᠭᠡᠳᠦᠯ》᠂ 《ᠶᠡᠬᠡ ᠠᠭᠤᠰᠤᠯᠴᠠᠭ᠎ᠠ》᠂ 《ᠶᠡᠬᠡ ᠪᠦᠯᠬᠦᠮᠳᠡᠯ》 ᠵᠡᠷᠭᠡ ᠭᠤᠷᠪᠠᠨ ᠨᠢᠭᠡᠴᠢ ᠠᠭᠤᠯᠭ᠎ᠠ᠎ᠪᠠᠷ ᠲᠡᠦᠬᠡ᠂ ᠰᠣᠶᠣᠯ᠂ ᠠᠵᠤ ᠠᠬᠤᠶ ᠵᠡᠷᠭᠡ ᠣᠯᠠᠨ ᠬᠠᠷᠠᠭ᠋ᠠᠰᠤ᠎ᠠᠴᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠥᠯᠢᠭᠡᠷ᠎ᠢ ᠭᠦᠨᠵᠡᠭᠡᠶ ᠠᠭᠤᠳᠠᠯᠤᠨ ᠳᠡᠯᠭᠡᠪᠡ᠃

2.png 
      ᠨᠠᠮ᠎ᠤᠨ ᠭᠡᠰᠢᠭᠦᠨ ᠺᠠᠳ᠋ᠷ ᠨᠢᠮᠪᠠᠢ ᠦᠵᠡᠵᠦ ᠬᠢᠨᠠᠮᠠᠭ᠋ᠠᠢ ᠰᠣᠨᠣᠰᠴᠤ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠯ ᠪᠠ ᠬᠥᠭᠵᠢᠯ᠎ᠳᠤ ᠨᠡᠩ ᠭᠦᠨᠵᠡᠭᠡᠢ ᠲᠠᠨᠢᠯᠲᠠ᠎ᠲᠠᠢ ᠪᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠤ ᠠᠵᠢᠯ᠎ᠤᠨ ᠲᠤᠬᠠᠢ ᠪᠦᠬᠦ ᠲᠠᠯ᠎ᠠ ᠵᠢᠨ ᠭᠦᠨᠵᠡᠭᠡᠢ ᠣᠢ᠌ᠯᠠᠭ᠋ᠠᠯᠲᠠ᠎ᠲᠠᠢ ᠪᠣᠯᠵᠠᠢ᠃
      ᠤᠯᠠᠨ ᠵᠶ᠋ᠠᠷ ᠵᠶ᠋ᠠᠨ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠵᠤ᠂ ᠵᠥᠪ ᠣᠨᠣᠪᠴᠢᠲᠠᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠠᠲᠤ ᠪᠤᠢ ᠪᠣᠯᠭ᠋ᠠᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃




        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ