ᠣᠢ᠌ᠷ᠎ᠠ᠎ᠳᠤ᠂ ᠬᠥᠬᠡᠬᠣᠲᠠ᠎ᠳᠤ 2024 ᠣᠨ᠎ᠤ ᠪᠥᠬᠥ ᠣᠷᠣᠨ᠎ᠤ ᠵᠠᠭᠤᠨ ᠨᠡᠷ᠎ᠡ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠬᠥᠲᠥᠴᠢ ᠪᠤᠯᠤᠨ ᠲᠠᠢ᠌ᠯᠪᠤᠷᠢᠯᠠᠭᠴᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠡᠳᠦᠪᠲᠦ ᠪᠣᠯᠪᠠᠰᠤᠷᠠᠯ᠎ᠤᠨ ᠠᠩᠭᠢ ᠵᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠪᠢᠩ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠲᠢᠩᠬᠢᠮ᠎ᠤᠨ ᠳᠡᠳ᠋ ᠳᠠᠷᠤᠭ᠎ᠠ ᠰᠦᠨ ᠭᠦᠸᠧ ᠮᠢᠩ ᠰᠤᠷᠤᠯᠭ᠎ᠠ ᠡᠬᠢᠯᠡᠬᠦ ᠶᠣᠰᠣᠯᠠᠯ᠎ᠳᠤ ᠤᠷᠤᠯᠴᠠᠵᠤ᠂ ᠮᠠᠨ᠎ᠤ ᠣᠷᠣᠨ᠎ᠤ ᠬᠡᠰᠡᠭ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠡᠯ᠎ᠡ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ᠂ ᠬᠥᠲᠥᠴᠢ᠂ ᠲᠠᠢ᠌ᠯᠪᠤᠷᠢᠯᠠᠭᠴᠢ ᠵᠡᠷᠭᠡ 160 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠵᠠᠶ᠃

ᠲᠤᠰ ᠤᠳᠠᠭ᠋ᠠᠨ᠎ᠤ ᠪᠣᠯᠪᠠᠰᠤᠷᠠᠯ ᠪᠣᠯ ᠤᠯᠤᠰ ᠳᠠᠶᠠᠭ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠠᠢ᠌ᠭ᠎ᠠ ᠦᠶ᠎ᠡ᠎ᠳᠤ ᠡᠷᠬᠢᠯᠡᠭᠰᠡᠨ ᠨᠢᠭᠡ ᠤᠳᠠᠭ᠋ᠠᠨ᠎ᠤ ᠴᠢᠬᠤᠯᠠ ᠶᠡᠬᠡ ᠲᠤᠰᠬᠠᠢ ᠰᠡᠳᠦᠪᠲᠦ ᠴᠢᠬᠤᠯᠠ ᠪᠣᠯᠪᠠᠰᠤᠷᠠᠯ ᠪᠣᠯᠤᠨ᠎ᠠ᠃ ᠪᠣᠯᠪᠠᠰᠤᠷᠠᠯ᠎ᠤᠨ ᠠᠩᠭᠢ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠳᠠᠯᠠᠵᠤ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠥᠯᠥᠪᠯᠡᠭᠡ ᠵᠢ ᠮᠠᠨ᠎ᠤ ᠣᠷᠣᠨ᠎ᠳᠤ ᠪᠣᠳᠠᠲᠠᠶ ᠨᠠᠷᠢᠯᠢᠭ ᠨᠠᠢ᠌ᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠵᠤ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠳᠠᠢ᠌ᠯᠪᠤᠷᠢᠯᠠᠭᠴᠢ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠬᠡᠭᠰᠢᠯᠡᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠤᠭᠰᠠᠨ ᠥᠪᠥᠷ ᠮᠣᠩᠭᠣᠯ᠎ᠤᠨ ᠦᠯᠢᠭᠡᠷ᠎ᠢ ᠴᠢᠷᠮᠠᠢ᠌ᠨ ᠰᠠᠢ᠌ᠲᠤᠷ ᠶᠠᠷᠢᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ 《ᠵᠢᠷᠭᠤᠭ᠋ᠠᠨ ᠦᠭᠦᠯᠡᠮᠵᠢ ᠵᠢᠨ ᠪᠣᠳᠠᠲᠤ ᠬᠡᠷᠡᠭ ᠪᠠ ᠶᠣᠰᠣ ᠵᠦᠢ》 ᠵᠢ ᠪᠠᠲᠤ ᠴᠡᠬᠡᠵᠢᠯᠡᠬᠦᠯᠵᠦ᠂ ᠶᠡᠷᠦᠩᠬᠡᠶ ᠱᠦᠵᠢ ᠵᠢ ᠡᠷᠡᠰ ᠳᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠭᠤᠯᠬᠤ ᠵᠢ ᠵᠣᠷᠢᠪᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠪᠣᠯᠪᠠᠰᠤᠷᠠᠯ᠎ᠤᠨ ᠬᠢᠴᠢᠶᠡᠯ᠎ᠢ ᠨᠠᠷᠢᠨ ᠨᠢᠮᠪᠠᠶ ᠲᠥᠯᠥᠪᠯᠡᠨ ᠳᠣᠭᠢᠷᠠᠭᠤᠯᠵᠤ᠂ ᠣᠨᠣᠯ᠎ᠤᠨ ᠵᠢᠭ᠋ᠠᠨ ᠰᠤᠷᠭ᠋ᠠᠯᠲᠠ᠂ ᠲᠤᠬᠠᠶ ᠵᠢᠨ ᠭᠠᠵᠠᠷ᠎ᠲᠤ ᠲᠣᠭᠣᠷᠢᠨ ᠦᠵᠡᠬᠦ᠂ ᠲᠤᠷᠰᠢᠯᠭ᠎ᠠ ᠰᠣᠯᠢᠯᠴᠠᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠵᠤ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠨᠡᠢ᠌ᠰᠯᠡᠯ᠎ᠤᠨ ᠮᠦᠽᠧᠶ᠂ ᠾᠧᠨᠠᠨ᠎ᠤ ᠮᠦᠽᠧᠶ ᠵᠡᠷᠭᠡ ᠭᠠᠵᠠᠷ᠎ᠤᠨ ᠨᠠᠷᠠᠲᠤ ᠲᠤᠰᠬᠠᠶ ᠮᠡᠷᠭᠡᠵᠢᠯᠲᠡᠨ ᠪᠠᠭᠰᠢ᠂ ᠰᠢᠯᠢᠳᠡᠭ ᠲᠠᠢ᠌ᠯᠪᠤᠷᠢᠯᠠᠭᠴᠢ ᠵᠢ ᠤᠷᠢᠵᠤ ᠬᠢᠴᠢᠶᠡᠯ ᠤᠷᠤᠭᠤᠯᠵᠤ᠂ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠵᠡᠷᠭᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠲᠤᠬᠠᠶ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ ᠬᠢᠵᠦ᠂ ᠳᠤᠭᠤᠢ᠌ᠯᠠᠩ ᠬᠤᠪᠢᠶᠠᠨ ᠶᠠᠷᠢᠯᠴᠠᠬᠤ ᠪᠠ ᠲᠤᠷᠰᠢᠯᠭ᠎ᠠ ᠰᠣᠯᠢᠯᠴᠠᠬᠤ ᠵᠢ ᠵᠣᠬᠢᠶᠠᠨ ᠪᠠᠢ᠌ᠭᠤᠯᠵᠤ᠂ ᠰᠤᠷᠤᠯᠴᠠᠵᠤ ᠰᠣᠯᠢᠯᠴᠠᠬᠤ ᠲᠠᠪᠴᠠᠩ᠎ᠢ ᠪᠠᠢ᠌ᠭᠤᠯᠪᠠ᠃ ᠴᠢᠨᠠᠷ ᠰᠠᠢ᠌ᠲᠠᠶ ᠲᠤᠰᠬᠠᠶ ᠰᠡᠳᠦᠪᠲᠦ ᠪᠤᠯᠪᠠᠰᠤᠷᠠᠯ ᠵᠶ᠋ᠠᠷ ᠳᠠᠮᠵᠢᠭᠤᠯᠵᠤ᠂ ᠪᠠᠢ᠌ᠩᠭᠤᠵᠢᠭᠰᠠᠨ ᠪᠤᠯᠪᠠᠰᠤᠷᠠᠯ᠎ᠤᠨ ᠠᠵᠢᠯ᠎ᠤᠨ ᠲᠤᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠨᠥᠯᠥᠭᠡᠯᠡᠬᠦ ᠬᠦᠴᠦᠨ ᠪᠦᠬᠦᠢ ᠥᠪᠥᠷ ᠮᠣᠩᠭᠣᠯ᠎ᠤᠨ ᠰᠢᠯᠢᠳᠡᠭ ᠨᠡᠷᠡᠲᠦ ᠲᠡᠮᠳᠡᠭᠲᠦ ᠲᠠᠢ᠌ᠯᠪᠤᠷᠢᠯᠠᠭᠴᠢ ᠵᠢᠨ ᠡᠩᠨᠡᠭᠡ ᠵᠢ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠬᠤ ᠵᠢ ᠠᠬᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠬᠦᠯᠪᠠ᠃

ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ