ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠦᠢ᠍ᠮᠦ》᠎ᠤᠨ ᠬᠢᠴᠢᠶᠡᠯ᠎ᠤᠨ ᠪᠠᠢ᠌ᠭᠤᠯᠤᠯᠲᠠ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠢᠭ᠋ᠠᠬᠤ ᠮᠠᠲ᠋ᠧᠷᠢᠶᠠᠯ᠎ᠤᠨ ᠰᠠᠭᠤᠷᠢ ᠵᠢ ᠪᠡᠬᠢᠵᠢᠬᠦᠯᠵᠦ ᠰᠦᠭ ᠰᠦᠨᠡᠰᠦ ᠵᠢ ᠴᠣᠭᠴᠠᠯᠠᠬᠤ᠂ ᠰᠤᠶᠤᠨ ᠬᠡᠬᠡᠷᠡᠬᠦᠯᠵᠦ ᠮᠡᠳᠡᠯᠬᠡ ᠨᠡᠮᠡᠭᠳᠡᠬᠦᠯᠬᠦ ᠦᠢ᠍ᠯᠡᠳᠦᠯ᠎ᠢ ᠦᠨᠡᠨ ᠬᠦ᠌ ᠰᠠᠢ᠌ᠲᠤᠷ ᠪᠠᠳᠠᠷᠠᠭᠤᠯᠪᠠ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠤᠬᠢᠶᠠᠮᠵᠢᠯᠠᠭᠰᠠᠨ ᠳᠠᠭᠤᠷᠢᠶᠠᠮᠠᠯ ᠲᠤᠷᠰᠢᠯᠲᠠ ᠵᠢᠨ ᠲᠠᠰᠤᠭ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ ᠵᠡᠷᠭᠡ᠎ᠳᠤ ᠲᠦᠰᠢᠭᠯᠡᠵᠦ᠂ ᠬᠢᠴᠢᠶᠡᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ ᠢᠳᠡᠪᠬᠢᠲᠡᠶ ᠬᠠᠪᠰᠤᠷᠤᠮᠵᠢ ᠪᠣᠯᠭ᠋ᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠬᠢᠴᠢᠶᠡᠯ᠎ᠤᠨ ᠰᠤᠷᠭ᠋ᠠᠨ ᠬᠥᠮᠦᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠬᠡᠭᠰᠢᠯᠡᠬᠦᠯᠪᠠ᠃
ᠨᠢᠭᠡ᠂ 《ᠴᠡᠭ》᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠴᠢᠶᠡᠯ ᠳᠡᠬᠡᠷ᠎ᠠ᠎ᠬᠢ ᠪᠠ ᠬᠢᠴᠢᠶᠡᠯ᠎ᠤᠨ ᠭᠠᠳᠠᠨᠠᠬᠢ ᠠᠭᠤᠰᠤᠯᠴᠠᠯ᠎ᠢ ᠠᠬᠢᠭᠤᠯᠪᠠ᠃ ᠥᠪᠦᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠢᠮᠠᠭᠲᠠ ᠠᠵᠢᠯ᠎ᠤᠨ ᠭᠣᠤᠯ ᠰᠢᠵᠢᠮ ᠪᠣᠯᠭ᠋ᠠᠵᠤ᠂ ᠬᠢᠴᠢᠶᠡᠯ᠎ᠤᠨ ᠲᠠᠩᠬᠢᠮ ᠪᠠ ᠰᠤᠷᠤᠭᠴᠢᠳ᠎ᠲᠤ ᠢᠮᠠᠭᠲᠠ ᠠᠩᠬᠠᠷᠤᠯ ᠵᠶ᠋ᠠᠨ ᠲᠥᠪᠯᠡᠷᠡᠭᠦᠯᠵᠦ᠂ ᠪᠠᠭᠰᠢ᠎ᠪᠠᠷ ᠤᠳᠤᠷᠢᠳᠤᠮᠵᠢ ᠪᠣᠯᠭ᠋ᠠᠵᠤ᠂ ᠰᠣᠷᠣᠭᠴᠢ᠎ᠪᠠᠷ ᠭᠣᠤᠯ ᠴᠣᠭᠴᠠ ᠪᠣᠯᠭ᠋ᠠᠵᠤ᠂ ᠬᠢᠴᠢᠶᠡᠯ ᠳᠡᠬᠡᠷ᠎ᠠ᠎ᠬᠢ ᠪᠠ ᠬᠢᠴᠢᠶᠡᠯ᠎ᠤᠨ ᠭᠠᠳᠠᠨᠠᠬᠢ ᠣᠷᠭ᠋ᠠᠨᠢᠭ ᠠᠭᠤᠰᠤᠯᠴᠠᠯ᠎ᠢ ᠲᠠᠰᠤᠷᠠᠯᠲᠠ ᠥᠬᠡᠶ ᠠᠬᠢᠭᠤᠯᠪᠠ᠃ 《ᠨᠠᠢᠮᠠ ᠵᠢ ᠨᠢᠭᠡᠳᠬᠡᠬᠦ》 ᠱᠠᠭ᠋ᠠᠷᠳᠠᠯᠭ᠎ᠠ ᠶᠣᠰᠣᠭ᠋ᠠᠷ᠂ ᠬᠢᠴᠢᠶᠡᠯ᠎ᠤᠨ ᠪᠠᠢ᠌ᠭᠤᠯᠤᠯᠲᠠ ᠵᠢ ᠲᠠᠰᠤᠷᠠᠯᠲᠠ ᠤᠢ᠍ᠭᠡᠢ ᠠᠬᠢᠭᠤᠯᠵᠡᠢ᠃ ᠨᠢᠭᠡ ᠲᠠᠯ᠎ᠠ᠎ᠪᠠᠷ ᠣᠨᠣᠯ ᠵᠶ᠋ᠠᠷ ᠬᠢᠴᠢᠶᠡᠯᠯᠡᠬᠦ ᠠᠷᠭ᠎ᠠ ᠬᠡᠯᠪᠡᠷᠢ ᠵᠢ ᠬᠡᠷᠡᠭᠯᠡᠵᠦ᠂ ᠬᠡᠷᠡᠭ ᠵᠶ᠋ᠠᠷ ᠵᠢᠱ᠌ᠢᠶᠡᠯᠡᠬᠦ᠂ ᠶᠠᠷᠢᠯᠴᠠᠭ᠎ᠠ ᠬᠢᠬᠦ ᠪᠠ VR᠎ᠪᠠᠷ ᠪᠡᠶᠡᠴᠢᠯᠡᠨ ᠣᠢ᠌ᠯᠠᠭ᠋ᠠᠬᠤ ᠵᠡᠷᠭᠡ ᠣᠯᠠᠨ ᠵᠦᠢᠯ᠎ᠤᠨ ᠵᠢᠭ᠋ᠠᠨ ᠰᠤᠷᠭ᠋ᠠᠯᠲᠠ ᠵᠢᠨ ᠠᠷᠭ᠎ᠠ ᠪᠠᠷᠢᠯ᠎ᠢ ᠬᠡᠷᠡᠭᠯᠡᠵᠦ᠂ ᠵᠢᠭ᠋ᠠᠨ ᠰᠤᠷᠭ᠋ᠠᠯᠲᠠ ᠵᠢᠨ ᠪᠣᠳᠠᠲᠤ ᠦᠷ᠎ᠡ ᠪᠦᠳᠦᠮᠵᠢ ᠵᠢ ᠲᠠᠰᠤᠷᠠᠯᠲᠠ ᠥᠬᠡᠶ ᠳᠡᠬᠡᠭᠰᠢᠯᠡᠬᠦᠯᠪᠠ᠃ ᠵᠢᠱ᠌ᠢᠶᠡᠯᠡᠪᠡᠯ᠂ 《ᠲᠠᠯ᠎ᠠ ᠨᠤᠲᠤᠭ᠎ᠤᠨ ᠡᠵᠢ ᠲᠦᠬᠦᠢ᠌ᠮᠡ — ᠦᠨᠳᠦᠰᠦᠲᠡᠨ᠎ᠤ ᠪᠦᠯᠬᠦᠮᠳᠡᠯ᠎ᠤᠨ ᠵᠤᠬᠢᠶᠠᠮᠵᠢᠯᠠᠭᠰᠠᠨ ᠳᠠᠭᠤᠷᠢᠶᠠᠮᠠᠯ ᠵᠢᠭ᠋ᠠᠨ ᠰᠤᠷᠭ᠋ᠠᠯᠲᠠ》᠂ 《ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢ ᠪᠠᠢ᠌ᠭᠤᠯᠤᠭᠰᠠᠨ》 ᠵᠡᠷᠭᠡ ᠵᠤᠬᠢᠶᠠᠮᠵᠢᠯᠠᠭᠰᠠᠨ ᠳᠠᠭᠤᠷᠢᠶᠠᠮᠠᠯ ᠲᠤᠷᠰᠢᠯᠲᠠ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠴᠣᠭᠴᠠᠯᠠᠵᠤ᠂ ᠰᠤᠷᠤᠭᠴᠢᠳ ᠵᠢᠭ᠋ᠠᠨ ᠰᠤᠷᠭ᠋ᠠᠯᠲᠠ᠎ᠳᠤ ᠭᠦᠨᠵᠡᠭᠡᠢ ᠣᠷᠤᠯᠴᠠᠬᠤ ᠪᠣᠯᠤᠨ ᠪᠠᠭᠰᠢ ᠰᠤᠷᠤᠭᠴᠢᠳ᠎ᠤᠨ ᠬᠠᠮᠲᠤᠷᠠᠯᠴᠠᠬᠤ ᠵᠢ ᠪᠡᠶᠡᠯᠡᠭᠦᠯᠵᠦ᠂ ᠰᠤᠷᠤᠭᠴᠢᠳ᠎ᠤᠨ ᠦᠨᠡᠨ ᠪᠣᠳᠠᠲᠠᠢ ᠤᠢ᠌ᠯᠠᠭ᠋ᠠᠯᠳᠠ ᠪᠣᠯᠤᠨ ᠬᠦᠷᠳᠡᠬᠡᠮᠵᠢᠳᠤ ᠲᠦᠷᠦᠭᠳᠡᠯ᠎ᠢ ᠳᠡᠭᠡᠭᠰᠢᠯᠡᠭᠦᠯᠪᠡ᠃ ᠨᠥᠭᠥᠭᠡ ᠲᠠᠯ᠎ᠠ᠎ᠪᠠᠷ ᠦᠢᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠬᠡᠪ ᠵᠠᠭᠪᠤᠷ᠎ᠤᠨ ᠰᠢᠨ᠎ᠡ ᠵᠢ ᠡᠭᠦᠳᠴᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠢᠴᠢᠶᠡᠯ᠎ᠤᠨ ᠦᠢᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠲᠥᠰᠦᠯ》᠎ᠢ ᠲᠣᠭᠲᠠᠭ᠋ᠠᠵᠤ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠭᠦᠨᠵᠡᠭᠡᠢ᠌ᠷᠡᠭᠦᠯᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》᠎ᠪᠠᠷ ᠭᠣᠤᠯ ᠰᠡᠳᠦᠪ ᠪᠣᠯᠭ᠋ᠠᠭᠰᠠᠨ ᠪᠣᠳᠠᠲᠠᠶ ᠠᠭᠤᠯᠭ᠎ᠠ ᠵᠢ ᠳᠤᠳᠤᠷᠬᠠᠢ᠌ᠯᠠᠵᠤ᠂ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠲᠤ ᠲᠦᠰᠢᠭᠯᠡᠨ ᠦᠢᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠦᠷᠨᠢᠬᠦᠯᠪᠠ᠃ ᠠᠨᠠᠷ᠎ᠤᠨ ᠦᠷ᠎ᠡ 《ᠨᠠᠢ᠍ᠮᠠᠨ ᠨᠢᠭᠡ》 ᠢᠨᠵᠧᠨᠧᠷᠢᠩ᠎ᠤᠨ ᠭᠣᠣᠯ ᠠᠭᠤᠯᠭ᠎ᠠ ᠵᠢᠨ ᠲᠣᠭᠣᠷᠢᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠢᠷᠢᠰ ᠤᠩᠰᠢᠬᠤ ᠪᠢᠴᠢᠭ᠎ᠢ ᠨᠠᠢ᠌ᠷᠠᠭᠤᠯᠤᠨ ᠪᠢᠴᠢᠬᠦ᠎ᠳᠤ ᠣᠷᠣᠯᠴᠠᠬᠤ ᠵᠢᠨ ᠬᠠᠮᠲᠤ᠂ 《ᠠᠨᠠᠷ᠎ᠤᠨ ᠦᠷ᠎ᠡ》 ᠲᠤᠰᠬᠠᠢ ᠰᠡᠳᠦᠪᠲᠦ ᠬᠢᠴᠢᠶᠡᠯ᠎ᠢ ᠲᠣᠬᠢᠷᠠᠭᠤᠯᠵᠤ᠂ ᠨᠡᠡᠭ ᠪᠤᠲᠠᠲᠠᠢ ᠲᠦᠷᠦᠭᠳᠡᠯ᠎ᠲᠠᠢ ᠪᠦᠳᠦᠮᠵᠢᠳᠠᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠪᠠ᠃
ᠬᠣᠶᠠᠷ᠂ 《ᠱᠤᠭᠤᠮ》᠎ᠢ ᠤᠷᠲᠤᠳᠬᠠᠵᠤ᠂ ᠰᠤᠷᠭ᠋ᠠᠭᠤᠯᠢ ᠵᠢᠨ ᠳᠣᠲᠤᠨᠠᠬᠢ ᠭᠠᠳᠠᠨᠠᠬᠢ ᠠᠭᠤᠰᠤᠯᠴᠠᠯ᠎ᠢ ᠠᠬᠢᠭᠤᠯᠪᠠ᠃ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠎ᠨᠢ ᠰᠤᠷᠭ᠋ᠠᠭᠤᠯᠢ ᠵᠢᠨ ᠳᠣᠲᠤᠨᠠᠬᠢ ᠭᠠᠳᠠᠨᠠᠬᠢ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠡᠬᠢ ᠪᠠᠶᠠᠯᠢᠭ᠎ᠢ ᠭᠦᠨᠵᠡᠭᠡᠶ ᠠᠭᠤᠰᠤᠯᠴᠠᠭᠤᠯᠤᠭᠰᠠᠨ ᠦᠵᠡᠯ ᠰᠠᠨᠠᠭ᠎ᠠ ᠤᠯᠤᠰ ᠲᠥᠷᠥ ᠵᠢᠨ ᠦᠢᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠲᠣᠭᠲᠠᠯᠴᠠᠭ᠎ᠠ ᠵᠢ ᠢᠳᠡᠪᠬᠢᠲᠡᠶ ᠪᠠᠢ᠌ᠭᠤᠯᠵᠤ᠂ ᠰᠤᠷᠭ᠋ᠠᠭᠤᠯᠢ ᠵᠢᠨ ᠳᠣᠲᠤᠨᠠᠬᠢ ᠦᠢᠯᠡᠳᠦᠯᠭᠡ ᠬᠢᠭᠡᠳ ᠰᠤᠷᠭ᠋ᠠᠭᠤᠯᠢ ᠵᠢᠨ ᠭᠠᠳᠠᠨᠠᠬᠢ ᠦᠢᠯᠡᠳᠦᠯᠭᠡ ᠵᠢ ᠵᠡᠷᠭᠡ᠎ᠪᠠᠷ ᠶᠠᠪᠤᠭᠳᠠᠬᠤ ᠵᠢ ᠪᠡᠶᠡᠯᠡᠭᠦᠯᠪᠡ᠃ ᠨᠢᠭᠡ ᠲᠠᠯ᠎ᠠ᠎ᠪᠠᠷ ᠵᠤᠤ ᠵᠢᠶᠦ᠋ᠨ ᠮᠦᠽᠧᠶ᠎ᠲᠠᠢ ᠬᠠᠮᠲᠤ᠎ᠪᠠᠷ ᠪᠠᠢ᠌ᠭᠤᠯᠤᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠰᠤᠳᠤᠯᠭ᠋ᠠᠨ᠎ᠤ ᠰᠠᠭᠤᠷᠢᠨ ᠭᠠᠵᠠᠷ᠎ᠤᠨ ᠲᠠᠪᠴᠠᠩ᠎ᠢ ᠠᠰᠢᠭᠯᠠᠵᠤ᠂ ᠦᠢᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠬᠡᠯᠪᠡᠷᠢ ᠵᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠮᠦᠽᠧᠶ ᠵᠢᠨ ᠰᠤᠷᠭ᠋ᠠᠨ ᠬᠥᠮᠦᠵᠢᠯ᠎ᠤᠨ ᠴᠢᠳᠠᠮᠵᠢᠳᠤ ᠠᠭᠤᠰᠤᠯᠴᠠᠭᠤᠯᠬᠤ ᠵᠢ ᠰᠦᠪᠡᠭᠴᠢᠯᠡᠵᠦ᠂ 《ᠤᠷᠢᠵᠤ ᠠᠪᠴᠢᠷᠠᠬᠤ》 ᠪᠠ 《ᠭᠠᠷᠴᠤ ᠶᠠᠪᠤᠬᠤ》 ᠬᠡᠪ ᠵᠠᠭᠪᠤᠷ ᠵᠶ᠋ᠠᠷ ᠬᠣᠶᠠᠷ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠪᠠ᠃ ᠨᠥᠭᠥᠭᠡ ᠲᠠᠯ᠎ᠠ᠎ᠪᠠᠷ ᠰᠤᠷᠭ᠋ᠠᠭᠤᠯᠢ ᠵᠢᠨ ᠭᠠᠳᠠᠨᠠᠬᠢ ᠦᠢᠯᠡᠳᠦᠯᠭᠡ ᠰᠤᠳᠤᠯᠤᠨ ᠰᠤᠷᠤᠯᠴᠠᠯᠭ᠎ᠠ ᠵᠢ ᠠᠰᠢᠭᠯᠠᠵᠤ᠂ ᠪᠠᠭᠰᠢ ᠵᠢᠨ ᠵᠢᠭ᠋ᠠᠨ ᠰᠤᠷᠭ᠋ᠠᠬᠤ ᠴᠢᠳᠠᠪᠤᠷᠢ ᠵᠢ ᠲᠠᠰᠤᠷᠠᠯᠲᠠ ᠥᠬᠡᠶ ᠳᠡᠬᠡᠭᠰᠢᠯᠡᠬᠦᠯᠪᠠ᠃ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ》 ᠬᠠᠮᠲᠤᠷᠠᠭᠰᠠᠨ ᠵᠢᠭ᠋ᠠᠨ ᠰᠤᠳᠤᠯᠬᠤ ᠠᠵᠢᠯᠯᠠᠭ᠎ᠠ᠎ᠳᠤ ᠣᠷᠣᠯᠴᠠᠵᠤ᠂ ᠰᠢᠯᠢᠳᠡᠭ ᠬᠢᠴᠢᠶᠡᠯ᠎ᠤᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠵᠦ᠂ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠤᠷ᠎ᠠ ᠮᠡᠷᠭᠡᠵᠢᠯ᠎ᠢ ᠭᠦᠨᠵᠡᠭᠡᠶ ᠰᠤᠳᠤᠯᠤᠨ ᠶᠠᠷᠢᠯᠴᠠᠵᠤ᠂ ᠬᠠᠷᠢᠯᠴᠠᠨ ᠰᠣᠯᠢᠯᠴᠠᠨ ᠰᠤᠷᠤᠯᠴᠠᠵᠤ ᠬᠠᠷᠢᠯᠴᠠᠨ ᠲᠤᠯᠢᠯᠠᠪᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠠᠮᠲᠤ᠎ᠪᠠᠷ ᠬᠢᠴᠢᠶᠡᠯ ᠪᠡᠯᠡᠳᠬᠡᠬᠦ ᠵᠢᠴᠢ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠦᠢᠯᠡᠳᠦᠯᠭᠡ ᠰᠤᠳᠤᠯᠤᠨ ᠰᠤᠷᠤᠯᠴᠠᠬᠤ》 ᠠᠵᠢᠯᠯᠠᠭ᠎ᠠ ᠵᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ᠎ᠳᠤ ᠡᠯᠪᠡᠭ ᠪᠠᠶᠠᠯᠢᠭ ᠪᠣᠷᠣ ᠮᠠᠲ᠋ᠧᠷᠢᠶᠠᠯ᠎ᠢ ᠬᠤᠷᠠᠮᠳᠤᠭᠤᠯᠪᠠ᠃
ᠭᠤᠷᠪᠠ᠂ 《ᠪᠥᠬᠥ ᠲᠠᠯ᠎ᠠ》 ᠳᠤ ᠨᠡᠢ᠌ᠳᠡᠮᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ᠎ᠢ ᠠᠬᠢᠭᠤᠯᠪᠠ᠃ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠎ᠨᠢ ᠰᠤᠷᠤᠭᠴᠢᠳ᠎ᠤᠨ ᠦᠵᠡᠵᠦ ᠰᠣᠨᠢᠷᠬᠠᠬᠤ ᠳᠤᠷᠠᠲᠠᠶ ᠰᠢᠨ᠎ᠡ ᠡᠭᠦᠳᠦᠯᠲᠡ᠎ᠲᠠᠢ᠎ᠪᠠᠷ ᠬᠥᠮᠦᠨ ᠬᠥᠮᠦᠵᠢᠭᠦᠯᠬᠦ ᠬᠡᠪ ᠵᠠᠭᠪᠤᠷ᠎ᠢ ᠲᠠᠰᠤᠷᠠᠯᠲᠠ ᠥᠬᠡᠶ ᠰᠦᠪᠡᠭᠴᠢᠯᠡᠵᠦ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢ ᠬᠠᠪᠰᠤᠷᠭ᠋ᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠢᠨᠲᠸᠷ ᠰᠦᠯᠵᠢᠶ᠎ᠡ ᠵᠢᠴᠢ ᠲᠡᠭᠦᠨ᠎ᠤ ᠰᠢᠯᠵᠢᠮᠡᠯ ᠵᠢᠷᠭᠢᠭᠡ᠂ ᠡᠭᠦᠯᠡᠨ ᠰᠤᠷᠤᠯᠴᠠᠯᠭ᠎ᠠ ᠪᠠ ᠲᠤᠮᠤ ᠳ᠋ᠠᠢ᠌ᠲ᠋ᠠ ᠵᠢᠨ ᠵᠠᠳᠠᠯᠤᠯᠲᠠ ᠵᠡᠷᠭᠡ ᠤᠳᠤ ᠦᠶ᠎ᠡ ᠵᠢᠨ ᠰᠦᠯᠵᠢᠶᠡᠨ᠎ᠤ ᠮᠡᠷᠭᠡᠵᠢᠯ᠎ᠢ ᠭᠦᠢ᠍ᠴᠡᠳ ᠬᠡᠷᠡᠭᠯᠡᠵᠦ᠂ ᠵᠤᠬᠢᠶᠠᠮᠵᠢᠯᠠᠭᠰᠠᠨ ᠦᠢ᠍ᠯᠡᠳᠦᠯᠭᠡ᠂ ᠰᠦᠯᠵᠢᠶᠡᠨ ᠳᠡᠭᠡᠷᠡᠬᠢ ᠦᠢ᠍ᠯᠡᠳᠦᠯᠭᠡ ᠵᠢ ᠰᠢᠨ᠎ᠡ᠎ᠪᠠᠷ ᠬᠥᠭᠵᠢᠭᠰᠡᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠬᠡᠯᠪᠡᠷᠢ ᠪᠣᠯᠭ᠋ᠠᠵᠤ᠂ 《ᠢᠨᠲᠸᠷ ᠰᠦᠯᠵᠢᠶ᠎ᠡ + ᠦᠵᠡᠯ ᠰᠠᠨᠠᠭ᠎ᠠ ᠤᠯᠤᠰ ᠲᠦᠷᠦ》 ᠵᠢᠨ ᠰᠦᠯᠵᠢᠶᠡᠨ ᠳᠡᠭᠡᠷᠡᠬᠢ ᠲᠠᠪᠴᠠᠩ᠎ᠢ ᠪᠠᠢ᠌ᠭᠤᠯᠵᠤ᠂ ᠵᠢᠭ᠋ᠠᠨ ᠰᠤᠷᠭ᠋ᠠᠯᠲᠠ ᠵᠢᠨ ᠬᠠᠷᠠᠯᠲᠠ ᠱᠠᠭ᠋ᠠᠷᠳᠠᠯᠭ᠎ᠠ ᠪᠠ ᠰᠦᠯᠵᠢᠶᠡᠨ᠎ᠤ ᠲᠠᠪᠴᠠᠩ᠎ᠤᠨ ᠪᠠᠢ᠌ᠭᠤᠯᠤᠯᠲᠠ ᠵᠢ ᠤᠶᠠᠯᠳᠤᠭᠤᠯᠪᠠ᠃ ᠪᠥᠬᠥ ᠣᠷᠣᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠤᠬᠢᠶᠠᠮᠵᠢᠯᠠᠭᠰᠠᠨ ᠳᠠᠭᠤᠷᠢᠶᠠᠮᠠᠯ ᠵᠢᠭ᠋ᠠᠨ ᠰᠤᠷᠭ᠋ᠠᠯᠲᠠ ᠵᠢᠨ ᠠᠩᠬᠠᠳᠠᠭᠴᠢ ᠰᠠᠭᠤᠷᠢᠨ ᠭᠠᠵᠠᠷ᠎ᠠᠴᠠ ᠨᠡᠭᠡᠭᠡᠨ ᠬᠥᠭᠵᠢᠭᠦᠯᠦᠭᠰᠡᠨ 《ᠲᠠᠯ᠎ᠠ ᠨᠤᠲᠤᠭ᠎ᠤᠨ ᠡᠵᠢ ᠲᠦᠬᠦᠢ᠌ᠮᠡ》 ᠬᠡᠬᠦ ᠬᠢᠴᠢᠶᠡᠯ᠎ᠢ ᠠᠰᠢᠭᠯᠠᠵᠤ᠂ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠰᠤᠷᠤᠯᠴᠠᠬᠤ ᠮᠡᠳᠡᠷᠡᠬᠦᠢ ᠵᠢᠨ ᠲᠥᠷᠥᠭᠳᠡᠯ ᠪᠠ ᠬᠦᠷᠳᠡᠬᠡᠮᠵᠢᠳᠤ ᠲᠥᠷᠥᠭᠳᠡᠯ᠎ᠢ ᠨᠡᠮᠡᠭᠳᠡᠭᠦᠯᠵᠦ᠂ ᠤᠶᠤᠲᠠᠳ᠎ᠢ ᠤᠬᠠᠮᠰᠠᠷ᠎ᠠᠴᠠ᠎ᠪᠠᠨ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠦᠢᠯᠡᠳᠦᠯᠭᠡᠵᠢᠭᠦᠯᠦᠭᠴᠢ ᠪᠤᠯᠭ᠋ᠠᠪᠠ᠃ 2024 ᠣᠨ᠎ᠤ ᠡᠴᠦᠰ ᠪᠣᠯᠲᠠᠯ᠎ᠠ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ 15000 ᠭᠠᠷᠤᠶ ᠰᠣᠷᠣᠭᠴᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠭᠡᠬᠦ ᠵᠢᠭ᠋ᠠᠬᠤ ᠮᠠᠲ᠋ᠧᠷᠢᠶᠠᠯ᠎ᠢ ᠪᠥᠬᠥ ᠶᠠᠪᠤᠴᠠ᠎ᠪᠠᠷ ᠰᠤᠷᠤᠯᠴᠠᠪᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ