ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ ᠵᠢᠭᠰᠠᠭ᠋ᠠᠯ᠎ᠤᠨ ᠭᠠᠵᠠᠷ᠎ᠤᠨ ᠳᠠᠪᠠᠭᠤᠯᠢᠭ᠎ᠢ ᠲᠤᠪᠤᠢ᠍ᠢ᠍ᠯᠭ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠠᠵᠢᠯ᠎ᠤᠨ ᠵᠶ᠋ᠠᠨ ᠪᠦᠬᠦ ᠶᠠᠪᠤᠴᠠ᠎ᠳᠤ ᠢᠮᠠᠭᠲᠠ ᠪᠣᠳᠠᠲᠠᠢ ᠲᠦᠷᠦᠭᠳᠡᠯ᠎ᠲᠠᠢ ᠪᠥᠲᠥᠮᠵᠢ᠎ᠲᠠᠢ᠎ᠪᠠᠷ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2024-11-04

      ᠦᠬᠠᠶ ᠵᠢᠨ ᠵᠠᠯᠠᠭᠤᠴᠤᠳ ᠪᠠᠭ᠋ᠠᠴᠤᠳ᠎ᠤᠨ ᠪᠦᠲᠦᠭᠡᠯᠴᠢ ᠬᠦᠷᠢᠶᠡᠯᠡᠩ᠎ᠢ ᠭᠣᠤᠯ ᠴᠣᠭᠴᠠ ᠵᠢᠨ ᠴᠢᠳᠠᠮᠵᠢᠲᠤ ᠲᠣᠭᠤᠷᠢᠭ᠂ ᠵᠤᠰᠠᠯᠠᠩ ᠡᠪᠦᠯᠵᠢᠶ᠎ᠡ ᠵᠢᠨ ᠲᠣᠭᠤᠷᠢᠭ᠂ ᠬᠡᠦᠬᠡᠳ ᠵᠶ᠋ᠠᠨ ᠳᠠᠭ᠋ᠠᠭᠤᠯᠤᠨ ᠬᠡᠭᠡᠷ᠎ᠡ ᠪᠠᠭᠤᠳᠠᠯᠯᠠᠬᠤ ᠲᠣᠭᠤᠷᠢᠭ᠂ ᠬᠡᠪ ᠪᠣᠯᠪᠠᠰᠤᠷᠠᠯ᠎ᠢ ᠥᠷᠭᠡᠳᠬᠡᠨ ᠪᠡᠶᠡᠴᠢᠯᠡᠨ ᠣᠢ᠌ᠯᠠᠭ᠋ᠠᠬᠤ ᠬᠡᠷ᠎ᠤᠨ ᠭᠠᠳᠠᠨᠠᠬᠢ ᠲᠣᠭᠤᠷᠢᠭ᠂ ᠵᠠᠯᠠᠭᠤ ᠡᠭᠦᠳᠦᠭᠴᠢᠳ᠎ᠤᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠣᠷᠣᠨ ᠵᠠᠶ ᠪᠠ ᠬᠥᠳᠡᠯᠮᠦᠷᠢ ᠦᠢᠯᠡᠳᠦᠯᠭᠡ ᠵᠢᠨ ᠰᠠᠭᠤᠷᠢᠨ ᠭᠠᠵᠠᠷ ᠵᠡᠷᠭᠡ ᠵᠢᠷᠭᠤᠭ᠋ᠠᠨ ᠶᠡᠬᠡ ᠲᠣᠭᠤᠷᠢᠭ ᠬᠤᠪᠢᠶᠠᠵᠤ᠂ ᠣᠯᠠᠨ ᠲᠦᠮᠡᠨ᠎ᠢ ᠨᠡᠢ᠌ᠲᠡ ᠵᠠᠭᠤᠨ ᠭᠠᠷᠤᠢ ᠲᠦᠮᠡ ᠬᠥᠮᠦᠨ ᠤᠳᠠᠭ᠎ᠠ ᠭᠥᠯᠢᠶᠡᠨ ᠠᠪᠴᠤ ᠵᠣᠴᠢᠯᠠᠵᠤ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ ᠵᠶ᠋ᠠᠷ ᠨᠡᠷᠡᠢ᠌ᠳᠦᠭᠳᠡᠪᠡ᠃
      ᠨᠢᠭᠡ᠎ᠳᠤ ᠵᠣᠬᠢᠶᠠᠨ ᠪᠠᠢ᠌ᠭᠤᠯᠵᠤ ᠨᠢᠭᠡᠳᠦᠯᠲᠡᠢ ᠲᠥᠯᠥᠪᠵᠢᠭᠦᠯᠬᠦ ᠳᠡᠭᠡᠷ᠎ᠡ ᠬᠦᠴᠦ ᠣᠷᠣᠭᠤᠯᠵᠤ ᠪᠣᠳᠠᠲᠠᠢ ᠠᠳᠬᠤᠬᠤ ᠵᠢ ᠪᠡᠶᠡᠯᠡᠭᠦᠯᠪᠡ᠃ ᠡᠨᠡ ᠵᠢᠯ᠎ᠠᠴᠠ ᠠᠵᠢᠯᠯᠠᠭ᠋ᠠᠨ᠎ᠤ ᠲᠥᠰᠦᠯ ᠲᠣᠭᠲᠠᠭ᠋ᠠᠵᠤ 4 ᠳᠠᠪᠬᠤᠷᠭ᠎ᠠ᠂ 12 ᠵᠦᠢ᠍ᠯ᠎ᠤᠨ ᠠᠷᠭ᠎ᠠ ᠬᠡᠮᠵᠢᠶ᠎ᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠠᠵᠢᠯ᠎ᠤᠨ ᠵᠶ᠋ᠠᠨ ᠪᠦᠬᠦ ᠶᠠᠪᠤᠴᠠ᠎ᠳᠤ ᠲᠤᠭᠤᠰᠢᠯᠠᠭᠤᠯᠪᠠ᠃ ᠢᠯᠠᠩᠭᠤᠶ᠎ᠠ ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ ᠲᠠᠯ᠎ᠠ᠎ᠪᠠᠷ ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠵᠣᠬᠢᠶᠠᠨ ᠪᠠᠢ᠌ᠭᠤᠯᠤᠯᠲᠠ ᠵᠢᠨ ᠳᠠᠪᠠᠭᠤᠯᠢᠭ᠎ᠢ ᠪᠠᠳᠠᠷᠠᠭᠤᠯᠵᠤ᠂ ᠵᠠᠯᠠᠭᠤ ᠯᠧᠺᠲ᠋ᠣᠷ᠎ᠤᠨ ᠪᠦᠯᠬᠦᠮ ᠪᠣᠯᠤᠨ ᠤᠯᠠᠭ᠋ᠠᠨ  ᠪᠦᠴᠡᠲᠡᠨ᠎ᠤ ᠲᠣᠭᠣᠷᠢᠨ ᠲᠠᠢ᠌ᠯᠪᠤᠷᠢᠯᠠᠬᠤ ᠪᠦᠯᠬᠦᠮ ᠬᠣᠶᠠᠷ ᠡᠩᠨᠡᠭᠡ᠎ᠳᠤ ᠲᠦᠰᠢᠭᠯᠡᠵᠦ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ 《ᠵᠢᠷᠭᠤᠭ᠋ᠠᠨ ᠦᠭᠦᠯᠡᠮᠵᠢ ᠵᠢᠨ ᠪᠣᠳᠠᠲᠤ ᠬᠡᠷᠡᠭ ᠪᠠ ᠶᠣᠰᠣ ᠵᠦᠢ》 ᠵᠢ 《ᠵᠠᠪᠠᠯ ᠰᠤᠷᠬᠤ ᠬᠢᠴᠢᠶᠡᠯ》 ᠪᠣᠯᠭ᠋ᠠᠵᠤ᠂ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ 116 ᠲᠠᠯᠠᠪᠤᠷ ᠥᠷᠨᠢᠭᠦᠯᠵᠦ᠂ 《ᠤᠯᠠᠭ᠋ᠠᠨ ᠪᠦᠴᠡᠲᠡᠨ ᠨᠠᠮ ᠵᠶ᠋ᠠᠨ ᠳᠠᠭ᠋ᠠᠬᠤ》 ᠪᠤᠯᠤᠩ᠎ᠢ 300 ᠭᠠᠷᠤᠶ ᠬᠤᠭᠤᠴᠠᠭ᠎ᠠ ᠡᠷᠭᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠵᠠᠯᠠᠭᠤᠴᠤᠳ ᠪᠠᠭ᠋ᠠᠴᠤᠳ᠎ᠤᠨ ᠰᠡᠳᠬᠢᠯ᠎ᠳᠤ ᠭᠦᠨ ᠦᠨᠳᠦᠰᠦᠯᠡᠭᠦᠯᠪᠡ᠃
      ᠬᠣᠶᠠᠷ᠎ᠲᠤ ᠦᠨᠡᠨ ᠰᠡᠳᠬᠢᠯ᠎ᠠᠴᠠ᠎ᠪᠠᠨ ᠦᠢᠯᠡᠴᠢᠯᠡᠬᠦ ᠳᠡᠭᠡᠷ᠎ᠡ ᠬᠦᠴᠦ ᠲᠠᠯᠪᠢᠵᠤ ᠣᠯᠠᠨ ᠲᠦᠮᠡᠨ᠎ᠳᠤ ᠲᠥᠷᠥᠭᠳᠡᠯ᠎ᠲᠠᠢ ᠪᠣᠯᠬᠤ ᠵᠢ ᠬᠦᠴᠦᠯᠡᠨ ᠠᠬᠢᠭᠤᠯᠪᠠ᠃ ᠵᠢᠭᠰᠠᠭ᠋ᠠᠯ᠎ᠤᠨ ᠭᠠᠵᠠᠷ᠎ᠲᠤ ᠲᠦᠰᠢᠭᠯᠡᠨ ᠤᠷᠢᠳ ᠬᠣᠵᠢᠳ 4 ᠬᠤᠭᠤᠴᠠᠭ᠋ᠠᠨ᠎ᠤ ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠰᠣᠶᠣᠯ᠎ᠤᠨ ᠨᠠᠢ᠌ᠷ᠂ 2 ᠬᠤᠭᠤᠴᠠᠭ᠋ᠠᠨ᠎ᠤ 《ᠵᠢᠷᠭᠤᠭ᠋ᠠᠨ ᠰᠠᠷ᠎ᠠ ᠵᠢᠨ ᠨᠢᠭᠡᠨ》᠎ᠤ ᠭᠣᠤᠯ ᠰᠡᠳᠦᠪᠲᠦ ᠠᠩᠭᠢ ᠵᠢᠨ ᠬᠢᠴᠢᠶᠡᠯ ᠵᠢᠴᠢ ᠬᠢᠴᠢᠶᠡᠯ᠎ᠤᠨ ᠳᠡᠪᠲᠡᠷ᠎ᠤᠨ ᠵᠦᠴᠦᠭᠡ ᠵᠢᠨ ᠤᠷᠤᠯᠳᠤᠭ᠋ᠠᠨ᠂ 4 ᠬᠤᠭᠤᠴᠠᠭ᠋ᠠᠨ᠎ᠤ 《ᠪᠢᠴᠢᠯ ᠳᠤᠮᠳᠠᠳᠤ ᠤᠯᠤᠰ᠎ᠤᠨ ᠵᠢᠭᠤᠯᠴᠢᠯᠠᠯ》᠎ᠤᠨ ᠪᠦᠲᠦᠭᠡᠯᠴᠢ ᠰᠡᠳᠬᠢᠮᠵᠢ ᠵᠢᠨ ᠴᠤᠭᠯᠠᠭ᠎ᠠ᠂ 15 ᠳ᠋ᠤᠭ᠋ᠠᠷ ᠬᠤᠭᠤᠴᠠᠭ᠋ᠠᠨ᠎ᠤ ᠪᠥᠬᠥ ᠬᠣᠲᠠ ᠵᠢᠨ ᠪᠠᠭ᠋ᠠᠴᠤᠳ ᠬᠡᠦᠬᠡᠳ᠎ᠤᠨ ᠴᠠᠭ᠋ᠠᠨ ᠰᠠᠷ᠎ᠠ ᠵᠢᠨ ᠦᠳᠡᠰᠢᠯᠡᠭᠡ ᠵᠢ ᠡᠷᠭᠢᠯᠡᠵᠦ᠂ ᠨᠠᠷᠠᠲᠤ ᠲᠡᠮᠳᠡᠭ᠎ᠤᠨ ᠠᠵᠢᠯᠯᠠᠭ᠎ᠠ᠎ᠪᠠᠷ ᠳᠠᠮᠵᠢᠭᠤᠯᠤᠨ ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠲᠦ ᠳᠤᠲᠤᠨᠤ ᠪᠠᠢ᠌ᠬᠤ ᠡᠶ᠎ᠡ ᠵᠣᠬᠢᠴᠠᠩᠭᠤᠶ ᠠᠶᠠᠰ᠎ᠢ ᠬᠠᠩᠭᠢᠨᠠᠭᠤᠯᠪᠠ᠃ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ᠎ᠬᠢᠨ 《ᠲᠣᠰᠬᠣᠨ ᠵᠶ᠋ᠠᠷ ᠶᠠᠪᠤᠵᠤ ᠬᠣᠲᠠ ᠵᠢᠨ ᠲᠡᠭᠦᠷᠭᠡ᠎ᠳᠤ ᠣᠴᠢᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠲᠣᠰᠬᠣᠨ ᠪᠠᠯᠭ᠋ᠠᠰᠤᠨ᠎ᠳᠤ ᠪᠠᠭ᠋ᠠᠴᠤᠳ ᠬᠡᠦᠬᠡᠳ᠎ᠤᠨ 《ᠲᠣᠰᠬᠣᠨ᠎ᠤ ᠴᠠᠭ᠋ᠠᠨ ᠰᠠᠷ᠎ᠠ ᠵᠢᠨ ᠦᠳᠡᠰᠢᠯᠡᠭᠡ》 ᠵᠢ ᠡᠷᠬᠢᠯᠡᠵᠦ᠂ ᠲᠠᠷᠢᠶᠠᠴᠢᠨ ᠪᠠ ᠦᠢ᠍ᠯᠡᠳᠪᠦᠷᠢ ᠠᠭᠤᠷᠬᠠᠢ ᠵᠢᠨ ᠠᠵᠢᠯᠲᠠᠨ᠎ᠤ ᠦᠷ᠎ᠡ ᠬᠡᠦᠬᠡᠳ᠎ᠤᠨ 《ᠲᠥᠷᠥᠭᠰᠡᠨ ᠡᠳᠦᠷ》᠎ᠢ ᠬᠠᠮᠲᠤ ᠪᠡᠯᠭᠡᠯᠡᠵᠦ᠂ 《ᠬᠣᠲᠠ ᠵᠢᠨ ᠲᠡᠭᠦᠷᠭᠡ》 ᠵᠢᠨ ᠵᠠᠯᠠᠭᠤᠴᠤᠳ ᠪᠠᠭ᠋ᠠᠴᠤᠳ᠎ᠲᠤ ᠪᠦᠬᠦ ᠬᠣᠲᠠ ᠵᠢᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠮᠡᠳᠡᠷᠡᠭᠦᠯᠵᠡᠢ᠃ 《ᠳᠥᠷᠪᠡᠨ ᠮᠤᠵᠢ ᠲᠠᠪᠤᠨ ᠬᠣᠲᠠ》᠎ᠲᠠᠢ ᠵᠠᠯᠠᠭᠤᠴᠤᠳ ᠪᠠᠭ᠋ᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠪᠦᠳᠦᠭᠦᠪᠴᠢ ᠵᠥᠪᠯᠡᠯᠴᠡᠭᠡᠷ ᠲᠣᠭᠲᠠᠵᠤ᠂ ᠵᠠᠯᠠᠭᠤᠴᠤᠳ᠎ᠤᠨ ᠬᠣᠯᠪᠣᠭ᠎ᠠ ᠵᠢᠨ ᠭᠡᠰᠢᠭᠦᠨ᠂ ᠵᠠᠯᠠᠭᠤ ᠠᠵᠤ ᠠᠬᠤᠢ᠌ᠯᠠᠯᠲᠠᠨ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠢ ᠵᠣᠬᠢᠶᠠᠨ ᠪᠠᠢ᠌ᠭᠤᠯᠤᠨ ᠰᠣᠯᠢᠯᠴᠠᠭ᠎ᠠ᠎ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ᠎ᠪᠠᠨ ᠠᠬᠢᠭᠤᠯᠪᠠ᠃
      ᠭᠤᠷᠪᠠ᠎ᠳᠤ ᠭᠦᠨᠵᠡᠭᠡᠢ᠌ᠷᠡᠭᠦᠯᠦᠨ ᠨᠠᠷᠢᠯᠢᠭᠵᠢᠭᠤᠯᠬᠤ ᠳᠡᠭᠡᠷ᠎ᠡ ᠬᠦᠴᠦ ᠲᠠᠯᠪᠢᠵᠤ ᠠᠷᠭ᠎ᠠ ᠬᠡᠮᠵᠢᠶ᠎ᠡ ᠪᠦᠲᠦᠮᠵᠢ᠎ᠲᠠᠢ ᠪᠠᠢ᠌ᠬᠤ ᠵᠢ ᠦᠨᠡᠨ ᠬᠦ᠌ ᠪᠠᠲᠤᠯᠠᠪᠠ᠃ ᠵᠢᠭᠰᠠᠭ᠋ᠠᠯ᠎ᠤᠨ ᠭᠠᠵᠠᠷ᠎ᠲᠤ ᠲᠦᠰᠢᠭᠯᠡᠨ ᠵᠠᠯᠠᠭᠤᠴᠤᠳ᠎ᠤᠨ ᠭᠠᠪᠰᠢᠭ᠋ᠠᠢ ᠠᠩᠬᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ 78 ᠵᠠᠯᠠᠭᠤᠴᠤᠳ᠎ᠤᠨ ᠭᠠᠪᠰᠢᠭ᠋ᠠᠢ ᠠᠩᠬᠢ ᠵᠢ ᠵᠣᠬᠢᠶᠠᠨ ᠪᠠᠢ᠌ᠭᠤᠯᠵᠤ ᠲᠦᠷᠦᠯ ᠬᠤᠪᠢᠶᠠᠨ ᠨᠢᠭᠡᠳᠦᠯᠲᠡᠢ ᠲᠥᠯᠥᠪᠵᠢᠭᠦᠯᠬᠦ ᠵᠢ ᠬᠡᠷᠡᠭᠵᠢᠭᠦᠯᠵᠦ᠂ ᠡᠮᠦᠨ᠎ᠡ ᠹᠷᠣᠨᠲ᠎ᠲᠤ ᠭᠦᠨᠵᠡᠭᠡᠢ᠌ᠷᠡᠨ ᠵᠠᠯᠠᠭᠤᠴᠤᠳ᠎ᠤᠨ ᠭᠠᠪᠰᠢᠭ᠋ᠠᠢ ᠠᠩᠬᠢ ᠵᠢᠨ ᠠᠵᠢᠯ᠎ᠤᠨ᠎ᠬᠢᠨ ᠪᠠᠢ᠌ᠷᠢ᠎ᠳᠤ᠎ᠪᠠᠨ ᠰᠠᠭᠤᠷᠢᠯᠠᠨ ᠬᠡᠪ ᠳᠠᠭᠤᠷᠢᠶᠠᠯ ᠦᠵᠡᠭᠦᠯᠵᠦ᠂ ᠬᠣᠰᠢᠭᠤᠴᠢ ᠪᠣᠯᠬᠤ ᠵᠢ ᠬᠦᠳᠦᠯᠦᠨ ᠵᠢᠯᠣᠭᠣᠳᠴᠤ ᠤᠷᠮᠠᠰᠢᠭᠤᠯᠪᠠ᠃ ᠵᠢᠭᠰᠠᠭ᠋ᠠᠯ᠎ᠤᠨ ᠭᠠᠵᠠᠷ᠎ᠲᠤ ᠲᠦᠰᠢᠭᠯᠡᠨ 《ᠵᠠᠯᠠᠭᠤᠴᠤᠳ》 ᠭᠡᠬᠦ ᠦᠰᠦᠭᠲᠦ ᠨᠠᠷᠠᠲᠤ ᠲᠡᠮᠳᠡᠭ᠎ᠢ ᠢᠯᠡ ᠲᠣᠳᠣ ᠪᠣᠯᠭ᠋ᠠᠵᠤ᠂ ᠡᠯ᠎ᠡ ᠱᠠᠲᠤᠨ᠎ᠤ 《ᠠᠩᠭᠢ᠂ ᠳ᠋ᠤᠭ᠋ᠠᠷ᠂ ᠭᠠᠷ᠂ ᠪᠠᠢ᠌ᠷᠢ》 ᠵᠢᠨ ᠲᠤᠬᠠᠢ᠌ᠯᠠᠭᠰᠠᠨ ᠠᠵᠢᠯ᠎ᠤᠨ ᠳᠠᠳᠤᠯᠭ᠎ᠠ ᠪᠣᠯᠪᠠᠰᠤᠷᠠᠯ᠂ ᠲᠤᠷᠰᠢᠯᠭ᠎ᠠ ᠵᠢᠨ ᠰᠣᠯᠢᠯᠴᠠᠭ᠎ᠠ᠂ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠢ ᠪᠠᠢ᠌ᠩᠭᠤᠵᠢᠭᠤᠯᠤᠨ ᠦᠷᠨᠢᠭᠦᠯᠵᠦ᠂ ᠢᠯᠠᠩᠭᠤᠶ᠎ᠠ 《ᠬᠣᠶᠠᠷ ᠰᠠᠷ᠎ᠠ ᠨᠢᠭᠡ ᠭᠠᠷᠠᠭ》 ᠵᠡᠷᠭᠡ ᠴᠢᠬᠤᠯᠠ ᠵᠠᠩᠭᠢᠯᠠᠭ᠎ᠠ ᠵᠢᠨ ᠥᠶ᠎ᠡ᠎ᠳᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠲᠤ 《ᠨᠡᠬᠡᠭᠡᠯᠲᠡᠲᠦ ᠭᠠᠷᠠᠭ》 ᠵᠡᠷᠭᠡ ᠵᠢᠱ᠌ᠢᠶ᠎ᠡ ᠦᠵᠡᠭᠦᠯᠬᠦ ᠠᠵᠢᠯᠯᠠᠭ᠎ᠠ ᠪᠠ ᠰᠢᠷᠢᠰ ᠤᠬᠠᠭᠤᠯᠭ᠎ᠠ ᠵᠢ ᠲᠥᠪᠯᠡᠷᠡᠭᠦᠯᠦᠨ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ  ᠪᠤᠲᠠᠲᠠᠢ ᠲᠥᠷᠥᠭᠳᠡᠯ᠎ᠲᠠᠢ ᠪᠥᠲᠥᠮᠵᠢ᠎ᠲᠠᠢ᠎ᠪᠠᠷ ᠦᠷᠨᠢᠭᠦᠯᠪᠡ᠃ ᠵᠢᠭᠰᠠᠭ᠋ᠠᠯ᠎ᠤᠨ ᠭᠠᠵᠠᠷ᠎ᠲᠤ ᠲᠦᠰᠢᠭᠯᠡᠨ ᠣᠨᠤᠴᠠᠲᠠᠢ ᠬᠠᠷᠢᠯᠴᠠᠵᠤ ᠦᠢᠯᠡᠴᠢᠯᠡᠵᠦ᠂ 《ᠠᠵᠢᠯᠯᠠᠭ᠎ᠠ》 ᠵᠢ 《ᠦᠢ᠍ᠯᠡ ᠠᠵᠢᠯᠯᠠᠭ᠎ᠠ》 ᠪᠣᠯᠭ᠋ᠠᠨ ᠬᠤᠪᠢᠷᠠᠭᠤᠯᠵᠤ᠂ ᠵᠠᠯᠠᠭᠤᠴᠤᠳ᠎ᠤᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ 12 ᠲᠥᠷᠥᠯ ᠵᠦᠢᠯ᠎ᠢ ᠪᠠᠢ᠌ᠭᠤᠯᠤᠨ ᠪᠥᠬᠥ ᠵᠢᠯ ᠵᠶ᠋ᠠᠷ ᠲᠤᠭᠤᠰᠢᠯᠠᠭᠤᠯᠤᠨ ᠦᠷᠨᠢᠭᠦᠯᠵᠦ᠂ ᠨᠡᠢ᠌ᠭᠡᠮ᠎ᠤᠨ ᠨᠥᠯᠥᠭᠡ ᠵᠢ ᠥᠷᠭᠡᠳᠬᠡᠵᠦ᠂ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠲᠥᠷᠥᠯ ᠵᠦᠢᠯ ᠵᠶ᠋ᠡᠷ ᠪᠥᠬᠥ ᠬᠣᠲᠠ ᠵᠢᠨ ᠵᠠᠯᠠᠭᠤ ᠰᠠᠢ᠌ᠨ ᠳᠤᠷᠠᠴᠤᠳ᠎ᠢ ᠬᠥᠲᠥᠯᠥᠨ ᠳᠠᠭ᠋ᠠᠭᠤᠯᠵᠤ ᠪᠠᠢ᠌ᠭ᠋ᠠᠳ ᠨᠡᠢ᠌ᠭᠡᠮ᠎ᠤᠨ ᠵᠠᠰᠠᠯᠲᠠ ᠪᠠ ᠣᠯᠠᠨ ᠨᠡᠢ᠌ᠲᠡ ᠵᠢᠨ ᠦᠢᠯᠡᠴᠢᠯᠡᠭᠡ᠎ᠳᠤ ᠥᠷᠭᠡᠨ ᠵᠶ᠋ᠡᠷ ᠣᠷᠣᠯᠴᠠᠬᠤ ᠰᠢᠨ᠎ᠡ ᠬᠡᠪ ᠰᠤᠷᠲᠠᠯ᠎ᠢ ᠪᠣᠶ ᠪᠣᠯᠭ᠋ᠠᠪᠠ᠃
      ᠳᠠᠷᠠᠭ᠋ᠠᠴᠢ᠎ᠪᠠᠷ ᠦᠬᠠᠶ ᠵᠢᠨ ᠵᠠᠯᠠᠭᠤᠴᠤᠳ ᠪᠠᠭ᠋ᠠᠴᠤᠳ᠎ᠤᠨ ᠪᠦᠲᠦᠭᠡᠯᠴᠢ ᠬᠦᠷᠢᠶᠡᠯᠡᠩ᠎ᠨᠢ ᠨᠢᠭᠡ᠎ᠳᠤ᠂ ᠪᠥᠬᠥ ᠬᠦᠴᠦᠨ ᠵᠶ᠋ᠡᠷ ᠵᠶ᠋ᠡᠨ ᠰᠠᠭᠤᠷᠢᠨ ᠭᠠᠵᠠᠷ᠎ᠢ ᠪᠠᠢ᠌ᠭᠤᠯᠤᠨ ᠬᠦᠴᠦᠷᠬᠡᠭᠵᠢᠭᠦᠯᠵᠦ᠂ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠦᠷᠭᠡᠳᠬᠡᠨ᠎ᠡ᠃ ᠬᠣᠶᠠᠷ᠎ᠲᠤ ᠰᠤᠷᠭ᠋ᠠᠨ ᠬᠥᠮᠦᠵᠢᠯ᠎ᠤᠨ ᠴᠢᠳᠠᠮᠵᠢ ᠵᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ᠎ᠤᠨ ᠪᠦᠲᠦᠭᠡᠯᠴᠢ ᠰᠡᠳᠬᠢᠮᠵᠢ ᠵᠢᠨ ᠪᠡᠶᠡᠴᠢᠯᠡᠨ ᠣᠢ᠌ᠯᠠᠭ᠋ᠠᠬᠤ ᠲᠥᠷᠥᠯ ᠵᠦᠢᠯ᠎ᠢ ᠨᠠᠩ ᠣᠯᠠᠨ ᠰᠤᠳᠤᠯᠤᠨ ᠨᠡᠭᠡᠭᠡᠵᠦ᠂ ᠡᠬᠡ ᠤᠯᠤᠰ ᠵᠶ᠋ᠠᠨ ᠬᠠᠢ᠌ᠷᠠᠯᠠᠬᠤ᠂ ᠨᠤᠲᠤᠭ ᠤᠰᠤ᠎ᠪᠠᠨ ᠬᠠᠢ᠌ᠷᠠᠯᠠᠬᠤ ᠰᠡᠳᠬᠢᠯᠭᠡ ᠵᠢ ᠵᠤᠵᠠᠭ᠋ᠠᠳᠬᠠᠨ᠎ᠠ᠃ ᠭᠤᠷᠪᠠ᠎ᠳᠤ ᠦᠢ᠍ᠯᠡᠳᠦᠯᠭᠡ ᠵᠢᠨ ᠴᠢᠳᠠᠮᠵᠢ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠬᠥᠳᠡᠯᠮᠦᠷᠢᠯᠡᠬᠦ ᠵᠡᠷᠭᠡ ᠨᠡᠢ᠌ᠭᠡᠮ᠎ᠤᠨ ᠦᠢ᠍ᠯᠡᠳᠦᠯᠭᠡ ᠵᠢ ᠰᠠᠢ᠌ᠲᠤᠷ ᠡᠷᠬᠢᠯᠡᠨ᠎ᠡ᠃ ᠳᠥᠷᠪᠡ᠎ᠳᠤ ᠦᠢᠯᠡᠴᠢᠯᠡᠭᠡᠨ᠎ᠤ ᠴᠢᠳᠠᠮᠵᠢ ᠵᠢ ᠴᠢᠩᠭ᠋ᠠᠳᠬᠠᠵᠤ᠂ 《ᠴᠢᠳᠠᠪᠤᠷᠢᠲᠠᠨ᠎ᠤ ᠥᠷᠲᠡᠭᠡ》᠂ 《ᠵᠠᠯᠠᠭᠤᠴᠤᠳ᠎ᠤᠨ ᠬᠡᠷ ᠪᠦᠯᠢ》 ᠵᠢᠨ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃






         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
         ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

 

ᠢᠷᠡᠯᠲᠡ᠄ ᠰᠤᠷᠭ᠋ᠠᠨ ᠬᠥᠮᠦᠵᠢᠯ᠎ᠤᠨ ᠭᠠᠵᠠᠷ