ᠣᠢ᠌ᠷ᠎ᠠ᠎ᠳᠤ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠠᠵᠢᠯ᠎ᠤᠨ ᠮᠡᠳᠡᠭᠳᠡᠯ ᠳᠠᠷᠤᠮᠠᠯᠯᠠᠨ ᠳᠠᠷᠬᠠᠭ᠋ᠠᠵᠤ᠂ 2024 ᠣᠨ᠎ᠤ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠷᠢᠯᠴᠠᠨ ᠰᠢᠭᠢᠳᠬᠡᠯᠲᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ ᠵᠢᠨ 49 ᠳᠤᠷᠰᠢᠯᠲᠠ ᠵᠢᠨ ᠴᠡᠭ᠎ᠤᠨ ᠲᠦᠷᠦᠯ ᠵᠦᠢ᠍ᠯ᠎ᠤᠨ ᠨᠡᠷᠡᠰ᠎ᠢ ᠨᠡᠢ᠌ᠲᠡᠯᠡᠪᠡ᠂ ᠥᠪᠦᠷ ᠮᠤᠩᠭᠤᠯ᠎ᠤᠨ ᠥᠪᠠᠷᠳᠡᠭᠡᠨ ᠵᠠᠰᠠᠬᠤ ᠤᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠲᠠᠨᠢᠯᠴᠠᠭᠤᠯᠤᠭᠰᠠᠨ ᠤᠯᠠᠭ᠋ᠠᠨᠬᠠᠳᠠ ᠬᠤᠲᠠ ᠵᠢᠨ ᠬᠤᠩᠱ᠌ᠠᠨ ᠲᠤᠭᠤᠷᠢᠭ᠎ᠤᠨ ᠯᠢᠶᠠᠨ ᠰᠢᠨ ᠰᠤᠶᠤᠯ᠎ᠤᠨ ᠬᠢᠵᠠᠭ᠋ᠠᠷᠲᠤ ᠺᠣᠮᠫᠠᠨᠢ ᠵᠢᠨ 《ᠠᠨᠠᠷ ᠰᠢᠭ᠋ ᠪᠦᠯᠬᠦᠮᠳᠡᠵᠦ ᠬᠠᠮᠲᠤ᠎ᠪᠠᠷ ᠬᠥᠭᠵᠢᠨᠡᠮ》 ᠭᠡᠬᠦ ᠲᠥᠷᠥᠯ ᠵᠥᠢ᠍ᠯ᠎ᠨᠢ 《ᠦᠨᠳᠦᠰᠦᠲᠡᠨ᠎ᠨᠦᠭᠦᠳ᠎ᠤᠨ ᠪᠦᠬᠦ ᠤᠷᠤᠨ ᠪᠠᠢ᠌ᠷᠢ᠎ᠪᠠᠷ ᠰᠢᠭᠢᠳᠬᠦ ᠵᠢ ᠠᠬᠢᠭᠤᠯᠬᠤ ᠦᠢ᠍ᠯᠡᠳᠦᠯᠭᠡ ᠵᠢᠨ ᠠᠷᠭ᠎ᠠ ᠵᠠᠮ》᠎ᠤᠨ ᠳᠤᠷᠰᠢᠯᠲᠠ ᠵᠢᠨ ᠴᠡᠭ᠎ᠤᠨ ᠲᠦᠷᠦᠯ ᠵᠦᠢ᠍ᠯ ᠵᠶ᠋ᠡᠷ ᠰᠤᠩᠭᠤᠭᠳᠠᠪᠠ᠃ ᠡᠨᠡ ᠪᠤᠯ 2024 ᠣᠨ᠎ᠠᠴᠠ ᠨᠠᠭ᠋ᠠᠰᠢ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠬᠡᠷᠡᠭᠵᠢᠭᠦᠯᠦᠭᠰᠡᠨ ᠭᠤᠷᠪᠠᠨ ᠵᠦᠢ᠍ᠯ᠎ᠤᠨ ᠲᠥᠯᠥᠪᠯᠡᠭᠡ ᠵᠢᠨ ᠳᠤᠷᠰᠢᠯᠲᠠ ᠵᠢᠨ ᠴᠡᠭ᠎ᠤᠨ ᠠᠵᠢᠯ᠎ᠳᠤ ᠰᠤᠩᠭᠤᠭᠳᠠᠭᠰᠠᠨ ᠮᠠᠨ᠎ᠤ ᠤᠷᠤᠨ᠎ᠤ ᠭᠤᠷᠪᠠᠳᠠᠬᠢ ᠲᠦᠷᠦᠯ ᠵᠦᠢ᠍ᠯ ᠪᠤᠯᠤᠨ᠎ᠠ᠃
ᠲᠤᠰ ᠲᠦᠷᠦᠯ ᠵᠦᠢ᠍ᠯ᠎ᠢ ᠥᠪᠥᠷ ᠮᠤᠩᠭᠤᠯ᠎ᠤᠨ ᠤᠯᠠᠭ᠋ᠠᠨᠬᠠᠳᠠ ᠬᠤᠲᠠ ᠵᠢᠨ ᠬᠤᠩᠱ᠌ᠠᠨ ᠲᠤᠭᠤᠷᠢᠭ᠎ᠤᠨ ᠲᠢᠶᠸ ᠨᠠᠨ ᠵᠡᠭᠡᠯᠢ ᠭᠤᠳᠤᠮᠵᠢ ᠵᠢᠨ ᠸᠸᠨ ᠯᠢᠶᠠᠨ ᠵᠠᠮ᠎ᠤᠨ ᠨᠡᠢ᠌ᠭᠡᠮ ᠲᠤᠭᠤᠷᠢᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠡᠭᠦᠳᠦᠨ ᠪᠠᠢ᠌ᠭᠤᠯᠤᠭᠰᠠᠨ ᠬᠠᠮᠲᠤ ᠵᠢᠨ ᠠᠵᠤ ᠠᠬᠤᠢ — ᠯᠢᠶᠠᠨ ᠰᠢᠨ ᠰᠣᠶᠣᠯ᠎ᠤᠨ ᠬᠢᠵᠠᠭ᠋ᠠᠷᠲᠤ ᠺᠤᠮᠫᠠᠨᠢ ᠬᠠᠷᠢᠭᠤᠴᠠᠨ ᠬᠡᠷᠡᠭᠵᠢᠭᠦᠯᠵᠤ ᠪᠠᠢ᠌ᠭ᠎ᠠ ᠶᠤᠮ᠃ ᠸᠸᠨ ᠯᠢᠶᠠᠨ ᠵᠠᠮ᠎ᠤᠨ ᠨᠡᠢ᠌ᠭᠡᠮ ᠲᠤᠭᠤᠷᠢᠭ᠎ᠤᠨ᠎ᠬᠢᠨ ᠨᠡᠢ᠌ᠭᠡᠮ ᠲᠤᠭᠤᠷᠢᠭ + ᠬᠤᠳᠠᠯᠳᠤᠭ᠋ᠠᠨ᠎ᠤ ᠦᠢ᠍ᠯᠡᠰ᠎ᠤᠨ ᠠᠵᠢᠯᠯᠠᠭ᠋ᠠᠨ᠎ᠤ ᠲᠣᠭᠲᠠᠯᠴᠠᠭ᠎ᠠ ᠵᠢ ᠢᠳᠡᠪᠬᠢᠲᠡᠢ ᠬᠠᠢ᠌ᠨ ᠰᠦᠪᠡᠭᠴᠢᠯᠡᠵᠦ᠂ ᠨᠡᠢ᠌ᠭᠡᠮ ᠲᠤᠭᠤᠷᠢᠭ᠎ᠤᠨ ᠠᠵᠤ ᠠᠬᠤᠢ ᠵᠢ 《ᠠᠵᠤ ᠠᠬᠤᠢ᠌ᠯᠠᠯᠵᠢᠭᠤᠯᠬᠤ》 ᠡᠵᠡᠩᠨᠡᠯᠲᠡ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠢᠳᠡᠪᠭᠢᠲᠡᠢ ᠬᠠᠢ᠌ᠨ ᠰᠦᠪᠡᠭᠴᠢᠯᠡᠨ ᠡᠭᠦᠳᠪᠠ᠂ ᠳᠠᠷᠤᠢ ᠨᠡᠢ᠌ᠭᠡᠮ ᠲᠤᠭᠤᠷᠢᠭ᠎ᠤᠨ ᠱᠦᠵᠢ᠎ᠪᠠᠷ ᠬᠠᠤᠯᠢ ᠵᠢᠨ ᠲᠥᠯᠥᠭᠡᠯᠡᠭᠴᠢ ᠪᠣᠯᠭ᠋ᠠᠭᠰᠠᠨ ᠨᠡᠢ᠌ᠭᠡᠮ ᠲᠤᠭᠤᠷᠢᠭ᠎ᠤᠨ ᠠᠵᠤ ᠠᠬᠤᠢ ᠵᠢᠨ ᠺᠤᠮᠫᠠᠨᠢ ᠵᠢ ᠪᠠᠢ᠌ᠭᠤᠯᠵᠤ᠂ ᠺᠤᠮᠫᠠᠨᠢ ᠵᠢ ᠪᠤᠳᠠᠲᠤ ᠴᠣᠭᠴᠠ᠎ᠪᠠᠷ ᠡᠵᠡᠩᠨᠡᠵᠦ᠂ ᠵᠠᠬ᠎ᠠ ᠳᠡᠯᠭᠡᠭᠦᠷᠵᠢᠭᠰᠡᠨ ᠡᠵᠡᠩᠨᠡᠯᠲᠡ ᠵᠢᠨ ᠬᠡᠯᠪᠡᠷᠢ᠎ᠪᠠᠷ ᠦᠢ᠍ᠯᠡᠰ ᠪᠦᠲᠦᠭᠡᠵᠦ ᠠᠵᠢᠯ ᠤᠯᠭᠤᠬᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠳᠠᠪᠴᠠᠩ ᠪᠠ ᠨᠡᠢ᠌ᠭᠡᠮ ᠲᠤᠭᠤᠷᠢᠭ᠎ᠤᠨ ᠦᠢ᠍ᠯᠡᠳᠪᠤᠷᠢ ᠵᠢᠨ ᠳᠡᠯᠭᠡᠭᠦᠷ ᠪᠣᠯᠭ᠋ᠠᠨ ᠴᠤᠭᠴᠠᠯᠠᠵᠤ᠂ ᠲᠦᠷᠦ ᠵᠢᠨ ᠪᠤᠳᠤᠯᠭ᠎ᠠ ᠵᠢᠨ ᠳᠠᠪᠠᠭᠤᠯᠢᠭ᠎ᠢ ᠠᠵᠤ ᠦᠢ᠍ᠯᠡᠰ᠎ᠤᠨ ᠳᠠᠪᠠᠭᠤᠯᠢᠭ ᠪᠤᠯᠭ᠋ᠠᠨ ᠤᠯᠠᠷᠢᠭᠤᠯᠵᠤ᠂ 《ᠨᠡᠢ᠌ᠭᠡᠮ ᠲᠤᠭᠤᠷᠢᠭ᠎ᠤᠨ ᠠᠵᠤ ᠠᠬᠤᠢ》 ᠵᠢᠨ ᠰᠢᠨ᠎ᠡ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ 《ᠬᠠᠮᠲᠤ᠎ᠪᠠᠷ ᠪᠠᠶᠠᠵᠢᠬᠤ ᠬᠠᠮᠲᠤ᠎ᠪᠠᠷ ᠡᠳ᠋ᠯᠡᠬᠦ》 ᠬᠥᠭᠵᠢᠯᠲᠡ ᠵᠢᠨ ᠵᠠᠮ ᠵᠢᠠᠷ ᠰᠠᠢ᠌ᠳᠤᠷ ᠵᠠᠮᠨᠠᠭᠤᠯᠵᠠᠢ᠃ ᠨᠡᠢ᠌ᠭᠡᠮ ᠲᠤᠭᠤᠷᠢᠭ᠎ᠤᠨ ᠺᠤᠮᠫᠠᠨᠢ᠎ᠨᠢ ᠪᠤᠳᠠᠰ᠎ᠤᠨ ᠪᠤᠰᠤ ᠰᠣᠶᠣᠯ᠎ᠤᠨ ᠥᠪ᠎ᠤᠨ ᠲᠦᠷᠦᠯ ᠵᠦᠢ᠍ᠯ ᠵᠢᠠᠷ ᠰᠠᠭᠤᠷᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠠᠵᠢᠯ ᠤᠯᠭᠤᠬᠤ ᠦᠢ᠍ᠯᠡᠰ ᠪᠤᠰᠬᠠᠬᠤ ᠳᠤᠰᠬᠠᠢ ᠮᠡᠷᠭᠡᠵᠢᠯ᠎ᠤᠨ ᠪᠤᠯᠪᠠᠰᠤᠷᠠᠯ ᠬᠠᠩᠭ᠋ᠠᠵᠤ᠂ ᠪᠤᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ᠎ᠢ ᠪᠠᠢ᠌ᠭᠤᠯᠵᠤ᠂ ᠪᠤᠳᠠᠰ᠎ᠤᠨ ᠪᠤᠰᠤ ᠰᠣᠶᠣᠯ᠎ᠤᠨ ᠥᠪ᠎ᠤᠨ ᠭᠠᠷ ᠤᠷᠠᠯᠠᠯ᠎ᠤᠨ ᠪᠡᠶᠡᠴᠢᠯᠡᠨ ᠣᠢ᠌ᠯᠠᠭ᠋ᠠᠬᠤ ᠲᠤᠭᠤᠷᠢᠭ᠂ ᠪᠤᠳᠠᠰ᠎ᠤᠨ ᠪᠤᠰᠤ ᠰᠣᠶᠣᠯ᠎ᠤᠨ ᠥᠪ᠎ᠤᠨ ᠪᠠᠭ᠎ᠠ ᠵᠥᠴᠥᠭᠡ ᠵᠢᠨ ᠲᠠᠯᠠᠪᠤᠷ᠂ ᠰᠤᠶᠤᠯ᠎ᠤᠨ ᠡᠭᠦᠳᠦᠯᠲᠡ ᠵᠢᠨ ᠭᠡᠲᠦ ᠳᠡᠯᠭᠡᠭᠦᠷ ᠵᠡᠷᠭᠡ ᠤᠯᠠᠨ ᠲᠣᠭᠤᠷᠢᠭ ᠭᠠᠷᠭ᠋ᠠᠪᠠ᠃ ᠨᠡᠢ᠌ᠭᠡᠮ ᠲᠤᠭᠤᠷᠢᠭ᠎ᠠᠴᠠ ᠪᠤᠯᠪᠠᠰᠤᠷᠠᠯ ᠥᠷᠨᠢᠭᠦᠯᠬᠦ᠂ ᠰᠠᠭᠤᠭ᠋ᠠᠯᠢ ᠠᠷᠠᠳ ᠪᠤᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠭᠳᠡᠭᠦᠨ ᠬᠢᠬᠦ᠂ ᠨᠡᠢ᠌ᠭᠡᠮ ᠲᠤᠭᠤᠷᠢᠭ᠎ᠤᠨ ᠰᠤᠶᠤᠯ᠎ᠤᠨ ᠡᠭᠦᠳᠦᠯᠲᠡ ᠵᠢᠨ ᠭᠡᠲᠦ ᠳᠡᠯᠭᠡᠭᠦᠷ ᠣᠷᠣᠯᠠᠨ ᠬᠤᠳᠠᠯᠳᠤᠬᠤ ᠵᠡᠷᠭᠡ ᠬᠡᠯᠪᠡᠷᠢ᠎ᠪᠠᠷ ᠳᠠᠮᠵᠢᠭᠤᠯᠵᠤ᠂ ᠰᠠᠭᠤᠭ᠋ᠠᠯᠢ ᠠᠷᠠᠳ᠂ ᠠᠵᠤ ᠠᠬᠤᠢ᠌ᠯᠠᠯ ᠬᠢᠭᠡᠳ ᠡᠯ᠎ᠡ ᠲᠦᠷᠦᠯ᠎ᠤᠨ ᠭᠤᠤᠯ ᠴᠤᠭᠴᠠ ᠵᠢᠨ ᠨᠡᠢ᠌ᠭᠡᠮ ᠲᠤᠭᠤᠷᠢᠭ᠎ᠲᠤ ᠤᠷᠤᠬᠤ ᠠᠷᠭ᠎ᠠ ᠵᠠᠮ᠎ᠢ ᠦᠷᠭᠡᠳᠭᠡᠵᠦ᠂ ᠨᠡᠢ᠌ᠭᠡᠮ ᠲᠤᠭᠤᠷᠢᠭ᠎ᠤᠨ ᠬᠥᠭᠵᠢᠯᠲᠡ᠎ᠳᠤ ᠤᠷᠤᠯᠴᠠᠬᠤ ᠬᠤᠳᠠᠯᠳᠤᠭ᠋ᠠᠨ᠎ᠤ ᠦᠢ᠍ᠯᠡᠰ᠎ᠤᠨ ᠡᠬᠢ ᠪᠠᠶᠠᠯᠢᠭ᠎ᠢ ᠨᠡᠢ᠌ᠳᠬᠡᠬᠦ ᠳᠠᠪᠴᠠᠩ᠎ᠢ ᠪᠠᠢ᠌ᠭᠤᠯᠪᠠ᠃ ᠣᠳᠤ᠂ ᠰᠣᠶᠤᠯ᠎ᠤᠨ ᠡᠭᠦᠳᠦᠯᠲᠡ ᠵᠢᠨ ᠭᠡᠲᠦ ᠳᠡᠯᠭᠡᠭᠦᠷ᠎ᠨᠢ ᠵᠠᠰᠠᠯ ᠵᠢᠮᠰᠡᠭ᠂ ᠨᠤᠤᠰᠤᠨ ᠤᠲᠠᠰᠤ᠎ᠪᠠᠷ ᠬᠢᠭᠰᠡᠨ ᠵᠡᠭᠦᠪᠦᠷᠢ᠂ ᠰᠡᠭᠦᠳᠡᠷ ᠰᠢ ᠵᠢᠨ ᠬᠡᠯᠪᠡᠷᠢ ᠪᠦᠭᠦᠢ ᠨᠤᠮ᠎ᠤᠨ ᠬᠠᠪᠴᠢᠶᠠᠷᠢ᠂ ᠮᠢᠩ ᠹᠠᠯᠠᠨ ᠪᠦᠲᠦᠴᠡᠲᠦ ᠭᠠᠷ ᠤᠷᠠᠯᠠᠯ᠎ᠤᠨ ᠪᠦᠲᠦᠭᠡᠭᠳᠡᠭᠦᠨ ᠵᠡᠷᠭᠡ ᠡᠯ᠎ᠡ ᠵᠦᠢ᠍ᠯ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠡᠭᠦᠳᠦᠯᠲᠡ ᠵᠢᠨ ᠰᠢᠯᠢᠳᠡᠭ ᠪᠦᠲᠦᠭᠡᠭᠳᠡᠭᠦᠨ᠎ᠢ ᠤᠷᠤᠭᠤᠯᠵᠤ᠂ ᠳᠤᠰᠬᠠᠢ ᠮᠡᠷᠭᠡᠵᠢᠯ᠎ᠤᠨ ᠰᠢᠭᠤᠳ ᠨᠡᠪᠲᠡᠷᠡᠭᠦᠯᠭᠡ ᠬᠢᠳᠡᠭ ᠪᠦᠯᠬᠦᠮ᠎ᠢ ᠵᠠᠯᠠᠨ ᠠᠪᠴᠢᠷᠠᠭᠰᠠᠨ ᠵᠶ᠋ᠠᠷ᠂ ᠠᠵᠤ ᠠᠬᠤᠢ᠍ᠯᠠᠯ᠎ᠤᠨ ᠲᠤᠬᠠᠢ ᠵᠢᠨ ᠤᠯᠠᠷᠢᠯ᠎ᠤᠨ ᠪᠤᠷᠤᠯᠠᠭᠤᠯᠤᠯᠲᠠ᠎ᠨᠢ 90 ᠲᠦᠮᠡᠨ ᠲᠦᠭᠦᠷᠢᠭ᠎ᠲᠤ ᠬᠦᠷᠴᠦ᠂ ᠨᠡᠢ᠌ᠭᠡᠮ ᠲᠤᠭᠤᠷᠢᠭ᠎ᠤᠨ ᠥᠪᠠᠷᠢᠪᠠᠨ ᠬᠥᠭᠵᠢᠭᠦᠯᠬᠦ ᠴᠢᠳᠠᠪᠤᠷᠢ᠎ᠨᠢ ᠳᠠᠰᠤᠷᠠᠯᠲᠠ ᠦᠭᠡᠢ ᠠᠬᠢᠵᠢᠭ᠋ᠠᠳ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤᠷᠠᠯᠴᠠᠨ ᠠᠵᠢᠯᠯᠠᠵᠤ᠂ ᠬᠠᠮᠲᠤ᠎ᠪᠠᠷ ᠪᠡᠶ᠎ᠡ᠎ᠵᠢᠨ ᠴᠢᠨᠡᠭᠡᠯᠢᠭᠵᠢᠭᠦ ᠵᠢ ᠪᠦᠲᠦᠮᠵᠢᠲᠡᠢ ᠠᠬᠢᠭᠤᠯᠵᠠᠢ᠃
ᠳᠠᠷᠠᠭ᠋ᠠᠴᠢ ᠵᠢᠨ ᠠᠯᠬᠤᠮ᠎ᠳᠤ ᠨᠡᠢ᠌ᠭᠡᠮ ᠲᠤᠭᠤᠷᠢᠭ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠢ ᠪᠠᠲᠤ ᠡᠵᠡᠮᠳᠡᠵᠦ᠂ ᠺᠤᠮᠫᠠᠨᠢ ᠬᠢᠭᠡᠳ ᠨᠡᠢ᠌ᠭᠡᠮ ᠲᠤᠭᠤᠷᠢᠭ᠎ᠤᠨ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ ᠬᠠᠮᠲᠤᠷᠠᠯᠴᠠᠭ᠋ᠠᠨ᠎ᠤ ᠳᠤᠭᠲᠠᠴᠠ ᠵᠢ ᠦᠷᠭᠦᠯᠵᠢᠯᠡᠨ ᠰᠢᠨᠡᠴᠢᠯᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠢᠭᠢᠳᠬᠡᠯᠲᠦ ᠮᠠᠶᠢᠭ᠎ᠤᠨ ᠬᠥᠭᠵᠢᠯᠲᠡ ᠵᠢ ᠠᠬᠢᠭᠤᠯᠬᠤ ᠦᠵᠡᠯ ᠰᠠᠨᠠᠭ᠋ᠠᠨ᠎ᠤ ᠰᠠᠭᠤᠷᠢ ᠪᠠ ᠪᠤᠳᠠᠰ᠎ᠤᠨ ᠰᠠᠭᠤᠷᠢ ᠵᠢ ᠳᠠᠰᠤᠷᠠᠯᠲᠠ ᠦᠭᠡᠢ ᠪᠡᠬᠢᠵᠢᠭᠦᠯᠵᠦ᠂ ᠳᠠᠭ᠋ᠠᠭ᠋ᠠᠮᠠᠭ᠋ᠠᠢ ᠳᠤᠭᠲᠠᠴᠠ ᠵᠢ ᠪᠠᠢ᠌ᠭᠤᠯᠤᠨ ᠰᠢᠯᠢᠳᠡᠭ ᠡᠬᠢ ᠪᠠᠶᠠᠯᠢᠭ᠎ᠢ ᠤᠷᠤᠭᠤᠯᠤᠨ ᠠᠪᠴᠢᠷᠠᠵᠤ᠂ ᠦᠨᠳᠦᠰᠦᠲᠡᠨ᠎ᠨᠦᠭᠦᠳ᠎ᠤᠨ ᠰᠢᠭᠢᠳᠬᠡᠯᠲᠦ ᠮᠠᠶᠢᠭ᠎ᠤᠨ ᠬᠥᠭᠵᠢᠯᠲᠡ ᠵᠢ ᠠᠬᠢᠭᠤᠯᠤᠨ ᠴᠤᠭᠴᠠᠯᠠᠬᠤ᠎ᠳᠤ ᠵᠢᠱ᠌ᠢᠶ᠎ᠡ ᠦᠵᠡᠭᠦᠯᠵᠦ ᠳᠠᠢ᠌ᠴᠢᠯᠠᠬᠤ ᠦᠢ᠍ᠯᠡᠳᠦᠯ ᠵᠢᠠᠨ ᠪᠠᠳᠠᠷᠠᠭᠤᠯᠬᠤ ᠪᠤᠯᠤᠨ᠎ᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ