ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠦᠨᠳᠦᠰᠦᠨ ᠱᠠᠲᠤᠨ᠎ᠤ ᠵᠠᠰᠠᠯᠲᠠ ᠵᠢᠨ 《ᠬᠠᠮ ᠬᠦᠴᠦᠨ》᠎ᠢ ᠰᠠᠢ᠌ᠲᠤᠷ ᠪᠦᠷᠢᠯᠳᠦᠭᠦᠯᠵᠦ ᠦᠨᠳᠦᠰᠦᠲᠡᠨ᠎ᠤ ᠪᠦᠯᠬᠦᠮᠳᠡᠯ᠎ᠤᠨ 《ᠰᠢᠨ᠎ᠡ ᠬᠡᠪ ᠵᠠᠭᠪᠤᠷ》᠎ᠢ ᠵᠢᠷᠤᠭᠯᠠᠵᠤ ᠪᠣᠢ
ᠨᠡᠶ᠋ᠢᠲᠡᠯᠡᠭᠰᠡᠨ ᠴᠠᠭ᠄ 2024-11-04

_cgi-bin_mmwebwx-bin_webwxgetmsgimg__&MsgID=3499017112042040387&skey=@crypt_dfa71234_36211ba767d0d9d3386b2de88c01adbf&mmweb_appid=wx_webfilehelper.jpg

      ᠤᠯᠠᠭ᠋ᠠᠨᠬᠠᠳᠠ ᠬᠤᠳᠠ ᠵᠢᠨ ᠯᠢᠨᠰᠢ ᠰᠢᠶᠠᠨ᠎ᠤ ᠴᠸᠩ ᠨᠠᠨ ᠵᠡᠭᠡᠯᠢ ᠭᠤᠳᠤᠮᠵᠢ ᠵᠢᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ ᠵᠠᠩ ᡁᠢ ᠸᠧᠢ ᠵᠢᠨ ᠥᠷᠯᠥᠭᠡ ᠪᠦᠷᠢ ᠨᠢᠭᠡᠳᠦᠭᠡᠷ ᠠᠵᠢᠯ᠎ᠨᠢ ᠳᠠᠷᠤᠢ 《ᠰᠡᠳᠬᠢᠯ᠎ᠢ ᠳᠤᠯᠠᠭ᠋ᠠᠴᠠᠭᠤᠯᠬᠤ ᠦᠷᠳᠡᠭᠡ》᠎ᠳᠤ ᠬᠦᠷᠴᠦ ᠤᠯᠠᠨ ᠲᠦᠮᠡᠨ᠎ᠲᠠᠢ ᠵᠤᠭᠤᠭᠳᠠᠬᠤ ᠶᠤᠮ᠃ ᠮᠡᠬᠦᠢ᠌ᠨ ᠴᠢᠷᠮᠠᠢ᠌ᠭ᠋ᠠᠳ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠬᠡᠯᠪᠡᠷᠢ ᠵᠢᠨ ᠰᠢᠨ᠎ᠡ ᠵᠢ ᠡᠬᠦᠳᠴᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠠᠰᠠᠭᠤᠳᠠᠯ᠎ᠤᠳ᠎ᠢ ᠨᠢᠭᠡᠳ ᠨᠢᠭᠡ᠎ᠪᠠᠷ ᠰᠢᠢ᠍ᠳᠪᠦᠷᠢᠯᠠᠵᠡᠢ᠃ ᠴᠸᠩ ᠨᠠᠨ ᠵᠡᠭᠡᠯᠢ ᠭᠤᠳᠤᠮᠵᠢ ᠵᠢᠨ ᠰᠠᠭᠤᠭ᠋ᠠᠯᠢ ᠠᠷᠠᠳ ᠨᠢᠦ ᠹᠠᠩ ᠲᠢᠩ᠄ 《ᠡᠨᠳᠡ᠂ ᠣᠯᠠᠨ ᠲᠦᠮᠡᠨ᠎ᠤ ᠪᠠᠴᠢᠮ ᠬᠦᠴᠢᠷ ᠵᠤᠪᠠᠵᠦ ᠬᠦᠰᠡᠭᠰᠡᠨ ᠶᠠᠪᠤᠳᠠᠯ᠎ᠢ ᠵᠠᠩ ᠱᠦᠵᠢ ᠴᠥᠮ ᠨᠠᠷᠢᠨ ᠬᠢᠨᠠᠮᠠᠭ᠋ᠠᠢ ᠲᠡᠮᠳᠡᠭᠯᠡᠵᠦ ᠠᠪᠳᠠᠭ》 ᠭᠡᠵᠦ ᠶᠠᠷᠢᠪᠠ᠃
      46 ᠨᠠᠰᠤᠲᠠᠢ ᠵᠠᠩ ᡁᠢ ᠸᠧᠢ᠎ᠳᠤ ᠦᠨᠳᠦᠰᠦᠨ ᠱᠠᠲᠤᠨ᠎ᠤ ᠦᠨᠳᠦᠰᠦᠲᠡᠨ᠎ᠤ ᠠᠵᠢᠯ᠎ᠢ ᠣᠯᠠᠨ ᠵᠢᠯ ᠬᠢᠭᠰᠡᠨ ᠲᠤᠷᠰᠢᠯᠭ᠎ᠠ᠎ᠲᠠᠢ ᠪᠢᠯᠡ᠃ ᠴᠧᠩ ᠨᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠡᠷᠬᠢᠯᠡᠭᠴᠢ ᠪᠠᠢ᠌ᠭᠰᠠᠨ᠎ᠠᠴᠠ᠎ᠪᠠᠨ ᠴᠧᠩ ᠨᠠᠨ ᠵᠡᠭᠡᠯᠢ ᠭᠤᠳᠤᠮᠵᠢ ᠵᠢᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ ᠪᠣᠯᠲᠠᠯ᠎ᠠ᠂ ᠲᠡᠷᠡ ᠦᠨᠳᠦᠰᠦᠨ ᠱᠠᠲᠤᠨ᠎ᠤ ᠵᠠᠰᠠᠯᠲᠠ ᠵᠢᠨ 《ᠳᠡᠭᠡᠷ᠎ᠡ ᠱᠠᠲᠤᠨ᠎ᠤ ᠮᠢᠩᠭ᠋ᠠᠨ ᠤᠲᠠᠰᠤ ᠵᠢ ᠳᠣᠣᠷ᠎ᠠ ᠱᠠᠲᠤᠨ᠎ᠳᠤ ᠨᠢᠭᠡ ᠵᠡᠭᠦᠦ᠎ᠪᠠᠷ ᠰᠦᠪᠡᠯᠡᠬᠦ》 ᠣᠨᠴᠠᠯᠢᠭ᠎ᠲᠤ ᠴᠢᠭᠯᠡᠬᠦᠯᠵᠦ᠂  ᠦᠢ᠍ᠯᠡᠳᠦᠯᠭᠡ ᠵᠢᠨ ᠰᠢᠨ᠎ᠡ ᠵᠢ ᠡᠭᠦᠳᠴᠦ᠂ ᠨᠠᠮ᠎ᠤᠨ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢ ᠦᠨᠳᠦᠰᠦᠨ ᠱᠠᠲᠤᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠦᠨᠳᠦᠰᠦᠨ ᠱᠠᠲᠤᠨ᠎ᠤ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠨᠢᠭᠡ ᠪᠦᠯᠦᠭ ᠬᠢᠯᠠᠰ ᠴᠡᠭ᠎ᠤᠨ ᠨᠡᠷᠡᠲᠦ ᠲᠡᠮᠳᠡᠭ᠎ᠢ ᠰᠦᠪᠡᠭᠴᠢᠯᠡᠨ ᠡᠭᠦᠳᠴᠦ᠂ ᠦᠨᠳᠦᠰᠦᠲᠡᠨ᠎ᠤ ᠶᠡᠬᠡ ᠪᠦᠯᠬᠦᠮᠳᠡᠯ᠎ᠢ ᠠᠬᠢᠭᠤᠯᠬᠤ ᠠᠯᠢ ᠤᠯᠠᠨ ᠦᠪᠡᠷᠮᠢᠴᠨ ᠲᠤᠷᠰᠢᠯᠭ᠎ᠠ ᠪᠠ ᠠᠷᠭ᠎ᠠ ᠬᠢᠳᠡᠯ᠎ᠢ ᠬᠤᠷᠠᠮᠳᠤᠭᠤᠯᠤᠨ ᠪᠦᠷᠢᠯᠳᠦᠭᠦᠯᠵᠡᠢ᠃ ᠲᠡᠷᠡ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠵᠡᠭᠡᠯᠢ ᠭᠤᠳᠤᠮᠵᠢ ᠵᠢᠨ ᠬᠠᠯᠠᠮᠰᠢᠯ ᠠᠰᠠᠭᠤᠳᠠᠯ ᠪᠣᠯᠣᠨ ᠤᠯᠠᠨ ᠲᠦᠮᠡᠨ᠎ᠤ ᠬᠦᠰᠡᠨ ᠡᠷᠡᠮᠡᠯᠵᠡᠵᠦ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠭ᠋ᠠᠯᠢ ᠠᠷᠠᠳ᠎ᠤᠨ ᠬᠠᠭᠤᠴᠢᠨ ᠬᠣᠷᠢᠶᠠᠯᠠᠯ ᠎ᠢ ᠥᠭᠡᠷᠡᠴᠢᠯᠡᠬᠦ᠂ ᠨᠡᠭᠦᠳᠡᠯ ᠬᠥᠮᠥᠨ ᠠᠮᠠ ᠵᠢᠨ ᠠᠵᠢᠯ ᠤᠯᠵᠦ ᠦᠢ᠍ᠯᠡᠰ ᠪᠣᠰᠬᠠᠬᠤ ᠵᠡᠷᠭᠡ ᠠᠰᠠᠭᠤᠳᠠᠯ᠎ᠢ ᠥᠨᠳᠥᠷ ᠪᠦᠲᠦᠮᠵᠢᠲᠡᠢ ᠰᠢᠢ᠍ᠳᠪᠦᠷᠢᠯᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠬ᠎ᠠ ᠳᠡᠭᠦᠦ ᠮᠡᠳᠦ ᠲᠤᠳᠤᠨᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ᠎ᠪᠠᠨ ᠦᠵᠡᠭᠦᠯᠪᠡ᠃
      ᠵᠠᠩ ᡁᠢ ᠸᠧᠢ ᠵᠢᠨ ᠠᠯᠪᠠᠨ ᠰᠢᠷᠡᠭᠡᠨ ᠲᠡᠭᠡᠷ᠎ᠡ ᠠᠷᠠᠳ᠎ᠤᠨ ᠠᠮᠢᠳᠤᠷᠠᠯ᠎ᠤᠨ ᠡᠳᠦᠷ᠎ᠤᠨ ᠲᠡᠮᠳᠡᠭᠯᠡᠯ ᠪᠠᠢ᠌ᠳᠠᠭ᠂ ᠲᠡᠭᠡᠷ᠎ᠡ᠎ᠨᠢ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠪᠠᠴᠢᠮ ᠬᠦᠴᠢᠷ ᠶᠠᠪᠤᠳᠠᠯ᠎ᠢ ᠨᠠᠷᠢᠨ ᠲᠡᠮᠳᠡᠭᠯᠡᠬᠦ ᠵᠢᠨ ᠬᠠᠮᠳᠤ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠬᠡᠷᠬᠢᠨ ᠠᠷᠠᠳ᠎ᠲᠤ ᠠᠰᠢᠭ ᠬᠦᠷᠲᠡᠭᠡᠬᠦ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭ᠋ᠠᠨ ᠤᠯᠠᠷᠢᠭᠤᠯᠬᠤ ᠲᠤᠬᠠᠢ ᠲᠠᠮᠳᠡᠭᠯᠡᠵᠦ ᠪᠠᠢ᠌ᠳᠠᠭ᠃ ᠲᠡᠭᠦᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠬᠤ ᠠᠷᠠᠳ᠎ᠤᠨ ᠠᠮᠢᠳᠤᠷᠠᠯ᠎ᠤᠨ ᠨᠠᠷᠢᠨ ᠳᠠᠩᠰᠠ》᠎ᠳᠤ ᠣᠷᠣᠨ ᠰᠠᠭᠤᠴᠠ᠂ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠨᠠᠰᠤᠵᠢᠯ᠎ᠤᠨ ᠠᠰᠠᠷᠠᠮᠵᠢ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ 17 ᠵᠦᠢ᠍ᠯ᠎ᠤᠨ ᠠᠭᠤᠯᠭ᠎ᠠ ᠵᠢ ᠬᠠᠮᠤᠷᠴᠠᠢ᠃ ᠲᠡᠷᠨ 《ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶ᠎ᠠ + ᠬᠠᠮᠲᠤ᠎ᠪᠠᠷ ᠪᠠᠶ᠋ᠢᠭᠤᠯᠬᠤ ᠨᠢᠭᠡᠴᠢ + ᠲᠤᠤᠷᠴᠢᠯᠠᠬᠰᠠᠨ ᠨᠠᠮ᠎ᠤᠨ ᠳᠤᠭᠤᠢ᠌ᠯᠠᠩ + ᠦᠮᠴᠢᠳᠡᠨ᠎ᠤ ᠵᠥᠪᠯᠡᠯ》᠂ 《1+N》  ᠰᠠᠭᠤᠭ᠋ᠠᠯᠢ ᠠᠷᠠᠳ᠎ᠤᠨ ᠬᠠᠭᠤᠴᠢᠨ ᠬᠣᠷᠢᠶᠠᠯᠠᠯ᠎ᠤᠨ ᠬᠠᠮᠢᠶᠠᠷᠤᠯᠲᠠ ᠵᠢᠨ ᠪᠦᠲᠦᠴᠡ ᠵᠢᠨ ᠰᠢᠨ᠎ᠡ ᠵᠢ ᠡᠬᠦᠳᠦᠨ ᠪᠠᠢ᠌ᠭᠤᠯᠵᠦ᠂ ᠬᠠᠷᠢᠶ᠎ᠠ ᠲᠣᠭᠣᠷᠢᠭ᠎ᠤᠨ 27 ᠰᠠᠭᠤᠭ᠋ᠠᠯᠢ ᠠᠷᠠᠳ᠎ᠤᠨ ᠬᠠᠭᠤᠴᠢᠨ ᠬᠣᠷᠢᠶᠠᠯᠠᠯ᠎ᠤᠨ 39 ᠰᠠᠤᠷᠢ ᠠᠰᠠᠷ᠎ᠤᠨ ᠥᠭᠡᠷᠡᠴᠢᠯᠡᠯᠲᠡ ᠵᠢ ᠲᠦᠷᠭᠡᠨ ᠠᠬᠢᠭᠤᠯᠵᠤ᠂ ᠡᠯ᠎ᠡ ᠦᠨᠳᠦᠰᠦᠲᠡᠨ᠎ᠤ ᠰᠠᠭᠤᠭ᠋ᠠᠯᠢ ᠠᠷᠠᠳ᠎ᠤᠨ 1978 ᠡᠷᠦᠬᠡ ᠵᠢᠨ 4749 ᠬᠥᠮᠥᠨ᠎ᠳᠤ ᠠᠰᠢᠭ ᠬᠦᠷᠲᠡᠭᠡᠪᠡ᠃ ᠲᠡᠭᠦᠨ᠎ᠤ ᠰᠡᠳᠬᠢᠯ ᠲᠠᠯᠪᠢᠨ ᠴᠤᠭᠴᠠᠯᠠᠭᠰᠠᠨ ᠬᠤᠪᠢᠰᠬᠠᠯᠳᠤ ᠠᠳᠠᠯ ᠠᠬᠤᠢ ᠵᠢᠨ ᠨᠡᠷᠡᠲᠦ ᠲᠡᠮᠳᠡᠭ᠎ᠨᠢ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠲᠤᠪᠤᠢ᠍ᠢ᠍ᠯᠭ᠋ᠠᠵᠦ᠂ 2.2 ᠲᠦᠮᠡᠨ ᠰᠠᠭᠤᠭ᠋ᠠᠯᠢ ᠠᠷᠠᠳ᠎ᠲᠤ ᠠᠰᠢᠭ ᠬᠦᠷᠲᠡᠭᠡᠪᠡ᠃ ᠲᠡᠷᠡ ᠰᠠᠭᠤᠭ᠋ᠠᠯᠢ ᠠᠷᠠᠳ᠎ᠤᠨ ᠬᠣᠷᠢᠶᠠᠯᠠᠯ᠎ᠤᠨ ᠠᠰᠢᠭᠯᠠᠵᠤ ᠪᠣᠯᠬᠤᠢ᠌ᠴᠠ ᠭᠠᠵᠠᠷ᠎ᠲᠤ 8 《ᠬᠠᠢ᠌ᠷ᠎ᠠ ᠬᠠᠯᠠᠮᠵᠢᠳᠦ ᠴᠸᠩ ᠨᠠᠨ》 ᠰᠡᠳᠬᠢᠯ᠎ᠢ ᠳᠤᠯᠠᠭ᠋ᠠᠴᠠᠭᠤᠯᠬᠤ ᠦᠷᠳᠡᠬᠡ ᠪᠣᠯᠣᠨ 22 ᠡᠷᠡᠭᠦᠯ ᠡᠩᠬᠡ ᠵᠢᠨ ᠵᠢᠵᠢᠭ ᠦᠷᠦᠬᠡ᠂ ᠬᠠᠮᠳᠤ᠎ᠪᠠᠷ ᠡᠳ᠋ᠯᠡᠬᠦ ᠳᠠᠪᠲᠠᠯᠭ᠎ᠠ ᠵᠢᠨ ᠦᠷᠦᠬᠡ᠂ ᠰᠢᠨᠵᠢᠯᠡᠬᠦ ᠮᠡᠷᠭᠡᠵᠢᠯ᠎ᠤᠨ ᠣᠷᠳᠣᠨ᠎ᠢ ᠪᠠᠢ᠌ᠭᠤᠯᠵᠤ᠂ 24 ᠴᠠᠭ ᠵᠶ᠋ᠠᠷ ᠨᠡᠬᠡᠭᠡᠯᠲᠡᠲᠡᠢ ᠣᠷᠤᠨ ᠭᠡᠷ ᠲᠣᠬᠢᠷᠠᠭᠤᠯᠵᠤ᠂ ᠦᠰᠦ ᠵᠠᠰᠠᠬᠤ᠂ ᠬᠤᠪᠴᠠᠰᠤ ᠣᠶᠣᠬᠤ᠂ ᠬᠢᠳᠤᠭ᠎ᠠ ᠪᠢᠯᠡᠭᠦᠳᠡᠬᠦ ᠵᠡᠷᠭᠡ  ᠤᠷᠠᠴᠤᠳ᠎ᠢ ᠤᠷᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠣᠭᠣᠷᠢᠭ᠎ᠢ ᠪᠠᠢ᠌ᠭᠤᠯᠵᠤ ᠥᠭᠴᠡᠢ᠃
      《ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ᠎ᠳᠤ ᠪᠠᠭ᠎ᠠ ᠶᠠᠪᠤᠳᠠᠯ ᠭᠡᠵᠦ ᠦᠭᠡᠢ᠂ ᠵᠢᠵᠢᠭ ᠰᠠᠵᠢᠭ᠎ᠠᠴᠠ ᠡᠬᠢᠯᠡᠨ ᠬᠠᠯᠠᠮᠵᠢᠯᠠᠬᠤ ᠭᠡᠷᠡᠭᠳᠡᠢ᠂ ᠭᠠᠭᠴᠠ ᠬᠦ᠌ ᠠᠷᠠᠳ᠎ᠤᠨ ᠠᠮᠢᠳᠤᠷᠠᠯ᠎ᠤᠨ 〈ᠥᠴᠥᠬᠡᠨ ᠪᠣᠳᠠᠲᠠᠢ ᠶᠠᠪᠤᠳᠠᠯ〉᠎ᠢ ᠰᠡᠳᠬᠢᠯ ᠲᠠᠯᠪᠢᠨ ᠰᠠᠢ᠌ᠲᠤᠷ ᠬᠢᠪᠡᠯ ᠰᠠᠶᠢ ᠰᠠᠭᠤᠭ᠋ᠠᠯᠢ ᠠᠷᠠᠳ᠎ᠤᠨ ᠵᠣᠯ ᠵᠢᠷᠭ᠋ᠠᠯᠳᠤ ᠲᠥᠷᠥᠭᠳᠡᠯ᠎ᠢ ᠳᠡᠭᠡᠭᠰᠢᠯᠡᠭᠦᠯᠵᠦ ᠴᠢᠳᠠᠨ᠎ᠠ》᠃ ᠵᠠᠩ ᡁᠢ ᠸᠧᠢ᠄ ᠬᠣᠩ ᠯᠢᠨ ᠨᠡᠢ᠌ᠭᠡᠮ ᠲᠣᠭᠣᠷᠢᠭ ᠪᠣᠯ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠢ᠌ᠭᠡᠮ ᠲᠣᠭᠣᠷᠢᠭ ᠪᠣᠯᠣᠨ᠎ᠠ᠂ ᠨᠡᠭᠦᠳᠡᠯ ᠬᠥᠮᠥᠨ ᠠᠮᠠ ᠨᠡᠯᠢᠶᠡᠳ ᠤᠯᠠᠨ ᠪᠠᠢ᠌ᠳᠠᠭ᠃ ᠪᠣᠳᠠᠲᠠᠢ ᠪᠠᠢ᠌ᠳᠠᠯ᠎ᠳᠤ ᠴᠢᠭᠯᠡᠬᠦᠯᠵᠦ᠂ ᠴᠸᠩ ᠨᠠᠨ ᠵᠡᠭᠡᠯᠢ ᠭᠤᠳᠤᠮᠵᠢ᠎ᠨᠢ ᠨᠡᠢ᠌ᠭᠡᠮ ᠲᠤᠭᠤᠷᠢᠭ ᠵᠶ᠋ᠠᠨ ᠦᠨᠳᠦᠰᠦᠲᠡᠨ᠎ᠨᠦᠭᠦᠳ᠎ᠤᠨ ᠨᠡᠭᠦᠳᠡᠯ ᠬᠥᠮᠥᠨ ᠠᠮᠠ ᠵᠢᠨ ᠦᠢ᠍ᠯᠡᠴᠢᠯᠡᠭᠡ ᠪᠠ ᠬᠠᠮᠢᠶᠠᠷᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ ᠠᠵᠢᠯ᠎ᠤᠨ ᠲᠤᠷᠰᠢᠯᠲᠠ ᠵᠢᠨ ᠴᠡᠭ ᠪᠣᠯᠭ᠋ᠠᠨ ᠪᠠᠢ᠌ᠭᠤᠯᠵᠤ᠂ ᠪᠥᠬᠥ ᠰᠢᠶᠠᠨ᠎ᠤ ᠠᠩᠬᠠᠳᠠᠭᠴᠢ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠲᠠᠰ ᠳᠠᠪᠬᠤᠷᠭ᠎ᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠬᠤᠷᠠᠯ᠎ᠢ ᠪᠠᠢ᠌ᠭᠤᠯᠤᠭᠰᠠᠨ ᠶᠤᠮ ᠭᠡᠵᠦ ᠶᠠᠷᠢᠪᠠ᠃
      2024 ᠣᠨ᠎ᠳᠤ᠂ ᠬᠣᠩ ᠯᠢᠨ ᠨᠡᠢ᠌ᠭᠡᠮ ᠲᠣᠭᠣᠷᠢᠭ᠎ᠤᠨ᠎ᠬᠢᠨ ᠦᠨᠳᠦᠰᠦᠲᠡᠨ᠎ᠤ ᠪᠦᠯᠬᠦᠮᠳᠡᠯ᠎ᠢ ᠬᠠᠮᠳᠤ᠎ᠪᠠᠷ ᠡᠳ᠋ᠯᠡᠵᠦ ᠠᠷᠠᠳ᠎ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠪᠣᠯᠣᠨ ᠨᠠᠰᠤᠲᠠᠢ᠌ᠴᠤᠳ᠎ᠤᠨ ᠶᠡᠷᠦᠩᠬᠡᠢ᠌ᠯᠡᠭᠰᠡᠨ ᠪᠠᠲᠤᠯᠠᠪᠤᠷᠢ ᠵᠢᠨ ᠦᠢ᠍ᠯᠡᠴᠢᠯᠡᠭᠡᠨ᠎ᠤ ᠲᠥᠪ᠎ᠢ ᠡᠬᠢᠯᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠰᠠᠭᠤᠭ᠋ᠠᠯᠢ ᠠᠷᠠᠳ᠎ᠤᠨ  ᠪᠡᠶᠠᠵᠢᠵᠦ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠰᠤᠪᠢᠯᠠᠯᠳᠠ ᠵᠢᠨ ᠬᠡᠷᠡᠭᠴᠡᠭᠡ ᠵᠢ ᠰᠢᠯᠢᠳᠡᠭᠵᠢᠭᠦᠯᠬᠦ᠎ᠳᠤ ᠴᠢᠬᠤᠯᠠ ᠪᠠᠲᠤᠯᠠᠭ᠎ᠠ ᠬᠠᠩᠭ᠋ᠠᠵᠠᠢ᠃ ᠣᠳᠣᠬᠠᠨ᠎ᠳᠤ ᠴᠸᠩ ᠨᠠᠨ ᠵᠡᠭᠡᠯᠢ ᠭᠤᠳᠤᠮᠵᠢ ᠵᠢᠨ ᠠᠵᠢᠯ ᠣᠯᠭᠣᠯᠲᠠ ᠵᠢᠨ ᠰᠠᠭᠤᠷᠢᠨ ᠭᠠᠵᠠᠷ᠎ᠤᠨ ᠬᠦᠷᠢᠶᠡᠯᠡᠩ᠎ᠳᠤ 300 ᠭᠠᠷᠤᠢ ᠨᠡᠭᠦᠳᠡᠯ ᠡᠷᠦᠭᠡ ᠵᠢᠨ ᠤᠯᠠᠨ ᠲᠦᠮᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠢ ᠤᠯᠠᠮᠵᠢᠯᠠᠵᠤ᠂ ᠦᠢ᠍ᠯᠡᠰ ᠪᠤᠰᠬᠠᠨ ᠬᠤᠳᠠᠯᠳᠤᠭ᠎ᠠ ᠡᠷᠬᠢᠯᠡᠵᠦ ᠪᠣᠢ᠂ ᠬᠤᠳᠠᠯᠳᠤᠭ᠎ᠠ ᠡᠷᠬᠢᠯᠡᠬᠦ ᠰᠠᠢ᠌ᠨ ᠰᠠᠢ᠌ᠬᠠᠨ ᠣᠷᠴᠢᠨ ᠲᠣᠭᠣᠷᠢᠨ᠎ᠨᠢ ᠦᠨᠳᠦᠰᠦᠲᠡᠨ᠎ᠨᠦᠭᠦᠳ᠎ᠤᠨ ᠨᠡᠭᠦᠳᠡᠯ ᠬᠥᠮᠥᠨ ᠠᠮᠠ ᠵᠢ  ᠴᠸᠩ ᠨᠠᠨ ᠵᠡᠭᠡᠯᠢ ᠭᠤᠳᠤᠮᠵᠢ᠎ᠳᠤ ᠦᠯᠡᠳᠡᠭᠡᠵᠦ ᠳᠡᠢ᠌ᠯᠵᠦ᠂ ᠬᠦᠰᠡᠯ ᠡᠷᠡᠮᠡᠯᠵᠡᠯ᠎ᠲᠠᠢ᠂ ᠰᠠᠢ᠌ᠬᠠᠨ ᠠᠮᠢᠳᠤᠷᠠᠭᠤᠯᠵᠤ ᠪᠠᠢ᠌ᠨ᠎ᠠ᠃
      ᠠᠨᠠᠷ᠎ᠤᠨ ᠦᠷ᠎ᠡ ᠰᠢᠭ ᠰᠡᠳᠬᠢᠯ ᠵᠢᠷᠦᠬᠡ᠎ᠪᠠᠨ ᠬᠣᠯᠪᠣᠵᠤ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ ᠪᠥᠯᠢ ᠵᠢᠨ᠎ᠬᠢᠨ ᠮᠡᠲᠦ ᠳᠣᠲᠣᠨᠣ ᠪᠣᠯᠵᠤ ᠪᠠᠢ᠌ᠨ᠎ᠠ᠃ ᠵᠠᠩ ᡁᠢ ᠸᠧᠢ ᠵᠢᠨ ᠠᠬᠢᠭᠤᠯᠤᠯ ᠳᠣᠣᠷ᠎ᠠ᠂ 《ᠲᠤᠮᠦ ᠬᠠᠢ᠌ᠯᠠᠰᠤᠨ᠎ᠤ ᠳᠣᠣᠷᠠᠬᠢ ᠪᠢᠴᠢᠯ ᠨᠠᠮ᠎ᠤᠨ ᠬᠢᠴᠢᠶᠡᠯ》᠎ᠨᠢ ᠴᠸᠩ ᠨᠠᠨ ᠵᠡᠭᠡᠯᠢ ᠭᠤᠳᠤᠮᠵᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠤᠬᠠᠭᠤᠯᠭ᠎ᠠ ᠬᠥᠮᠦᠵᠢᠯ᠎ᠤᠨ ᠤᠨᠴᠠᠯᠢᠭᠳᠤ ᠨᠠᠷᠠᠲᠤ ᠲᠡᠮᠳᠡᠭ ᠪᠣᠯᠤᠭᠰᠠᠨ ᠪᠠᠢ᠌ᠨ᠎ᠠ᠃ ᠲᠡᠷᠡ ᠨᠠᠮ᠎ᠤᠨ ᠬᠢᠴᠢᠶᠡᠯ᠎ᠢ ᠬᠤᠷᠠᠯ᠎ᠤᠨ ᠭᠡᠷ᠎ᠠᠴᠠ ᠲᠣᠮᠣ ᠮᠣᠳᠣᠨ᠎ᠤ ᠳᠣᠣᠷ᠎ᠠ ᠨᠡᠭᠦᠯᠭᠡᠵᠦ᠂ ᠨᠠᠮ᠎ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠮᠣᠳᠣᠨ᠎ᠤ ᠰᠡᠭᠦᠳᠡᠷ᠎ᠲᠤ ᠲᠤᠭᠤᠷᠢᠨ ᠰᠠᠭᠤᠯᠭ᠋ᠠᠵᠤ᠂ ᠤᠯᠠᠨ ᠶᠠᠩᠵᠤ ᠬᠡᠯᠪᠡᠷᠢ ᠵᠢᠨ ᠰᠤᠷᠤᠯᠴᠠᠬᠤ ᠠᠷᠭ᠎ᠠ᠎ᠪᠠᠷ ᠺᠠᠳ᠋ᠷ ᠤᠯᠠᠨ ᠲᠦᠮᠡᠨ᠎ᠤ ᠬᠠᠮᠲᠤ ᠵᠢᠨ ᠰᠤᠷᠤᠯᠴᠠᠯᠭ᠎ᠠ ᠲᠠᠪᠰᠢᠯᠳᠠ ᠵᠢ ᠠᠬᠢᠭᠤᠯᠪᠠ᠃ 《ᠲᠤᠮᠦ ᠬᠠᠢ᠌ᠯᠠᠰᠤᠨ᠎ᠤ ᠳᠣᠣᠷᠠᠬᠢ ᠪᠢᠴᠢᠯ ᠨᠠᠮ᠎ᠤᠨ ᠬᠢᠴᠢᠶᠡᠯ》᠎ᠨᠢ ᠪᠠᠰᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠮᠡᠷᠭᠡᠵᠢᠯ᠂ ᠲᠦᠷᠦ ᠵᠢᠨ ᠪᠣᠳᠣᠯᠭ᠎ᠠ᠂ ᠡᠮ ᠡᠮᠨᠡᠯᠭᠡ ᠵᠢᠨ ᠦᠢ᠍ᠯᠡᠴᠢᠯᠡᠭᠡ ᠬᠦᠷᠭᠡᠵᠦ᠂ ᠬᠠᠷᠢᠶ᠎ᠠ ᠲᠣᠭᠣᠷᠢᠭ᠎ᠤᠨ ᠰᠠᠭᠤᠭ᠋ᠠᠯᠢ ᠠᠷᠠᠳ᠎ᠤᠨ ᠮᠠᠭᠲᠠᠭ᠋ᠠᠯ ᠰᠠᠢ᠌ᠰᠢᠶᠠᠯ᠎ᠢ ᠤᠯᠪᠠ᠃
      ᠵᠠᠩ ᡁᠢ ᠸᠧᠢ 《ᠤᠳᠠᠰᠤ ᠰᠦᠪᠡᠯᠡᠬᠦ》 ᠠᠵᠢᠯ᠎ᠤᠨ ᠠᠷᠭ᠎ᠠ ᠎ᠪᠠᠷ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢ ᠬᠣᠲᠠ ᠵᠢᠨ ᠬᠠᠮᠢᠶᠠᠷᠤᠯᠲᠠ ᠵᠠᠰᠠᠯᠲᠠ ᠵᠢᠨ ᠬᠡᠪᠴᠢᠶᠡᠨ᠎ᠳᠤ ᠣᠷᠣᠭᠤᠯᠬᠤ ᠵᠢ ᠠᠬᠢᠭᠤᠯᠵᠤ᠂ 《ᠵᠡᠭᠡᠯᠢ ᠭᠤᠳᠤᠮᠵᠢ ᠵᠢᠨ ᠤᠳᠤᠷᠢᠳᠬᠤ ᠪᠠᠭ᠎ᠨᠢ ᠨᠡᠢ᠌ᠭᠡᠮ ᠲᠣᠭᠣᠷᠢᠭ᠎ᠢ ᠳᠠᠭ᠋ᠠᠭ᠋ᠠᠴᠢᠯᠠᠬᠤ᠂ ᠪᠠᠢ᠌ᠭᠤᠯᠭ᠎ᠠ ᠵᠢᠨ ᠺᠠᠳ᠋ᠷ᠎ᠨᠢ ᠰᠠᠭᠤᠭ᠋ᠠᠯᠢ ᠠᠷᠠᠳ᠎ᠤᠨ ᠬᠣᠷᠢᠶᠠᠯᠠᠯ᠎ᠢ ᠳᠠᠭ᠋ᠠᠭ᠋ᠠᠴᠢᠯᠠᠬᠤ》 ᠠᠵᠢᠯ᠎ᠤᠨ ᠲᠣᠭᠲᠠᠯᠴᠠᠭ᠎ᠠ ᠵᠢ ᠠᠰᠢᠭᠯᠠᠵᠤ᠂ ᠠᠮᠵᠢᠯᠲᠠ᠎ᠲᠠᠢ᠎ᠪᠠᠷ ᠪᠦᠳᠦᠭᠡᠭᠰᠡᠨ 《ᠠᠢ᠌ᠯ ᠬᠥᠷᠰᠢ ᠵᠢᠨ ᠰᠦᠯᠵᠢᠶᠡᠨ᠎ᠤ ᠶᠠᠪᠤᠳᠠᠯ》᠎ᠤᠨ ᠬᠤᠪᠢᠰᠬᠠᠯᠳᠤ ᠲᠤᠤᠷᠴᠢᠯᠠᠭᠰᠠᠨ ᠨᠠᠮ᠎ᠤᠨ ᠪᠠᠢ᠌ᠭᠤᠯᠤᠯᠲᠠ ᠵᠢᠨ ᠨᠡᠷᠡᠳᠦ ᠲᠡᠮᠳᠡᠭ᠎ᠤᠨ ᠨᠠᠷᠢᠯᠢᠭᠵᠢᠭᠤᠯᠤᠭᠰᠠᠨ ᠦᠢ᠍ᠯᠡᠴᠢᠯᠡᠭᠡ ᠵᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠵᠤ᠂ 《ᠨᠠᠮ᠎ᠤᠨ ᠦᠨᠳᠦᠰᠦᠲᠡᠨ᠎ᠤ ᠤᠨᠤᠯ ᠪᠣᠯᠣᠨ ᠦᠨᠳᠦᠰᠦᠲᠡᠨ᠎ᠤ ᠳᠦᠷᠦ ᠵᠢᠨ ᠪᠣᠳᠣᠯᠭ᠎ᠠ ᠵᠢ ᠦᠨᠳᠦᠰᠦᠨ ᠱᠠᠲᠤᠨ᠎ᠳᠤ ᠣᠢ᠌ᠯᠠᠭ᠋ᠠᠬᠤ ᠬᠥᠮᠥᠨ᠎ᠲᠠᠢ᠂ ᠦᠨᠳᠦᠰᠦᠲᠡᠨ᠎ᠤ ᠠᠵᠢᠯ᠎ᠢ ᠦᠨᠳᠦᠰᠦᠨ ᠱᠠᠲᠤᠨ᠎ᠳᠤ ᠠᠳᠬᠤᠬᠤ ᠬᠥᠮᠥᠨ᠎ᠲᠠᠢ》 ᠪᠠᠢ᠌ᠬᠤ ᠵᠢ ᠪᠡᠶᠡᠯᠡᠭᠦᠯᠵᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠬᠠᠷᠢᠶ᠎ᠠ ᠲᠤᠭᠤᠷᠢᠭ᠎ᠳᠤ᠎ᠪᠠᠨ 12 ᠵᠦᠢ᠍ᠯ᠎ᠤᠨ ᠡᠭᠦᠷᠭᠡ ᠵᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ ᠲᠥᠷᠥᠭᠳᠡᠯ᠎ᠲᠠᠢ ᠪᠦᠲᠦᠮᠵᠢᠲᠡᠢ ᠨᠠᠢ᠌ᠳᠠᠪᠤᠷᠢᠵᠢᠭᠤᠯᠪᠠ᠃ ᠡᠳᠦᠭᠡ᠂ ᠴᠸᠩ ᠨᠠᠨ ᠵᠡᠭᠡᠯᠢ ᠭᠤᠳᠤᠮᠵᠢ ᠵᠢᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠠᠭᠤᠳᠠᠮ ᠲᠠᠯᠠᠪᠠᠢ》᠎ᠨᠢ ᠯᠢᠨᠰᠢ ᠰᠢᠶᠠᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠴᠢᠬᠤ ᠳᠤᠷᠠᠲᠠᠢ ᠬᠠᠯᠠᠮᠰᠢᠯ ᠭᠠᠵᠠᠷ ᠪᠣᠯᠤᠭᠰᠠᠨ ᠪᠠᠢ᠌ᠨ᠎ᠠ᠃ ᠠᠭᠤᠳᠠᠮ ᠲᠠᠯᠠᠪᠠᠢ᠎ᠳᠠᠬᠢ ᠦᠵᠡᠮᠦᠷᠢ᠂ ᠡᠯᠧᠮᠧᠨ᠋ᠲ᠎ᠤᠨ ᠲᠡᠮᠳᠡᠭ᠂ ᠤᠬᠠᠭᠤᠯᠭ᠎ᠠ ᠵᠢᠨ ᠤᠷᠢᠶ᠎ᠠ ᠵᠡᠷᠭᠡ᠎ᠨᠢ ᠴᠦᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠦᠷᠳᠡᠭ᠎ᠤᠨ ᠠᠭᠤᠯᠤᠭᠳᠠᠬᠤᠨ᠎ᠢ ᠢᠯᠡᠷᠡᠭᠦᠯᠵᠦ ᠪᠤᠢ᠃ ᠲᠣᠪᠣᠢ᠌ᠮ᠎ᠠ ᠠᠮᠵᠢᠯᠲᠠ ᠣᠯᠣᠭᠰᠠᠨ᠎ᠠᠴᠠ ᠵᠠᠩ ᡁᠢ ᠸᠧᠢ ᠤᠯᠠᠭ᠋ᠠᠨᠬᠠᠳᠠ ᠬᠤᠳᠠ ᠵᠢᠨ 《ᠠᠷᠪᠠᠨ ᠰᠢᠯᠢᠳᠡᠭ ᠵᠡᠭᠡᠯᠢ ᠭᠤᠳᠤᠮᠵᠢ ᠵᠢᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ》 ᠵᠡᠷᠭᠡ ᠢᠷᠠᠭᠤ ᠠᠯᠳᠠᠷ᠎ᠤᠨ ᠴᠣᠯᠠ ᠵᠢ ᠬᠦᠷᠲᠡᠵᠡᠢ᠃
      ᠨᠢᠭᠡᠨ ᠨᠠᠮ᠎ᠤᠨ ᠭᠡᠰᠢᠭᠦᠨ ᠪᠣᠯ ᠳᠠᠷᠤᠢ ᠨᠢᠭᠡᠨ ᠲᠤᠬ ᠲᠡᠮᠳᠡᠭ ᠪᠠᠢ᠌ᠵᠦ᠂ ᠤᠯᠡᠠ ᠲᠦᠮᠡᠨ᠎ᠤ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠨᠠᠮᠢᠷᠠᠵᠤ ᠪᠠᠢ᠌ᠳᠠᠭ᠃ ᠵᠠᠩ ᡁᠢ ᠸᠧᠢ ᠬᠠᠯᠠᠭᠤᠨ ᠰᠡᠳᠬᠢᠯᠭᠡ᠎ᠪᠠᠨ ᠬᠠᠢ᠌ᠷ᠎ᠠ ᠬᠠᠯᠠᠮᠵᠢ ᠪᠣᠯᠭ᠋ᠠᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠡᠷᠭᠦᠵᠦ᠂ ᠨᠠᠮ᠎ᠳᠤ᠎ᠪᠠᠨ ᠰᠢᠳᠤᠷᠭᠤ᠂ ᠠᠵᠢᠯ᠎ᠳᠤ᠎ᠪᠠᠨ ᠬᠠᠢ᠌ᠷ᠎ᠠ᠎ᠲᠠᠢ ᠰᠡᠳᠭᠢᠯᠭᠡ᠎ᠪᠠᠷ ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠴᠸᠩ ᠨᠠᠨ ᠵᠡᠭᠡᠯᠢ ᠭᠤᠳᠤᠮᠵᠢ᠎ᠳᠤ ᠳᠡᠯᠭᠡᠷᠡᠭᠦᠯᠵᠦ᠂ ᠯᠢᠨᠰᠢ ᠰᠢᠶᠠᠨ᠎ᠳᠤ ᠳᠡᠯᠭᠡᠷᠡᠭᠦᠯᠵᠦ ᠪᠣᠢ᠃






        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

 

 

 

ᠢᠷᠡᠯᠲᠡ᠄ ᠲᠠᠯ᠎ᠠ ᠨᠤᠲᠤᠭ᠎ᠤᠨ ᠡᠭᠦᠯᠡ