9 ᠳ᠋ᠦ᠍ᠭᠡᠷ ᠰᠠᠷ᠎ᠠ ᠵᠢᠨ 27᠎ᠤ ᠡᠳᠦᠷ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ᠂ ᠥᠪᠥᠷ ᠮᠣᠩᠭᠣᠯ᠎ᠤᠨ 14 ᠬᠠᠮᠲᠤ ᠨᠢᠭᠡᠴᠢ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠭᠡᠴᠢ》 ᠵᠢᠨ ᠴᠣᠯᠠ ᠵᠢ ᠭᠥᠷᠳᠡᠵᠦ᠂ 17 ᠬᠤᠪᠢ ᠬᠥᠮᠥᠨ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠥᠨ》᠎ᠤ ᠴᠣᠯᠠ ᠵᠢ ᠭᠥᠷᠳᠡᠪᠡ᠃ ᠬᠦᠬᠢᠬᠦᠯᠦᠭᠳᠡᠨ ᠰᠠᠢ᠌ᠰᠢᠶᠠᠭᠳᠠᠭᠰᠠᠨ ᠬᠠᠮᠲᠤ ᠨᠢᠭᠡᠴᠢ ᠵᠢᠨ ᠲᠥᠯᠥᠭᠡᠯᠡᠭᠴᠢ ᠪᠠ ᠬᠤᠪᠢ ᠬᠥᠮᠥᠨ ᠦᠪᠡᠷ ᠦᠪᠡᠷ᠎ᠤᠨ ᠠᠵᠢᠯ᠎ᠤᠨ ᠪᠠᠢ᠌ᠷᠢ᠎ᠳᠤ᠎ᠪᠠᠨ ᠪᠤᠴᠠᠭᠰᠠᠨ᠎ᠤ ᠳᠠᠷᠠᠭ᠎ᠠ᠂ ᠡᠩ ᠲᠡᠷᠢᠬᠦᠨ᠎ᠳᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠳᠤ ᠤᠬᠠᠭᠤᠯᠤᠨ ᠲᠠᠢ᠌ᠯᠪᠤᠷᠢᠯᠠᠵᠤ᠂ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢᠨ ᠭᠦᠨ ᠵᠤᠵᠠᠭ᠋ᠠᠨ ᠠᠬᠤᠢ ᠨᠥᠭᠥᠴᠡᠯ᠎ᠢ ᠪᠣᠶ ᠪᠣᠯᠭ᠋ᠠᠪᠠ᠃
ᠬᠤᠷᠠᠯ᠎ᠤᠨ ᠵᠣᠷᠢᠭ ᠰᠠᠨᠠᠭ᠎ᠠ ᠵᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠪᠠ
ᠬᠥᠬᠢᠭᠦᠯᠦᠭᠳᠡᠨ ᠰᠠᠢ᠌ᠰᠢᠶᠠᠭᠳᠠᠭᠰᠠᠨ ᠬᠠᠮᠲᠤ ᠨᠢᠭᠡᠴᠢ ᠵᠢᠨ ᠲᠥᠯᠥᠭᠡᠯᠡᠭᠴᠢ ᠪᠠ ᠬᠤᠪᠢ ᠬᠥᠮᠥᠨ ᠪᠠᠢ᠌ᠭᠤᠯᠭ᠎ᠠ ᠵᠢᠨ ᠵᠣᠬᠢᠶᠠᠨ ᠪᠠᠢ᠌ᠭᠤᠯᠤᠭᠰᠠᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠬᠤᠷᠠᠯ᠂ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ᠂ ᠲᠤᠷᠰᠢᠯᠭ᠎ᠠ᠎ᠪᠠᠨ ᠰᠣᠯᠢᠯᠴᠠᠬᠤ ᠬᠤᠷᠠᠯ ᠵᠡᠷᠭᠡ᠎ᠪᠠᠷ ᠳᠡᠮᠵᠢᠵᠦ᠂ ᠣᠯᠠᠨ᠎ᠲᠠᠢ ᠬᠠᠮᠲᠤ ᠶᠡᠷᠦᠩᠬᠡᠢ ᠱᠦᠵᠢ ᠰᠢ ᠵᠢᠨ ᠫᠢᠩ ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷ᠎ᠡ ᠦᠵᠡᠵᠦ ᠰᠣᠨᠣᠰᠤᠭᠰᠠᠨ ᠵᠦᠢ᠍ᠯ ᠵᠶ᠋ᠡᠨ ᠶᠠᠷᠢᠵᠤ᠂ ᠣᠯᠣᠯᠲᠠ ᠪᠠ ᠲᠥᠷᠥᠭᠳᠡᠯ ᠵᠶ᠋ᠡᠨ ᠬᠤᠪᠢᠶᠠᠯᠴᠠᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ᠂ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠵᠢ ᠭᠦᠨᠵᠡᠭᠡᠢ ᠣᠢ᠌ᠯᠠᠭ᠋ᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠤᠨ ᠭᠦᠨᠵᠡᠭᠡᠢ ᠠᠭᠤᠯᠤᠭᠳᠠᠬᠤᠨ᠎ᠢ ᠭᠦᠨᠵᠡᠭᠡᠢ ᠤᠢ᠌ᠯᠠᠭ᠋ᠠᠵᠦ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠵᠢ ᠬᠦᠲᠦᠯᠦᠨ ᠵᠢᠯᠤᠭᠤᠳᠪᠠ᠃
ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠭᠡᠴᠢ ᠪᠣᠯᠬᠤ ᠰᠢᠯᠢ ᠵᠢᠨ ᠭᠣᠣᠯ ᠠᠢ᠌ᠮᠠᠭ᠎ᠤᠨ ᠴᠠᠬᠢᠯᠭ᠋ᠠᠨ ᠬᠠᠩᠭ᠋ᠠᠬᠤ ᠺᠣᠮᠫᠠᠨᠢ ᠬᠤᠷᠠᠯ ᠬᠤᠷᠠᠯᠳᠤᠭᠤᠯᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠦ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠫᠷᠤᠹᠸᠰᠰᠤᠷ᠎ᠢ ᠤᠷᠢᠵᠤ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠬᠡᠷᠬᠢᠨ ᠲᠤᠭᠤᠰᠢᠯᠠᠭᠤᠯᠬᠤ ᠲᠤᠬᠠᠢ ᠵᠢᠯᠣᠭᠣᠳᠤᠯᠭ᠎ᠠ ᠬᠢᠯᠭᠡᠵᠦ᠂ ᠺᠣᠮᠫᠠᠨᠢ ᠵᠢᠨ ᠤᠳᠤᠷᠢᠳᠬᠤ ᠪᠠᠭ᠎ᠤᠨ ᠪᠦᠷᠢᠯᠳᠦᠭᠦᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ》 ᠭᠣᠣᠯ ᠰᠡᠳᠦᠪ᠎ᠤᠨ ᠲᠤᠭᠤᠷᠢᠨ᠎ᠳᠤ ᠲᠤᠰᠬᠠᠢ ᠰᠡᠳᠦᠪᠳᠦ ᠶᠡᠷᠢᠯᠴᠠᠭ᠎ᠠ ᠦᠷᠨᠢᠬᠦᠯᠪᠡ᠃ ᠺᠠᠳ᠋ᠷ ᠠᠵᠢᠯᠲᠠᠳ᠎ᠠᠴᠠ᠂ ᠮᠠᠨ᠎ᠤ ᠺᠣᠮᠫᠠᠨᠢ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠭᠡᠴᠢ》 ᠵᠢᠨ ᠡᠷᠬᠢᠮ ᠳᠡᠭᠡᠳᠦ ᠢᠷᠠᠭᠤ ᠠᠯᠳᠠᠷ᠎ᠢ ᠬᠦᠷᠳᠡᠭᠰᠡᠨ᠎ᠨᠢ ᠲᠤᠢ᠌ᠯ᠎ᠤᠨ ᠦᠩᠭᠡ ᠭᠡᠷᠡᠯ᠎ᠲᠠᠢ ᠰᠠᠨᠠᠭᠳᠠᠵᠤ ᠶᠡᠭᠡᠳᠡ ᠵᠤᠷᠢᠬ᠍ᠵᠢᠵᠦ ᠪᠠᠢ᠌ᠨ᠎ᠠ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠷᠭᠦᠯᠵᠢᠯᠡᠨ ᠡᠬᠡ ᠤᠯᠤᠰ᠎ᠤᠨ ᠤᠮᠠᠷᠠᠲᠤ ᠵᠢᠨ ᠬᠢᠯᠢ ᠬᠢᠵᠠᠭ᠋ᠠᠷᠲᠤ ᠦᠨᠳᠦᠰᠦᠯᠡᠵᠦ᠂ ᠪᠤᠢ᠍ᠢ᠍ᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠦᠬᠡ ᠵᠢᠨ ᠬᠡᠷᠡᠭᠯᠡᠬᠦ ᠴᠠᠬᠢᠯᠭ᠋ᠠᠨ᠎ᠢ ᠲᠡᠰ ᠳᠡᠪᠰᠢᠭᠦᠯᠦᠨ ᠥᠭᠡᠷᠡᠴᠢᠯᠡᠬᠦ᠂ ᠠᠵᠢᠯ ᠲᠦᠷᠦᠯ ᠵᠶ᠋ᠡᠷ ᠵᠶ᠋ᠡᠨ ᠬᠠᠪᠰᠤᠷᠤᠨ ᠲᠡᠳᠬᠦᠬᠦ ᠵᠡᠷᠭᠡ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ᠂ ᠬᠢᠯᠢ ᠬᠢᠵᠠᠭ᠋ᠠᠷ᠎ᠤᠨ ᠬᠥᠭᠵᠢᠯ ᠴᠡᠴᠡᠭᠯᠡᠯ᠂ ᠬᠢᠯᠢ ᠵᠢᠨ ᠠᠷᠠᠳ᠎ᠤᠨ ᠪᠦᠯᠬᠦᠮᠳᠡᠯ ᠵᠣᠯ ᠵᠢᠷᠭ᠋ᠠᠯ᠂ ᠬᠢᠯᠢ ᠵᠢᠨ ᠬᠠᠮᠠᠭ᠋ᠠᠯᠠᠯᠲᠠ ᠵᠢᠨ ᠠᠮᠤᠷ ᠲᠣᠭᠲᠠᠭᠤᠨ ᠪᠠᠢ᠌ᠬᠤ᠎ᠳᠤ ᠴᠠᠬᠢᠯᠭ᠋ᠠᠨ ᠬᠦᠴᠦᠨ᠎ᠤ ᠪᠠᠲᠤᠯᠠᠭ᠎ᠠ ᠬᠠᠩᠭ᠋ᠠᠨ᠎ᠠ ᠭᠡᠵᠦ ᠢᠯᠡᠳᠭᠡᠵᠡᠭᠡᠪᠡ᠃
ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠠᠮᠲᠤ ᠨᠢᠭᠡᠴᠢ᠂ ᠪᠤᠭᠤᠳᠤ ᠬᠤᠳᠠ ᠵᠢᠨ ᠬᠥᠨᠳᠡᠯᠡᠨ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ ᠲᠤᠰᠬᠠᠢ ᠰᠡᠳᠦᠪᠲᠦ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠨᠠᠷᠢᠨ ᠬᠢᠨᠠᠮᠠᠭ᠋ᠠᠢ ᠰᠤᠷᠤᠯᠴᠠᠪᠠ᠃ ᠪᠦᠬᠦ ᠺᠠᠳ᠋ᠷ ᠠᠵᠢᠯᠳᠠᠨ ᠠᠵᠢᠯᠴᠢᠨ ᠬᠢᠯᠪᠠᠷ ᠪᠤᠰᠤ᠎ᠪᠠᠷ ᠣᠯᠣᠭᠰᠠᠨ ᠢᠷᠠᠭᠤ ᠠᠯᠳᠠᠷ ᠵᠶ᠋ᠠᠨ ᠨᠠᠨᠳᠢᠩᠨᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢᠨ ᠲᠣᠭᠣᠷᠢᠨ᠎ᠳᠤ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠰᠤᠷᠭ᠋ᠠᠨ ᠬᠥᠮᠦᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠡᠷᠬᠢᠯᠡᠨ᠎ᠠ ᠭᠡᠵᠦ ᠰᠠᠨᠠᠯ ᠨᠢᠭᠡᠲᠡᠢ ᠢᠯᠡᠳᠬᠡᠪᠡ᠃
ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠭᠡᠴᠢ᠂ ᠪᠠᠶᠠᠨᠨᠠᠭᠤᠷ ᠬᠣᠲᠠ ᠵᠢᠨ ᠯᠢᠨᠾᠧ ᠲᠣᠭᠣᠷᠢᠭ᠎ᠤᠨ ᠤᠯᠤᠰ᠎ᠤᠨ ᠰᠢᠨ ᠬᠤᠸᠨ ᠣᠶ ᠰᠢᠭᠤᠢ ᠵᠢᠨ ᠲᠠᠯᠠᠪᠠᠶ᠎ᠨᠢ ᠪᠥᠬᠥ ᠺᠠᠳ᠋ᠷ ᠠᠵᠢᠯᠲᠠᠨ ᠠᠵᠢᠯᠴᠢᠨ ᠵᠶ᠋ᠠᠨ ᠵᠣᠬᠢᠶᠠᠨ ᠪᠠᠢ᠌ᠭᠤᠯᠵᠦ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠭᠤᠯᠪᠠ᠃ ᠤᠯᠠᠨ ᠵᠶ᠋ᠠᠷ ᠵᠶ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠲᠠᠢ ᠪᠦᠯᠬᠦᠮᠳᠡᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠪᠣᠬᠢᠷᠲᠤᠯ ᠦᠭᠡᠢ ᠠᠮᠢ ᠠᠬᠤᠢ ᠵᠢᠨ ᠬᠠᠯᠬᠠᠪᠴᠢ ᠵᠢ ᠰᠠᠢ᠌ᠲᠤᠷ ᠪᠦᠲᠦᠭᠡᠨ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠭᠡᠪᠡ᠃
ᠦᠨᠳᠦᠰᠦᠨ ᠱᠠᠲᠤᠨ᠎ᠳᠤ ᠬᠦᠨᠵᠡᠭᠡᠢ᠌ᠷᠡᠵᠦ ᠤᠬᠠᠭᠤᠯᠤᠨ ᠲᠠᠢ᠌ᠯᠪᠤᠷᠢᠯᠠᠵᠤ᠂ ᠭᠦᠨ ᠵᠤᠵᠠᠭ᠋ᠠᠨ ᠨᠡᠢ᠌ᠭᠡᠮ᠎ᠤᠨ ᠠᠬᠤᠢ ᠨᠥᠭᠥᠴᠡᠯ᠎ᠢ ᠪᠣᠶ ᠪᠣᠯᠭ᠋ᠠᠪᠠ
ᠬᠥᠬᠢᠭᠦᠯᠦᠯ ᠭᠥᠷᠳᠡᠭᠰᠡᠨ ᠬᠠᠮᠲᠤ ᠨᠢᠭᠡᠴᠢ ᠵᠢᠨ ᠲᠥᠯᠥᠭᠡᠯᠡᠭᠴᠢ ᠪᠣᠯᠣᠨ ᠬᠤᠪᠢ ᠬᠥᠮᠥᠨ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠢ᠌ᠭᠡᠮ ᠲᠣᠭᠣᠷᠢᠭ ᠪᠣᠯᠣᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠬᠤᠷᠠᠯ᠎ᠤᠨ ᠵᠣᠷᠢᠭ ᠰᠠᠨᠠᠭ᠎ᠠ ᠵᠢ ᠲᠦᠭ ᠲᠦᠮᠡᠨ᠎ᠳᠤ 《ᠤᠯᠠᠮᠵᠢᠯᠠᠵᠤ》 《ᠮᠡᠳᠡᠭᠦᠯᠵᠦ》᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠢ ᠮᠡᠳᠡᠷᠡᠬᠦᠢ ᠵᠢ᠎ᠨᠢ ᠲᠠᠰᠤᠷᠠᠯᠳᠠ ᠦᠭᠡᠢ ᠴᠢᠩᠭ᠋ᠠᠳᠬᠠᠵᠤ᠂ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠪᠡᠬᠢᠵᠢᠭᠦᠯᠪᠡ᠃
ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠤᠪᠢ ᠬᠥᠮᠥᠨ᠂ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠣᠣ ᠵᠡᠭᠡᠯᠢ ᠵᠢᠨ ᠰᠠᠨ ᠱᠦᠨ ᠳ᠋ᠢᠶᠠᠨ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠰᠠᠭᠤᠭ᠋ᠠᠯᠢ ᠠᠷᠠᠳ᠎ᠤᠨ ᠵᠥᠪᠯᠡᠯ᠎ᠤᠨ ᠡᠷᠬᠢᠯᠡᠭᠴᠢ ᠯᠢ ᠢ ᡁᠢ ᠬᠥᠬᠡᠬᠣᠲᠠ ᠵᠢᠨ ᠲᠣᠭᠲᠠᠬᠤ ᠰᠢᠶᠠᠨ᠎ᠳᠤ ᠬᠦᠷᠴᠦ᠂ ᠦᠨᠳᠦᠰᠦᠨ ᠱᠠᠲᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠳᠤ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠲᠡᠷᠡ᠄ 《ᠮᠠᠨ᠎ᠤ ᠦᠨᠳᠦᠰᠦᠲᠡᠨ᠎ᠨᠦᠭᠦᠳ᠎ᠤᠨ ᠠᠬ᠎ᠠ ᠡᠭᠡᠴᠢ ᠳᠡᠭᠦᠦ ᠨᠠᠷ ᠲᠤᠤᠭ᠋ᠠᠷᠪᠠᠯ ᠲᠠᠭᠤ ᠨᠢᠭᠡᠳᠠᠢ᠂ ᠲᠤᠭᠳᠤᠷᠪᠠᠯ ᠬᠦᠴᠦ ᠨᠢᠭᠡᠳᠠᠢ ᠪᠠᠢ᠌ᠵᠦ᠂ ᠠᠬ᠎ᠠ ᠳᠡᠭᠦᠦ ᠰᠢᠭ᠋ ᠲᠤᠳᠤᠨᠤᠰᠤᠭ ᠵᠶ᠋ᠠᠷ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠠᠨᠠᠷ᠎ᠤᠨ ᠦᠷ᠎ᠡ ᠰᠢᠭ ᠨᠢᠭᠳᠠᠷᠠᠨ ᠪᠦᠯᠬᠦᠮᠳᠡᠬᠦ ᠬᠡᠷᠡᠭᠲᠡᠢ》 ᠭᠡᠪᠡ᠃
ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠤᠪᠢ ᠬᠥᠮᠥᠨ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠤᠳᠤᠯᠭ᠋ᠠᠨ᠎ᠤ ᠲᠥᠪ᠎ᠤᠨ ᠫᠷᠤᠹᠸᠰᠰᠤᠷ ᠾᠧ ᠱᠧᠩ ᠬᠠᠢ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ᠎ᠳᠤ ᠬᠦᠨᠵᠡᠭᠡᠢ᠌ᠷᠡᠵᠦ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠲᠡᠷᠡ᠄ 《ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠪᠣᠯᠤᠭᠰᠠᠨ᠎ᠤ ᠬᠤᠪᠢ᠎ᠳᠤ ᠪᠢ ᠨᠠᠮ᠎ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠴᠢᠬᠤᠯᠠ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠨ᠎ᠠ᠂ ᠡᠨᠡ ᠬᠦ᠌ ᠢᠷᠠᠭᠤ ᠠᠯᠳᠠᠷ᠎ᠢ ᠨᠠᠨᠳᠢᠩᠨᠠᠨ ᠬᠠᠮᠠᠭ᠋ᠠᠯᠠᠵᠤ᠂ ᠰᠤᠷᠭ᠋ᠠᠭᠤᠯᠢ ᠵᠢᠨ ᠭᠣᠣᠯ ᠵᠢᠭᠰᠠᠭ᠋ᠠᠯ᠎ᠤᠨ ᠭᠠᠵᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠷᠢᠬᠠᠨ ᠰᠠᠯᠬᠢ ᠥᠭᠭᠢᠶᠡᠮᠦᠷ ᠬᠤᠷ᠎ᠠ ᠲᠦᠮᠡᠨ ᠪᠣᠳᠠᠰ ᠤᠮᠳᠠᠯᠠᠳᠠᠭ ᠰᠢᠭ᠋ ᠵᠶ᠋ᠡᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠲᠦᠭ ᠲᠦᠮᠡᠨ ᠰᠤᠷᠤᠭᠴᠢᠳ᠎ᠤᠨ ᠰᠡᠳᠬᠢᠯ᠎ᠳᠤ ᠭᠦᠨ ᠦᠨᠳᠦᠰᠦᠯᠡᠬᠦᠯᠦᠨᠡ᠃ ᠨᠠᠮ᠎ᠤᠨ ᠦᠨᠳᠦᠰᠦᠲᠡᠨ᠎ᠤ ᠣᠨᠣᠯ ᠪᠣᠯᠣᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ ᠢ ᠭᠦᠨᠵᠡᠭᠡᠢ ᠥᠷᠨᠢᠭᠦᠯᠵᠦ᠂ ᠤᠯᠤᠰ᠎ᠤᠨ ᠪᠠᠢ᠌ᠯᠳᠤᠬᠤ ᠪᠣᠳᠣᠯᠭ᠎ᠠ᠂ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠪᠠ ᠨᠡᠢ᠌ᠭᠡᠮ᠎ᠤᠨ ᠲᠣᠭᠲᠠᠭᠤᠨ ᠬᠥᠭᠵᠢᠯᠲᠡ᠎ᠳᠤ ᠨᠡᠩ ᠰᠠᠢ᠌ᠨ ᠦᠢ᠍ᠯᠡᠴᠢᠯᠡᠨ᠎ᠡ》 ᠭᠡᠵᠡᠢ᠃
ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠥᠨ᠂ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠠᠩᠭᠢ ᠵᠢᠨ ᠪᠠᠶᠠᠨᠨᠠᠭᠤᠷ ᠰᠠᠯᠪᠤᠷᠢ ᠠᠩᠭᠢ ᠵᠢᠨ ᠵᠢᠵᠢᠭᠦᠷᠯᠡᠬᠦ ᠨᠢᠭᠡᠳᠦᠭᠡᠷ ᠶᠡᠬᠡ ᠠᠩᠭᠢ ᠵᠢᠨ ᠳᠠᠷᠤᠭ᠎ᠠ ᠪᠦᠬᠡᠲᠡᠮᠦᠷ ᠪᠠᠶᠠᠨᠨᠠᠭᠤᠷ ᠬᠣᠲᠠ ᠵᠢᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠰᠢᠰᠲ᠋ᠧᠮ᠎ᠤᠨ᠎ᠬᠢᠨ᠎ᠳᠤ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠲᠡᠷᠡ᠄ 《ᠦᠨᠳᠦᠰᠦᠲᠡᠨ᠎ᠤ ᠪᠦᠯᠬᠦᠮᠳᠡᠯ ᠪᠣᠯ ᠳᠠᠷᠤᠢ ᠰᠡᠳᠬᠢᠯ ᠰᠠᠨᠠᠭ᠎ᠠ᠎ᠪᠠᠨ ᠰᠤᠯᠢᠯᠴᠠᠬᠤ ᠶᠠᠪᠤᠳᠠᠯ ᠪᠣᠯᠤᠨ᠎ᠠ᠂ ᠰᠢᠨ᠎ᠡ ᠴᠠᠭ ᠦᠶ᠎ᠡ ᠵᠢᠨ ᠬᠤᠪᠢᠰᠬᠠᠯᠲᠤ ᠴᠡᠷᠢᠭ ᠪᠣᠯᠤᠭᠰᠠᠨ᠎ᠤ ᠬᠤᠪᠢ᠎ᠳᠤ ᠪᠢᠳᠡ ᠴᠡᠷᠢᠭ ᠠᠷᠠᠳ ᠪᠦᠯᠬᠦᠮᠳᠡᠭᠰᠡᠨ ᠢᠷᠠᠭᠤ ᠠᠯᠳᠠᠷᠲᠤ ᠤᠳᠤᠮᠰᠢᠯ᠎ᠢ ᠶᠡᠬᠡ᠎ᠪᠠᠷ ᠪᠠᠳᠠᠷᠠᠭᠤᠯᠵᠤ᠂ ᠬᠠᠮᠤᠭ᠎ᠤᠨ ᠶᠡᠬᠡ ᠴᠢᠷᠮᠠᠢ᠌ᠯᠭ᠎ᠠ᠎ᠪᠠᠷ ᠵᠶ᠋ᠠᠨ ᠨᠡᠩ ᠤᠯᠠᠨ ᠬᠥᠮᠥᠨ᠎ᠢ ᠬᠠᠪᠰᠤᠷᠴᠤ᠂ ᠴᠡᠷᠢᠭ ᠠᠷᠠᠳ᠎ᠤᠨ ᠬᠣᠭᠣᠷᠣᠨᠳᠣᠬᠢ ᠭᠦᠨ ᠵᠤᠵᠠᠭ᠋ᠠᠨ ᠨᠥᠬᠥᠷᠯᠡᠯ᠎ᠢ ᠴᠠᠭ᠋ᠠᠰᠢᠲᠠ ᠪᠡᠬᠢᠵᠢᠭᠦᠯᠬᠦ ᠬᠡᠷᠡᠭᠲᠡᠢ》 ᠭᠡᠵᠦ ᠬᠡᠯᠡᠪᠡ᠃
ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠥᠨ᠂ ᠠᠯᠠᠱ᠌ᠠ ᠪᠠᠷᠠᠭᠤᠨ ᠬᠣᠰᠢᠭᠤᠨ᠎ᠤ ᠲᠠᠩᠰᠤᠭ ᠪᠤᠯᠠᠭ ᠰᠤᠮᠤ ᠵᠢᠨ ᠡᠩᠭᠡᠷ ᠤᠰᠤ ᠭᠠᠴᠠᠭ᠎ᠠ ᠵᠢᠨ ᠬᠢᠯᠢ ᠰᠠᠬᠢᠭᠴᠢ ᠨᠢᠮ᠎ᠠ ᠰᠤᠷᠪᠤᠯᠵᠢᠯᠠᠭᠴᠢ᠎ᠳᠤ ᠦᠪᠡᠷ᠎ᠤᠨ ᠬᠢᠯᠢ ᠵᠢᠨ ᠬᠠᠮᠠᠭ᠋ᠠᠯᠠᠯᠲᠠ ᠵᠢᠨ ᠲᠤᠬᠠᠢ ᠥᠯᠢᠭᠡᠷ ᠵᠶ᠋ᠡᠨ ᠶᠠᠷᠢᠪᠠ᠃ ᠲᠡᠷᠡ᠄ 《ᠨᠠᠮ ᠪᠣᠯᠣᠨ ᠤᠯᠤᠰ᠎ᠠᠴᠠ ᠨᠠᠳᠠ᠎ᠳᠤ 〈ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠥᠨ〉᠎ᠤ ᠬᠠᠮᠤᠭ᠎ᠤᠨ ᠡᠷᠬᠢᠮ ᠳᠡᠭᠡᠳᠦ ᠢᠷᠠᠭᠤ ᠠᠯᠳᠠᠷ᠎ᠢ ᠤᠯᠭᠤᠭᠰᠠᠨ᠎ᠳᠤ ᠪᠢ ᠲᠤᠢ᠌ᠯ ᠵᠶ᠋ᠠᠷ ᠣᠮᠣᠭᠰᠢᠵᠤ᠂ ᠰᠡᠳᠬᠢᠯ ᠵᠢᠷᠦᠬᠡᠨ᠎ᠠᠴᠠ᠎ᠪᠠᠨ ᠬᠢᠵᠠᠭ᠋ᠠᠯᠠᠰᠢ ᠦᠭᠡᠢ ᠲᠠᠯᠠᠷᠬᠠᠵᠦ ᠪᠠᠢ᠌ᠨ᠎ᠠ᠂ ᠪᠢ ᠨᠤᠲᠤᠭ ᠤᠰᠤ᠎ᠪᠠᠨ ᠰᠠᠬᠢᠵᠦ ᠬᠢᠯᠢ ᠬᠢᠵᠠᠭ᠋ᠠᠷ ᠵᠶ᠋ᠠᠨ ᠬᠠᠮᠠᠭ᠋ᠠᠯᠠᠭᠰᠠᠨ ᠦᠯᠢᠭᠡᠷ ᠵᠶ᠋ᠠᠨ ᠰᠠᠢ᠌ᠲᠤᠷ ᠶᠠᠷᠢᠵᠤ᠂ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠢ᠌ᠲᠤᠷ ᠶᠠᠷᠢᠵᠤ᠂ ᠨᠡᠩ ᠤᠯᠠᠨ ᠬᠥᠮᠥᠰ᠎ᠲᠤ ᠬᠢᠯᠢ ᠰᠠᠬᠢᠭᠴᠢ᠎ᠤᠨ ᠬᠤᠪᠢ ᠨᠡᠮᠡᠷᠢ ᠪᠣᠯᠣᠨ ᠪᠠᠲᠤ ᠰᠠᠬᠢᠯᠳᠠ ᠵᠢ ᠣᠢ᠌ᠯᠠᠭ᠋ᠠᠭᠤᠯᠵᠤ᠂ ᠡᠨᠡ ᠬᠦ᠌ ᠪᠠᠳᠤ ᠰᠠᠬᠢᠯᠳᠠ ᠪᠣᠯᠣᠨ ᠬᠤᠪᠢ ᠨᠡᠮᠡᠷᠢ ᠵᠢ ᠤᠯᠠᠮᠵᠢᠯᠠᠨ᠎ᠠ》 ᠭᠡᠵᠦ ᠶᠠᠷᠢᠪᠠ᠃
ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠳᠣᠪᠣᠶ᠋ᠢᠯᠭ᠋ᠠᠵᠤ᠂ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠯᠠᠪᠳᠠᠭᠤᠨ ᠪᠠᠳᠤᠳᠠᠢ ᠠᠬᠢᠭᠤᠯᠪᠠ
ᠥᠪᠥᠷ ᠮᠣᠩᠭᠣᠯ᠎ᠤᠨ ᠬᠦᠬᠢᠬᠦᠯᠦᠭᠳᠡᠨ ᠰᠠᠢ᠌ᠰᠢᠶᠠᠬᠳᠠᠭᠰᠠᠨ ᠬᠠᠮᠲᠤ ᠨᠢᠭᠡᠴᠢ ᠵᠢᠨ ᠲᠥᠯᠥᠭᠡᠯᠡᠭᠴᠢ ᠪᠠ ᠬᠤᠪᠢ ᠬᠥᠮᠥᠨ᠎ᠠᠴᠠ ᠲᠤᠬᠠᠢ ᠵᠢᠨ ᠲᠠᠯᠠᠪᠠᠢ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶ᠎ᠠ ᠵᠢ ᠰᠣᠨᠣᠰᠤᠭ᠋ᠠᠳ ᠶᠡᠬᠡᠳᠡ ᠵᠣᠷᠢᠭᠵᠢᠵᠤ ᠲᠤᠢ᠌ᠯ ᠵᠶ᠋ᠠᠷ ᠤᠷᠠᠮᠰᠢᠪᠠ᠂ ᠠᠵᠢᠯ᠎ᠤᠨ ᠪᠠᠢ᠌ᠷᠢ᠎ᠳᠤ᠎ᠪᠠᠨ ᠪᠤᠴᠠᠭᠰᠠᠨ᠎ᠤ ᠲᠠᠷᠠᠭ᠎ᠠ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠲᠤᠰ ᠪᠡᠶ᠎ᠡ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠶᠡᠬᠡ ᠬᠤᠷᠠᠯ᠎ᠠᠴᠠ ᠪᠠᠢ᠌ᠷᠢᠯᠠᠭᠤᠯᠤᠭᠰᠠᠨ ᠡᠯ᠎ᠡ ᠵᠦᠢ᠍ᠯ᠎ᠤᠨ ᠡᠭᠦᠷᠭᠡ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠤᠷᠠᠯ᠎ᠤᠨ ᠵᠣᠷᠢᠭ ᠰᠠᠨᠠᠭ᠎ᠠ ᠵᠢ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠦᠢ᠍ᠯᠡᠳᠦᠯᠭᠡ ᠪᠣᠯᠭ᠋ᠠᠨ ᠤᠯᠠᠷᠢᠭᠤᠯᠤᠨ᠎ᠠ ᠭᠡᠵᠦ ᠢᠯᠡᠳᠭᠡᠪᠡ᠃
ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠭᠡᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ ᠵᠢᠨ ᠯᠧᠺᠲ᠋ᠣᠷ᠎ᠤᠨ ᠪᠦᠯᠬᠦᠮ᠎ᠨᠢ ᠬᠤᠷᠠᠯ᠎ᠤᠨ ᠵᠤᠷᠢᠭ ᠰᠠᠨᠠᠭ᠎ᠠ ᠵᠢ ᠵᠣᠬᠢᠶᠠᠨ ᠪᠠᠢ᠌ᠭᠤᠯᠤᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠬᠢᠷᠠᠭᠤᠯᠤᠨ ᠪᠠᠢ᠌ᠷᠢᠯᠠᠭᠤᠯᠪᠠ᠂ ᠪᠦᠬᠦ ᠣᠷᠣᠨ᠎ᠤ ᠣᠨᠣᠯ ᠤᠬᠠᠭᠤᠯᠤᠨ ᠲᠠᠢ᠌ᠯᠪᠤᠷᠢᠯᠠᠬᠤ ᠡᠩᠨᠡᠭᠡ ᠵᠢ ᠶᠡᠷᠦᠩᠬᠡᠢ ᠱᠦᠵᠢ ᠰᠢ ᠵᠢᠨ ᠫᠢᠩ ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠤᠯᠠᠮ ᠨᠢᠭᠡ ᠠᠯᠬᠤᠮ ᠲᠤᠪᠤᠢ᠌ᠯᠭ᠋ᠠᠵᠦ᠂ ᠦᠨᠳᠦᠰᠦᠨ ᠱᠠᠲᠤᠨ᠎ᠤ ᠣᠯᠠᠨ ᠲᠦᠮᠡᠨ᠎ᠳᠤ 《ᠰᠠᠭᠤᠵᠤ ᠳᠡᠶ᠋ᠢᠯᠬᠦ᠂ ᠰᠣᠨᠣᠰᠴᠤ ᠤᠷᠤᠬᠤ᠂ ᠬᠡᠷᠡᠭᠯᠡᠵᠦ ᠴᠢᠳᠠᠬᠤ》 ᠠᠷᠭ᠎ᠠ ᠭᠡᠯᠪᠡᠷᠢ᠎ᠪᠠᠷ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠣᠨᠣᠪᠴᠢᠲᠠᠶ ᠲᠣᠳᠤᠷᠬᠠᠢ ᠶᠠᠷᠢᠵᠤ᠂ ᠤᠮᠠᠷᠠᠲᠤ ᠬᠢᠯᠢ ᠵᠢᠨ ᠡᠬᠡ ᠭᠠᠵᠠᠷ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠥᠯᠢᠭᠡᠷ᠎ᠢ ᠠᠮᠢᠳᠤᠯᠢᠭ ᠰᠠᠢ᠌ᠬᠠᠨ ᠶᠠᠷᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠵᠦ᠂ ᠰᠢᠨ᠎ᠡ ᠵᠠᠮ᠎ᠢ ᠨᠡᠭᠡᠭᠡᠵᠦ ᠳᠤᠮᠳᠠ ᠲᠥᠪᠰᠢᠨ᠎ᠳᠤ ᠬᠦᠷᠬᠦ ᠬᠠᠷᠠᠯᠲᠠ ᠵᠢ ᠪᠡᠶᠡᠯᠡᠭᠦᠯᠬᠦ᠎ᠳᠤ ᠨᠠᠩ ᠶᠡᠬᠡ ᠬᠦᠴᠦᠨ ᠴᠢᠳᠠᠯ᠎ᠢ ᠨᠢᠭᠲᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠭᠡᠴᠢ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠡᠵᠡᠨ ᠬᠣᠷᠣᠭ᠎ᠠ ᠬᠣᠰᠢᠭᠤᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠨᠠᠮ᠎ᠤᠨ ᠬᠣᠷᠢᠶ᠎ᠠ ᠵᠢᠨ ᠣᠨᠣᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠭᠠᠢ᠌ᠯᠢ ᠵᠢᠨ ᠶᠠᠪᠤᠳᠠᠯ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠤᠯᠤᠰ᠎ᠤᠨ ᠡᠯ᠎ᠡ ᠵᠦᠢ᠍ᠯ᠎ᠤᠨ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠢᠳᠡᠪᠬᠢᠲᠡᠢ ᠨᠠᠢ᠌ᠳᠠᠪᠤᠷᠢᠵᠢᠭᠤᠯᠵᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ᠎ᠳᠤ ᠬᠦᠴᠦᠨ ᠨᠡᠮᠡᠷᠢᠯᠡᠵᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠴᠡᠴᠡᠭᠯᠡᠨ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠥᠨ᠂ ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠷᠴᠢᠨ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ᠎ᠤᠨ ᠴᠢᠳᠠᠪᠤᠷᠢᠲᠠᠨ᠎ᠢ ᠬᠦᠮᠦᠵᠢᠭᠦᠯᠬᠦ ᠲᠥᠪ᠎ᠤᠨ ᠡᠷᠬᠢᠯᠡᠭᠴᠢ ᠴᠢ ᠰᠢᠶᠣᠣ ᠵᠢᠩ᠂ ᠨᠤᠲᠤᠭ᠎ᠲᠤ᠎ᠪᠠᠨ ᠪᠤᠴᠠᠭᠰᠠᠨ᠎ᠤ ᠳᠠᠷᠠᠭ᠎ᠠ ᠲᠡᠷᠡ ᠳᠠᠷᠤᠢ᠎ᠳᠤ᠎ᠨᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠲᠡᠷᠡ᠄ 《ᠪᠢ ᠦᠵᠡᠭᠰᠡᠨ ᠰᠣᠷᠣᠭᠰᠠᠨ ᠵᠦᠢ᠍ᠯ ᠵᠶ᠋ᠡᠨ ᠨᠤᠲᠤᠭ᠎ᠲᠤ᠎ᠪᠠᠨ ᠠᠪᠴᠢᠷᠠᠵᠦ᠂ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠵᠦ᠂ ᠨᠡᠩ ᠠᠷᠪᠢᠨ ᠤᠯᠠᠨ ᠲᠦᠮᠡᠨ᠎ᠳᠤ ᠥᠨᠥᠳᠥᠷ᠎ᠤᠨ ᠰᠠᠢ᠌ᠨ ᠠᠮᠢᠳᠤᠷᠠᠯ ᠬᠠᠮᠢᠭ᠎ᠠ᠎ᠠᠴᠠ ᠢᠷᠡᠭᠰᠡᠨ᠎ᠢ ᠣᠢ᠌ᠯᠠᠭ᠋ᠠᠭᠤᠯᠵᠤ᠂ ᠤᠯᠠᠨ᠎ᠢ ᠴᠢᠩ ᠰᠡᠳᠬᠢᠯ᠎ᠠᠴᠠ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠤᠨᠤᠰᠴᠦ᠂ ᠨᠠᠮ ᠵᠶ᠋ᠠᠨ᠎ᠲᠠᠭᠠᠨ ᠤᠷᠤᠭᠰᠢᠯᠠᠭᠤᠯᠵᠤ᠂ ᠪᠠᠶᠠᠵᠢᠨ ᠴᠢᠨᠡᠭᠡᠯᠢᠭᠵᠢᠬᠦ ᠵᠠᠮ ᠳᠡᠭᠡᠷ᠎ᠡ᠂ ᠪᠢᠳᠡ ᠦᠷᠭᠦᠯᠵᠢᠯᠡᠨ ᠤᠯᠠᠨ᠎ᠢ ᠲᠠᠭ᠋ᠠᠭ᠋ᠠᠤᠯᠵᠦ ᠰᠡᠳᠬᠢᠯ ᠵᠶ᠋ᠡᠨ ᠨᠢᠭᠡᠳᠭᠡᠨ ᠬᠦᠴᠦ᠎ᠪᠠᠨ ᠬᠠᠮᠲᠤᠳᠬᠠᠵᠤ᠂ ᠬᠠᠮᠲᠤ᠎ᠪᠠᠷ ᠰᠠᠢ᠌ᠨ ᠰᠠᠢ᠌ᠬᠠᠨ ᠠᠮᠢᠳᠤᠷᠠᠯ᠎ᠢ ᠡᠳ᠋ᠯᠡᠶ᠎ᠡ》 ᠭᠡᠵᠦ ᠶᠠᠷᠢᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ